2024-03-06 10:47:14
ᠵᠠᠩ ᠶᠠᠨ ᠺᠦᠨ ᠣᠷᠣᠯᠴᠠᠪᠠ
3 ᠰᠠᠷ᠎ᠠ᠎ᠶ᠋ᠢᠨ 5 ᠤ᠋ ᠦᠳᠡ᠎ᠶ᠋ᠢᠨ ᠬᠣᠢᠨ᠎ᠠ᠂ ᠮᠠᠨ ᠤ᠋ ᠤᠷᠤᠨ ᠳ᠋ᠤ ᠰᠠᠭᠤᠭ᠎ᠠ ᠪᠦᠬᠦ᠌ ᠤᠯᠤᠰ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠦ ᠭᠡᠱᠢᠭᠦᠳ ᠥᠪᠡᠷ ᠥᠪᠡᠷᠰᠡᠳ᠎ᠦᠨ ᠪᠠᠢᠭ᠎ᠠ ᠡᠲᠡᠭᠡᠳ ᠢᠯᠭᠠᠯ᠎ᠤᠨ ᠳᠤᠭᠤᠢᠯᠠᠩ᠎ᠳᠠᠭᠠᠨ ᠪᠦᠬᠦ᠌ ᠤᠯᠤᠰ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠦ ᠪᠠᠢᠩᠭᠤ᠎ᠶ᠋ᠢᠨ ᠬᠣᠷᠢᠶ᠎ᠠ ᠵᠢᠨ ᠠᠵᠢᠯ ᠤᠨ ᠮᠡᠳᠡᠭᠦᠯᠦᠯᠲᠡ ᠪᠠ ᠰᠠᠨᠠᠯ ᠳᠤᠷᠠᠳᠤᠯᠭ᠎ᠠ᠎ᠶ᠋ᠢᠨ ᠠᠵᠢᠯ᠎ᠤᠨ ᠪᠠᠢᠳᠠᠯ᠎ᠤᠨ ᠳᠤᠬᠠᠢ ᠮᠡᠳᠡᠭᠦᠯᠦᠯᠲᠡ᠎ᠶ᠋ᠢ ᠬᠢᠨᠠᠨ ᠵᠥᠪᠯᠡᠪᠡ᠃ ᠪᠦᠬᠦ᠌ ᠤᠯᠤᠰ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠦ ᠭᠡᠱᠢᠭᠦᠨ᠂ ᠥᠪᠡᠷᠲᠡᠭᠡᠨ ᠵᠠᠰᠠᠬᠤ ᠣᠷᠣᠨ᠎ᠤ ᠤᠯᠤᠰ ᠲᠦᠷᠦ᠍᠎ᠶ᠋ᠢᠨ ᠵᠥᠪᠯᠡᠯᠭᠡᠨ᠎ᠦ ᠲᠡᠷᠢᠭᠦᠯᠡᠭ᠌ᠴᠢ ᠵᠠᠩ ᠶᠠᠨ ᠺᠦᠨ ᠬᠢᠨᠠᠨ ᠵᠥᠪᠯᠡᠬᠦ᠌᠎ᠳᠦ ᠣᠷᠣᠯᠴᠠᠭ᠍ᠰᠠᠨ ᠪᠥᠭᠡᠳ ᠦᠭᠡ ᠬᠡᠯᠡᠵᠡᠢ᠃
ᠵᠠᠩ ᠶᠠᠨ ᠺᠦᠨ ᠦᠬᠡ ᠬᠡᠯᠡᠬᠦ ᠳ᠋ᠡᠬᠡᠨ᠂ ᠲᠡᠷᠢᠭᠦᠯᠡᠭ᠌ᠴᠢ ᠸᠠᠩ ᠬ᠍ᠤ ᠨᠢᠩ᠎ᠦᠨ ᠬᠢᠭ᠌ᠰᠡᠨ ᠮᠡᠳᠡᠬᠦᠯᠦᠯᠳᠡ ᠨᠢ ᠥᠩᠭᠡᠷᠡᠭ᠌ᠰᠡᠨ ᠨᠢᠭᠡ ᠵᠢᠯ᠎ᠦᠨ ᠠᠵᠢᠯ᠎ᠢ ᠳ᠋ᠦᠩᠨᠡᠬᠦ ᠳ᠋ᠡᠬᠡᠨ ᠦᠨᠡᠨ᠎ᠢ ᠪᠠᠷᠢᠮᠲᠠᠯᠠᠨ ᠪᠣᠳᠠᠲᠠᠢ᠎ᠶ᠋ᠢ ᠡᠷᠬᠢᠮᠯᠡᠵᠦ᠍᠂ ᠪᠤᠰᠤᠳᠴᠢ ᠪᠦᠬᠡᠳ ᠪᠦᠬᠦ᠌ ᠲᠠᠯ᠎ᠠ᠎ᠶ᠋ᠢᠨ ᠪᠠᠢᠵᠤ᠂ ᠡᠨᠡ ᠵᠢᠯ᠎ᠦᠨ ᠠᠵᠢᠯ ᠢ᠋ ᠪᠠᠢᠷᠢᠯᠠᠭᠤᠯᠬᠤ ᠳ᠋ᠠᠭᠠᠨ ᠬᠠᠷᠠᠯᠲᠠ ᠲᠣᠳᠣᠷᠬᠠᠢ ᠂ ᠭᠣᠣᠯᠳᠠᠯᠭ᠎ᠠ ᠲᠤᠪᠤᠢ᠌ᠮ᠎ᠠ ᠪᠠᠢᠵᠤ᠂ ᠲᠤᠭ᠎ᠢ ᠥᠨᠳᠥᠷ ᠮᠠᠨᠳᠤᠭᠤᠯᠵᠤ᠂ ᠡᠭᠦᠷᠭᠡ ᠬᠠᠷᠢᠭᠤᠴᠠᠯᠭ᠎ᠠ᠎ᠪᠠᠨ ᠪᠠᠲᠤ ᠴᠡᠭᠡᠵᠢᠯᠡᠵᠤ᠂ ᠬᠥᠮᠦᠰ᠎ᠦᠨ ᠰᠡᠳᠭᠢᠯ᠎ᠢ ᠨᠢᠭ᠍ᠲᠠᠷᠠᠭᠤᠯᠵᠤ᠂ ᠲᠥᠪ ᠶᠣᠰᠣ᠎ᠶ᠋ᠢ ᠪᠠᠷᠢᠮᠲᠠᠯᠠᠨ ᠱᠢᠨ᠎ᠡ᠎ᠶ᠋ᠢ ᠡᠭᠦᠳᠴᠤ᠂ ᠬᠥᠮᠦᠰ᠎ᠢ ᠤᠷᠮᠠᠱᠢᠭᠤᠯᠤᠨ ᠵᠣᠷᠢᠭ᠍ᠵᠢᠭᠤᠯᠤᠭ᠍ᠰᠠᠨ ᠰᠠᠢ᠌ᠨ ᠮᠡᠳᠡᠬᠦᠯᠦᠯᠳᠡ ᠪᠣᠯᠵᠠᠢ ᠬᠡᠪᠡ᠃
ᠵᠠᠩ ᠶᠠᠨ ᠺᠦᠨ᠂ ᠥᠩᠭᠡᠷᠡᠭ᠌ᠰᠡᠨ ᠨᠢᠭᠡ ᠵᠢᠯ᠎ᠳᠦ ᠪᠥᠬᠥ᠌ ᠤᠯᠤᠰ᠎ᠤᠨ ᠤᠯᠤᠰ ᠲᠥᠷᠥ᠎ᠶ᠋ᠢᠨ ᠵᠥᠪᠯᠡᠯᠭᠡᠨ ᠤᠯᠤᠰ ᠲᠥᠷᠥ᠎ᠶ᠋ᠢᠨ ᠵᠥᠪᠯᠡᠯᠭᠡᠨ᠎ᠦ ᠠᠵᠢᠯ᠎ᠳᠠᠬᠢ ᠨᠠᠮ᠎ᠤᠨ ᠪᠥᠬᠥ᠌ ᠲᠠᠯ᠎ᠠ᠎ᠶ᠋ᠢᠨ ᠤᠳᠤᠷᠢᠳᠤᠯᠭ᠎ᠠ᠎ᠶ᠋ᠢ ᠢᠮᠠᠭ᠍ᠲᠠ ᠪᠠᠷᠢᠮᠲᠠᠯᠠᠵᠤ᠂ ᠨᠠᠮ ᠪᠣᠯᠤᠨ ᠤᠯᠤᠰ᠎ᠤᠨ ᠭᠤᠤᠯ ᠠᠵᠢᠯ ᠪᠠ ᠶᠡᠬᠡ ᠲᠠᠯ᠎ᠠ᠎ᠳᠤ ᠦᠶ᠋ᠯᠡᠴᠢᠯᠡᠬᠦ᠌ ᠬᠠᠷᠢᠭᠤᠴᠠᠯᠭ᠎ᠠ ᠡᠭᠦᠷᠭᠡᠯᠡᠯ ᠵᠢᠳᠬᠦᠯ ᠴᠢᠷᠮᠠᠢᠯᠭ᠎ᠠ᠎ᠶ᠋ᠢ ᠭᠦᠶ᠋ᠴᠡᠳ ᠢᠯᠡᠷᠡᠭᠦᠯᠵᠦ᠍᠂ ᠨᠢᠭᠡᠳᠦᠮᠡᠯ ᠹᠷᠣᠨᠲ᠎ᠤᠨ ᠦᠢᠯᠡᠳᠦᠯ ᠴᠢᠳᠠᠮᠵᠢ ᠶ᠋ᠢᠨ ᠠᠮᠢᠳᠤᠯᠢᠭ ᠦᠶ᠋ᠯᠡᠳᠦᠯᠭᠡ᠎ᠶ᠋ᠢ ᠨᠠᠩ ᠳᠣᠪᠣᠢᠯᠭᠠᠵᠤ᠂ ᠪᠠᠢᠭᠤᠯᠤᠯ ᠲᠣᠭ᠍ᠲᠠᠴᠠ᠎ᠶ᠋ᠢᠨ ᠬᠦᠴᠦᠷᠬᠡᠭ ᠶᠡᠬᠡ ᠦᠷ᠎ᠡ ᠠᠰᠢᠭ ᠢ ᠬᠦᠴᠦᠲᠡᠶ ᠪᠠᠳᠠᠷᠠᠭᠤᠯᠵᠤ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠳᠤ ᠦᠶ᠋ᠯᠡᠴᠢᠯᠡᠬᠦ᠌ 《ᠤᠯᠤᠰ ᠲᠥᠷᠥ᠎ᠶ᠋ᠢᠨ ᠵᠥᠪᠯᠡᠯᠭᠡᠨ᠎ᠦ ᠬᠠᠷᠢᠭᠤᠯᠳᠠ ᠵᠢᠨ ᠬᠠᠭᠤᠳᠠᠰᠤ》 ᠵᠢ ᠲᠤᠱᠢᠶᠠᠵᠤ᠂ ᠣᠷᠣᠨ ᠨᠤᠲᠤᠭ᠎ᠤᠨ ᠤᠯᠤᠰ ᠲᠥᠷᠥ᠎ᠶ᠋ᠢᠨ ᠵᠥᠪᠯᠡᠯᠭᠡᠨ᠎ᠳᠦ ᠬᠡᠪ ᠲᠦᠷᠢᠮ ᠪᠤᠯᠵᠥ᠂ ᠥᠯᠢᠭᠡᠷ ᠳᠠᠭᠤᠷᠢᠶᠠᠯ ᠦᠵᠡᠭᠦᠯᠪᠡ; ᠡᠨᠡ ᠵᠢᠯ᠎ᠦᠨ ᠠᠵᠢᠯ᠎ᠤᠨ ᠲᠤᠬᠢᠷᠠᠭᠤᠯᠤᠯᠳᠠ᠎ᠳᠤ᠂ 《ᠭᠤᠷᠪᠠᠨ ᠶᠡᠬᠡ ᠡᠭᠦᠷᠭᠡ ᠲᠤᠱᠢᠶᠠᠯ᠎ᠢᠶᠠᠨ ᠭᠦᠢᠴᠡᠳᠭᠡᠬᠦ᠌ ᠲᠥᠯᠥᠪᠯᠡᠭᠡ 》ᠵᠢ ᠨᠢᠭᠡ ᠴᠤᠬ᠍ᠴᠠᠵᠢᠭᠤᠯᠤᠨ ᠲᠥᠯᠥᠪᠵᠢᠭᠦᠯᠵᠦ᠍᠂ ᠨᠢᠭᠡ ᠴᠤᠬ᠍ᠴᠠᠵᠢᠭᠤᠯᠤᠨ ᠠᠬᠢᠭᠤᠯᠵᠤ᠂ ᠨᠢᠭᠡ ᠴᠤᠬ᠍ᠴᠠᠵᠢᠭᠤᠯᠤᠨ ᠨᠠᠢᠳᠠᠪᠤᠷᠢᠵᠢᠭᠤᠯᠵᠤ᠂ ᠣᠷᠣᠨ ᠨᠤᠲᠤᠭ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠦ ᠠᠵᠢᠯ᠎ᠤᠨ ᠶᠠᠰᠤ ᠴᠢᠨᠠᠷ ᠦᠷ᠎ᠡ ᠪᠦᠲᠦᠮᠵᠢ ᠵᠢ ᠳᠡᠭᠡᠭ᠌ᠰᠢᠯᠡᠭᠦᠯᠬᠦ᠌᠎ᠳᠦ ᠴᠢᠬᠤᠯᠠ ᠵᠢᠯᠤᠭᠤᠳᠤᠮᠵᠢ ᠬᠠᠩᠭᠠᠵᠠᠢ ᠬᠡᠪᠡ᠃
ᠭᠡᠱᠢᠭᠦᠳ ᠦᠬᠡ ᠬᠡᠯᠡᠬᠦ ᠳ᠋ᠡᠬᠡᠨ᠂ ᠤᠯᠤᠰ ᠲᠦᠷᠦ᠍᠎ᠶ᠋ᠢᠨ ᠵᠥᠪᠯᠡᠯᠭᠡᠨ᠎ᠦ ᠪᠠᠢᠩᠭᠤ᠎ᠶ᠋ᠢᠨ ᠬᠣᠷᠢᠶ᠎ᠠ ᠵᠢᠨ ᠠᠵᠢᠯ᠎ᠤᠨ ᠮᠡᠳᠡᠬᠦᠯᠦᠯᠳᠡ ᠪᠣᠯᠤᠨ ᠰᠠᠨᠠᠯ ᠳᠤᠷᠠᠳᠤᠯᠭ᠎ᠠ᠎ᠶ᠋ᠢᠨ ᠠᠵᠢᠯ᠎ᠤᠨ ᠪᠠᠢᠳᠠᠯ᠎ᠤᠨ ᠳᠤᠬᠠᠢ ᠮᠡᠳᠡᠭᠦᠯᠦᠯᠲᠡ ᠨᠢ ᠪᠦᠬᠦ᠌ ᠤᠯᠤᠰ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠦ ᠡᠬᠢᠯᠡᠯᠲᠡ᠎ᠶ᠋ᠢᠨ ᠵᠢᠯ᠎ᠦᠨ ᠱᠢᠨ᠎ᠡ ᠦᠷ᠎ᠡ ᠪᠦᠲᠦᠮᠵᠢ᠎ᠶ᠋ᠢ ᠭᠦᠢᠴᠡᠳ ᠢᠯᠡᠷᠡᠭᠦᠯᠵᠥ᠂ ᠡᠨᠡ ᠵᠢᠯ᠎ᠦᠨ ᠡᠭᠦᠷᠭᠡ ᠲᠤᠱᠢᠶᠠᠯ᠎ᠢᠶᠠᠨ ᠭᠦᠶ᠋ᠴᠡᠳᠭᠡᠬᠦ᠌ ᠠᠵᠢᠯ᠎ᠤᠨ ᠴᠢᠭ᠌ᠯᠡᠯ ᠪᠠ ᠭᠤᠤᠯᠳᠠᠯᠭ᠎ᠠ᠎ᠶ᠋ᠢ ᠲᠣᠳᠣᠷᠬᠠᠢᠯᠠᠪᠠ᠂ ᠥᠪᠥᠷ ᠮᠣᠩᠭᠣᠯ᠎ᠳᠤ ᠰᠠᠭᠤᠭ᠎ᠠ ᠪᠥᠬᠥ᠌ ᠤᠯᠤᠰ᠎ᠤᠨ ᠤᠯᠤᠰ ᠲᠥᠷᠥ᠎ᠶ᠋ᠢᠨ ᠵᠥᠪᠯᠡᠯᠭᠡᠨ᠎ᠦ ᠭᠡᠱᠢᠭᠦᠨ ᠪᠣᠯᠤᠭ᠍ᠰᠠᠨ᠎ᠤ ᠬᠤᠪᠢ᠎ᠳᠤ᠂ ᠯᠠᠪᠳᠠᠢ ᠬᠣᠶᠠᠷ ᠮᠡᠳᠡᠭᠦᠯᠦᠯᠲᠡ᠎ᠶ᠋ᠢᠨ ᠵᠣᠷᠢᠭ ᠰᠠᠨᠠᠭ᠎ᠠ᠎ᠶ᠋ᠢ ᠰᠠᠢᠲᠤᠷ ᠰᠤᠷᠤᠯᠴᠠᠨ ᠣᠢᠯᠠᠭᠠᠵᠤ᠂ ᠠᠷᠠᠳᠴᠢᠯᠠᠯ᠎ᠢ ᠪᠠᠳᠠᠷᠠᠭᠤᠯᠬᠤ ᠪᠠ ᠪᠦᠯᠬᠦᠮᠳᠡᠯ᠎ᠢ ᠴᠢᠩᠭᠠᠳᠭᠠᠬᠤ᠎ᠶ᠋ᠢ ᠬᠠᠷᠢᠯᠴᠠᠨ ᠨᠡᠪᠲᠡᠷᠡᠯᠴᠡᠭᠦᠯᠬᠦ᠂ ᠠᠷᠭ᠎ᠠ ᠤᠬᠠᠭᠠᠨ ᠭᠠᠷᠭᠠᠵᠤ ᠵᠠᠰᠠᠭ᠎ᠲᠤ ᠲᠤᠰᠠᠯᠠᠬᠤ ᠪᠠ ᠬᠠᠮᠲᠤ᠎ᠶ᠋ᠢᠨ ᠲᠠᠨᠢᠯᠲᠠ᠎ᠶ᠋ᠢ ᠨᠢᠭ᠍ᠲᠠᠷᠠᠭᠤᠯᠬᠤ ᠬᠤᠤᠰ ᠴᠢᠭ᠌ᠯᠡᠯ᠎ᠢᠶᠡᠷ ᠬᠦᠴᠦᠯᠡᠬᠦ᠎ᠶ᠋ᠢ ᠪᠠᠷᠢᠮᠲᠠᠯᠠᠵᠥ᠂ ᠡᠭᠦᠷᠭᠡ ᠲᠤᠱᠢᠶᠠᠯ᠎ᠢᠶᠠᠨ ᠭᠦᠢᠴᠡᠳᠭᠡᠬᠦ᠌ ᠡᠯ᠎ᠡ ᠵᠦᠢᠯ᠎ᠦᠨ ᠠᠵᠢᠯ᠎ᠢ ᠯᠠᠪᠳᠠᠭᠤᠨ ᠪᠠᠲᠤᠲᠠᠢ ᠰᠠᠢᠲᠤᠷ ᠬᠢᠵᠥ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠳᠠ ᠵᠢᠨ ᠥᠪᠥᠷ ᠮᠣᠩᠭᠣᠯ᠎ᠤᠨ ᠱᠢᠨ᠎ᠡ ᠬᠠᠭᠤᠳᠠᠰᠤ᠎ᠶ᠋ᠢ ᠴᠢᠷᠮᠠᠢᠨ ᠪᠢᠴᠢᠭ᠌ᠯᠡᠬᠦ᠂ ᠤᠯᠤᠰ ᠵᠢᠡᠨ ᠬᠦᠴᠦᠷᠬᠡᠭᠵᠢᠬᠦᠯᠬᠦ ᠪᠦᠲᠦᠭᠡᠨ ᠪᠠᠢᠭᠤᠯᠤᠯᠲᠠ᠂ ᠦᠨᠳᠦᠰᠦᠲᠡᠨ᠎ᠦ ᠰᠡᠷᠭᠦᠨ ᠮᠠᠨᠳᠤᠯᠲᠠ᠎ᠶ᠋ᠢᠨ ᠠᠭᠤᠤ ᠦᠢᠯᠡᠰ᠎ᠢ ᠠᠬᠢᠭᠤᠯᠬᠤ ᠳ᠋ᠤ ᠨᠡᠩ ᠶᠡᠬᠡ ᠱᠢᠨ᠎ᠡ ᠬᠤᠪᠢ ᠨᠡᠮᠡᠷᠢ ᠦᠵᠡᠭᠦᠯᠤᠨ᠎ᠡ ᠬᠡᠵᠥ ᠢᠯᠡᠳᠬᠡᠵᠡᠬᠡᠪᠡ᠃
ᠮᠠᠨ ᠤ᠋ ᠤᠷᠤᠨ ᠳ᠋ᠤ ᠰᠠᠭᠤᠭ᠎ᠠ ᠪᠥᠬᠥ᠌ ᠤᠯᠤᠰ᠎ᠤᠨ ᠤᠯᠤᠰ ᠲᠥᠷᠥ᠎ᠶ᠋ᠢᠨ ᠵᠥᠪᠯᠡᠯᠭᠡᠨ᠎ᠦ ᠭᠡᠱᠢᠭᠦᠨ ᠬᠦᠦᠳᠠᠭᠤᠯᠠ᠂ ᠪᠠᠶ ᠴᠢᠩ ᠶᠤᠸᠠᠨ ᠂ ᠠᠨ ᠷᠦᠨ ᠱᠧᠩ ᠂ ᠰᠦᠨ ᠵᠢᠶᠦ᠋ᠨ ᠴᠢᠩ ᠲᠣᠰ ᠲᠣᠰ ᠥᠪᠡᠷ ᠥᠪᠡᠷᠰᠡᠳ᠎ᠦᠨ ᠪᠠᠢᠭ᠎ᠠ ᠳᠤᠭᠤᠢᠯᠠᠩ᠎ᠤᠨ ᠬᠢᠨᠠᠨ ᠵᠥᠪᠯᠡᠬᠦ᠌᠎ᠳᠦ ᠣᠷᠣᠯᠴᠠᠪᠠ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠰᠠᠢᠨ᠎ᠠ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃