2024-03-07 09:25:35
ᠸᠠᠩ ᠬᠣ᠌ ᠨᠢᠩ ᠼᠠᠢ ᠴᠢ ᠡᠷᠬᠢᠨ ᠦᠵᠡᠬᠦ᠌ ᠪᠠ ᠶᠠᠷᠢᠯᠴᠠᠬᠤ᠎ᠳᠤ ᠣᠷᠣᠯᠴᠠᠵᠠᠢ
ᠨᠠᠮ᠎ᠤᠨ ᠲᠥᠪ ᠬᠣᠷᠢᠶ᠎ᠠ ᠵᠢᠨ ᠶᠡᠷᠦᠩᠬᠡᠶ ᠱᠦᠵᠢ᠂ ᠡᠣᠯᠣᠰ ᠤ᠋ᠨ ᠲᠡᠷᠢᠭᠦᠯᠡᠭ᠌ᠴᠢ᠂ ᠲᠥᠪ᠎ᠦᠨ ᠴᠡᠷᠢᠭ᠎ᠦᠨ ᠶᠠᠪᠤᠳᠠᠯ᠎ᠤᠨ ᠬᠣᠷᠢᠶ᠎ᠠ ᠵᠢᠨ ᠲᠡᠷᠢᠭᠦᠯᠡᠭ᠌ᠴᠢ ᠰᠢ᠎ᠶ᠋ᠢᠨ ᠫᠢᠩ 6 ᠤ᠋ ᠦᠳᠡ᠎ᠶ᠋ᠢᠨ ᠬᠣᠢᠨ᠎ᠠ ᠪᠦᠬᠦ᠌ ᠤᠯᠤᠰ᠎ᠤᠨ ᠤᠯᠤᠰ ᠲᠥᠷᠥ᠎ᠶ᠋ᠢᠨ ᠵᠥᠪᠯᠡᠯᠭᠡᠨ᠎ᠦ ᠠᠷᠪᠠᠨ ᠳᠥᠷᠪᠡᠳᠦᠭᠡᠷ ᠬᠤᠭᠤᠴᠠᠭᠠᠨ᠎ᠤ ᠬᠤᠷᠢᠶ᠎ᠠ ᠵᠢᠨ ᠬᠣᠶᠠᠳᠤᠭᠠᠷ ᠬᠤᠷᠠᠯ᠎ᠳᠤ ᠣᠷᠣᠯᠴᠠᠵᠤ ᠪᠠᠢᠭ᠎ᠠ ᠲᠤᠮᠳᠠᠳᠤ ᠤᠯᠤᠰ ᠤ᠋ᠨ ᠭᠣᠮᠢᠨᠳᠠᠩ ᠤ᠋ᠨ ᠬᠤᠪᠢᠰᠭᠠᠯᠲᠤ ᠬᠣᠷᠢᠶ᠎ᠠ᠂ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠡᠲᠡᠭᠡᠳ᠂ ᠣᠷᠴᠢᠨ ᠲᠤᠭᠤᠷᠢᠨ ᠡᠬᠢ ᠪᠠᠶᠠᠯᠢᠭ᠎ᠤᠨ ᠡᠲᠡᠭᠡᠳ᠎ᠦᠨ ᠭᠡᠱᠢᠭᠦᠳ᠎ᠢ ᠡᠷᠭᠢᠨ ᠦᠵᠡᠭ᠌ᠰᠡᠨ ᠪᠥᠭᠡᠳ ᠲᠤᠭᠤᠢᠯᠠᠩ ᠬᠠᠮᠳᠤᠷᠠᠬᠰᠡᠨ ᠬᠤᠷᠠᠯ ᠳ᠋ᠤ ᠤᠷᠤᠯᠴᠠᠵᠤ᠂ ᠰᠠᠨᠠᠯ ᠰᠠᠨᠠᠭᠤᠯᠭ᠎ᠠ ᠵᠢ ᠨᠢ ᠰᠤᠨᠤᠰᠴᠠᠢ᠃ ᠲᠡᠷᠡ᠂ ᠠᠷᠠᠳ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠦ ᠡᠯ᠎ᠡ ᠨᠠᠮ ᠪᠦᠯᠦᠭ᠂ ᠡᠯ᠎ᠡ ᠪᠦᠯᠬᠦᠮ᠂ ᠡᠯ᠎ᠡ ᠦᠨᠳᠦᠰᠦᠲᠡᠨ ᠡᠯ᠎ᠡ ᠡᠲᠡᠭᠡᠳ᠎ᠦᠨ ᠡᠯ᠎ᠡ ᠲᠠᠯ᠎ᠠ᠎ᠶ᠋ᠢᠨ ᠬᠥᠮᠦᠰ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠬᠣᠷᠢᠳᠤᠭᠠᠷ ᠶᠡᠬᠡ ᠬᠤᠷᠠᠯ᠎ᠡᠴᠡ ᠳᠤᠷᠠᠳᠤᠭ᠍ᠰᠠᠨ ᠴᠢᠬᠤᠯᠠ ᠶᠡᠬᠡ ᠪᠠᠢᠯᠳᠤᠬᠤ ᠪᠤᠳᠤᠯᠭ᠎ᠠ᠎ᠶ᠋ᠢᠨ ᠡᠭᠦᠷᠭᠡ ᠪᠣᠯᠤᠨ ᠲᠥᠪ᠎ᠦᠨ ᠠᠵᠤ ᠠᠬᠤᠢ᠎ᠶ᠋ᠢᠨ ᠠᠵᠢᠯ᠎ᠤᠨ ᠬᠤᠷᠠᠯ᠎ᠤᠨ ᠪᠠᠢᠷᠢᠯᠠᠭᠤᠯᠤᠯᠲᠠ ᠵᠢᠨ ᠲᠤᠭᠤᠷᠢᠨ ᠳ᠋ᠤ᠂ ᠭᠦᠨᠵᠡᠭᠡᠢ ᠪᠠᠢᠴᠠᠭᠠᠨ ᠰᠤᠳᠤᠯᠤᠯᠲᠠ ᠬᠢᠵᠦ᠍᠂ ᠢᠳᠡᠪᠬᠢᠲᠡᠢ᠎ᠪᠡᠷ ᠠᠷᠭ᠎ᠠ ᠤᠬᠠᠭᠠᠨ ᠭᠠᠷᠭᠠᠵᠤ ᠵᠠᠰᠠᠭ᠎ᠲᠤ ᠲᠤᠰᠠᠯᠠᠵᠤ᠂ ᠬᠠᠮᠲᠤ᠎ᠶ᠋ᠢᠨ ᠲᠠᠨᠢᠯᠲᠠ᠎ᠶ᠋ᠢ ᠥᠷᠭᠡᠨ᠎ᠢᠶᠡᠷ ᠨᠢᠭ᠍ᠲᠠᠷᠠᠭᠤᠯᠵᠤ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠶ᠋ᠢᠨ ᠪᠦᠳᠦᠭᠡᠨ ᠪᠠᠢᠭᠤᠯᠤᠯᠲᠠ᠎ᠳᠤ ᠬᠦᠴᠦᠨ ᠨᠡᠮᠡᠷᠢᠯᠡᠬᠦ᠌ ᠬᠡᠷᠡᠭ᠌ᠲᠡᠢ ᠭᠡᠵᠦ᠍ ᠴᠢᠬᠤᠯᠠᠴᠢᠯᠠᠪᠠ᠃
3 ᠰᠠᠷ᠎ᠠ ᠵᠢᠨ 6 ᠤ᠋ ᠡᠳᠤᠷ᠂ ᠨᠠᠮ᠎ᠤᠨ ᠲᠥᠪ ᠬᠣᠷᠢᠶ᠎ᠠ ᠵᠢᠨ ᠶᠡᠷᠦᠩᠬᠡᠶ ᠱᠦᠵᠢ᠂ ᠡᠣᠯᠣᠰ ᠤ᠋ᠨ ᠲᠡᠷᠢᠭᠦᠯᠡᠭ᠌ᠴᠢ᠂ ᠲᠥᠪ᠎ᠦᠨ ᠴᠡᠷᠢᠭ᠎ᠦᠨ ᠶᠠᠪᠤᠳᠠᠯ᠎ᠤᠨ ᠬᠣᠷᠢᠶ᠎ᠠ ᠵᠢᠨ ᠲᠡᠷᠢᠭᠦᠯᠡᠭ᠌ᠴᠢ ᠰᠢ᠎ᠶ᠋ᠢᠨ ᠫᠢᠩ ᠪᠦᠬᠦ᠌ ᠤᠯᠤᠰ᠎ᠤᠨ ᠤᠯᠤᠰ ᠲᠥᠷᠥ᠎ᠶ᠋ᠢᠨ ᠵᠥᠪᠯᠡᠯᠭᠡᠨ᠎ᠦ ᠠᠷᠪᠠᠨ ᠳᠥᠷᠪᠡᠳᠦᠭᠡᠷ ᠬᠤᠭᠤᠴᠠᠭᠠᠨ᠎ᠤ ᠬᠤᠷᠢᠶ᠎ᠠ ᠵᠢᠨ ᠬᠣᠶᠠᠳᠤᠭᠠᠷ ᠬᠤᠷᠠᠯ᠎ᠳᠤ ᠣᠷᠣᠯᠴᠠᠵᠤ ᠪᠠᠢᠭ᠎ᠠ ᠲᠤᠮᠳᠠᠳᠤ ᠤᠯᠤᠰ ᠤ᠋ᠨ ᠭᠣᠮᠢᠨᠳᠠᠩ ᠤ᠋ᠨ ᠬᠤᠪᠢᠰᠭᠠᠯᠲᠤ ᠬᠣᠷᠢᠶ᠎ᠠ᠂ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠡᠲᠡᠭᠡᠳ᠂ ᠣᠷᠴᠢᠨ ᠲᠤᠭᠤᠷᠢᠨ ᠡᠬᠢ ᠪᠠᠶᠠᠯᠢᠭ᠎ᠤᠨ ᠡᠲᠡᠭᠡᠳ᠎ᠦᠨ ᠭᠡᠱᠢᠭᠦᠳ᠎ᠢ ᠡᠷᠭᠢᠨ ᠦᠵᠡᠭ᠌ᠰᠡᠨ ᠪᠥᠭᠡᠳ ᠲᠤᠭᠤᠢᠯᠠᠩ ᠬᠠᠮᠳᠤᠷᠠᠬᠰᠡᠨ ᠬᠤᠷᠠᠯ ᠳ᠋ᠤ ᠤᠷᠤᠯᠴᠠᠵᠤ᠂ ᠰᠠᠨᠠᠯ ᠰᠠᠨᠠᠭᠤᠯᠭ᠎ᠠ ᠵᠢ ᠨᠢ ᠰᠤᠨᠤᠰᠴᠠᠢ᠃ ᠨᠠᠮ᠎ᠤᠨ ᠲᠥᠪ ᠬᠣᠷᠢᠶ᠎ᠠ ᠵᠢᠨ ᠤᠯᠤᠰ ᠲᠦᠷᠦ᠍᠎ᠶ᠋ᠢᠨ ᠲᠣᠪᠴᠢᠶ᠎ᠠ ᠵᠢᠨ ᠪᠠᠢᠩᠭᠤ᠎ᠶ᠋ᠢᠨ ᠭᠡᠱᠢᠭᠦᠨ᠂ ᠪᠦᠬᠦ᠌ ᠤᠯᠤᠰ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠦ ᠲᠡᠷᠢᠭᠦᠯᠡᠭ᠌ᠴᠢ ᠸᠠᠩ ᠬᠣ᠌ ᠨᠢᠩ᠂ ᠨᠠᠮ᠎ᠤᠨ ᠲᠥᠪ ᠬᠣᠷᠢᠶ᠎ᠠ ᠵᠢᠨ ᠤᠯᠤᠰ ᠲᠦᠷᠦ᠍᠎ᠶ᠋ᠢᠨ ᠲᠣᠪᠴᠢᠶ᠎ᠠ ᠵᠢᠨ ᠪᠠᠢᠩᠭᠤ᠎ᠶ᠋ᠢᠨ ᠭᠡᠱᠢᠭᠦᠨ᠂ ᠨᠠᠮ᠎ᠤᠨ ᠲᠥᠪ ᠬᠣᠷᠢᠶ᠎ᠠ ᠵᠢᠨ ᠠᠯᠪᠠᠨ ᠲᠢᠩᠬᠢᠮ᠎ᠦᠨ ᠡᠷᠬᠢᠯᠡᠭᠴᠢ ᠼᠠᠢ ᠴᠢ ᠡᠷᠬᠢᠨ ᠦᠵᠡᠬᠦ ᠪᠡ ᠶᠠᠷᠢᠯᠴᠠᠬᠤ ᠳ᠋ᠤ ᠤᠷᠤᠯᠴᠠᠪᠠ᠃
ᠰᠢᠨᠬᠤᠸᠠ ᠬᠤᠷᠢᠶ᠎ᠠ ᠵᠢᠨ ᠰᠤᠷᠪᠤᠯᠵᠢᠯᠠᠬᠴᠢ ᠬᠤᠩ ᠵᠢᠩ ᠸᠸᠨ ᠰᠡᠬᠦᠳᠡᠷᠯᠡᠪᠡ
《3·8》 ᠤ᠋ ᠳᠡᠯᠡᠬᠡᠢ᠎ᠶ᠋ᠢᠨ ᠬᠥᠳᠡᠯᠮᠦᠷᠢᠴᠢᠨ ᠡᠮᠡᠭ᠌ᠲᠡᠢᠴᠦᠳ᠎ᠦᠨ ᠪᠠᠶᠠᠷ ᠤᠳᠠᠯ ᠦᠭᠡᠢ ᠬᠦᠷᠴᠦ᠍ ᠢᠷᠡᠬᠦ᠌ ᠲᠠᠱᠢᠷᠠᠮ᠎ᠢᠶᠠᠷ᠂ ᠰᠢ᠎ᠶ᠋ᠢᠨ ᠫᠢᠩ ᠨᠠᠮ᠎ᠤᠨ ᠲᠥᠪ ᠬᠣᠷᠢᠶ᠎ᠠ ᠵᠢᠨ ᠡᠮᠦᠨ᠎ᠡ᠎ᠡᠴᠡ ᠪᠦᠬᠦ᠌ ᠤᠯᠤᠰ᠎ᠤᠨ ᠬᠣᠶᠠᠷ ᠬᠤᠷᠠᠯ᠎ᠳᠤ ᠣᠷᠣᠯᠴᠠᠵᠤ ᠪᠠᠢᠭ᠎ᠠ ᠡᠮᠡᠭ᠌ᠲᠡᠢ ᠲᠥᠯᠥᠭᠡᠯᠡᠭ᠌ᠴᠢ᠂ ᠡᠮᠡᠭ᠌ᠲᠡᠢ ᠭᠡᠱᠢᠭᠦᠨ᠂ ᠡᠮᠡᠭ᠌ᠲᠡᠢ ᠠᠵᠢᠯᠳᠠᠨ᠂ ᠪᠦᠬᠦ᠌ ᠤᠯᠤᠰ᠎ᠤᠨ ᠡᠯ᠎ᠡ ᠦᠨᠳᠦᠰᠦᠲᠡᠨ ᠡᠯ᠎ᠡ ᠡᠲᠡᠭᠡᠳ᠎ᠦᠨ ᠡᠮᠡᠭ᠌ᠲᠡᠢᠴᠦᠳ᠂ ᠱᠢᠶᠠᠩᠭᠠᠩ ᠣᠨᠴᠠᠭᠠᠢ ᠵᠠᠰᠠᠭ ᠵᠠᠬᠢᠷᠭᠠᠨ᠎ᠤ ᠣᠷᠣᠨ᠂ ᠣᠣᠮᠧᠨ ᠣᠨᠴᠠᠭᠠᠢ ᠵᠠᠰᠠᠭ ᠵᠠᠬᠢᠷᠭᠠᠨ᠎ᠤ ᠣᠷᠣᠨ ᠪᠣᠯᠤᠨ ᠲᠠᠢᠸᠠᠨ ᠣᠷᠣᠨ᠎ᠤ ᠡᠮᠡᠭ᠌ᠲᠡᠢᠴᠤᠳ᠂ ᠭᠠᠳᠠᠭᠠᠳᠤ᠎ᠳᠤ ᠪᠠᠢᠭ᠎ᠠ ᠡᠮᠡᠭ᠌ᠲᠡᠢ ᠬᠠᠷᠢᠶᠠᠲᠤ ᠨᠡᠷ᠎ᠲᠦ ᠪᠠᠶᠠᠷ᠎ᠤᠨ ᠡᠳᠦᠷ᠎ᠦᠨ ᠮᠡᠨᠳᠦᠴᠢᠯᠡᠯ ᠪᠣᠯᠤᠨ ᠰᠠᠢ᠌ᠨ ᠰᠠᠢᠬᠠᠨ ᠵᠥᠩᠨᠡᠯ ᠳᠡᠪᠱᠢᠭᠦᠯᠪᠠ᠃
ᠨᠠᠮ᠎ᠤᠨ ᠲᠥᠪ ᠬᠣᠷᠢᠶ᠎ᠠ ᠵᠢᠨ ᠤᠯᠤᠰ ᠲᠦᠷᠦ᠍᠎ᠶ᠋ᠢᠨ ᠲᠣᠪᠴᠢᠶ᠎ᠠ ᠵᠢᠨ ᠪᠠᠢᠩᠭᠤ᠎ᠶ᠋ᠢᠨ ᠭᠡᠱᠢᠭᠦᠨ᠂ ᠪᠦᠬᠦ᠌ ᠤᠯᠤᠰ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠦ ᠲᠡᠷᠢᠭᠦᠯᠡᠭ᠌ᠴᠢ ᠸᠠᠩ ᠬᠣ᠌ ᠨᠢᠩ᠂ ᠨᠠᠮ᠎ᠤᠨ ᠲᠥᠪ ᠬᠣᠷᠢᠶ᠎ᠠ ᠵᠢᠨ ᠤᠯᠤᠰ ᠲᠦᠷᠦ᠍᠎ᠶ᠋ᠢᠨ ᠲᠣᠪᠴᠢᠶ᠎ᠠ ᠵᠢᠨ ᠪᠠᠢᠩᠭᠤ᠎ᠶ᠋ᠢᠨ ᠭᠡᠱᠢᠭᠦᠨ᠂ ᠨᠠᠮ᠎ᠤᠨ ᠲᠥᠪ ᠬᠣᠷᠢᠶ᠎ᠠ ᠵᠢᠨ ᠠᠯᠪᠠᠨ ᠲᠢᠩᠬᠢᠮ᠎ᠦᠨ ᠡᠷᠬᠢᠯᠡᠭᠴᠢ ᠼᠠᠢ ᠴᠢ ᠡᠷᠬᠢᠨ ᠦᠵᠡᠬᠦ ᠪᠡ ᠶᠠᠷᠢᠯᠴᠠᠬᠤ ᠳ᠋ᠤ ᠤᠷᠤᠯᠴᠠᠵᠠᠢ᠃
ᠳᠤᠭᠤᠢᠯᠠᠩᠬᠠᠮᠳᠤᠷᠠᠬᠰᠡᠨ ᠬᠤᠷᠠᠯ ᠳᠡᠭᠡᠷ᠎ᠡ᠂ ᠱᠢᠶᠠ ᠱᠢᠶᠠᠨ ᠫᠸᠩ᠂ ᠲᠢᠶᠠᠨ ᠬᠣᠩ ᠴᠢ᠂ ᠡᠦ ᠵᠢᠶᠠᠨ ᠫᠢᠩ᠂ ᠵᠣᠣ ᠢᠦᠶ ᠯᠢᠶᠠᠩ᠂ ᠬᠤᠸᠠᠩ ᠮᠢᠶᠠᠨ ᠰᠥᠩ᠂ ᠬᠣ᠌ ᠰᠥᠩ ᠴᠢᠨ ᠵᠡᠷᠭᠡ 6 ᠭᠡᠱᠢᠭᠦᠨ᠂ ᠲᠠᠢᠸᠠᠨ ᠬᠣᠭᠣᠯᠠᠶ᠎ᠶ᠋ᠢᠨ ᠬᠣᠶᠠᠷ ᠬᠦᠪᠡᠭᠡᠨ ᠤ᠋ ᠠᠵᠤ ᠦᠢᠯᠡᠰ᠎ᠦᠨ ᠬᠡᠯᠬᠢᠶ᠎ᠡ ᠬᠠᠩᠭᠠᠯᠭ᠎ᠠ᠎ᠶ᠋ᠢᠨ ᠬᠡᠯᠬᠢᠶ᠎ᠡ᠎ᠶ᠋ᠢᠨ ᠬᠠᠮᠲᠤᠷᠠᠯᠴᠠᠭ᠎ᠠ᠎ᠶ᠋ᠢ ᠴᠢᠩᠭᠠᠳᠭᠠᠬᠤ᠂ ᠡᠬᠡ ᠣᠷᠣᠨ᠎ᠤ ᠪᠦᠷᠢᠨ ᠨᠢᠭᠡᠳᠦᠯ᠎ᠢ ᠡᠷᠡᠰ ᠭᠤᠢᠪᠢᠰᠢ ᠦᠭᠡᠢ᠎ᠪᠡᠷ ᠠᠬᠢᠭᠤᠯᠬᠤ᠂ ᠢᠨᠲ᠋ᠸᠷ ᠰᠦᠯᠵᠢᠶᠡᠨ᠎ᠦ ᠭᠣᠣᠯᠯᠠᠬᠤ ᠮᠡᠷᠭᠡᠵᠢᠯ᠎ᠢᠶᠡᠷ ᠰᠦᠯᠵᠢᠶᠡᠨ᠎ᠦ ᠬᠦᠴᠦᠷᠬᠡᠭ ᠤᠯᠤᠰ᠎ᠤᠨ ᠪᠦᠳᠦᠭᠡᠨ ᠪᠠᠢᠭᠤᠯᠤᠯᠲᠠ ᠪᠠ ᠴᠢᠨᠠᠷ ᠰᠠᠢᠲᠠᠶ ᠬᠥᠭ᠌ᠵᠢᠯᠲᠡ᠎ᠶ᠋ᠢ ᠲᠤᠯᠭᠠᠭᠤᠷᠢᠯᠠᠬᠤ᠂ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠦᠭ᠌ᠰᠡᠨ ᠦᠷ᠎ᠡ ᠪᠦᠲᠦᠭᠡᠯ᠎ᠤ᠋ᠨ ᠠᠵᠤ ᠦᠢᠯᠡᠰᠵᠢᠯᠲᠡ᠎ᠶ᠋ᠢ ᠠᠬᠢᠭᠤᠯᠬᠤ᠂ ᠠᠮᠢ ᠠᠬᠤᠶ ᠣᠷᠴᠢᠨ ᠲᠤᠭᠤᠷᠢᠨ ᠢ᠋ ᠬᠠᠮᠠᠭᠠᠯᠠᠬᠤ ᠠᠵᠤ ᠦᠢᠯᠡᠰ᠎ᠦᠨ ᠴᠢᠨᠠᠷ ᠰᠠᠢᠲᠠᠶ ᠬᠥᠭ᠌ᠵᠢᠯᠲᠡ᠎ᠶ᠋ᠢ ᠠᠬᠢᠭᠤᠯᠬᠤ᠂ ᠱᠢᠨ᠎ᠡ ᠪᠣᠬᠢᠷᠲᠤᠯ ᠪᠣᠳᠠᠰ᠎ᠤᠨ ᠵᠠᠰᠠᠯᠲᠠ᠎ᠶ᠋ᠢ ᠴᠢᠩᠭᠠᠳᠭᠠᠬᠤ ᠵᠡᠷᠭᠡ᠎ᠶ᠋ᠢᠨ ᠲᠣᠭᠣᠷᠢᠨ᠎ᠳᠤ ᠦᠭᠡ ᠬᠡᠯᠡᠪᠡ᠃
ᠰᠢ ᠵᠢᠨ ᠫᠢᠩ ᠤᠯᠠᠨ᠎ᠤ ᠬᠡᠯᠡᠬᠦ᠌᠎ᠶ᠋ᠢ ᠨᠠᠷᠢᠨ ᠬᠢᠨᠠᠮᠠᠭᠠᠢ ᠰᠣᠨᠣᠰᠤᠭ᠍ᠰᠠᠨ᠎ᠤ ᠲᠠᠷᠠᠭ᠎ᠠ ᠴᠢᠬᠤᠯᠠ ᠶᠠᠷᠢᠶ᠎ᠠ ᠲᠠᠯᠪᠢᠪᠠ᠃ ᠲᠡᠷᠡ᠂ ᠣᠯᠠᠨ᠎ᠲᠠᠶ ᠬᠠᠮᠲᠤ ᠶᠠᠷᠢᠯᠴᠠᠨ ᠰᠣᠯᠢᠯᠴᠠᠵᠤ᠂ ᠰᠠᠨᠠᠯ ᠰᠠᠨᠠᠭᠤᠯᠭ᠎ᠠ᠎ᠶ᠋ᠢ ᠰᠣᠨᠣᠰᠤᠭ᠍ᠰᠠᠨ᠎ᠳᠠᠭᠠᠨ ᠮᠠᠰᠢ ᠪᠠᠶᠠᠷᠯᠠᠵᠤ ᠪᠠᠢᠨ᠎ᠠ᠃ ᠲᠡᠷᠡ ᠨᠠᠮ᠎ᠤᠨ ᠲᠥᠪ ᠬᠣᠷᠢᠶ᠎ᠠ ᠵᠢᠨ ᠡᠮᠦᠨ᠎ᠡ᠎ᠡᠴᠡ ᠡᠨᠳᠡ ᠰᠠᠭᠤᠵᠤ ᠪᠠᠢᠭ᠎ᠠ ᠭᠡᠱᠢᠭᠦᠳ ᠪᠣᠯᠤᠨ ᠥᠷᠭᠡᠨ ᠤᠯᠠᠨ ᠭᠣᠮᠢᠨᠳᠠᠩ᠎ᠤᠨ ᠬᠤᠪᠢᠰᠭᠠᠯᠲᠤ ᠬᠣᠷᠢᠶ᠎ᠠ᠎ᠶ᠋ᠢᠨ ᠪᠦᠷᠢᠯᠳᠦᠬᠦᠨ ᠪᠣᠯᠤᠨ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠡᠲᠡᠭᠡᠳ᠂ ᠣᠷᠴᠢᠨ ᠲᠣᠭᠣᠷᠢᠨ ᠡᠬᠢ ᠪᠠᠶᠠᠯᠢᠭ᠎ᠤᠨ ᠡᠲᠡᠭᠡᠳ᠎ᠦᠨ ᠬᠥᠮᠦᠰ ᠲᠤ᠌᠂ ᠥᠷᠭᠡᠨ ᠤᠯᠠᠨ ᠤᠯᠤᠰ ᠲᠦᠷᠦ᠍᠎ᠶ᠋ᠢᠨ ᠵᠥᠪᠯᠡᠯᠭᠡᠨ᠎ᠦ ᠭᠡᠱᠢᠭᠦᠳ᠎ᠲᠦ ᠴᠢᠩ ᠰᠡᠳᠭᠢᠯ᠎ᠦᠨ ᠮᠡᠨᠳᠦᠴᠢᠯᠡᠯ ᠳᠡᠪᠱᠢᠭᠦᠯᠵᠦ ᠪᠠᠢᠨ᠎ᠠ ᠭᠡᠵᠦ ᠢᠯᠡᠳᠭᠡᠪᠡ᠃
ᠰᠢ ᠵᠢᠨ ᠫᠢᠩ᠂ 2023 ᠣᠨ ᠪᠣᠯ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠬᠣᠷᠢᠳᠤᠭᠠᠷ ᠶᠡᠬᠡ ᠬᠤᠷᠠᠯ᠎ᠤᠨ ᠵᠣᠷᠢᠭ ᠰᠠᠨᠠᠭ᠎ᠠ᠎ᠶ᠋ᠢ ᠪᠦᠬᠦ᠌ ᠲᠠᠯ᠎ᠠ᠎ᠪᠠᠷ ᠲᠤᠭᠤᠱᠢᠯᠠᠭᠤᠯᠬᠤ ᠡᠬᠢᠯᠡᠯᠲᠡ᠎ᠶ᠋ᠢᠨ ᠵᠢᠯ ᠪᠣᠯᠤᠨ᠎ᠠ᠃ ᠨᠠᠮ᠎ᠤᠨ ᠲᠥᠪ ᠬᠣᠷᠢᠶ᠎ᠠ ᠪᠦᠬᠦ᠌ ᠨᠠᠮ ᠪᠦᠬᠦ᠌ ᠤᠯᠤᠰ᠎ᠤᠨ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠢ ᠪᠦᠯᠬᠦᠮᠳᠡᠭᠦᠯᠦᠨ ᠳᠠᠭᠠᠭᠤᠯᠵᠤ᠂ ᠲᠣᠭ᠍ᠲᠠᠭᠤᠨ᠎ᠤ ᠳᠤᠮᠳᠠ ᠤᠷᠤᠭ᠍ᠰᠢᠯᠠᠨ ᠲᠠᠪᠱᠢᠬᠤ ᠠᠵᠢᠯ᠎ᠤᠨ ᠶᠡᠷᠦᠩᠬᠡᠢ ᠬᠦᠭ ᠠᠶᠠᠰ᠎ᠢ ᠪᠠᠷᠢᠮᠲᠠᠯᠠᠵᠤ᠂ ᠱᠢᠨ᠎ᠡ ᠲᠢᠲᠢᠮᠯᠢᠭ ᠠᠭᠤᠰᠭᠢᠨ ᠦᠷᠪᠢᠰᠦᠯ᠎ᠦᠨ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠠᠵᠢᠯ᠎ᠤᠨ ᠱᠠᠳᠤ ᠱᠢᠯᠵᠢᠬᠦᠶ᠋ᠢ ᠡᠷᠡᠰ ᠱᠢᠭᠤᠷᠬᠠᠢ ᠬᠡᠷᠡᠭ᠌ᠵᠢᠭᠦᠯᠵᠦ᠍᠂ ᠠᠵᠤ ᠠᠬᠤᠢ᠎ᠶ᠋ᠢᠨ ᠰᠡᠷᠭᠦᠯᠲᠡ ᠬᠥᠭ᠌ᠵᠢᠯᠲᠡ᠎ᠶ᠋ᠢ ᠪᠦᠬᠦ᠌ ᠬᠦᠴᠦ᠍᠎ᠪᠡᠷ᠎ᠢᠶᠡᠨ ᠠᠬᠢᠭᠤᠯᠵᠤ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠶ᠋ᠢ ᠡᠷᠡᠰ ᠭᠤᠢᠪᠢᠰᠢ ᠦᠭᠡᠢ ᠠᠬᠢᠭᠤᠯᠵᠤ᠂ ᠠᠵᠤ ᠠᠬᠤᠢ ᠨᠡᠢᠭᠡᠮ᠎ᠦᠨ ᠬᠥᠭ᠌ᠵᠢᠯᠲᠡ᠎ᠶ᠋ᠢᠨ ᠭᠣᠣᠯ ᠵᠢᠱ᠌ᠢᠭ᠌ᠰᠡᠨ ᠬᠠᠷᠠᠯᠲᠠ᠎ᠶ᠋ᠢ ᠲᠡᠭᠦᠰ ᠠᠮᠵᠢᠯᠲᠠ᠎ᠲᠠᠶ ᠪᠡᠶᠡᠯᠡᠭᠦᠯᠵᠦ᠍᠂ ᠨᠡᠢᠭᠡᠮ ᠵᠢᠷᠤᠮᠳᠤ ᠣᠳᠣᠬᠢᠴᠢᠯᠠᠭ᠍ᠰᠠᠨ ᠤᠯᠤᠰ᠎ᠢ ᠪᠦᠬᠦ᠌ ᠲᠠᠯ᠎ᠠ᠎ᠪᠠᠷ ᠪᠦᠳᠦᠭᠡᠨ ᠪᠠᠢᠭᠤᠯᠬᠤ ᠯᠠᠪᠳᠠᠭᠤᠨ ᠪᠠᠲᠤᠲᠠᠢ ᠠᠯᠬᠤᠮ᠎ᠢ ᠠᠯᠬᠤᠪᠠ᠃ ᠠᠮᠵᠢᠯᠲᠠ ᠪᠦᠲᠦᠮᠵᠢ᠎ᠶ᠋ᠢ ᠬᠢᠯᠪᠠᠷᠬᠠᠨ᠎ᠢᠶᠠᠷ ᠣᠯᠤᠭ᠍ᠰᠠᠨ ᠪᠢᠰᠢ᠂ ᠡᠨᠡ ᠪᠣᠯ ᠪᠦᠬᠦ᠌ ᠤᠯᠤᠰ᠎ᠤᠨ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠦ ᠪᠦᠯᠬᠦᠮᠳᠡᠨ ᠨᠢᠭᠡᠳᠴᠦ᠍᠂ ᠨᠤᠭᠤᠷᠠᠰᠢ ᠦᠭᠡᠢ ᠲᠡᠮᠡᠴᠡᠭ᠌ᠰᠡᠨ᠎ᠦ ᠦᠷ᠎ᠡ ᠳ᠋ᠦᠩ ᠮᠥᠨ᠂ ᠪᠠᠰᠠ ᠴᠤ᠌ ᠥᠷᠭᠡᠨ ᠤᠯᠠᠨ ᠤᠯᠤᠰ ᠲᠦᠷᠦ᠍᠎ᠶ᠋ᠢᠨ ᠵᠥᠪᠯᠡᠯᠭᠡᠨ᠎ᠦ ᠭᠡᠱᠢᠭᠦᠳ᠎ᠦᠨ ᠬᠦᠴᠦ᠍ ᠬᠥᠳᠡᠯᠮᠦᠷᠢ ᠪᠠ ᠤᠶᠤᠨ ᠤᠬᠠᠭᠠᠨ᠎ᠢ ᠰᠢᠨᠭᠬᠡᠬᠡᠵᠤ ᠪᠠᠢᠨ᠎ᠠ ᠭᠡᠵᠦ ᠴᠢᠬᠤᠯᠠᠴᠢᠯᠠᠪᠠ᠃
ᠰᠢ ᠵᠢᠨ ᠫᠢᠩ᠂ ᠥᠩᠭᠡᠷᠡᠭ᠌ᠰᠡᠨ ᠨᠢᠭᠡ ᠵᠢᠯ᠎ᠳᠦ᠂ ᠭᠣᠮᠢᠨᠳᠠᠩ᠎ᠤᠨ ᠬᠤᠪᠢᠰᠭᠠᠯᠲᠤ ᠬᠣᠷᠢᠶ᠎ᠠ《ᠰᠡᠳᠭᠢᠯ᠎ᠢᠶᠡᠨ ᠨᠢᠭᠡᠳᠭᠡᠨ ᠰᠦᠭ ᠰᠦᠨᠡᠰᠦ᠎ᠪᠡᠨ ᠱᠤᠭᠤᠵᠤ ᠰᠠᠭᠤᠷᠢ᠎ᠪᠠᠨ ᠪᠠᠲᠤᠳᠭᠠᠵᠤ᠂ ᠱᠢᠨ᠎ᠡ ᠠᠶᠠᠨ ᠳ᠋ᠤ ᠪᠦᠯᠬᠦᠮᠳᠡᠨ ᠤᠷᠤᠭ᠍ᠰᠢᠯᠠᠶ᠎ᠠ》ᠭᠡᠬᠦ ᠭᠣᠣᠯ ᠰᠡᠳᠦᠪᠲᠦ ᠬᠥᠮᠦᠵᠢᠯ᠎ᠢ ᠭᠦᠨᠵᠡᠭᠡᠢ ᠥᠷᠨᠢᠭᠦᠯᠵᠦ᠍᠂ ᠤᠯᠤᠰ ᠲᠦᠷᠦ᠍᠎ᠶ᠋ᠢᠨ ᠵᠥᠪᠯᠡᠯᠭᠡ ᠬᠢᠬᠦ᠌᠂ ᠲᠦᠷᠦ᠍᠎ᠶ᠋ᠢᠨ ᠶᠠᠪᠤᠳᠠᠯ᠎ᠳᠤ ᠣᠷᠣᠯᠴᠠᠨ ᠲᠦᠷᠦ᠍᠎ᠶ᠋ᠢᠨ ᠶᠠᠪᠤᠳᠠᠯ᠎ᠢ ᠵᠥᠪᠯᠡᠬᠦ᠌᠎ᠶ᠋ᠢ ᠯᠠᠪᠳᠠᠭᠤᠨ ᠪᠠᠲᠤᠲᠠᠢ ᠠᠬᠢᠭᠤᠯᠵᠤ᠂ ᠬᠥᠬᠡᠮᠥ᠋ᠷᠡᠨ᠎ᠦ ᠠᠮᠢ ᠠᠬᠤᠢ ᠣᠷᠴᠢᠨ ᠲᠣᠭᠣᠷᠢᠨ᠎ᠤ ᠬᠠᠮᠠᠭᠠᠯᠠᠯᠲᠠ᠎ᠶ᠋ᠢᠨ ᠠᠷᠠᠳᠴᠢᠯᠠᠯ᠎ᠢᠶᠠᠷ ᠬᠢᠨᠠᠯᠲᠠ ᠲᠠᠯᠪᠢᠬᠤ᠎ᠳᠤ ᠦᠷᠭᠦᠯᠵᠢᠯᠡᠨ ᠣᠷᠣᠯᠴᠠᠵᠤ᠂ ᠲᠠᠢᠸᠠᠨ ᠬᠣᠭᠣᠯᠠᠢ᠎ᠶ᠋ᠢᠨ ᠬᠣᠶᠠᠷ ᠬᠥᠪᠡᠭᠡᠨ᠎ᠦ ᠠᠵᠤ ᠠᠬᠤᠢ ᠰᠣᠶᠣᠯ᠎ᠤᠨ ᠰᠣᠯᠢᠯᠴᠠᠭ᠎ᠠ᠎ᠶ᠋ᠢ ᠢᠳᠡᠪᠬᠢᠲᠡᠢ ᠠᠬᠢᠭᠤᠯᠪᠠ᠃
ᠥᠷᠭᠡᠨ ᠤᠯᠠᠨ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠡᠲᠡᠭᠡᠳ᠎ᠦᠨ ᠬᠥᠮᠦᠰ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠪᠠᠢᠭᠤᠯᠤᠮᠵᠢ ᠵᠢᠨ ᠥᠭᠡᠷᠡᠴᠢᠯᠡᠯᠲᠡ᠎ᠳᠦ ᠣᠷᠣᠯᠴᠠᠬᠤ᠎ᠶ᠋ᠢ ᠢᠳᠡᠪᠬᠢᠲᠡᠢ ᠲᠡᠮᠵᠢᠵᠤ᠂ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌᠎ᠳᠦ ᠬᠦᠴᠦᠯᠡᠨ ᠣᠷᠣᠯᠴᠠᠪᠠ᠃ ᠥᠷᠭᠡᠨ ᠤᠯᠠᠨ ᠣᠷᠴᠢᠨ ᠲᠣᠭᠣᠷᠢᠨ ᠡᠬᠢ ᠪᠠᠶᠠᠯᠢᠭ᠎ᠤᠨ ᠡᠲᠡᠭᠡᠳ᠎ᠦᠨ ᠬᠢᠨ ᠲᠤᠰᠭᠠᠢ ᠮᠡᠷᠭᠡᠵᠢᠯ᠎ᠦᠨ ᠳᠠᠪᠠᠭᠤᠯᠢᠭ᠎ᠢᠶᠠᠨ ᠪᠠᠳᠠᠷᠠᠭᠤᠯᠵᠤ᠂ ᠬᠥᠭ᠌ᠵᠢᠯᠲᠡ᠎ᠶ᠋ᠢᠨ ᠠᠷᠭ᠎ᠠ ᠬᠡᠯᠪᠡᠷᠢ᠎ᠶ᠋ᠢ ᠪᠣᠬᠢᠷᠲᠤᠯ ᠦᠭᠡᠢ᠎ᠲᠡᠢᠰᠢ ᠬᠤᠪᠢᠷᠠᠭᠤᠯᠬᠤ ᠳᠤᠮᠳᠠ ᠢᠳᠡᠪᠬᠢᠲᠡᠢ ᠦᠢᠯᠡᠳᠦᠯ ᠦᠵᠡᠭᠦᠯᠪᠡ ᠭᠡᠵᠦ ᠵᠢᠭᠠᠵᠤ ᠭᠠᠷᠭᠠᠪᠠ᠃
ᠰᠢ ᠵᠢᠨ ᠫᠢᠩ᠂ ᠭᠣᠮᠢᠨᠳᠠᠩ᠎ᠤᠨ ᠬᠤᠪᠢᠰᠭᠠᠯᠲᠤ ᠬᠣᠷᠢᠶ᠎ᠠ ᠲᠠᠢᠸᠠᠨ᠎ᠤ ᠠᠵᠢᠯ᠎ᠤᠨ ᠶᠡᠬᠡ ᠲᠠᠯ᠎ᠠ᠎ᠳᠤ ᠴᠢᠨᠠᠭ᠍ᠰᠢᠳᠠ ᠪᠠᠢᠷᠢ ᠲᠣᠭ᠍ᠲᠠᠭᠠᠯᠲᠠ᠎ᠪᠠᠨ ᠣᠨᠣᠪᠴᠢᠲᠠᠢ ᠣᠯᠵᠤ᠂ ᠳᠠᠪᠠᠭᠤᠯᠢᠭ᠎ᠢᠶᠠᠨ ᠪᠠᠳᠠᠷᠠᠭᠤᠯᠵᠤ᠂ ᠢᠳᠡᠪᠬᠢᠲᠡᠢ ᠵᠢᠳᠬᠦᠯ ᠴᠢᠷᠮᠠᠢᠯᠭ᠎ᠠ ᠭᠠᠷᠭᠠᠵᠤ᠂ ᠤᠯᠤᠰ᠎ᠤᠨ ᠳᠣᠲᠣᠭᠠᠳᠤ ᠭᠠᠳᠠᠭᠠᠳᠤ᠎ᠶ᠋ᠢᠨ᠂ ᠠᠷᠠᠯ᠎ᠤᠨ ᠳᠣᠲᠣᠷ᠎ᠠ ᠭᠠᠳᠠᠨᠠᠬᠢ ᠪᠦᠯᠬᠦᠮᠳᠡᠵᠦ᠍ ᠪᠣᠯᠬᠤ ᠤᠯᠤᠰ᠎ᠢᠶᠡᠨ ᠬᠠᠢᠷᠠᠯᠠᠬᠤ ᠬᠦᠴᠦᠨ ᠪᠦᠬᠦᠨ᠎ᠲᠡᠶ ᠨᠡᠩ ᠰᠠᠢᠲᠤᠷ ᠪᠦᠯᠬᠦᠮᠳᠡᠵᠦ᠍᠂《ᠲᠤᠰᠠᠭᠠᠷ ᠲᠣᠭ᠍ᠲᠠᠨᠢᠭᠤᠯᠬᠤ》 ᠵᠢ ᠡᠰᠡᠷᠭᠦᠴᠡᠵᠦ᠍ ᠨᠢᠭᠡᠳᠦᠯ᠎ᠢ ᠠᠬᠢᠭᠤᠯᠬᠤ ᠬᠦᠴᠦᠨ᠎ᠢ ᠲᠠᠰᠤᠷᠠᠯᠳᠠ ᠦᠭᠡᠢ ᠪᠤᠵᠠᠭᠠᠢᠷᠠᠭᠤᠯᠵᠤ᠂ ᠡᠬᠡ ᠤᠯᠤᠰ᠎ᠢᠶᠠᠨ ᠨᠠᠢᠷᠠᠮᠳᠠᠯ᠎ᠢᠶᠠᠷ ᠨᠢᠭᠡᠳᠭᠡᠬᠦ᠌ ᠠᠬᠢᠴᠠ᠎ᠶ᠋ᠢ ᠬᠠᠮᠲᠤ᠎ᠪᠠᠷ ᠠᠬᠢᠭᠤᠯᠬᠤ ᠬᠡᠷᠡᠭ᠌ᠲᠡᠢ᠃ ᠲᠠᠢᠸᠠᠨ ᠬᠣᠭᠣᠯᠠᠢ᠎ᠶ᠋ᠢᠨ ᠬᠣᠶᠠᠷ ᠬᠦᠪᠡᠭᠡᠨ ᠤ᠋ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠂ ᠬᠦᠳᠡᠭᠡ ᠠᠵᠤ ᠠᠬᠤᠢ᠂ ᠰᠤᠶᠤᠯ ᠢᠷᠭᠡᠨᠰᠢᠯ᠂ ᠵᠠᠯᠠᠭᠤᠴᠤᠳ᠎ᠤᠨ ᠬᠥᠭ᠌ᠵᠢᠯᠲᠡ ᠵᠡᠷᠭᠡ ᠬᠦᠷᠢᠶᠡᠨ᠎ᠳᠡᠬᠢ ᠰᠣᠯᠢᠯᠴᠠᠭ᠎ᠠ ᠬᠠᠮᠲᠤᠷᠠᠯᠴᠠᠭ᠎ᠠ᠎ᠶ᠋ᠢ ᠢᠳᠡᠪᠬᠢᠲᠡᠢ ᠠᠬᠢᠭᠤᠯᠵᠤ᠂ ᠲᠠᠢᠸᠠᠨ ᠬᠣᠭᠣᠯᠠᠢ᠎ᠶ᠋ᠢᠨ ᠬᠣᠶᠠᠷ ᠬᠦᠪᠡᠭᠡᠨ ᠤ᠋ ᠡᠯ᠎ᠡ ᠬᠦᠷᠢᠶᠡᠨ᠎ᠤ ᠠᠭᠤᠰᠤᠯᠴᠠᠨ ᠬᠦᠭ᠌ᠵᠢᠭᠦ ᠶ᠋ᠢ ᠭᠦᠨᠵᠡᠭᠡᠢᠷᠡᠭᠦᠯᠬᠦ᠌ ᠬᠡᠷᠡᠭ᠌ᠲᠡᠢ ᠭᠡᠵᠦ ᠴᠢᠬᠤᠯᠠᠴᠢᠯᠠᠪᠠ᠃
ᠰᠢ ᠵᠢᠨ ᠫᠢᠩ᠂ ᠱᠢᠨᠵᠢᠯᠡᠬᠦ᠌ ᠤᠬᠠᠭᠠᠨ ᠲᠸᠭ᠌ᠨᠢ᠌ᠠ᠋ ᠮᠡᠷᠭᠡᠵᠢᠯ᠎ᠦᠨ ᠡᠲᠡᠭᠡᠳ᠎ᠦᠨ ᠭᠡᠱᠢᠭᠦᠳ ᠪᠣᠯᠤᠨ ᠥᠷᠭᠡᠨ ᠤᠯᠠᠨ ᠱᠢᠨᠵᠢᠯᠡᠬᠦ᠌ ᠤᠬᠠᠭᠠᠨ ᠲᠸᠭ᠌ᠨᠢ᠌ᠠ᠋ ᠮᠡᠷᠭᠡᠵᠢᠯ᠎ᠦᠨ ᠠᠵᠢᠯᠲᠠᠳ ᠱᠢᠨᠵᠢᠯᠡᠬᠦ᠌ ᠤᠬᠠᠭᠠᠨ ᠰᠤᠷᠭᠠᠨ ᠬᠦᠮᠦᠵᠢᠯ᠎ᠢᠶᠡᠷ ᠤᠯᠤᠰ᠎ᠢᠶᠠᠨ ᠮᠠᠨᠳᠤᠭᠤᠯᠬᠤ ᠢᠲᠡᠭᠡᠯ ᠵᠣᠷᠢᠭ᠎ᠢᠶᠠᠨ ᠴᠢᠨᠠᠭ᠍ᠰᠢᠳᠠ ᠴᠢᠩᠭᠠᠳᠭᠠᠵᠤ᠂ ᠱᠢᠨᠵᠢᠯᠡᠬᠦ᠌ ᠤᠬᠠᠭᠠᠨ ᠲᠸᠭ᠌ᠨᠢ᠌ᠠ᠋ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌ ᠬᠦᠨᠳᠦ ᠡᠭᠦᠷᠭᠡ᠎ᠶ᠋ᠢ ᠡᠭᠦᠷᠭᠡᠯᠡᠵᠦ᠍᠂ ᠰᠠᠭᠤᠷᠢ ᠰᠤᠳᠤᠯᠭᠠᠨ ᠪᠣᠯᠤᠨ ᠬᠡᠷᠡᠭ᠌ᠯᠡᠭᠡᠨ᠎ᠦ ᠰᠠᠭᠤᠷᠢ ᠰᠤᠳᠤᠯᠭᠠᠨ᠎ᠢ ᠴᠢᠩᠭᠠᠳᠭᠠᠵᠤ᠂ ᠵᠠᠩᠭᠢᠯᠠᠭ᠎ᠠ᠎ᠶ᠋ᠢᠨ ᠭᠣᠣᠯᠯᠠᠬᠤ ᠮᠡᠷᠭᠡᠵᠢᠯ᠎ᠦᠨ ᠪᠣᠭᠣᠮᠲᠠ ᠱᠢᠪᠲᠤᠯᠬᠤ ᠳᠠᠢᠯᠠᠯᠳᠤᠭᠠᠨ᠎ᠢ ᠰᠠᠢᠲᠤᠷ ᠬᠢᠵᠦ᠍᠂ ᠱᠢᠨ᠎ᠡ ᠴᠢᠨᠠᠷ ᠪᠦᠬᠦᠢ ᠦᠢᠯᠡᠳᠪᠦᠷᠢᠯᠡᠯ᠎ᠦᠨ ᠬᠦᠴᠦᠨ᠎ᠢ ᠬᠥᠭ᠌ᠵᠢᠭᠦᠯᠬᠦ᠌ ᠱᠢᠨ᠎ᠡ ᠬᠥᠳᠡᠯᠭᠡᠬᠦ᠌ ᠴᠢᠳᠠᠪᠤᠷᠢ᠎ᠶ᠋ᠢ ᠪᠣᠢᠵᠢᠭᠤᠯᠬᠤ ᠬᠡᠷᠡᠭ᠌ᠲᠡᠢ᠃ ᠪᠣᠳᠠᠲᠠᠢ᠎ᠶ᠋ᠢ ᠡᠷᠬᠢᠮᠯᠡᠨ ᠰᠠᠨᠠᠯ ᠰᠠᠨᠠᠭᠤᠯᠭ᠎ᠠ ᠳᠤᠷᠠᠳᠴᠤ᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠪᠠᠢᠭᠤᠯᠤᠮᠵᠢ᠎ᠶ᠋ᠢᠨ ᠥᠭᠡᠷᠡᠴᠢᠯᠡᠯᠲᠡ ᠪᠣᠯᠤᠨ ᠴᠢᠳᠠᠪᠤᠷᠢᠲᠠᠨ᠎ᠤ ᠬᠥᠭ᠌ᠵᠢᠯᠲᠡ᠎ᠶ᠋ᠢᠨ ᠪᠠᠢᠭᠤᠯᠤᠮᠵᠢ ᠲᠣᠭ᠍ᠲᠠᠴᠠ᠎ᠶ᠋ᠢᠨ ᠥᠭᠡᠷᠡᠴᠢᠯᠡᠯᠲᠡ᠎ᠶ᠋ᠢ ᠭᠦᠨᠵᠡᠭᠡᠢᠷᠡᠭᠦᠯᠬᠦ᠌᠎ᠳᠦ ᠬᠦᠴᠦᠨ ᠨᠡᠮᠡᠷᠢᠯᠡᠵᠦ᠍᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠦᠨᠡᠯᠡᠯᠲᠡ᠎ᠶ᠋ᠢᠨ ᠱᠢᠰᠲ᠋ᠧᠮ ᠪᠣᠯᠤᠨ ᠤᠷᠮᠠᠱᠢᠭᠤᠯᠬᠤ ᠲᠣᠭ᠍ᠲᠠᠴᠠ᠎ᠶ᠋ᠢ ᠪᠦᠷᠢᠨᠱᠢᠬᠦᠯᠵᠤ᠂ ᠡᠯ᠎ᠡ ᠲᠦᠷᠦᠯ᠎ᠦᠨ ᠴᠢᠳᠠᠪᠤᠷᠢᠲᠠᠨ᠎ᠤ ᠱᠢᠨ᠎ᠡ᠎ᠶ᠋ᠢ ᠡᠭᠦᠳᠬᠦ᠌ ᠠᠮᠢᠵᠢᠷᠠᠯ᠎ᠤᠨ ᠬᠦᠴᠦᠨ ᠪᠣᠯᠤᠨ ᠲᠠᠯᠳᠠ ᠬᠦᠴᠦᠨ᠎ᠢ ᠤᠯᠠᠮ ᠴᠢᠨᠠᠭ᠍ᠰᠢᠳᠠ ᠬᠥᠭ᠌ᠵᠢᠭᠡᠬᠦ᠌ ᠬᠡᠷᠡᠭ᠌ᠲᠡᠢ ᠭᠡᠵᠦ ᠵᠢᠭᠠᠵᠤ ᠭᠠᠷᠭᠠᠪᠠ᠃
ᠰᠢ ᠵᠢᠨ ᠫᠢᠩ᠂ ᠥᠷᠭᠡᠨ ᠤᠯᠠᠨ ᠣᠷᠴᠢᠨ ᠲᠣᠭᠣᠷᠢᠨ ᠡᠬᠢ ᠪᠠᠶᠠᠯᠢᠭ᠎ᠤᠨ ᠡᠲᠡᠭᠡᠳ᠎ᠦᠨ ᠭᠡᠱᠢᠭᠦᠳ ᠠᠮᠢ ᠠᠬᠤᠢ ᠣᠷᠴᠢᠨ ᠲᠣᠭᠣᠷᠢᠨ᠎ᠤ ᠬᠠᠮᠠᠭᠠᠯᠠᠯᠲᠠ᠎ᠶ᠋ᠢ ᠴᠢᠩᠭᠠᠳᠭᠠᠬᠤ᠂ ᠴᠢᠨᠠᠷ ᠰᠠᠢᠲᠠᠢ ᠬᠥᠭ᠌ᠵᠢᠯᠲᠡ᠎ᠶ᠋ᠢ ᠥᠨᠳᠥᠷ ᠲᠦᠪᠱᠢᠨ᠎ᠢᠶᠡᠷ ᠬᠠᠮᠠᠭᠠᠯᠠᠵᠤ ᠲᠤᠯᠭᠠᠭᠤᠷᠢᠯᠠᠬᠤ ᠲᠠᠯ᠎ᠠ᠎ᠪᠠᠷ ᠱᠢᠨ᠎ᠡ ᠬᠤᠪᠢ ᠨᠡᠮᠡᠷᠢ ᠦᠵᠡᠭᠦᠯᠬᠦ᠌ ᠬᠡᠷᠡᠭ᠌ᠲᠡᠢ᠃ ᠤᠯᠤᠰ᠎ᠤᠨ ᠭᠠᠵᠠᠷ ᠰᠢᠷᠤᠢ᠎ᠶᠢᠨ ᠣᠷᠣᠨ ᠵᠠᠢ᠎ᠶ᠋ᠢ ᠨᠡᠭᠡᠭᠡᠨ ᠬᠥᠭ᠌ᠵᠢᠭᠦᠯᠵᠦ᠍ ᠬᠠᠮᠠᠭᠠᠯᠠᠬᠤ ᠬᠣᠷᠢᠭ᠎ᠠ ᠱᠤᠭᠤᠮ᠎ᠢ ᠪᠠᠲᠤ ᠰᠠᠬᠢᠵᠤ᠂ ᠠᠮᠢ ᠠᠬᠤᠢ ᠣᠷᠴᠢᠨ ᠲᠣᠭᠣᠷᠢᠨ᠎ᠤ ᠣᠷᠣᠨ ᠬᠤᠪᠢᠶᠠᠨ ᠬᠠᠮᠢᠶᠠᠷᠤᠨ ᠡᠵᠡᠮᠳᠡᠬᠦ᠌ ᠱᠢᠰᠲ᠋ᠧᠮ᠎ᠢ ᠲᠡᠭᠦᠯᠳᠡᠷᠵᠢᠭᠦᠯᠵᠦ᠍᠂ ᠴᠢᠨᠠᠷ ᠰᠠᠢᠲᠠᠢ ᠬᠥᠭ᠌ᠵᠢᠯᠲᠡ᠎ᠶ᠋ᠢᠨ ᠠᠮᠢ ᠠᠬᠤᠢ᠎ᠶ᠋ᠢᠨ ᠰᠠᠭᠤᠷᠢ᠎ᠶ᠋ᠢ ᠪᠡᠬᠢᠵᠢᠭᠦᠯᠬᠦ᠌ ᠬᠡᠷᠡᠭ᠌ᠲᠡᠢ᠃ ᠨᠠᠷᠢᠯᠢᠭ ᠣᠨᠣᠪᠴᠢᠲᠠᠢ᠎ᠪᠠᠷ ᠪᠣᠬᠢᠷᠲᠤᠯ᠎ᠢ ᠵᠠᠰᠠᠬᠤ᠂ ᠱᠢᠨᠵᠢᠯᠡᠬᠦ᠌ ᠤᠬᠠᠭᠠᠨᠴᠢ᠎ᠪᠠᠷ ᠪᠣᠬᠢᠷᠲᠤᠯ᠎ᠢ ᠵᠠᠰᠠᠬᠤ᠂ ᠬᠠᠤᠯᠢ ᠶᠣᠰᠣᠭᠠᠷ ᠪᠣᠬᠢᠷᠲᠤᠯ᠎ᠢ ᠵᠠᠰᠠᠬᠤ ᠴᠢᠭ᠌ᠯᠡᠯᠲᠡ᠎ᠶ᠋ᠢ ᠪᠥᠬᠥ᠌ ᠲᠠᠯ᠎ᠠ᠎ᠪᠠᠷ ᠣᠨᠣᠪᠴᠢᠲᠠᠶ ᠨᠠᠢᠳᠠᠪᠤᠷᠢᠵᠢᠭᠤᠯᠵᠤ᠂ ᠠᠵᠤ ᠠᠬᠤᠶ ᠨᠡᠢᠭᠡᠮ᠎ᠦᠨ ᠬᠥᠭ᠌ᠵᠢᠯᠲᠡ᠎ᠶ᠋ᠢᠨ ᠪᠣᠬᠢᠷᠲᠤᠯ ᠥᠬᠡᠶ ᠪᠠᠢᠬᠤ᠂ ᠳᠤᠤᠷ᠎ᠠ ᠨᠡᠭᠦᠷᠡᠰᠦᠲᠥ᠋ᠷᠥᠭ᠌ᠴᠢᠲᠦ ᠪᠠᠢᠬᠤ᠎ᠶ᠋ᠢ ᠠᠬᠢᠭᠤᠯᠵᠤ᠂ ᠡᠬᠢ ᠪᠠᠶᠠᠯᠢᠭ᠎ᠢ ᠠᠷᠪᠢᠯᠠᠨ ᠭᠠᠮᠨᠠᠵᠤ ᠡᠷᠴᠢᠮᠵᠢᠭᠦᠯᠦᠨ ᠡᠷᠭᠢᠯᠳᠦᠭᠦᠯᠦᠨ ᠠᠱᠢᠭ᠍ᠯᠠᠬᠤ᠎ᠶ᠋ᠢ ᠴᠢᠩᠭᠠᠳᠭᠠᠵᠤ᠂ ᠠᠮᠢ ᠠᠬᠤᠶ᠎ᠶ᠋ᠢᠨ ᠦᠶ᠋ᠯᠡᠳᠬᠦᠨ᠎ᠦ ᠥᠷᠲᠡᠭ᠎ᠢ ᠪᠤᠳᠠᠳᠠᠢ ᠪᠤᠯᠭᠠᠬᠤ ᠠᠷᠭ᠎ᠠ ᠵᠠᠮ᠎ᠢ ᠥᠷᠭᠡᠳᠭᠡᠵᠦ᠍᠂ ᠨᠡᠭᠦᠷᠡᠰᠦᠲᠥ᠋ᠷᠥᠭ᠌ᠴᠢ᠎ᠶ᠋ᠢᠨ ᠭᠠᠳᠠᠭᠰᠢᠯᠠᠭᠤᠯᠤᠯᠳᠠ ᠤᠷᠬᠢᠯ ᠬᠡᠮᠵᠢᠭᠳᠡᠯ᠎ᠳᠦ ᠬᠦᠷᠬᠦ ᠨᠡᠭᠦᠷᠡᠰᠦᠳᠦ᠋ᠷᠦᠭᠴᠢ ᠵᠢ ᠰᠠᠭᠠᠷᠮᠠᠭ᠍ᠵᠢᠭᠤᠯᠬᠤ᠎ᠶ᠋ᠢ ᠢᠳᠡᠪᠬᠢᠲᠡᠶ ᠪᠥᠭᠡᠳ ᠯᠠᠪᠳᠠᠭᠤᠨ᠎ᠢᠶᠠᠷ ᠠᠬᠢᠭᠤᠯᠵᠤ᠂ ᠴᠢᠨᠠᠷ ᠰᠠᠢᠲᠠᠶ ᠬᠥᠭ᠌ᠵᠢᠯᠲᠡ᠎ᠳᠦ ᠱᠢᠨ᠎ᠡ ᠬᠥᠳᠡᠯᠭᠡᠬᠦ᠌ ᠴᠢᠳᠠᠪᠤᠷᠢ ᠨᠡᠮᠡᠷᠢᠯᠡᠵᠦ᠍᠂ ᠱᠢᠨ᠎ᠡ ᠳᠠᠪᠠᠭᠤᠯᠢᠭ᠎ᠢ ᠪᠣᠶ ᠪᠤᠯᠭᠠᠬᠤ ᠬᠡᠷᠡᠭᠳᠡᠢ ᠭᠡᠵᠦ ᠴᠢᠬᠤᠯᠠᠴᠢᠯᠠᠪᠠ᠃
ᠰᠢ ᠵᠢᠨ ᠫᠢᠩ᠂ ᠡᠨᠡ ᠵᠢᠯ ᠪᠣᠯ ᠠᠷᠠᠳ᠎ᠤᠨ ᠤᠯᠤᠰ ᠲᠦᠷᠦ᠍᠎ᠶ᠋ᠢᠨ ᠵᠥᠪᠯᠡᠯᠭᠡᠨ ᠪᠠᠢᠭᠤᠯᠤᠭ᠍ᠳᠠᠭ᠍ᠰᠠᠨ 75 ᠵᠢᠯ᠎ᠦᠨ ᠤᠢ ᠪᠣᠯᠤᠨ᠎ᠠ᠃ ᠠᠷᠠᠳ᠎ᠤᠨ ᠤᠯᠤᠰ ᠲᠦᠷᠦ᠍᠎ᠶ᠋ᠢᠨ ᠵᠥᠪᠯᠡᠯᠭᠡᠨ ᠱᠢᠯᠢᠳᠡᠭ ᠤᠯᠠᠮᠵᠢᠯᠠᠯ᠎ᠢᠶᠠᠨ ᠪᠠᠳᠠᠷᠠᠭᠤᠯᠤᠨ᠂ ᠤᠯᠤᠰ ᠲᠦᠷᠦ᠍᠎ᠶ᠋ᠢᠨ ᠬᠠᠷᠢᠭᠤᠴᠠᠯᠭ᠎ᠠ᠎ᠪᠠᠨ ᠪᠠᠲᠤ ᠴᠡᠭᠡᠵᠢᠯᠡᠵᠦ᠍᠂ ᠦᠵᠡᠯ ᠰᠠᠨᠠᠭ᠎ᠠ ᠤᠯᠤᠰ ᠲᠦᠷᠦ᠍᠎ᠶ᠋ᠢᠨ ᠵᠢᠯᠤᠭᠤᠳᠤᠮᠵᠢ᠎ᠪᠠᠨ ᠴᠢᠩᠭᠠᠳᠭᠠᠨ᠂ ᠲᠤᠰᠭᠠᠢ ᠵᠥᠪᠯᠡᠬᠦ᠌ ᠪᠠᠢᠭᠤᠯᠤᠮᠵᠢ᠎ᠶ᠋ᠢᠨ ᠳᠦᠷᠢᠮ᠎ᠦᠨ ᠪᠠᠢᠭᠤᠯᠤᠯᠲᠠ᠎ᠪᠠᠨ ᠴᠢᠩᠭᠠᠳᠭᠠᠵᠤ᠂ ᠲᠤᠰ ᠪᠡᠶ᠎ᠡ᠎ᠶ᠋ᠢᠨ ᠪᠠᠢᠭᠤᠯᠤᠯᠲᠠ᠎ᠪᠠᠨ ᠴᠢᠩᠭᠠᠳᠭᠠᠨ᠂ ᠤᠯᠤᠰ ᠲᠦᠷᠦ᠍᠎ᠶ᠋ᠢᠨ ᠵᠥᠪᠯᠡᠯᠭᠡᠨ᠎ᠦ ᠭᠡᠱᠢᠭᠦᠳ ᠲᠤᠰ ᠪᠡᠶ᠎ᠡ᠎ᠶ᠋ᠢᠨ ᠬᠡᠪ ᠴᠢᠨᠠᠷ ᠪᠠ ᠲᠤᠱᠢᠶᠠᠯ ᠬᠠᠷᠢᠭᠤᠴᠠᠯᠭ᠎ᠠ ᠭᠦᠢᠴᠡᠳᠭᠡᠬᠦ᠌ ᠴᠢᠳᠠᠪᠤᠷᠢ᠎ᠪᠠᠨ ᠳᠡᠭᠡᠭ᠌ᠰᠢᠯᠡᠭᠦᠯᠵᠦ᠍᠂ ᠱᠢᠨ᠎ᠡ ᠴᠠᠭ ᠦᠶ᠎ᠡ᠎ᠶ᠋ᠢᠨ ᠤᠯᠤᠰ ᠲᠦᠷᠦ᠍᠎ᠶ᠋ᠢᠨ ᠵᠥᠪᠯᠡᠯᠭᠡᠨ᠎ᠦ ᠠᠵᠢᠯ ᠪᠠ ᠤᠯᠠᠨ ᠨᠠᠮ᠎ᠤᠨ ᠬᠠᠮᠲᠤᠷᠠᠨ ᠠᠵᠢᠯᠯᠠᠬᠤ ᠦᠢᠯᠡᠰ᠎ᠦᠨ ᠱᠢᠨ᠎ᠡ ᠪᠠᠢᠳᠠᠯ᠎ᠢ ᠲᠠᠰᠤᠷᠠᠯᠲᠠ ᠦᠭᠡᠢ ᠡᠭᠦᠳᠬᠦ᠌ ᠬᠡᠷᠡᠭ᠌ᠲᠡᠢ ᠭᠡᠵᠦ ᠵᠢᠭᠠᠵᠤ ᠭᠠᠷᠭᠠᠪᠠ᠃
ᠱ᠌ᠢ᠎ᠲᠡᠶ ᠹᠸᠩ᠂ ᠵᠧᠩ ᠵᠢᠶᠠᠨ ᠪᠠᠩ᠂ ᠬᠤ᠌ ᠴᠦᠨ ᠬᠤᠸᠠ᠂ ᠸᠠᠩ ᠳ᠋ᠦᠩ ᠹᠸᠩ᠂ ᠾᠧ ᠪᠦᠦ ᠱᠢᠶᠠᠩᠨᠠᠷ ᠳᠤᠭᠤᠢᠯᠠᠩ ᠬᠠᠮᠲᠤᠷᠠᠭ᠍ᠰᠠᠨ ᠬᠤᠷᠠᠯ᠎ᠳᠤ ᠣᠷᠣᠯᠴᠠᠪᠠ᠃
(ᠱᠢᠨᠬᠤᠸᠠ ᠬᠣᠷᠢᠶ᠎ᠠ ᠵᠢᠨ ᠪᠡᠭᠡᠵᠢᠩ᠎ᠦᠨ 3 ᠰᠠᠷ᠎ᠠ ᠶ᠋ᠢᠨ 6 ᠤ᠋ ᠴᠠᠬᠢᠯᠭᠠᠨ ᠮᠡᠳᠡᠭᠡ)
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠣᠷᠬᠢᠯ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃