2024ᠤᠨ᠎ᠤ᠋ ᠪᠦᠬᠦ ᠤᠯᠤᠰ᠎ᠤ᠋ᠨ ᠬᠣᠶᠠᠷ ᠬᠤᠷᠠᠯ > ᠮᠡᠳᠡᠭᠡᠯᠡᠯ

2024-03-07 10:16:16

ᠵᠣᠬᠢᠶᠠᠭ᠍ᠴᠢ᠄ ᠣᠩᠱᠢᠭ᠍ᠰᠠᠨ ᠣᠳᠠᠭ᠎ᠠ᠄ 3

— ᠶᠡᠷᠦᠩᠬᠡᠢ ᠱᠦᠵᠢ ᠰᠢ ᠵᠢᠨ ᠫᠢᠩ᠎ᠦᠨ ᠵᠢᠶᠠᠩᠰᠦ᠎ᠶ᠋ᠢᠨ ᠲᠥᠯᠥᠭᠡᠯᠡᠭ᠌ᠴᠢᠳ᠎ᠦᠨ ᠪᠦᠯᠬᠦᠮ᠎ᠦᠨ ᠬᠢᠨᠠᠨ ᠵᠥᠪᠯᠡᠬᠦ᠌᠎ᠳᠦ ᠣᠷᠣᠯᠴᠠᠬᠤ ᠦᠶ᠎ᠡ᠎ᠶ᠋ᠢᠨ ᠴᠢᠬᠤᠯᠠ ᠶᠠᠷᠢᠶ᠎ᠠ ᠮᠠᠨ᠎ᠤ ᠣᠷᠣᠨ᠎ᠤ ᠺᠠᠳ᠋ᠷ ᠤᠯᠠᠨ ᠲᠦᠮᠡᠨ᠎ᠦ ᠳᠤᠮᠳᠠ ᠬᠠᠯᠠᠭᠤᠨ ᠲᠤᠰᠭᠠᠯ ᠭᠠᠷᠪᠠ

3 ᠰᠠᠷ᠎ᠠ᠎ᠶ᠋ᠢᠨ 5᠎ᠤ᠋ ᠡᠳᠦᠷ᠂ ᠶᠡᠷᠦᠩᠬᠡᠢ ᠱᠦᠵᠢ ᠰᠢ ᠵᠢᠨ ᠫᠢᠩ᠎ᠦᠨ ᠠᠷᠪᠠᠨ ᠳᠥᠷᠪᠡᠳᠦᠭᠡᠷ ᠬᠤᠭᠤᠴᠠᠭᠠᠨ᠎ᠤ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠬᠣᠶᠠᠳᠤᠭᠠᠷ ᠬᠤᠷᠠᠯ᠎ᠤᠨ ᠵᠢᠶᠠᠩᠰᠦ᠎ᠶ᠋ᠢᠨ ᠲᠥᠯᠥᠭᠡᠯᠡᠭ᠌ᠴᠢᠳ᠎ᠦᠨ ᠪᠦᠯᠬᠦᠮ᠎ᠦᠨ ᠬᠢᠨᠠᠨ ᠵᠥᠪᠯᠡᠬᠦ᠌᠎ᠳᠦ ᠣᠷᠣᠯᠴᠠᠬᠤ ᠦᠶ᠎ᠡ᠎ᠶ᠋ᠢᠨ ᠴᠢᠬᠤᠯᠠ ᠶᠠᠷᠢᠶ᠎ᠠ ᠨᠢ ᠮᠠᠨ᠎ᠤ ᠣᠷᠣᠨ᠎ᠤ ᠥᠷᠭᠡᠨ ᠤᠯᠠᠨ ᠺᠠᠳ᠋ᠷ ᠤᠯᠠᠨ ᠲᠦᠮᠡᠨ᠎ᠦ ᠳᠤᠮᠳᠠ ᠬᠠᠯᠠᠭᠤᠨ ᠲᠤᠰᠭᠠᠯ ᠭᠠᠷᠪᠠ᠃ ᠤᠯᠠᠨ᠎ᠢᠶᠠᠷ᠎ᠢᠶᠠᠨ᠂ ᠲᠤᠰ ᠪᠡᠶ᠎ᠡ᠎ᠶ᠋ᠢᠨ ᠲᠤᠬᠠᠢᠯᠠᠭ᠍ᠰᠠᠨ ᠠᠵᠢᠯ᠎ᠳᠠᠭᠠᠨ ᠰᠠᠭᠤᠷᠢᠯᠠᠵᠤ᠂ ᠢᠳᠡᠪᠬᠢᠲᠡᠢ ᠪᠡᠷ ᠲᠤᠱᠢᠶᠠᠯ ᠬᠠᠷᠢᠭᠤᠴᠠᠯᠭ᠎ᠠ᠎ᠪᠠᠨ ᠭᠦᠢᠴᠡᠳᠭᠡᠵᠦ᠍᠂ ᠰᠠᠨᠠᠭᠠᠴᠢᠯᠠᠭ᠎ᠠ᠎ᠡᠴᠡ᠎ᠪᠠᠨ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠢᠯᠭ᠎ᠠ ᠭᠠᠷᠭᠠᠵᠤ᠂ ᠪᠦᠯᠬᠦᠮᠳᠡᠨ ᠬᠦᠴᠦ᠍᠎ᠪᠡᠨ ᠬᠠᠮᠲᠤᠳᠭᠠᠵᠤ᠂ ᠠᠴᠢ᠎ᠡᠨᠡᠷᠢᠯ ᠎ᠳᠦ ᠲᠠᠯᠠᠷᠬᠠᠨ ᠡᠷᠡᠮᠡᠬᠡᠢᠯᠡᠨ ᠤᠷᠤᠭ᠍ᠰᠢᠯᠠᠵᠤ᠂ ᠡᠬᠡ ᠤᠯᠤᠰ᠎ᠤᠨ ᠤᠮᠠᠷᠠᠲᠤ᠎ᠶ᠋ᠢᠨ ᠴᠢᠨᠠᠷ ᠰᠠᠢᠲᠠᠢ ᠬᠥᠭ᠌ᠵᠢᠯᠲᠡ᠎ᠳᠦ ᠨᠡᠩ ᠶᠡᠬᠡ ᠱᠢᠨ᠎ᠡ ᠬᠤᠪᠢ ᠨᠡᠮᠡᠷᠢ ᠦᠵᠡᠭᠦᠯᠵᠦ᠍᠂ ᠳᠤᠮᠳᠠᠳᠤ ᠤᠯᠤᠰ᠎ᠤᠨ ᠮᠠᠶᠢᠭ᠎ᠤᠨ ᠤᠳᠤᠬᠢᠴᠢᠯᠠᠯᠲᠠ᠎ᠵᠢᠨ ᠥᠪᠥᠷ ᠮᠣᠩᠭᠣᠯ᠎ᠤᠨ ᠱᠢᠨ᠎ᠡ ᠬᠠᠭᠤᠳᠠᠰᠤ᠎ᠶ᠋ᠢ ᠴᠢᠷᠮᠠᠢᠨ ᠪᠢᠴᠢᠭ᠌ᠯᠡᠨ᠎ᠡ ᠭᠡᠵᠦ᠍ ᠰᠠᠨᠠᠯ ᠨᠢᠭᠡᠲᠡᠢ ᠢᠯᠡᠳᠭᠡᠵᠡᠭᠡᠪᠡ᠃

ᠬᠥᠳᠡᠭᠡ ᠲᠣᠰᠭᠣᠨ᠎ᠢ ᠪᠦᠬᠦ᠌ ᠲᠠᠯ᠎ᠠ᠎ᠪᠠᠷ ᠬᠥᠭ᠌ᠵᠢᠭᠦᠯᠦᠨ ᠮᠠᠨᠳᠤᠭᠤᠯᠬᠤ᠎ᠶ᠋ᠢ ᠦᠷᠭᠦᠯᠵᠢᠯᠡᠨ ᠠᠬᠢᠭᠤᠯᠵᠤ ᠬᠠᠮᠲᠤ᠎ᠪᠠᠷ ᠪᠠᠶᠠᠵᠢᠬᠤ ᠵᠠᠮ᠎ᠢᠶᠠᠷ ᠯᠠᠪᠳᠠᠭᠤᠨ ᠰᠠᠢᠲᠤᠷ ᠵᠠᠮᠨᠠᠨ᠎ᠠ

《ᠲᠧᠯᠸᠢᠰ ᠡᠴᠡ ᠶᠡᠷᠦᠩᠬᠡᠢ ᠱᠦᠵᠢ ᠰᠢ ᠵᠢᠨ ᠫᠢᠩ᠎ᠦᠨ ᠶᠠᠷᠢᠶ᠎ᠠ᠎ᠶ᠋ᠢ ᠰᠣᠨᠣᠰᠤᠭᠠᠳ ᠪᠢ ᠶᠡᠬᠡᠳᠡ ᠵᠣᠷᠢᠭ᠍ᠵᠢᠪᠠ᠃ ᠣᠲᠣ ᠮᠠᠨ᠎ᠤ ᠬᠢᠨ 200 ᠭᠠᠷᠤᠶ ᠲᠡᠮᠡᠭᠡ᠂ 80 ᠭᠠᠷᠤᠶ ᠰᠠᠭᠠᠯᠢ᠎ᠶ᠋ᠢᠨ ᠦᠨᠢᠶ᠎ᠡ ᠲᠠᠢ᠂ ᠡᠳᠦᠷ ᠪᠦᠷᠢ᠎ᠶ᠋ᠢᠨ ᠰᠦ᠎ᠵᠢᠨ ᠭᠠᠷᠤᠯᠲᠠ 220 ᠺᠢᠯᠣᠭ᠌ᠷᠠᠮ ᠣᠷᠴᠢᠮ ᠪᠠᠢᠵᠤ᠂ ᠵᠢᠯ᠎ᠦᠨ ᠴᠡᠪᠡᠷ ᠣᠷᠣᠯᠭ᠎ᠠ 100 ᠭᠠᠷᠤᠶ ᠲᠦᠮᠡᠨ ᠲᠥᠭᠥᠷᠢᠭ᠎ᠲᠤ ᠬᠦᠷᠴᠦ᠍ ᠪᠠᠢᠨ᠎ᠠ᠃ ᠮᠠᠨ᠎ᠤ ᠬᠢᠨ ᠤᠳᠤ᠎ᠶ᠋ᠢᠨ ᠬᠥᠭ᠌ᠵᠢᠯᠲᠡ ᠨᠢ ᠨᠠᠮ᠎ᠤᠨ ᠰᠠᠢ᠌ᠨ ᠲᠦᠷᠦ᠍᠎ᠶ᠋ᠢᠨ ᠪᠤᠳᠤᠯᠭ᠎ᠠ᠎ᠶᠢᠨ ᠠᠴᠢ ᠶᠤᠮ᠂ ᠲᠠᠯᠠᠷᠬᠠᠬᠤ ᠶᠣᠰᠣᠲᠠᠢ! ᠬᠣᠢᠱᠢᠳᠠ ᠪᠢ ᠶᠡᠷᠦᠩᠬᠡᠶ ᠱᠦᠵᠢ᠎ᠶ᠋ᠢᠨ ᠴᠢᠩ ᠰᠡᠳᠭᠢᠯ᠎ᠦᠨ ᠨᠠᠢᠳᠠᠯᠭ᠎ᠠ᠎ᠶ᠋ᠢ ᠪᠠᠲᠤ ᠴᠡᠭᠡᠵᠢᠯᠡᠵᠦ᠍᠂ ᠲᠡᠮᠡᠭᠡᠨ᠎ᠦ ᠠᠵᠤ ᠦᠶ᠋ᠯᠡᠰ᠎ᠢ ᠤᠯᠠᠮ ᠴᠢᠨᠠᠭ᠍ᠰᠢᠳᠠ ᠰᠠᠢᠲᠤᠷ ᠬᠥᠭ᠌ᠵᠢᠭᠦᠯᠵᠦ᠍᠂ ᠪᠠᠶᠠᠵᠢᠯ᠎ᠤᠨ ᠳᠠᠭᠠᠭᠤᠯᠤᠭ᠍ᠴᠢ᠎ᠶ᠋ᠢᠨ ᠵᠢᠱ᠌ᠢᠶᠡᠴᠢ ᠦᠶ᠋ᠯᠡᠳᠦᠯ᠎ᠢ ᠰᠠᠢᠲᠤᠷ ᠪᠠᠳᠠᠷᠠᠭᠤᠯᠵᠤ᠂ ᠨᠤᠲᠤᠭ᠎ᠤᠨ ᠠᠬ᠎ᠠ ᠳᠡᠭᠦᠦ᠍᠎ᠨᠡᠷ᠎ᠵᠢᠡᠨ ᠦᠷᠭᠦᠯᠵᠢᠯᠡᠨ ᠳᠠᠢᠴᠢᠯᠠᠵᠤ ᠬᠠᠮᠲᠤ᠎ᠪᠠᠷ ᠪᠠᠶᠠᠵᠢᠬᠤ ᠵᠠᠮ᠎ᠢᠶᠠᠷ ᠯᠠᠪᠳᠠᠭᠤᠨ ᠰᠠᠢᠲᠤᠷ ᠵᠠᠮᠨᠠᠨ᠎ᠠ》 ᠭᠡᠵᠦ᠍ ᠠᠯᠠᠱᠠ ᠪᠠᠷᠠᠭᠤᠨ ᠬᠣᠱᠢᠭᠤᠨ᠎ᠤ ᠪᠠᠳᠠᠢ᠎ᠶ᠋ᠢᠨ ᠵᠢᠷᠠᠨ ᠪᠠᠯᠭᠠᠰᠤᠨ᠎ᠤ ᠪᠠᠶᠠᠨ ᠪᠦᠭᠡᠷᠡᠭ ᠭᠠᠴᠠᠭᠠᠨ᠎ᠤ ᠮᠠᠯᠴᠢᠨ ᠰᠡᠷᠭᠦᠯᠡᠨᠭ ᠬᠡᠯᠡᠪᠡ᠃ ᠰᠡᠷᠭᠦᠯᠡᠨᠭ ᠪᠣᠯ ᠲᠣᠰ ᠬᠣᠱᠢᠭᠤᠨ᠎ᠤ ᠲᠡᠮᠡᠭᠡ ᠲᠡᠵᠢᠭᠡᠳᠡᠭ ᠡᠷᠦᠬᠡ ᠪᠣᠯᠤᠨ᠎ᠠ᠂ 2020 ᠣᠨ᠎ᠳᠤ ᠨᠦᠬᠦᠷ ᠲᠠᠢ ᠪᠡᠨ ᠬᠣᠶᠠᠭᠤᠯᠠ ᠲᠡᠮᠡᠭᠡ ᠲᠡᠵᠢᠭᠡᠬᠦ᠌ ᠬᠡᠷ ᠪᠦᠯᠢ᠎ᠶ᠋ᠢᠨ ᠮᠠᠯᠵᠢᠯ᠎ᠤᠨ ᠲᠠᠯᠠᠪᠠᠶ᠎ᠶ᠋ᠢ ᠡᠭᠦᠳᠦᠨ ᠪᠠᠢᠭᠤᠯᠪᠠ᠂ ᠨᠠᠮ᠎ᠤᠨ ᠰᠠᠢᠨ ᠲᠥᠷᠥ᠎ᠶ᠋ᠢᠨ ᠪᠣᠳᠣᠯᠭ᠎ᠠ᠎ᠶ᠋ᠢᠨ ᠳᠡᠮᠵᠢᠯᠭᠡ ᠳᠤᠤᠷ᠎ᠠ᠂ ᠣᠷᠣᠯᠭ᠎ᠠ᠎ᠨᠢ ᠵᠢᠯ᠎ᠡᠴᠡ ᠵᠢᠯ ᠨᠡᠮᠡᠭᠳᠡᠵᠦ᠂ ᠠᠯᠠᠱᠠ ᠪᠠᠷᠠᠭᠤᠨ ᠬᠣᠱᠢᠭᠤᠨ᠎ᠤ ᠪᠠᠶᠠᠵᠢᠯ᠎ᠤᠨ ᠳᠠᠭᠠᠭᠤᠯᠤᠭ᠍ᠴᠢ᠎ᠪᠠᠷ ᠦᠨᠡᠯᠡᠭ᠌ᠳᠡᠪᠡ᠃

ᠤᠯᠠᠭᠠᠨᠴᠠᠪ ᠬᠣᠲᠠ᠎ᠶ᠋ᠢᠨ ᠴᠠᠬᠠᠷ ᠪᠠᠷᠠᠭᠤᠨ ᠭᠠᠷᠤᠨ ᠡᠮᠦᠨᠡᠲᠦ ᠬᠣᠱᠢᠭᠤᠨ᠎ᠤ ᠲᠡᠭᠰᠢ ᠪᠤᠯᠠᠭ ᠪᠠᠯᠭᠠᠰᠤᠨ᠎ᠤ ᠨᠠᠮ᠎ᠤᠨ ᠬᠣᠷᠢᠶ᠎ᠠ ᠵᠢᠨ ᠱᠦᠵᠢ ᠯᠢ ᠶᠦᠩ᠄ 《ᠶᠡᠷᠦᠩᠬᠡᠶ ᠱᠦᠵᠢ ᠰᠢ ᠵᠢᠨ ᠫᠢᠩ᠎ᠦᠨ ᠶᠠᠷᠢᠶ᠎ᠠ ᠭᠦᠨ ᠭᠦᠨᠵᠡᠭᠡᠶ ᠤᠳᠬ᠎ᠠ ᠰᠠᠨᠠᠭ᠎ᠠ ᠲᠠᠢ ᠪᠠᠢᠵᠤ᠂ ᠪᠥᠬᠥ᠌ ᠪᠠᠯᠭᠠᠰᠤᠨ᠎ᠤ ᠲᠡᠭᠡᠷ᠎ᠡ ᠲᠤᠤᠷ᠎ᠡ ᠱᠠᠲᠤ᠎ᠪᠠᠷ᠎ᠢᠶᠠᠨ ᠶᠡᠷᠦᠩᠬᠡᠶ ᠱᠦᠵᠢ ᠰᠢ ᠵᠢᠨ ᠫᠢᠩ᠎ᠦᠨ ᠴᠢᠬᠤᠯᠠ ᠶᠠᠷᠢᠶᠠᠨ᠎ᠤ ᠵᠣᠷᠢᠭ ᠰᠠᠨᠠᠭ᠎ᠠ᠎ᠶ᠋ᠢ ᠬᠣᠶᠠᠷ ᠶᠡᠬᠡ ᠶᠠᠪᠤᠳᠠᠯ᠎ᠢ ᠰᠠᠢᠲᠤᠷ ᠠᠳᠭᠤᠬᠤ ᠪᠣᠳᠠᠲᠤ ᠠᠵᠢᠯᠯᠠᠭ᠎ᠠ ᠪᠣᠯᠭᠠᠨ ᠬᠤᠪᠢᠷᠠᠭᠤᠯᠵᠤ᠂ 〈ᠬᠥᠳᠡᠭᠡ ᠲᠣᠰᠭᠣᠨ᠎ᠤ ᠰᠣᠶᠣᠯ ᠵᠢᠭᠤᠯᠴᠢᠯᠠᠯ〉 ᠤ᠋ᠨ ᠠᠵᠤ ᠦᠶ᠋ᠯᠡᠰ᠎ᠦᠨ ᠬᠡᠯᠬᠢᠶ᠎ᠡ᠎ᠶ᠋ᠢ ᠤᠷᠲᠤᠳᠭᠠᠨ ᠬᠥᠭ᠌ᠵᠢᠭᠦᠯᠬᠦ᠌᠎ᠶ᠋ᠢ ᠲᠦᠷᠭᠡᠳᠭᠡᠨ᠎ᠡ; 〈ᠮᠢᠩᠭᠠᠨ ᠲᠣᠰᠭᠣᠨ᠎ᠢᠶᠠᠷ ᠵᠢᠱ᠌ᠢᠶ᠎ᠡ ᠦᠵᠡᠭᠦᠯᠵᠦ᠍ ᠲᠦᠮᠡᠨ ᠲᠣᠰᠭᠣᠨ᠎ᠢ ᠴᠡᠭ᠌ᠴᠡᠯᠡᠨ ᠵᠠᠰᠠᠬᠤ〉 ᠠᠵᠢᠯ᠎ᠤᠨ ᠲᠤᠷᠱᠢᠯᠭ᠎ᠠ᠎ᠶ᠋ᠢ ᠰᠤᠷᠤᠯᠴᠠᠨ ᠬᠡᠷᠡᠭ᠌ᠯᠡᠵᠦ᠍᠂ ᠬᠥᠳᠡᠭᠡ ᠲᠣᠰᠭᠣᠨ᠎ᠢ ᠪᠥᠬᠥ᠌ ᠲᠠᠯ᠎ᠠ᠎ᠪᠠᠷ ᠬᠥᠭ᠌ᠵᠢᠭᠦᠯᠦᠨ ᠮᠠᠨᠳᠤᠭᠤᠯᠬᠤ᠎ᠶ᠋ᠢ ᠦᠷᠭᠦᠯᠵᠢᠯᠡᠨ ᠠᠬᠢᠭᠤᠯᠤᠨ᠎ᠠ》 ᠭᠡᠵᠦ ᠢᠯᠡᠳᠭᠡᠪᠡ᠃

《ᠶᠡᠷᠦᠩᠬᠡᠢ ᠱᠦᠵᠢ ᠰᠢ ᠵᠢᠨ ᠫᠢᠩ᠎ᠦᠨ ᠴᠢᠬᠤᠯᠠ ᠶᠠᠷᠢᠶ᠎ᠠ ᠪᠢᠳᠡᠨ᠎ᠦ ᠬᠥᠭ᠌ᠵᠢᠯᠲᠡ᠎ᠶ᠋ᠢ ᠠᠳᠭᠤᠬᠤ ᠡᠷᠴᠢ ᠵᠣᠷᠢᠭ᠎ᠢ ᠬᠥᠪᠴᠢᠯᠡᠪᠡ》 ᠭᠡᠵᠦ᠍ ᠤᠯᠠᠭᠠᠨᠬᠠᠳᠠ ᠬᠤᠳᠠ᠎ᠶ᠋ᠢᠨ ᠰᠦᠩᠱᠠᠨ ᠲᠣᠭᠣᠷᠢᠭ᠎ᠤᠨ ᠮᠦ᠍ ᠵᠢᠶᠠ ᠶᠢᠩᠽᠢ ᠪᠠᠯᠭᠠᠰᠤᠨ᠎ᠤ ᠪᠸᠢ ᠸᠠ ᠽᠢ ᠲᠣᠰᠭᠣᠨ᠎ᠤ ᠨᠠᠮ᠎ᠤᠨ ᠶᠡᠷᠦᠩᠬᠡᠢ ᠡᠭᠦᠷ᠎ᠦᠨ ᠱᠦᠵᠢ ᠵᠧᠩ ᠵᠢᠶᠠᠩ ᠬᠡᠯᠡᠪᠡ᠃ ᠤᠢ᠍ᠢᠷ᠎ᠠ᠎ᠶ᠋ᠢᠨ ᠵᠢᠯ᠎ᠡᠴᠡ᠂ ᠪᠸᠢ᠎ᠸᠠ ᠽᠢ ᠲᠣᠰᠭᠣᠨ ᠲᠦᠬᠦᠭᠡᠷᠤᠮᠵᠢᠳᠤ ᠲᠠᠷᠢᠶᠠᠯᠠᠩ᠎ᠢ ᠶᠡᠬᠡ᠎ᠪᠡᠷ ᠬᠥᠭ᠌ᠵᠢᠭᠦᠯᠵᠦ᠍᠂ ᠪᠦᠬᠦ᠌ ᠲᠣᠰᠭᠣᠨ᠎ᠤ 1200 ᠭᠠᠷᠤᠢ ᠲᠣᠰᠭᠣᠨ᠎ᠤ ᠠᠷᠠᠳ ᠲᠦᠬᠦᠭᠡᠷᠤᠮᠵᠢᠳᠤ ᠲᠠᠷᠢᠶᠠᠯᠠᠩ᠎ᠳᠤ ᠣᠷᠣᠯᠴᠠᠵᠤ᠂ ᠵᠢᠯ ᠪᠦᠷᠢ ᠡᠷᠦᠬᠡ ᠲᠤᠮᠳᠠᠴᠢ᠎ᠶ᠋ᠢᠨ ᠣᠷᠣᠯᠭ᠎ᠠ ᠨᠢ 3 ᠲᠦᠮᠡᠨ ᠲᠥᠭᠥᠷᠢᠭ᠎ᠡᠴᠡ ᠳᠡᠭᠡᠭ᠌ᠰᠢ᠎ᠳᠦ ᠬᠦᠷᠴᠦ᠍ ᠪᠠᠢᠨ᠎ᠠ᠃ ᠬᠣᠢᠱᠢᠳᠠ᠂ ᠲᠣᠰᠭᠣᠨ᠎ᠤ ᠬᠢᠨ 《ᠨᠠᠮ᠎ᠤᠨ ᠭᠡᠱᠢᠭᠦᠨ᠎ᠦ ᠵᠢᠱ᠌ᠢᠢ᠎ᠡ ᠦᠵᠡᠭᠦᠯᠬᠦ᠌ ᠬᠦᠯᠡᠮᠵᠢ》 ᠶ᠋ᠢ ᠱᠢᠨ᠎ᠡ ᠲᠦᠷᠦᠯ ᠵᠦᠢᠯ᠎ᠢ ᠳᠡᠯᠭᠡᠷᠡᠭᠦᠯᠬᠦ᠌ ᠪᠠ ᠱᠢᠨ᠎ᠡ ᠮᠡᠷᠭᠡᠵᠢᠯ᠎ᠢ ᠰᠤᠳᠤᠯᠤᠨ ᠨᠡᠭᠡᠭᠡᠬᠦ᠌ ᠲᠤᠷᠱᠢᠯᠲᠠ᠎ᠶ᠋ᠢᠨ ᠰᠠᠭᠤᠷᠢᠨ ᠪᠣᠯᠭᠠᠵᠤ᠂ ᠲᠤᠰᠭᠠᠢ ᠮᠡᠷᠭᠡᠵᠢᠯ᠎ᠦᠨ ᠠᠵᠢᠯᠳᠠᠨ᠎ᠢ ᠤᠷᠢᠵᠤ ᠲᠣᠰᠭᠣᠨ᠎ᠤ ᠠᠷᠠᠳ᠎ᠲᠤ ᠲᠤᠬᠠᠢ᠎ᠶ᠋ᠢᠨ ᠭᠠᠵᠠᠷ᠎ᠲᠤᠨᠢ ᠬᠢᠴᠢᠶᠡᠯ ᠣᠷᠣᠭᠤᠯᠵᠤ᠂ ᠲᠤᠬᠠᠢ᠎ᠶ᠋ᠢᠨ ᠲᠠᠯᠠᠪᠠᠢ᠎ᠳᠤ ᠵᠢᠱ᠌ᠢᠢ᠎ᠡ ᠦᠵᠡᠭᠦᠯᠵᠦ᠍᠂ ᠲᠣᠰᠭᠣᠨ᠎ᠤ ᠠᠷᠠᠳ᠎ᠤᠨ ᠲᠠᠷᠢᠬᠤ ᠮᠡᠷᠭᠡᠵᠢᠯ ᠪᠣᠯᠤᠨ ᠬᠠᠮᠢᠶᠠᠷᠤᠯᠲᠠ᠎ᠶ᠋ᠢᠨ ᠲᠦᠪᠱᠢᠨ᠎ᠢ ᠲᠠᠰᠤᠷᠠᠯᠳᠠ ᠦᠭᠡᠢ ᠳᠡᠭᠡᠭ᠌ᠰᠢᠯᠡᠭᠦᠯᠵᠦ᠍᠂ ᠨᠡᠩ ᠤᠯᠠᠨ ᠲᠣᠰᠭᠣᠨ᠎ᠤ ᠠᠷᠠᠳ᠎ᠢ ᠳᠠᠭᠠᠭᠤᠯᠤᠨ ᠪᠠᠶᠠᠵᠢᠬᠤ ᠪᠡᠷ ᠴᠢᠷᠮᠠᠢᠵᠤ ᠪᠠᠢᠨ᠎ᠠ᠃

ᠠᠷᠠᠳ ᠲᠦᠮᠡᠨ᠎ᠢᠶᠡᠷ ᠭᠤᠤᠯ ᠪᠣᠯᠭᠠᠬᠤ᠎ᠶ᠋ᠢ ᠪᠠᠷᠢᠮᠲᠠᠯᠠᠵᠤ ᠠᠷᠠᠳ ᠣᠯᠠᠨ᠎ᠳᠤ ᠨᠠᠩ ᠵᠢᠷᠭᠠᠯᠲᠤ ᠠᠮᠢᠳᠤᠷᠠᠯ᠎ᠢ ᠡᠳ᠋ᠯᠡᠭᠦᠯᠬᠦ᠎ᠶ᠋ᠢᠨ ᠲᠥᠯᠥᠭᠡ ᠦᠷᠭᠦᠯᠵᠢᠯᠡᠨ ᠲᠡᠮᠡᠴᠡᠨ᠎ᠠ

《ᠶᠡᠷᠦᠩᠬᠡᠢ ᠱᠦᠵᠢ ᠰᠢ ᠵᠢᠨ ᠫᠢᠩ᠎ᠦᠨ ᠶᠠᠷᠢᠶ᠎ᠠ᠎ᠳᠤ ᠭᠦᠨ ᠰᠡᠳᠭᠢᠯᠭᠡ ᠠᠭᠤᠯᠤᠭ᠍ᠳᠠᠵᠤ᠂ ᠬᠥᠮᠦᠰ᠎ᠢ ᠶᠡᠬᠡ ᠪᠡᠷ ᠵᠣᠷᠢᠭ᠍ᠵᠢᠭᠤᠯᠵᠠᠢ᠂ ᠨᠠᠮ ᠤ᠋ᠨ ᠭᠡᠰᠢᠭᠦᠨ ᠪᠠ ᠨᠡᠢᠭᠡᠮ ᠲᠤᠭᠤᠷᠢᠭ ᠤ᠋ᠨ ᠠᠵᠢᠯᠳᠠᠨ ᠪᠤᠯᠤᠭᠰᠠᠨ ᠤ᠋ ᠬᠤᠪᠢ ᠳ᠋ᠤ᠂ ᠪᠢ ᠶᠡᠷᠦᠩᠬᠡᠢ ᠱᠦᠵᠢ᠎ᠶ᠋ᠢᠨ ᠬᠦᠰᠡᠯ ᠨᠠᠢᠳᠠᠯᠭ᠎ᠠ᠎ᠶ᠋ᠢ ᠪᠠᠲᠤ ᠴᠡᠭᠡᠵᠢᠯᠡᠵᠦ᠍᠂ ᠰᠠᠭᠤᠭᠠᠯᠢ ᠠᠷᠠᠳ᠎ᠲᠤ ᠦᠢᠯᠡᠴᠢᠯᠡᠬᠦ᠌ ᠡᠯ᠎ᠡ ᠵᠦᠢᠯ᠎ᠦᠨ ᠠᠵᠢᠯ᠎ᠢ ᠦᠷᠭᠦᠯᠵᠢᠯᠡᠨ ᠠᠬᠢᠭᠤᠯᠵᠤ᠂ ᠨᠠᠮ᠎ᠤᠨ ᠪᠠᠢᠭᠤᠯᠤᠯᠲᠠ ᠪᠠᠷ ᠦᠨᠳᠦᠰᠦᠨ ᠱᠠᠲᠤᠨ᠎ᠤ ᠵᠠᠰᠠᠯᠲᠠ᠎ᠶ᠋ᠢᠨ ᠪᠠᠢᠭᠤᠯᠤᠮᠵᠢ ᠲᠣᠭ᠍ᠲᠠᠴᠠ᠎ᠶ᠋ᠢᠨ ᠱᠢᠨ᠎ᠡ᠎ᠶ᠋ᠢ ᠡᠭᠦᠳᠬᠦ᠌ ᠠᠵᠢᠯ᠎ᠢ ᠬᠦᠳᠦᠯᠦᠨ ᠳᠠᠭᠠᠭᠤᠯᠬᠤ᠎ᠶ᠋ᠢ ᠢᠳᠡᠪᠬᠢᠲᠡᠢ ᠰᠦᠪᠡᠭ᠌ᠴᠢᠯᠡᠵᠦ᠍᠂ ᠦᠨᠳᠦᠰᠦᠨ ᠱᠠᠲᠤᠨ᠎ᠤ ᠤᠯᠠᠨ ᠲᠦᠮᠡᠨ᠎ᠳᠦ ᠦᠢᠯᠡᠴᠢᠯᠡᠬᠦ᠌ ᠴᠢᠳᠠᠪᠤᠷᠢ ᠪᠠᠨ ᠳᠡᠭᠡᠭ᠌ᠰᠢᠯᠡᠭᠦᠯᠵᠦ᠍᠂ ᠠᠷᠠᠳ ᠣᠯᠠᠨ᠎ᠳᠤ ᠨᠠᠩ ᠵᠢᠷᠭᠠᠯᠲᠤ ᠠᠮᠢᠳᠤᠷᠠᠯ᠎ᠢ ᠡᠳ᠋ᠯᠡᠭᠦᠯᠬᠦ ᠎ᠶ᠋ᠢᠨ ᠲᠥᠯᠥᠭᠡ ᠦᠷᠭᠦᠯᠵᠢᠯᠡᠨ ᠲᠡᠮᠡᠴᠡᠨ᠎ᠡ》 ᠭᠡᠵᠦ᠍ ᠬᠢᠩᠭᠠᠨ ᠠᠢᠮᠠᠭ᠎ᠤᠨ ᠬᠣᠷᠴᠢᠨ ᠪᠠᠷᠠᠭᠤᠨ ᠭᠠᠷᠤᠨ ᠳᠤᠮᠳᠠᠳᠤ ᠬᠣᠱᠢᠭᠤᠨ᠎ᠤ ᠨᠠᠮ᠎ᠤᠨ ᠭᠡᠰᠢᠬᠦᠨ ᠤᠯᠠᠨ ᠲᠦᠮᠡᠨ᠎ᠦ ᠦᠢᠯᠡᠴᠢᠯᠡᠭᠡᠨ᠎ᠦ ᠲᠥᠪ᠎ᠦᠨ ᠪᠤᠯᠠᠭ ᠨᠡᠢᠭᠡᠮ ᠲᠣᠭᠣᠷᠢᠭ᠎ᠤᠨ ᠨᠠᠮ᠎ᠤᠨ ᠬᠣᠷᠢᠶ᠎ᠠ ᠵᠢᠨ ᠱᠦᠵᠢ ᠪᠠᠢ ᠴᠢᠦ ᠬᠣᠩ ᠬᠡᠯᠡᠪᠡ᠃

ᠪᠤᠭᠤᠲᠤ ᠬᠣᠲᠠ᠎ᠶ᠋ᠢᠨ ᠵᠢᠦᠶᠤᠸᠠᠨ ᠲᠣᠭᠣᠷᠢᠭ᠎ᠤᠨ ᠡᠮᠴᠢᠯᠡᠭᠡᠨ᠎ᠤ ᠪᠠᠲᠤᠯᠠᠭ᠎ᠠ᠎ᠶ᠋ᠢᠨ ᠲᠣᠪᠴᠢᠶ᠎ᠠ᠎ᠶ᠋ᠢᠨ ᠨᠠᠮ᠎ᠤᠨ ᠤᠳᠤᠷᠢᠳᠭᠤ ᠳᠤᠭᠤᠢᠯᠠᠩ᠎ᠤᠨ ᠱᠦᠵᠢ᠂ ᠲᠣᠪᠴᠢᠶᠠᠨ ᠳᠠᠷᠤᠭ᠎ᠠ ᠵᠠᠩ ᠴᠢᠶᠠᠩ᠄ 《ᠠᠷᠠᠳ ᠲᠦᠮᠡᠨ᠎ᠦ ᠵᠣᠯ ᠵᠢᠷᠭᠠᠯ ᠠᠮᠤᠷ ᠠᠮᠤᠭᠤᠯᠠᠩ ᠪᠣᠯ ᠴᠢᠨᠠᠷ ᠰᠠᠢᠲᠠᠶ ᠬᠥᠭ᠌ᠵᠢᠯᠲᠡ᠎ᠶ᠋ᠢ ᠠᠬᠢᠭᠤᠯᠬᠤ ᠡᠴᠦᠰ᠎ᠦᠨ ᠬᠠᠷᠠᠯᠲᠠ ᠮᠥᠨ᠂ ᠦᠨᠳᠦᠰᠦᠨ ᠱᠠᠲᠤᠨ᠎ᠤ ᠵᠠᠰᠠᠯᠲᠠ ᠪᠠ ᠠᠷᠠᠳ᠎ᠤᠨ ᠠᠮᠢᠳᠤᠷᠠᠯ᠎ᠤᠨ ᠪᠠᠲᠤᠯᠠᠭ᠎ᠠ᠎ᠨᠢ ᠠᠷᠠᠳ ᠣᠯᠠᠨ᠎ᠤ ᠲᠣᠰ ᠪᠡᠶ᠎ᠡ᠎ᠶ᠋ᠢᠨ ᠠᠱᠢᠭ ᠲᠤᠰᠠ᠎ᠳᠤ ᠬᠣᠯᠪᠣᠭ᠍ᠳᠠᠵᠤ ᠪᠠᠢᠳᠠᠭ᠂ ᠡᠨᠡ᠎ᠨᠢ ᠨᠠᠳᠠ᠎ᠳᠤ ᠬᠠᠷᠢᠭᠤᠴᠠᠯᠭ᠎ᠠ ᠬᠦᠨᠳᠦ ᠶᠡᠬᠡ ᠭᠡᠳᠡᠭ᠎ᠢ ᠭᠦᠨᠵᠡᠭᠡᠶ ᠮᠡᠳᠡᠷᠡᠭᠦᠯᠪᠡ᠃ ᠪᠢᠳᠡ ᠶᠡᠷᠦᠩᠬᠡᠶ ᠱᠦᠵᠢ ᠰᠢ ᠵᠢᠨ ᠫᠢᠩ᠎ᠦᠨ ᠴᠢᠬᠤᠯᠠ ᠶᠠᠷᠢᠶᠠᠨ᠎ᠤ ᠵᠣᠷᠢᠭ ᠰᠠᠨᠠᠭ᠎ᠠ᠎ᠪᠠᠷ ᠵᠢᠯᠣᠭᠣᠳᠣᠯᠭ᠎ᠠ ᠪᠣᠯᠭᠠᠵᠤ᠂ ᠡᠮᠴᠢᠯᠡᠭᠡᠨ᠎ᠦ ᠦᠶ᠋ᠯᠡᠴᠢᠯᠡᠭᠡ᠎ᠶ᠋ᠢᠨ ᠱᠢᠰᠲ᠋ᠧᠮ᠎ᠦᠨ ᠪᠠᠢᠭᠤᠯᠤᠯᠲᠠ᠎ᠶ᠋ᠢ ᠴᠢᠩᠭᠠᠳᠭᠠᠨ᠂ ᠣᠯᠠᠨ ᠲᠦᠮᠡᠨ᠎ᠦ ᠡᠪᠡᠳᠴᠢᠨ ᠦᠵᠡᠭᠦᠯᠵᠦ᠍ ᠡᠮ ᠬᠡᠷᠡᠭ᠌ᠯᠡᠬᠦ᠌ ᠬᠡᠷᠡᠭ᠌ᠴᠡᠭᠡ᠎ᠶ᠋ᠢ ᠨᠠᠩ ᠰᠠᠢᠨ ᠬᠠᠩᠭᠠᠬᠤ ᠡᠨᠡ ᠬᠦ᠌ ᠬᠠᠷᠠᠯᠲᠠ᠎ᠶ᠋ᠢ ᠪᠣᠳᠣᠯᠬᠢᠯᠠᠵᠤ᠂ ᠠᠷᠠᠳ ᠣᠯᠠᠨ᠎ᠤ ᠡᠷᠡᠭᠦᠯ ᠮᠡᠨᠳᠦ ᠪᠤᠶᠠᠨ ᠵᠢᠷᠭᠠᠯ᠎ᠢ ᠲᠠᠰᠤᠷᠠᠯᠲᠠ ᠥᠬᠡᠶ ᠨᠡᠮᠡᠭ᠌ᠳᠡᠭᠦᠯᠦᠨ᠎ᠡ》 ᠭᠡᠵᠦ ᠬᠡᠯᠡᠪᠡ᠃

ᠤᠷᠳᠤᠰ ᠬᠤᠳᠠ᠎ᠶ᠋ᠢᠨ ᠠᠷᠠᠳ᠎ᠤᠨ ᠶᠠᠪᠤᠳᠠᠯ᠎ᠤᠨ ᠲᠣᠪᠴᠢᠶ᠎ᠠ᠎ᠶ᠋ᠢᠨ ᠨᠠᠰᠤᠵᠢᠯ᠎ᠤᠨ ᠠᠰᠠᠷᠠᠮᠵᠢ᠎ᠶ᠋ᠢᠨ ᠦᠢᠯᠡᠴᠢᠯᠡᠭᠡ ᠪᠣᠯᠤᠨ ᠬᠡᠦᠬᠡᠳ᠎ᠦᠨ ᠠᠰᠠᠷᠠᠮᠵᠢ᠎ᠶ᠋ᠢᠨ ᠰᠠᠯᠠᠭᠠᠨ᠎ᠤ ᠺᠠᠳ᠋ᠷ ᠲᠢᠶᠠᠨ ᠶᠦᠨ ᠷᠠᠨ᠄ 《ᠶᠡᠷᠦᠩᠬᠡᠢ ᠱᠦᠵᠢ ᠰᠢ᠎ᠶ᠋ᠢᠨ ᠫᠢᠩ ᠤ᠋ᠨ ᠶᠠᠷᠢᠶ᠎ᠠ᠎ᠶ᠋ᠢ ᠰᠣᠨᠣᠰᠤᠭᠠᠳ᠂ ᠡᠬᠦᠷᠭᠡ ᠬᠠᠷᠢᠭᠤᠴᠠᠯᠭ᠎ᠠ ᠬᠦᠨᠳᠤ ᠪᠠᠢᠬᠤ ᠵᠢ ᠭᠦᠨᠵᠡᠭᠡᠢ ᠣᠢᠯᠠᠭᠠᠪᠠ᠃ ᠦᠨᠳᠦᠰᠦᠨ ᠱᠠᠲᠤᠨ᠎ᠤ ᠠᠷᠠᠳ᠎ᠤᠨ ᠶᠠᠪᠤᠳᠠᠯ᠎ᠤᠨ ᠠᠵᠢᠯᠲᠠᠨ ᠪᠣᠯᠤᠭ᠍ᠰᠠᠨ ᠤ᠋ ᠬᠤᠪᠢ ᠳ᠋ᠤ᠂ ᠪᠢᠳᠡ 〈ᠠᠷᠠᠳ ᠲᠦᠮᠡᠨ᠎ᠢᠶᠡᠷ ᠭᠣᠣᠯ ᠪᠣᠯᠭᠠᠬᠤ〉 ᠬᠥᠭ᠌ᠵᠢᠯᠲᠡ᠎ᠶ᠋ᠢᠨ ᠦᠵᠡᠯ ᠰᠠᠨᠠᠭ᠎ᠠ᠎ᠶ᠋ᠢ ᠪᠠᠷᠢᠮᠲᠠᠯᠠᠵᠤ᠂ ᠪᠦᠬᠦ᠌ ᠰᠡᠳᠭᠢᠯ ᠪᠦᠬᠦ᠌ ᠵᠣᠷᠢᠭ᠎ᠢᠶᠠᠷ᠎ᠢᠶᠠᠨ ᠨᠠᠰᠤᠲᠠᠢᠴᠤᠳ᠎ᠤᠨ ᠨᠠᠰᠤᠵᠢᠯ᠎ᠤᠨ ᠠᠰᠠᠷᠠᠮᠵᠢ᠎ᠶ᠋ᠢᠨ ᠳᠤᠮᠳᠠᠬᠢ ᠪᠠᠴᠢᠮᠳᠠᠵᠤ ᠲᠦᠪᠡᠭᠳᠡᠵᠤ ᠵᠤᠪᠠᠨᠢᠵᠤ ᠬᠦᠰᠡᠵᠤ ᠪᠠᠢᠭ᠎ᠠ ᠠᠰᠠᠭᠤᠳᠠᠯ᠎ᠢ ᠠᠬᠢᠭᠤᠯᠤᠨ ᠪᠣᠳᠠᠲᠠᠢ ᠱᠢᠢᠳᠪᠦᠷᠢᠯᠡᠵᠦ᠍᠂ ᠭᠡᠷ᠎ᠲᠡᠭᠡᠨ ᠬᠣᠴᠣᠷᠤᠭ᠍ᠰᠠᠨ ᠪᠠ ᠬᠦᠴᠢᠷᠳᠡᠯ᠎ᠳᠦ ᠲᠤᠯᠭᠠᠷᠠᠭ᠍ᠰᠠᠨ ᠬᠡᠦᠬᠡᠳ᠎ᠢ ᠬᠠᠯᠠᠮᠵᠢᠯᠠᠨ ᠬᠠᠢᠷᠠᠯᠠᠬᠤ ᠦᠢᠯᠡᠴᠢᠯᠡᠭᠡᠨ᠎ᠦ ᠠᠷᠭ᠎ᠠ ᠬᠡᠮᠵᠢᠶ᠎ᠡ᠎ᠶ᠋ᠢ ᠪᠣᠳᠠᠲᠠᠢ ᠨᠠᠢᠳᠠᠪᠤᠷᠢᠵᠢᠭᠤᠯᠵᠤ᠂ ᠬᠦᠰᠡᠯ ᠨᠠᠢᠳᠠᠯᠭ᠎ᠠ᠎ᠶ᠋ᠢ ᠦᠢᠯᠡᠳᠦᠯᠭᠡᠵᠢᠭᠦᠯᠵᠦ᠍᠂ ᠡᠭᠦᠷᠭᠡ ᠬᠠᠷᠢᠭᠤᠴᠠᠯᠭ᠎ᠠ᠎ᠳᠠᠭᠠᠨ ᠦᠯᠤ ᠤᠰᠤᠯᠳᠠᠵᠤ᠂ ᠨᠠᠰᠤᠲᠠᠢᠴᠤᠳ ᠪᠠ ᠭᠡᠷ ᠲᠡᠭᠡᠨ ᠬᠣᠴᠣᠷᠤᠭ᠍ᠰᠠᠨ ᠬᠡᠦᠬᠡᠳ᠎ᠦᠨ ᠵᠢᠷᠭᠠᠯᠲᠤ ᠲᠦᠷᠦᠭ᠌ᠳᠡᠯ᠂ ᠬᠦᠷᠲᠡᠮᠵᠢ᠎ᠶ᠋ᠢᠨ ᠲᠦᠷᠦᠭ᠌ᠳᠡᠯ᠂ ᠠᠮᠤᠷ ᠲᠦᠪᠱᠢᠨ᠎ᠦ ᠲᠦᠷᠦᠭ᠌ᠳᠡᠯ᠎ᠢ ᠨᠡᠩ ᠲᠡᠭᠦᠯᠳᠡᠷ᠂ ᠨᠡᠩ ᠪᠠᠲᠤᠯᠠᠭ᠎ᠠ᠎ᠲᠠᠶ᠂ ᠨᠡᠩ ᠦᠷᠭᠦᠯᠵᠢᠯᠡᠬᠦ᠌ ᠪᠣᠯᠭᠠᠨ᠎ᠠ》 ᠭᠡᠵᠦ᠍ ᠬᠡᠯᠡᠪᠡ᠃

ᠦᠬᠠᠢ ᠬᠤᠳᠠ᠎ᠶ᠋ᠢᠨ ᠬᠠᠢᠨᠠᠨ ᠲᠣᠭᠣᠷᠢᠭ᠎ᠤᠨ ᠵᠠᠰᠠᠭ᠎ᠤᠨ ᠶᠠᠪᠤᠳᠠᠯ᠎ᠤᠨ ᠦᠢᠯᠡᠴᠢᠯᠡᠭᠡᠨ᠎ᠦ ᠲᠣᠪᠴᠢᠶ᠎ᠠ᠎ᠶ᠋ᠢᠨ ᠨᠠᠮ᠎ᠤᠨ ᠤᠳᠤᠷᠢᠳᠭᠤ ᠳᠤᠭᠤᠢᠯᠠᠩ᠎ᠤᠨ ᠱᠦᠵᠢ᠂ ᠲᠣᠪᠴᠢᠶᠠᠨ ᠳᠠᠷᠤᠭ᠎ᠠ ᠵᠠᠩ ᠴᠤᠤ᠄ 《ᠶᠡᠷᠦᠩᠬᠡᠢ ᠱᠦᠵᠢ᠎ᠶ᠋ᠢᠨ ᠶᠠᠷᠢᠶ᠎ᠠ ᠨᠢ ᠪᠢᠳᠡᠨ᠎ᠳᠦ ᠲᠠᠯᠪᠢᠭ᠍ᠰᠠᠨ ᠠᠵᠢᠯ᠎ᠤᠨ ᠱᠠᠭᠠᠷᠳᠠᠯᠭ᠎ᠠ ᠪᠣᠯᠬᠤ ᠪᠦᠭᠡᠳ ᠪᠠᠰᠠ ᠴᠤ᠌ ᠪᠢᠳᠡᠨ᠎ᠦ ᠬᠣᠢᠱᠢᠳᠠ᠎ᠶ᠋ᠢᠨ ᠠᠵᠢᠯ᠎ᠢᠶᠠᠨ ᠥᠷᠨᠢᠭᠦᠯᠬᠦ᠌ ᠠᠵᠢᠯᠯᠠᠭᠠᠨ᠎ᠤ ᠬᠥᠲᠥᠯᠪᠦᠷᠢ ᠪᠣᠯᠤᠨ᠎ᠠ᠃ ᠣᠢᠷ᠎ᠠ᠎ᠶ᠋ᠢᠨ ᠵᠢᠯ᠎ᠳ᠋ᠤ ᠬᠤᠳᠠᠯᠳᠤᠭ᠎ᠠ ᠡᠷᠭᠢᠯᠡᠬᠦ᠌ ᠣᠷᠴᠢᠨ ᠨᠥᠬᠥᠴᠡᠯ᠎ᠢ ᠱᠢᠯᠢᠳᠡᠭ᠌ᠵᠢᠭᠦᠯᠬᠦ᠌᠎ᠳᠦ ᠠᠩᠬᠠᠷᠤᠯ᠎ᠢᠶᠠᠨ ᠲᠥᠪᠯᠡᠷᠡᠭᠦᠯᠵᠦ᠍᠂ ᠪᠢᠳᠡ 〈ᠭᠡᠳᠤᠷᠡᠬᠦ ᠳ᠋ᠡᠭᠡᠨ ᠨᠢᠭᠡ ᠤᠳᠠᠭ᠎ᠠ ᠭᠦᠶᠦᠬᠦ〉 ᠥᠭᠡᠷᠡᠴᠢᠯᠡᠯᠲᠡ᠎ᠶ᠋ᠢ ᠪᠥᠬᠥ᠌ ᠲᠠᠯ᠎ᠠ᠎ᠪᠠᠷ ᠭᠦᠨᠵᠡᠭᠡᠢᠷᠡᠭᠦᠯᠵᠦ᠍᠂ 〈ᠰᠠᠢᠨ ᠲᠤᠷ᠎ᠠ ᠵᠢᠨ ᠦᠢᠯᠡᠴᠢᠯᠡᠭᠡ ᠬᠠᠨᠭᠭᠠᠬᠤ᠂ ᠬᠠᠪᠰᠤᠷᠤᠨ ᠰᠢᠢᠳᠪᠤᠷᠢᠯᠡᠬᠦ᠂ ᠵᠥᠪᠯᠡᠯᠭᠡ ᠥᠭ᠌ᠬᠦ〉 ᠵᠠᠰᠠᠭ᠎ᠤᠨ ᠶᠠᠪᠤᠳᠠᠯ᠎ᠤᠨ ᠦᠶ᠋ᠯᠡᠴᠢᠯᠡᠭᠡᠨ᠎ᠦ ᠵᠠᠭ᠍ᠪᠤᠷ᠎ᠢ ᠪᠥᠬᠥ᠌ ᠲᠠᠯ᠎ᠠ ᠪᠠᠷ ᠬᠡᠷᠡᠭ᠌ᠵᠢᠭᠦᠯᠵᠦ᠍᠂ ᠦᠶ᠋ᠯᠡᠴᠢᠯᠡᠭᠡ᠎ᠶ᠋ᠢ ᠨᠠᠩ ᠨᠠᠷᠢᠯᠢᠭ ᠤᠨᠤᠪᠴᠢᠲᠠᠢ᠂ ᠨᠠᠩ ᠳᠥᠭᠥᠮ ᠳᠥᠲᠡ᠂ ᠨᠠᠩ ᠳᠣᠲᠣᠨᠣ ᠪᠣᠯᠭᠠᠪᠠ᠃ ᠵᠠᠯᠭᠠᠭᠠᠳ ᠪᠢᠳᠡ ᠠᠵᠤ ᠠᠬᠤᠢᠯᠠᠯ᠂ ᠣᠯᠠᠨ ᠲᠦᠮᠡᠨ᠎ᠦ ᠠᠵᠢᠯ ᠶᠠᠪᠤᠳᠠᠯ ᠱᠢᠶ᠋ᠳᠪᠦᠷᠢᠯᠡᠬᠦ᠌᠎ᠶ᠋ᠢᠨ ᠬᠦᠴᠢᠷᠳᠡᠯ ᠪᠠ ᠲᠦᠭᠵᠢᠷᠠᠯ᠎ᠢ ᠤᠯᠠᠮ ᠴᠢᠨᠠᠬᠰᠢᠳᠠ ᠣᠨᠣᠪᠴᠢᠲᠠᠶ ᠡᠷᠢᠨ ᠣᠯᠵᠤ᠂ 〈ᠨᠢᠭᠡ ᠯᠡ ᠤᠳᠠᠭ᠎ᠠ᠎ᠳᠤ ᠱᠢᠶ᠋ᠳᠪᠦᠷᠢᠯᠡᠬᠦ᠌〉 ᠴᠤᠩᠬᠤᠪᠴᠢ᠎ᠶ᠋ᠢᠨ ᠭᠦᠢᠴᠡᠳᠭᠡᠬᠦ᠌ ᠶᠠᠪᠤᠴᠠ᠎ᠶ᠋ᠢ ᠳᠠᠬᠢᠨ ᠱᠢᠯᠢᠳᠡᠭ᠌ᠵᠢᠭᠦᠯᠬᠦ᠌᠎ᠶ᠋ᠢ ᠦᠷᠭᠦᠯᠵᠢᠯᠡᠨ ᠠᠬᠢᠭᠤᠯᠵᠤ᠂ ᠲᠣᠭ᠎ᠠ ᠪᠠᠷᠢᠮᠲᠠ᠎ᠶ᠋ᠢ ᠢᠯᠡᠭᠦᠬᠡᠨ ᠭᠦᠶᠦᠯᠭᠡᠵᠦ᠍᠂ ᠣᠯᠠᠨ ᠲᠦᠮᠡᠨ ᠢ᠋ ᠳᠤᠲᠠᠭᠤ ᠭᠦᠶᠦᠯᠭᠡᠵᠦ᠍᠂ ᠠᠵᠤ ᠠᠬᠤᠢᠯᠠᠯ ᠪᠠ ᠣᠯᠠᠨ ᠲᠦᠮᠡᠨ᠎ᠢ ᠦᠨᠡᠨ ᠬᠦ᠌ ᠰᠡᠳᠭᠢᠯ ᠬᠠᠨᠤᠮᠵᠢᠲᠠᠶ ᠪᠣᠯᠭᠠᠨ᠎ᠠ》 ᠭᠡᠵᠤ ᠬᠡᠯᠡᠪᠡ᠃

ᠴᠢᠨᠠᠷ ᠰᠠᠢᠲᠠᠶ ᠬᠥᠭ᠌ᠵᠢᠯᠲᠡ᠎ᠶ᠋ᠢ ᠪᠥᠬᠥ᠌ ᠬᠦᠴᠦᠨ᠎ᠢᠶᠡᠷ᠎ᠢᠶᠡᠨ ᠠᠬᠢᠭᠤᠯᠵᠤ ᠣᠳᠣᠬᠢᠴᠢᠯᠠᠯᠳᠠ ᠵᠢᠨ ᠪᠥᠲᠥᠭᠡᠨ ᠪᠠᠢᠭᠤᠯᠤᠯᠲᠠ᠎ᠶ᠋ᠢᠨ ᠦᠷ᠎ᠡ ᠪᠦᠲᠦᠭᠡᠯ᠎ᠢ ᠪᠥᠬᠥ᠌ ᠠᠷᠠᠳ᠎ᠲᠦ ᠬᠦᠷᠲᠡᠭᠡᠨ᠎ᠡ

ᠬᠥᠯᠥᠨ ᠪᠤᠢ᠌ᠷ᠎ᠤᠨ ᠵᠡᠭᠦᠨ ᠬᠣᠢᠲᠤ᠎ᠶ᠋ᠢᠨ ᠹᠦ᠋ ᠹᠸᠩ ᠠᠮᠢᠳᠤ ᠪᠣᠳᠠᠰ᠎ᠤᠨ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠬᠢᠵᠠᠭᠠᠷᠲᠤ ᠺᠣᠮᠫᠠᠨᠢ᠎ᠶ᠋ᠢᠨ ᠳᠡᠳ᠋ ᠶᠡᠷᠦᠩᠬᠡᠢ ᠳᠠᠭᠠᠭᠠᠮᠠᠯ ᠰᠦᠨ ᠴᠢᠨ ᠪᠥᠸᠧ᠄ 《ᠶᠡᠷᠦᠩᠬᠡᠢ ᠱᠦᠵᠢ ᠰᠢ ᠵᠢᠨ ᠫᠢᠩ᠂ ᠴᠢᠨᠠᠷ ᠰᠠᠢᠲᠠᠢ ᠬᠥᠭ᠌ᠵᠢᠯᠲᠡ ᠭᠡᠬᠦ᠌ ᠡᠨᠡ ᠬᠦ᠌ ᠲᠡᠷᠢᠭᠦᠨ ᠴᠢᠬᠤᠯᠠ ᠡᠭᠦᠷᠭᠡ᠎ᠶ᠋ᠢ ᠪᠠᠲᠤ ᠡᠵᠡᠮᠳᠡᠵᠦ᠍᠂ ᠭᠠᠵᠠᠷ ᠣᠷᠣᠨ᠎ᠤ ᠪᠠᠢᠳᠠᠯ᠎ᠳᠠᠭᠠᠨ ᠲᠤᠬᠢᠷᠠᠭᠤᠯᠤᠨ ᠱᠢᠨ᠎ᠡ ᠴᠢᠨᠠᠷ ᠪᠦᠬᠦᠢ ᠦᠢᠯᠡᠳᠪᠦᠷᠢᠯᠡᠯ᠎ᠦᠨ ᠬᠦᠴᠦᠨ᠎ᠢ ᠬᠥᠭ᠌ᠵᠢᠭᠦᠯᠵᠦ᠍᠂ ᠠᠵᠤ ᠠᠬᠤᠢᠯᠠᠯ᠎ᠤᠨ ᠴᠢᠨᠠᠷ ᠰᠠᠢᠲᠠᠢ ᠬᠥᠭ᠌ᠵᠢᠯᠲᠡ᠎ᠳᠦ ᠴᠢᠭ᠌ᠯᠡᠯ᠎ᠢ ᠲᠣᠳᠣᠷᠬᠠᠢ ᠵᠢᠭᠠᠵᠤ ᠥᠭ᠌ᠬᠦ ᠬᠡᠷᠡᠭ᠌ᠲᠡᠢ ᠭᠡᠵᠦ᠍ ᠴᠢᠬᠤᠯᠠᠴᠢᠯᠠᠪᠠ᠃ ᠡᠨᠡ ᠵᠢᠯ ᠮᠠᠨ᠎ᠤ ᠠᠵᠤ ᠠᠬᠤᠢᠯᠠᠯ 〈ᠬᠣᠶᠠᠷ᠎ᠲᠠᠯ᠎ᠠ ᠪᠡᠷ ᠰᠠᠢᠲᠤᠷ ᠠᠳᠭᠤᠵᠤ ᠳᠥᠷᠪᠡ᠎ᠶ᠋ᠢ ᠳᠡᠭᠡᠭ᠌ᠰᠢᠯᠡᠭᠦᠯᠬᠦ᠌〉 ᠠᠵᠢᠯ᠎ᠢ ᠰᠠᠢᠲᠤᠷ ᠬᠢᠨ᠎ᠠ᠃ 〈ᠬᠣᠶᠠᠷ᠎ᠲᠠᠯ᠎ᠠ ᠪᠡᠷ ᠰᠠᠢᠲᠤᠷ ᠠᠳᠭᠤᠬᠤ〉 ᠭᠡᠳᠡᠭ ᠨᠢ ᠄ ᠨᠢᠭᠡ ᠲᠠᠯ᠎ᠠ᠎ᠪᠠᠷ ᠦᠶ᠋ᠯᠡᠳᠪᠦᠷᠢᠯᠡᠯ ᠡᠵᠡᠩᠨᠡᠯᠲᠡ᠎ᠶ᠋ᠢ ᠰᠠᠢᠲᠤᠷ ᠠᠳᠭᠤᠵᠤ᠂ ᠦᠶ᠋ᠯᠡᠳᠪᠦᠷᠢᠯᠡᠯ ᠡᠵᠡᠩᠨᠡᠯᠲᠡ᠎ᠶ᠋ᠢᠨ ᠲᠦᠪᠰᠢᠨ ᠢ᠋ ᠤᠯᠠᠮ ᠴᠢᠨᠠᠬᠰᠢᠳᠠ ᠳᠡᠭᠡᠭ᠌ᠰᠢᠯᠡᠭᠦᠯᠦᠨ᠂ ᠠᠵᠤ ᠠᠬᠤᠢᠯᠠᠯ᠎ᠤᠨ ᠦᠶ᠋ᠯᠡᠳᠪᠦᠷᠢᠯᠡᠯ᠎ᠦᠨ ᠥᠪᠡᠷ᠎ᠦᠨ ᠥᠷᠲᠡᠭ᠎ᠢ ᠶᠡᠬᠡ᠎ᠪᠡᠷ ᠪᠠᠭᠤᠷᠠᠭᠤᠯᠤᠨ᠎ᠠ; ᠨᠦᠬᠦᠭᠡ ᠲᠠᠯ᠎ᠠ᠎ᠪᠠᠷ ᠭᠤᠷᠪᠠᠳᠤᠭᠠᠷ ᠬᠤᠭᠤᠴᠠᠭᠠᠨ᠎ᠤ ᠲᠦᠷᠦᠯ ᠵᠦᠢᠯ᠎ᠦᠨ ᠪᠦᠳᠦᠭᠡᠨ ᠪᠠᠢᠭᠤᠯᠤᠯᠲᠠ᠎ᠶ᠋ᠢ ᠰᠠᠢᠲᠤᠷ ᠠᠳᠭᠤᠵᠤ᠂ ᠦᠢᠯᠡᠳᠪᠦᠷᠢᠯᠡᠯ ᠪᠠ ᠦᠷ᠎ᠡ ᠪᠦᠲᠦᠮᠵᠢ᠎ᠵᠢ ᠤᠷᠢᠳᠴᠢᠯᠡᠨ ᠪᠡᠶᠡᠯᠡᠭᠦᠯᠭᠦ᠎ᠶᠢ ᠦᠨᠡᠨ ᠬᠦ᠌ ᠪᠠᠲᠤᠯᠠᠨ᠎ᠠ᠃ 〈ᠳᠥᠷᠪᠡ᠎ᠶ᠋ᠢ ᠳᠡᠭᠡᠭ᠌ᠰᠢᠯᠡᠭᠦᠯᠬᠦ᠌〉 ᠭᠡᠳᠡᠭ ᠨᠢ᠄ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌ ᠲᠦᠪᠱᠢᠨ᠎ᠢ ᠤᠯᠠᠮ ᠴᠢᠨᠠᠬᠰᠢᠳᠠ ᠳᠡᠭᠡᠭ᠌ᠰᠢᠯᠡᠭᠦᠯᠵᠦ᠍᠂ ᠳᠡᠯᠡᠬᠡᠶ᠎ᠶ᠋ᠢᠨ ᠲᠡᠷᠢᠭᠦᠨ᠎ᠦ ᠪᠠᠷᠢᠮᠵᠢᠶ᠎ᠠ᠎ᠪᠠᠷ ᠪᠠᠷᠢᠮᠵᠢᠶᠠᠯᠠᠵᠤ᠂ ᠮᠡᠷᠭᠡᠵᠢᠯ᠎ᠦᠨ ᠳᠠᠪᠱᠢᠯᠲᠠ᠎ᠡᠴᠡ ᠥᠷᠢᠰᠦᠯᠳᠦᠬᠦ᠌ ᠬᠦᠴᠦᠨ᠎ᠢ ᠣᠯᠤᠨ᠎ᠠ; ᠠᠵᠤ ᠠᠬᠤᠢᠯᠠᠯ᠎ᠤᠨ ᠪᠣᠬᠢᠷᠲᠤᠯ ᠥᠬᠡᠢᠵᠢᠬᠦᠯᠬᠦ ᠨᠣᠷᠮ᠎ᠠ᠎ᠶ᠋ᠢ ᠤᠯᠠᠮ ᠴᠢᠨᠠᠬᠰᠢᠳᠠ ᠳᠡᠭᠡᠭ᠌ᠰᠢᠯᠡᠭᠦᠯᠵᠦ᠍᠂ ᠣᠷᠴᠢᠨ ᠲᠤᠭᠤᠷᠢᠨ ᠤ᠋ ᠬᠠᠮᠠᠭᠠᠯᠠᠯᠲᠠ᠎ᠶ᠋ᠢᠨ ᠣᠷᠣᠭᠤᠯᠤᠯᠲᠠ᠎ᠶ᠋ᠢ ᠨᠡᠮᠡᠭ᠌ᠳᠡᠭᠦᠯᠦᠨ᠂ ᠪᠣᠬᠢᠷᠲᠤᠯ ᠥᠬᠡᠶ ᠬᠥᠭ᠌ᠵᠢᠯᠲᠡ᠎ᠡᠴᠡ ᠠᠮᠢᠵᠢᠷᠠᠯ᠎ᠤᠨ ᠬᠦᠴᠦᠨ ᠤᠯᠤᠨ᠎ᠠ; ᠲᠤᠰᠭᠠᠶ ᠮᠡᠷᠭᠡᠵᠢᠯ᠎ᠦᠨ ᠬᠠᠮᠢᠶᠠᠷᠤᠯᠲᠠ᠎ᠶ᠋ᠢᠨ ᠲᠦᠪᠰᠢᠨ ᠢ᠋ ᠤᠯᠠᠮ ᠴᠢᠨᠠᠬᠰᠢᠳᠠ ᠳᠡᠭᠡᠭ᠌ᠰᠢᠯᠡᠭᠦᠯᠵᠦ᠍᠂ ᠬᠠᠮᠢᠶᠠᠷᠤᠯᠲᠠ ᠡᠴᠡ ᠦᠷ᠎ᠡ ᠠᠱᠢᠭ ᠤᠯᠤᠨ᠎ᠠ; ᠠᠵᠢᠯᠲᠠᠳ᠎ᠤᠨ ᠬᠠᠨᠤᠮᠵᠢ᠎ᠶ᠋ᠢᠨ ᠬᠡᠮᠵᠢᠶ᠎ᠡ᠎ᠶ᠋ᠢ ᠤᠯᠠᠮ ᠴᠢᠨᠠᠬᠰᠢᠳᠠ ᠳᠡᠭᠡᠭ᠌ᠰᠢᠯᠡᠭᠦᠯᠵᠦ᠍᠂ ᠬᠦᠮᠦᠯᠢᠭ ᠹᠦ᠋ ᠹᠸᠩ ᠢ᠋ ᠪᠣᠶ ᠪᠣᠯᠭᠠᠵᠤ᠂ ᠬᠠᠨᠤᠮᠵᠢ᠎ᠶ᠋ᠢᠨ ᠬᠡᠮᠵᠢᠶ᠎ᠡ ᠪᠡᠷ ᠨᠢᠬᠳᠠᠷᠠᠯ ᠤ᠋ᠨ ᠬᠦᠴᠤᠨ ᠢ᠋ ᠲᠡᠭᠡᠭᠰᠢᠯᠡᠬᠦᠯᠤᠨ᠎ᠠ》 ᠭᠡᠵᠤ ᠬᠡᠯᠡᠪᠡ᠃

《ᠶᠡᠷᠦᠩᠬᠡᠢ ᠱᠦᠵᠢ ᠰᠢ ᠵᠢᠨ ᠫᠢᠩ᠎ᠦᠨ ᠶᠠᠷᠢᠶ᠎ᠠ᠎ᠳᠦ ᠵᠣᠷᠢᠭ᠍ᠵᠢᠬᠤ᠎ᠶ᠋ᠢᠨ ᠬᠠᠮᠲᠤ ᠪᠠᠰᠠ ᠬᠦᠨᠳᠦ ᠡᠭᠦᠷᠭᠡ᠎ᠶ᠋ᠢ ᠡᠭᠦᠷᠭᠡᠯᠡᠬᠦ ᠴᠢᠬᠤᠯᠠᠳᠠᠢ ᠭᠡᠳᠡᠭ᠎ᠢ ᠭᠦᠨ ᠤᠢᠯᠠᠭᠠᠵᠠᠢ᠂ 2023 ᠣᠨ᠎ᠳᠤ ᠴᠢᠩ ᠱᠦᠢ ᠾᠧ ᠱᠢᠶᠠᠨ᠎ᠤ ᠤᠷᠤᠨ ᠨᠤᠳᠤᠭ᠎ᠤᠨ ᠦᠢᠯᠡᠳᠪᠦᠷᠢᠯᠡᠯ᠎ᠦᠨ ᠶᠡᠷᠦᠩᠬᠡᠢ ᠦᠷᠳᠡᠭ᠎ᠦᠨ ᠨᠡᠮᠡᠭ᠌ᠳᠡᠯ᠎ᠦᠨ ᠬᠤᠷᠳᠤᠴᠠ 4 ᠤᠯᠠᠷᠢᠯ ᠳᠠᠷᠠᠭᠠᠯᠠᠨ ᠪᠦᠬᠦ᠌ ᠣᠷᠣᠨ᠎ᠤ ᠡᠯ᠎ᠡ ᠬᠣᠱᠢᠭᠤ ᠱᠢᠶᠠᠨ ᠲᠣᠭᠣᠷᠢᠭ᠎ᠲᠤ ᠲᠦᠷᠦᠭᠦᠯᠡᠪᠡ᠂ ᠪᠦᠬᠦ᠌ ᠱᠢᠶᠠᠨ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ᠎ᠪᠠᠷ ᠭᠣᠣᠯ ᠱᠢᠵᠢᠮ ᠪᠣᠯᠭᠠᠵᠤ᠂ ᠠᠩᠬᠠᠷᠤᠯ᠎ᠢᠶᠠᠨ ᠲᠥᠪᠯᠡᠷᠡᠭᠦᠯᠦᠨ ᠬᠦᠴᠦᠨ᠎ᠢᠶᠡᠨ ᠲᠥᠪᠯᠡᠷᠡᠭᠦᠯᠵᠦ᠍ ᠪᠠᠢᠭᠠᠳ ᠬᠣᠶᠠᠷ ᠶᠡᠬᠡ ᠶᠠᠪᠤᠳᠠᠯ᠎ᠢ ᠰᠠᠢᠲᠤᠷ ᠬᠢᠵᠦ᠍᠂ ᠬᠥᠭ᠌ᠵᠢᠯᠲᠡ᠎ᠶ᠋ᠢᠨ ᠠᠵᠠ ᠲᠣᠬᠢᠶᠠᠯ᠎ᠢ ᠠᠮᠵᠢᠵᠤ᠂ ᠱᠢᠨ᠎ᠡ᠎ᠶ᠋ᠢ ᠡᠭᠦᠳᠬᠦ᠌ ᠡᠷᠴᠢᠮ᠎ᠢᠶᠡᠨ ᠴᠢᠩᠭᠠᠷᠠᠭᠤᠯᠵᠤ᠂ ᠭᠠᠵᠠᠷ ᠣᠷᠣᠨ᠎ᠤ ᠪᠠᠢᠳᠠᠯ᠎ᠳᠠᠭᠠᠨ ᠲᠤᠬᠢᠷᠠᠭᠤᠯᠤᠨ ᠱᠢᠨ᠎ᠡ ᠴᠢᠨᠠᠷ ᠪᠦᠬᠦᠢ ᠦᠢᠯᠡᠳᠪᠦᠷᠢᠯᠡᠯ᠎ᠦᠨ ᠬᠦᠴᠦᠨ᠎ᠢ ᠬᠥᠭ᠌ᠵᠢᠭᠦᠯᠵᠦ᠍᠂ ᠣᠳᠣᠬᠢᠴᠢᠯᠠᠭ᠍ᠰᠠᠨ ᠠᠵᠤ ᠦᠢᠯᠡᠰ᠎ᠦᠨ ᠱᠢᠰᠲ᠋ᠧᠮ᠎ᠢ ᠪᠦᠬᠦ᠌ ᠲᠠᠯ᠎ᠠ᠎ᠪᠠᠷ ᠲᠡᠭᠦᠯᠳᠡᠷᠵᠢᠭᠦᠯᠵᠦ᠍᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠪᠠᠷ ᠤᠯᠤᠰ᠎ᠢᠶᠠᠨ ᠬᠦᠴᠦᠷᠬᠡᠭ᠌ᠵᠢᠭᠦᠯᠬᠦ᠌ ᠪᠦᠳᠦᠭᠡᠨ ᠪᠠᠢᠭᠤᠯᠤᠯᠲᠠ᠂ ᠦᠨᠳᠦᠰᠦᠲᠡᠨ᠎ᠦ ᠰᠡᠷᠭᠦᠨ ᠮᠠᠨᠳᠤᠯᠲᠠ᠎ᠶ᠋ᠢᠨ ᠠᠭᠤᠤ ᠦᠢᠯᠡᠰ᠎ᠢ ᠪᠦᠬᠦ᠌ ᠲᠠᠯ᠎ᠠ᠎ᠪᠠᠷ ᠠᠬᠢᠭᠤᠯᠬᠤ᠎ᠳ᠋ᠦ ᠴᠢᠩ ᠱᠦᠢ ᠾᠧ ᠱᠢᠶᠠᠨ᠎ᠤ ᠬᠦᠴᠦᠨ ᠴᠢᠳᠠᠯ᠎ᠢᠶᠠᠨ ᠡᠷᠭᠦᠨ᠎ᠡ》 ᠭᠡᠵᠦ᠍ ᠴᠢᠩ ᠱᠦᠢ ᠾᠧ ᠱᠢᠶᠠᠨ᠎ᠤ ᠨᠠᠮ᠎ᠤᠨ ᠬᠤᠷᠢᠶ᠎ᠠ᠎ᠶᠢᠨ ᠱᠦᠵᠢ ᠶᠠᠩ ᠺᠸ ᠯᠢᠩ ᠬᠡᠯᠡᠪᠡ᠃

ᠱᠢᠯᠢ᠎ᠶ᠋ᠢᠨ ᠭᠣᠣᠯ᠎ᠤᠨ ᠬᠢᠯᠢ᠎ᠶ᠋ᠢᠨ ᠬᠠᠮᠢᠶᠠᠷᠤᠯᠲᠠ᠎ᠶ᠋ᠢᠨ ᠰᠠᠯᠪᠤᠷᠢ ᠠᠩᠬᠢ᠎ᠶ᠋ᠢᠨ ᠬᠡᠷᠡᠯᠠᠤᠳᠤ ᠬᠢᠯᠢ᠎ᠶ᠋ᠢᠨ ᠲᠣᠮᠢᠯᠠᠭ᠍ᠰᠠᠨ ᠰᠠᠯᠪᠤᠷᠢ᠎ᠶ᠋ᠢᠨ ᠳᠠᠷᠤᠭ᠎ᠠ ᠪᠤᠶᠠᠨ᠄ 《ᠡᠪ ᠬᠠᠮᠲᠤ ᠨᠠᠮ᠎ᠤᠨ ᠭᠡᠱᠢᠭᠦᠨ᠂ ᠱᠢᠨ᠎ᠡ ᠴᠠᠭ ᠦᠶ᠎ᠡ᠎ᠶ᠋ᠢᠨ ᠴᠠᠭ᠍ᠳᠠᠭ᠎ᠠ ᠪᠣᠯᠤᠭ᠍ᠰᠠᠨ᠎ᠤ ᠬᠤᠪᠢ᠎ᠳᠤ ᠪᠢ ᠦᠷᠭᠦᠯᠵᠢᠯᠡᠨ 〈ᠪᠦᠬᠦ᠌ ᠰᠡᠳᠭᠢᠯ ᠪᠦᠬᠦ᠌ ᠵᠣᠷᠢᠭ᠎ᠢᠶᠠᠷ᠎ᠢᠶᠠᠨ ᠠᠷᠠᠳ ᠲᠦᠮᠡᠨ᠎ᠳᠦ ᠦᠢᠯᠡᠴᠢᠯᠡᠬᠦ᠌〉 ᠪᠡᠷ ᠦᠨᠳᠦᠰᠦᠨ ᠵᠣᠷᠢᠯᠲᠠ᠎ᠪᠠᠨ ᠪᠣᠯᠭᠠᠵᠤ᠂ ᠰᠡᠳᠭᠢᠯ᠎ᠳᠡᠭᠡᠨ ᠨᠠᠮ᠎ᠢᠶᠠᠨ ᠪᠤᠳᠤᠵᠤ᠂ ᠠᠷᠠᠳ ᠲᠦᠮᠡᠨ᠎ᠢ ᠪᠤᠳᠤᠵᠤ᠂ ᠬᠠᠷᠢᠭᠤᠴᠠᠯᠭ᠎ᠠ ᠡᠭᠦᠷᠭᠡᠯᠡᠨ ᠬᠠᠷᠢᠶ᠎ᠠ ᠣᠷᠣᠨ᠎ᠤ ᠤᠯᠠᠨ ᠲᠦᠮᠡᠨ᠎ᠦ ᠬᠦᠷᠲᠡᠮᠵᠢ᠎ᠶ᠋ᠢᠨ ᠲᠦᠷᠦᠭ᠌ᠳᠡᠯ᠂ ᠵᠢᠷᠭᠠᠯᠲᠤ ᠲᠦᠷᠦᠭ᠌ᠳᠡᠯ᠂ ᠠᠮᠤᠷ ᠲᠦᠪᠱᠢᠨ᠎ᠦ ᠲᠦᠷᠦᠭ᠌ᠳᠡᠯ᠎ᠢ ᠲᠠᠰᠤᠷᠠᠯᠲᠠ ᠦᠭᠡᠢ ᠳᠡᠭᠡᠭ᠌ᠰᠢᠯᠡᠭᠦᠯᠦᠨ᠎ᠡ》 ᠭᠡᠪᠡ᠃

《ᠪᠢ ᠶᠡᠷᠦᠩᠬᠡᠢ ᠱᠦᠵᠢ᠎ᠶ᠋ᠢᠨ ᠴᠢᠩ ᠰᠡᠳᠭᠢᠯ᠎ᠦᠨ ᠨᠠᠢᠳᠠᠯᠭ᠎ᠠ᠎ᠶ᠋ᠢ ᠪᠠᠲᠤ ᠴᠡᠭᠡᠵᠢᠯᠡᠵᠦ᠍᠂ ᠲᠤᠬᠠᠢᠯᠠᠭ᠍ᠰᠠᠨ ᠠᠵᠢᠯ᠎ᠤᠨ ᠪᠠᠢᠷᠢ᠎ᠪᠠᠨ ᠪᠠᠲᠤ ᠰᠠᠬᠢᠵᠤ᠂ ᠬᠠᠲᠠᠭᠤᠵᠢᠯᠲᠠᠢ ᠪᠣᠯᠪᠠᠰᠤᠷᠠᠵᠤ ᠲᠤᠬᠠᠢᠯᠠᠭ᠍ᠰᠠᠨ ᠠᠵᠢᠯ᠎ᠤᠨ ᠴᠢᠳᠠᠪᠤᠷᠢ᠎ᠪᠠᠨ ᠳᠡᠭᠡᠭᠰᠢᠯᠡᠭᠦᠯᠵᠤ᠂ ᠠᠵᠢᠯ᠎ᠤᠨ ᠠᠷᠭ᠎ᠠ ᠬᠡᠯᠪᠡᠷᠢ ᠪᠡᠨ ᠢᠳᠡᠪᠬᠢᠲᠡᠢ ᠬᠤᠪᠢᠷᠠᠭᠤᠯᠵᠤ᠂ ᠨᠠᠮ ᠪᠣᠯᠤᠨ ᠠᠷᠠᠳ ᠲᠦᠮᠡᠨ ᠡᠴᠡ ᠳᠠᠭᠠᠭᠠᠯᠭᠠᠭ᠍ᠰᠠᠨ ᠡᠭᠦᠷᠭᠡ ᠬᠠᠷᠢᠭᠤᠴᠠᠯᠭ᠎ᠠ ᠪᠡᠨ ᠡᠷᠡᠰ ᠪᠡᠶᠡᠯᠡᠭᠦᠯᠵᠦ᠍᠂ ᠨᠡᠢᠭᠡᠮ᠎ᠦᠨ ᠠᠮᠤᠷ ᠲᠦᠪᠱᠢᠨ᠎ᠢ ᠪᠦᠬᠦ᠌ ᠬᠦᠴᠦᠨ᠎ᠢᠶᠡᠷ᠎ᠢᠶᠡᠨ ᠬᠠᠮᠠᠭᠠᠯᠠᠨ᠎ᠠ》 ᠭᠡᠵᠦ᠍ ᠪᠠᠶᠠᠨᠨᠠᠭᠤᠷ ᠬᠣᠲᠠ᠎ᠶ᠋ᠢᠨ ᠤᠷᠠᠳ᠎ᠤᠨ ᠳᠤᠮᠳᠠᠳᠤ ᠬᠣᠱᠢᠭᠤᠨ᠎ᠤ ᠪᠠᠶᠠᠨ ᠤᠯᠠᠭᠠᠨ ᠬᠢᠯᠢ᠎ᠶ᠋ᠢᠨ ᠲᠣᠮᠢᠯᠠᠭ᠍ᠰᠠᠨ ᠰᠠᠯᠪᠤᠷᠢ᠎ᠶ᠋ᠢᠨ ᠳᠠᠷᠤᠭ᠎ᠠ ᠪᠤᠶᠠᠨᠲᠤ ᠰᠡᠳᠭᠢᠯ ᠳᠣᠭ᠍ᠳᠣᠯᠤᠨ ᠬᠡᠯᠡᠪᠡ᠃

ᠲᠦᠩᠯᠢᠶᠣᠤ ᠬᠤᠳᠠ᠎ᠶ᠋ᠢᠨ ᠬᠣᠷᠴᠢᠨ ᠵᠡᠭᠦᠨ ᠭᠠᠷᠤᠨ ᠬᠣᠢᠲᠤ ᠬᠣᠱᠢᠭᠤᠨ᠎ᠤ ᠭᠠᠨᠵᠤᠭ᠎ᠠ ᠪᠠᠯᠭᠠᠰᠤ᠎ᠶ᠋ᠢᠨ ᠭᠤᠷᠪᠠᠳᠤᠭᠠᠷ ᠪᠠᠭ᠎ᠠ ᠰᠤᠷᠭᠠᠭᠤᠯᠢ᠎ᠶ᠋ᠢᠨ ᠪᠠᠭ᠍ᠰᠢ ᠯᠢᠦ ᠬᠣᠩ ᠵᠢᠶ᠍ᠸ᠄ 《ᠶᠡᠷᠦᠩᠬᠡᠢ ᠱᠦᠵᠢ ᠰᠢ ᠵᠢᠨ ᠫᠢᠩ᠎ᠦᠨ ᠶᠠᠷᠢᠶ᠎ᠠ ᠬᠥᠮᠦᠰ᠎ᠢ ᠤᠷᠮᠠᠰᠢᠭᠤᠯᠤᠨ ᠵᠤᠷᠢᠬᠵᠢᠭᠤᠯᠤᠯ᠎ᠠ᠃ ᠠᠷᠠᠳ᠎ᠤᠨ ᠪᠠᠭ᠍ᠰᠢ ᠪᠣᠯᠤᠭ᠍ᠰᠠᠨ᠎ᠤ ᠬᠤᠪᠢ᠎ᠳᠤ ᠨᠠᠮ᠎ᠤᠨ ᠲᠥᠯᠥᠭᠡ ᠬᠥᠮᠦᠨ ᠬᠥᠮᠦᠵᠢᠭᠦᠯᠬᠦ᠌᠂ ᠤᠯᠤᠰ᠎ᠤᠨ ᠲᠥᠯᠥᠭᠡ ᠴᠢᠳᠠᠪᠤᠷᠢᠲᠠᠨ ᠬᠥᠮᠦᠵᠢᠭᠦᠯᠬᠦ᠌ ᠬᠦᠨᠳᠦ ᠡᠭᠦᠷᠭᠡ᠎ᠶ᠋ᠢ ᠡᠭᠦᠷᠭᠡᠯᠡᠵᠦ᠍ ᠪᠠᠢᠨ᠎ᠠ᠂ 〈ᠬᠣᠶᠠᠷ᠎ᠢ ᠬᠦᠩᠭᠡᠷᠡᠭᠦᠯᠬᠦ〉 ᠲᠥᠷᠥ᠎ᠶ᠋ᠢᠨ ᠪᠣᠳᠣᠯᠭ᠎ᠠ᠎ᠶ᠋ᠢ ᠪᠥᠬᠥ᠌ ᠲᠠᠯ᠎ᠠ᠎ᠪᠠᠷ ᠨᠠᠢᠳᠠᠪᠤᠷᠢᠵᠢᠭᠤᠯᠵᠤ ᠪᠠᠢᠭ᠎ᠠ ᠣᠳᠣᠬᠠᠨ᠎ᠳᠤ ᠠᠷᠠᠳ ᠣᠯᠠᠨ᠎ᠤ ᠰᠤᠷᠭᠠᠨ ᠬᠥᠮᠦᠵᠢᠯ᠎ᠦᠨ ᠶᠠᠰᠤ ᠴᠢᠨᠠᠷ᠎ᠤᠨ ᠲᠤᠬᠠᠶ ᠬᠥᠭᠡᠭᠡᠴᠡᠯᠳᠦᠯ ᠪᠠ ᠱᠠᠭᠠᠷᠳᠠᠯᠭ᠎ᠠ ᠨᠠᠩ ᠥᠨᠳᠥᠷ ᠪᠣᠯᠵᠣ ᠪᠠᠢᠨ᠎ᠠ᠂ ᠪᠢ ᠦᠷᠭᠦᠯᠵᠢᠯᠡᠨ ᠲᠤᠬᠠᠢᠯᠠᠭ᠍ᠰᠠᠨ ᠠᠵᠢᠯ᠎ᠤᠨ ᠣᠨᠣᠯ᠎ᠢᠶᠠᠨ ᠴᠢᠷᠮᠠᠢᠨ ᠰᠤᠳᠤᠯᠵᠤ᠂ ᠶᠣᠰᠣ ᠰᠤᠷᠲᠠᠬᠤᠨ᠎ᠤ ᠪᠣᠯᠪᠠᠰᠤᠷᠠᠯ᠎ᠢᠶᠠᠨ ᠳᠡᠭᠡᠭ᠌ᠰᠢᠯᠡᠭᠦᠯᠵᠦ᠍᠂ ᠰᠤᠷᠭᠠᠨ ᠬᠥᠮᠦᠵᠢᠯ᠎ᠦᠨ ᠬᠥᠭᠡᠭᠡᠴᠡᠯᠳᠦᠯ᠎ᠢᠶᠡᠨ ᠪᠠᠲᠤ ᠰᠠᠬᠢᠵᠤ᠂ ᠰᠤᠷᠭᠠᠨ ᠬᠥᠮᠦᠵᠢᠯ᠎ᠦᠨ ᠶᠠᠰᠤ ᠴᠢᠨᠠᠷ᠎ᠢ ᠳᠡᠭᠡᠭ᠌ᠰᠢᠯᠡᠭᠦᠯᠵᠦ᠍ ᠦᠷ᠎ᠡ ᠠᠱᠢᠭ᠎ᠢ ᠨᠡᠮᠡᠭ᠌ᠳᠡᠭᠦᠯᠬᠦ᠌ ᠵᠠᠮ᠎ᠢᠶᠠᠷ ᠡᠷᠡᠯᠬᠡᠭ᠌ᠯᠡᠨ ᠤᠷᠤᠭ᠍ᠰᠢᠯᠠᠨ᠎ᠠ》 ᠭᠡᠵᠦ ᠬᠡᠯᠡᠪᠡ᠃

(ᠰᠤᠷᠪᠤᠯᠵᠢᠯᠠᠭ᠍ᠴᠢ ᠯᠢᠦ ᠬᠣᠩ ᠵᠠᠩ ᠬᠠᠢ ᠵᠢᠶᠦ᠋ᠨ ᠯᠢ ᠱᠢᠤᠸᠠᠢ ᠶᠣᠣ ᠭᠤᠤ ᠮᠢᠨ ᠨᠠ ᠰᠦᠩ ᠠ ᠨᠠᠨ ᠬᠤᠤ ᠱᠢᠤᠸᠠᠢ ᠯᠢᠶᠠᠨ ᠵᠧᠩ ᠱᠢᠤᠸᠠᠢ ᠯᠢᠶᠠᠩ ᠬᠤᠤ ᠪᠢᠶᠤᠤ ᠱᠢᠤᠸᠠᠢ ᠯᠠᠢ ᠯᠢ ᠢᠦᠢ ᠵᠦᠸᠸ ᠱᠢᠤᠸᠠᠢ ᠢ ᠴᠢᠶᠦ᠋ᠨ ᠭᠦᠸᠧ ᠢᠦᠢ ᠳᠠᠳᠤᠯᠭ᠎ᠠ᠎ᠶ᠋ᠢᠨ ᠰᠤᠷᠪᠤᠯᠵᠢᠯᠠᠭ᠍ᠴᠢ ᠵᠦ᠍ ᠶᠤᠸᠠᠨ ᠯᠢ ᠶᠡᠷᠦᠩᠬᠡᠢᠯᠡᠨ ᠮᠡᠳᠡᠭᠡᠯᠡᠪᠡ)

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠬᠦᠰᠡᠯᠡᠩ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面