2024-03-06 09:34:37
ᠰᠢ ᠵᠢᠨ ᠫᠢᠩ ᠸᠠᠩ ᠬ᠍ᠤ ᠨᠢᠩ ᠼᠠᠢ ᠴᠢ ᠳ᠋ᠢᠩ ᠱᠢᠤᠸᠠᠢ ᠱᠢᠶᠠᠩ ᠯᠢ ᠰᠢ ᠬᠠᠨ ᠵᠧᠩ᠎ᠨᠡᠷ ᠲᠡᠷᠢᠭᠦᠯᠡᠭ᠌ᠴᠢᠳ ᠤ᠋ᠨ ᠲᠠᠢᠰᠠᠨ᠎ᠳᠤ ᠰᠠᠭᠠᠲᠠᠵᠠᠢ
ᠯᠢ ᠴᠢᠶᠠᠩ ᠵᠠᠰᠠᠭ᠎ᠤᠨ ᠣᠷᠳᠣᠨ᠎ᠤ ᠠᠵᠢᠯ᠎ᠤᠨ ᠢᠯᠡᠳᠭᠡᠯ ᠬᠢᠪᠡ
ᠵᠣᠣ ᠯᠸ ᠵᠢᠶ ᠬᠤᠷᠠᠯ᠎ᠢ ᠡᠷᠭᠢᠯᠡᠪᠡ
ᠲᠦᠷᠦ᠍᠎ᠶ᠋ᠢᠨ ᠶᠠᠪᠤᠳᠠᠯ᠎ᠤᠨ ᠬᠣᠷᠢᠶ᠎ᠠ ᠵᠢᠨ ᠵᠣᠬᠢᠶᠠᠨ ᠪᠠᠢᠭᠤᠯᠬᠤ ᠬᠠᠤᠯᠢ᠎ᠳᠤ
ᠵᠠᠰᠠᠪᠤᠷᠢ ᠣᠷᠣᠭᠤᠯᠬᠤ ᠲᠥᠰᠦᠯ᠎ᠦᠨ ᠲᠤᠬᠠᠢ ᠲᠣᠳᠣᠷᠬᠠᠢᠯᠠᠯᠲᠠ ᠵᠡᠷᠭᠡ᠎ᠶ᠋ᠢ ᠰᠣᠨᠣᠰᠪᠠ
ᠠᠷᠪᠠᠨ ᠳᠥᠷᠪᠡᠳᠦᠭᠡᠷ ᠬᠤᠭᠤᠴᠠᠭᠠᠨ᠎ᠤ ᠪᠥᠬᠥ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠬᠣᠶᠠᠳᠤᠭᠠᠷ ᠬᠤᠷᠠᠯ 5 ᠤ᠋ ᠦᠳᠡ᠎ᠶ᠋ᠢᠨ ᠡᠮᠦᠨ᠎ᠡ ᠪᠡᠭᠡᠵᠢᠩ᠎ᠦᠨ ᠠᠷᠠᠳ᠎ᠤᠨ ᠶᠡᠬᠡ ᠬᠤᠷᠠᠯ᠎ᠤᠨ ᠲᠠᠩᠬᠢᠮ᠎ᠳᠤ ᠡᠬᠢᠯᠡᠪᠡ᠃ 3000 ᠱᠢᠬᠠᠮ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠥᠯᠥᠭᠡᠯᠡᠭ᠌ᠴᠢ ᠠᠷᠠᠳ ᠲᠦᠮᠡᠨ᠎ᠦ ᠬᠦᠨᠳᠦ ᠨᠠᠢᠳᠠᠯᠭ᠎ᠠ᠎ᠶ᠋ᠢ ᠡᠭᠦᠷᠭᠡᠯᠡᠨ ᠦᠪᠡᠳᠡᠭᠰᠢ ᠬᠤᠷᠠᠯ᠎ᠳᠤ ᠣᠷᠣᠯᠴᠠᠵᠤ ᠂ ᠦᠨᠳᠦᠰᠦᠨ ᠬᠠᠤᠯᠢ ᠪᠠ ᠬᠠᠤᠯᠢ ᠴᠠᠭᠠᠵᠠ᠎ᠠᠴᠠ ᠣᠯᠭᠣᠭ᠍ᠰᠠᠨ ᠲᠠᠷᠬᠠᠨ ᠡᠭᠦᠷᠭᠡ ᠬᠠᠷᠢᠭᠤᠴᠠᠯᠭ᠎ᠠ᠎ᠪᠠᠨ ᠭᠦᠢᠴᠡᠳᠭᠡᠨ᠎ᠡ᠃
ᠠᠷᠠᠳ᠎ᠤᠨ ᠶᠡᠬᠡ ᠬᠤᠷᠠᠯ᠎ᠤᠨ ᠲᠠᠩᠬᠢᠮ᠎ᠤᠨ ᠶᠡᠬᠡ ᠶᠣᠰᠣᠯᠠᠯ᠎ᠤᠨ ᠲᠠᠩᠬᠢᠮ᠎ᠳᠤ ᠳᠦᠪ ᠬᠢᠴᠢᠶᠡᠩᠬᠦᠢ ᠪᠥᠭᠡᠳ ᠬᠥᠷ ᠬᠥᠭ᠌ᠵᠢᠶᠡᠨᠳᠡᠢ ᠠᠭᠤᠷ ᠠᠮᠢᠰᠬᠤᠯ ᠵᠢᠡᠷ ᠪᠢᠯᠬᠠᠵᠥ᠂ ᠲᠡᠷᠢᠭᠦᠯᠡᠭ᠌ᠴᠢᠳ᠎ᠦᠨ ᠲᠠᠢᠰᠠᠨ᠎ᠤ ᠬᠥᠱᠢᠭᠡ᠎ᠶ᠋ᠢᠨ ᠭᠤᠤᠯ ᠳᠤᠮᠳᠠ ᠡᠯᠬᠦᠭᠰᠡᠨ ᠤᠯᠤᠰ᠎ᠤᠨ ᠰᠦᠯᠳᠡ ᠬᠤᠷᠴᠠ ᠤᠯᠠᠭᠠᠨ ᠲᠣᠭ ᠯᠤᠭ᠎ᠠ ᠦᠩᠬᠡ ᠢᠯᠭᠠᠷᠠᠨ ᠬᠡᠷᠡᠯ ᠰᠠᠴᠤᠷᠠᠨ ᠬᠠᠷᠠᠬᠳᠠᠨ᠎ᠠ᠃
ᠶᠡᠬᠡ ᠬᠤᠷᠠᠯ᠎ᠤᠨ ᠲᠡᠷᠢᠭᠦᠯᠡᠭ᠌ᠴᠢᠳ᠎ᠦᠨ ᠪᠦᠯᠬᠦᠮ᠎ᠦᠨ ᠪᠠᠢᠩᠭᠤ᠎ᠶ᠋ᠢᠨ ᠲᠡᠷᠢᠭᠦᠯᠡᠭ᠌ᠴᠢ ᠂ ᠭᠦᠢᠴᠡᠳᠭᠡᠭ᠌ᠴᠢ ᠲᠡᠷᠢᠭᠦᠯᠡᠭ᠌ᠴᠢ ᠵᠤᠤ ᠯᠸ ᠵᠶ᠋ᠢ ᠶᠡᠬᠡ ᠬᠤᠷᠠᠯ᠎ᠢ ᠡᠷᠬᠢᠯᠡᠪᠡ᠃ ᠶᠡᠬᠡ ᠬᠤᠷᠠᠯ᠎ᠤᠨ ᠲᠡᠷᠢᠭᠦᠯᠡᠭ᠌ᠴᠢᠳ᠎ᠦᠨ ᠪᠦᠯᠬᠦᠮ᠎ᠦᠨ ᠪᠠᠢᠩᠭᠤ᠎ᠶ᠋ᠢᠨ ᠲᠡᠷᠢᠭᠦᠯᠡᠭ᠌ᠴᠢ ᠂ ᠭᠦᠢᠴᠡᠳᠭᠡᠭ᠌ᠴᠢ ᠲᠡᠷᠢᠭᠦᠯᠡᠭ᠌ᠴᠢ ᠯᠢ ᠬᠣᠩ ᠵᠦᠩ᠂ ᠸᠠᠩ ᠳ᠋ᠦᠩ ᠮᠢᠩ᠂ ᠱᠢᠶᠤᠤ ᠵᠢᠶ᠍ᠸ᠂ ᠵᠧᠩ ᠵᠢᠶᠠᠨ ᠪᠠᠩ᠂ ᠳ᠋ᠢᠩ ᠵᠦᠩ ᠯᠢ᠂ ᠬᠤᠤ ᠮᠢᠩ ᠵᠢᠨ᠂ ᠼᠠᠢ ᠳ᠋ᠠ ᠹᠸᠩ᠂ ᠾᠧ ᠸᠧᠢ᠂ ᠡᠤ ᠸᠧᠢ ᠬᠤᠸᠠ᠂ ᠲᠢᠶ᠍ᠸ ᠨᠢᠩ᠂ ᠫᠸᠩ ᠴᠢᠩ ᠬᠤᠸᠠ᠂ ᠵᠠᠩ ᠴᠢᠩ ᠸᠧᠢ᠂ ᠯᠤᠪᠰᠠᠩᠵᠠᠯᠰᠠᠨ᠂ ᠱᠢᠤᠸᠠᠢᠺᠸᠯᠠᠢᠲ᠋ᠢ·ᠵᠠᠺᠸᠯ᠂ ᠯᠢᠦ ᠴᠢ ᠲᠡᠷᠢᠭᠦᠯᠡᠭ᠌ᠴᠢᠳ᠎ᠦᠨ ᠲᠠᠢᠰᠠᠨ᠎ᠤ ᠭᠦᠢᠴᠡᠳᠭᠡᠭ᠌ᠴᠢ ᠲᠡᠷᠢᠭᠦᠯᠡᠭ᠌ᠴᠢ᠎ᠶ᠋ᠢᠨ ᠰᠠᠭᠤᠳᠠᠯ᠎ᠳᠤ ᠰᠠᠭᠠᠲᠠᠪᠠ᠃
ᠰᠢ ᠵᠢᠨ ᠫᠢᠩ᠂ ᠯᠢ ᠴᠢᠶᠠᠩ᠂ ᠸᠠᠩ ᠬ᠍ᠤ ᠨᠢᠩ᠂ ᠼᠠᠢ ᠴᠢ᠂ ᠳ᠋ᠢᠩ ᠱᠢᠤᠸᠠᠢ ᠱᠢᠶᠠᠩ᠂ ᠯᠢ ᠰᠢ᠂ ᠬᠠᠨ ᠵᠧᠩ ᠪᠣᠯᠤᠨ ᠶᠡᠬᠡ ᠬᠤᠷᠠᠯ᠎ᠤᠨ ᠲᠡᠷᠢᠭᠦᠯᠡᠭ᠌ᠴᠢᠳ᠎ᠦᠨ ᠪᠦᠯᠬᠦᠮ᠎ᠦᠨ ᠪᠦᠷᠢᠯᠳᠦᠬᠦᠨ ᠲᠡᠷᠢᠭᠦᠯᠡᠭ᠌ᠴᠢᠳ᠎ᠦᠨ ᠲᠠᠢᠰᠠᠨ᠎ᠳᠤ ᠰᠠᠭᠠᠲᠠᠵᠠᠢ᠃

3 ᠰᠠᠷ᠎ᠠ᠎ᠶᠢᠨ 5᠎ᠤ᠋ ᠡᠳᠦᠷ᠂ ᠠᠷᠪᠠᠨ ᠳᠥᠷᠪᠡᠳᠦᠭᠡᠷ ᠬᠤᠭᠤᠴᠠᠭᠠᠨ᠎ᠤ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠬᠣᠶᠠᠳᠤᠭᠠᠷ ᠬᠤᠷᠠᠯ ᠪᠡᠭᠡᠵᠢᠩ ᠳ᠋ᠡᠬᠢ ᠠᠷᠠᠳ᠎ᠤᠨ ᠶᠡᠬᠡ ᠬᠤᠷᠠᠯ᠎ᠤᠨ ᠲᠠᠩᠬᠢᠮ᠎ᠳᠤ ᠡᠬᠢᠯᠡᠪᠡ᠃ ᠨᠠᠮ ᠪᠠ ᠲᠦᠷᠦ᠎ᠶᠢᠨ ᠤᠳᠤᠷᠢᠳᠤᠯᠭ᠎ᠠ ᠰᠢ ᠵᠢᠨ ᠫᠢᠩ᠂ ᠯᠢ ᠴᠢᠶᠠᠩ᠂ ᠸᠠᠩ ᠬ᠍ᠤ ᠨᠢᠩ᠂ ᠼᠠᠢ ᠴᠢ᠂ ᠳ᠋ᠢᠩ ᠱᠢᠤᠸᠠᠢ ᠱᠢᠶᠠᠩ᠂ ᠯᠢ ᠰᠢ᠂ ᠬᠠᠨ ᠵᠧᠩ ᠨᠠᠷ ᠬᠤᠷᠠᠯ᠎ᠳᠦ ᠤᠷᠤᠯᠴᠠᠵᠠᠢ᠃
ᠰᠢᠨᠬᠤᠸᠠ ᠬᠤᠷᠢᠶ᠎ᠠ᠎ᠶᠢᠨ ᠰᠤᠷᠪᠤᠯᠵᠢᠯᠠᠭᠴᠢ ᠯᠢ ᠰᠢᠤᠸᠠᠢ ᠷᠸᠨ ᠰᠡᠭᠦᠳᠡᠷᠯᠡᠪᠡ
ᠠᠷᠪᠠᠨ ᠳᠥᠷᠪᠡᠳᠦᠭᠡᠷ ᠬᠤᠭᠤᠴᠠᠭᠠᠨ᠎ᠤ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠬᠣᠶᠠᠳᠤᠭᠠᠷ ᠬᠤᠷᠠᠯ᠎ᠳᠤ 2956 ᠬᠦᠮᠦᠨ ᠤᠷᠤᠯᠴᠠᠬᠤ ᠶᠤᠰᠤᠳᠠᠢ᠃ 5 ᠤ᠋ ᠦᠳᠡ᠎ᠶ᠋ᠢᠨ ᠡᠮᠦᠨᠡᠬᠢ ᠬᠤᠷᠠᠯ᠎ᠳᠤ 2872 ᠬᠥᠮᠦᠨ ᠣᠷᠣᠯᠴᠠᠵᠤ ᠂ 84 ᠬᠥᠮᠦᠨ ᠣᠷᠣᠯᠴᠠᠭ᠍ᠰᠠᠨ ᠦᠭᠡᠢ᠂ ᠣᠷᠣᠯᠴᠠᠭ᠍ᠰᠠᠨ ᠬᠥᠮᠦᠨ᠎ᠦ ᠲᠣᠭ᠎ᠠ ᠬᠠᠤᠯᠢ᠎ᠳᠤ ᠲᠣᠭ᠍ᠲᠠᠭᠠᠭ᠍ᠰᠠᠨ ᠬᠥᠮᠦᠨ᠎ᠦ ᠲᠣᠭ᠎ᠠ᠎ᠳᠤ ᠨᠡᠢᠴᠡᠨ᠎ᠡ᠃
ᠦᠳᠡ᠎ᠶ᠋ᠢᠨ ᠡᠮᠦᠨᠡᠬᠢ 9 ᠴᠠᠭ᠎ᠲᠤ᠂ ᠵᠣᠣ ᠯᠧ ᠵᠢᠶ᠄ ᠪᠥᠬᠥᠳᠡ ᠨᠠᠢᠷᠠᠮᠳᠠᠬᠤ ᠳᠤᠮᠳᠠᠳᠤ ᠠᠷᠠᠳ ᠤᠯᠤᠰ᠎ᠤᠨ ᠠᠷᠪᠠᠨ ᠳᠥᠷᠪᠡᠳᠦᠭᠡᠷ ᠬᠤᠭᠤᠴᠠᠭᠠᠨ᠎ᠤ ᠪᠥᠬᠥ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠬᠣᠶᠠᠳᠤᠭᠠᠷ ᠬᠤᠷᠠᠯ ᠡᠬᠢᠯᠡᠯ᠎ᠡ ᠬᠡᠵᠥ ᠨᠡᠢᠳᠡᠯᠡᠪᠡ᠃ ᠪᠦᠭᠦᠳᠡᠭᠡᠷ᠎ᠢᠶᠡᠨ ᠪᠣᠰᠴᠤ᠌ ᠵᠣᠭ᠍ᠰᠣᠨ᠂ ᠤᠯᠤᠰ᠎ᠤᠨ ᠰᠦᠯᠳᠡ ᠳᠠᠭᠤᠤ᠎ᠶ᠋ᠢ ᠬᠠᠩᠬᠢᠨᠠᠳᠠᠯ᠎ᠠ ᠳᠠᠭᠤᠯᠠᠪᠠ᠃

3 ᠰᠠᠷ᠎ᠠ᠎ᠶᠢᠨ 5᠎ᠤ᠋ ᠡᠳᠦᠷ᠂ ᠠᠷᠪᠠᠨ ᠳᠥᠷᠪᠡᠳᠦᠭᠡᠷ ᠬᠤᠭᠤᠴᠠᠭᠠᠨ᠎ᠤ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠬᠣᠶᠠᠳᠤᠭᠠᠷ ᠬᠤᠷᠠᠯ ᠪᠡᠭᠡᠵᠢᠩ ᠳ᠋ᠡᠬᠢ ᠠᠷᠠᠳ᠎ᠤᠨ ᠶᠡᠬᠡ ᠬᠤᠷᠠᠯ᠎ᠤᠨ ᠲᠠᠩᠬᠢᠮ᠎ᠳᠤ ᠡᠬᠢᠯᠡᠪᠡ᠃ ᠵᠤᠤ ᠯᠸ ᠵᠢᠢ ᠡᠬᠢᠯᠡᠯᠳᠡ᠎ᠶᠢᠨ ᠬᠤᠷᠠᠯ᠎ᠢ ᠡᠷᠬᠢᠯᠡᠵᠡᠢ᠃
ᠰᠢᠨᠬᠤᠸᠠ ᠬᠤᠷᠢᠶ᠎ᠠ᠎ᠶᠢᠨ ᠰᠤᠷᠪᠤᠯᠵᠢᠯᠠᠭᠴᠢ ᠰᠢᠶᠸ ᠬᠤᠸᠠᠨᠤ᠋ᠤᠢ ᠰᠡᠭᠦᠳᠡᠷᠯᠡᠪᠡ
ᠬᠤᠷᠠᠯ᠎ᠤᠨ ᠵᠥᠪᠯᠡᠬᠦ᠌ ᠵᠦᠶ᠋ᠯ᠎ᠢ ᠦᠨᠳᠦᠰᠦᠯᠡᠨ᠂ ᠲᠥᠷᠥ᠎ᠶ᠋ᠢᠨ ᠶᠠᠪᠤᠳᠠᠯ᠎ᠤᠨ ᠬᠣᠷᠢᠶ᠎ᠠ ᠵᠢᠨ ᠶᠡᠷᠦᠩᠬᠡᠶ ᠰᠠᠢᠳ ᠯᠢ ᠴᠢᠶᠠᠩ ᠲᠥᠷᠥ᠎ᠶ᠋ᠢᠨ ᠶᠠᠪᠤᠳᠠᠯ᠎ᠤᠨ ᠬᠣᠷᠢᠶ᠎ᠠ ᠵᠢᠨ ᠡᠮᠦᠨ᠎ᠡ᠎ᠡᠴᠡ ᠶᠡᠬᠡ ᠬᠤᠷᠠᠯ᠎ᠳᠤ ᠵᠠᠰᠠᠭ᠎ᠤᠨ ᠣᠷᠳᠣᠨ᠎ᠤ ᠠᠵᠢᠯ᠎ᠤᠨ ᠢᠯᠡᠳᠭᠡᠯ ᠬᠢᠪᠡ᠃ ᠢᠯᠡᠳᠭᠡᠯ᠎ᠨᠢ ᠭᠤᠷᠪᠠᠨ ᠬᠡᠰᠡᠭ᠎ᠢᠶᠡᠷ ᠪᠦᠷᠢᠯᠳᠦᠵᠡᠶ᠄ ᠨᠢᠭᠡ᠂ 2023 ᠣᠨ᠎ᠤ ᠠᠵᠢᠯ᠎ᠤᠨ ᠡᠷᠭᠢᠴᠡᠭᠦᠯᠦᠯ; ᠬᠣᠶᠠᠷ᠂ 2024 ᠣᠨ᠎ᠤ ᠠᠵᠤ ᠠᠬᠤᠶ ᠨᠡᠢᠭᠡᠮ᠎ᠦᠨ ᠬᠥᠭ᠌ᠵᠢᠯᠲᠡ᠎ᠶ᠋ᠢᠨ ᠶᠡᠷᠦᠩᠬᠡᠶ ᠱᠠᠭᠠᠷᠳᠠᠯᠭ᠎ᠠ ᠪᠠ ᠲᠥᠷᠥ᠎ᠶ᠋ᠢᠨ ᠪᠣᠳᠣᠯᠭ᠎ᠠ᠎ᠶ᠋ᠢᠨ ᠬᠠᠨᠳᠤᠰᠢ; ᠭᠤᠷᠪᠠ᠂ 2024 ᠣᠨ᠎ᠤ ᠵᠠᠰᠠᠭ᠎ᠤᠨ ᠣᠷᠳᠣᠨ᠎ᠤ ᠠᠵᠢᠯ᠎ᠤᠨ ᠡᠭᠦᠷᠭᠡ᠃

3 ᠰᠠᠷ᠎ᠠ᠎ᠶᠢᠨ 5᠎ᠤ᠋ ᠡᠳᠦᠷ᠂ ᠠᠷᠪᠠᠨ ᠳᠥᠷᠪᠡᠳᠦᠭᠡᠷ ᠬᠤᠭᠤᠴᠠᠭᠠᠨ᠎ᠤ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠬᠣᠶᠠᠳᠤᠭᠠᠷ ᠬᠤᠷᠠᠯ ᠪᠡᠭᠡᠵᠢᠩ ᠳ᠋ᠡᠬᠢ ᠠᠷᠠᠳ᠎ᠤᠨ ᠶᠡᠬᠡ ᠬᠤᠷᠠᠯ᠎ᠤᠨ ᠲᠠᠩᠬᠢᠮ᠎ᠳᠤ ᠡᠬᠢᠯᠡᠪᠡ᠃ ᠲᠥᠷᠥ᠎ᠶ᠋ᠢᠨ ᠶᠠᠪᠤᠳᠠᠯ᠎ᠤᠨ ᠬᠣᠷᠢᠶ᠎ᠠ ᠵᠢᠨ ᠶᠡᠷᠦᠩᠬᠡᠶ ᠰᠠᠢᠳ ᠯᠢ ᠴᠢᠶᠠᠩ ᠵᠠᠰᠠᠭ᠎ᠤᠨ ᠣᠷᠳᠣᠨ᠎ᠤ ᠠᠵᠢᠯ᠎ᠤᠨ ᠢᠯᠡᠳᠭᠡᠯ ᠬᠢᠪᠡ᠃
ᠰᠢᠨᠬᠤᠸᠠ ᠬᠤᠷᠢᠶ᠎ᠠ᠎ᠶᠢᠨ ᠰᠤᠷᠪᠤᠯᠵᠢᠯᠠᠭᠴᠢ ᠶᠤᠤᠳᠠ ᠸᠸᠢ ᠰᠡᠭᠦᠳᠡᠷᠯᠡᠪᠡ
ᠯᠢ ᠴᠢᠶᠠᠩ ᠢᠯᠡᠳᠬᠡᠯ᠎ᠳᠡᠭᠡᠨ᠂ ᠥᠩᠭᠡᠷᠡᠭ᠌ᠰᠡᠨ ᠨᠢᠭᠡ ᠵᠢᠯ ᠪᠣᠯ ᠨᠠᠮ᠎ᠤᠨ ᠬᠣᠷᠢᠳᠤᠭᠠᠷ ᠶᠡᠬᠡ ᠬᠤᠷᠠᠯ᠎ᠤᠨ ᠵᠣᠷᠢᠭ ᠰᠠᠨᠠᠭ᠎ᠠ᠎ᠶ᠋ᠢ ᠪᠦᠬᠦ᠌ ᠲᠠᠯ᠎ᠠ᠎ᠪᠠᠷ ᠲᠤᠭᠤᠱᠢᠯᠠᠭᠤᠯᠤᠭᠰᠠᠨ ᠡᠬᠢᠯᠡᠯᠲᠡ᠎ᠶ᠋ᠢᠨ ᠵᠢᠯ ᠮᠥᠨ᠂ ᠲᠤᠰ ᠬᠤᠭᠤᠴᠠᠭᠠᠨ᠎ᠤ ᠵᠠᠰᠠᠭ᠎ᠤᠨ ᠣᠷᠳᠣᠨ᠎ᠤ ᠬᠠᠤᠯᠢ ᠶᠣᠰᠣᠭᠠᠷ ᠲᠤᠱᠢᠶᠠᠯ ᠬᠠᠷᠢᠭᠤᠴᠠᠯᠭ᠎ᠠ᠎ᠪᠠᠨ ᠭᠦᠢᠴᠡᠳᠭᠡᠭᠰᠡᠨ ᠠᠩᠬᠠᠨ᠎ᠤ ᠵᠢᠯ ᠮᠥᠨ᠃ ᠲᠤᠢᠯ᠎ᠤᠨ ᠨᠠᠷᠢᠨ ᠪᠤᠳᠤᠯᠢᠶᠠᠨᠲᠠᠢ ᠳᠡᠯᠡᠬᠡᠢ᠎ᠶ᠋ᠢᠨ ᠣᠷᠴᠢᠨ ᠪᠣᠯᠤᠨ ᠪᠡᠷᠬᠡ ᠬᠠᠲᠠᠭᠤᠵᠢᠯᠲᠠᠢ ᠨᠦᠰᠡᠷ ᠬᠦᠨᠳᠦ ᠥᠭᠡᠷᠡᠴᠢᠯᠡᠯᠲᠡ ᠬᠥᠭ᠌ᠵᠢᠯᠲᠡ ᠲᠣᠭ᠍ᠲᠠᠭᠤᠨ᠎ᠤ ᠡᠭᠦᠷᠭᠡ᠎ᠶ᠋ᠢᠨ ᠡᠮᠦᠨ᠎ᠡ᠂ ᠰᠢ ᠵᠢᠨ ᠫᠢᠩ ᠨᠥᠬᠥᠷ᠎ᠢᠶᠡᠷ ᠭᠣᠣᠯ ᠪᠣᠯᠭᠠᠭ᠍ᠰᠠᠨ ᠨᠠᠮ᠎ᠤᠨ ᠲᠥᠪ ᠬᠣᠷᠢᠶ᠎ᠠ ᠪᠦᠬᠦ᠌ ᠤᠯᠤᠰ᠎ᠤᠨ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠢ ᠪᠦᠯᠬᠦᠮᠳᠡᠭᠦᠯᠦᠨ ᠳᠠᠭᠠᠭᠤᠯᠵᠤ᠂ ᠭᠠᠳᠠᠭᠠᠳᠤ ᠣᠷᠴᠢᠨ᠎ᠤ ᠳᠠᠷᠤᠯᠲᠠ᠎ᠶ᠋ᠢ ᠲᠠᠭᠠᠭᠠᠵᠤ᠂ ᠳᠣᠲᠣᠭᠠᠳᠤ᠎ᠶ᠋ᠢᠨ ᠬᠦᠴᠢᠷ ᠪᠡᠷᠬᠡᠱᠢᠶᠡᠯ᠎ᠢ ᠢᠯᠠᠨ ᠳᠠᠪᠠᠵᠤ᠂ ᠱᠢᠷᠭᠠᠭᠤ ᠬᠠᠲᠠᠭᠤᠵᠢᠯᠲᠠᠢ ᠴᠢᠷᠮᠠᠢᠯᠭ᠎ᠠ ᠭᠠᠷᠭᠠᠵᠤ᠂ ᠱᠢᠨ᠎ᠡ ᠲᠢᠲᠢᠮᠯᠢᠭ ᠸᠢᠷᠦ᠋ᠰ᠎ᠤᠨ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠵᠢ ᠲᠣᠭ᠍ᠲᠠᠭᠤᠨ᠎ᠢᠶᠠᠷ ᠱᠠᠳᠤ ᠱᠢᠯᠵᠢᠭᠦᠯᠬᠦ᠌᠎ᠶ᠋ᠢ ᠪᠡᠶᠡᠯᠡᠭᠦᠯᠵᠦ᠍᠂ ᠴᠢᠬᠤᠯᠠ ᠶᠡᠬᠡ ᠱᠢᠢᠳᠪᠦᠷᠢᠲᠦ ᠴᠢᠨᠠᠷᠲᠠᠢ ᠢᠯᠠᠯᠲᠠ᠎ᠶ᠋ᠢ ᠣᠯᠵᠤ᠂ ᠪᠦᠬᠦ᠌ ᠵᠢᠯ᠎ᠦᠨ ᠠᠵᠤ ᠠᠬᠤᠢ ᠨᠡᠢᠭᠡᠮ᠎ᠦᠨ ᠬᠥᠭ᠌ᠵᠢᠯᠲᠡ᠎ᠶ᠋ᠢᠨ ᠭᠣᠣᠯ ᠬᠠᠷᠠᠯᠲᠠ ᠡᠭᠦᠷᠭᠡ᠎ᠶ᠋ᠢ ᠲᠡᠭᠦᠰ ᠠᠮᠵᠢᠯᠲᠠ᠎ᠲᠠᠶ ᠪᠡᠶᠡᠯᠡᠭᠦᠯᠵᠦ᠍᠂ ᠴᠢᠨᠠᠷ ᠰᠠᠢᠲᠠᠢ ᠬᠥᠭ᠌ᠵᠢᠯᠲᠡ᠎ᠶ᠋ᠢ ᠯᠠᠪᠳᠠᠭᠤᠨ ᠪᠠᠲᠤᠲᠠᠢ ᠠᠬᠢᠭᠤᠯᠵᠤ᠂ ᠨᠡᠢᠭᠡᠮ᠎ᠦᠨ ᠶᠡᠬᠡ ᠲᠠᠯ᠎ᠠ᠎ᠶ᠋ᠢᠨ ᠲᠣᠭ᠍ᠲᠠᠭᠤᠨ᠎ᠢ ᠪᠠᠲᠤᠯᠠᠵᠤ᠂ ᠨᠡᠢᠭᠡᠮ ᠵᠢᠷᠤᠮᠳᠤ ᠣᠳᠣᠬᠢᠴᠢᠯᠠᠭ᠍ᠰᠠᠨ ᠤᠯᠤᠰ᠎ᠢ ᠪᠦᠬᠦ᠌ ᠲᠠᠯ᠎ᠠ᠎ᠪᠠᠷ ᠪᠦᠳᠦᠭᠡᠨ ᠪᠠᠢᠭᠤᠯᠬᠤ ᠠᠵᠢᠯ ᠯᠠᠪᠳᠠᠭᠤᠨ ᠪᠠᠲᠤᠲᠠᠢ ᠠᠯᠬᠤᠮ᠎ᠢ ᠠᠯᠬᠤᠪᠠ ᠭᠡᠵᠤ ᠵᠢᠭᠠᠵᠤ ᠭᠠᠷᠭᠠᠵᠠᠢ᠃
ᠯᠢ ᠴᠢᠶᠠᠩ ᠢᠯᠡᠳᠬᠡᠯ᠎ᠳᠡᠭᠡᠨ᠂ ᠨᠢᠭᠡ ᠵᠢᠯ᠎ᠦᠨ ᠲᠤᠷᠰᠢ᠂ ᠪᠢᠳᠡ ᠨᠠᠮ᠎ᠤᠨ ᠬᠣᠷᠢᠳᠤᠭᠠᠷ ᠶᠡᠬᠡ ᠬᠤᠷᠠᠯ ᠪᠣᠯᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶ᠎ᠠ ᠵᠢᠨ ᠬᠣᠶᠠᠳᠤᠭᠠᠷ ᠪᠥᠬᠥᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠭᠦᠨᠵᠡᠭᠡᠶ ᠰᠤᠷᠤᠯᠴᠠᠨ ᠲᠤᠭᠤᠱᠢᠯᠠᠭᠤᠯᠵᠤ᠂ ᠨᠠᠮ᠎ᠤᠨ ᠲᠥᠪ ᠬᠣᠷᠢᠶ᠎ᠠ ᠵᠢᠨ ᠱᠢᠶ᠋ᠳᠪᠦᠷᠢᠲᠦ ᠪᠣᠳᠣᠯᠭ᠎ᠠ ᠪᠠᠢᠷᠢᠯᠠᠭᠤᠯᠤᠯᠲᠠ ᠶᠣᠰᠣᠭᠠᠷ ᠭᠤᠤᠯᠳᠠᠭᠤ ᠳᠤᠤᠷᠠᠬᠢ ᠠᠵᠢᠯ᠎ᠤᠳ᠎ᠢ ᠬᠢᠵᠡᠶ ᠄ ᠨᠢᠭᠡ᠎ᠳᠦ᠂ ᠬᠣᠷᠸ᠎ᠠ ᠡᠵᠡᠮᠱᠢᠯ ᠲᠣᠬᠢᠷᠠᠭᠤᠯᠭ᠎ᠠ᠎ᠶ᠋ᠢᠨ ᠡᠷᠴᠢᠮ ᠢ᠋ ᠴᠢᠩᠭᠠᠷᠠᠭᠤᠯᠵᠤ᠂ ᠠᠵᠤ ᠠᠬᠤᠶ᠎ᠶ᠋ᠢᠨ ᠡᠷᠭᠢᠯᠳᠡ ᠵᠢᠨ ᠦᠷᠭᠦᠯᠵᠢᠯᠡᠨ ᠰᠠᠢᠵᠢᠷᠠᠬᠤ᠎ᠶ᠋ᠢ ᠠᠬᠢᠭᠤᠯᠪᠠ; ᠬᠣᠶᠠᠷ᠎ᠲᠤ᠂ ᠱᠢᠨ᠎ᠡ᠎ᠶ᠋ᠢ ᠡᠭᠦᠳᠬᠦ᠌᠎ᠳᠦ ᠲᠦᠱᠢᠭ᠌ᠯᠡᠨ ᠠᠵᠤ ᠦᠢᠯᠡᠰ᠎ᠦᠨ ᠲᠡᠰ ᠳᠡᠪᠱᠢᠬᠦ᠌᠎ᠶ᠋ᠢ ᠬᠦᠳᠦᠯᠦᠨ ᠳᠠᠭᠠᠭᠤᠯᠵᠤ᠂ ᠬᠤᠳᠠ ᠬᠥᠳᠡᠭᠡ ᠣᠷᠣᠨ ᠪᠦᠰᠡ᠎ᠶ᠋ᠢᠨ ᠬᠥᠭ᠌ᠵᠢᠯᠲᠡ᠎ᠶ᠋ᠢᠨ ᠱᠢᠨ᠎ᠡ ᠬᠥᠳᠡᠯᠭᠡᠬᠦ ᠬᠦᠴᠦᠨ ᠢ᠋ ᠨᠡᠮᠡᠭ᠌ᠳᠡᠭᠦᠯᠪᠡ; ᠭᠤᠷᠪᠠ᠎ᠳᠤ᠂ ᠥᠭᠡᠷᠡᠴᠢᠯᠡᠯᠲᠡ᠎ᠶ᠋ᠢ ᠭᠦᠨᠵᠡᠭᠡᠢᠷᠡᠭᠦᠯᠦᠨ ᠨᠡᠭᠡᠭᠡᠯᠲᠡ᠎ᠶ᠋ᠢ ᠥᠷᠭᠡᠳᠭᠡᠵᠦ᠍᠂ ᠬᠤᠳᠠᠯᠳᠤᠭ᠎ᠠ ᠡᠷᠬᠢᠯᠡᠬᠦ ᠣᠷᠴᠢᠨ ᠨᠥᠬᠥᠴᠡᠯ᠎ᠢ ᠦᠷᠭᠦᠯᠵᠢᠯᠡᠨ ᠰᠠᠢᠵᠢᠷᠠᠭᠤᠯᠪᠠ; ᠳᠥᠷᠪᠡ᠎ᠳᠦ᠂ ᠠᠮᠢ ᠠᠬᠤᠶ ᠣᠷᠴᠢᠨ ᠲᠣᠭᠣᠷᠢᠨ᠎ᠤ ᠬᠠᠮᠠᠭᠠᠯᠠᠯᠲᠠ ᠵᠠᠰᠠᠯᠲᠠ᠎ᠶ᠋ᠢ ᠴᠢᠩᠭᠠᠳᠭᠠᠵᠤ᠂ ᠬᠦᠭᠵᠢᠯᠳᠡ ᠵᠢᠨ ᠬᠡᠯᠪᠡᠷᠢ ᠵᠢᠨ ᠪᠣᠬᠢᠷᠲᠤᠯ ᠥᠬᠡᠶ ᠲᠡᠢᠰᠢ ᠬᠡᠯᠪᠡᠷᠢ ᠪᠠᠨ ᠬᠤᠪᠢᠷᠠᠭᠤᠯᠬᠤ᠎ᠶ᠋ᠢ ᠲᠦᠷᠭᠡᠳᠭᠡᠪᠡ; ᠲᠠᠪᠤ᠎ᠳᠤ᠂ ᠠᠷᠠᠳ᠎ᠤᠨ ᠠᠮᠢᠳᠤᠷᠠᠯ᠎ᠤᠨ ᠪᠠᠲᠤᠯᠠᠭ᠎ᠠ᠎ᠶ᠋ᠢ ᠬᠦᠴᠦᠯᠡᠨ ᠰᠠᠢᠲᠤᠷ ᠠᠳᠭᠤᠵᠤ᠂ ᠨᠡᠢᠭᠡᠮ᠎ᠦᠨ ᠠᠵᠢᠯ ᠦᠢᠯᠡᠰ᠎ᠦᠨ ᠬᠥᠭ᠌ᠵᠢᠯᠲᠡ᠎ᠶ᠋ᠢ ᠠᠬᠢᠭᠤᠯᠪᠠ; ᠵᠢᠷᠭᠤᠭ᠎ᠠ᠎ᠳᠤ᠂ ᠵᠠᠰᠠᠭ ᠤ᠋ᠨ ᠣᠷᠳᠣᠨ᠎ᠤ ᠪᠠᠢᠭᠤᠯᠤᠯᠲᠠ᠎ᠶ᠋ᠢ ᠪᠦᠬᠦ᠌ ᠲᠠᠯ᠎ᠠ᠎ᠪᠠᠷ ᠴᠢᠩᠭᠠᠳᠭᠠᠵᠤ᠂ ᠵᠠᠰᠠᠯᠲᠠ᠎ᠶ᠋ᠢᠨ ᠦᠷ᠎ᠡ ᠪᠦᠲᠦᠮᠵᠢ᠎ᠶ᠋ᠢ ᠶᠡᠬᠡ ᠪᠡᠷ ᠳᠡᠭᠡᠭ᠌ᠰᠢᠯᠡᠭᠦᠯᠪᠡ ᠭᠡᠵᠤ ᠵᠢᠭᠠᠵᠤ ᠭᠠᠷᠭᠠᠵᠠᠢ᠃
ᠯᠢ ᠴᠢᠶᠠᠩ ᠢᠯᠡᠳᠬᠡᠯ᠎ᠳᠡᠭᠡᠨ᠂ ᠠᠮᠵᠢᠯᠲᠠ᠎ᠪᠠᠨ ᠨᠤᠲᠠᠯᠠᠬᠤ᠎ᠶ᠋ᠢᠨ ᠬᠠᠮᠲᠤ ᠪᠢᠳᠡ ᠪᠠᠰᠠ ᠲᠤᠯᠭᠠᠷᠠᠵᠤ ᠪᠠᠢᠭ᠎ᠠ ᠬᠦᠴᠢᠷᠳᠡᠯ ᠪᠠ ᠥᠷᠢᠰᠥᠯᠳᠦᠭᠡᠨ᠎ᠢ ᠰᠡᠷᠭᠡᠭ᠎ᠢᠶᠡᠷ ᠣᠯᠵᠤ ᠬᠠᠷᠠᠪᠠ᠃ ᠪᠢᠳᠠ ᠯᠠᠪᠲᠠᠢ ᠠᠰᠠᠭᠤᠳᠠᠯ ᠪᠠ ᠥᠷᠢᠰᠥᠯᠳᠦᠭᠡᠨ᠎ᠳᠦ ᠱᠢᠭᠤᠳ ᠬᠠᠨᠳᠤᠵᠤ᠂ ᠪᠦᠬᠦ᠌ ᠰᠡᠳᠭᠢᠯ ᠪᠦᠬᠦ᠌ ᠵᠣᠷᠢᠭ᠎ᠢᠶᠠᠷ᠎ᠢᠶᠠᠨ ᠠᠵᠢᠯ᠎ᠢᠶᠠᠨ ᠰᠠᠢᠲᠤᠷ ᠬᠢᠵᠦ᠍᠂ ᠠᠷᠠᠳ ᠲᠦᠮᠡᠨ᠎ᠦ ᠬᠦᠰᠡᠯ ᠨᠠᠢᠳᠠᠯᠭ᠎ᠠ᠎ᠶ᠋ᠢ ᠶᠠᠭᠠᠬᠢᠭ᠍ᠰᠠᠨ ᠴᠤ᠌ ᠬᠥᠰᠡᠷᠳᠡᠭᠦᠯᠬᠦ᠌ ᠦᠭᠡᠢ ᠬᠡᠵᠥ ᠵᠢᠭᠠᠵᠥ ᠭᠠᠷᠭᠠᠪᠠ᠃
ᠯᠢ ᠴᠢᠶᠠᠩ ᠢᠯᠡᠳᠬᠡᠯ᠎ᠳᠡᠭᠡᠨ᠂ ᠡᠨᠡ ᠵᠢᠯ ᠪᠣᠯ ᠪᠥᠬᠥᠳᠡ ᠨᠠᠢᠷᠠᠮᠳᠠᠬᠤ ᠳᠤᠮᠳᠠᠳᠤ ᠠᠷᠠᠳ ᠤᠯᠤᠰ ᠪᠠᠢᠭᠤᠯᠤᠭ᠍ᠳᠠᠭ᠍ᠰᠠᠨ 75 ᠵᠢᠯ᠎ᠦᠨ ᠣᠶ ᠮᠦᠨ᠂ 《ᠠᠷᠪᠠᠨ ᠳᠥᠷᠪᠡᠳᠦᠭᠡᠷ ᠲᠠᠪᠤᠨ ᠵᠢᠯ》᠎ᠤ᠋ᠨ ᠲᠥᠯᠥᠪᠵᠢᠭᠦᠯᠭᠡ᠎ᠶ᠋ᠢᠨ ᠬᠠᠷᠠᠯᠲᠠ ᠡᠭᠦᠷᠭᠡ᠎ᠶ᠋ᠢ ᠪᠡᠶᠡᠯᠡᠭᠦᠯᠬᠦ᠌ ᠵᠠᠩᠭᠢᠯᠠᠭ᠎ᠠ᠎ᠶ᠋ᠢᠨ ᠨᠢᠭᠡ ᠵᠢᠯ ᠪᠣᠯᠤᠨ᠎ᠠ᠃ ᠡᠨᠡ ᠵᠢᠯ᠎ᠦᠨ ᠬᠥᠭ᠌ᠵᠢᠯᠲᠡ᠎ᠶ᠋ᠢᠨ ᠭᠣᠣᠯ ᠵᠢᠱ᠌ᠢᠭ᠌ᠰᠡᠨ ᠬᠠᠷᠠᠯᠲᠠ ᠪᠣᠯ᠄ ᠤᠯᠤᠰ᠎ᠤᠨ ᠳᠣᠲᠣᠭᠠᠳᠤ᠎ᠶ᠋ᠢᠨ ᠦᠢᠯᠡᠳᠪᠦᠷᠢᠯᠡᠯ᠎ᠦᠨ ᠶᠡᠷᠦᠩᠬᠡᠢ ᠦᠷᠲᠡᠭ᠎ᠢ 5% ᠣᠷᠴᠢᠮ᠎ᠢᠶᠠᠷ ᠨᠡᠮᠡᠭ᠌ᠳᠡᠭᠦᠯᠦᠨ᠎ᠡ᠂ ᠬᠤᠳᠠ ᠪᠠᠯᠭᠠᠰᠤᠨᠪ 1200 ᠲᠦᠮᠡ ᠡᠴᠡ ᠳᠡᠭᠡᠭ᠌ᠰᠢ ᠬᠥᠮᠦᠨ᠎ᠳᠦ ᠱᠢᠨ᠎ᠡ᠎ᠪᠡᠷ ᠠᠵᠢᠯ ᠣᠯᠭᠣᠵᠤ᠂ ᠬᠤᠳᠠ ᠪᠠᠯᠭᠠᠰᠤᠨ᠎ᠤ ᠪᠠᠢᠴᠠᠭᠠᠭ᠍ᠰᠠᠨ ᠠᠵᠢᠯ ᠠᠯᠳᠠᠯᠲᠠ᠎ᠶ᠋ᠢᠨ ᠨᠤᠷᠮ᠎ᠠ᠎ᠶ᠋ᠢ 5.5 % ᠣᠷᠴᠢᠮ ᠪᠠᠢᠯᠭᠠᠨ᠎ᠠ; ᠰᠠᠭᠤᠭᠠᠯᠢ ᠠᠷᠠᠳ᠎ᠤᠨ ᠬᠡᠷᠡᠭ᠌ᠯᠡᠭᠡ᠎ᠶᠢᠨ ᠦᠨ᠎ᠡ ᠬᠠᠩᠰᠢ᠎ᠶ᠋ᠢᠨ ᠥᠰᠥᠯᠲᠡ᠎ᠶ᠋ᠢ 3% ᠣᠷᠴᠢᠮ ᠪᠠᠢᠯᠭᠠᠨ᠎ᠠ; ᠰᠠᠭᠤᠭᠠᠯᠢ ᠠᠷᠠᠳ᠎ᠤᠨ ᠣᠷᠣᠯᠭ᠎ᠠ᠎ᠶ᠋ᠢᠨ ᠨᠡᠮᠡᠭ᠌ᠳᠡᠯ ᠪᠠ ᠠᠵᠤ ᠠᠬᠤᠢ᠎ᠶ᠋ᠢᠨ ᠨᠡᠮᠡᠭ᠌ᠳᠡᠯ᠎ᠢ ᠠᠳᠠᠯᠢ ᠠᠯᠬᠤᠮ᠎ᠳᠦ ᠪᠠᠢᠯᠭᠠᠨ᠎ᠠ; ᠤᠯᠠᠨ ᠤᠯᠤᠰ᠎ᠤᠨ ᠣᠷᠣᠯᠭ᠎ᠠ ᠵᠠᠷᠤᠯᠭ᠎ᠠ ᠵᠢ ᠦᠨᠳᠦᠰᠦᠨ᠎ᠳᠡᠭᠡᠨ ᠲᠡᠩᠴᠡᠭᠦᠷᠢᠲᠡᠢ ᠪᠠᠢᠯᠭᠠᠨ᠎ᠠ; ᠠᠮᠤ ᠪᠤᠳᠠᠭᠠᠨ᠎ᠤ ᠤᠨᠠᠯᠲᠠ 1.3 ᠲᠦᠮᠡᠨ ᠳ᠋ᠦᠩᠱᠢᠭᠤᠷ ᠵᠢᠩ ᠡᠴᠡ ᠳᠡᠭᠡᠭ᠌ᠰᠢ ᠪᠠᠢᠬᠤ ᠵᠢ ᠪᠠᠳᠤᠯᠠᠨ᠎ᠠ; ᠨᠢᠭᠡᠴᠢ ᠤᠯᠤᠰ᠎ᠤᠨ ᠳᠣᠲᠣᠭᠠᠳᠤ᠎ᠶ᠋ᠢᠨ ᠦᠢᠯᠡᠳᠪᠦᠷᠢᠯᠡᠯ᠎ᠦᠨ ᠶᠡᠷᠦᠩᠬᠡᠢ ᠦᠷᠲᠡᠭ᠎ᠦᠨ ᠡᠨᠧᠷᠭᠢ᠎ᠶ᠋ᠢᠨ ᠬᠣᠷᠣᠭ᠍ᠳᠠᠭᠤᠯᠤᠯ᠎ᠢ 2.5% ᠣᠷᠴᠢᠮ ᠪᠠᠭᠤᠷᠠᠭᠤᠯᠵᠤ᠂ ᠠᠮᠢ ᠠᠬᠤᠢ ᠣᠷᠴᠢᠨ ᠲᠤᠭᠤᠷᠢᠨᠤ᠋ ᠶᠠᠰᠤ ᠴᠢᠨᠠᠷ᠎ᠢ ᠦᠷᠭᠦᠯᠵᠢᠯᠡᠨ ᠰᠠᠢᠵᠢᠷᠠᠭᠤᠯᠤᠨ᠎ᠠ ᠭᠡᠵᠦ ᠵᠢᠭᠠᠵᠤ ᠭᠠᠷᠭᠠᠵᠠᠢ᠃
ᠯᠢ ᠴᠢᠶᠠᠩ ᠢᠯᠡᠳᠬᠡᠯ᠎ᠳᠡᠭᠡᠨ᠂ ᠪᠢᠳᠡ ᠲᠣᠭ᠍ᠲᠠᠭᠤᠨ᠎ᠤ ᠳᠤᠮᠳᠠ ᠤᠷᠤᠭ᠍ᠰᠢᠯᠠᠨ ᠳᠠᠪᠱᠢᠬᠤ᠎ᠶ᠋ᠢ ᠪᠠᠷᠢᠮᠲᠠᠯᠠᠵᠤ᠂ ᠳᠠᠪᠰᠢᠯᠳᠠ ᠪᠡᠷ ᠲᠣᠭ᠍ᠲᠠᠭᠤᠨ᠎ᠢ ᠠᠬᠢᠭᠤᠯᠵᠤ᠂ ᠤᠷᠢᠳ᠎ᠢᠶᠠᠷ ᠰᠢᠨ᠎ᠡ ᠵᠢ ᠪᠠᠢᠭᠤᠯᠤᠨ ᠳᠠᠷᠠᠭ᠎ᠠ ᠨᠢ ᠬᠠᠭᠤᠴᠢᠨ᠎ᠢ ᠡᠪᠳᠡᠬᠦ᠌ ᠬᠡᠷᠡᠭ᠌ᠲᠡᠢ᠃ ᠡᠨᠡ ᠵᠢᠯ᠎ᠦᠨ ᠬᠥᠭ᠌ᠵᠢᠯᠲᠡ᠎ᠶ᠋ᠢᠨ ᠬᠠᠷᠠᠯᠲᠠ ᠡᠭᠦᠷᠭᠡ᠎ᠶ᠋ᠢ ᠪᠡᠶᠡᠯᠡᠭᠦᠯᠬᠦ᠌ ᠳᠦ ᠡᠷᠬᠡᠪᠰᠢ ᠰᠢ ᠵᠢᠨ ᠫᠢᠩ᠎ᠦᠨ ᠠᠵᠤ ᠠᠬᠤᠢ᠎ᠶ᠋ᠢᠨ ᠦᠵᠡᠯ ᠰᠠᠨᠠᠭ᠎ᠠ᠎ᠶ᠋ᠢ ᠭᠦᠨᠵᠡᠭᠡᠢ ᠲᠤᠭᠤᠱᠢᠯᠠᠭᠤᠯᠵᠤ᠂ ᠬᠦᠴᠦ᠍᠎ᠪᠡᠨ ᠲᠥᠪᠯᠡᠷᠡᠭᠦᠯᠦᠨ ᠴᠢᠨᠠᠷ ᠰᠠᠢᠲᠠᠢ ᠬᠥᠭ᠌ᠵᠢᠯᠲᠡ᠎ᠶ᠋ᠢ ᠠᠬᠢᠭᠤᠯᠬᠤ ᠬᠡᠷᠡᠭ᠌ᠲᠡᠢ᠃ ᠨᠡᠩ ᠶᠡᠬᠡ ᠡᠷᠴᠢ ᠵᠣᠷᠢᠭ ᠪᠣᠯᠤᠨ ᠡᠷᠴᠢᠮ᠎ᠢᠶᠡᠷ ᠥᠭᠡᠷᠡᠴᠢᠯᠡᠯᠲᠡ ᠨᠡᠭᠡᠭᠡᠯᠳᠠ᠎ᠶ᠋ᠢ ᠭᠦᠨᠵᠡᠭᠡᠢᠷᠡᠭᠦᠯᠵᠦ᠍᠂ ᠦᠷ᠎ᠡ ᠪᠦᠲᠦᠮᠵᠢᠲᠡᠢ ᠵᠠᠬ᠎ᠠ ᠳᠡᠯᠭᠡᠭᠦᠷ ᠪᠣᠯᠤᠨ ᠦᠷ᠎ᠡ ᠪᠦᠲᠦᠮᠵᠢᠲᠡᠢ ᠵᠠᠰᠠᠭ᠎ᠤᠨ ᠣᠷᠳᠣᠨ᠎ᠤ ᠨᠡᠩ ᠰᠠᠢ᠌ᠨ ᠤᠶᠠᠯᠳᠤᠯ᠎ᠢ ᠠᠬᠢᠭᠤᠯᠵᠤ᠂ ᠨᠡᠢᠭᠡᠮ᠎ᠦᠨ ᠠᠮᠢᠵᠢᠷᠠᠯ᠎ᠤᠨ ᠬᠦᠴᠦᠨ᠎ᠢ ᠦᠷᠭᠦᠯᠵᠢᠯᠡᠨ ᠬᠥᠭ᠌ᠵᠢᠭᠡᠬᠦ᠌ ᠪᠠ ᠴᠢᠩᠭᠠᠳᠭᠠᠵᠤ᠂ ᠴᠢᠨᠠᠷ ᠰᠠᠢᠲᠠᠢ ᠬᠥᠭ᠌ᠵᠢᠯᠲᠡ᠎ᠶ᠋ᠢᠨ ᠨᠡᠩ ᠶᠡᠬᠡ ᠱᠢᠨ᠎ᠡ ᠦᠷ᠎ᠡ ᠪᠦᠲᠦᠮᠵᠢ ᠤᠯᠬᠤ᠎ᠶ᠋ᠢ ᠠᠬᠢᠭᠤᠯᠬᠤ ᠬᠡᠷᠡᠭ᠌ᠲᠡᠢ ᠭᠡᠵᠦ᠍ ᠵᠢᠭᠠᠵᠤ ᠭᠠᠷᠭᠠᠪᠠ᠃
ᠯᠢ ᠴᠢᠶᠠᠩ ᠢᠯᠡᠳᠬᠡᠯ᠎ᠳᠡᠭᠡᠨ᠂ ᠨᠠᠮ᠎ᠤᠨ ᠲᠥᠪ ᠬᠤᠷᠢᠶ᠎ᠠ ᠡᠨᠡ ᠵᠢᠯ᠎ᠦᠨ ᠠᠵᠢᠯ᠎ᠳᠤ ᠪᠦᠬᠦ᠌ ᠲᠠᠯ᠎ᠠ᠎ᠶ᠋ᠢᠨ ᠪᠠᠢᠷᠢᠯᠠᠭᠤᠯᠤᠯᠲᠠ ᠬᠢᠵᠡᠢ᠂ ᠪᠢᠳᠡ ᠭᠦᠨᠵᠡᠭᠡᠢ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ ᠭᠣᠣᠯ ᠵᠥᠷᠢᠴᠡᠯ᠎ᠢ ᠴᠢᠩᠭ᠎ᠠ ᠠᠳᠭᠤᠵᠤ᠂ ᠪᠣᠭᠣᠮᠢ ᠬᠦᠯᠢᠶᠡᠰᠦᠯᠡᠯ᠎ᠢ ᠬᠦᠴᠦᠯᠡᠨ ᠱᠢᠪᠲᠤᠯᠵᠤ᠂ ᠡᠯ᠎ᠡ ᠵᠦᠢᠯ᠎ᠦᠨ ᠠᠵᠢᠯ᠎ᠢᠶᠠᠨ ᠯᠠᠪᠳᠠᠭᠤᠨ ᠪᠠᠲᠤᠲᠠᠢ ᠰᠠᠢᠲᠤᠷ ᠬᠢᠬᠦ᠌ ᠬᠡᠷᠡᠭ᠌ᠲᠡᠢ᠄ ᠣᠳᠣᠬᠢᠴᠢᠯᠠᠭ᠍ᠰᠠᠨ ᠠᠵᠤ ᠦᠢᠯᠡᠰ᠎ᠦᠨ ᠱᠢᠰᠲ᠋ᠧᠮ᠎ᠦᠨ ᠪᠠᠢᠭᠤᠯᠤᠯᠲᠠ᠎ᠶ᠋ᠢ ᠶᠡᠬᠡᠪᠡᠷ ᠠᠬᠢᠭᠤᠯᠵᠤ᠂ ᠱᠢᠨ᠎ᠡ ᠴᠢᠨᠠᠷ᠎ᠪᠦᠬᠦᠢ ᠦᠢᠯᠡᠳᠪᠦᠷᠢᠯᠡᠯ᠎ᠦᠨ ᠬᠦᠴᠦᠨ᠎ᠢ ᠲᠦᠷᠭᠡᠳᠭᠡᠨ ᠬᠥᠭ᠌ᠵᠢᠭᠦᠯᠦᠨ᠎ᠡ; ᠱᠢᠨᠵᠢᠯᠡᠬᠦ᠌ ᠤᠬᠠᠭᠠᠨ ᠰᠤᠷᠭᠠᠨ ᠬᠥᠮᠦᠵᠢᠯ᠎ᠢᠶᠡᠷ ᠤᠯᠤᠰ᠎ᠢᠶᠠᠨ ᠮᠠᠨᠳᠤᠭᠤᠯᠬᠤ ᠪᠠᠢᠯᠳᠤᠬᠤ ᠪᠣᠳᠣᠯᠭ᠎ᠠ᠎ᠶ᠋ᠢ ᠭᠦᠨᠵᠡᠭᠡᠶ ᠬᠡᠷᠡᠭ᠌ᠵᠢᠭᠦᠯᠵᠦ᠍᠂ ᠴᠢᠨᠠᠷ ᠰᠠᠢᠲᠠᠶ ᠬᠥᠭ᠌ᠵᠢᠯᠲᠡ᠎ᠶ᠋ᠢᠨ ᠰᠠᠭᠤᠷᠢᠯᠠᠬᠤ ᠲᠤᠯᠭᠠᠭᠤᠷᠢᠯᠠᠯ᠎ᠢ ᠴᠢᠩᠭᠠᠳᠭᠠᠨ᠎ᠠ; ᠤᠯᠤᠰ᠎ᠤᠨ ᠳᠣᠲᠣᠭᠠᠳᠤ᠎ᠶ᠋ᠢᠨ ᠬᠡᠷᠡᠭ᠌ᠴᠡᠭᠡ᠎ᠶ᠋ᠢ ᠬᠦᠴᠦᠯᠡᠨ ᠥᠷᠭᠡᠳᠭᠡᠵᠦ᠍᠂ ᠠᠵᠤ ᠠᠬᠤᠢ᠎ᠶ᠋ᠢᠨ ᠰᠠᠢ᠌ᠨ ᠰᠠᠢᠬᠠᠨ ᠣᠷᠴᠢᠯ᠎ᠢ ᠪᠡᠶᠡᠯᠡᠭᠦᠯᠬᠦ᠌᠎ᠶ᠋ᠢ ᠠᠬᠢᠭᠤᠯᠤᠨ᠎ᠠ; ᠥᠭᠡᠷᠡᠴᠢᠯᠡᠯᠲᠡ᠎ᠶ᠋ᠢ ᠭᠤᠢᠪᠢᠰᠢ ᠥᠬᠡᠶ ᠭᠦᠨᠵᠡᠭᠡᠢᠷᠡᠭᠦᠯᠵᠦ᠍᠂ ᠬᠥᠭ᠌ᠵᠢᠯᠲᠡ᠎ᠶ᠋ᠢᠨ ᠳᠣᠲᠣᠭᠠᠳᠤ ᠬᠥᠳᠡᠯᠭᠡᠬᠦ᠌ ᠬᠦᠴᠦᠨ᠎ᠢ ᠴᠢᠩᠭᠠᠷᠠᠭᠤᠯᠤᠨ᠎ᠠ; ᠥᠨᠳᠥᠷ ᠲᠦᠪᠱᠢᠨ ᠪᠦᠬᠦᠢ ᠭᠠᠳᠠᠭᠠᠳᠤ ᠨᠡᠬᠡᠬᠡᠯᠳᠡ᠎ᠶ᠋ᠢ ᠥᠷᠭᠡᠳᠭᠡᠵᠦ᠍᠂ ᠬᠠᠷᠢᠯᠴᠠᠨ ᠠᠱᠢᠭ᠍ᠲᠠᠢ ᠪᠠᠢᠵᠤ ᠬᠠᠮᠲᠤ᠎ᠪᠠᠷ ᠠᠱᠢᠭ ᠬᠦᠷᠳᠡᠬᠦ᠌᠎ᠶ᠋ᠢ ᠠᠬᠢᠭᠤᠯᠤᠨ᠎ᠠ; ᠬᠥᠭ᠌ᠵᠢᠯᠲᠡ ᠪᠠ ᠠᠮᠤᠷ ᠲᠦᠪᠱᠢᠨ᠎ᠢ ᠨᠠᠩ ᠰᠠᠢᠲᠤᠷ ᠨᠢᠭᠡᠳᠦᠯᠲᠡᠶ ᠲᠥᠯᠥᠪᠵᠢᠭᠦᠯᠵᠦ᠍᠂ ᠭᠤᠤᠯᠳᠠᠯᠭ᠎ᠠ᠎ᠲᠠᠶ ᠬᠦᠷᠢᠶᠡᠨ᠎ᠦ ᠠᠶᠤᠯ ᠲᠦᠭ᠌ᠰᠢᠭᠦᠷᠢ᠎ᠶ᠋ᠢ ᠪᠦᠲᠦᠮᠵᠢᠲᠡᠶ ᠰᠡᠷᠭᠡᠢᠯᠡᠨ ᠠᠷᠢᠯᠭᠠᠨ᠎ᠠ; 《ᠬᠥᠳᠡᠭᠡ ᠠᠵᠤ ᠠᠬᠤᠢ ᠬᠥᠳᠡᠭᠡ ᠲᠣᠰᠭᠣᠨ ᠲᠠᠷᠢᠶᠠᠴᠢᠨ》᠎ᠤ᠋ ᠠᠵᠢᠯ᠎ᠢ ᠴᠥᠬᠥᠷᠡᠰᠢ ᠦᠭᠡᠢ ᠰᠠᠢᠲᠤᠷ ᠠᠳᠭᠤᠵᠤ᠂ ᠬᠥᠳᠡᠭᠡ ᠲᠣᠰᠭᠣᠨ᠎ᠢ ᠪᠦᠬᠦ᠌ ᠲᠠᠯ᠎ᠠ᠎ᠪᠠᠷ ᠬᠥᠭ᠌ᠵᠢᠭᠦᠯᠦᠨ ᠮᠠᠨᠳᠤᠭᠤᠯᠬᠤ᠎ᠶ᠋ᠢ ᠯᠠᠪᠳᠠᠭᠤᠨ ᠪᠠᠲᠤᠲᠠᠢ ᠠᠬᠢᠭᠤᠯᠤᠨ᠎ᠠ; ᠬᠣᠲᠠ ᠬᠥᠳᠡᠭᠡ᠎ᠶ᠋ᠢᠨ ᠠᠭᠤᠰᠤᠯᠴᠠᠯ ᠪᠠ ᠣᠷᠣᠨ ᠪᠦᠰᠡ᠎ᠶ᠋ᠢᠨ ᠵᠣᠬᠢᠴᠠᠩᠭᠤᠶ ᠬᠥᠭ᠌ᠵᠢᠯᠲᠡ᠎ᠶ᠋ᠢ ᠠᠬᠢᠭᠤᠯᠵᠤ᠂ ᠠᠵᠤ ᠠᠬᠤᠶ᠎ᠶ᠋ᠢᠨ ᠪᠠᠢᠷᠢᠱᠢᠯ᠎ᠢ ᠶᠡᠬᠡᠪᠡᠷ ᠱᠢᠯᠢᠳᠡᠭ᠌ᠵᠢᠭᠦᠯᠦᠨ᠎ᠡ; ᠠᠮᠢ ᠠᠬᠤᠢ᠎ᠶ᠋ᠢᠨ ᠪᠣᠯᠪᠠᠰᠤᠨ᠎ᠤ ᠪᠠᠢᠭᠤᠯᠤᠯᠲᠠ᠎ᠶ᠋ᠢ ᠴᠢᠩᠭᠠᠳᠭᠠᠵᠤ᠂ ᠪᠣᠬᠢᠷᠲᠤᠯ ᠦᠭᠡᠢ ᠳᠣᠣᠷ᠎ᠠ ᠨᠡᠭᠦᠷᠡᠰᠦᠲᠥ᠋ᠷᠥᠭ᠌ᠴᠢᠲᠦ ᠬᠥᠭ᠌ᠵᠢᠯᠲᠡ᠎ᠶ᠋ᠢ ᠠᠬᠢᠭᠤᠯᠤᠨ᠎ᠠ; ᠠᠷᠠᠳ᠎ᠤᠨ ᠠᠮᠢᠳᠤᠷᠠᠯ᠎ᠢ ᠦᠨᠡᠨ ᠬᠦ᠌ ᠪᠠᠲᠤᠯᠠᠨ ᠰᠠᠢᠵᠢᠷᠠᠭᠤᠯᠵᠤ᠂ ᠨᠡᠢᠭᠡᠮ᠎ᠦᠨ ᠵᠠᠰᠠᠯᠲᠠ᠎ᠶ᠋ᠢ ᠴᠢᠩᠭᠠᠳᠭᠠᠨ ᠱᠢᠨ᠎ᠡ᠎ᠶ᠋ᠢ ᠡᠭᠦᠳᠦᠨ᠎ᠡ ᠭᠡᠵᠦ ᠳᠤᠷᠠᠳᠪᠠ᠃
ᠢᠯᠡᠳᠭᠡᠯ᠎ᠳᠦ᠂ ᠯᠢ ᠴᠢᠶᠠᠩ ᠪᠠᠰᠠ ᠵᠠᠰᠠᠭ᠎ᠤᠨ ᠣᠷᠳᠣᠨ᠎ᠤ ᠲᠤᠰ ᠪᠡᠶ᠎ᠡ᠎ᠶ᠋ᠢᠨ ᠪᠠᠢᠭᠤᠯᠤᠯᠲᠠ᠂ ᠦᠨᠳᠦᠰᠦᠲᠡᠨ᠂ ᠱᠠᠱᠢᠨ ᠰᠤᠷᠲᠠᠬᠤᠨ ᠪᠠ ᠬᠠᠷᠢᠶᠠᠲᠤ᠎ᠨᠠᠷ᠎ᠤᠨ ᠠᠵᠢᠯ᠂ ᠤᠯᠤᠰ᠎ᠤᠨ ᠪᠠᠲᠤᠯᠠᠨ ᠬᠠᠮᠠᠭᠠᠯᠠᠯᠲᠠ ᠪᠤᠯᠤᠨ ᠴᠡᠷᠢᠭ ᠠᠩᠬᠢ᠎ᠶ᠋ᠢᠨ ᠪᠦᠲᠦᠭᠡᠨ ᠪᠠᠢᠭᠤᠯᠤᠯᠲᠠ᠂ ᠱᠢᠶᠠᠩᠭᠠᠩ᠂ ᠣᠣᠮᠧᠨ᠎ᠦ ᠬᠥᠭ᠌ᠵᠢᠯᠲᠡ ᠪᠤᠯᠤᠨ ᠲᠠᠢᠸᠠᠨ ᠬᠣᠭᠣᠯᠠᠢ᠎ᠶ᠋ᠢᠨ ᠬᠣᠶᠠᠷ ᠬᠥᠪᠡᠭᠡ᠎ᠶᠢᠨ ᠬᠠᠷᠢᠯᠴᠠᠭ᠎ᠠ ᠵᠢᠴᠢ ᠮᠠᠨ᠎ᠤ ᠤᠯᠤᠰ᠎ᠤᠨ ᠭᠠᠳᠠᠭᠠᠳᠤ ᠬᠠᠷᠢᠯᠴᠠᠭᠠᠨ᠎ᠤ ᠲᠦᠷᠦ᠍᠎ᠶ᠋ᠢᠨ ᠪᠤᠳᠤᠯᠭ᠎ᠠ ᠵᠡᠷᠭᠡ᠎ᠶ᠋ᠢᠨ ᠲᠤᠬᠠᠢ ᠲᠣᠳᠣᠷᠬᠠᠢᠯᠠᠨ ᠥᠭᠦᠯᠡᠵᠡᠢ᠃
ᠬᠤᠷᠠᠯ᠎ᠤᠨ ᠵᠥᠪᠯᠡᠬᠦ᠌ ᠵᠦᠶ᠋ᠯᠡᠰ᠎ᠢ ᠦᠨᠳᠦᠰᠦᠯᠡᠨ᠂ ᠶᠡᠬᠡ ᠬᠤᠷᠠᠯ᠎ᠡᠴᠡ ᠲᠥᠷᠥ᠎ᠶ᠋ᠢᠨ ᠶᠠᠪᠤᠳᠠᠯ᠎ᠤᠨ ᠬᠣᠷᠢᠶ᠎ᠠ᠎ᠶᠢᠨ 2023 ᠣᠨ᠎ᠤ ᠤᠯᠤᠰ ᠠᠷᠠᠳ᠎ᠤᠨ ᠠᠵᠤ ᠠᠬᠤᠶ ᠪᠠ ᠨᠡᠢᠭᠡᠮ᠎ᠦᠨ ᠬᠥᠭ᠌ᠵᠢᠯᠲᠡ᠎ᠶ᠋ᠢᠨ ᠲᠥᠯᠥᠪᠯᠡᠭᠡ᠎ᠶ᠋ᠢ ᠬᠡᠷᠡᠭ᠌ᠵᠢᠭᠦᠯᠦᠭ᠌ᠰᠡᠨ ᠪᠠᠢᠳᠠᠯ ᠬᠢᠭᠡᠳ 2024 ᠣᠨ᠎ᠤ ᠤᠯᠤᠰ ᠠᠷᠠᠳ᠎ᠤᠨ ᠠᠵᠤ ᠠᠬᠤᠶ ᠪᠠ ᠨᠡᠢᠭᠡᠮ᠎ᠦᠨ ᠬᠥᠭ᠌ᠵᠢᠯᠲᠡ᠎ᠶ᠋ᠢᠨ ᠲᠥᠯᠥᠪᠯᠡᠭᠡ᠎ᠶ᠋ᠢᠨ ᠲᠥᠰᠦᠯ᠎ᠦᠨ ᠲᠤᠬᠠᠢ ᠮᠡᠳᠡᠭᠦᠯᠦᠯᠲᠡ ᠵᠢᠴᠢ 2024 ᠣᠨ᠎ᠤ ᠤᠯᠤᠰ ᠠᠷᠠᠳ᠎ᠤᠨ ᠠᠵᠤ ᠠᠬᠤᠶ ᠪᠠ ᠨᠡᠢᠭᠡᠮ᠎ᠦᠨ ᠬᠥᠭ᠌ᠵᠢᠯᠲᠡ᠎ᠶ᠋ᠢᠨ ᠲᠥᠯᠥᠪᠯᠡᠭᠡ᠎ᠶ᠋ᠢᠨ ᠲᠥᠰᠦᠯ᠂ ᠲᠥᠷᠥ᠎ᠶ᠋ᠢᠨ ᠶᠠᠪᠤᠳᠠᠯ᠎ᠤᠨ ᠬᠣᠷᠢᠶ᠎ᠠ᠎ᠶᠢᠨ 2023 ᠣᠨ᠎ᠤ ᠲᠥᠪ᠎ᠦᠨ ᠪᠠ ᠣᠷᠣᠨ ᠨᠤᠲᠤᠭ᠎ᠤᠨ ᠲᠥᠰᠦᠪ᠎ᠢ ᠭᠦᠢᠴᠡᠳᠭᠡᠭᠰᠡᠨ ᠪᠠᠢᠳᠠᠯ ᠬᠢᠭᠡᠳ 2024 ᠣᠨ᠎ᠤ ᠲᠥᠪ᠎ᠦᠨ ᠪᠠ ᠣᠷᠣᠨ ᠨᠤᠲᠤᠭ᠎ᠤᠨ ᠲᠥᠰᠦᠪ᠎ᠦᠨ ᠲᠥᠰᠦᠯ᠎ᠦᠨ ᠲᠤᠬᠠᠢ ᠮᠡᠳᠡᠭᠦᠯᠦᠯᠲᠡ ᠵᠢᠴᠢ 2024 ᠣᠨ᠎ᠤ ᠲᠥᠪ᠎ᠦᠨ ᠪᠠ ᠣᠷᠣᠨ ᠨᠤᠲᠤᠭ᠎ᠤᠨ ᠲᠥᠰᠦᠪ᠎ᠦᠨ ᠲᠥᠰᠦᠯ᠎ᠢ ᠬᠢᠨᠠᠨ ᠪᠠᠢᠴᠠᠭᠠᠪᠠ᠃
ᠪᠥᠬᠥ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠣᠷᠢᠶ᠎ᠠ᠎ᠶᠢᠨ ᠨᠠᠢᠳᠠᠯᠭ᠎ᠠ᠎ᠪᠠᠷ᠂ ᠪᠥᠬᠥ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠣᠷᠢᠶ᠎ᠠ᠎ᠶᠢᠨ ᠳᠡᠳ᠋ ᠬᠣᠷᠢᠶᠠᠨ ᠳᠠᠷᠤᠭ᠎ᠠ ᠯᠢ ᠬᠣᠩ ᠵᠥᠩ ᠲᠥᠷᠥ᠎ᠶ᠋ᠢᠨ ᠶᠠᠪᠤᠳᠠᠯ᠎ᠤᠨ ᠬᠣᠷᠢᠶ᠎ᠠ᠎ᠶᠢᠨ ᠵᠣᠬᠢᠶᠠᠨ ᠪᠠᠢᠭᠤᠯᠬᠤ ᠬᠠᠤᠯᠢ᠎ᠳᠤ ᠵᠠᠰᠠᠪᠤᠷᠢ ᠣᠷᠣᠭᠤᠯᠬᠤ ᠲᠥᠰᠦᠯ᠎ᠦᠨ ᠲᠤᠬᠠᠶ ᠲᠣᠳᠣᠷᠬᠠᠢᠯᠠᠯᠲᠠ ᠬᠢᠪᠠ᠃
ᠲᠦᠷᠦ᠍᠎ᠶ᠋ᠢᠨ ᠶᠠᠪᠤᠳᠠᠯ᠎ᠤᠨ ᠬᠣᠷᠢᠶ᠎ᠠ᠎ᠶᠢᠨ ᠵᠣᠬᠢᠶᠠᠨ ᠪᠠᠢᠭᠤᠯᠬᠤ ᠬᠠᠤᠯᠢ᠎ᠳᠤ ᠵᠠᠰᠠᠪᠤᠷᠢ ᠣᠷᠣᠭᠤᠯᠬᠤ ᠲᠥᠰᠦᠯ᠎ᠦᠨ ᠲᠤᠬᠠᠢ ᠲᠣᠳᠣᠷᠬᠠᠢᠯᠠᠯᠲᠠ᠎ᠳᠤ᠂ ᠲᠦᠷᠦ᠍᠎ᠶ᠋ᠢᠨ ᠶᠠᠪᠤᠳᠠᠯ᠎ᠤᠨ ᠬᠣᠷᠢᠶ᠎ᠠ᠎ᠶᠢᠨ ᠵᠣᠬᠢᠶᠠᠨ ᠪᠠᠢᠭᠤᠯᠬᠤ ᠬᠠᠤᠯᠢ ᠪᠣᠯ ᠲᠦᠷᠦ᠍᠎ᠶ᠋ᠢᠨ ᠶᠠᠪᠤᠳᠠᠯ᠎ᠤᠨ ᠬᠣᠷᠢᠶ᠎ᠠ᠎ᠶᠢᠨ ᠵᠣᠬᠢᠶᠠᠨ ᠪᠠᠢᠭᠤᠯᠬᠤ ᠲᠦᠷᠢᠮ ᠪᠠ ᠠᠵᠢᠯ᠎ᠤᠨ ᠲᠦᠷᠢᠮ᠎ᠦᠨ ᠲᠤᠬᠠᠢ ᠦᠨᠳᠦᠰᠦᠨ ᠬᠠᠤᠯᠢ ᠮᠥᠨ᠂ ᠲᠦᠷᠦ᠍᠎ᠶ᠋ᠢᠨ ᠶᠠᠪᠤᠳᠠᠯ᠎ᠤᠨ ᠬᠣᠷᠢᠶ᠎ᠠ᠎ᠶᠢᠨ ᠦᠨᠳᠦᠰᠦᠨ ᠬᠠᠤᠯᠢ ᠪᠠ ᠬᠠᠦᠯᠢ ᠴᠠᠭᠠᠵᠠ ᠶᠣᠰᠣᠭᠠᠷ ᠲᠤᠱᠢᠶᠠᠯ ᠬᠠᠷᠢᠭᠤᠴᠠᠯᠭ᠎ᠠ᠎ᠪᠠᠨ ᠭᠦᠢᠴᠡᠳᠭᠡᠬᠦ᠌᠎ᠶ᠋ᠢ ᠪᠠᠲᠤᠯᠠᠬᠤ᠎ᠳᠤ ᠴᠢᠬᠤᠯᠠ ᠦᠢᠯᠡᠳᠦᠯ ᠪᠠᠳᠠᠷᠠᠭᠤᠯᠵᠤ ᠪᠠᠢᠳᠠᠭ᠃ ᠨᠠᠮ᠎ᠤᠨ ᠠᠷᠪᠠᠨ ᠨᠠᠶ᠋ᠮᠠᠳᠤᠭᠠᠷ ᠶᠡᠬᠡ ᠬᠤᠷᠠᠯ᠎ᠡᠴᠡ ᠨᠠᠭᠠᠰᠢ᠂ ᠰᠢ ᠵᠢᠨ ᠫᠢᠩ ᠨᠥᠬᠥᠷ᠎ᠢᠶᠡᠷ ᠭᠤᠤᠯ ᠪᠣᠯᠭᠠᠭ᠍ᠰᠠᠨ ᠨᠠᠮ᠎ᠤᠨ ᠲᠥᠪ ᠬᠣᠷᠢᠶ᠎ᠠ ᠨᠠᠮ ᠪᠣᠯᠤᠨ ᠲᠥᠷᠥ᠎ᠶ᠋ᠢᠨ ᠪᠠᠢᠭᠤᠯᠤᠮᠵᠢ᠎ᠶ᠋ᠢᠨ ᠥᠭᠡᠷᠡᠴᠢᠯᠡᠯᠲᠡ᠎ᠶ᠋ᠢᠨ ᠠᠬᠢᠴᠠ᠎ᠶ᠋ᠢ ᠶᠡᠬᠡᠪᠡᠷ ᠠᠬᠢᠭᠤᠯᠵᠤ᠂ ᠨᠠᠮ ᠪᠣᠯᠤᠨ ᠲᠥᠷᠥ᠎ᠶ᠋ᠢᠨ ᠪᠠᠢᠭᠤᠯᠤᠮᠵᠢ᠎ᠶ᠋ᠢᠨ ᠡᠭᠦᠷᠭᠡ ᠲᠤᠰᠢᠶᠠᠯ ᠱᠢᠰᠲ᠋ᠧᠮᠲᠦ ᠴᠢᠨᠠᠷᠲᠠᠶ᠂ ᠪᠦᠬᠦᠯᠢ ᠴᠣᠭ᠍ᠴᠠ᠎ᠶ᠋ᠢᠨ ᠴᠢᠨᠠᠷᠲᠠᠶ ᠳᠠᠬᠢᠨ ᠴᠣᠭ᠍ᠴᠠᠯᠠᠯᠲᠠ᠎ᠶ᠋ᠢ ᠪᠡᠶᠡᠯᠡᠭᠦᠯᠵᠦ᠍᠂ ᠱᠢᠰᠲ᠋ᠧᠮ ᠪᠦᠷᠢᠨ ᠲᠡᠭᠦᠯᠳᠡᠷ᠂ ᠱᠢᠨᠵᠢᠯᠡᠬᠦ᠌ ᠤᠬᠠᠭᠠᠨᠴᠢ ᠵᠢᠷᠤᠮᠵᠢᠯ᠎ᠲᠠᠶ᠂ ᠠᠵᠢᠯᠯᠠᠭᠠᠨ ᠥᠨᠳᠥᠷ ᠪᠦᠲᠦᠮᠵᠢᠲᠡᠶ ᠨᠠᠮ ᠪᠣᠯᠤᠨ ᠲᠥᠷᠥ᠎ᠶ᠋ᠢᠨ ᠪᠠᠢᠭᠤᠯᠤᠮᠵᠢ᠎ᠶ᠋ᠢᠨ ᠡᠭᠦᠷᠭᠡ ᠲᠤᠰᠢᠶᠠᠯ᠎ᠤᠨ ᠱᠢᠰᠲ᠋ᠧᠮ᠎ᠢ ᠪᠠᠢᠭᠤᠯᠵᠤ ᠲᠠᠰᠤᠷᠠᠯᠲᠠ ᠥᠬᠡᠶ ᠱᠢᠨ᠎ᠡ ᠠᠬᠢᠴᠠ ᠱᠢᠨ᠎ᠡ ᠦᠷ᠎ᠡ ᠪᠦᠲᠦᠮᠵᠢ ᠤᠯᠪᠠ᠃ ᠱᠢᠨ᠎ᠡ ᠪᠠᠢᠳᠠᠯ ᠱᠢᠨ᠎ᠡ ᠡᠭᠦᠷᠭᠡ ᠱᠢᠨ᠎ᠡ ᠱᠠᠭᠠᠷᠳᠠᠯᠭ᠎ᠠ᠎ᠳᠤ ᠵᠣᠬᠢᠴᠠᠭᠤᠯᠬᠤ᠎ᠶ᠋ᠢᠨ ᠲᠥᠯᠥᠭᠡ᠂ ᠦᠢᠯᠡᠳᠦᠯᠭᠡ᠎ᠶ᠋ᠢᠨ ᠲᠤᠷᠱᠢᠯᠭ᠎ᠠ᠎ᠪᠠᠨ ᠨᠠᠷᠢᠨ ᠬᠢᠨᠠᠮᠠᠭᠠᠢ ᠳ᠋ᠦᠩᠨᠡᠭ᠌ᠰᠡᠨ ᠰᠠᠭᠤᠷᠢᠨ ᠳᠡᠭᠡᠷ᠎ᠡ ᠲᠦᠷᠦ᠍᠎ᠶ᠋ᠢᠨ ᠶᠠᠪᠤᠳᠠᠯ᠎ᠤᠨ ᠬᠣᠷᠢᠶ᠎ᠠ᠎ᠶᠢᠨ ᠵᠣᠬᠢᠶᠠᠨ ᠪᠠᠢᠭᠤᠯᠬᠤ ᠬᠠᠤᠯᠢ᠎ᠳᠤ ᠵᠠᠰᠠᠪᠤᠷᠢ ᠣᠷᠣᠭᠤᠯᠵᠤ᠂ ᠰᠢ ᠵᠢᠨ ᠫᠢᠩ᠎ᠦᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠲᠠᠶ ᠨᠡᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠤᠭᠤᠳᠤᠯᠭ᠎ᠠ ᠪᠣᠯᠭᠠᠬᠤ᠎ᠶ᠋ᠢ ᠪᠠᠷᠢᠮᠲᠠᠯᠠᠬᠤ᠂ ᠨᠠᠮ᠎ᠤᠨ ᠪᠦᠬᠦ᠌ ᠲᠠᠯ᠎ᠠ᠎ᠶ᠋ᠢᠨ ᠤᠳᠤᠷᠢᠳᠤᠯᠭ᠎ᠠ᠎ᠶ᠋ᠢ ᠪᠠᠷᠢᠮᠲᠠᠯᠠᠬᠤ ᠵᠡᠷᠭᠡ ᠴᠢᠬᠤᠯᠠ ᠠᠭᠤᠯᠭ᠎ᠠ᠎ᠶ᠋ᠢ ᠲᠦᠷᠦ᠍᠎ᠶ᠋ᠢᠨ ᠶᠠᠪᠤᠳᠠᠯ᠎ᠤᠨ ᠬᠣᠷᠢᠶ᠎ᠠ᠎ᠶᠢᠨ ᠵᠣᠬᠢᠶᠠᠨ ᠪᠠᠢᠭᠤᠯᠬᠤ ᠬᠠᠤᠯᠢ᠎ᠳᠤ ᠪᠢᠴᠢᠵᠤ ᠣᠷᠣᠭᠤᠯᠤᠨ᠂ ᠨᠠᠮ ᠪᠣᠯᠤᠨ ᠲᠦᠷᠦ᠍᠎ᠶ᠋ᠢᠨ ᠪᠠᠢᠭᠤᠯᠤᠮᠵᠢ᠎ᠶ᠋ᠢᠨ ᠥᠭᠡᠷᠡᠴᠢᠯᠡᠯᠲᠡ᠎ᠶ᠋ᠢ ᠭᠦᠨᠵᠡᠭᠡᠢᠷᠡᠭᠦᠯᠬᠦ᠌ ᠵᠣᠷᠢᠭ ᠰᠠᠨᠠᠭ᠎ᠠ ᠪᠣᠯᠤᠨ ᠦᠷ᠎ᠡ ᠪᠦᠲᠦᠭᠡᠯ᠎ᠢ ᠬᠠᠤᠯᠢ ᠴᠠᠭᠠᠵᠠ᠎ᠶ᠋ᠢᠨ ᠲᠣᠭ᠍ᠲᠠᠭᠠᠯ᠎ᠢᠶᠠᠷ ᠳᠠᠮᠵᠢᠭᠤᠯᠤᠨ ᠢᠯᠡᠷᠡᠭᠦᠯᠬᠦ᠌ ᠴᠢᠬᠤᠯᠠᠲᠠᠢ᠃ ᠲᠦᠷᠦ᠍᠎ᠶ᠋ᠢᠨ ᠶᠠᠪᠤᠳᠠᠯ᠎ᠤᠨ ᠬᠤᠷᠢᠶ᠎ᠠ᠎ᠵᠢᠨ ᠵᠣᠬᠢᠶᠠᠨ ᠪᠠᠢᠭᠤᠯᠬᠤ ᠬᠠᠤᠯᠢ᠎ᠳᠤ ᠵᠠᠰᠠᠪᠤᠷᠢ ᠣᠷᠣᠭᠤᠯᠬᠤ ᠪᠣᠯ ᠱᠢᠨ᠎ᠡ ᠴᠠᠭ ᠦᠶ᠎ᠡ᠎ᠶ᠋ᠢᠨ ᠲᠦᠷᠦ᠍᠎ᠶ᠋ᠢᠨ ᠶᠠᠪᠤᠳᠠᠯ᠎ᠤᠨ ᠬᠤᠷᠢᠶ᠎ᠠ᠎ᠵᠢᠨ ᠨᠠᠮ᠎ᠤᠨ ᠪᠦᠬᠦ᠌ ᠲᠠᠯ᠎ᠠ᠎ᠶ᠋ᠢᠨ ᠤᠳᠤᠷᠢᠳᠤᠯᠭ᠎ᠠ᠎ᠶ᠋ᠢ ᠪᠠᠷᠢᠮᠲᠠᠯᠠᠬᠤ᠂ ᠵᠠᠰᠠᠭ᠎ᠤᠨ ᠣᠷᠳᠣᠨ᠎ᠤ ᠲᠤᠰ ᠪᠡᠶ᠎ᠡ᠎ᠶ᠋ᠢᠨ ᠪᠠᠢᠭᠤᠯᠤᠯᠲᠠ᠎ᠶ᠋ᠢ ᠪᠦᠬᠦ᠌ ᠲᠠᠯ᠎ᠠ᠎ᠪᠠᠷ ᠴᠢᠩᠭᠠᠳᠭᠠᠬᠤ᠎ᠶ᠋ᠢᠨ ᠵᠠᠢᠯᠠᠰᠢ ᠦᠭᠡᠢ ᠱᠠᠭᠠᠷᠳᠠᠯᠭ᠎ᠠ ᠮᠥᠨ᠂ ᠲᠦᠷᠦ᠍᠎ᠶ᠋ᠢᠨ ᠶᠠᠪᠤᠳᠠᠯ᠎ᠤᠨ ᠬᠤᠷᠢᠶ᠎ᠠ᠎ᠵᠢᠨ ᠠᠷᠠᠳ ᠲᠦᠮᠡᠨ᠎ᠢᠶᠡᠷ ᠭᠣᠣᠯ ᠪᠣᠯᠭᠠᠬᠤ᠎ᠶ᠋ᠢ ᠪᠠᠷᠢᠮᠲᠠᠯᠠᠬᠤ᠂ ᠪᠦᠬᠦ᠌ ᠰᠡᠳᠭᠢᠯ ᠪᠦᠬᠦ᠌ ᠵᠣᠷᠢᠭ᠎ᠢᠶᠠᠷ ᠠᠷᠠᠳ ᠲᠦᠮᠡᠨ᠎ᠳᠦ ᠦᠢᠯᠡᠴᠢᠯᠡᠬᠦ᠌ ᠦᠨᠳᠦᠰᠦᠨ ᠵᠣᠷᠢᠯᠲᠠ᠎ᠶ᠋ᠢ ᠪᠠᠷᠢᠮᠲᠠᠯᠠᠬᠤ ᠲᠦᠷᠢᠮ᠎ᠦᠨ ᠪᠠᠲᠤᠯᠠᠭ᠎ᠠ ᠮᠥᠨ᠂ ᠱᠢᠨ᠎ᠡ ᠴᠠᠭ ᠦᠶ᠎ᠡ᠎ᠳᠦ ᠦᠨᠳᠦᠰᠦᠨ ᠬᠠᠤᠯᠢ᠎ᠶ᠋ᠢ ᠪᠦᠬᠦ᠌ ᠲᠠᠯ᠎ᠠ᠎ᠪᠠᠷ ᠲᠤᠭᠤᠱᠢᠯᠠᠭᠤᠯᠤᠨ ᠬᠡᠷᠡᠭ᠌ᠵᠢᠭᠦᠯᠬᠦ᠌᠂ ᠬᠠᠤᠯᠢᠵᠢᠯ᠎ᠤᠨ ᠵᠠᠰᠠᠭ᠎ᠤᠨ ᠣᠷᠳᠣᠨ᠎ᠢ ᠪᠦᠬᠦ᠌ ᠲᠠᠯ᠎ᠠ᠎ᠪᠠᠷ ᠪᠠᠢᠭᠤᠯᠬᠤ᠎ᠶ᠋ᠢᠨ ᠴᠢᠬᠤᠯᠠ ᠲᠠᠯ᠎ᠠ ᠮᠥᠨ᠂ ᠨᠠᠮ ᠪᠣᠯᠤᠨ ᠲᠦᠷᠦ᠍᠎ᠶ᠋ᠢᠨ ᠪᠠᠢᠭᠤᠯᠤᠮᠵᠢ᠎ᠶ᠋ᠢᠨ ᠥᠭᠡᠷᠡᠴᠢᠯᠡᠯᠲᠡ᠎ᠶ᠋ᠢ ᠭᠦᠨᠵᠡᠭᠡᠢᠷᠡᠭᠦᠯᠬᠦ᠌᠂ ᠤᠯᠤᠰ᠎ᠤᠨ ᠵᠠᠰᠠᠯᠲᠠ᠎ᠶ᠋ᠢᠨ ᠱᠢᠰᠲ᠋ᠧᠮ ᠪᠣᠯᠤᠨ ᠵᠠᠰᠠᠯᠲᠠ᠎ᠶ᠋ᠢᠨ ᠴᠢᠳᠠᠪᠤᠷᠢ᠎ᠶ᠋ᠢᠨ ᠣᠳᠣᠬᠢᠴᠢᠯᠠᠯᠲᠠ᠎ᠶ᠋ᠢ ᠠᠬᠢᠭᠤᠯᠬᠤ ᠬᠦᠴᠦᠲᠡᠢ ᠠᠷᠭ᠎ᠠ ᠬᠡᠮᠵᠢᠶ᠎ᠡ ᠮᠥᠨ᠃ ᠲᠦᠷᠦ᠍᠎ᠶ᠋ᠢᠨ ᠶᠠᠪᠤᠳᠠᠯ᠎ᠤᠨ ᠬᠤᠷᠢᠶ᠎ᠠ᠎ᠵᠢᠨ ᠵᠣᠬᠢᠶᠠᠨ ᠪᠠᠢᠭᠤᠯᠬᠤ ᠬᠠᠤᠯᠢ᠎ᠳᠤ ᠵᠠᠰᠠᠪᠤᠷᠢ ᠣᠷᠣᠭᠤᠯᠬᠤ ᠲᠥᠰᠦᠯ ᠨᠡᠢ᠌ᠳᠡ 20 ᠵᠦᠢᠯ ᠪᠤᠢ᠂ ᠭᠣᠣᠯ ᠵᠠᠰᠠᠪᠤᠷᠢ ᠣᠷᠣᠭᠤᠯᠬᠤ ᠠᠭᠤᠯᠭ᠎ᠠ᠎ᠳᠤ᠄ ᠲᠦᠷᠦ᠍᠎ᠶ᠋ᠢᠨ ᠶᠠᠪᠤᠳᠠᠯ᠎ᠤᠨ ᠬᠤᠷᠢᠶ᠎ᠠ᠎ᠵᠢᠨ ᠱᠢᠨᠵᠢ ᠴᠢᠨᠠᠷ ᠪᠠᠢᠷᠢ ᠰᠠᠭᠤᠷᠢ᠎ᠶ᠋ᠢᠨ ᠲᠤᠬᠠᠢ ᠲᠣᠭ᠍ᠲᠠᠭᠠᠯ᠎ᠢ ᠨᠡᠮᠡᠵᠦ᠍᠂ ᠲᠦᠷᠦ᠍᠎ᠶ᠋ᠢᠨ ᠶᠠᠪᠤᠳᠠᠯ᠎ᠤᠨ ᠬᠤᠷᠢᠶ᠎ᠠ᠎ᠵᠢᠨ ᠠᠵᠢᠯ᠎ᠤᠨ ᠵᠢᠯᠣᠭᠣᠳᠭᠤ ᠦᠵᠡᠯ ᠰᠠᠨᠠᠭ᠎ᠠ᠎ᠶ᠋ᠢ ᠲᠣᠳᠣᠷᠬᠠᠢᠯᠠᠨ᠂ ᠲᠦᠷᠦ᠍᠎ᠶ᠋ᠢᠨ ᠶᠠᠪᠤᠳᠠᠯ᠎ᠤᠨ ᠬᠤᠷᠢᠶ᠎ᠠ᠎ᠵᠢᠨ ᠡᠷᠬᠡ ᠲᠤᠱᠢᠶᠠᠯ᠎ᠤᠨ ᠲᠤᠬᠠᠢ ᠥᠭᠦᠯᠡᠯᠲᠡ᠎ᠶ᠋ᠢ ᠲᠡᠭᠦᠯᠳᠡᠷᠵᠢᠭᠦᠯᠵᠦ᠍᠂ ᠲᠦᠷᠦ᠍᠎ᠶ᠋ᠢᠨ ᠶᠠᠪᠤᠳᠠᠯ᠎ᠤᠨ ᠬᠤᠷᠢᠶ᠎ᠠ᠎ᠵᠢᠨ ᠪᠦᠷᠢᠯᠳᠦᠬᠦᠨ᠎ᠦ ᠬᠣᠯᠪᠣᠭ᠍ᠳᠠᠯ ᠪᠦᠬᠦᠢ ᠲᠣᠭ᠍ᠲᠠᠭᠠᠯ᠎ᠢ ᠲᠡᠭᠦᠯᠳᠡᠷᠵᠢᠭᠦᠯᠦᠨ᠂ ᠲᠦᠷᠦ᠍᠎ᠶ᠋ᠢᠨ ᠶᠠᠪᠤᠳᠠᠯ᠎ᠤᠨ ᠬᠤᠷᠢᠶ᠎ᠠ᠎ᠵᠢᠨ ᠪᠠᠢᠭᠤᠯᠤᠮᠵᠢ ᠵᠢᠴᠢ ᠲᠡᠭᠦᠨ᠎ᠦ ᠡᠷᠬᠡ ᠲᠤᠱᠢᠶᠠᠯ᠎ᠤᠨ ᠲᠤᠬᠠᠢ ᠬᠣᠯᠪᠣᠭ᠍ᠳᠠᠯ ᠪᠦᠬᠦᠢ ᠲᠣᠭ᠍ᠲᠠᠭᠠᠯ᠎ᠢ ᠲᠡᠭᠦᠯᠳᠡᠷᠵᠢᠭᠦᠯᠵᠦ᠍᠂ ᠲᠦᠷᠦ᠍᠎ᠶ᠋ᠢᠨ ᠶᠠᠪᠤᠳᠠᠯ᠎ᠤᠨ ᠬᠤᠷᠢᠶ᠎ᠠ᠎ᠵᠢᠨ ᠬᠤᠷᠠᠯ᠎ᠤᠨ ᠲᠦᠷᠢᠮ᠎ᠢ ᠲᠡᠭᠦᠯᠳᠡᠷᠵᠢᠭᠦᠯᠦᠨ᠂ ᠲᠦᠷᠦ᠍᠎ᠶ᠋ᠢᠨ ᠶᠠᠪᠤᠳᠠᠯ᠎ᠤᠨ ᠬᠤᠷᠢᠶ᠎ᠠ᠎ᠵᠢᠨ ᠬᠠᠤᠯᠢ ᠶᠣᠰᠣᠭᠠᠷ ᠡᠭᠦᠷᠭᠡ ᠲᠤᠱᠢᠶᠠᠯ᠎ᠢᠶᠠᠨ ᠪᠦᠬᠦ᠌ ᠲᠠᠯ᠎ᠠ᠎ᠪᠠᠷ ᠵᠥᠪ ᠭᠦᠢᠴᠡᠳᠭᠡᠬᠦ᠌ ᠲᠦᠷᠢᠮ᠎ᠦᠨ ᠠᠷᠭ᠎ᠠ ᠬᠡᠮᠵᠢᠶ᠎ᠡ᠎ᠶ᠋ᠢ ᠨᠡᠮᠡᠭ᠌ᠳᠡᠭᠦᠯᠬᠦ ᠵᠢ ᠪᠠᠬᠳᠠᠭᠠᠨᠠ ᠬᠡᠵᠥ ᠵᠢᠭᠠᠵᠥ ᠭᠠᠷᠭᠠᠪᠠ᠃
ᠲᠡᠷᠢᠭᠦᠯᠡᠭ᠌ᠴᠢᠳ᠎ᠦᠨ ᠲᠠᠢᠰᠠᠨ᠎ᠳᠤ ᠰᠠᠭᠠᠲᠠᠭᠰᠠᠳ ᠲᠤ᠌ ᠪᠠᠰᠠ᠄ ᠮᠠ ᠱᠢᠩ ᠷᠦᠢ᠂ ᠸᠠᠩ ᠢ᠂ ᠶᠢᠨ ᠯᠢ᠂ ᠱ᠌ᠢ᠎ᠲᠡᠶ ᠹᠧᠩ᠂ ᠯᠢᠦ ᠭᠦᠸᠧ ᠵᠦᠩ᠂ ᠯᠢ ᠭᠠᠨ ᠵᠢᠶᠧ᠂ ᠯᠢ ᠱᠤ᠌ ᠯᠸᠢ᠂ ᠾᠧ ᠸᠧᠶ ᠳ᠋ᠦᠩ᠂ ᠾᠧ ᠯᠢ ᠹᠧᠩ᠂ ᠵᠠᠩ ᠶᠢᠦ ᠱᠢᠶᠠ᠂ ᠵᠠᠩ ᠭᠦᠸᠧ ᠴᠢᠩ᠂ ᠴᠧᠨ ᠸᠸᠨ ᠴᠢᠩ᠂ ᠴᠧᠨ ᠵᠢᠶ ᠨᠢᠩ᠂ ᠴᠧᠨ ᠮᠢᠨ ᠡᠯ᠂ ᠶᠤᠸᠠᠨ ᠵᠢᠶᠠ ᠵᠢᠶᠦ᠋ᠨ᠂ ᠬᠤᠸᠠᠩ ᠺᠦᠨ ᠮᠢᠩ᠂ ᠯᠢᠦ᠍᠎ᠶ᠋ᠢᠨ ᠭᠦᠸᠧ᠂ ᠸᠠᠩ ᠱᠢᠶᠤᠤ ᠬᠣᠩ᠂ ᠡᠸ᠋ ᠵᠧᠩ ᠯᠦᠩ᠂ ᠱᠸᠨ ᠢ ᠴᠢᠨ᠂ ᠵᠠᠩ ᠵᠢᠶᠦ᠋ᠨ᠂ ᠶᠢᠩ ᠶᠦᠩ᠂ ᠬᠤ᠌ ᠴᠦᠨ ᠬᠤᠸᠠ᠂ ᠱᠧᠨ ᠶᠤᠸᠠᠢ ᠶᠤᠸᠠᠢ᠂ ᠸᠠᠩ ᠶᠦᠩ᠂ ᠵᠧᠸ᠋ ᠴᠢᠶᠠᠩ᠂ ᠫᠠᠪᠠᠯᠠ·ᠭᠧᠯᠢᠭ᠌ᠨᠡᠮᠵᠢᠯ᠂ ᠾᠧ ᠾᠧᠦ ᠬᠤᠸᠠ᠂ ᠯᠢᠶᠠᠩ ᠵᠧᠨ ᠶᠢᠩ᠂ ᠪᠠᠭᠠᠲᠤᠷ᠂ ᠰᠣ᠌ ᠬᠣᠶ᠂ ᠱᠤᠤ ᠬᠣᠩ᠂ ᠭᠤᠤ ᠶᠦᠨ ᠯᠦᠩ᠂ ᠴᠧᠨ ᠡᠣ᠂ ᠮᠣ᠌ ᠬᠣᠩ᠂ ᠱᠢᠶᠠᠨ ᠬᠣᠶ᠂ ᠸᠠᠩ ᠳ᠋ᠦᠩ ᠹᠧᠩ᠂ ᠵᠢᠶᠠᠩ ᠱᠢᠨ ᡁᠢ᠂ ᠵᠢᠶᠠᠩ ᠽᠦᠸᠧ ᠵᠢᠶᠦ᠋ᠨ᠂ ᠾᠧ ᠪᠦᠦ ᠱᠢᠶᠠᠩ᠂ ᠸᠠᠩ ᠭᠤᠸᠠᠩ ᠴᠢᠶᠠᠨ᠂ ᠴᠢᠨ ᠪᠥᠸᠧ ᠶᠦᠩ᠂ ᠵᠣ᠌ ᠶᠦᠩ ᠱᠢᠨ᠂ ᠶᠠᠩ ᠵᠧᠨ ᠵᠢᠴᠢ ᠲᠥᠪ᠎ᠦᠨ ᠴᠡᠷᠢᠭ᠎ᠦᠨ ᠶᠠᠪᠤᠳᠠᠯ᠎ᠤᠨ ᠬᠤᠷᠢᠶ᠎ᠠ᠎ᠵᠢᠨ ᠭᠡᠱᠢᠭᠦᠨ ᠯᠢᠦ ᠵᠧᠨ ᠯᠢ᠂ ᠵᠠᠩ ᠱᠧᠩ ᠮᠢᠨᠨᠡᠷ ᠪᠤᠢ᠃
ᠱᠢᠶᠠᠩᠭᠠᠩ ᠣᠨᠴᠠᠭᠠᠢ ᠵᠠᠰᠠᠭ ᠵᠠᠬᠢᠷᠭᠠᠨ᠎ᠤ ᠣᠷᠣᠨ᠎ᠤ ᠵᠠᠰᠠᠭ ᠵᠠᠬᠢᠷᠭᠠᠨ᠎ᠤ ᠳᠠᠷᠤᠭ᠎ᠠ ᠯᠢ ᠵᠢᠶᠠ ᠴᠤᠤ᠂ ᠣᠣᠮᠧᠨ ᠣᠨᠴᠠᠭᠠᠢ ᠵᠠᠰᠠᠭ ᠵᠠᠬᠢᠷᠭᠠᠨ᠎ᠤ ᠣᠷᠣᠨ᠎ᠤ ᠵᠠᠰᠠᠭ ᠵᠠᠬᠢᠷᠭᠠᠨ᠎ᠤ ᠳᠠᠷᠤᠭ᠎ᠠ ᠾᠧ ᠢ ᠴᠧᠩ ᠬᠤᠷᠠᠯ᠎ᠳᠤ ᠰᠤᠯᠠ ᠣᠷᠣᠯᠴᠠᠭ᠍ᠰᠠᠨ ᠪᠥᠭᠡᠳ ᠲᠡᠷᠢᠭᠦᠯᠡᠭ᠌ᠴᠢᠳ ᠤ᠋ᠨ ᠲᠠᠢᠰᠠᠨ᠎ᠳᠤ ᠰᠠᠭᠠᠲᠠᠪᠠ᠃
ᠪᠦᠬᠦ᠌ ᠤᠯᠤᠰ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠦ ᠠᠷᠪᠠᠨ ᠳᠥᠷᠪᠡᠳᠦᠭᠡᠷ ᠬᠤᠭᠤᠴᠠᠭᠠᠨ᠎ᠤ ᠬᠤᠷᠢᠶ᠎ᠠ᠎ᠵᠢᠨ ᠬᠣᠶᠠᠳᠤᠭᠠᠷ ᠬᠤᠷᠠᠯ᠎ᠳᠤ ᠣᠷᠣᠯᠴᠠᠵᠤ ᠪᠠᠢᠭ᠎ᠠ ᠤᠯᠤᠰ ᠲᠦᠷᠦ᠍᠎ᠶ᠋ᠢᠨ ᠵᠥᠪᠯᠡᠯᠭᠡᠨ᠎ᠦ ᠭᠡᠱᠢᠭᠦᠳ ᠶᠡᠬᠡ ᠬᠤᠷᠠᠯ᠎ᠳᠤ ᠰᠤᠯᠠ ᠣᠷᠣᠯᠴᠠᠵᠠᠢ᠃
ᠲᠥᠪ᠎ᠦᠨ ᠪᠠ ᠲᠦᠷᠦ᠍᠎ᠶ᠋ᠢᠨ ᠪᠠᠢᠭᠤᠯᠭ᠎ᠠ᠎ᠶ᠋ᠢᠨ ᠬᠣᠯᠪᠣᠭ᠍ᠳᠠᠯ ᠪᠦᠬᠦᠢ ᠰᠠᠯᠠᠭ᠎ᠠ ᠮᠥᠴᠢᠷ᠂ ᠴᠢᠯᠥᠭᠡᠯᠡᠬᠦ᠌ ᠴᠡᠷᠢᠭ᠎ᠦᠨ ᠬᠣᠯᠪᠣᠭ᠍ᠳᠠᠯ ᠪᠦᠬᠦᠢ ᠨᠢᠭᠡᠴᠢ ᠪᠣᠯᠤᠨ ᠵᠡᠪᠰᠡᠭ᠌ᠲᠦ ᠴᠠᠭ᠍ᠳᠠᠭ᠎ᠠ᠎ᠶ᠋ᠢᠨ ᠴᠡᠷᠢᠭ ᠠᠩᠭᠢ᠂ ᠡᠯ᠎ᠡ ᠠᠷᠠᠳ᠎ᠤᠨ ᠪᠦᠯᠬᠦᠮ᠎ᠦᠨ ᠬᠣᠯᠪᠣᠭ᠍ᠳᠠᠯ ᠪᠦᠬᠦᠢ ᠬᠠᠷᠢᠭᠤᠴᠠᠯᠭᠠᠲᠠᠨ ᠶᠡᠬᠡ ᠬᠤᠷᠠᠯ᠎ᠳᠤ ᠰᠤᠯᠠ ᠣᠷᠣᠯᠴᠠᠭ᠍ᠰᠠᠨ ᠪᠤᠶᠤ ᠶᠡᠬᠡ ᠬᠤᠷᠠᠯ᠎ᠢ ᠰᠤᠯᠠ ᠰᠣᠨᠣᠰᠴᠠᠢ᠃
ᠳᠤᠮᠳᠠᠳᠤ ᠤᠯᠤᠰ᠎ᠲᠤ ᠰᠠᠭᠤᠭ᠎ᠠ ᠭᠠᠳᠠᠭᠠᠳᠤ᠎ᠶ᠋ᠢᠨ ᠡᠯᠴᠢᠨ ᠰᠠᠢᠳ ᠶᠡᠬᠡ ᠬᠤᠷᠠᠯ᠎ᠢ ᠰᠤᠯᠠ ᠰᠣᠨᠣᠰᠪᠠ᠃
(ᠱᠢᠨᠬᠤᠸᠠ ᠬᠣᠷᠢᠶ᠎ᠠ ᠵᠢᠨ ᠪᠡᠭᠡᠵᠢᠩ᠎ᠦᠨ 3 ᠰᠠᠷ᠎ᠠ᠎ᠶ᠋ᠢᠨ 5 ᠤ᠋ ᠴᠠᠬᠢᠯᠭᠠᠨ ᠮᠡᠳᠡᠭᠡ)
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠣᠷᠬᠢᠯ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃