2024ᠤᠨ᠎ᠤ᠋ ᠪᠦᠬᠦ ᠤᠯᠤᠰ᠎ᠤ᠋ᠨ ᠬᠣᠶᠠᠷ ᠬᠤᠷᠠᠯ > ᠮᠡᠳᠡᠭᠡᠯᠡᠯ

2024-03-06 09:44:59

ᠵᠣᠬᠢᠶᠠᠭ᠍ᠴᠢ᠄ ᠣᠩᠱᠢᠭ᠍ᠰᠠᠨ ᠣᠳᠠᠭ᠎ᠠ᠄ 3

ᠨᠠᠮ᠎ᠤᠨ ᠲᠥᠪ ᠬᠤᠷᠢᠶ᠎ᠠ᠎ᠶᠢᠨ ᠶᠡᠷᠦᠩᠬᠡᠶ ᠱᠦᠵᠢ᠂ ᠤᠯᠤᠰ᠎ᠤᠨ ᠲᠡᠷᠢᠭᠦᠯᠡᠭ᠌ᠴᠢ᠂ ᠲᠥᠪ᠎ᠦᠨ ᠴᠡᠷᠢᠭ᠎ᠦᠨ ᠶᠠᠪᠤᠳᠠᠯ᠎ᠤᠨ ᠬᠤᠷᠢᠶ᠎ᠠ᠎ᠶᠢᠨ ᠲᠡᠷᠢᠭᠦᠯᠡᠭ᠌ᠴᠢ ᠰᠢ ᠵᠢᠨ ᠫᠢᠩ 5 ᠎ᠤ᠋ ᠦᠳᠡ᠎ᠶ᠋ᠢᠨ ᠬᠣᠢᠨ᠎ᠠ ᠲᠡᠭᠦᠨ᠎ᠦ ᠪᠠᠢᠭ᠎ᠠ ᠠᠷᠪᠠᠨ ᠳᠥᠷᠪᠡᠳᠦᠭᠡᠷ ᠬᠤᠭᠤᠴᠠᠭᠠᠨ᠎ᠤ ᠪᠥᠬᠥ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠬᠣᠶᠠᠳᠤᠭᠠᠷ ᠬᠤᠷᠠᠯ᠎ᠤᠨ ᠵᠢᠶᠠᠩᠰᠦ᠎ᠶ᠋ᠢᠨ ᠲᠥᠯᠥᠭᠡᠯᠡᠭ᠌ᠴᠢᠳ᠎ᠦᠨ ᠪᠦᠯᠬᠦᠮ᠎ᠦᠨ ᠬᠢᠨᠠᠨ ᠵᠥᠪᠯᠡᠬᠦ᠌᠎ᠳᠦ ᠣᠷᠣᠯᠴᠠᠬᠤ᠎ᠳᠠᠭᠠᠨ᠂ ᠴᠢᠨᠠᠷ ᠰᠠᠢᠲᠠᠶ ᠬᠥᠭ᠌ᠵᠢᠯᠲᠡ ᠭᠡᠬᠦ᠌ ᠡᠨᠡ ᠬᠦ᠌ ᠲᠡᠷᠢᠭᠦᠨ ᠴᠢᠬᠤᠯᠠ ᠡᠭᠦᠷᠭᠡ᠎ᠶ᠋ᠢ ᠪᠠᠲᠤ ᠡᠵᠡᠮᠳᠡᠵᠦ᠍᠂ ᠭᠠᠵᠠᠷ ᠣᠷᠣᠨ᠎ᠤ ᠪᠠᠢᠳᠠᠯ᠎ᠳᠠᠭᠠᠨ ᠲᠣᠬᠢᠷᠠᠭᠤᠯᠤᠨ ᠱᠢᠨ᠎ᠡ ᠴᠢᠨᠠᠷ᠎ᠪᠦᠬᠦᠢ ᠦᠶ᠋ᠯᠡᠳᠪᠦᠷᠢᠯᠡᠯ᠎ᠦᠨ ᠬᠦᠴᠦᠨ᠎ᠢ ᠬᠥᠭ᠌ᠵᠢᠭᠦᠯᠬᠦ᠌ ᠬᠡᠷᠡᠭ᠌ᠲᠡᠶ᠃ ᠱᠢᠨ᠎ᠡ ᠨᠢᠭᠡᠨ ᠡᠭᠡᠯᠵᠢ᠎ᠶ᠋ᠢᠨ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠬᠤᠪᠢᠰᠭᠠᠯ ᠪᠠ ᠠᠵᠤ ᠦᠢᠯᠡᠰ᠎ᠦᠨ ᠬᠤᠪᠢᠰᠤᠯᠲᠠ᠎ᠶ᠋ᠢᠨ ᠡᠮᠦᠨ᠎ᠡ᠂ ᠪᠢᠳᠡ ᠡᠷᠬᠡᠪᠰᠢ ᠴᠠᠭ ᠲᠣᠬᠢᠶᠠᠯ᠎ᠢ ᠠᠮᠵᠢᠨ᠂ ᠱᠢᠨ᠎ᠡ᠎ᠶ᠋ᠢ ᠡᠭᠦᠳᠬᠦ᠌ ᠡᠷᠴᠢᠮ᠎ᠢᠶᠡᠨ ᠴᠢᠩᠭᠠᠷᠠᠭᠤᠯᠵᠤ᠂ ᠱᠢᠨ᠎ᠡ᠎ᠪᠡᠷ ᠮᠠᠨᠳᠤᠬᠰᠠᠨ ᠠᠵᠤ ᠦᠢᠯᠡᠰ᠎ᠢ ᠪᠣᠢᠵᠢᠭᠤᠯᠤᠨ ᠪᠤᠵᠠᠭᠠᠢᠷᠠᠭᠤᠯᠵᠤ᠂ ᠢᠷᠡᠭᠡᠳᠦᠢ᠎ᠶ᠋ᠢᠨ ᠠᠵᠤ ᠦᠢᠯᠡᠰ᠎ᠢ ᠤᠷᠢᠳᠴᠢᠯᠠᠨ ᠪᠠᠢᠷᠢᠱᠢᠭᠤᠯᠤᠨ ᠪᠦᠲᠦᠭᠡᠨ ᠪᠠᠢᠭᠤᠯᠵᠤ᠂ ᠣᠳᠣᠬᠢᠴᠢᠯᠠᠭ᠍ᠰᠠᠨ ᠠᠵᠤ ᠦᠢᠯᠡᠰ᠎ᠦᠨ ᠱᠢᠰᠲ᠋ᠧᠮ᠎ᠢ ᠲᠡᠭᠦᠯᠳᠡᠷᠵᠢᠭᠦᠯᠬᠦ᠌ ᠬᠡᠷᠡᠭ᠌ᠲᠡᠢ᠃ ᠰᠢᠨ᠎ᠡ ᠴᠢᠨᠠᠷ ᠪᠦᠬᠦᠢ ᠦᠢᠯᠡᠳᠪᠦᠷᠢᠯᠡᠯ᠎ᠤᠨ ᠬᠦᠴᠦᠨ᠎ᠢ ᠬᠥᠭ᠌ᠵᠢᠭᠦᠯᠬᠦ᠌ ᠨᠢ ᠤᠯᠠᠮᠵᠢᠯᠠᠯᠲᠤ ᠠᠵᠤ ᠦᠢᠯᠡᠰ᠎ᠢ ᠣᠮᠲᠣᠭᠠᠢᠯᠠᠵᠤ᠂ ᠲᠠᠶᠠᠭ᠍ᠳᠠᠬᠤ ᠶᠠᠪᠤᠳᠠᠯ ᠪᠢᠰᠢ᠂ ᠨᠢᠭᠡ ᠯᠡ ᠲᠡᠷᠪᠡᠵᠤ ᠰᠤᠬᠤᠷ ᠪᠡᠯᠡᠢ ᠪᠡᠷ ᠶᠠᠭᠠᠷᠠᠵᠤ ᠂ ᠬᠥᠭᠡᠰᠦᠷᠡᠯ ᠪᠤᠯᠬᠤ ᠡᠴᠡ ᠰᠡᠷᠭᠡᠢᠯᠡᠬᠦ᠌ ᠬᠡᠷᠡᠭ᠌ᠲᠡᠢ᠂ ᠨᠢᠭᠡ ᠯᠡ ᠵᠦᠢᠯ᠎ᠦᠨ ᠵᠠᠭ᠍ᠪᠤᠷ᠎ᠢ ᠬᠡᠷᠡᠭ᠌ᠯᠡᠵᠦ᠍᠎ᠪᠠᠰᠠ ᠪᠣᠯᠬᠤ ᠦᠭᠡᠢ᠃ ᠡᠯ᠎ᠡ ᠭᠠᠵᠠᠷ᠎ᠤᠨ᠎ᠬᠢᠨ ᠪᠣᠳᠠᠲᠠᠶ ᠡᠴᠡ ᠡᠭᠦᠰᠭᠦ᠎ᠶ᠋ᠢ ᠪᠠᠷᠢᠮᠲᠠᠯᠠᠨ᠂ ᠤᠷᠢᠳ᠎ᠢᠶᠠᠷ ᠰᠢᠨ᠎ᠡ ᠵᠢ ᠪᠠᠢᠭᠤᠯᠵᠤ ᠳᠠᠷᠠᠭ᠎ᠠ᠎ᠨᠢ ᠬᠠᠭᠤᠴᠢᠨ᠎ᠢ ᠡᠪᠳᠡᠵᠦ᠍᠂ ᠭᠠᠵᠠᠷ ᠣᠷᠣᠨ᠎ᠤ ᠪᠠᠢᠳᠠᠯ᠎ᠳᠠᠭᠠᠨ ᠳᠣᠭᠢᠷᠠᠭᠤᠯᠤᠨ᠂ ᠲᠥᠷᠥᠯ ᠬᠤᠪᠢᠶᠠᠨ ᠵᠢᠯᠣᠭᠣᠳᠴᠤ᠌᠂ ᠲᠣᠰ ᠭᠠᠵᠠᠷ᠎ᠤᠨ ᠡᠬᠢ ᠪᠠᠶᠠᠯᠢᠭ᠎ᠤᠨ ᠲᠠᠪᠠᠭᠤᠯᠢᠭ᠂ ᠠᠵᠤ ᠦᠶ᠋ᠯᠡᠰ᠎ᠦᠨ ᠰᠠᠭᠤᠷᠢ᠂ ᠱᠢᠨᠵᠢᠯᠡᠬᠦ᠌ ᠤᠬᠠᠭᠠᠨ᠎ᠤ ᠰᠤᠳᠤᠯᠭᠠᠨ᠎ᠤ ᠨᠥᠬᠥᠴᠡᠯ ᠵᠡᠷᠭᠡ ᠪᠠᠨ ᠦᠨᠳᠦᠰᠦᠯᠡᠨ ᠱᠢᠨ᠎ᠡ ᠠᠵᠤ ᠦᠶ᠋ᠯᠡᠰ᠂ ᠱᠢᠨ᠎ᠡ ᠵᠠᠭ᠍ᠪᠤᠷ᠂ ᠱᠢᠨ᠎ᠡ ᠬᠥᠳᠡᠯᠭᠡᠬᠦ᠌ ᠡᠨᠧᠷᠭᠢ᠎ᠶ᠋ᠢᠨ ᠬᠥᠭ᠌ᠵᠢᠯᠲᠡ᠎ᠶ᠋ᠢ ᠰᠣᠩᠭᠣᠯᠲᠠ᠎ᠲᠠᠶ᠎ᠪᠠᠷ ᠠᠬᠢᠭᠤᠯᠵᠤ᠂ ᠱᠢᠨ᠎ᠡ ᠮᠡᠷᠭᠡᠵᠢᠯ᠎ᠢᠶᠡᠷ ᠤᠯᠠᠮᠵᠢᠯᠠᠯᠲᠤ ᠠᠵᠤ ᠦᠶ᠋ᠯᠡᠰ᠎ᠢ ᠥᠭᠡᠷᠡᠴᠢᠯᠡᠨ ᠳᠡᠭᠡᠭ᠌ᠰᠢᠯᠡᠭᠦᠯᠵᠦ᠍᠂ ᠠᠵᠤ ᠦᠶ᠋ᠯᠡᠰ᠎ᠦᠨ ᠳᠡᠭᠡᠳᠦ ᠳᠡᠰᠵᠢᠯᠳᠡ᠂ ᠤᠶᠤᠨᠴᠢᠯᠠᠯᠳᠠ᠂ ᠪᠣᠬᠢᠷᠲᠤᠯ ᠥᠬᠡᠢ ᠪᠤᠯᠭᠠᠬᠤ᠎ᠶ᠋ᠢ ᠢᠳᠡᠪᠬᠢᠲᠡᠶ ᠠᠬᠢᠭᠤᠯᠬᠤ ᠬᠡᠷᠡᠭ᠌ᠲᠡᠶ ᠭᠡᠵᠦ ᠴᠢᠬᠤᠯᠠᠴᠢᠯᠠᠪᠠ᠃


QQ截图20240306093310.png


3 ᠰᠠᠷ᠎ᠠ᠎ᠶᠢᠨ 5᠎ᠤ᠋ ᠡᠳᠦᠷ᠂ ᠨᠠᠮ᠎ᠤᠨ ᠲᠥᠪ ᠬᠤᠷᠢᠶ᠎ᠠ᠎ᠶᠢᠨ ᠶᠡᠷᠦᠩᠬᠡᠶ ᠱᠦᠵᠢ᠂ ᠤᠯᠤᠰ᠎ᠤᠨ ᠲᠡᠷᠢᠭᠦᠯᠡᠭ᠌ᠴᠢ᠂ ᠲᠥᠪ᠎ᠦᠨ ᠴᠡᠷᠢᠭ᠎ᠦᠨ ᠶᠠᠪᠤᠳᠠᠯ᠎ᠤᠨ ᠬᠤᠷᠢᠶ᠎ᠠ᠎ᠶᠢᠨ ᠲᠡᠷᠢᠭᠦᠯᠡᠭ᠌ᠴᠢ ᠰᠢ ᠵᠢᠨ ᠫᠢᠩ ᠲᠡᠭᠦᠨ᠎ᠦ ᠪᠠᠢᠭ᠎ᠠ ᠠᠷᠪᠠᠨ ᠳᠥᠷᠪᠡᠳᠦᠭᠡᠷ ᠬᠤᠭᠤᠴᠠᠭᠠᠨ᠎ᠤ ᠪᠥᠬᠥ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠬᠣᠶᠠᠳᠤᠭᠠᠷ ᠬᠤᠷᠠᠯ᠎ᠤᠨ ᠵᠢᠶᠠᠩᠰᠦ᠎ᠶ᠋ᠢᠨ ᠲᠥᠯᠥᠭᠡᠯᠡᠭ᠌ᠴᠢᠳ᠎ᠦᠨ ᠪᠦᠯᠬᠦᠮ᠎ᠦᠨ ᠬᠢᠨᠠᠨ ᠵᠥᠪᠯᠡᠬᠦ᠌᠎ᠳᠦ ᠣᠷᠣᠯᠴᠠᠪᠠ᠃

ᠰᠢᠨᠬᠤᠸᠠ ᠬᠤᠷᠢᠶ᠎ᠠ᠎ᠶᠢᠨ ᠰᠤᠷᠪᠤᠯᠵᠢᠯᠠᠭᠴᠢ ᠶᠤᠸᠠᠢ ᠶᠤᠸᠠᠢ ᠸᠸᠢ ᠰᠡᠭᠦᠳᠡᠷᠯᠡᠪᠡ


ᠵᠢᠶᠠᠩᠰᠦ᠎ᠶ᠋ᠢᠨ ᠲᠥᠯᠥᠭᠡᠯᠡᠭ᠌ᠴᠢᠳ᠎ᠦᠨ ᠪᠦᠯᠬᠦᠮ ᠨᠠᠷᠢᠨ ᠬᠢᠨᠠᠮᠠᠭᠠᠢ ᠬᠢᠨᠠᠨ ᠵᠦᠪᠯᠡᠵᠦ᠂ ᠬᠥᠷ ᠬᠥᠭ᠌ᠵᠢᠶᠡᠨ᠎ᠢᠶᠡᠷ ᠪᠢᠯᠬᠠᠵᠤ ᠪᠠᠢᠯ᠎ᠠ᠃ ᠼᠦᠢ ᠲᠢᠶᠸ ᠵᠢᠶᠦ᠋ᠨ᠂ ᠭᠤᠤ ᠵᠢᠶ ᠹᠠᠨ᠂ ᠰᠥᠩ ᠶᠠᠨ᠂ ᠦ᠋ ᠬᠣᠶ ᠹᠠᠩ᠂ ᠦ᠋ ᠱᠢᠨ ᠮᠢᠩ᠂ ᠰᠦᠨ ᠵᠢᠩ ᠨᠠᠨ ᠵᠡᠷᠭᠡ 6 ᠲᠥᠯᠥᠭᠡᠯᠡᠭ᠌ᠴᠢ ᠲᠣᠰ ᠲᠣᠰ ᠥᠨᠳᠥᠷ ᠲᠦᠪᠱᠢᠨ ᠪᠥᠬᠥᠶ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠪᠡᠶ᠎ᠡ᠎ᠪᠡᠨ ᠳᠠᠭᠠᠭᠠᠨ ᠬᠦᠴᠦᠷᠬᠡᠭ᠌ᠵᠢᠬᠦ᠌᠎ᠶ᠋ᠢ ᠪᠡᠶᠡᠯᠡᠭᠦᠯᠬᠦ᠌᠂ ᠳᠤᠮᠳᠠᠳᠤ ᠤᠯᠤᠰ᠎ᠤᠨ ᠬᠡᠷᠡᠯᠴᠢ ᠴᠡᠨᠡᠭ᠎ᠦᠨ ᠠᠵᠢᠯ ᠲᠥᠷᠥᠯ᠎ᠦᠨ ᠴᠢᠨᠠᠷ ᠰᠠᠢᠲᠠᠶ ᠬᠥᠭ᠌ᠵᠢᠯᠲᠡ᠎ᠶ᠋ᠢ ᠠᠬᠢᠭᠤᠯᠬᠤ᠂ ᠰᠣᠶᠣᠯ᠎ᠤᠨ ᠥᠪ᠎ᠢ ᠬᠠᠮᠠᠭᠠᠯᠠᠵᠤ ᠤᠯᠠᠮᠵᠢᠯᠠᠬᠤ᠎ᠶ᠋ᠢ ᠴᠢᠩᠭᠠᠳᠭᠠᠬᠤ᠂ ᠬᠠᠮᠲᠤ᠎ᠪᠠᠷ ᠪᠠᠶᠠᠵᠢᠭᠰᠡᠨ ᠵᠣᠯ ᠵᠢᠷᠭᠠᠯᠲᠤ ᠲᠣᠰᠭᠣᠨ᠎ᠢ ᠪᠠᠢᠭᠤᠯᠬᠤ᠂ ᠬᠥᠬᠡᠮᠥ᠋ᠷᠡᠨ᠎ᠦ ᠭᠤᠷᠪᠠᠯᠵᠢᠨ ᠬᠣᠢᠭ᠎ᠤᠨ ᠨᠢᠭᠡ ᠴᠤᠭ᠍ᠴᠠᠵᠢᠭ᠍ᠰᠠᠨ ᠬᠥᠭ᠌ᠵᠢᠯᠲᠡ᠎ᠳᠦ ᠦᠶ᠋ᠯᠡᠴᠢᠯᠡᠬᠦ᠌᠂ ᠤᠷᠠᠨ ᠳᠠᠷᠬᠠᠨ᠎ᠤ ᠵᠣᠷᠢᠭ ᠰᠠᠨᠠᠭ᠎ᠠ᠎ᠶ᠋ᠢ ᠪᠠᠳᠠᠷᠠᠭᠤᠯᠬᠤ ᠵᠡᠷᠭᠡ ᠠᠰᠠᠭᠤᠳᠠᠯ᠎ᠤᠨ ᠲᠤᠬᠠᠶ ᠦᠭᠡ ᠬᠡᠯᠡᠪᠡ᠃ ᠰᠢ ᠵᠢᠨ ᠫᠢᠩ ᠪᠠᠢᠨ ᠳᠠᠬᠢᠨ ᠳᠤᠮᠳᠠ ᠨᠢ ᠦᠭᠡ ᠬᠡᠯᠡᠵᠦ᠂ ᠤᠯᠠᠨ᠎ᠲᠠᠶ ᠶᠠᠷᠢᠯᠴᠠᠵᠤ ᠰᠣᠯᠢᠯᠴᠠᠪᠠ᠃

ᠣᠯᠠᠨ᠎ᠤ ᠬᠡᠯᠡᠬᠦ᠌᠎ᠶ᠋ᠢ ᠨᠠᠷᠢᠨ ᠬᠢᠨᠠᠮᠠᠭᠠᠶ ᠰᠣᠨᠣᠰᠤᠭ᠍ᠰᠠᠨ᠎ᠤ ᠳᠠᠷᠠᠭ᠎ᠠ ᠰᠢ ᠵᠢᠨ ᠫᠢᠩ ᠦᠭᠡ ᠬᠡᠯᠡᠪᠡ᠃ ᠲᠡᠷᠡ ᠡᠩ ᠲᠡᠷᠢᠭᠦᠨ᠎ᠳᠦ ᠵᠠᠰᠠᠭ᠎ᠤᠨ ᠣᠷᠳᠣᠨ᠎ᠤ ᠠᠵᠢᠯ᠎ᠤᠨ ᠢᠯᠡᠳᠭᠡᠯ᠎ᠢ ᠵᠥᠪᠱᠢᠶᠡᠷᠡᠵᠦ᠍ ᠪᠠᠢᠬᠤ᠎ᠪᠠᠨ ᠢᠯᠡᠳᠭᠡᠵᠦ᠍᠂ ᠵᠢᠶᠠᠩᠰᠦ᠎ᠶ᠋ᠢᠨ ᠠᠵᠤ ᠠᠬᠤᠢ ᠨᠡᠢᠭᠡᠮ᠎ᠦᠨ ᠬᠥᠭ᠌ᠵᠢᠯᠲᠡ᠎ᠶ᠋ᠢᠨ ᠣᠯᠤᠭ᠍ᠰᠠᠨ ᠱᠢᠨ᠎ᠡ ᠠᠬᠢᠴᠠ ᠱᠢᠨ᠎ᠡ ᠦᠷ᠎ᠡ ᠪᠦᠲᠦᠮᠵᠢ᠎ᠶ᠋ᠢ ᠭᠦᠢᠴᠡᠳ ᠨᠤᠲᠠᠯᠠᠵᠤ᠂ ᠵᠢᠶᠠᠩᠰᠦ᠎ᠶ᠋ᠢᠨ ᠬᠢᠨ ᠢᠲᠡᠭᠡᠯ ᠵᠣᠷᠢᠭ᠎ᠢᠶᠠᠨ ᠪᠠᠲᠤᠳᠭᠠᠵᠤ᠂ ᠡᠷᠴᠢ ᠵᠣᠷᠢᠭ᠎ᠢᠶᠠᠨ ᠬᠥᠪᠴᠢᠯᠡᠵᠦ᠍᠂ ᠴᠢᠬᠤᠯᠠ ᠡᠭᠦᠷᠭᠡ᠎ᠶ᠋ᠢ ᠵᠣᠷᠢᠭ᠍ᠲᠠᠢ ᠡᠭᠦᠷᠭᠡᠯᠡᠵᠦ᠍᠂ ᠪᠦᠬᠦ᠌ ᠤᠯᠤᠰ᠎ᠤᠨ ᠶᠡᠬᠡ ᠲᠠᠯ᠎ᠠ᠎ᠳᠤ ᠨᠡᠩ ᠶᠡᠬᠡ ᠬᠤᠪᠢ ᠨᠡᠮᠡᠷᠢ ᠦᠵᠡᠭᠦᠯᠬᠦ᠌᠎ᠶ᠋ᠢ ᠬᠦᠰᠡᠪᠡ᠃

ᠰᠢ ᠵᠢᠨ ᠫᠢᠩ᠂ ᠵᠢᠶᠠᠩᠰᠦ᠎ᠶ᠋ᠢᠨ ᠬᠢᠨ ᠰᠢᠨ᠎ᠡ ᠴᠢᠨᠠᠷ ᠪᠦᠬᠦᠢ ᠦᠢᠯᠡᠳᠪᠦᠷᠢᠯᠡᠯ᠎ᠤᠨ ᠬᠦᠴᠦᠨ᠎ᠢ ᠬᠥᠭ᠌ᠵᠢᠭᠦᠯᠬᠦ᠌᠎ᠳᠦ ᠰᠠᠢ᠌ᠨ ᠰᠠᠢᠬᠠᠨ ᠨᠥᠬᠥᠴᠡᠯ ᠪᠠ ᠴᠢᠳᠠᠪᠤᠷᠢ᠎ᠲᠠᠶ ᠶᠤᠮ᠃ ᠲᠡᠷᠢᠭᠦᠨ᠎ᠦ ᠦᠢᠯᠡᠳᠬᠦ᠌ ᠦᠢᠯᠡᠰ᠎ᠢᠶᠡᠷ ᠭᠣᠣᠯ ᠪᠣᠯᠭᠠᠭ᠍ᠰᠠᠨ ᠣᠳᠣᠬᠢᠴᠢᠯᠠᠭ᠍ᠰᠠᠨ ᠠᠵᠤ ᠦᠢᠯᠡᠰ᠎ᠦᠨ ᠱᠢᠰᠲ᠋ᠧᠮ᠎ᠢ ᠪᠠᠢᠭᠤᠯᠬᠤ ᠡᠨᠡ ᠬᠦ᠌ ᠭᠣᠣᠯᠳᠠᠯᠭ᠎ᠠ᠎ᠶ᠋ᠢ ᠲᠤᠪᠤᠢ᠌ᠯᠭᠠᠨ᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌᠎ᠪᠡᠷ ᠵᠢᠯᠣᠭᠣᠳᠤᠮᠵᠢ ᠪᠣᠯᠭᠠᠵᠤ᠂ ᠤᠯᠠᠮᠵᠢᠯᠠᠯᠲᠤ ᠠᠵᠤ ᠦᠢᠯᠡᠰ᠎ᠢ ᠲᠡᠰ ᠳᠡᠪᠱᠢᠭᠦᠯᠬᠦ᠌᠂ ᠱᠢᠨ᠎ᠡ᠎ᠪᠡᠷ ᠮᠠᠨᠳᠤᠭ᠍ᠰᠠᠨ ᠠᠵᠤ ᠦᠢᠯᠡᠰ᠎ᠢ ᠪᠤᠵᠠᠭᠠᠢᠷᠠᠭᠤᠯᠬᠤ᠂ ᠢᠷᠡᠭᠡᠳᠦᠢ᠎ᠶ᠋ᠢᠨ ᠠᠵᠤ ᠦᠢᠯᠡᠰ᠎ᠢ ᠪᠣᠢᠵᠢᠭᠤᠯᠬᠤ᠎ᠶ᠋ᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌ ᠪᠠ ᠠᠵᠤ ᠦᠢᠯᠡᠰ᠎ᠦᠨ ᠱᠢᠨ᠎ᠡ᠎ᠶ᠋ᠢ ᠡᠭᠦᠳᠬᠦ᠌᠎ᠶ᠋ᠢᠨ ᠭᠦᠨᠵᠡᠭᠡᠢ ᠠᠭᠤᠰᠤᠯᠴᠠᠯ᠎ᠢ ᠴᠢᠩᠭᠠᠳᠭᠠᠨ᠂ ᠤᠯᠠᠮᠵᠢᠯᠠᠯᠲᠤ ᠠᠵᠤ ᠦᠢᠯᠡᠰ᠎ᠦᠨ ᠲᠡᠷᠢᠭᠦᠨ᠎ᠦ ᠪᠠᠢᠷᠢ ᠰᠠᠭᠤᠷᠢ᠎ᠶ᠋ᠢ ᠪᠡᠬᠢᠵᠢᠭᠦᠯᠵᠦ᠍᠂ ᠳᠡᠯᠡᠬᠡᠢ ᠳᠡᠭᠡᠷ᠎ᠡ ᠦᠷᠢᠰᠦᠯᠳᠦᠬᠦ᠌ ᠬᠦᠴᠦᠨ᠎ᠲᠡᠶ ᠪᠠᠢᠯᠳᠤᠬᠤ ᠪᠤᠳᠤᠯᠭ᠎ᠠ᠎ᠶ᠋ᠢᠨ ᠴᠢᠨᠠᠷᠲᠠᠢ ᠱᠢᠨ᠎ᠡ᠎ᠪᠡᠷ ᠮᠠᠨᠳᠤᠭ᠍ᠰᠠᠨ ᠠᠵᠤ ᠦᠢᠯᠡᠰ᠎ᠦᠨ ᠪᠦᠯᠦᠭ᠌ᠵᠢᠯ᠎ᠢ ᠲᠦᠷᠭᠡᠳᠭᠡᠨ ᠪᠠᠢᠭᠤᠯᠵᠤ᠂ ᠵᠢᠶᠠᠩᠰᠦ᠎ᠶ᠋ᠢ ᠰᠢᠨ᠎ᠡ ᠴᠢᠨᠠᠷ ᠪᠦᠬᠦᠢ ᠦᠢᠯᠡᠳᠪᠦᠷᠢᠯᠡᠯ᠎ᠤᠨ ᠬᠦᠴᠦᠨ᠎ᠢ ᠬᠥᠭ᠌ᠵᠢᠭᠦᠯᠬᠦ᠌ ᠴᠢᠬᠤᠯᠠ ᠵᠢᠭ᠍ᠰᠠᠭᠠᠯ᠎ᠤᠨ ᠭᠠᠵᠠᠷ ᠪᠣᠯᠭᠠᠬᠤ ᠬᠡᠷᠡᠭ᠌ᠲᠡᠢ ᠭᠡᠵᠦ ᠴᠢᠬᠤᠯᠠᠴᠢᠯᠠᠪᠠ᠃

ᠰᠢ ᠵᠢᠨ ᠫᠢᠩ᠂ ᠥᠭᠡᠷᠡᠴᠢᠯᠡᠯᠲᠡ᠎ᠶ᠋ᠢ ᠪᠦᠬᠦ᠌ ᠲᠠᠯ᠎ᠠ᠎ᠪᠠᠷ ᠭᠦᠨᠵᠡᠭᠡᠢᠷᠡᠭᠦᠯᠬᠦ᠌ ᠴᠢᠬᠤᠯᠠ ᠶᠡᠬᠡ ᠠᠷᠭ᠎ᠠ ᠬᠡᠮᠵᠢᠶ᠎ᠡ᠎ᠶ᠋ᠢ ᠲᠥᠯᠥᠪᠵᠢᠭᠦᠯᠵᠦ᠍᠂ ᠴᠢᠨᠠᠷ ᠰᠠᠢᠲᠠᠢ ᠬᠥᠭ᠌ᠵᠢᠯᠲᠡ᠎ᠶ᠋ᠢ ᠠᠬᠢᠭᠤᠯᠬᠤ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠶ᠋ᠢ ᠠᠬᠢᠭᠤᠯᠬᠤ᠎ᠳᠤ ᠦᠷᠭᠦᠯᠵᠢᠯᠡᠨ ᠬᠦᠴᠦᠷᠬᠡᠭ ᠶᠡᠬᠡ ᠬᠥᠳᠡᠯᠭᠡᠬᠦ᠌ ᠬᠦᠴᠦᠨ ᠨᠡᠮᠡᠷᠢᠯᠡᠬᠦ᠌ ᠬᠡᠷᠡᠭ᠌ᠲᠡᠢ᠃ ᠥᠨᠳᠥᠷ ᠲᠦᠪᠱᠢᠨ ᠪᠦᠬᠦᠢ ᠨᠡᠢᠭᠡᠮ ᠵᠢᠷᠤᠮ᠎ᠤᠨ ᠵᠠᠬ᠎ᠠ ᠳᠡᠯᠭᠡᠭᠦᠷ᠎ᠦᠨ ᠠᠵᠤ ᠠᠬᠤᠢ᠎ᠶ᠋ᠢᠨ ᠪᠠᠢᠭᠤᠯᠤᠮᠵᠢ᠎ᠶ᠋ᠢ ᠪᠠᠢᠭᠤᠯᠬᠤ ᠲᠣᠭᠣᠷᠢᠨ᠎ᠳᠤ᠂ ᠥᠮᠴᠢᠯᠡᠯ᠎ᠦᠨ ᠡᠷᠬᠡ᠎ᠶ᠋ᠢ ᠬᠠᠮᠠᠭᠠᠯᠠᠬᠤ᠂ ᠵᠠᠬ᠎ᠠ ᠳᠡᠯᠭᠡᠭᠦᠷ᠎ᠲᠦ ᠣᠷᠣᠬᠤ᠎ᠶ᠋ᠢ ᠵᠥᠪᠱᠢᠶᠡᠷᠡᠬᠦ᠌᠂ ᠡᠷᠬᠡ ᠲᠡᠭ᠌ᠰᠢ᠎ᠪᠡᠷ ᠦᠷᠢᠰᠦᠯᠳᠦᠬᠦ᠌᠂ ᠨᠡᠢᠭᠡᠮ᠎ᠦᠨ ᠢᠲᠡᠭᠡᠮᠵᠢ ᠵᠡᠷᠭᠡ ᠵᠠᠬ᠎ᠠ ᠳᠡᠯᠭᠡᠭᠦᠷ᠎ᠦᠨ ᠠᠵᠤ ᠠᠬᠤᠢ᠎ᠶ᠋ᠢᠨ ᠰᠠᠭᠤᠷᠢ ᠲᠦᠷᠢᠮ᠎ᠢ ᠲᠦᠷᠭᠡᠳᠭᠡᠨ ᠲᠡᠭᠦᠯᠳᠡᠷᠵᠢᠭᠦᠯᠬᠦ ᠬᠡᠷᠡᠭᠲᠡᠢ᠃ 《ᠬᠣᠶᠠᠷ ᠡᠷᠡᠰ ᠭᠤᠢᠪᠢᠰᠢ ᠦᠭᠡᠢ ᠪᠠᠢᠬᠤ》 ᠪᠠᠢᠭᠤᠯᠤᠮᠵᠢ ᠲᠣᠭ᠍ᠲᠠᠴᠠ᠎ᠶ᠋ᠢ ᠲᠡᠭᠦᠯᠳᠡᠷᠵᠢᠭᠦᠯᠦᠨ ᠨᠠᠢᠳᠠᠪᠤᠷᠢᠵᠢᠭᠤᠯᠵᠤ᠂ ᠠᠷᠠᠳ᠎ᠤᠨ ᠡᠵᠡᠩᠨᠡᠯᠲᠡ᠎ᠶ᠋ᠢᠨ ᠠᠵᠤ ᠠᠬᠤᠢ ᠪᠣᠯᠤᠨ ᠠᠷᠠᠳ᠎ᠤᠨ ᠡᠵᠡᠩᠨᠡᠯᠲᠡ᠎ᠶ᠋ᠢᠨ ᠠᠵᠤ ᠠᠬᠤᠢᠯᠠᠯ᠎ᠤᠨ ᠬᠥᠭ᠌ᠵᠢᠨ ᠪᠤᠵᠠᠭᠠᠢ᠌ᠷᠠᠬᠤ᠎ᠶ᠋ᠢ ᠲᠡᠮᠵᠢᠵᠤ᠂ ᠡᠯ᠎ᠡ ᠲᠦᠷᠦᠯ᠎ᠦᠨ ᠡᠵᠡᠩᠨᠡᠯᠲᠡ᠎ᠶ᠋ᠢᠨ ᠭᠣᠣᠯ ᠴᠣᠭ᠍ᠴᠠ᠎ᠶ᠋ᠢᠨ ᠳᠣᠲᠣᠭᠠᠳᠤ ᠬᠥᠳᠡᠯᠭᠡᠬᠦ᠌ ᠬᠦᠴᠦᠨ ᠪᠣᠯᠤᠨ ᠱᠢᠨ᠎ᠡ᠎ᠶ᠋ᠢ ᠡᠭᠦᠳᠬᠦ᠌ ᠠᠮᠢᠵᠢᠷᠠᠯ᠎ᠤᠨ ᠬᠦᠴᠦᠨ᠎ᠢ ᠬᠥᠭ᠌ᠵᠢᠭᠡᠬᠦ ᠬᠡᠷᠡᠭᠲᠡᠢ᠃ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠪᠠᠢᠭᠤᠯᠤᠮᠵᠢ᠂ ᠰᠤᠷᠭᠠᠨ ᠬᠥᠮᠦᠵᠢᠯ᠎ᠦᠨ ᠪᠠᠢᠭᠤᠯᠤᠮᠵᠢ᠂ ᠴᠢᠳᠠᠪᠤᠷᠢᠲᠠᠨ᠎ᠤ ᠪᠠᠢᠭᠤᠯᠤᠮᠵᠢ ᠵᠡᠷᠭᠡ᠎ᠶ᠋ᠢᠨ ᠥᠭᠡᠷᠡᠴᠢᠯᠡᠯᠲᠡ᠎ᠶ᠋ᠢ ᠭᠦᠨᠵᠡᠭᠡᠢᠷᠡᠭᠦᠯᠵᠦ᠍᠂ ᠰᠢᠨ᠎ᠡ ᠴᠢᠨᠠᠷ ᠪᠦᠬᠦᠢ ᠦᠢᠯᠡᠳᠪᠦᠷᠢᠯᠡᠯ᠎ᠤᠨ ᠬᠦᠴᠦᠨ᠎ᠦ ᠬᠥᠭ᠌ᠵᠢᠯᠲᠡ᠎ᠶ᠋ᠢ ᠬᠦᠯᠢᠶᠡᠰᠦᠯᠡᠵᠦ᠍ ᠪᠠᠢᠭ᠎ᠠ ᠲᠦᠭ᠌ᠵᠢᠷᠡᠯ ᠪᠠ ᠬᠣᠷᠢᠭ᠎ᠠ ᠵᠢ ᠨᠡᠪᠲᠡᠷᠡᠭᠦᠯᠬᠦ ᠬᠡᠷᠡᠭᠲᠡᠢ᠃ ᠵᠠᠬ᠎ᠠ ᠳᠡᠯᠭᠡᠭᠦᠷᠴᠢᠯᠡᠭ᠌ᠰᠡᠨ᠂ ᠬᠠᠤᠯᠢᠵᠢᠭ᠍ᠰᠠᠨ᠂ ᠳᠡᠯᠡᠬᠡᠢᠵᠢᠭ᠌ᠰᠡᠨ ᠲᠡᠷᠢᠭᠦᠨ᠎ᠤ ᠬᠤᠳᠠᠯᠳᠤᠭ᠎ᠠ ᠡᠷᠬᠢᠯᠡᠬᠦ ᠣᠷᠴᠢᠨ ᠨᠥᠬᠥᠴᠡᠯ᠎ᠢ ᠦᠷᠭᠦᠯᠵᠢᠯᠡᠨ ᠪᠠᠢᠭᠤᠯᠵᠤ᠂ ᠨᠠᠩ ᠥᠨᠳᠥᠷ ᠲᠦᠪᠱᠢᠨ ᠪᠥᠬᠥᠶ ᠨᠡᠭᠡᠭᠡᠯᠲᠡᠲᠦ ᠬᠡᠯᠪᠡᠷᠢ᠎ᠶ᠋ᠢᠨ ᠠᠵᠤ ᠠᠬᠤᠶ᠎ᠶ᠋ᠢᠨ ᠱᠢᠨ᠎ᠡ ᠳᠠᠪᠠᠭᠤᠯᠢᠭ᠎ᠢ ᠪᠣᠶ ᠪᠣᠯᠭᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃

ᠰᠢ ᠵᠢᠨ ᠫᠢᠩ᠂ ᠨᠠᠮ᠎ᠤᠨ ᠠᠷᠪᠠᠨ ᠨᠠᠢ᠍ᠮᠠᠳᠤᠭᠠᠷ ᠶᠡᠬᠡ ᠬᠤᠷᠠᠯ᠎ᠡᠴᠡ ᠨᠠᠭᠠᠰᠢ᠂ ᠪᠢᠳᠡ ᠠᠯᠢ ᠤᠯᠠᠨ ᠣᠷᠣᠨ ᠪᠦᠰᠡ᠎ᠶ᠋ᠢᠨ ᠵᠣᠬᠢᠴᠠᠩᠭᠤᠢ ᠬᠥᠭ᠌ᠵᠢᠯᠲᠡ᠎ᠶ᠋ᠢᠨ ᠪᠠᠢᠯᠳᠤᠬᠤ ᠪᠤᠳᠤᠯᠭ᠎ᠠ᠂ ᠣᠷᠣᠨ ᠪᠦᠰᠡ᠎ᠶ᠋ᠢᠨ ᠴᠢᠬᠤᠯᠠ ᠶᠡᠬᠡ ᠪᠠᠢᠯᠳᠤᠬᠤ ᠪᠤᠳᠤᠯᠭ᠎ᠠ᠂ ᠭᠣᠣᠯ ᠴᠣᠭ᠍ᠴᠠ᠎ᠶ᠋ᠢᠨ ᠴᠢᠳᠠᠮᠵᠢᠳᠤ ᠣᠷᠣᠨ᠎ᠤ ᠪᠠᠢᠯᠳᠤᠬᠤ ᠪᠤᠳᠤᠯᠭ᠎ᠠ ᠵᠡᠷᠭᠡ᠎ᠶ᠋ᠢ ᠬᠡᠷᠡᠭ᠌ᠵᠢᠭᠦᠯᠵᠦ᠍᠂ ᠱᠢᠨ᠎ᠡ ᠬᠥᠭ᠌ᠵᠢᠯᠲᠡ᠎ᠶ᠋ᠢᠨ ᠪᠠᠢᠷᠢᠱᠢᠯ᠎ᠢ ᠪᠠᠢᠭᠤᠯᠬᠤ᠂ ᠴᠢᠨᠠᠷ ᠰᠠᠢᠲᠠᠢ ᠬᠥᠭ᠌ᠵᠢᠯᠲᠡ᠎ᠶ᠋ᠢ ᠠᠬᠢᠭᠤᠯᠬᠤ᠎ᠳᠤ ᠴᠢᠬᠤᠯᠠ ᠲᠤᠯᠭᠠᠭᠤᠷᠢᠯᠠᠬᠤ ᠦᠢᠯᠡᠳᠦᠯ ᠦᠵᠡᠭᠦᠯᠪᠡ᠃ ᠵᠢᠶᠠᠩᠰᠦ ᠬᠥᠬᠡᠮᠥ᠋ᠷᠡᠨ᠎ᠦ ᠠᠵᠤ ᠠᠬᠤᠢ᠎ᠶ᠋ᠢᠨ ᠪᠦᠰᠡ᠎ᠶ᠋ᠢᠨ ᠬᠥᠭ᠌ᠵᠢᠯᠲᠡ ᠪᠣᠯᠤᠨ ᠬᠥᠬᠡᠮᠥ᠋ᠷᠡᠨ᠎ᠦ ᠭᠤᠷᠪᠠᠯᠵᠢᠨ ᠬᠣᠢᠭ᠎ᠤᠨ ᠨᠢᠭᠡ ᠴᠤᠬ᠍ᠴᠠᠵᠢᠬ᠍ᠰᠠᠨ ᠬᠥᠭ᠌ᠵᠢᠯᠲᠡ᠎ᠶ᠋ᠢᠨ ᠪᠠᠢᠯᠳᠤᠬᠤ ᠪᠤᠳᠤᠯᠭ᠎ᠠ᠎ᠳᠤ ᠪᠦᠬᠦ᠌ ᠲᠠᠯ᠎ᠠ᠎ᠪᠠᠷ ᠠᠭᠤᠰᠤᠯᠴᠠᠨ ᠦᠢᠯᠡᠴᠢᠯᠡᠵᠦ᠍᠂ ᠪᠤᠰᠤᠳ ᠣᠷᠣᠨ ᠪᠦᠰᠡ᠎ᠶ᠋ᠢᠨ ᠬᠥᠭ᠌ᠵᠢᠯᠲᠡ᠎ᠶ᠋ᠢᠨ ᠪᠠᠢᠯᠳᠤᠬᠤ ᠪᠤᠳᠤᠯᠭ᠎ᠠ ᠪᠣᠯᠤᠨ ᠣᠷᠣᠨ ᠪᠦᠰᠡ᠎ᠶ᠋ᠢᠨ ᠴᠢᠬᠤᠯᠠ ᠶᠡᠬᠡ ᠪᠠᠢᠯᠳᠤᠬᠤ ᠪᠤᠳᠤᠯᠭ᠎ᠠ᠎ᠯᠤᠭ᠎ᠠ᠎ᠶ᠋ᠢᠨ ᠵᠣᠯᠭᠠᠯᠴᠠᠭ᠎ᠠ᠎ᠪᠠᠨ ᠴᠢᠩᠭᠠᠳᠭᠠᠵᠤ᠂ ᠨᠡᠩ ᠶᠡᠬᠡ ᠬᠡᠪᠴᠢᠶᠡᠨ᠎ᠳᠦ ᠱᠢᠨ᠎ᠡ᠎ᠶ᠋ᠢ ᠡᠭᠦᠳᠬᠦ᠌ ᠬᠡᠯᠬᠢᠶ᠎ᠡ᠂ ᠠᠵᠤ ᠦᠢᠯᠡᠰ᠎ᠦᠨ ᠬᠡᠯᠬᠢᠶ᠎ᠡ᠂ ᠬᠠᠩᠭᠠᠯᠭ᠎ᠠ᠎ᠶ᠋ᠢᠨ ᠬᠡᠯᠬᠢᠶ᠎ᠡ᠎ᠶ᠋ᠢ ᠬᠣᠯᠪᠣᠭᠠᠯᠠᠨ ᠪᠠᠢᠭᠤᠯᠵᠤ᠂ ᠣᠷᠣᠨ ᠪᠦᠰᠡ ᠴᠢᠨᠠᠭ᠍ᠰᠢᠯᠠᠪᠠᠯ ᠪᠦᠬᠦ᠌ ᠤᠯᠤᠰ᠎ᠤᠨ ᠬᠥᠭ᠌ᠵᠢᠯᠲᠡ᠎ᠳᠦ ᠦᠵᠡᠭᠦᠯᠬᠦ᠌ ᠠᠵᠤ ᠠᠬᠤᠢ᠎ᠶ᠋ᠢᠨ ᠲᠤᠮᠤ ᠮᠤᠵᠢ᠎ᠶ᠋ᠢᠨ ᠨᠥᠯᠥᠭᠡᠯᠡᠨ ᠳᠠᠢᠴᠢᠯᠠᠬᠤ ᠬᠦᠴᠦᠨ᠎ᠢ ᠨᠡᠩ ᠰᠠᠢᠲᠤᠷ ᠪᠠᠳᠠᠷᠠᠭᠤᠯᠬᠤ ᠬᠡᠷᠡᠭ᠌ᠲᠡᠢ ᠭᠡᠵᠦ ᠴᠢᠬᠤᠯᠠᠴᠢᠯᠠᠪᠠ᠃

ᠰᠢ ᠵᠢᠨ ᠫᠢᠩ᠂ ᠠᠵᠤ ᠠᠬᠤᠢ᠎ᠶ᠋ᠢᠨ ᠰᠡᠷᠭᠦᠨ ᠰᠠᠢᠵᠢᠷᠠᠬᠤ ᠬᠠᠨᠳᠤᠰᠢ᠎ᠶ᠋ᠢ ᠦᠷᠭᠦᠯᠵᠢᠯᠡᠨ ᠪᠡᠬᠢᠵᠢᠭᠦᠯᠦᠨ ᠴᠢᠩᠭᠠᠳᠭᠠᠵᠤ᠂ ᠪᠦᠬᠦ᠌ ᠨᠡᠢᠭᠡᠮ᠎ᠦᠨ ᠬᠥᠭ᠌ᠵᠢᠯᠲᠡ᠎ᠶ᠋ᠢᠨ ᠢᠲᠡᠭᠡᠯ ᠵᠣᠷᠢᠭ᠎ᠢ ᠬᠥᠪᠴᠢᠯᠡᠬᠦ᠌᠎ᠳᠦ᠂ ᠨᠠᠮ᠎ᠤᠨ ᠭᠡᠱᠢᠭᠦᠨ ᠺᠠᠳ᠋ᠷ ᠡᠩ ᠲᠡᠷᠢᠭᠦᠨ᠎ᠳᠦ ᠢᠲᠡᠭᠡᠯ ᠵᠣᠷᠢᠭ᠎ᠢᠶᠠᠨ ᠪᠠᠲᠤᠳᠭᠠᠵᠤ᠂ ᠦᠨᠡᠨ ᠬᠦ᠌ ᠠᠳᠭᠤᠨ ᠪᠣᠳᠠᠲᠠᠢ ᠠᠵᠢᠯᠯᠠᠬᠤ ᠬᠡᠷᠡᠭ᠌ᠲᠡᠢ᠃ ᠭᠣᠣᠯ ᠰᠡᠳᠦᠪᠲᠦ ᠬᠥᠮᠦᠵᠢᠯ᠎ᠦᠨ ᠦᠷ᠎ᠡ ᠪᠦᠲᠦᠭᠡᠯ᠎ᠢ ᠪᠡᠬᠢᠵᠢᠭᠦᠯᠦᠨ ᠥᠷᠭᠡᠳᠭᠡᠵᠦ᠍᠂ ᠤᠷᠳᠤ ᠬᠤᠭᠤᠴᠠᠭᠠᠨ᠎ᠤ ᠪᠦᠲᠦᠮᠵᠢᠲᠤ ᠲᠣᠭ᠍ᠲᠠᠴᠠ᠎ᠶ᠋ᠢ ᠪᠠᠢᠭᠤᠯᠵᠤ᠂ ᠬᠡᠯᠪᠡᠷᠢᠴᠢ ᠦᠵᠡᠯ᠂ ᠨᠣᠶᠠᠨᠴᠢ ᠰᠤᠷᠲᠠᠯ᠎ᠢ ᠡᠷᠡᠰ ᠵᠠᠯᠠᠷᠠᠭᠤᠯᠵᠤ᠂ ᠦᠨᠳᠦᠰᠦᠨ ᠱᠠᠲᠤᠨ᠎ᠤ ᠳᠠᠷᠤᠭᠠᠰᠤ᠎ᠶ᠋ᠢ ᠦᠨᠡᠨ ᠬᠦ᠌ ᠬᠥᠩᠭᠡᠷᠡᠭᠦᠯᠵᠦ᠍᠂ ᠪᠦᠬᠦ᠌ ᠨᠠᠮ ᠪᠦᠬᠦ᠌ ᠨᠡᠢᠭᠡᠮ᠎ᠦᠨ ᠡᠭᠦᠳᠦᠨ ᠪᠦᠲᠦᠭᠡᠬᠦ᠌ ᠠᠮᠢᠵᠢᠷᠠᠯ᠎ᠤᠨ ᠬᠦᠴᠦᠨ᠎ᠢ ᠬᠥᠭ᠌ᠵᠢᠭᠡᠵᠦ᠍᠂ ᠨᠠᠮ᠎ᠤᠨ ᠭᠡᠱᠢᠭᠦᠨ ᠺᠠᠳ᠋ᠷ᠎ᠤᠨ ᠠᠵᠢᠯ ᠬᠢᠵᠦ᠍ ᠦᠢᠯᠡᠰ ᠪᠤᠰᠭᠠᠬᠤ ᠤᠷᠮ᠎ᠠ ᠵᠣᠷᠢᠭ᠎ᠢ ᠬᠥᠭ᠌ᠵᠢᠭᠡᠬᠦ᠌ ᠬᠡᠷᠡᠭ᠌ᠲᠡᠢ᠃ ᠠᠷᠠᠳ ᠲᠦᠮᠡᠨ᠎ᠢᠶᠡᠷ ᠭᠤᠤᠯ ᠪᠣᠯᠭᠠᠬᠤ ᠬᠥᠭ᠌ᠵᠢᠯᠲᠡ᠎ᠶ᠋ᠢᠨ ᠦᠵᠡᠯ ᠰᠠᠨᠠᠭ᠎ᠠ᠎ᠶ᠋ᠢ ᠪᠠᠷᠢᠮᠲᠠᠯᠠᠵᠤ᠂ ᠬᠥᠭ᠌ᠵᠢᠯᠲᠡ᠎ᠶ᠋ᠢᠨ ᠳᠤᠮᠳᠠ ᠠᠷᠠᠳ᠎ᠤᠨ ᠠᠮᠢᠳᠤᠷᠠᠯ᠎ᠤᠨ ᠪᠠᠲᠤᠯᠠᠭ᠎ᠠ᠎ᠶ᠋ᠢᠨ ᠲᠦᠪᠱᠢᠨ᠎ᠢ ᠲᠣᠭ᠍ᠲᠠᠭᠤᠨ᠎ᠢᠶᠠᠷ ᠳᠡᠭᠡᠭ᠌ᠰᠢᠯᠡᠭᠦᠯᠵᠦ᠍᠂ ᠥᠷᠭᠡᠨ ᠣᠯᠠᠨ ᠲᠦᠮᠡᠨ᠎ᠦ ᠥᠪᠡᠷ᠎ᠦᠨ ᠬᠣᠶᠠᠷ ᠭᠠᠷ᠎ᠢᠶᠠᠷ᠎ᠢᠶᠠᠨ ᠵᠣᠯ ᠵᠢᠷᠭᠠᠯᠲᠤ ᠠᠮᠢᠳᠤᠷᠠᠯ᠎ᠢᠶᠠᠨ ᠴᠣᠭ᠍ᠴᠠᠯᠠᠬᠤ᠎ᠶ᠋ᠢ ᠬᠥᠲᠥᠯᠥᠨ ᠵᠢᠯᠣᠭᠣᠳᠴᠤ᠌ ᠵᠣᠷᠢᠭ᠍ᠵᠢᠭᠤᠯᠬᠤ ᠬᠡᠷᠡᠭ᠌ᠲᠡᠶ ᠭᠡᠵᠦ ᠵᠢᠭᠠᠵᠦ ᠭᠠᠷᠭᠠᠪᠠ᠃

ᠰᠢ ᠵᠢᠨ ᠫᠢᠩ ᠬᠠᠮᠤᠭ᠎ᠤᠨ ᠰᠡᠭᠦᠯ᠎ᠳᠤ᠂ ᠠᠶᠤᠯᠭᠦᠢ ᠦᠢᠯᠡᠳᠪᠦᠷᠢᠯᠡᠯ᠎ᠢ ᠰᠠᠢᠲᠤᠷ ᠠᠳᠭᠤᠵᠤ᠂ ᠠᠮᠤᠷ ᠲᠦᠪᠱᠢᠨ᠎ᠦ ᠬᠡᠮ ᠰᠣᠭᠣᠭ᠎ᠢ ᠵᠢᠭ᠍ᠰᠠᠭᠠᠨ ᠪᠠᠢᠴᠠᠭᠠᠬᠤ ᠠᠵᠢᠯ᠎ᠢ ᠴᠢᠨᠠᠭ᠍ᠰᠢᠳᠠ ᠰᠠᠢᠲᠤᠷ ᠬᠢᠵᠦ᠍᠂ ᠤᠷᠢᠳᠴᠢᠯᠠᠨ ᠰᠡᠷᠡᠮᠵᠢᠯᠡᠭᠦᠯᠵᠦ᠍ ᠬᠢᠨᠠᠨ ᠬᠡᠮᠵᠢᠬᠦ᠌᠎ᠪᠠᠨ ᠴᠢᠩᠭᠠᠳᠭᠠᠵᠤ᠂ ᠪᠠᠴᠢᠮ ᠪᠠᠢᠳᠠᠯ᠎ᠢ ᠠᠷᠭᠠᠴᠠᠭᠠᠬᠤ ᠠᠷᠭ᠎ᠠ ᠬᠡᠮᠵᠢᠶ᠎ᠡ᠎ᠶ᠋ᠢ ᠨᠠᠢᠳᠠᠪᠤᠷᠢᠵᠢᠭᠤᠯᠵᠤ᠂ ᠠᠷᠠᠳ ᠤᠯᠠᠨ᠎ᠤ ᠠᠮᠢ ᠨᠠᠰᠤ ᠪᠠ ᠡᠳ᠋ ᠬᠦᠷᠦᠩᠬᠡ᠎ᠶ᠋ᠢᠨ ᠠᠮᠤᠷ ᠲᠦᠪᠱᠢᠨ᠎ᠢ ᠪᠠᠲᠤᠯᠠᠬᠤ ᠬᠡᠷᠡᠭ᠌ᠲᠡᠢ ᠭᠡᠵᠦ ᠴᠢᠬᠤᠯᠠᠴᠢᠯᠠᠪᠠ᠃

ᠨᠠᠮ᠎ᠤᠨ ᠲᠥᠪ ᠬᠣᠷᠢᠶ᠎ᠠ᠎ᠶᠢᠨ ᠤᠯᠤᠰ ᠲᠦᠷᠦ᠍᠎ᠶ᠋ᠢᠨ ᠲᠣᠪᠴᠢᠶᠠᠨ᠎ᠤ ᠪᠠᠢᠩᠭᠤ᠎ᠶ᠋ᠢᠨ ᠭᠡᠱᠢᠭᠦᠨ᠂ ᠨᠠᠮ᠎ᠤᠨ ᠲᠥᠪ ᠬᠣᠷᠢᠶ᠎ᠠ᠎ᠶᠢᠨ ᠠᠯᠪᠠᠨ ᠲᠢᠩᠬᠢᠮ᠎ᠦᠨ ᠡᠷᠬᠢᠯᠡᠭ᠌ᠴᠢ ᠼᠠᠢ ᠴᠢ ᠣᠷᠣᠯᠴᠠᠪᠠ᠃

ᠮᠦ᠍ ᠬᠣᠩ᠂ ᠵᠢᠶᠠᠩ ᠱᠢᠨ ᡁᠢ᠎ᠨᠡᠷ ᠣᠷᠣᠯᠴᠠᠪᠠ᠃

(ᠱᠢᠨᠬᠤᠸᠠ ᠬᠤᠷᠢᠶ᠎ᠠ᠎ᠶᠢᠨ ᠪᠡᠭᠡᠵᠢᠩ᠎ᠦᠨ 3 ᠰᠠᠷ᠎ᠠ᠎ᠶ᠋ᠢᠨ 5᠎ᠤ᠋ ᠴᠠᠬᠢᠯᠭᠠᠨ ᠮᠡᠳᠡᠭᠡ)

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠣᠷᠬᠢᠯ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面