2024ᠤᠨ᠎ᠤ᠋ ᠪᠦᠬᠦ ᠤᠯᠤᠰ᠎ᠤ᠋ᠨ ᠬᠣᠶᠠᠷ ᠬᠤᠷᠠᠯ > ᠮᠡᠳᠡᠭᠡᠯᠡᠯ

2024-03-06 10:35:29

ᠵᠣᠬᠢᠶᠠᠭ᠍ᠴᠢ᠄ ᠯᠢ ᠬᠠᠨ ᠣᠩᠱᠢᠭ᠍ᠰᠠᠨ ᠣᠳᠠᠭ᠎ᠠ᠄ 3

3 ᠰᠠᠷ᠎ᠠ᠎ᠶ᠋ᠢᠨ 5 ᠤ᠋ ᠦᠳᠡ᠎ᠶ᠋ᠢᠨ ᠬᠣᠢᠨ᠎ᠠ᠂ ᠨᠠᠮ᠎ᠤᠨ ᠲᠥᠪ ᠬᠤᠷᠢᠶ᠎ᠠ ᠵᠢᠨ ᠤᠯᠤᠰ ᠲᠦᠷᠦ᠍᠎ᠶ᠋ᠢᠨ ᠲᠣᠪᠴᠢᠶ᠎ᠠ ᠵᠢᠨ ᠭᠡᠱᠢᠭᠦᠨ᠂ ᠲᠦᠷᠦ᠍᠎ᠶ᠋ᠢᠨ ᠶᠠᠪᠤᠳᠠᠯ᠎ᠤᠨ ᠬᠤᠷᠢᠶ᠎ᠠ ᠵᠢᠨ ᠳᠡᠳ᠋ ᠶᠡᠷᠦᠩᠬᠡᠢ ᠰᠠᠢᠳ ᠾᠧ ᠯᠢ ᠹᠸᠩ ᠲᠡᠭᠦᠨ᠎ᠦ ᠪᠠᠢᠭ᠎ᠠ ᠥᠪᠥᠷ ᠮᠣᠩᠭᠣᠯ᠎ᠤᠨ ᠲᠥᠯᠥᠭᠡᠯᠡᠭ᠌ᠴᠢᠳ᠎ᠦᠨ ᠪᠦᠯᠬᠦᠮ᠎ᠦᠨ ᠬᠢᠨᠠᠨ ᠵᠥᠪᠯᠡᠬᠦ᠌᠎ᠳᠦ ᠣᠷᠣᠯᠴᠠᠪᠠ᠃

ᠾᠧ ᠯᠢ ᠹᠸᠩ ᠬᠢᠨᠠᠨ ᠵᠥᠪᠯᠡᠬᠦ᠌᠎ᠳᠡᠭᠡᠨ᠂ ᠵᠠᠰᠠᠭ᠎ᠤᠨ ᠣᠷᠳᠣᠨ᠎ᠤ ᠠᠵᠢᠯ᠎ᠤᠨ ᠢᠯᠡᠳᠭᠡᠯ᠎ᠢ ᠪᠦᠷᠢᠮᠦᠰᠦᠨ ᠵᠥᠪᠱᠢᠶᠡᠷᠡᠵᠤ ᠪᠠᠢᠨ᠎ᠠ᠃ ᠥᠩᠭᠡᠷᠡᠭ᠌ᠰᠡᠨ ᠨᠢᠭᠡ ᠵᠢᠯ᠎ᠳᠦ᠂ ᠰᠢ ᠵᠢᠨ ᠫᠢᠩ ᠨᠥᠬᠥᠷ᠎ᠢᠶᠡᠷ ᠭᠣᠣᠯ ᠪᠣᠯᠭᠠᠭ᠍ᠰᠠᠨ ᠨᠠᠮ᠎ᠤᠨ ᠲᠥᠪ ᠬᠣᠷᠢᠢ᠎ᠠ ᠪᠦᠬᠦ᠌ ᠤᠯᠤᠰ᠎ᠤᠨ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠢ ᠪᠦᠯᠬᠦᠮᠳᠡᠭᠦᠯᠦᠨ ᠳᠠᠭᠠᠭᠤᠯᠵᠤ᠂ ᠦᠨᠡᠨ ᠬᠦ᠌ ᠠᠳᠭᠤᠨ ᠪᠣᠳᠠᠲᠠᠢ ᠠᠵᠢᠯᠯᠠᠵᠤ᠂ ᠵᠣᠷᠢᠭ᠍ᠲᠠᠢ ᠤᠷᠤᠭ᠍ᠰᠢᠯᠠᠵᠤ᠂ ᠠᠵᠤ ᠠᠬᠤᠢ ᠨᠡᠢᠭᠡᠮ᠎ᠦᠨ ᠬᠥᠭ᠌ᠵᠢᠯᠲᠡ᠎ᠶ᠋ᠢᠨ ᠭᠣᠣᠯ ᠬᠠᠷᠠᠯᠲᠠ ᠡᠭᠦᠷᠭᠡ᠎ᠶ᠋ᠢ ᠲᠡᠭᠦᠰ ᠠᠮᠵᠢᠯᠲᠠ᠎ᠲᠠᠶ ᠪᠡᠶᠡᠯᠡᠭᠦᠯᠪᠡ᠃ ᠡᠨᠡ ᠵᠢᠯ᠎ᠦᠨ ᠠᠵᠢᠯ᠎ᠢ ᠰᠠᠢᠲᠤᠷ ᠬᠢᠬᠦ᠌᠎ᠳᠦ᠂ ᠰᠢ ᠵᠢᠨ ᠫᠢᠩ᠎ᠦᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠲᠠᠶ ᠨᠡᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠣᠭᠣᠳᠣᠯᠭ᠎ᠠ ᠪᠣᠯᠭᠠᠬᠤ᠎ᠶ᠋ᠢ ᠪᠠᠷᠢᠮᠲᠠᠯᠠᠵᠤ᠂ ᠲᠥᠪ᠎ᠦᠨ ᠠᠵᠤ ᠠᠬᠤᠶ᠎ᠶ᠋ᠢᠨ ᠠᠵᠢᠯ᠎ᠤᠨ ᠬᠤᠷᠠᠯ᠎ᠤᠨ ᠵᠣᠷᠢᠭ ᠰᠠᠨᠠᠭ᠎ᠠ᠎ᠶ᠋ᠢ ᠨᠠᠷᠢᠨ ᠬᠢᠨᠠᠮᠠᠭᠠᠶ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ ᠱᠢᠨ᠎ᠡ ᠬᠥᠭ᠌ᠵᠢᠯᠲᠡ᠎ᠶ᠋ᠢᠨ ᠣᠢᠯᠠᠭᠠᠭ᠍ᠳᠠᠬᠤᠨ᠎ᠢ ᠪᠦᠷᠢᠨ ᠪᠦᠲᠦᠨ᠂ ᠵᠦᠪ ᠣᠨᠣᠪᠴᠢᠲᠠᠶ᠂ ᠪᠥᠬᠥ᠌ ᠲᠠᠯ᠎ᠠ᠎ᠪᠠᠷ ᠲᠤᠭᠤᠱᠢᠯᠠᠭᠤᠯᠵᠤ᠂ ᠱᠢᠨ᠎ᠡ ᠬᠥᠭ᠌ᠵᠢᠯᠲᠡ᠎ᠶ᠋ᠢᠨ ᠪᠠᠢᠷᠢᠱᠢᠯ᠎ᠢ ᠲᠦᠷᠭᠡᠳᠭᠡᠨ ᠪᠠᠢᠭᠤᠯᠵᠤ᠂ ᠱᠢᠨ᠎ᠡ ᠴᠢᠨᠠᠷ ᠪᠦᠬᠦᠢ ᠦᠶ᠋ᠯᠡᠳᠪᠦᠷᠢᠯᠡᠯ᠎ᠦᠨ ᠬᠦᠴᠦᠨ᠎ᠢ ᠬᠥᠭ᠌ᠵᠢᠭᠦᠯᠬᠦ᠌᠎ᠪᠡᠷ ᠴᠢᠬᠤᠯᠠ ᠬᠦᠴᠦᠯᠡᠬᠦ᠌ ᠴᠡᠭ ᠪᠣᠯᠭᠠᠵᠤ᠂ ᠴᠢᠨᠠᠷ ᠰᠠᠢᠲᠠᠶ ᠬᠥᠭ᠌ᠵᠢᠯᠲᠡ᠎ᠶ᠋ᠢ ᠯᠠᠪᠳᠠᠭᠤᠨ ᠪᠠᠲᠤᠲᠠᠶ ᠠᠬᠢᠭᠤᠯᠬᠤ ᠬᠡᠷᠡᠭ᠌ᠲᠡᠶ᠃ ᠥᠪᠥᠷ ᠮᠣᠩᠭᠣᠯ᠎ᠤᠨ ᠬᠢᠨ ᠶᠡᠷᠦᠩᠬᠡᠶ ᠱᠦᠵᠢ ᠰᠢ ᠵᠢᠨ ᠫᠢᠩ᠎ᠦᠨ ᠴᠢᠬᠤᠯᠠ ᠵᠢᠭᠠᠪᠤᠷᠢ᠎ᠶ᠋ᠢ ᠭᠦᠨᠵᠡᠭᠡᠶ ᠰᠤᠷᠤᠯᠴᠠᠨ ᠣᠢᠯᠠᠭᠠᠵᠤ᠂ ᠨᠠᠮ᠎ᠤᠨ ᠲᠥᠪ ᠬᠤᠷᠢᠶ᠎ᠠ ᠵᠢᠨ ᠥᠪᠥᠷ ᠮᠣᠩᠭᠣᠯ᠎ᠤᠨ ᠲᠤᠬᠠᠶ ᠪᠠᠢᠯᠳᠤᠬᠤ ᠪᠣᠳᠣᠯᠭ᠎ᠠ᠎ᠶ᠋ᠢᠨ ᠪᠠᠢᠷᠢ ᠲᠣᠭ᠍ᠲᠠᠭᠠᠯᠲᠠ᠎ᠶ᠋ᠢ ᠪᠠᠲᠤ ᠡᠵᠡᠮᠳᠡᠵᠦ᠍᠂ ᠠᠮᠢ ᠠᠬᠤᠶ᠎ᠶ᠋ᠢ ᠤᠷᠢᠳ᠎ᠢᠶᠠᠷ ᠪᠣᠳᠣᠯᠬᠢᠯᠠᠬᠤ᠂ ᠪᠣᠬᠢᠷᠲᠤᠯ ᠥᠬᠡᠶ ᠪᠠᠷ ᠬᠥᠭ᠌ᠵᠢᠭᠦᠯᠬᠦ᠌᠎ᠶ᠋ᠢ ᠪᠠᠷᠢᠮᠲᠠᠯᠠᠵᠤ᠂ 《ᠬᠣᠶᠠᠷ ᠬᠠᠯᠬᠠᠪᠴᠢ》᠂ 《 ᠬᠣᠶᠠᠷ ᠰᠠᠭᠤᠷᠢᠨ》᠂ 《 ᠨᠢᠭᠡ ᠪᠡᠬᠢᠯᠡᠯᠲᠡ》 ᠎ᠶ᠋ᠢ ᠪᠥᠲᠥᠭᠡᠨ ᠪᠠᠢᠭᠤᠯᠬᠤ ᠲᠠᠯ᠎ᠠ ᠪᠡᠷ ᠱᠢᠨ᠎ᠡ ᠵᠢᠳᠬᠦᠯ ᠴᠢᠷᠮᠠᠢᠯᠭ᠎ᠠ ᠭᠠᠷᠭᠠᠵᠤ ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢᠨ ᠥᠪᠥᠷ ᠮᠣᠩᠭᠣᠯ᠎ᠤᠨ ᠱᠢᠨ᠎ᠡ ᠬᠠᠭᠤᠳᠠᠰᠤ᠎ᠶ᠋ᠢ ᠴᠢᠷᠮᠠᠢᠨ ᠪᠢᠴᠢᠭ᠌ᠯᠡᠬᠦ᠌ ᠬᠡᠷᠡᠭ᠌ᠲᠡᠶ ᠭᠡᠵᠡᠢ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠰᠠᠢᠨ᠎ᠠ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面