2024ᠤᠨ᠎ᠤ᠋ ᠪᠦᠬᠦ ᠤᠯᠤᠰ᠎ᠤ᠋ᠨ ᠬᠣᠶᠠᠷ ᠬᠤᠷᠠᠯ > ᠮᠡᠳᠡᠭᠡᠯᠡᠯ

2024-03-07 10:28:42

ᠵᠣᠬᠢᠶᠠᠭ᠍ᠴᠢ᠄ ᠣᠩᠱᠢᠭ᠍ᠰᠠᠨ ᠣᠳᠠᠭ᠎ᠠ᠄ 3

3 ᠰᠠᠷ᠎ᠠ᠎ᠶ᠋ᠢᠨ 6᠎ᠤ᠋ ᠦᠳᠡ᠎ᠶ᠋ᠢᠨ ᠬᠣᠢᠨ᠎ᠠ᠂ ᠨᠠᠮ᠎ᠤᠨ ᠲᠥᠪ ᠬᠣᠷᠢᠶ᠎ᠠ ᠵᠢᠨ ᠶᠡᠷᠦᠩᠬᠡᠶ ᠱᠦᠵᠢ᠂ ᠤᠯᠤᠰ᠎ᠤᠨ ᠲᠡᠷᠢᠭᠦᠯᠡᠭ᠌ᠴᠢ᠂ ᠲᠥᠪ᠎ᠦᠨ ᠴᠡᠷᠢᠭ᠎ᠦᠨ ᠶᠠᠪᠤᠳᠠᠯ᠎ᠤᠨ ᠬᠣᠷᠢᠶ᠎ᠠ ᠵᠢᠨ ᠲᠡᠷᠢᠭᠦᠯᠡᠭ᠌ᠴᠢ ᠰᠢ ᠵᠢᠨ ᠫᠢᠩ ᠪᠥᠬᠥ᠌ ᠤᠯᠤᠰ᠎ᠤᠨ ᠤᠯᠤᠰ ᠲᠥᠷᠥ᠎ᠶ᠋ᠢᠨ ᠵᠥᠪᠯᠡᠯᠭᠡᠨ᠎ᠦ ᠠᠷᠪᠠᠨ ᠳᠥᠷᠪᠡᠳᠦᠭᠡᠷ ᠬᠤᠭᠤᠴᠠᠭᠠᠨ᠎ᠤ ᠬᠣᠷᠢᠶ᠎ᠠ ᠵᠢᠨ ᠬᠣᠶᠠᠳᠤᠭᠠᠷ ᠬᠤᠷᠠᠯ᠎ᠳᠤ ᠣᠷᠣᠯᠴᠠᠵᠤ ᠪᠠᠢᠭ᠎ᠠ ᠳᠤᠮᠳᠠᠳᠤ ᠤᠯᠤᠰ᠎ᠤᠨ ᠭᠣᠮᠢᠨᠳᠠᠩ᠎ᠤᠨ ᠬᠤᠪᠢᠰᠭᠠᠯᠲᠤ ᠬᠣᠷᠢᠶ᠎ᠠ᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠡᠲᠡᠭᠡᠳ᠂ ᠣᠷᠴᠢᠨ ᠲᠣᠭᠣᠷᠢᠨ ᠡᠬᠢ ᠪᠠᠶᠠᠯᠢᠭ᠎ᠤᠨ ᠡᠲᠡᠭᠡᠳ᠎ᠦᠨ ᠭᠡᠱᠢᠭᠦᠳ᠎ᠢ ᠡᠷᠬᠢᠨ ᠦᠵᠡᠭ᠌ᠰᠡᠨ ᠪᠥᠭᠡᠳ ᠳᠤᠭᠤᠢᠯᠠᠩ ᠬᠠᠮᠲᠤᠷᠠᠭ᠍ᠰᠠᠨ ᠬᠤᠷᠠᠯ᠎ᠳᠤ ᠣᠷᠣᠯᠴᠠᠵᠤ᠂ ᠰᠠᠨᠠᠯ ᠰᠠᠨᠠᠭᠤᠯᠭ᠎ᠠ᠎ᠶ᠋ᠢ᠎ᠨᠢ ᠰᠣᠨᠣᠰᠪᠠ᠃

ᠣᠷᠴᠢᠨ ᠲᠣᠭᠣᠷᠢᠨ ᠡᠬᠢ ᠪᠠᠶᠠᠯᠢᠭ᠎ᠤᠨ ᠡᠲᠡᠭᠡᠳ᠎ᠦᠨ ᠬᠢᠨ᠎ᠤ ᠥᠪᠥᠷ ᠮᠣᠩᠭᠣᠯ᠎ᠳᠤ ᠰᠠᠭᠤᠭ᠎ᠠ ᠪᠥᠬᠥ᠌ ᠤᠯᠤᠰ᠎ᠤᠨ ᠤᠯᠤᠰ ᠲᠥᠷᠥ᠎ᠶ᠋ᠢᠨ ᠵᠥᠪᠯᠡᠯᠭᠡᠨ᠎ᠦ ᠭᠡᠱᠢᠭᠦᠨ ᠦ᠋ ᠴᠢᠶᠠᠩ᠂ ᠯᠢ ᠪᠢᠨ᠂ ᠯᠦ᠍ ᠴᠢᠤᠸᠠᠨ ᠵᠥᠩ᠂ ᠯᠢ ᠪᠦᠦ ᠴᠢᠤᠸᠠᠨ ᠲᠤᠬᠠᠶ᠎ᠶ᠋ᠢᠨ ᠲᠠᠯᠠᠪᠠᠶ᠎ᠳᠤ ᠶᠡᠷᠦᠩᠬᠡᠶ ᠱᠦᠵᠢ᠎ᠶ᠋ᠢᠨ ᠴᠢᠬᠤᠯᠠ ᠶᠠᠷᠢᠶ᠎ᠠ᠎ᠶ᠋ᠢ ᠰᠣᠨᠣᠰᠪᠠ᠃ ᠲᠡᠳᠡ᠂ ᠳᠡᠭᠡᠳᠦ ᠬᠡᠮᠵᠢᠶᠡᠨ᠎ᠦ ᠬᠠᠷᠢᠭᠤᠴᠠᠯᠭᠠᠲᠤ ᠰᠡᠳᠭᠢᠯᠭᠡ᠂ ᠡᠭᠦᠷᠭᠡᠲᠦ ᠪᠤᠳᠤᠯ᠎ᠢ ᠵᠠᠯᠭᠠᠮᠵᠢᠯᠠᠵᠤ᠂ ᠪᠦᠬᠦ᠌ ᠰᠡᠳᠭᠢᠯ ᠪᠦᠬᠦ᠌ ᠵᠣᠷᠢᠭ᠎ᠢᠶᠠᠷ᠎ᠢᠶᠠᠨ ᠲᠤᠱᠢᠶᠠᠯ ᠬᠠᠷᠢᠭᠤᠴᠠᠯᠭ᠎ᠠ᠎ᠪᠠᠨ ᠭᠦᠢᠴᠡᠳᠭᠡᠵᠦ᠍᠂ ᠠᠮᠢ ᠠᠬᠤᠢ ᠣᠷᠴᠢᠨ ᠲᠣᠭᠣᠷᠢᠨ᠎ᠤ ᠬᠠᠮᠠᠭᠠᠯᠠᠯᠲᠠ᠎ᠶ᠋ᠢ ᠴᠢᠩᠭᠠᠳᠭᠠᠬᠤ᠂ ᠥᠨᠳᠥᠷ ᠲᠦᠪᠱᠢᠨ᠎ᠪᠦᠬᠦᠢ ᠬᠠᠮᠠᠭᠠᠯᠠᠯᠲᠠ᠎ᠪᠠᠷ ᠴᠢᠨᠠᠷ ᠰᠠᠢᠲᠠᠢ ᠬᠥᠭ᠌ᠵᠢᠯᠲᠡ᠎ᠶ᠋ᠢ ᠲᠤᠯᠭᠠᠭᠤᠷᠢᠯᠠᠬᠤ ᠲᠠᠯ᠎ᠠ᠎ᠪᠠᠷ ᠱᠢᠨ᠎ᠡ ᠬᠤᠪᠢ ᠨᠡᠮᠡᠷᠢ ᠦᠵᠡᠭᠦᠯᠦᠨ᠎ᠡ ᠭᠡᠵᠦ᠍ ᠢᠯᠡᠳᠭᠡᠵᠡᠭᠡᠪᠡ᠃

ᠪᠥᠬᠥ᠌ ᠤᠯᠤᠰ᠎ᠤᠨ ᠤᠯᠤᠰ ᠲᠥᠷᠥ᠎ᠶ᠋ᠢᠨ ᠵᠥᠪᠯᠡᠯᠭᠡᠨ᠎ᠦ ᠭᠡᠱᠢᠭᠦᠨ᠂ ᠳᠤᠮᠳᠠᠳᠤ ᠤᠯᠤᠰ᠎ᠤᠨ ᠢᠨᠵᠧᠨᠧᠷᠢᠩ᠎ᠦᠨ ᠬᠦᠷᠢᠶᠡᠯᠡᠩ᠎ᠦᠨ ᠠᠺᠠᠳᠧᠮᠢᠴᠢ ᠦ᠋ ᠴᠢᠶᠠᠩ ᠰᠤᠷᠪᠤᠯᠵᠢᠯᠠᠭ᠍ᠴᠢ᠎ᠳᠤ᠄ 《ᠣᠷᠴᠢᠨ ᠲᠤᠭᠤᠷᠢᠨ ᠡᠬᠢ ᠪᠠᠶᠠᠯᠢᠭ᠎ᠤᠨ ᠡᠲᠡᠭᠡᠳ᠎ᠦᠨ ᠭᠡᠱᠢᠭᠦᠨ ᠪᠣᠯᠤᠭ᠍ᠰᠠᠨ᠎ᠤ ᠬᠤᠪᠢ᠎ᠳᠤ᠂ ᠪᠢᠳᠡ ᠵᠠᠪᠠᠯ ᠡᠬᠢ ᠪᠠᠶᠠᠯᠢᠭ᠎ᠢ ᠨᠡᠭᠡᠭᠡᠨ ᠠᠱᠢᠭ᠍ᠯᠠᠬᠤ ᠪᠠ ᠣᠷᠴᠢᠨ ᠲᠤᠭᠤᠷᠢᠨ ᠢ᠋ ᠬᠠᠮᠠᠭᠠᠯᠠᠬᠤ᠎ᠶ᠋ᠢᠨ ᠬᠣᠭᠣᠷᠣᠨᠳᠣᠬᠢ ᠬᠤᠪᠢᠰᠤᠩᠭᠤᠶ ᠬᠠᠷᠢᠴᠠᠭ᠎ᠠ᠎ᠶ᠋ᠢ ᠰᠠᠢᠲᠤᠷ ᠡᠵᠡᠮᠳᠡᠵᠦ᠍᠂ ᠨᠡᠭᠡᠭᠡᠨ ᠠᠱᠢᠭ᠍ᠯᠠᠬᠤ ᠪᠠ ᠬᠠᠮᠠᠭᠠᠯᠠᠬᠤ᠎ᠶ᠋ᠢᠨ ᠬᠣᠭᠣᠷᠣᠨᠳᠣᠬᠢ ᠵᠠᠭᠠᠭ ᠬᠢᠵᠠᠭᠠᠷ ᠵᠢᠴᠢ ᠲᠡᠭᠦᠨ᠎ᠦ ᠤᠷᠲᠤᠳᠭᠠᠯ᠎ᠤᠨ ᠠᠭᠤᠯᠤᠭ᠍ᠳᠠᠬᠤᠨ᠎ᠢ ᠨᠡᠯᠢᠶᠡᠳ ᠰᠠᠢᠨ ᠱᠢᠯᠢᠳᠡᠭ᠌ᠵᠢᠭᠦᠯᠦᠨ ᠱᠢᠶ᠋ᠳᠪᠦᠷᠢᠯᠡᠬᠦ᠌ ᠬᠡᠷᠡᠭ᠌ᠲᠡᠶ᠃ ᠪᠢᠳᠡ ᠵᠠᠪᠠᠯ ᠶᠡᠷᠦᠩᠬᠡᠢ ᠱᠦᠵᠢ᠎ᠶ᠋ᠢᠨ ᠱᠠᠭᠠᠷᠳᠠᠯᠭ᠎ᠠ ᠶᠣᠰᠣᠭᠠᠷ᠂ ᠠᠮᠢ ᠠᠬᠤᠢ᠎ᠶ᠋ᠢᠨ ᠬᠠᠮᠠᠭᠠᠯᠠᠯᠲᠠ᠎ᠶ᠋ᠢᠨ ᠤᠯᠠᠭᠠᠨ ᠱᠤᠭᠤᠮ᠎ᠢ ᠴᠢᠩᠭ᠎ᠠ ᠰᠠᠬᠢᠭ᠍ᠰᠠᠨ ᠰᠠᠭᠤᠷᠢᠨ ᠳᠡᠭᠡᠷ᠎ᠡ᠂ ᠬᠤᠪᠤᠷ ᠨᠠᠨᠳᠢᠨ ᠠᠭᠤᠷᠬᠠᠢ᠎ᠶ᠋ᠢᠨ ᠭᠠᠷᠤᠯᠲᠠ᠎ᠶ᠋ᠢᠨ ᠡᠬᠢ ᠪᠠᠶᠠᠯᠢᠭ ᠵᠢᠴᠢ ᠪᠤᠰᠤᠳ ᠡᠬᠢ ᠪᠠᠶᠠᠯᠢᠭ᠎ᠢ ᠬᠠᠮᠤᠭ᠎ᠤᠨ ᠶᠡᠬᠡ ᠬᠡᠮᠵᠢᠶ᠎ᠡ᠎ᠪᠡᠷ ᠵᠦᠢ ᠵᠣᠬᠢᠰᠲᠠᠢ ᠪᠠᠷ ᠨᠡᠭᠡᠭᠡᠨ ᠠᠱᠢᠭ᠍ᠯᠠᠵᠤ᠂ ᠮᠠᠨ᠎ᠤ ᠤᠯᠤᠰ᠎ᠤᠨ ᠠᠵᠤ ᠠᠬᠤᠢ ᠨᠡᠢᠭᠡᠮ᠎ᠦᠨ ᠬᠥᠭ᠌ᠵᠢᠯᠲᠡ᠎ᠳᠦ ᠨᠡᠩ ᠶᠡᠬᠡ ᠬᠤᠪᠢ ᠨᠡᠮᠡᠷᠢ ᠦᠵᠡᠭᠦᠯᠦᠨ᠎ᠡ》 ᠭᠡᠵᠦ ᠬᠡᠯᠡᠪᠡ᠃

《ᠶᠡᠷᠦᠩᠬᠡᠢ ᠱᠦᠵᠢ᠎ᠶ᠋ᠢᠨ ᠴᠢᠬᠤᠯᠠ ᠶᠠᠷᠢᠶ᠎ᠠ ᠨᠢ ᠪᠢᠳᠡᠨ᠎ᠦ ᠬᠣᠢᠱᠢᠳᠠ᠎ᠶ᠋ᠢᠨ ᠠᠵᠢᠯ᠎ᠳᠤ ᠴᠢᠭ᠌ᠯᠡᠯ᠎ᠢ ᠲᠣᠳᠣᠷᠬᠠᠢ ᠵᠢᠭᠠᠵᠤ ᠥᠭ᠌ᠭᠦᠭ᠌ᠰᠡᠨ ᠪᠥᠭᠡᠳ ᠦᠨᠳᠦᠰᠦᠨ ᠵᠢᠷᠤᠮᠯᠠᠯ ᠬᠠᠩᠭᠠᠪᠠ》᠃ ᠪᠦᠬᠦ᠌ ᠤᠯᠤᠰ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠦ ᠭᠡᠱᠢᠭᠦᠨ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠰᠤᠨ ᠠᠱᠢᠭ᠍ᠯᠠᠯᠲᠠ᠎ᠶ᠋ᠢᠨ ᠲᠢᠩᠬᠢᠮ᠎ᠦᠨ ᠳᠡᠳ᠋ ᠳᠠᠷᠤᠭ᠎ᠠ ᠯᠢ ᠪᠢᠨ᠄ 《ᠥᠪᠥᠷ ᠮᠣᠩᠭᠣᠯ᠎ᠤᠨ ᠤᠰᠤᠨ᠎ᠤ ᠡᠬᠢ ᠪᠠᠶᠠᠯᠢᠭ ᠨᠡᠯᠢᠶᠡᠳ ᠳᠤᠲᠠᠮᠠᠭ᠂ ᠤᠰᠤ ᠨᠢ ᠥᠪᠥᠷ ᠮᠣᠩᠭᠣᠯ᠎ᠳᠤ ᠠᠪᠴᠤ᠌ ᠬᠡᠯᠡᠪᠡᠯ ᠲᠤᠢᠯ᠎ᠤᠨ ᠴᠢᠬᠤᠯᠠ ᠶᠤᠮ᠃ ᠤᠰᠤᠨ᠎ᠤ ᠡᠬᠢ ᠪᠠᠶᠠᠯᠢᠭ᠎ᠤᠨ ᠬᠠᠮᠢᠶᠠᠷᠤᠯᠲᠠ᠎ᠶ᠋ᠢᠨ ᠠᠵᠢᠯᠲᠠᠨ ᠪᠣᠯᠤᠭ᠍ᠰᠠᠨ᠎ᠤ ᠬᠤᠪᠢ᠎ᠳᠤ᠂ ᠪᠢᠳᠡ ᠵᠠᠪᠠᠯ ᠶᠡᠷᠦᠩᠬᠡᠶ ᠱᠦᠵᠢ᠎ᠶ᠋ᠢᠨ ᠱᠠᠭᠠᠷᠳᠠᠯᠭ᠎ᠠ ᠶᠣᠰᠣᠭᠠᠷ᠂ ᠤᠰᠤᠨ᠎ᠤ ᠡᠬᠢ ᠪᠠᠶᠠᠯᠢᠭ᠎ᠢ ᠨᠡᠭᠡᠭᠡᠨ ᠠᠱᠢᠭ᠍ᠯᠠᠬᠤ ᠤᠯᠠᠭᠠᠨ ᠱᠤᠭᠤᠮ᠎ᠢ ᠪᠠᠲᠤ ᠰᠠᠬᠢᠭ᠍ᠰᠠᠨ ᠰᠠᠭᠤᠷᠢᠨ ᠳᠡᠭᠡᠷ᠎ᠡ᠂ ᠤᠰᠤᠨ᠎ᠤ ᠡᠬᠢ ᠪᠠᠶᠠᠯᠢᠭ᠎ᠤᠨ ᠲᠣᠬᠢᠷᠠᠭᠤᠯᠤᠯᠲᠠ᠎ᠶ᠋ᠢ ᠴᠢᠨᠠᠭᠰᠢᠳᠠ ᠱᠢᠯᠢᠳᠡᠭ᠌ᠵᠢᠭᠦᠯᠵᠦ᠍᠂ ᠥᠪᠡᠷᠲᠡᠭᠡᠨ ᠵᠠᠰᠠᠬᠤ ᠣᠷᠣᠨ᠎ᠤ ᠬᠣᠶᠠᠷ ᠶᠡᠬᠡ ᠶᠠᠪᠤᠳᠠᠯ᠎ᠢ ᠰᠠᠢᠲᠤᠷ ᠬᠢᠬᠦ᠌᠂ ᠱᠢᠨ᠎ᠡ ᠵᠠᠮ ᠢ᠋ ᠨᠡᠭᠡᠭᠡᠬᠦ᠂ ᠳᠤᠮᠳᠠ ᠲᠦᠪᠰᠢᠨ ᠳ᠋ᠤ ᠣᠷᠣᠬᠤ᠎ᠳᠤ ᠤᠰᠤᠨ᠎ᠤ ᠡᠬᠢ ᠪᠠᠶᠠᠯᠢᠭ᠎ᠤᠨ ᠠᠮᠤᠷ ᠲᠦᠪᠱᠢᠨ᠎ᠦ ᠪᠠᠲᠤᠯᠠᠭ᠎ᠠ ᠬᠠᠩᠭᠠᠬᠤ ᠬᠡᠷᠡᠭ᠌ᠲᠡᠶ᠃ ᠡᠭᠦᠨ᠎ᠦ ᠬᠠᠮᠲᠤ᠂ ᠪᠢ ᠪᠦᠬᠦ᠌ ᠤᠯᠤᠰ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠦ ᠭᠡᠱᠢᠭᠦᠨ ᠪᠣᠯᠤᠭ᠍ᠰᠠᠨ᠎ᠤ ᠬᠤᠪᠢ᠎ᠳᠤ᠂ ᠬᠤᠪᠢ ᠬᠥᠮᠦᠨ᠎ᠦ ᠬᠡᠪ ᠪᠣᠯᠪᠠᠰᠤᠷᠠᠯ ᠪᠣᠯᠤᠨ ᠲᠤᠱᠢᠶᠠᠯ ᠬᠠᠷᠢᠭᠤᠴᠠᠯᠭ᠎ᠠ᠎ᠪᠠᠨ ᠭᠦᠢᠴᠡᠳᠭᠡᠬᠦ᠌ ᠴᠢᠳᠠᠪᠤᠷᠢ᠎ᠪᠠᠨ ᠴᠢᠨᠠᠭ᠍ᠰᠢᠳᠠ ᠳᠡᠭᠡᠭ᠌ᠰᠢᠯᠡᠭᠦᠯᠵᠦ᠍᠂ ᠢᠳᠡᠪᠬᠢᠲᠡᠢ᠎ᠪᠡᠷ ᠰᠠᠨᠠᠯ ᠰᠠᠨᠠᠭᠤᠯᠭ᠎ᠠ ᠳᠤᠷᠠᠳᠤᠨ ᠠᠷᠭ᠎ᠠ ᠤᠬᠠᠭᠠᠨ ᠭᠠᠷᠭᠠᠵᠤ᠂ ᠤᠯᠤᠰ᠎ᠤᠨ ᠲᠥᠯᠥᠭᠡ ᠲᠤᠱᠢᠶᠠᠯ ᠬᠠᠷᠢᠭᠤᠴᠠᠯᠭ᠎ᠠ᠎ᠪᠠᠨ ᠭᠦᠢᠴᠡᠳᠭᠡᠵᠦ᠍᠂ ᠠᠷᠠᠳ᠎ᠤᠨ ᠲᠥᠯᠥᠭᠡ ᠡᠭᠦᠷᠭᠡ ᠬᠠᠷᠢᠭᠤᠴᠠᠯᠭ᠎ᠠ᠎ᠪᠠᠨ ᠭᠦᠢᠴᠡᠳᠭᠡᠵᠦ᠍᠂ 〈ᠭᠡᠱᠢᠭᠦᠨ᠎ᠦ ᠳᠠᠰᠭᠠᠯ〉 ᠢ᠋ ᠰᠠᠢᠲᠤᠷ ᠬᠢᠵᠦ᠍᠂ ᠴᠠᠭ ᠦᠶ᠎ᠡ᠎ᠶ᠋ᠢᠨ ᠬᠠᠷᠢᠭᠤᠯᠲᠠ᠎ᠶ᠋ᠢᠨ ᠬᠠᠭᠤᠳᠠᠰᠤ᠎ᠶ᠋ᠢ ᠰᠠᠢᠲᠤᠷ ᠬᠠᠷᠢᠭᠤᠯᠤᠨ᠎ᠠ》 ᠭᠡᠵᠦ ᠢᠯᠡᠳᠭᠡᠪᠡ᠃

《ᠲᠤᠬᠠᠢ᠎ᠶ᠋ᠢᠨ ᠲᠠᠯᠠᠪᠠᠢ᠎ᠳᠤ ᠶᠡᠷᠦᠩᠬᠡᠢ ᠱᠦᠵᠢ᠎ᠶ᠋ᠢᠨ ᠴᠢᠬᠤᠯᠠ ᠶᠠᠷᠢᠶ᠎ᠠ᠎ᠶ᠋ᠢ ᠰᠣᠨᠣᠰᠤᠭᠠᠳ ᠪᠢ ᠲᠤᠢᠯ᠎ᠢᠶᠠᠷ ᠤᠷᠮᠠᠱᠢᠨ ᠵᠣᠷᠢᠭ᠍ᠵᠢᠵᠤ᠂ ᠡᠷᠴᠢ ᠵᠤᠷᠢᠭ ᠬᠦᠪᠴᠢᠯᠡᠭᠳᠡᠬᠦ᠎ᠶ᠋ᠢᠨ ᠵᠡᠷᠭᠡ ᠪᠡᠷ ᠪᠠᠰᠠ ᠬᠠᠷᠢᠭᠤᠴᠠᠯᠭ᠎ᠠ ᠬᠦᠨᠳᠤ ᠭᠡᠳᠡᠭ ᠢ᠋ ᠮᠡᠳᠡᠷᠡᠵᠡᠢ》᠃ ᠪᠥᠬᠥ᠌ ᠤᠯᠤᠰ᠎ᠤᠨ ᠤᠯᠤᠰ ᠲᠥᠷᠥ᠎ᠶ᠋ᠢᠨ ᠵᠥᠪᠯᠡᠯᠭᠡᠨ᠎ᠦ ᠭᠡᠱᠢᠭᠦᠨ᠂ ᠥᠪᠥᠷ ᠮᠣᠩᠭᠣᠯ᠎ᠤᠨ ᠠᠮᠢ ᠠᠬᠤᠶ ᠣᠷᠴᠢᠨ ᠲᠤᠭᠤᠷᠢᠨ ᠤ᠋ ᠱᠢᠨᠵᠢᠯᠡᠬᠦ᠌ ᠤᠬᠠᠭᠠᠨ᠎ᠤ ᠰᠤᠳᠤᠯᠭᠠᠨ᠎ᠤ ᠬᠦᠷᠢᠶᠡᠯᠡᠩ᠎ᠦᠨ ᠳᠡᠭᠡᠳᠦ ᠵᠡᠷᠭᠡ᠎ᠶ᠋ᠢᠨ ᠢᠨᠵᠧᠨᠧᠷ ᠯᠦ᠍ ᠴᠢᠤᠸᠠᠨ ᠵᠥᠩ᠂ ᠠᠮᠢ ᠠᠬᠤᠶ ᠣᠷᠴᠢᠨ ᠲᠤᠭᠤᠷᠢᠨ ᠤ᠋ ᠣᠷᠣᠨ ᠬᠤᠪᠢᠶᠠᠨ ᠬᠠᠮᠢᠶᠠᠷᠤᠨ ᠡᠵᠡᠮᠳᠡᠬᠦ᠌ ᠱᠢᠰᠲ᠋ᠧᠮ᠎ᠢ ᠲᠠᠰᠤᠷᠠᠯᠲᠠ ᠥᠬᠡᠶ ᠲᠡᠭᠦᠯᠳᠡᠷᠵᠢᠭᠦᠯᠵᠦ᠍᠂ ᠲᠥᠷᠥ᠎ᠶ᠋ᠢᠨ ᠪᠣᠳᠣᠯᠭ᠎ᠠ ᠲᠣᠭ᠍ᠲᠠᠭᠠᠬᠤ᠂ ᠣᠷᠴᠢᠨ ᠲᠤᠭᠤᠷᠢᠨ ᠤ᠋ ᠵᠥᠪᠱᠢᠶᠡᠷᠡᠯ᠂ ᠬᠦᠷᠢᠶᠡᠯᠡᠩ ᠲᠣᠭᠣᠷᠢᠭ᠎ᠤᠨ ᠬᠠᠮᠢᠶᠠᠷᠤᠯᠲᠠ᠂ ᠪᠣᠬᠢᠷᠲᠤᠯ᠎ᠢ ᠪᠠᠭᠠᠰᠭᠠᠨ ᠨᠡᠭᠦᠷᠡᠰᠦᠲᠥ᠋ᠷᠥᠭ᠌ᠴᠢ᠎ᠶ᠋ᠢ ᠪᠠᠭᠤᠷᠠᠭᠤᠯᠬᠤ ᠪᠠ ᠬᠠᠸ᠋ᠯᠢ ᠬᠡᠷᠡᠭ᠌ᠵᠢᠭᠦᠯᠤᠯᠳᠠ ᠬᠢᠨᠠᠯᠳᠠ ᠬᠠᠮᠢᠶᠠᠷᠤᠯᠳᠠ ᠵᠡᠷᠭᠡ ᠬᠦᠷᠢᠶᠡᠨ᠎ᠳᠡᠬᠢ ᠠᠮᠢ ᠠᠬᠤᠶ ᠣᠷᠴᠢᠨ ᠲᠤᠭᠤᠷᠢᠨ ᠤ᠋ ᠣᠷᠣᠨ ᠬᠤᠪᠢᠶᠠᠨ ᠬᠠᠮᠢᠶᠠᠷᠤᠨ ᠡᠵᠡᠮᠳᠡᠬᠦ᠌ ᠬᠡᠷᠡᠭ᠌ᠯᠡᠯᠲᠡ᠎ᠶ᠋ᠢ ᠦᠷᠭᠦᠯᠵᠢᠯᠡᠨ ᠠᠬᠢᠭᠤᠯᠬᠤ ᠬᠡᠷᠡᠭ᠌ᠲᠡᠶ᠃ ᠣᠷᠴᠢᠨ ᠲᠣᠭᠣᠷᠢᠨ᠎ᠤ ᠪᠣᠬᠢᠷᠲᠤᠯ᠎ᠢ ᠡᠬᠢ ᠡᠭᠦᠰᠦᠯ᠎ᠡᠴᠡ ᠨᠢ ᠰᠡᠷᠭᠡᠢᠯᠡᠵᠦ᠍᠂ ᠪᠠᠢᠷᠢᠱᠢᠭᠤᠯᠤᠯᠲᠠ᠎ᠶ᠋ᠢᠨ ᠲᠠᠯ᠎ᠠ᠎ᠡᠴᠡ ᠣᠷᠴᠢᠨ ᠲᠣᠭᠣᠷᠢᠨ᠎ᠤ ᠠᠶᠤᠯ ᠲᠦᠭ᠌ᠰᠢᠭᠦᠷᠢ᠎ᠶ᠋ᠢ ᠪᠠᠭᠤᠷᠠᠭᠤᠯᠵᠤ᠂ ᠠᠮᠢ ᠠᠬᠤᠢ ᠣᠷᠴᠢᠨ ᠲᠣᠭᠣᠷᠢᠨ᠎ᠢ ᠨᠠᠷᠢᠯᠢᠭ ᠤᠨᠤᠪᠴᠢᠲᠠᠢ᠂ ᠱᠢᠨᠵᠢᠯᠡᠬᠦ᠌ ᠤᠬᠠᠭᠠᠨᠴᠢ᠂ ᠬᠠᠤᠯᠢᠵᠢᠯ᠎ᠤᠨ ᠲᠦᠪᠱᠢᠨ᠎ᠢ ᠳᠡᠭᠡᠭ᠌ᠰᠢᠯᠡᠭᠦᠯᠦᠨ᠂ ᠬᠥᠭ᠌ᠵᠢᠯᠲᠡ᠎ᠶ᠋ᠢᠨ 《ᠬᠣᠷᠢᠭ᠎ᠠ ᠱᠤᠭᠤᠮ ᠢ᠋ ᠲᠤᠳᠤᠷᠬᠠᠢᠯᠠᠵᠤ》᠂ 《ᠵᠠᠭᠠᠭ ᠱᠤᠭᠤᠮ ᠢ᠋ ᠲᠤᠬᠳᠠᠭᠠᠵᠤ》᠂ 《ᠬᠣᠶᠠᠷ ᠶᠡᠬᠡ ᠨᠢᠭᠡ ᠲᠤᠤᠷ᠎ᠡ》 ᠲᠦᠷᠦᠯ ᠵᠦᠢᠯ᠎ᠢ ᠰᠣᠬᠣᠷ ᠪᠠᠯᠠᠢ᠎ᠪᠠᠷ ᠬᠥᠭ᠌ᠵᠢᠬᠦᠯᠬᠦ᠎ᠶ᠋ᠢ ᠪᠦᠲᠦᠮᠵᠢᠲᠡᠢ ᠬᠣᠷᠢᠭ᠍ᠯᠠᠵᠤ᠂ ᠪᠣᠬᠢᠷᠲᠤᠯ ᠦᠭᠡᠢ ᠪᠠᠭ᠎ᠠ ᠨᠡᠭᠦᠷᠡᠰᠦᠲᠥ᠋ᠷᠥᠭ᠌ᠴᠢᠳᠤ ᠣᠷᠴᠢᠯ ᠠᠵᠤ ᠠᠬᠤᠢ᠎ᠶ᠋ᠢᠨ ᠱᠢᠰᠲᠸᠮ᠎ᠢ ᠪᠠᠢᠭᠤᠯᠬᠤ᠎ᠶ᠋ᠢ ᠠᠬᠢᠭᠤᠯᠵᠤ᠂ ᠠᠮᠢ ᠠᠬᠤᠢ ᠣᠷᠴᠢᠨ ᠲᠣᠭᠣᠷᠢᠨ᠎ᠤ ᠬᠠᠮᠠᠭᠠᠯᠠᠯᠲᠠ᠎ᠶ᠋ᠢᠨ ᠪᠣᠬᠢᠷᠲᠤᠯ ᠦᠭᠡᠢ ᠪᠠᠭ᠎ᠠ ᠨᠡᠭᠦᠷᠡᠰᠦᠲᠥ᠋ᠷᠥᠭ᠌ᠴᠢᠳᠤ ᠲᠡᠢᠰᠢ ᠬᠡᠯᠪᠡᠷᠢ ᠪᠡᠨ ᠬᠤᠪᠢᠷᠠᠭᠤᠯᠬᠤ᠎ᠶ᠋ᠢ ᠬᠦᠳᠦᠯᠦᠨ ᠳᠠᠭᠠᠭᠤᠯᠬᠤ ᠪᠠ ᠱᠢᠯᠢᠳᠡᠭ᠌ᠵᠢᠭᠦᠯᠦᠨ ᠭᠡᠳᠡᠷᠬᠦ᠌ ᠱᠢᠬᠠᠮᠳᠠᠭᠤᠯᠬᠤ ᠦᠢᠯᠡᠳᠦᠯ᠎ᠢ ᠪᠠᠳᠠᠷᠠᠭᠤᠯᠬᠤ ᠭᠡᠷᠡᠭᠳᠠᠢ ᠭᠡᠵᠤ ᠢᠯᠡᠳᠭᠡᠪᠡ᠃

ᠪᠥᠬᠥ᠌ ᠤᠯᠤᠰ᠎ᠤᠨ ᠤᠯᠤᠰ ᠲᠥᠷᠥ᠎ᠶ᠋ᠢᠨ ᠵᠥᠪᠯᠡᠯᠭᠡᠨ᠎ᠦ ᠭᠡᠱᠢᠭᠦᠨ᠂ ᠪᠤᠭᠤᠲᠤ᠎ᠶ᠋ᠢᠨ ᠬᠣᠪᠣᠷ ᠱᠢᠷᠣᠶ᠎ᠶ᠋ᠢᠨ ᠰᠤᠳᠤᠯᠭᠠᠨ᠎ᠤ ᠬᠦᠷᠢᠶᠡᠯᠡᠩ᠎ᠦᠨ ᠬᠣᠪᠣᠷ ᠱᠢᠷᠣᠶ᠎ᠶ᠋ᠢᠨ ᠴᠢᠳᠠᠮᠵᠢᠳᠤ ᠮᠠᠲ᠋ᠧᠷᠢᠶᠠᠯ᠎ᠤ᠋ᠨ ᠭᠠᠵᠠᠷ ᠤ᠋ᠨ ᠤᠰᠤᠲᠥ᠋ᠷᠥᠭ᠌ᠴᠢ᠎ᠶ᠋ᠢᠨ ᠮᠠᠲ᠋ᠧᠷᠢᠶᠠᠯ᠎ᠬᠠᠳᠠᠭᠠᠯᠠᠬᠤ ᠲᠠᠰᠤᠭ᠎ᠤᠨ ᠱᠢᠨᠵᠢᠯᠡᠬᠦ᠌ ᠤᠬᠠᠭᠠᠨ᠎ᠤ ᠰᠤᠳᠤᠯᠭᠠᠨ᠎ᠤ ᠠᠵᠢᠯᠲᠠᠨ ᠯᠢ ᠪᠦᠦ ᠴᠢᠤᠸᠠᠨ᠄《ᠶᠡᠷᠦᠩᠬᠡᠶ ᠱᠦᠵᠢ᠎ᠶ᠋ᠢᠨ ᠴᠢᠬᠤᠯᠠ ᠶᠠᠷᠢᠶ᠎ᠠ ᠨᠢ ᠦᠵᠡᠯ ᠰᠠᠨᠠᠭ᠎ᠠ ᠭᠦᠨᠵᠡᠭᠡᠶ ᠤᠯᠤᠰ᠎ᠤᠨ ᠶᠡᠬᠡ ᠪᠣᠳᠣᠯᠭ᠎ᠠ᠎ᠶ᠋ᠢ ᠬᠠᠮᠲᠤ᠎ᠪᠠᠷ ᠵᠥᠪᠳᠡᠯᠴᠡᠬᠦ᠌ 〈ᠱᠢᠨ᠎ᠡ᠎ᠶ᠋ᠢ ᠡᠭᠦᠳᠬᠦ᠌ ᠬᠢᠴᠢᠶᠡᠯ〉 ᠪᠣᠯᠬᠤ᠎ᠪᠦᠭᠡᠳ ᠪᠠᠰᠠ ᠨᠢᠭᠡ ᠤᠳᠠᠭ᠎ᠠ ᠵᠢᠨ ᠬᠥᠮᠦᠰ᠎ᠦᠨ ᠰᠡᠳᠭᠢᠯ᠎ᠢ ᠳᠤᠯᠠᠭᠠᠴᠠᠭᠤᠯᠵᠤ᠂ ᠬᠠᠮᠲᠤ᠎ᠶ᠋ᠢᠨ ᠲᠠᠨᠢᠯᠲᠠ᠎ᠶ᠋ᠢ ᠨᠢᠭ᠍ᠲᠠᠷᠠᠭᠤᠯᠤᠭ᠍ᠰᠠᠨ 〈ᠭᠡᠷ ᠤ᠋ᠨ ᠵᠣᠭᠣᠭ〉 ᠮᠥᠨ᠃ ᠪᠢ ᠯᠠᠪᠲᠠᠢ ᠡᠭᠦᠷᠭᠡ ᠬᠠᠷᠢᠭᠤᠴᠠᠯᠭ᠎ᠠ᠎ᠪᠠᠨ ᠲᠣᠳᠣᠷᠬᠠᠢ ᠲᠠᠨᠢᠵᠤ᠂ 〈ᠨᠠᠳᠠ᠎ᠡᠴᠡ ᠥᠭᠡᠷ᠎ᠡ ᠬᠡᠨ ᠪᠠᠢᠬᠤ ᠪᠤᠢ〉 ᠭᠡᠬᠦ᠌ ᠣᠮᠣᠭ ᠵᠣᠷᠢᠭ᠎ᠢᠶᠠᠷ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠪᠡᠶ᠎ᠡ᠎ᠪᠡᠨ ᠳᠠᠭᠠᠭᠠᠵᠤ ᠬᠦᠴᠦᠷᠬᠡᠭ᠌ᠵᠢᠬᠦ᠂ ᠱᠢᠨ᠎ᠡ ᠴᠢᠨᠠᠷ ᠪᠦᠬᠦᠢ ᠦᠢᠯᠡᠳᠪᠦᠷᠢᠯᠡᠯ᠎ᠦᠨ ᠬᠦᠴᠦᠨ᠎ᠢ ᠠᠬᠢᠭᠤᠯᠬᠤ᠂ ᠬᠥᠭ᠌ᠵᠢᠯᠲᠡ᠎ᠶ᠋ᠢᠨ ᠱᠢᠨ᠎ᠡ ᠬᠥᠳᠡᠯᠭᠡᠬᠦ᠌ ᠬᠦᠴᠦᠨ᠎ᠢ ᠪᠤᠢ ᠪᠣᠯᠭᠠᠬᠤ ᠵᠡᠷᠭᠡ ᠲᠠᠯ᠎ᠠ᠎ᠳᠤ ᠠᠩᠬᠠᠷᠤᠯ᠎ᠢᠶᠡᠨ ᠲᠥᠪᠯᠡᠷᠡᠭᠦᠯᠦᠨ ᠬᠦᠴᠦᠯᠡᠵᠦ᠍᠂ ᠱᠢᠨ᠎ᠡ᠎ᠶ᠋ᠢ ᠡᠭᠦᠳᠬᠦ᠂ ᠪᠣᠬᠢᠷᠲᠤᠯ ᠦᠭᠡᠢ᠂ ᠪᠠᠭ᠎ᠠ ᠨᠡᠭᠦᠷᠡᠰᠦᠲᠥ᠋ᠷᠥᠭ᠌ᠴᠢᠳᠤ ᠤᠢ᠍ᠢᠯᠠᠭᠠᠭ᠍ᠳᠠᠬᠤᠨ᠎ᠢ ᠡᠬᠡ ᠤᠯᠤᠰ᠎ᠤᠨ᠎ᠢᠶᠠᠨ ᠡᠬᠡ ᠭᠠᠵᠠᠷ᠎ᠲᠤ ᠪᠢᠴᠢᠭ᠌ᠯᠡᠵᠦ᠍᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠳᠠ ᠵᠢᠨ ᠥᠪᠥᠷ ᠮᠣᠩᠭᠣᠯ᠎ᠤᠨ ᠱᠢᠨ᠎ᠡ ᠬᠠᠭᠤᠳᠠᠰᠤ᠎ᠶ᠋ᠢ ᠴᠢᠷᠮᠠᠢᠨ ᠪᠢᠴᠢᠭ᠌ᠯᠡᠬᠦ᠌᠎ᠳᠦ ᠱᠢᠨ᠎ᠡ ᠬᠤᠪᠢ ᠨᠡᠮᠡᠷᠢ ᠦᠵᠡᠭᠦᠯᠦᠨ᠎ᠡ》 ᠭᠡᠵᠦ᠍ ᠬᠡᠯᠡᠪᠡ᠃

(ᠪᠦᠷᠢᠨ ᠵᠠᠭᠤᠴᠢᠯᠠᠭᠤᠷ᠎ᠤᠨ ᠮᠡᠳᠡᠭᠡᠯᠡᠬᠦ᠌ ᠪᠦᠯᠬᠦᠮ᠄ ᠰᠦᠨ ᠢ ᠹᠠᠨ ᠼᠦᠢ ᠨᠠᠨ ᠬᠠᠨ ᠴᠢᠩ ᠯᠢ ᠢᠦᠢ ᠲᠤᠤ ᠯᠢ ᠵᠦᠸᠸ ᠰᠦᠩ ᠱᠤᠸᠠᠩ ᠴᠧᠩ ᠶᠢᠩ ᠵᠢᠶᠦ᠋ᠨ ᠸᠠᠩ ᠫᠸᠩ ᠬᠤᠢᠳᠤᠠᠤᠯᠤᠰ ᠪᠠᠢ ᠰᠢᠤᠸᠠᠢ ᠬᠠᠨ ᠱᠢᠶᠤᠤ ᠢᠦᠢ ᠵᠤᠸᠠᠩ ᠶᠤᠸᠠᠨ)

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠬᠦᠰᠡᠯᠡᠩ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面