2024ᠤᠨ᠎ᠤ᠋ ᠪᠦᠬᠦ ᠤᠯᠤᠰ᠎ᠤ᠋ᠨ ᠬᠣᠶᠠᠷ ᠬᠤᠷᠠᠯ > ᠮᠡᠳᠡᠭᠡᠯᠡᠯ

2024-03-07 09:41:51

ᠵᠣᠬᠢᠶᠠᠭ᠍ᠴᠢ᠄ ᠪᠠᠢ ᠳ᠋ᠠᠨ ᠣᠩᠱᠢᠭ᠍ᠰᠠᠨ ᠣᠳᠠᠭ᠎ᠠ᠄ 3

ᠵᠠᠩ ᠶᠠᠨ ᠺᠦᠨ ᠤᠷᠤᠯᠴᠠᠵᠠᠢ

3 ᠰᠠᠷ᠎ᠠ᠎ᠶ᠋ᠢᠨ 6 ᠤ᠋ ᠡᠳᠦᠷ᠂ ᠥᠪᠥᠷ ᠮᠣᠩᠭᠣᠯ᠎ᠳᠤ ᠰᠠᠭᠤᠭ᠎ᠠ ᠪᠦᠬᠦ᠌ ᠤᠯᠤᠰ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠦ ᠭᠡᠱᠢᠭᠦᠳ ᠳᠤᠭᠤᠢᠯᠠᠩ ᠬᠤᠪᠢᠶᠠᠵᠤ ᠵᠠᠰᠠᠭ᠎ᠤᠨ ᠣᠷᠳᠣᠨ᠎ᠤ ᠠᠵᠢᠯ᠎ᠤᠨ ᠢᠯᠡᠳᠭᠡᠯ᠎ᠢ ᠶᠠᠷᠢᠯᠴᠠᠪᠠ᠃ ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠥ᠎ᠶ᠋ᠢᠨ ᠵᠥᠪᠯᠡᠯᠭᠡᠨ᠎ᠦ ᠲᠡᠷᠢᠭᠦᠯᠡᠭ᠌ᠴᠢ ᠵᠠᠩ ᠶᠠᠨ ᠺᠦᠨ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠵᠢᠨ ᠪᠠᠢᠩᠭᠤ᠎ᠶ᠋ᠢᠨ ᠭᠡᠱᠢᠭᠦᠨ᠂ ᠨᠢᠭᠡᠳᠦᠮᠡᠯ ᠹᠷᠣᠨᠲ᠎ᠤᠨ ᠬᠡᠯᠲᠡᠰ᠎ᠦᠨ ᠳᠠᠷᠤᠭ᠎ᠠ ᠬᠦᠦᠳᠠᠭᠤᠯᠠ᠂ ᠥᠪᠡᠷᠲᠡᠭᠡᠨ ᠵᠠᠰᠠᠬᠤ ᠣᠷᠣᠨ᠎ᠤ ᠳᠡᠳ᠋ ᠲᠡᠷᠢᠭᠦᠯᠡᠭ᠌ᠴᠢ ᠪᠠᠶ ᠴᠢᠩ ᠶᠤᠸᠠᠨ᠂ ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠥ᠎ᠶ᠋ᠢᠨ ᠵᠥᠪᠯᠡᠯᠭᠡᠨ᠎ᠦ ᠳᠡᠳ᠋ ᠲᠡᠷᠢᠭᠦᠯᠡᠭ᠌ᠴᠢ ᠠᠨ ᠷᠦᠨ ᠱᠧᠩ᠂ ᠰᠦᠨ ᠵᠢᠶᠦ᠋ᠨ ᠴᠢᠩ ᠲᠣᠰ ᠲᠣᠰ᠎ᠤᠨ ᠪᠠᠢᠭ᠎ᠠ ᠡᠲᠡᠭᠡᠳ ᠢᠯᠭᠠᠯ᠎ᠤᠨ ᠳᠤᠭᠤᠢᠯᠠᠩ᠎ᠤᠨ ᠶᠠᠷᠢᠯᠴᠠᠬᠤ᠎ᠳᠤ ᠣᠷᠣᠯᠴᠠᠪᠠ᠃

ᠭᠡᠱᠢᠭᠦᠳ᠂ ᠶᠡᠷᠦᠩᠬᠡᠶ ᠰᠠᠢᠳ ᠯᠢ ᠴᠢᠶᠠᠩ᠎ᠤᠨ ᠬᠢᠭ᠌ᠰᠡᠨ ᠵᠠᠰᠠᠭ᠎ᠤᠨ ᠣᠷᠳᠣᠨ᠎ᠤ ᠠᠵᠢᠯ᠎ᠤᠨ ᠢᠯᠡᠳᠭᠡᠯ᠎ᠤᠨ ᠪᠦᠬᠦ ᠠᠭᠤᠯᠭ᠎ᠠ᠎ᠳᠤ ᠰᠢ ᠵᠢᠨ ᠫᠢᠩ᠎ᠦᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠲᠠᠶ ᠨᠡᠢᠭᠡᠮ ᠵᠢᠷᠤᠮ᠎ᠤᠨ ᠦᠵᠡᠯ ᠰᠠᠨᠠᠭ᠎ᠠ᠎ᠲᠤᠭᠤᠰᠢᠯᠠᠭᠳᠠᠵᠤ᠂ ᠨᠠᠮ᠎ᠤᠨ ᠬᠣᠷᠢᠳᠤᠭᠠᠷ ᠶᠡᠬᠡ ᠬᠤᠷᠠᠯ ᠪᠣᠯᠤᠨ ᠬᠣᠷᠢᠳᠤᠭᠠᠷ ᠬᠤᠭᠤᠴᠠᠭᠠᠨ᠎ᠤ ᠲᠥᠪ ᠬᠤᠷᠢᠶ᠎ᠠ ᠵᠢᠨ ᠬᠣᠶᠠᠳᠤᠭᠠᠷ ᠪᠥᠬᠥᠳᠡ ᠬᠤᠷᠠᠯ ᠵᠢᠴᠢ ᠲᠥᠪ᠎ᠦᠨ ᠠᠵᠤ ᠠᠬᠤᠶ᠎ᠶ᠋ᠢᠨ ᠠᠵᠢᠯ᠎ᠤᠨ ᠬᠤᠷᠠᠯ᠎ᠤᠨ ᠵᠣᠷᠢᠭ ᠰᠠᠨᠠᠭ᠎ᠠ᠎ᠶ᠋ᠢ ᠭᠦᠶ᠋ᠴᠡᠳ ᠬᠠᠷᠠᠭᠤᠯᠵᠤ᠂ ᠳᠤᠮᠳᠠᠳᠤ ᠤᠯᠤᠰ᠎ᠤᠨ ᠠᠵᠤ ᠠᠬᠤᠢ᠎ᠶ᠋ᠢᠨ ᠳᠠᠷᠤᠯᠲᠠ᠎ᠶ᠋ᠢ ᠳᠠᠭᠠᠭᠠᠨ ᠤᠷᠤᠭ᠍ᠰᠢᠯᠠᠵᠤ᠂ ᠳᠠᠪᠠᠯᠭᠠᠨ ᠮᠠᠶᠢᠭ᠎ᠤᠨ ᠬᠥᠭ᠌ᠵᠢᠯᠲᠡ᠎ᠶ᠋ᠢᠨ ᠤᠷᠤᠭ᠍ᠰᠢᠯᠠᠯᠲᠠ᠎ᠶ᠋ᠢᠨ ᠵᠠᠮ᠎ᠢ ᠪᠦᠬᠦ᠌ ᠲᠠᠯ᠎ᠠ᠎ᠪᠠᠷ ᠢᠯᠡᠷᠡᠭᠦᠯᠵᠦ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠶ᠋ᠢᠨ ᠰᠠᠭᠤᠷᠢ ᠵᠢ ᠪᠡᠬᠢᠵᠢᠭᠦᠯᠦᠨ ᠬᠦᠴᠦᠨ ᠴᠢᠳᠠᠯ᠎ᠢ ᠬᠤᠷᠠᠮᠳᠤᠭᠤᠯᠵᠤ᠂ ᠲᠣᠭ᠍ᠲᠠᠭᠤᠨ᠎ᠤ ᠳᠤᠮᠳᠠ ᠤᠷᠤᠭ᠍ᠰᠢᠯᠠᠨ ᠳᠠᠪᠱᠢᠭ᠍ᠰᠠᠨ ᠠᠮᠢᠳᠤᠯᠢᠭ ᠵᠢᠷᠤᠭ ᠲᠥᠰᠦᠪ᠎ᠢ ᠱᠢᠰᠲ᠋ᠧᠮ᠎ᠲᠡᠶ ᠵᠢᠷᠤᠭ᠍ᠯᠠᠵᠤ᠂ ᠯᠤᠲᠤ ᠶᠡᠬᠡ ᠬᠥᠭ᠌ᠵᠢᠯᠲᠡ᠎ᠶ᠋ᠢᠨ ᠬᠦᠴᠦᠨ᠂ ᠥᠭᠡᠷᠡᠴᠢᠯᠡᠯᠲᠡ᠎ᠶ᠋ᠢᠨ ᠠᠭᠤᠯᠤᠭ᠍ᠳᠠᠴᠠ᠂ ᠠᠷᠠᠳ᠎ᠤᠨ ᠠᠮᠢᠳᠤᠷᠠᠯ᠎ᠤᠨ ᠬᠦᠨᠳᠦᠴᠡ ᠵᠢ ᠠᠭᠤᠯᠵᠤ᠂ ᠲᠤᠭ᠎ᠢ ᠮᠠᠨᠳᠤᠭᠤᠯᠤᠭᠰᠠᠨ᠂ ᠬᠥᠭ᠌ᠵᠢᠯᠲᠡ᠎ᠶ᠋ᠢ ᠠᠬᠢᠭᠤᠯᠤᠭᠰᠠᠨ᠂ ᠬᠥᠳᠡᠯᠭᠡᠬᠦ᠌ ᠬᠦᠴᠦᠨ ᠨᠡᠮᠡᠷᠢᠯᠡᠭᠰᠡᠨ᠂ ᠬᠠᠮᠲᠤᠷᠠᠯ ᠬᠦᠴᠦᠨ᠎ᠢ ᠨᠢᠭᠲᠠᠷᠠᠭᠤᠯᠤᠭᠰᠠᠨ ᠰᠠᠢᠨ ᠮᠡᠳᠡᠭᠦᠯᠦᠯᠲᠡ ᠪᠤᠯᠵᠠᠢ ᠭᠡᠵᠦ ᠰᠠᠨᠠᠯ ᠨᠢᠭᠡᠲᠡᠢ ᠦᠵᠡᠵᠡᠭᠡᠪᠡ᠃

《ᠶᠡᠷᠦᠩᠬᠡᠶ ᠰᠠᠢᠳ ᠯᠢ ᠴᠢᠶᠠᠩ᠎ᠤᠨ ᠬᠢᠭ᠌ᠰᠡᠨ ᠵᠠᠰᠠᠭ᠎ᠤᠨ ᠣᠷᠳᠣᠨ᠎ᠤ ᠠᠵᠢᠯ᠎ᠤᠨ ᠢᠯᠡᠳᠭᠡᠯ᠎ᠨᠢ ᠬᠥᠮᠦᠰ᠎ᠢ ᠤᠷᠮᠠᠱᠢᠭᠤᠯᠤᠨ ᠵᠣᠷᠢᠭ᠍ᠵᠢᠭᠤᠯᠵᠤ᠂ ᠦᠭᠡ ᠬᠡᠯᠡᠯᠭᠡ ᠢᠳᠡ ᠬᠦᠴᠦᠲᠡᠢ ᠪᠠᠢᠵᠤ᠂ ᠣᠯᠠᠨ ᠲᠦᠮᠡᠨ᠎ᠲᠡᠶ ᠮᠠᠰᠢ ᠣᠢᠷᠠᠲᠤᠵᠤ᠂ ᠪᠢᠳᠡᠨ᠎ᠦ ᠲᠠᠷᠠᠭᠠᠴᠢ᠎ᠶ᠋ᠢᠨ ᠠᠯᠬᠤᠮ᠎ᠤᠨ ᠠᠵᠢᠯ᠎ᠢᠶᠠᠨ ᠰᠠᠢᠲᠤᠷ ᠬᠢᠬᠦ᠌᠎ᠳᠦ ᠴᠢᠭ᠌ᠯᠡᠯ᠎ᠢ ᠲᠣᠳᠣᠷᠬᠠᠶ ᠵᠢᠭᠠᠵᠤ᠂ ᠪᠢᠳᠡᠨ᠎ᠦ ᠬᠣᠢᠱᠢᠳᠠ᠎ᠶ᠋ᠢᠨ ᠠᠵᠢᠯ᠎ᠤᠨ ᠰᠡᠳᠭᠢᠮᠵᠢ᠎ᠶ᠋ᠢ ᠨᠠᠩ ᠲᠣᠳᠣᠷᠬᠠᠶ ᠂ ᠬᠠᠷᠠᠯᠲᠠ᠎ᠶ᠋ᠢ ᠨᠠᠩ ᠲᠣᠳᠣᠷᠬᠠᠶ ᠪᠣᠯᠭᠠᠪᠠ》 ᠭᠡᠵᠦ ᠭᠡᠱᠢᠭᠦᠨ ᠰᠦᠨ ᡁᠢ ᠬᠣᠩ ᠬᠡᠯᠡᠪᠡ᠃

ᠢᠯᠡᠳᠭᠡᠯ᠎ᠳᠡᠬᠢ 《ᠨᠡᠩ ᠤᠯᠠᠨ ᠳᠡᠯᠡᠬᠡᠢ᠎ᠶ᠋ᠢᠨ ᠲᠡᠷᠢᠭᠦᠨ ᠤ᠋ ᠠᠵᠤ ᠠᠬᠤᠢᠯᠠᠯ᠎ᠢ ᠪᠠᠢᠭᠤᠯᠤᠨ᠎ᠠ》 ᠂ 《 ᠭᠣᠣᠯ ᠠᠵᠢᠯ᠎ᠢᠶᠠᠨ ᠬᠦᠴᠦᠷᠬᠡᠭ᠌ᠵᠢᠭᠦᠯᠦᠨ ᠱᠢᠯᠢᠳᠡᠭ᠌ᠵᠢᠭᠦᠯᠵᠦ᠍᠂ ᠭᠣᠣᠯᠯᠠᠬᠤ ᠴᠢᠳᠠᠮᠵᠢ᠎ᠪᠠᠨ ᠴᠢᠩᠭᠠᠳᠭᠠᠨ᠂ ᠭᠣᠣᠯᠯᠠᠬᠤ ᠦᠷᠢᠰᠦᠯᠳᠦᠬᠦ᠌ ᠬᠦᠴᠦᠨ᠎ᠢᠶᠡᠨ ᠳᠡᠭᠡᠭ᠌ᠰᠢᠯᠡᠭᠦᠯᠦᠨ᠎ᠡ》 ᠭᠡᠬᠦ᠌ ᠥᠭᠦᠯᠡᠯᠲᠡ ᠨᠢ ᠵᠠᠩ ᠯᠢ ᠸᠸᠨ ᠭᠡᠱᠢᠭᠦᠨ᠎ᠳᠦ ᠭᠦᠨ ᠰᠠᠭᠤᠭ᠍ᠳᠠᠯ ᠥᠭ᠌ᠴᠡᠢ᠂ ᠲᠡᠷᠡ᠄ 《ᠡᠨᠡ ᠨᠢ ᠮᠠᠨ᠎ᠤ ᠠᠵᠤ ᠠᠬᠤᠢᠯᠠᠯ᠎ᠤᠨ ᠱᠢᠨ᠎ᠡ᠎ᠶ᠋ᠢ ᠡᠭᠦᠳᠬᠦ᠌ ᠬᠥᠭ᠌ᠵᠢᠯᠲᠡ᠎ᠶ᠋ᠢᠨ ᠢᠲᠡᠭᠡᠯ ᠵᠣᠷᠢᠭ᠎ᠢ ᠲᠤᠢᠯ᠎ᠤᠨ ᠶᠡᠬᠡ᠎ᠪᠡᠷ ᠬᠥᠪᠴᠢᠯᠡᠵᠦ᠍᠂ ᠪᠢᠳᠡᠨ᠎ᠦ ᠢᠳᠡᠷᠡᠭᠦᠨ ᠠᠯᠬᠤᠭ᠎ᠠ᠎ᠪᠠᠷ ᠱᠢᠨ᠎ᠡ ᠠᠶᠠᠨ᠎ᠳᠠᠭᠠᠨ ᠤᠷᠤᠭᠰᠢᠯᠠᠬᠤ ᠡᠷᠴᠢ ᠵᠣᠷᠢᠭ᠎ᠢ ᠬᠥᠪᠴᠢᠯᠡᠭ᠌ᠰᠡᠨ ᠪᠠᠢᠨ᠎ᠠ》 ᠭᠡᠵᠡᠢ᠃

ᠭᠡᠰᠢᠭᠦᠳ᠂ ᠭᠡᠱᠢᠭᠦᠳ᠎ᠦᠨ ᠬᠠᠷᠢᠭᠤᠴᠠᠯᠭ᠎ᠠ᠎ᠶ᠋ᠢ ᠦᠨᠡᠨ ᠬᠦ᠌ ᠪᠠᠲᠤ ᠡᠭᠦᠷᠭᠡᠯᠡᠵᠦ᠍᠂ ᠤᠯᠤᠰ ᠲᠦᠷᠦ᠍᠎ᠶ᠋ᠢᠨ ᠵᠥᠪᠯᠡᠯᠭᠡ ᠬᠢᠬᠦ᠌᠂ ᠠᠷᠠᠳᠴᠢᠯᠠᠯ᠎ᠢᠶᠠᠷ ᠬᠢᠨᠠᠯᠲᠠ ᠲᠠᠯᠪᠢᠬᠤ᠂ ᠲᠦᠷᠦ᠍᠎ᠶ᠋ᠢᠨ ᠶᠠᠪᠤᠳᠠᠯ᠎ᠳᠤ ᠣᠷᠣᠯᠴᠠᠵᠤ ᠲᠦᠷᠦ᠍᠎ᠶ᠋ᠢᠨ ᠶᠠᠪᠤᠳᠠᠯ᠎ᠢ ᠵᠥᠪᠯᠡᠬᠦ᠌ ᠲᠤᠱᠢᠶᠠᠯ ᠬᠠᠷᠢᠭᠤᠴᠠᠯᠭ᠎ᠠ᠎ᠪᠠᠨ ᠰᠠᠢᠲᠤᠷ ᠭᠦᠢᠴᠡᠳᠭᠡᠵᠦ᠍᠂ ᠬᠠᠮᠲᠤ᠎ᠶ᠋ᠢᠨ ᠲᠠᠨᠢᠯᠲᠠ᠎ᠶ᠋ᠢ ᠨᠡᠩ ᠰᠠᠢᠲᠤᠷ ᠨᠢᠭ᠍ᠲᠠᠷᠠᠭᠤᠯᠵᠤ᠂ ᠵᠠᠰᠠᠭ᠎ᠤᠨ ᠣᠷᠳᠣᠨ᠎ᠤ ᠠᠵᠢᠯ᠎ᠤᠨ ᠢᠯᠡᠳᠭᠡᠯ᠎ᠳᠦ ᠲᠣᠭ᠍ᠲᠠᠭᠠᠭ᠍ᠰᠠᠨ ᠲᠤᠬᠢᠷᠠᠭᠤᠯᠤᠯᠳᠠ ᠪᠠᠢᠷᠢᠯᠠᠭᠤᠯᠤᠯᠲᠠ᠂ ᠲᠣᠳᠣᠷᠬᠠᠢ ᠬᠠᠷᠠᠯᠲᠠ ᠡᠭᠦᠷᠭᠡ᠎ᠶ᠋ᠢᠨ ᠲᠣᠭᠣᠷᠢᠨ᠎ᠳᠤ᠂ ᠥᠪᠡᠷᠲᠡᠭᠡᠨ ᠵᠠᠰᠠᠬᠤ ᠣᠷᠣᠨ᠎ᠤ ᠬᠣᠶᠠᠷ ᠶᠡᠬᠡ ᠶᠠᠪᠤᠳᠠᠯ ᠪᠣᠯᠤᠨ 《ᠱᠢᠨ᠎ᠡ ᠵᠠᠮ᠎ᠢ ᠨᠡᠭᠡᠭᠡᠬᠦ᠂ ᠳᠤᠮᠳᠠ ᠲᠦᠪᠰᠢᠨ᠎ᠳᠤ ᠣᠷᠣᠬᠤ》 ᠬᠠᠷᠠᠯᠲᠠ ᠡᠭᠦᠷᠭᠡ᠎ᠳᠦ ᠠᠩᠬᠠᠷᠤᠯ᠎ᠢᠶᠠᠨ ᠲᠥᠪᠯᠡᠷᠡᠭᠦᠯᠵᠦ᠍᠂ ᠵᠥᠪᠯᠡᠯᠭᠡ ᠬᠢᠵᠦ᠍ ᠲᠦᠷᠦ᠍᠎ᠶ᠋ᠢᠨ ᠶᠠᠪᠤᠳᠠᠯ᠎ᠢ ᠵᠥᠪᠯᠡᠬᠦ᠌ ᠶᠠᠰᠤ ᠴᠢᠨᠠᠷ᠎ᠢ ᠳᠡᠭᠡᠭ᠌ᠰᠢᠯᠡᠭᠦᠯᠵᠦ᠍᠂ ᠬᠠᠮᠲᠤ᠎ᠶ᠋ᠢᠨ ᠲᠠᠨᠢᠯᠲᠠ᠎ᠶ᠋ᠢ ᠨᠢᠭ᠍ᠲᠠᠷᠠᠭᠤᠯᠬᠤ ᠵᠠᠮ᠎ᠢ ᠥᠷᠭᠡᠳᠭᠡᠵᠦ᠍᠂ ᠠᠷᠠᠳᠴᠢᠯᠠᠯ᠎ᠢᠶᠠᠷ ᠬᠢᠨᠠᠯᠲᠠ ᠲᠠᠯᠪᠢᠬᠤ ᠡᠷᠴᠢᠮ᠎ᠢᠶᠡᠨ ᠴᠢᠩᠭᠠᠷᠠᠭᠤᠯᠵᠤ᠂ ᠱᠢᠢᠳᠪᠦᠷᠢᠲᠦ ᠪᠤᠳᠤᠯᠭ᠎ᠠ ᠪᠠᠢᠷᠢᠯᠠᠭᠤᠯᠤᠯᠲᠠ᠎ᠶ᠋ᠢ ᠪᠣᠳᠠᠲᠠᠢ᠎ᠳᠤ ᠨᠠᠢᠳᠠᠪᠤᠷᠢᠵᠢᠭᠤᠯᠬᠤ᠎ᠶ᠋ᠢ ᠠᠬᠢᠭᠤᠯᠤᠨ᠎ᠠ ᠭᠡᠵᠦ᠍ ᠢᠯᠡᠳᠭᠡᠵᠡᠭᠡᠪᠡ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠣᠷᠬᠢᠯ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面