2024ᠤᠨ᠎ᠤ᠋ ᠪᠦᠬᠦ ᠤᠯᠤᠰ᠎ᠤ᠋ᠨ ᠬᠣᠶᠠᠷ ᠬᠤᠷᠠᠯ > ᠮᠡᠳᠡᠭᠡᠯᠡᠯ

2024-02-28 11:30:06

ᠵᠣᠬᠢᠶᠠᠭ᠍ᠴᠢ᠄ ᠣᠩᠱᠢᠭ᠍ᠰᠠᠨ ᠣᠳᠠᠭ᠎ᠠ᠄ 3

2024 ᠣᠨ᠎ᠤ ᠪᠥᠬᠥ ᠤᠯᠤᠰ᠎ᠤᠨ ᠬᠣᠶᠠᠷ ᠬᠤᠷᠠᠯ ᠤᠳᠠᠯᠦᠭᠡᠢ ᠬᠤᠷᠠᠯᠳᠤᠬᠤ ᠭᠡᠵᠦ ᠪᠠᠢᠭ᠎ᠠ ᠡᠨᠡ ᠦᠶ᠎ᠡ᠎ᠳᠦ᠂ ᠪᠡᠭᠡᠵᠢᠩ᠎ᠦᠨ ᠪᠠᠷᠠᠭᠤᠨ ᠴᠠᠩ ᠠᠨ ᠵᠡᠭᠡᠯᠢ᠎ᠶᠢᠨ ᠬᠣᠢᠲᠤᠲᠠᠯ᠎ᠠ᠎ᠶᠢᠨ ᠮᠧᠶ ᠳᠢ ᠶᠠ ᠲᠥᠪ᠎ᠲᠦ ᠪᠠᠢᠭᠤᠯᠤᠭᠰᠠᠨ ᠬᠣᠶᠠᠷ ᠬᠤᠷᠠᠯ᠎ᠤᠨ ᠰᠣᠨᠢᠨ ᠮᠡᠳᠡᠭᠡᠨ᠎ᠦ ᠲᠥᠪ 27᠎ᠤ ᠡᠳᠦᠷᠵᠢᠩᠬᠢᠨᠢ᠎ᠪᠡᠷ ᠠᠰᠢᠭ᠍ᠯᠠᠯᠲᠠ᠎ᠳᠤ ᠣᠷᠣᠪᠠ᠃

ᠠᠷᠪᠠᠨ ᠳᠥᠷᠪᠡᠳᠦᠭᠡᠷ ᠬᠤᠭᠤᠴᠠᠭᠠᠨ᠎ᠤ ᠪᠥᠬᠥ ᠤᠯᠤᠰ᠎ᠤᠨᠠᠷᠠᠳ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠬᠣᠶᠠᠳᠤᠭᠠᠷ ᠬᠤᠷᠠᠯ ᠪᠠ ᠪᠥᠬᠥ ᠤᠯᠤᠰ᠎ᠤᠨ ᠤᠯᠤᠰ ᠲᠥᠷᠥ᠎ᠶᠢᠨᠵᠥᠪᠯᠡᠯᠭᠡᠨ᠎ᠦ ᠠᠷᠪᠠᠨ ᠳᠥᠷᠪᠡᠳᠦᠭᠡᠷ ᠬᠤᠭᠤᠴᠠᠭᠠᠨ᠎ᠤ ᠬᠣᠶᠠᠳᠤᠭᠠᠷ ᠬᠤᠷᠠᠯ ᠲᠣᠰ ᠲᠣᠰ 3 ᠰᠠᠷ᠎ᠠ᠎ᠶᠢᠨ 5᠎ᠤᠡᠳᠦᠷ ᠪᠠ 3 ᠰᠠᠷ᠎ᠠ᠎ᠶᠢᠨ 4᠎ᠦ ᠡᠳᠦᠷ ᠪᠡᠭᠡᠵᠢᠩ᠎ᠳᠦ ᠡᠬᠢᠯᠡᠬᠦ ᠪᠣᠯᠣᠨ᠎ᠠ᠃ ᠰᠤᠷᠪᠤᠯᠵᠢᠯᠠᠭ᠍ᠴᠢ ᠬᠣᠶᠠᠷ ᠬᠤᠷᠠᠯ᠎ᠤᠨᠰᠣᠨᠢᠨ ᠮᠡᠳᠡᠭᠡᠨ᠎ᠦ ᠲᠥᠪ᠎ᠡᠴᠡ ᠣᠢᠯᠠᠭᠠᠭᠰᠠᠨ᠎ᠢᠶᠠᠷ᠂ ᠣᠳᠣᠬᠠᠨ᠎ᠳᠤ ᠨᠢᠭᠡᠨᠲᠡ 3000 ᠭᠠᠷᠤᠢ ᠳᠤᠮᠳᠠᠳᠤ ᠭᠠᠳᠠᠭᠠᠳᠤ᠎ᠶᠢᠨᠰᠤᠷᠪᠤᠯᠵᠢᠯᠠᠭ᠍ᠴᠢ ᠪᠥᠬᠥ ᠤᠯᠤᠰ᠎ᠤᠨ ᠬᠣᠶᠠᠷ ᠬᠤᠷᠠᠯ᠎ᠢ ᠰᠤᠷᠪᠤᠯᠵᠢᠯᠠᠬᠤ᠎ᠪᠠᠷ ᠨᠡᠷ᠎ᠡ ᠮᠡᠳᠡᠭᠦᠯᠵᠡᠢ᠂ ᠡᠭᠦᠨ᠎ᠳᠦᠬᠢᠯᠢ᠎ᠶᠢᠨ ᠳᠣᠲᠣᠷᠠᠬᠢ ᠰᠤᠷᠪᠤᠯᠵᠢᠯᠠᠭ᠍ᠴᠢ 2000 ᠭᠠᠷᠤᠢ᠂ ᠰᠢᠶᠠᠩᠭᠠᠩ ᠣᠣᠮᠧᠨ ᠲᠠᠢᠸᠠᠨ᠎ᠤ ᠰᠤᠷᠪᠤᠯᠵᠢᠯᠠᠭ᠍ᠴᠢᠪᠠ ᠭᠠᠳᠠᠭᠠᠳᠤ᠎ᠶᠢᠨ ᠰᠤᠷᠪᠤᠯᠵᠢᠯᠠᠭ᠍ᠴᠢ 1000 ᠭᠠᠷᠤᠢ ᠪᠠᠢᠵᠤ᠂ ᠳᠤᠮᠳᠠᠳᠤ ᠭᠠᠳᠠᠭᠠᠳᠤ᠎ᠶᠢᠨ ᠰᠤᠷᠪᠤᠯᠵᠢᠯᠠᠭ᠍ᠴᠢ᠎ᠶᠢᠨᠨᠡᠷ᠎ᠡ ᠮᠡᠳᠡᠭᠦᠯᠦᠭᠰᠡᠨ ᠲᠣᠭ᠎ᠠ ᠨᠢ ᠣᠢᠷ᠎ᠠ᠎ᠶᠢᠨ ᠬᠡᠳᠦᠨ ᠵᠢᠯ᠎ᠦᠨ ᠬᠢ᠎ᠡᠴᠡ ᠢᠯᠡᠳᠲᠡ ᠨᠡᠮᠡᠭᠳᠡᠭᠰᠡᠨ ᠪᠠᠢᠨ᠎ᠠ᠃ᠬᠣᠶᠠᠷ ᠬᠤᠷᠠᠯ᠎ᠤᠨ ᠰᠣᠨᠢᠨ ᠮᠡᠳᠡᠭᠡᠨ᠎ᠦ ᠲᠥᠪ ᠨᠡᠭᠡᠭᠡᠯᠲᠡᠲᠡᠢ᠂ ᠢᠯᠡ ᠲᠣᠳᠣ᠌ ᠵᠣᠷᠢᠭ᠋ ᠰᠠᠨᠠᠭ᠎ᠠ᠎ᠶᠢ ᠪᠠᠷᠢᠮᠲᠠᠯᠠᠵᠤ᠂ᠳᠤᠮᠳᠠᠳᠤ ᠭᠠᠳᠠᠭᠠᠳᠤ᠎ᠶᠢᠨ ᠰᠣᠷᠪᠣᠯᠵᠢᠯᠠᠭ᠍ᠴᠢᠳ᠎ᠲᠤ ᠰᠣᠨᠢᠨ ᠮᠡᠳᠡᠭᠡᠨ᠎ᠦ ᠦᠢᠯᠡᠴᠢᠯᠡᠭᠡ ᠬᠠᠩᠭᠠᠨ᠎ᠠ᠃

ᠰᠤᠷᠪᠤᠯᠵᠢᠯᠠᠭ᠍ᠴᠢ ᠬᠣᠶᠠᠷ ᠬᠤᠷᠠᠯ᠎ᠤᠨ ᠰᠣᠨᠢᠨ ᠮᠡᠳᠡᠭᠡᠨ᠎ᠦᠲᠥᠪ᠎ᠦᠨ ᠲᠤᠬᠠᠢ ᠶ᠋ᠢᠨ ᠲᠠᠯᠠᠪᠠᠶ᠎ᠳᠤ᠂ ᠰᠣᠨᠢᠨ ᠮᠡᠳᠡᠭᠡᠨᠡᠢᠲᠡᠯᠡᠬᠦ ᠲᠢᠩᠬᠢᠮ ᠪᠣᠯᠣᠨ ᠰᠣᠨᠢᠨ ᠮᠡᠳᠡᠭᠡᠨ᠎ᠦ ᠲᠥᠪ᠎ᠦᠨ ᠰᠤᠷᠪᠤᠯᠵᠢᠯᠠᠬᠤ ᠲᠠᠰᠤᠭ ᠢ᠋ ᠨᠢᠭᠡᠨᠲᠡ ᠲᠣᠬᠢᠷᠠᠭᠤᠯᠤᠭᠰᠠᠨ᠎ᠢᠤᠯᠵᠤ ᠦᠵᠡᠪᠡ᠂ ᠲᠤᠬᠠᠢ ᠶ᠋ᠢᠨ ᠦᠶ᠎ᠡ᠎ᠳᠦ ᠠᠯᠢ ᠣᠯᠠᠨ ᠰᠤᠷᠪᠤᠯᠵᠢᠯᠠᠬᠤ ᠠᠵᠢᠯᠯᠠᠭ᠎ᠠ ᠡᠨᠳᠡ ᠶᠠᠪᠤᠭᠳᠠᠬᠤ ᠪᠣᠯᠣᠨ᠎ᠠ᠃ᠬᠢᠯᠢ᠎ᠶᠢᠨ ᠳᠣᠲᠣᠷᠠᠬᠢ ᠰᠣᠷᠪᠣᠯᠵᠢᠯᠠᠭ᠍ᠴᠢᠳ᠎ᠲᠤ ᠦᠢᠯᠡᠴᠢᠯᠡᠬᠦ ᠳᠤᠭᠤᠢᠯᠠᠩ᠂ ᠰᠢᠶᠠᠩᠭᠠᠩ ᠣᠣᠮᠧᠨ ᠲᠠᠢᠸᠠᠨ᠎ᠤᠰᠣᠷᠪᠣᠯᠵᠢᠯᠠᠭ᠍ᠴᠢᠳ᠎ᠲᠤ ᠦᠢᠯᠡᠴᠢᠯᠡᠬᠦ ᠳᠤᠭᠤᠢᠯᠠᠩ᠂ ᠭᠠᠳᠠᠭᠠᠳᠤ᠎ᠶᠢᠨ ᠰᠣᠷᠪᠣᠯᠵᠢᠯᠠᠭ᠍ᠴᠢᠳ᠎ᠲᠤᠦᠢᠯᠡᠴᠢᠯᠡᠬᠦ ᠳᠤᠭᠤᠢᠯᠠᠩ ᠨᠢᠭᠡᠨᠲᠡ ᠳᠤᠮᠳᠠᠳᠤ ᠭᠠᠳᠠᠭᠠᠳᠤ᠎ᠶᠢᠨ ᠰᠣᠷᠪᠣᠯᠵᠢᠯᠠᠭ᠍ᠴᠢᠳ᠎ᠲᠤ ᠦᠢᠯᠡᠴᠢᠯᠡᠭᠡ ᠬᠠᠩᠭᠠᠬᠤᠪᠡᠯᠡᠳᠬᠡᠯ᠎ᠢ ᠰᠠᠢᠲᠤᠷ ᠬᠢᠭᠰᠡᠨ ᠪᠠᠢᠨ᠎ᠠ᠃ ᠰᠣᠨᠢᠨ ᠮᠡᠳᠡᠭᠡᠨ᠎ᠦ ᠲᠥᠪ ᠪᠠᠰᠠ ᠳᠤᠮᠳᠠᠳᠤ ᠭᠠᠳᠠᠭᠠᠳᠤ᠎ᠶᠢᠨ ᠰᠣᠷᠪᠣᠯᠵᠢᠯᠠᠭ᠍ᠴᠢᠳ᠎ᠲᠤᠴᠠᠢ ᠤᠤᠭᠤᠵᠦ ᠠᠮᠠᠷᠠᠬᠤ ᠭᠠᠵᠠᠷ ᠲᠤᠬᠢᠷᠠᠭᠤᠯᠵᠤ ᠥᠭᠴᠡᠢ᠃

ᠰᠤᠷᠪᠤᠯᠵᠢᠯᠠᠭ᠍ᠴᠢ᠎ᠶᠢᠨ ᠣᠢᠯᠠᠭᠠᠭᠰᠠᠨ᠎ᠢᠶᠠᠷ᠂ ᠬᠣᠶᠠᠷᠬᠤᠷᠠᠯ᠎ᠤᠨ ᠰᠣᠨᠢᠨ ᠮᠡᠳᠡᠭᠡᠨ᠎ᠦ ᠲᠥᠪ ᠪᠠᠰᠠ ᠢᠨᠲᠧᠷ ᠰᠦᠯᠵᠢᠶ᠎ᠡ᠎ᠪᠡᠷ ᠳᠠᠮᠵᠢᠭᠤᠯᠤᠨ ᠳᠤᠮᠳᠠᠳᠤ ᠭᠠᠳᠠᠭᠠᠳᠤ᠎ᠶᠢᠨᠰᠣᠷᠪᠣᠯᠵᠢᠯᠠᠭ᠍ᠴᠢᠳ᠎ᠤᠨ ᠰᠣᠷᠪᠤᠯᠵᠢᠯᠠᠭ᠎ᠠ᠎ᠳᠤ ᠦᠢᠯᠡᠴᠢᠯᠡᠬᠦ ᠪᠠ ᠲᠥᠬᠥᠮ ᠦᠵᠡᠭᠦᠯᠦᠨ᠎ᠡ︔ᠳᠤᠮᠳᠠᠳᠤ ᠭᠠᠳᠠᠭᠠᠳᠤ᠎ᠶᠢᠨᠰᠣᠷᠪᠣᠯᠵᠢᠯᠠᠭ᠍ᠴᠢᠳ᠎ᠲᠤ ᠬᠤᠷᠠᠯ᠎ᠤᠨ ᠭᠣᠣᠯ ᠪᠣᠯᠬᠤ ᠪᠢᠴᠢᠭ ᠮᠠᠲᠧᠷᠢᠶᠠᠯ᠎ᠤᠨ ᠡᠯᠧᠺᠲᠷᠣᠨ ᠬᠡᠪᠯᠡᠯ᠎ᠢ ᠬᠠᠩᠭᠠᠨ᠎ᠠ᠂ᠰᠣᠷᠪᠣᠯᠵᠢᠯᠠᠭ᠍ᠴᠢᠳ ᠲᠤᠬᠠᠢ᠎ᠶᠢᠨ ᠲᠠᠯᠠᠪᠤᠷ᠎ᠲᠤ ᠣᠷᠳᠣ᠌ ᠬᠤᠭᠤᠴᠠᠭ᠎ᠠ᠎ᠪᠠᠷ ᠮᠥᠷᠯᠡᠨ ᠬᠦᠯᠢᠶᠡᠵᠦ ᠠᠪᠬᠤ ᠴᠢᠬᠤᠯᠠᠦᠭᠡᠢ︔ ᠲᠥᠯᠥᠭᠡᠯᠡᠭᠴᠢ ᠭᠡᠰᠢᠭᠦᠳ᠎ᠦᠨ ᠰᠠᠭᠤᠭ᠎ᠠ ᠭᠠᠵᠠᠷ᠎ᠲᠤ ᠰᠣᠷᠪᠤᠯᠵᠢᠯᠠᠭ᠎ᠠ᠎ᠶᠢᠨ ᠲᠠᠰᠤᠭ ᠭᠠᠷᠭᠠᠵᠤ᠂ ᠲᠥᠯᠥᠭᠡᠯᠡᠭᠴᠢᠭᠡᠰᠢᠭᠦᠳ᠎ᠦᠨ ᠵᠠᠭᠤᠴᠢᠯᠠᠭᠤᠷ᠎ᠤᠨ ᠰᠣᠷᠪᠤᠯᠵᠢᠯᠠᠭ᠎ᠠ᠎ᠶᠢ ᠬᠦᠯᠢᠶᠡᠬᠦ᠎ᠳᠦ ᠳᠥᠭᠥᠮ ᠳᠥᠲᠡ ᠦᠢᠯᠡᠴᠢᠯᠡᠭᠡ ᠬᠠᠩᠭᠠᠵᠠᠢ᠃

( ᠢᠷᠡᠯᠲᠡ ᠄ ᠲᠥᠪ ᠲᠧᠯᠸᠢᠰ᠎ᠦᠨ ᠰᠣᠨᠢᠨ ᠮᠡᠳᠡᠭᠡ )

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠣᠷᠬᠢᠯ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面