2024ᠤᠨ᠎ᠤ᠋ ᠪᠦᠬᠦ ᠤᠯᠤᠰ᠎ᠤ᠋ᠨ ᠬᠣᠶᠠᠷ ᠬᠤᠷᠠᠯ > ᠮᠡᠳᠡᠭᠡᠯᠡᠯ

2024-03-06 09:59:07

ᠵᠣᠬᠢᠶᠠᠭ᠍ᠴᠢ᠄ ᠣᠩᠱᠢᠭ᠍ᠰᠠᠨ ᠣᠳᠠᠭ᠎ᠠ᠄ 3

ᠨᠠᠮ᠎ᠤᠨ ᠲᠥᠪ ᠬᠣᠷᠢᠶ᠎ᠠ ᠵᠢᠨ ᠡᠣᠯᠣᠰ ᠲᠦᠷᠦ ᠵᠢᠨ ᠲᠣᠪᠴᠢᠶ᠎ᠠ ᠵᠢᠨ ᠪᠠᠢ᠌ᠩᠭᠤ ᠵᠢᠨ ᠭᠡᠱᠢᠭᠦᠨ᠂ ᠲᠥᠪ᠎ᠦᠨ ᠰᠠᠬᠢᠯᠭ᠎ᠠ ᠪᠠᠳᠤ ᠪᠠᠢ᠌ᠴᠠᠭᠠᠬ᠍ᠤ ᠬᠣᠷᠢᠶ᠎ᠠ ᠵᠢᠨ ᠱᠦᠵᠢ ᠯᠢ ᠰᠢ 5 ᠤ᠋ ᠦᠳᠡ᠎ᠶ᠋ᠢᠨ ᠬᠣᠢᠨ᠎ᠠ ᠳᠡᠬᠦᠨ ᠤ᠋ ᠪᠠᠢᠭ᠎ᠠ ᠹᠦᠵᠢᠶᠠᠨ᠎ᠤ ᠲᠥᠯᠥᠭᠡᠯᠡᠭ᠌ᠴᠢᠳ᠎ᠦᠨ ᠪᠦᠯᠬᠦᠮ᠎ᠳᠦ ᠢᠷᠡᠵᠦ᠍᠂ ᠲᠥᠯᠥᠭᠡᠯᠡᠭ᠌ᠴᠢᠳ᠎ᠲᠡᠶ ᠬᠠᠮᠲᠤ ᠪᠠᠷ ᠵᠠᠰᠠᠭ᠎ᠤᠨ ᠣᠷᠳᠣᠨ᠎ᠤ ᠠᠵᠢᠯ᠎ᠤᠨ ᠢᠯᠡᠳᠭᠡᠯ᠎ᠢ ᠬᠢᠨᠠᠨ ᠵᠦᠪᠯᠡᠪᠡ᠃ ᠬᠤᠷᠠᠯ᠎ᠤᠨ ᠲᠠᠯᠠᠪᠠᠢ ᠵᠢᠨ ᠠᠭᠤᠷ ᠠᠮᠢᠰᠬᠤᠯ ᠬᠦᠷ ᠬᠥᠭ᠌ᠵᠢᠶᠡᠨᠳᠡᠢ ᠪᠠᠢᠵᠥ᠂ ᠱᠢᠤᠢ ᠭᠤᠸᠠᠩ ᠶᠤᠸᠠᠨ᠂ ᠼᠠᠢ ᠵᠠᠨ ᠱᠧᠩ᠂ ᠸᠠᠩ ᠶᠦᠩ ᠴᠧᠩ ᠵᠡᠷᠭᠡ ᠲᠥᠯᠥᠭᠡᠯᠡᠭ᠌ᠴᠢ ᠤᠷᠢᠳ ᠬᠣᠵᠢᠳ ᠦᠭᠡ ᠬᠡᠯᠡᠵᠦ᠍᠂ ᠯᠢ ᠰᠢ ᠨᠠᠷᠢᠨ ᠬᠢᠨᠠᠮᠠᠭᠠᠢ ᠰᠣᠨᠣᠰᠤᠭ᠍ᠰᠠᠨ ᠪᠥᠭᠡᠳ ᠲᠥᠯᠥᠭᠡᠯᠡᠭ᠌ᠴᠢᠳ᠎ᠲᠡᠶ ᠰᠠᠨᠠᠯ᠎ᠢᠶᠠᠨ ᠰᠣᠯᠢᠯᠴᠠᠨ ᠶᠠᠷᠢᠯᠴᠠᠪᠠ᠃

ᠲᠥᠯᠥᠭᠡᠯᠡᠭ᠌ᠴᠢᠳ᠎ᠦᠨ ᠬᠡᠯᠡᠭᠰᠡᠨ ᠦᠬᠡ᠎ᠶ᠋ᠢ ᠰᠣᠨᠣᠰᠤᠭ᠍ᠰᠠᠨ᠎ᠤ ᠳᠠᠷᠠᠭ᠎ᠠ ᠯᠢ ᠰᠢ᠂ ᠶᠡᠷᠦᠩᠬᠡᠶ ᠰᠠᠢᠳ ᠯᠢ ᠴᠢᠶᠠᠩ᠎ᠤᠨ ᠬᠢᠭ᠌ᠰᠡᠨ ᠵᠠᠰᠠᠭ᠎ᠤᠨ ᠣᠷᠳᠣᠨ᠎ᠤ ᠠᠵᠢᠯ᠎ᠤᠨ ᠢᠯᠡᠳᠭᠡᠯ᠎ᠢ ᠪᠦᠷᠢᠮᠦᠰᠦᠨ ᠵᠥᠪᠱᠢᠶᠡᠷᠡᠵᠦ᠍ ᠪᠠᠢᠨ᠎ᠠ᠃ ᠥᠩᠭᠡᠷᠡᠭ᠌ᠰᠡᠨ ᠨᠢᠭᠡ ᠵᠢᠯ᠎ᠳᠦ᠂ ᠶᠡᠷᠦ᠍ ᠪᠤᠰᠤ᠎ᠶ᠋ᠢᠨ ᠨᠠᠷᠢᠨ ᠪᠤᠳᠤᠯᠢᠶᠠᠨᠲᠠᠢ ᠳᠡᠯᠡᠬᠡᠢ᠎ᠶ᠋ᠢᠨ ᠣᠷᠴᠢᠨ ᠪᠣᠯᠤᠨ ᠪᠡᠷᠬᠡ ᠬᠠᠲᠠᠭᠤᠵᠢᠯᠲᠠᠢ ᠨᠦᠰᠡᠷ ᠬᠦᠨᠳᠦ ᠥᠭᠡᠷᠡᠴᠢᠯᠡᠯᠲᠡ ᠬᠥᠭ᠌ᠵᠢᠯᠲᠡ ᠲᠣᠭ᠍ᠲᠠᠭᠤᠨ᠎ᠤ ᠡᠭᠦᠷᠭᠡ᠎ᠶ᠋ᠢᠨ ᠡᠮᠦᠨ᠎ᠡ᠂ ᠰᠢ ᠵᠢᠨ ᠫᠢᠩ ᠨᠥᠬᠥᠷ᠎ᠢᠶᠡᠷ ᠭᠣᠣᠯ ᠪᠣᠯᠭᠠᠭ᠍ᠰᠠᠨ ᠨᠠᠮ᠎ᠤᠨ ᠲᠥᠪ ᠬᠣᠷᠢᠶ᠎ᠠ ᠥᠨᠳᠥᠷ᠎ᠲᠦ ᠵᠣᠭ᠍ᠰᠣᠨ ᠠᠯᠤᠰ᠎ᠢ ᠪᠠᠷᠠᠯᠠᠵᠤ᠂ ᠪᠦᠬᠦ᠌ ᠲᠠᠯ᠎ᠠ᠎ᠶ᠋ᠢ ᠶᠡᠷᠦᠩᠬᠡᠢᠯᠡᠨ ᠵᠢᠯᠣᠭᠣᠳᠴᠤ᠌᠂ ᠪᠦᠬᠦ᠌ ᠨᠠᠮ ᠪᠦᠬᠦ᠌ ᠤᠯᠤᠰ᠎ᠤᠨ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠢ ᠪᠦᠯᠬᠦᠮᠳᠡᠭᠦᠯᠦᠨ ᠳᠠᠭᠠᠭᠤᠯᠵᠤ ᠡᠷᠡᠯᠬᠡᠭ᠌ᠯᠡᠨ ᠲᠡᠮᠡᠴᠡᠵᠦ᠍᠂ ᠡᠷᠡᠮᠡᠬᠡᠢᠯᠡᠨ ᠤᠷᠤᠭ᠍ᠰᠢᠯᠠᠵᠤ᠂ ᠤᠯᠠᠨ ᠵᠦᠢᠯ᠎ᠦᠨ ᠬᠦᠴᠢᠷ ᠪᠡᠷᠬᠡᠱᠢᠶᠡᠯ ᠥᠷᠢᠰᠥᠯᠳᠦᠭᠡᠨ᠎ᠢ ᠢᠯᠠᠨ ᠳᠠᠪᠠᠵᠤ᠂ ᠪᠦᠬᠦ᠌ ᠵᠢᠯ᠎ᠦᠨ ᠠᠵᠤ ᠠᠬᠤᠢ ᠨᠡᠢᠭᠡᠮ᠎ᠦᠨ ᠬᠥᠭ᠌ᠵᠢᠯᠲᠡ᠎ᠶ᠋ᠢᠨ ᠭᠣᠣᠯ ᠬᠠᠷᠠᠯᠲᠠ ᠡᠭᠦᠷᠭᠡ᠎ᠶ᠋ᠢ ᠲᠡᠭᠦᠰ ᠠᠮᠵᠢᠯᠲᠠ᠎ᠲᠠᠶ ᠪᠡᠶᠡᠯᠡᠭᠦᠯᠵᠦ᠍᠂ ᠪᠦᠬᠦ᠌ ᠪᠥᠮᠪᠥᠷᠴᠡᠭ᠎ᠢ ᠪᠠᠷᠠᠯᠠᠬᠤᠶ᠎ᠠ ᠮᠥᠨ ᠯᠡ 《ᠡᠨᠳᠡᠬᠢ ᠦᠵᠡᠮᠵᠢ᠎ᠠᠳᠠᠪᠠᠰᠢ ᠭᠤᠶᠤ》 ᠪᠤᠯᠪᠠ᠃ ᠲᠤᠢᠯ᠎ᠤᠨ ᠬᠢᠯᠪᠠᠷ ᠪᠤᠰᠤ ᠪᠡᠷ ᠤᠯᠤᠬᠰᠠᠨ ᠠᠮᠵᠢᠯᠲᠠ ᠨᠢ ᠬᠦᠮᠦᠰ᠎ᠢ ᠳᠦᠢᠯ ᠵᠢᠡᠷ ᠤᠷᠮᠠᠰᠢᠭᠤᠯᠤᠨ ᠵᠤᠷᠢᠬᠵᠢᠭᠤᠯᠵᠥ᠂ ᠶᠡᠷᠦᠩᠬᠡᠶ ᠱᠦᠵᠢ ᠰᠢ ᠵᠢᠨ ᠫᠢᠩ ᠪᠣᠯᠤᠨ ᠨᠠᠮ᠎ᠤᠨ ᠲᠥᠪ ᠬᠣᠷᠢᠶ᠎ᠠ ᠵᠢᠨ ᠠᠵᠤ ᠠᠬᠤᠶ ᠨᠡᠢᠭᠡᠮ᠎ᠦᠨ ᠬᠥᠭ᠌ᠵᠢᠯᠲᠡ᠎ᠶ᠋ᠢᠨ ᠲᠤᠬᠠᠶ ᠱᠢᠶ᠋ᠳᠪᠦᠷᠢᠲᠦ ᠪᠣᠳᠣᠯᠭ᠎ᠠ ᠪᠠᠢᠷᠢᠯᠠᠭᠤᠯᠤᠯᠲᠠ ᠨᠢ ᠪᠦᠷᠢᠮᠦᠰᠦᠨ ᠵᠥᠪ ᠪᠣᠯᠬᠤ᠎ᠶ᠋ᠢ ᠭᠦᠶ᠋ᠴᠡᠳ ᠭᠡᠷᠡᠴᠢᠯᠡᠵᠦ᠍᠂ 《ᠬᠣᠶᠠᠷ᠎ᠢ ᠲᠣᠭ᠍ᠲᠠᠭᠠᠬᠰᠠᠨ》᠂ 《ᠬᠣᠶᠠᠷ᠎ᠢ ᠬᠠᠮᠠᠭᠠᠯᠠᠬᠤ》 ᠦᠶ᠋ᠯᠡᠳᠦᠯᠭᠡ᠎ᠶ᠋ᠢᠨ ᠠᠸ᠋ᠭ᠎ᠠ ᠬᠦᠴᠦᠨ᠎ᠢ ᠭᠦᠶ᠋ᠴᠡᠳ ᠢᠯᠡᠷᠡᠭᠦᠯᠪᠡ᠃ ᠦᠵᠡᠯ ᠰᠠᠨᠠᠭ᠎ᠠ ᠪᠠ ᠦᠢᠯᠡ ᠠᠵᠢᠯᠯᠠᠭ᠎ᠠ᠎ᠪᠠᠨ ᠨᠠᠮ᠎ᠤᠨ ᠲᠥᠪ ᠬᠣᠷᠢᠶ᠎ᠠ ᠵᠢᠨ ᠱᠢᠢᠳᠪᠦᠷᠢᠲᠦ ᠪᠤᠳᠤᠯᠭ᠎ᠠ ᠪᠠᠢᠷᠢᠯᠠᠭᠤᠯᠤᠯᠲᠠ ᠳᠡᠭᠡᠷ᠎ᠡ ᠦᠨᠡᠨ ᠬᠦ᠌ ᠨᠢᠭᠡᠳᠭᠡᠵᠦ᠍᠂ ᠢᠲᠡᠭᠡᠯ ᠵᠣᠷᠢᠭ᠎ᠢᠶᠠᠨ ᠪᠠᠲᠤᠳᠭᠠᠨ᠂ ᠵᠠᠮ ᠨᠡᠭᠡᠭᠡᠨ ᠤᠷᠤᠭ᠍ᠰᠢᠯᠠᠵᠤ᠂ ᠴᠢᠨᠠᠷ ᠰᠠᠢᠲᠠᠢ ᠬᠥᠭ᠌ᠵᠢᠯᠲᠡ᠎ᠶ᠋ᠢ ᠬᠦᠴᠦᠯᠡᠨ ᠠᠬᠢᠭᠤᠯᠵᠤ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠶ᠋ᠢᠨ ᠪᠦᠳᠦᠭᠡᠨ ᠪᠠᠢᠭᠤᠯᠤᠯᠲᠠ᠎ᠶ᠋ᠢᠨ ᠱᠢᠨ᠎ᠡ ᠬᠠᠭᠤᠳᠠᠰᠤ᠎ᠶ᠋ᠢ ᠪᠢᠴᠢᠭ᠌ᠯᠡᠬᠦ᠌ ᠬᠡᠷᠡᠭ᠌ᠲᠡᠢ ᠭᠡᠪᠡ᠃

ᠯᠢ ᠰᠢ᠂ ᠡᠨᠡ ᠵᠢᠯ ᠪᠣᠯ ᠶᠡᠷᠦᠩᠬᠡᠢ ᠱᠦᠵᠢ ᠰᠢ ᠵᠢᠨ ᠫᠢᠩ᠎ᠦᠨ 《ᠲᠣᠭ᠍ᠲᠠᠴᠠ ᠠᠮᠢᠳᠤᠯᠢᠭ᠂ ᠠᠵᠤ ᠦᠢᠯᠡᠰ ᠱᠢᠯᠢᠳᠡᠭ᠂ ᠠᠷᠠᠳ ᠲᠦᠮᠡᠨ ᠪᠠᠶᠠᠨ᠂ ᠠᠮᠢ ᠠᠬᠤᠢ ᠦᠵᠡᠰᠭᠦᠯᠡᠩᠲᠦ ᠰᠠᠢᠬᠠᠨ》 ᠱᠢᠨ᠎ᠡ ᠹᠦᠵᠢᠶᠠᠨ᠎ᠤ ᠠᠤᠭ᠎ᠠ ᠳᠦᠰᠦᠪ᠎ᠢ ᠵᠢᠷᠤᠭ᠍ᠯᠠᠭ᠍ᠰᠠᠨ 10 ᠵᠢᠯ᠎ᠦᠨ ᠤᠢ ᠪᠣᠯᠤᠨ᠎ᠠ᠃ ᠹᠦᠵᠢᠶᠠᠨ ᠮᠤᠵᠢ᠎ᠶ᠋ᠢᠨ ᠬᠢᠨ ᠶᠡᠷᠦᠩᠬᠡᠢ ᠱᠦᠵᠢ ᠰᠢ ᠵᠢᠨ ᠫᠢᠩ ᠪᠣᠯᠤᠨ ᠨᠠᠮ᠎ᠤᠨ ᠲᠥᠪ ᠬᠣᠷᠢᠶ᠎ᠠ ᠵᠢᠨ ᠳᠠᠭᠠᠭᠠᠯᠭᠠᠭ᠍ᠰᠠᠨ ᠴᠢᠬᠤᠯᠠ ᠡᠭᠦᠷᠭᠡ ᠬᠠᠷᠢᠭᠤᠴᠠᠯᠭ᠎ᠠ᠎ᠶ᠋ᠢ ᠰᠠᠢᠲᠤᠷ ᠡᠭᠦᠷᠭᠡᠯᠡᠵᠦ᠍᠂ ᠴᠢᠬᠤᠯᠠ ᠶᠡᠬᠡ ᠬᠥᠭ᠌ᠵᠢᠯᠲᠡ᠎ᠶ᠋ᠢᠨ ᠠᠵᠠ ᠲᠣᠬᠢᠶᠠᠯ᠎ᠢ ᠡᠵᠡᠮᠳᠡᠵᠦ᠍᠂ 《ᠲᠦᠷᠪᠡᠨ ᠨᠡᠩ ᠶᠡᠬᠡ》 ᠴᠢᠬᠤᠯᠠ ᠱᠠᠭᠠᠷᠳᠠᠯᠭ᠎ᠠ᠎ᠶ᠋ᠢ ᠨᠠᠷᠢᠨ ᠬᠢᠨᠠᠮᠠᠭᠠᠢ ᠨᠠᠢᠳᠠᠪᠤᠷᠢᠵᠢᠭᠤᠯᠵᠤ᠂ ᠨᠠᠮ ᠪᠣᠯᠤᠨ ᠤᠯᠤᠰ᠎ᠤᠨ ᠬᠥᠭ᠌ᠵᠢᠯᠲᠡ᠎ᠶ᠋ᠢᠨ ᠶᠡᠬᠡ ᠲᠠᠯ᠎ᠠ᠎ᠳᠤ ᠨᠡᠩ ᠰᠠᠨᠠᠭᠠᠴᠢᠯᠠᠭ᠎ᠠ᠎ᠠᠴᠠ᠎ᠪᠠᠨ ᠠᠭᠤᠰᠤᠯᠴᠠᠵᠤ᠂ ᠨᠡᠢᠭᠡᠮ ᠵᠢᠷᠤᠮᠳᠤ ᠣᠳᠣᠬᠢᠴᠢᠯᠠᠭ᠍ᠰᠠᠨ ᠤᠯᠤᠰ᠎ᠢ ᠪᠦᠬᠦ᠌ ᠲᠠᠯ᠎ᠠ᠎ᠪᠠᠷ ᠪᠦᠳᠦᠭᠡᠨ ᠪᠠᠢᠭᠤᠯᠬᠤ ᠹᠦᠵᠢᠶᠠᠨ᠎ᠤ ᠬᠠᠭᠤᠳᠠᠰᠤ᠎ᠶ᠋ᠢ ᠴᠢᠷᠮᠠᠢᠨ ᠪᠢᠴᠢᠭ᠌ᠯᠡᠬᠦ ᠬᠡᠷᠡᠭᠳᠡᠢ᠃ ᠲᠠᠢᠸᠠᠨ ᠬᠣᠭᠣᠯᠠᠢ᠎ᠶ᠋ᠢᠨ ᠬᠣᠶᠠᠷ ᠬᠥᠪᠡᠭᠡᠨ᠎ᠦ ᠠᠭᠤᠰᠤᠯᠴᠠᠨ ᠬᠥᠭ᠌ᠵᠢᠬᠦ᠌ ᠱᠢᠨ᠎ᠡ ᠵᠠᠮ᠎ᠢ ᠬᠠᠢᠨ ᠰᠦᠪᠡᠭ᠌ᠴᠢᠯᠡᠬᠦ᠌᠎ᠶ᠋ᠢ ᠪᠠᠷᠢᠮᠲᠠᠯᠠᠵᠤ᠂ ᠲᠠᠢᠸᠠᠨ ᠬᠣᠭᠣᠯᠠᠢ᠎ᠶ᠋ᠢᠨ ᠬᠣᠶᠠᠷ ᠬᠥᠪᠡᠭᠡᠨ᠎ᠦ ᠠᠭᠤᠰᠤᠯᠴᠠᠨ ᠬᠥᠭ᠌ᠵᠢᠬᠦ᠌ ᠵᠢᠱ᠌ᠢᠶ᠎ᠡ ᠦᠵᠡᠭᠦᠯᠬᠦ᠌ ᠣᠷᠣᠨ᠎ᠢ ᠰᠠᠢᠲᠤᠷ ᠪᠦᠲᠦᠭᠡᠨ ᠪᠠᠢᠭᠤᠯᠵᠤ᠂ ᠴᠢᠨᠠᠷ ᠰᠠᠢᠲᠠᠢ ᠠᠮᠢᠳᠤᠷᠠᠯ᠎ᠢ ᠬᠦᠴᠦᠯᠡᠨ ᠡᠭᠦᠳᠴᠦ᠍᠂ ᠴᠢᠨᠠᠷ ᠰᠠᠢᠲᠠᠢ ᠬᠥᠭ᠌ᠵᠢᠯᠲᠡ᠎ᠶ᠋ᠢᠨ ᠪᠣᠬᠢᠷᠲᠤᠯ ᠦᠭᠡᠢ ᠰᠠᠭᠤᠷᠢ ᠦᠩᠭᠡ᠎ᠶ᠋ᠢ ᠬᠢᠯᠡᠯᠵᠠᠭᠤᠯᠵᠥ᠂ ᠹᠦᠵᠢᠶᠠᠨ᠎ᠤ ᠬᠤᠪᠢᠰᠭᠠᠯ᠎ᠤᠨ ᠡᠬᠢ ᠪᠠᠶᠠᠯᠢᠭ᠎ᠢ ᠰᠠᠢᠲᠤᠷ ᠠᠱᠢᠭ᠍ᠯᠠᠵᠤ᠂ 《ᠵᠣᠷᠢᠭ᠍ᠲᠠᠢ᠎ᠪᠠᠷ ᠲᠦᠷᠦᠭᠦᠯᠡᠨ ᠬᠢᠵᠥ᠂ ᠴᠢᠷᠮᠠᠢᠨ ᠲᠡᠮᠡᠴᠡᠵᠥ ᠠᠮᠵᠢᠯᠳᠠ ᠤᠯᠬᠤ》 ᠵᠣᠷᠢᠭ ᠰᠠᠨᠠᠭ᠎ᠠ᠎ᠶ᠋ᠢ ᠪᠠᠷᠢᠮᠲᠠᠯᠠᠵᠤ᠂ ᠠᠴᠢ ᠡᠨᠡᠷᠢᠯ᠎ᠳᠦ ᠲᠠᠯᠠᠷᠬᠠᠨ ᠡᠷᠡᠯᠬᠡᠭᠯᠡᠨ ᠳᠡᠮᠡᠴᠡᠵᠥ᠂ ᠡᠷᠡᠮᠡᠬᠡᠢᠯᠡᠨ ᠤᠷᠤᠭ᠍ᠰᠢᠯᠠᠵᠤ᠂ ᠹᠦᠵᠢᠶᠠᠨ᠎ᠤ ᠬᠥᠭ᠌ᠵᠢᠯᠲᠡ᠎ᠶ᠋ᠢᠨ ᠲᠠᠬᠢᠨ ᠱᠢᠨ᠎ᠡ ᠠᠮᠵᠢᠯᠲᠠ ᠪᠦᠲᠦᠮᠵᠢ ᠤᠯᠬᠤ᠎ᠶ᠋ᠢ ᠠᠬᠢᠭᠤᠯᠬᠤ ᠵᠢ ᠬᠦᠰᠡᠵᠥ ᠪᠠᠢᠨ᠎ᠠ ᠬᠡᠵᠥ ᠵᠢᠭᠠᠵᠥ ᠭᠠᠷᠭᠠᠪᠠ᠃

ᠯᠢ ᠰᠢ᠂ ᠰᠠᠬᠢᠯᠭ᠎ᠠ ᠪᠠᠲᠤ ᠪᠠᠢᠴᠠᠭᠠᠬᠤ ᠬᠢᠨᠠᠨ ᠪᠠᠢᠴᠠᠭᠠᠬᠤ ᠪᠠᠢᠭᠤᠯᠭ᠎ᠠ᠎ᠶ᠋ᠢᠨ᠎ᠬᠢᠨ ᠶᠡᠷᠦᠩᠬᠡᠶ ᠱᠦᠵᠢ ᠰᠢ ᠵᠢᠨ ᠫᠢᠩ᠎ᠦᠨ ᠨᠠᠮ᠎ᠤᠨ ᠥᠪᠡᠷ᠎ᠦᠨ ᠪᠡᠶ᠎ᠡ᠎ᠳᠡᠭᠡᠨ ᠬᠤᠪᠢᠰᠭᠠᠯ ᠬᠢᠬᠦ᠌ ᠲᠤᠬᠠᠶ ᠴᠢᠬᠤᠯᠠ ᠦᠵᠡᠯ ᠰᠠᠨᠠᠭ᠎ᠠ᠎ᠶ᠋ᠢ ᠭᠦᠨᠵᠡᠭᠡᠶ ᠰᠤᠷᠤᠯᠴᠠᠨ ᠲᠤᠭᠤᠱᠢᠯᠠᠭᠤᠯᠵᠤ᠂ ᠨᠠᠮ᠎ᠤᠨ ᠲᠦᠷᠢᠮ ᠪᠣᠯᠤᠨ ᠦᠨᠳᠦᠰᠦᠨ ᠬᠠᠤᠯᠢ᠎ᠠᠴᠠ ᠣᠯᠭᠣᠭ᠍ᠰᠠᠨ ᠡᠭᠦᠷᠭᠡ ᠬᠠᠷᠢᠭᠤᠴᠠᠯᠭ᠎ᠠ᠎ᠪᠠᠨ ᠦᠨᠡᠨᠴᠢ᠎ᠪᠡᠷ ᠭᠦᠶ᠋ᠴᠡᠳᠭᠡᠵᠦ᠍᠂ ᠱᠢᠨ᠎ᠡ ᠠᠶᠠᠨ ᠤ᠋ ᠰᠠᠬᠢᠯᠭ᠎ᠠ ᠪᠠᠲᠤ ᠪᠠᠢᠴᠠᠭᠠᠬᠤ ᠬᠢᠨᠠᠨ ᠪᠠᠢᠴᠠᠭᠠᠬᠤ ᠠᠵᠢᠯ᠎ᠤᠨ ᠴᠢᠨᠠᠷ ᠰᠠᠢᠲᠠᠶ ᠬᠥᠭ᠌ᠵᠢᠯᠲᠡ᠎ᠶ᠋ᠢ ᠭᠦᠨᠵᠡᠭᠡᠶ ᠠᠬᠢᠭᠤᠯᠬᠤ ᠬᠡᠷᠡᠭ᠌ᠲᠡᠶ᠃ ᠤᠯᠤᠰ ᠲᠦᠷᠦ᠍᠎ᠶ᠋ᠢᠨ ᠬᠢᠨᠠᠯᠲᠠ᠎ᠶ᠋ᠢ ᠴᠢᠩᠭᠠᠳᠭᠠᠵᠤ᠂ ᠶᠡᠷᠦᠩᠬᠡᠢ ᠱᠦᠵᠢ ᠰᠢ ᠵᠢᠨ ᠫᠢᠩ ᠪᠣᠯᠤᠨ ᠨᠠᠮ᠎ᠤᠨ ᠲᠥᠪ ᠬᠣᠷᠢᠶ᠎ᠠ ᠵᠢᠨ ᠴᠢᠬᠤᠯᠠ ᠶᠡᠬᠡ ᠱᠢᠢᠳᠪᠦᠷᠢᠲᠦ ᠪᠤᠳᠤᠯᠭ᠎ᠠ ᠪᠠᠢᠷᠢᠯᠠᠭᠤᠯᠤᠯᠲᠠ᠎ᠶ᠋ᠢ ᠲᠡᠷᠡ ᠶᠣᠰᠣᠭᠠᠷ ᠨᠢ ᠲᠤᠭᠤᠱᠢᠯᠠᠭᠤᠯᠤᠨ ᠨᠠᠢᠳᠠᠪᠤᠷᠢᠵᠢᠭᠤᠯᠬᠤ᠎ᠶ᠋ᠢ ᠦᠨᠡᠨ ᠬᠦ᠌ ᠪᠠᠲᠤᠯᠠᠬᠤ ᠬᠡᠷᠡᠭ᠌ᠲᠡᠢ; ᠰᠤᠷᠲᠠᠯ᠎ᠢ ᠴᠡᠭ᠌ᠴᠡᠯᠡᠨ ᠰᠠᠬᠢᠯᠭ᠎ᠠ ᠪᠠᠲᠤ᠎ᠶ᠋ᠢ ᠴᠢᠩᠳᠠᠯᠠᠬᠤ᠎ᠶ᠋ᠢ ᠴᠥᠬᠥᠷᠡᠰᠢ ᠦᠭᠡᠢ ᠪᠠᠷᠢᠮᠲᠠᠯᠠᠵᠤ᠂ ᠡᠮᠬᠢ ᠳᠢᠭ᠌ᠯᠢᠮ᠎ᠲᠡᠶ ᠪᠥᠭᠡᠳ ᠠᠮᠢᠵᠢᠷᠠᠯ᠎ᠤᠨ ᠬᠦᠴᠦᠨ᠎ᠲᠡᠶ ᠰᠠᠢ᠌ᠨ ᠰᠠᠢᠬᠠᠨ ᠣᠷᠴᠢᠨ ᠨᠦᠬᠦᠴᠡᠯ᠎ᠢ ᠪᠤᠢ ᠪᠣᠯᠭᠠᠬᠤ᠎ᠶ᠋ᠢ ᠠᠬᠢᠭᠤᠯᠬᠤ ᠬᠡᠷᠡᠭ᠌ᠲᠡᠢ; ᠢᠯᠵᠠᠷᠠᠬᠤ᠎ᠠᠴᠠ ᠵᠢᠷᠦᠬᠡᠱᠢᠶᠡᠬᠦ᠌᠂ ᠢᠯᠵᠠᠷᠠᠵᠤ ᠪᠣᠯᠬᠤ ᠥᠬᠡᠶ᠂ ᠢᠯᠵᠠᠷᠠᠬᠤ᠎ᠶ᠋ᠢ ᠪᠤᠳᠤᠬᠤ ᠥᠬᠡᠶ ᠪᠠᠢᠬᠤ᠎ᠶ᠋ᠢ ᠨᠢᠭᠡ ᠴᠣᠭ᠍ᠴᠠᠵᠢᠭᠤᠯᠤᠨ ᠠᠬᠢᠭᠤᠯᠵᠤ᠂ ᠢᠯᠵᠠᠷᠠᠯ᠎ᠤᠨ ᠪᠣᠶ ᠪᠣᠯᠬᠤ ᠬᠥᠷᠥᠰᠥ᠍ ᠱᠢᠷᠣᠶ ᠪᠠ ᠨᠥᠬᠥᠴᠡᠯ᠎ᠢ ᠲᠠᠰᠤᠷᠠᠯᠲᠠ ᠥᠬᠡᠶ ᠠᠷᠢᠯᠭᠠᠬᠤ ᠬᠡᠷᠡᠭ᠌ᠲᠡᠶ; ᠣᠯᠠᠨ ᠲᠦᠮᠡᠨ᠎ᠦ ᠳᠡᠷᠭᠡᠳᠡᠬᠢ 《ᠵᠢᠵᠢᠭ ᠵᠢᠡᠷ ᠱᠠᠮᠰᠢᠵᠥ ᠪᠠᠭ᠎ᠠ ᠪᠡᠷ ᠢᠯᠵᠡᠷᠡᠬᠤ》᠎ᠶ᠋ᠢ ᠬᠦᠴᠦᠯᠡᠨ ᠵᠠᠯᠬᠠᠭᠠᠨ ᠱᠢᠢᠳᠭᠡᠵᠦ᠍᠂ ᠣᠯᠠᠨ ᠲᠦᠮᠡᠨ᠎ᠦ ᠲᠤᠰᠭᠠᠯ ᠴᠢᠩᠭ᠎ᠠ ᠪᠠᠢᠭ᠎ᠠ ᠲᠣᠪᠣᠢᠮ᠎ᠠ ᠠᠰᠠᠭᠤᠳᠠᠯ᠎ᠢ ᠱᠢᠢᠳᠪᠦᠷᠢᠯᠡᠨ᠂ ᠠᠷᠠᠳ᠎ᠤᠨ ᠠᠮᠢᠳᠤᠷᠠᠯ᠎ᠤᠨ ᠪᠤᠶᠠᠨ ᠵᠢᠷᠭᠠᠯ᠎ᠢ ᠨᠡᠮᠡᠭ᠌ᠳᠡᠭᠦᠯᠬᠦ᠌᠎ᠶ᠋ᠢ ᠠᠬᠢᠭᠤᠯᠵᠤ᠂ ᠳᠤᠮᠳᠠᠳᠤ ᠤᠯᠤᠰ ᠤ᠋ᠨ ᠮᠠᠶᠢᠭ᠎ᠤᠨ ᠣᠳᠣᠬᠢᠴᠢᠯᠠᠯᠲᠠ᠎ᠪᠠᠷ ᠤᠯᠤᠰ ᠵᠢᠡᠨ ᠬᠦᠴᠦᠷᠬᠡᠭᠵᠢᠬᠦᠯᠬᠦ ᠪᠦᠲᠦᠭᠡᠨ ᠪᠠᠢᠭᠤᠯᠤᠯᠲᠠ᠂ ᠦᠨᠳᠦᠰᠦᠲᠡᠨ᠎ᠦ ᠰᠡᠷᠭᠦᠨ ᠮᠠᠨᠳᠤᠯᠲᠠ᠎ᠶ᠋ᠢᠨ ᠠᠭᠤᠤ ᠦᠢᠯᠡᠰ᠎ᠢ ᠪᠦᠬᠦ᠌ ᠲᠠᠯ᠎ᠠ᠎ᠪᠠᠷ ᠠᠬᠢᠭᠤᠯᠬᠤ᠎ᠳᠤ ᠪᠠᠲᠤ ᠴᠢᠩᠭ᠎ᠠ ᠪᠠᠲᠤᠯᠠᠭ᠎ᠠ ᠬᠠᠩᠭᠠᠬᠤ ᠬᠡᠷᠡᠭᠳᠡᠢ ᠬᠡᠵᠥ ᠴᠢᠬᠤᠯᠠᠴᠢᠯᠠᠪᠠ᠃

(ᠱᠢᠨᠬᠤᠸᠠ ᠬᠣᠷᠢᠶ᠎ᠠ ᠵᠢᠨ ᠪᠡᠭᠡᠵᠢᠩ᠎ᠦᠨ 3 ᠰᠠᠷ᠎ᠠ᠎ᠶ᠋ᠢᠨ 5 ᠤ᠋ ᠴᠠᠬᠢᠯᠭᠠᠨ ᠮᠡᠳᠡᠭᠡ)

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠬᠦᠰᠡᠯᠡᠩ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面