2024-03-08 09:41:06
ᠨᠠᠮ᠎ᠤᠨ ᠲᠥᠪ ᠬᠣᠷᠢᠶ᠎ᠠ ᠵᠢᠨ ᠶᠡᠷᠦᠩᠬᠡᠢ ᠱᠦᠵᠢ᠂ ᠤᠯᠤᠰ᠎ᠤᠨ ᠲᠡᠷᠢᠭᠦᠯᠡᠭ᠌ᠴᠢ᠂ ᠲᠥᠪ᠎ᠦᠨ ᠴᠡᠷᠢᠭ᠎ᠦᠨ ᠶᠠᠪᠤᠳᠠᠯ᠎ᠤᠨ ᠬᠣᠷᠢᠶ᠎ᠠ ᠵᠢᠨ ᠲᠡᠷᠢᠭᠦᠯᠡᠭ᠌ᠴᠢ ᠰᠢ ᠵᠢᠨ ᠫᠢᠩ 7 ᠤ᠋ ᠦᠳᠡ᠎ᠶ᠋ᠢᠨ ᠬᠣᠢᠨ᠎ᠠ ᠠᠷᠪᠠᠨ ᠳᠥᠷᠪᠡᠳᠦᠭᠡᠷ ᠬᠤᠭᠤᠴᠠᠭᠠᠨ᠎ᠤ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠬᠣᠶᠠᠳᠤᠭᠠᠷ ᠬᠤᠷᠠᠯ᠎ᠤᠨ ᠴᠢᠯᠥᠭᠡᠯᠡᠬᠦ᠌ ᠴᠡᠷᠢᠭ ᠪᠣᠯᠤᠨ ᠵᠡᠪᠰᠡᠭ᠌ᠲᠦ ᠴᠠᠭ᠍ᠳᠠᠭ᠎ᠠ᠎ᠶ᠋ᠢᠨ ᠴᠡᠷᠢᠭ ᠠᠩᠬᠢ᠎ᠶ᠋ᠢᠨ ᠲᠥᠯᠥᠭᠡᠯᠡᠭ᠌ᠴᠢᠳ᠎ᠦᠨ ᠪᠦᠯᠬᠦᠮ᠎ᠦᠨ ᠪᠦᠬᠦᠳᠡ ᠬᠤᠷᠠᠯ᠎ᠳᠤ ᠣᠷᠣᠯᠴᠠᠬᠤ᠎ᠳᠠᠭᠠᠨ᠂ ᠱᠢᠨ᠎ᠡ᠎ᠪᠡᠷ ᠮᠠᠨᠳᠤᠭ᠍ᠰᠠᠨ ᠬᠦᠷᠢᠶ᠎ᠠ ᠴᠠᠷᠠᠭ᠎ᠠ ᠳ᠋ᠡᠬᠢ ᠪᠠᠢᠯᠳᠤᠬᠤ ᠪᠤᠳᠤᠯᠭ᠎ᠠ᠎ᠶ᠋ᠢᠨ ᠴᠢᠳᠠᠪᠤᠷᠢ ᠪᠣᠯ ᠤᠯᠤᠰ᠎ᠤᠨ ᠪᠠᠢᠯᠳᠤᠬᠤ ᠪᠤᠳᠤᠯᠭ᠎ᠠ᠎ᠶ᠋ᠢᠨ ᠱᠢᠰᠲ᠋ᠧᠮ ᠪᠣᠯᠤᠨ ᠴᠢᠳᠠᠪᠤᠷᠢ᠎ᠶ᠋ᠢᠨ ᠴᠢᠬᠤᠯᠠ ᠪᠦᠷᠢᠯᠳᠦᠬᠦᠨ ᠬᠡᠰᠡᠭ ᠮᠥᠨ᠂ ᠮᠠᠨ᠎ᠤ ᠤᠯᠤᠰ᠎ᠤᠨ ᠠᠵᠤ ᠠᠬᠤᠢ ᠨᠡᠢᠭᠡᠮ᠎ᠦᠨ ᠴᠢᠨᠠᠷ ᠰᠠᠢᠲᠠᠢ ᠬᠥᠭ᠌ᠵᠢᠯᠲᠡ᠎ᠳᠦ ᠬᠣᠯᠪᠣᠭ᠍ᠳᠠᠵᠤ᠂ ᠤᠯᠤᠰ᠎ᠤᠨ ᠠᠮᠤᠷ ᠲᠦᠪᠱᠢᠨ ᠪᠣᠯᠤᠨ ᠴᠡᠷᠢᠭ᠎ᠦᠨ ᠶᠠᠪᠤᠳᠠᠯ᠎ᠤᠨ ᠲᠡᠮᠡᠴᠡᠯ᠎ᠦᠨ ᠰᠠᠨᠠᠭᠠᠴᠢᠯᠠᠭᠠᠲᠤ ᠡᠷᠬᠡ᠎ᠳᠤ ᠬᠣᠯᠪᠣᠭ᠍ᠳᠠᠵᠤ ᠪᠠᠢᠳᠠᠭ᠂ ᠳᠤᠮᠳᠠᠳᠤ ᠤᠯᠤᠰ᠎ᠤᠨ ᠮᠠᠶᠢᠭ ᠤ᠋ᠨ ᠣᠳᠣᠬᠢᠴᠢᠯᠠᠯᠲᠠ᠎ᠪᠠᠷ ᠤᠯᠤᠰ᠎ᠢᠶᠡᠨ ᠬᠦᠴᠦᠷᠬᠡᠭᠵᠢᠬᠦᠯᠬᠦ ᠪᠦᠳᠦᠬᠡᠨ ᠪᠠᠢᠭᠤᠯᠤᠯᠲᠠ᠂ ᠦᠨᠳᠦᠰᠦᠲᠡᠨ᠎ᠦ ᠰᠡᠷᠭᠦᠨ ᠮᠠᠨᠳᠤᠯᠲᠠ᠎ᠶ᠋ᠢᠨ ᠠᠭᠤᠤ ᠦᠢᠯᠡᠰ᠎ᠢ ᠪᠦᠬᠦ᠌ ᠲᠠᠯ᠎ᠠ᠎ᠪᠠᠷ ᠠᠬᠢᠭᠤᠯᠬᠤ᠎ᠳᠤ ᠴᠢᠬᠤᠯᠠ ᠠᠴᠢ ᠬᠣᠯᠪᠣᠭ᠍ᠳᠠᠯ᠎ᠲᠠᠶ ᠶᠤᠮ᠃ ᠡᠭᠦᠷᠭᠡ ᠬᠠᠷᠢᠭᠤᠴᠠᠯᠭ᠎ᠠ᠎ᠪᠠᠨ ᠴᠢᠩᠭᠠᠳᠭᠠᠵᠤ᠂ ᠥᠭᠡᠷᠡᠴᠢᠯᠡᠯᠲᠡ ᠬᠢᠵᠦ᠍ ᠱᠢᠨ᠎ᠡ᠎ᠶ᠋ᠢ ᠡᠭᠦᠳᠬᠦ᠌᠎ᠶ᠋ᠢ ᠭᠦᠨᠵᠡᠭᠡᠢᠷᠡᠭᠦᠯᠵᠦ᠍ ᠱᠢᠨ᠎ᠡ᠎ᠪᠡᠷ ᠮᠠᠨᠳᠤᠭ᠍ᠰᠠᠨ ᠬᠦᠷᠢᠶ᠎ᠠ ᠴᠠᠷᠠᠭ᠎ᠠ ᠳ᠋ᠡᠬᠢ ᠪᠠᠢᠯᠳᠤᠬᠤ ᠪᠤᠳᠤᠯᠭ᠎ᠠ᠎ᠶ᠋ᠢᠨ ᠴᠢᠳᠠᠪᠤᠷᠢ᠎ᠶ᠋ᠢ ᠪᠦᠬᠦ᠌ ᠲᠠᠯ᠎ᠠ᠎ᠪᠠᠷ ᠳᠡᠭᠡᠭ᠌ᠰᠢᠯᠡᠭᠦᠯᠬᠦ᠌ ᠬᠡᠷᠡᠭ᠌ᠲᠡᠢ ᠭᠡᠵᠦ᠍ ᠴᠢᠬᠤᠯᠠᠴᠢᠯᠠᠪᠠ᠃

3 ᠰᠠᠷ᠎ᠠ᠎ᠶ᠋ᠢᠨ 7 ᠤ᠋ ᠦᠳᠡ ᠵᠢᠨ ᠬᠤᠢᠨ᠎ᠡ ᠂ ᠨᠠᠮ᠎ᠤᠨ ᠲᠥᠪ ᠬᠣᠷᠢᠶ᠎ᠠ ᠵᠢᠨ ᠶᠡᠷᠦᠩᠬᠡᠢ ᠱᠦᠵᠢ᠂ ᠤᠯᠤᠰ᠎ᠤᠨ ᠲᠡᠷᠢᠭᠦᠯᠡᠭ᠌ᠴᠢ᠂ ᠲᠥᠪ᠎ᠦᠨ ᠴᠡᠷᠢᠭ᠎ᠦᠨ ᠶᠠᠪᠤᠳᠠᠯ᠎ᠤᠨ ᠬᠣᠷᠢᠶ᠎ᠠ ᠵᠢᠨ ᠲᠡᠷᠢᠭᠦᠯᠡᠭ᠌ᠴᠢ ᠰᠢ ᠵᠢᠨ ᠫᠢᠩ ᠠᠷᠪᠠᠨ ᠳᠥᠷᠪᠡᠳᠦᠭᠡᠷ ᠬᠤᠭᠤᠴᠠᠭᠠᠨ᠎ᠤ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠬᠣᠶᠠᠳᠤᠭᠠᠷ ᠬᠤᠷᠠᠯ᠎ᠤᠨ ᠴᠢᠯᠥᠭᠡᠯᠡᠬᠦ᠌ ᠴᠡᠷᠢᠭ ᠪᠣᠯᠤᠨ ᠵᠡᠪᠰᠡᠭ᠌ᠲᠦ ᠴᠠᠭ᠍ᠳᠠᠭ᠎ᠠ᠎ᠶ᠋ᠢᠨ ᠴᠡᠷᠢᠭ ᠠᠩᠬᠢ᠎ᠶ᠋ᠢᠨ ᠲᠥᠯᠥᠭᠡᠯᠡᠭ᠌ᠴᠢᠳ᠎ᠦᠨ ᠪᠦᠯᠬᠦᠮ᠎ᠦᠨ ᠪᠦᠬᠦᠳᠡ ᠬᠤᠷᠠᠯ᠎ᠳᠤ ᠣᠷᠣᠯᠴᠠᠬᠰᠠᠨ ᠪᠦᠭᠡᠳ ᠴᠢᠬᠤᠯᠠ ᠶᠠᠷᠢᠶ᠎ᠡ ᠲᠠᠯᠪᠢᠪᠠ ᠃
ᠱᠢᠨᠬᠤᠸᠠ ᠬᠣᠷᠢᠶ᠎ᠠ ᠵᠢᠨ ᠰᠤᠷᠪᠤᠯᠵᠢᠯᠠᠭ᠍ᠴᠢ ᠯᠢ ᠭᠠᠩ ᠰᠡᠭᠦᠳᠡᠷᠯᠡᠪᠡ
ᠬᠤᠷᠠᠯ ᠳᠡᠭᠡᠷ᠎ᠡ᠂ ᠳᠠᠯᠠᠢ᠎ᠶ᠋ᠢᠨ ᠴᠡᠷᠢᠭ ᠤ᠋ᠨ ᠠᠢ ᠶᠢᠩ ᠴᠦᠨ ᠲᠥᠯᠥᠭᠡᠯᠡᠭ᠌ᠴᠢ᠂ ᠪᠠᠢᠯᠳᠤᠬᠤ ᠪᠣᠳᠣᠯᠭ᠎ᠠ᠎ᠶ᠋ᠢᠨ ᠲᠤᠰᠠᠯᠠᠬᠤ ᠴᠡᠷᠢᠭ ᠠᠩᠭᠢ᠎ᠶ᠋ᠢᠨ ᠡᠸ᠋ ᠱᠧᠩ ᠶᠠᠨ ᠲᠥᠯᠥᠭᠡᠯᠡᠭ᠌ᠴᠢ᠂ ᠡᠮᠦᠨᠡᠲᠦ ᠬᠡᠰᠡᠭ᠎ᠦᠨ ᠪᠠᠢᠯᠳᠤᠭᠠᠨ᠎ᠤ ᠲᠣᠭᠣᠷᠢᠭ ᠤ᠋ᠨ ᠴᠢᠶᠣᠤ ᠱᠠ ᠱᠠ ᠲᠥᠯᠥᠭᠡᠯᠡᠭ᠌ᠴᠢ᠂ ᠪᠠᠢᠯᠳᠤᠬᠤ ᠪᠣᠳᠣᠯᠭ᠎ᠠ᠎ᠶ᠋ᠢᠨ ᠲᠤᠰᠠᠯᠠᠬᠤ ᠴᠡᠷᠢᠭ ᠠᠩᠭᠢ᠎ᠶ᠋ᠢᠨ ᠾᠧ ᠢᠦᠶ ᠹᠠᠨ ᠲᠥᠯᠥᠭᠡᠯᠡᠭ᠌ᠴᠢ᠂ ᠴᠡᠷᠢᠭ᠎ᠦᠨ ᠶᠠᠪᠤᠳᠠᠯ᠎ᠤᠨ ᠱᠢᠨᠵᠢᠯᠡᠬᠦ᠌ ᠤᠬᠠᠭᠠᠨ᠎ᠤ ᠬᠦᠷᠢᠶᠡᠯᠡᠩ᠎ᠦᠨ ᠶᠣᠣ ᠳ᠋ᠠᠩ ᠨᠠᠢ ᠲᠥᠯᠥᠭᠡᠯᠡᠭ᠌ᠴᠢ᠂ ᠬᠠᠭᠤᠷᠠᠢ ᠵᠠᠮ᠎ᠤᠨ ᠴᠡᠷᠢᠭ ᠤ᠋ᠨ ᠵᠧᠩ ᠵᠢᠨ ᠲᠥᠯᠥᠭᠡᠯᠡᠭ᠌ᠴᠢ ᠤᠷᠢᠳ ᠬᠤᠵᠢᠳ ᠦᠭᠡ ᠬᠡᠯᠡᠵᠥ᠂ ᠳᠠᠯᠠᠶ ᠲᠠᠩᠭᠢᠰ᠎ᠤᠨ ᠪᠠᠢᠳᠠᠯ᠎ᠢ ᠰᠡᠷᠡᠨ ᠮᠡᠳᠡᠷᠡᠬᠦᠢ ᠴᠢᠳᠠᠪᠤᠷᠢ᠎ᠶ᠋ᠢᠨ ᠪᠠᠢᠭᠤᠯᠤᠯᠲᠠ᠎ᠶ᠋ᠢ ᠠᠬᠢᠭᠤᠯᠬᠤ᠂ ᠰᠦᠯᠵᠢᠶᠡᠨ᠎ᠦ ᠣᠷᠣᠨ ᠵᠠᠶ᠎ᠶ᠋ᠢᠨ ᠰᠡᠷᠭᠡᠢᠯᠡᠯᠲᠡ᠎ᠶ᠋ᠢᠨ ᠴᠢᠳᠠᠪᠤᠷᠢ᠎ᠶ᠋ᠢ ᠳᠡᠭᠡᠭ᠌ᠰᠢᠯᠡᠭᠦᠯᠬᠦ᠂ ᠵᠣᠬᠢᠶᠠᠮᠠᠯ ᠣᠶᠤᠨᠴᠢ ᠴᠢᠳᠠᠪᠤᠷᠢ᠎ᠶ᠋ᠢᠨ ᠬᠡᠷᠡᠭ᠌ᠯᠡᠯᠲᠡ᠎ᠶ᠋ᠢ ᠠᠬᠢᠭᠤᠯᠬᠤ᠂ ᠰᠠᠨᠰᠠᠷ᠎ᠤᠨ ᠡᠬᠢ ᠪᠠᠶᠠᠯᠢᠭ᠎ᠢ ᠨᠢᠭᠡᠳᠦᠯᠲᠡᠢ ᠲᠥᠯᠥᠪᠵᠢᠬᠦᠯᠤᠨ ᠬᠠᠮᠢᠶᠠᠷᠴᠤ᠌ ᠬᠡᠷᠡᠭ᠌ᠯᠡᠬᠦ᠌᠎ᠶ᠋ᠢ ᠴᠢᠩᠭᠠᠳᠭᠠᠬᠤ᠂ ᠱᠢᠨ᠎ᠡ᠎ᠪᠡᠷ ᠮᠠᠨᠳᠤᠬᠰᠠᠨ ᠬᠦᠷᠢᠶ᠎ᠡ ᠴᠠᠷᠠᠭ᠎ᠠ ᠳ᠋ᠡᠬᠢ ᠪᠠᠷᠢᠮᠵᠢᠶ᠎ᠠ᠎ᠳᠤ ᠨᠡᠢᠳᠡᠮ ᠬᠡᠷᠡᠭᠯᠡᠬᠦ ᠪᠠᠢᠭᠤᠯᠤᠯᠲᠠ᠎ᠶ᠋ᠢ ᠴᠢᠩᠭᠠᠳᠬᠠᠬᠤ᠂ ᠬᠥᠮᠦᠨ ᠦᠭᠡᠢ ᠪᠠᠢᠯᠳᠤᠬᠤ ᠬᠦᠴᠦᠨ᠎ᠦ ᠪᠠᠢᠭᠤᠯᠤᠯᠲᠠ ᠪᠠ ᠬᠡᠷᠡᠭ᠌ᠯᠡᠯᠲᠡ ᠵᠢᠨ ᠰᠢᠨ᠎ᠡ ᠵᠢ ᠡᠬᠦᠳᠬᠦ ᠵᠡᠷᠭᠡ ᠲᠠᠯ᠎ᠠ᠎ᠶ᠋ᠢᠨ ᠠᠰᠠᠭᠤᠳᠠᠯ ᠤ᠋ᠨ ᠳᠤᠬᠠᠢ ᠰᠠᠨᠠᠯ ᠰᠠᠨᠠᠭᠤᠯᠭ᠎ᠠ ᠳᠤᠷᠠᠳᠪᠠ᠃
ᠰᠢ ᠵᠢᠨ ᠫᠢᠩ ᠲᠥᠯᠥᠭᠡᠯᠡᠭ᠌ᠴᠢ ᠨᠢᠭᠡ ᠪᠦᠷᠢ᠎ᠶ᠋ᠢᠨ ᠬᠡᠯᠡᠬᠦ᠎ᠶ᠋ᠢ ᠨᠠᠷᠢᠨ ᠬᠢᠨᠠᠮᠠᠭᠠᠶ ᠰᠣᠨᠣᠰᠭᠤ᠎ᠶ᠋ᠢᠨ ᠲᠠᠭᠠᠤ ᠲᠡᠳᠡᠨ᠎ᠲᠡᠶ ᠶᠠᠷᠢᠯᠴᠠᠨ ᠰᠠᠨᠠᠯ᠎ᠢᠶᠠᠨ ᠰᠣᠯᠢᠯᠴᠠᠪᠠ᠃ 6 ᠲᠥᠯᠥᠭᠡᠯᠡᠭ᠌ᠴᠢ ᠦᠭᠡ ᠬᠡᠯᠡᠭ᠌ᠰᠡᠨᠦ ᠳᠠᠷᠠᠭ᠎ᠠ᠂ ᠰᠢ ᠵᠢᠨ ᠫᠢᠩ ᠴᠢᠬᠤᠯᠠ ᠶᠠᠷᠢᠶ᠎ᠠ ᠲᠠᠯᠪᠢᠵᠤ᠂ ᠭᠤᠤᠯᠳᠠᠭᠤ ᠱᠢᠨ᠎ᠡ᠎ᠪᠡᠷ ᠮᠠᠨᠳᠤᠭ᠍ᠰᠠᠨ ᠬᠦᠷᠢᠶ᠎ᠠ ᠴᠠᠷᠠᠭ᠎ᠠ ᠳ᠋ᠡᠬᠢ ᠪᠠᠢᠯᠳᠤᠬᠤ ᠪᠣᠳᠣᠯᠭ᠎ᠠ᠎ᠶ᠋ᠢᠨ ᠴᠢᠳᠠᠪᠤᠷᠢ᠎ᠶ᠋ᠢ ᠳᠡᠭᠡᠭ᠌ᠰᠢᠯᠡᠭᠦᠯᠬᠦ᠌ ᠵᠢᠨ ᠲᠤᠭᠤᠷᠢᠨ ᠳ᠋ᠤ᠌ ᠱᠠᠭᠠᠷᠳᠠᠯᠭ᠎ᠠ ᠳᠤᠷᠠᠳᠪᠠ᠃ ᠲᠡᠷᠡ᠂ ᠨᠠᠮ᠎ᠤᠨ ᠠᠷᠪᠠᠨ ᠨᠠᠢ᠍ᠮᠠᠳᠤᠭᠠᠷ ᠶᠡᠬᠡ ᠬᠤᠷᠠᠯ᠎ᠡᠴᠡ ᠨᠠᠭᠠᠰᠢ᠂ ᠪᠢᠳᠡ ᠪᠠᠢᠯᠳᠤᠬᠤ ᠪᠤᠳᠤᠯᠭ᠎ᠠ᠎ᠶ᠋ᠢᠨ ᠴᠢᠨᠠᠷᠲᠠᠢ ᠱᠢᠨ᠎ᠡ᠎ᠪᠡᠷ ᠮᠠᠨᠳᠤᠭ᠍ᠰᠠᠨ ᠠᠵᠤ ᠦᠢᠯᠡᠰ ᠪᠣᠯᠤᠨ ᠱᠢᠨ᠎ᠡ ᠬᠡᠯᠪᠡᠷᠢ᠎ᠶ᠋ᠢᠨ ᠪᠠᠢᠯᠳᠤᠬᠤ ᠬᠦᠴᠦᠨ᠎ᠦ ᠬᠥᠭ᠌ᠵᠢᠯᠲᠡ᠎ᠶ᠋ᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠠᠯᠢ ᠤᠯᠠᠨ ᠴᠢᠬᠤᠯᠠ ᠶᠡᠬᠡ ᠦᠷ᠎ᠡ ᠪᠦᠲᠦᠭᠡᠯ ᠤᠯᠪᠠ᠃ ᠨᠠᠮ᠎ᠤᠨ ᠬᠣᠷᠢᠳᠤᠭᠠᠷ ᠶᠡᠬᠡ ᠬᠤᠷᠠᠯ᠎ᠤᠨ ᠳᠠᠷᠠᠭ᠎ᠠ᠂ ᠨᠠᠮ᠎ᠤᠨ ᠲᠥᠪ ᠬᠣᠷᠢᠶ᠎ᠠ ᠴᠢᠨᠠᠷ ᠰᠠᠢᠲᠠᠢ ᠬᠥᠭ᠌ᠵᠢᠯᠲᠡ᠎ᠶ᠋ᠢ ᠠᠬᠢᠭᠤᠯᠬᠤ ᠪᠦᠬᠦ᠌ ᠲᠠᠯ᠎ᠠ᠎ᠡᠴᠡ ᠡᠭᠦᠰᠴᠦ᠍᠂ ᠱᠢᠨ᠎ᠡ ᠴᠢᠨᠠᠷ᠎ᠪᠦᠬᠦᠢ ᠦᠢᠯᠡᠳᠪᠦᠷᠢᠯᠡᠯ᠎ᠦᠨ ᠬᠦᠴᠦᠨ᠎ᠢ ᠲᠦᠷᠭᠡᠳᠭᠡᠨ ᠬᠥᠭ᠌ᠵᠢᠭᠦᠯᠬᠦ᠌᠎ᠵᠢ ᠲᠣᠳᠣᠷᠬᠠᠢ ᠳᠤᠷᠠᠳᠴᠠᠢ᠃ ᠡᠨᠡ ᠨᠢ ᠱᠢᠨ᠎ᠡ᠎ᠪᠡᠷ ᠮᠠᠨᠳᠤᠭ᠍ᠰᠠᠨ ᠬᠦᠷᠢᠶ᠎ᠠ ᠴᠠᠷᠠᠭ᠎ᠠ ᠳ᠋ᠡᠬᠢ ᠪᠠᠢᠯᠳᠤᠬᠤ ᠪᠤᠳᠤᠯᠭ᠎ᠠ᠎ᠶ᠋ᠢᠨ ᠴᠢᠳᠠᠪᠤᠷᠢ᠎ᠶ᠋ᠢᠨ ᠪᠠᠢᠭᠤᠯᠤᠯᠲᠠ᠎ᠳᠤ ᠣᠯᠳᠠᠬᠤᠶ᠎ᠠ ᠪᠡᠷᠬᠡ ᠠᠵᠠ ᠲᠣᠬᠢᠶᠠᠯ ᠬᠠᠩᠭᠠᠪᠠ᠃ ᠢᠯᠠᠯᠲᠠ᠎ᠶᠢᠨ ᠡᠷᠴᠢᠨ ᠳᠡᠭᠡᠷ᠎ᠡ᠎ᠪᠠᠨ ᠤᠷᠤᠭ᠍ᠰᠢᠯᠠᠵᠤ᠂ ᠱᠢᠨ᠎ᠡ᠎ᠪᠡᠷ ᠮᠠᠨᠳᠤᠭ᠍ᠰᠠᠨ ᠬᠦᠷᠢᠶ᠎ᠠ ᠴᠠᠷᠠᠭ᠎ᠠ ᠳ᠋ᠡᠬᠢ ᠬᠥᠭ᠌ᠵᠢᠯᠲᠡ᠎ᠶ᠋ᠢᠨ ᠣᠨᠴᠠᠯᠢᠭ ᠵᠢᠮ᠎ᠡ ᠶᠣᠰᠣ᠎ᠶ᠋ᠢ ᠡᠵᠡᠮᠳᠡᠵᠦ᠍᠂ ᠱᠢᠨ᠎ᠡ ᠴᠢᠨᠠᠷ᠎ᠪᠦᠬᠦᠢ ᠦᠢᠯᠡᠳᠪᠦᠷᠢᠯᠡᠯ᠎ᠦᠨ ᠬᠦᠴᠦᠨ ᠪᠣᠯᠤᠨ ᠱᠢᠨ᠎ᠡ ᠴᠢᠨᠠᠷ᠎ᠪᠦᠬᠦᠢ ᠲᠠᠢ᠌ᠴᠢᠨ ᠬᠦᠴᠦᠨ᠎ᠢ ᠥᠨᠳᠥᠷ ᠪᠦᠲᠦᠮᠵᠢᠲᠡᠢ ᠠᠭᠤᠰᠤᠯᠴᠠᠭᠤᠯᠬᠤ᠂ ᠬᠣᠣᠰ ᠴᠢᠭ᠌ᠯᠡᠯ᠎ᠢᠶᠡᠷ ᠬᠦᠴᠦᠯᠠᠬᠦ᠎ᠶ᠋ᠢ ᠠᠬᠢᠭᠤᠯᠬᠤ ᠬᠡᠷᠡᠭ᠌ᠲᠡᠢ ᠭᠡᠵᠦ ᠵᠢᠭᠠᠵᠤ ᠭᠠᠷᠭᠠᠪᠠ᠃
ᠰᠢ ᠵᠢᠨ ᠫᠢᠩ᠂ ᠬᠥᠭ᠌ᠵᠢᠯᠲᠡ᠎ᠶ᠋ᠢᠨ ᠭᠣᠣᠯᠳᠠᠯᠭ᠎ᠠ᠎ᠶ᠋ᠢ ᠲᠤᠪᠤᠢ᠌ᠯᠭᠠᠵᠤ᠂ ᠱᠢᠨ᠎ᠡ᠎ᠪᠡᠷ ᠮᠠᠨᠳᠤᠭ᠍ᠰᠠᠨ ᠬᠦᠷᠢᠶ᠎ᠠ ᠴᠠᠷᠠᠭ᠎ᠠ ᠳ᠋ᠡᠬᠢ ᠪᠠᠢᠯᠳᠤᠬᠤ ᠪᠤᠳᠤᠯᠭ᠎ᠠ᠎ᠶ᠋ᠢᠨ ᠴᠢᠳᠠᠪᠤᠷᠢ᠎ᠶ᠋ᠢᠨ ᠪᠠᠢᠭᠤᠯᠤᠯᠲᠠ᠎ᠶ᠋ᠢᠨ ᠬᠣᠯᠪᠣᠭ᠍ᠳᠠᠯ ᠪᠦᠬᠦᠢ ᠪᠠᠢᠯᠳᠤᠬᠤ ᠪᠤᠳᠤᠯᠭ᠎ᠠ ᠪᠣᠯᠤᠨ ᠲᠥᠯᠥᠪᠵᠢᠭᠦᠯᠭᠡ᠎ᠶ᠋ᠢᠨ ᠨᠠᠢᠳᠠᠪᠤᠷᠢᠵᠢᠭᠤᠯᠤᠯᠲᠠ᠎ᠶ᠋ᠢ ᠰᠠᠢᠲᠤᠷ ᠠᠳᠭᠤᠬᠤ ᠬᠡᠷᠡᠭ᠌ᠲᠡᠢ᠃ ᠳᠠᠯᠠᠢ ᠳᠡᠭᠡᠷᠡᠬᠢ ᠴᠡᠷᠢᠭ᠎ᠦᠨ ᠶᠠᠪᠤᠳᠠᠯ᠎ᠤᠨ ᠲᠡᠮᠡᠴᠡᠯ᠎ᠦᠨ ᠪᠡᠯᠡᠳᠭᠡᠯ᠂ ᠳᠠᠯᠠᠢ ᠲᠠᠩᠭᠢᠰ᠎ᠤᠨ ᠡᠷᠬᠡ ᠠᠱᠢᠭ᠎ᠢ ᠬᠠᠮᠠᠭᠠᠯᠠᠬᠤ ᠪᠠ ᠳᠠᠯᠠᠢ ᠲᠠᠩᠭᠢᠰ᠎ᠤᠨ ᠠᠵᠤ ᠠᠬᠤᠢ᠎ᠶ᠋ᠢᠨ ᠬᠥᠭ᠌ᠵᠢᠯᠲᠡ᠎ᠶ᠋ᠢ ᠨᠢᠭᠡᠳᠦᠯᠲᠡᠢ ᠲᠥᠯᠥᠪᠵᠢᠭᠦᠯᠵᠦ᠍᠂ ᠳᠠᠯᠠᠢ ᠲᠠᠩᠭᠢᠰ᠎ᠤᠨ ᠴᠢᠳᠠᠪᠤᠷᠢ᠎ᠶ᠋ᠢ ᠳᠡᠭᠡᠭ᠌ᠰᠢᠯᠡᠭᠦᠯᠬᠦ᠌ ᠬᠡᠷᠡᠭ᠌ᠲᠡᠢ᠃ ᠰᠠᠨᠰᠠᠷ᠎ᠤᠨ ᠠᠶᠠᠯᠠᠯ᠎ᠤᠨ ᠪᠠᠢᠷᠢᠱᠢᠯ᠎ᠢ ᠱᠢᠯᠢᠳᠡᠭ᠌ᠵᠢᠭᠦᠯᠵᠦ᠍᠂ ᠮᠠᠨ᠎ᠤ ᠤᠯᠤᠰ᠎ᠤᠨ ᠰᠠᠨᠰᠠᠷ᠎ᠤᠨ ᠠᠶᠠᠯᠠᠯ᠎ᠤᠨ ᠱᠢᠰᠲ᠋ᠧᠮ᠎ᠦᠨ ᠪᠠᠢᠭᠤᠯᠤᠯᠲᠠ᠎ᠶ᠋ᠢ ᠠᠬᠢᠭᠤᠯᠬᠤ ᠬᠡᠷᠡᠭ᠌ᠲᠡᠢ᠃ ᠰᠦᠯᠵᠢᠶᠡᠨ᠎ᠦ ᠣᠷᠣᠨ ᠵᠠᠢ᠎ᠶ᠋ᠢᠨ ᠰᠡᠷᠭᠡᠢᠯᠡᠯᠲᠡ᠎ᠶ᠋ᠢᠨ ᠱᠢᠰᠲ᠋ᠧᠮ᠎ᠢ ᠪᠠᠢᠭᠤᠯᠵᠤ᠂ ᠤᠯᠤᠰ᠎ᠤᠨ ᠰᠦᠯᠵᠢᠶᠡᠨ᠎ᠦ ᠠᠮᠤᠷ ᠲᠦᠪᠱᠢᠨ᠎ᠢ ᠬᠠᠮᠠᠭᠠᠯᠠᠬᠤ ᠴᠢᠳᠠᠪᠤᠷᠢ᠎ᠪᠠᠨ ᠳᠡᠭᠡᠭ᠌ᠰᠢᠯᠡᠭᠦᠯᠬᠦ᠌ ᠬᠡᠷᠡᠭ᠌ᠲᠡᠢ᠃ ᠣᠶᠤᠨᠴᠢ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠴᠢᠬᠤᠯᠠ ᠶᠡᠬᠡ ᠲᠦᠷᠦᠯ ᠵᠦᠢᠯ᠎ᠢ ᠨᠢᠭᠡᠳᠦᠯᠲᠡᠢ ᠲᠥᠯᠥᠪᠵᠢᠭᠦᠯᠦᠨ ᠬᠡᠷᠡᠭ᠌ᠵᠢᠭᠦᠯᠬᠦ᠌᠎ᠶ᠋ᠢ ᠴᠢᠩᠭᠠᠳᠭᠠᠵᠤ᠂ ᠲᠡᠷᠢᠭᠦᠨ᠎ᠦ ᠦᠷ᠎ᠡ ᠪᠦᠲᠦᠭᠡᠯ᠎ᠢ ᠬᠡᠷᠡᠭ᠌ᠯᠡᠬᠦ᠌ ᠡᠷᠴᠢᠮ᠎ᠢᠶᠡᠨ ᠴᠢᠩᠭᠠᠷᠠᠭᠤᠯᠬᠤ ᠬᠡᠷᠡᠭ᠌ᠲᠡᠢ ᠭᠡᠵᠦ ᠴᠢᠬᠤᠯᠠᠴᠢᠯᠠᠪᠠ᠃
ᠰᠢ ᠵᠢᠨ ᠫᠢᠩ᠂ ᠱᠢᠨ᠎ᠡ᠎ᠪᠡᠷ ᠮᠠᠨᠳᠤᠭ᠍ᠰᠠᠨ ᠬᠦᠷᠢᠶ᠎ᠠ ᠴᠠᠷᠠᠭ᠎ᠠ ᠳ᠋ᠡᠬᠢ ᠬᠥᠭ᠌ᠵᠢᠯᠲᠡ᠎ᠶ᠋ᠢ ᠦᠨᠳᠦᠰᠦᠨ᠎ᠡᠴᠡ ᠨᠢ ᠠᠪᠴᠤ᠌ ᠬᠡᠯᠡᠪᠡᠯ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠱᠢᠨ᠎ᠡ ᠵᠢ ᠡᠭᠦᠳᠬᠦ ᠪᠠ ᠬᠡᠷᠡᠭᠯᠡᠭᠡᠨ᠎ᠡᠴᠡ ᠢᠷᠡᠯᠲᠡ᠎ᠲᠡᠶ ᠶᠤᠮ᠃ ᠱᠢᠨ᠎ᠡ᠎ᠶ᠋ᠢ ᠡᠭᠦᠳᠬᠦ᠌ ᠢᠲᠡᠭᠡᠯ᠎ᠢᠶᠡᠨ ᠴᠢᠩᠭᠠᠳᠭᠠᠵᠤ᠂ ᠥᠪᠡᠷ᠎ᠦᠨ ᠪᠡᠶ᠎ᠡ᠎ᠪᠡᠷ᠎ᠢᠶᠡᠨ ᠭᠣᠣᠯ ᠪᠣᠯᠭᠠᠬᠤ᠂ ᠪᠣᠳᠠᠲᠠᠢ ᠡᠴᠡ ᠡᠭᠦᠰᠭᠦ᠎ᠶ᠋ᠢ ᠪᠠᠷᠢᠮᠲᠠᠯᠠᠵᠤ᠂ ᠪᠡᠶ᠎ᠡ᠎ᠪᠡᠨ ᠳᠠᠭᠠᠭᠠᠵᠤ ᠱᠢᠨ᠎ᠡ᠎ᠶ᠋ᠢ ᠡᠭᠦᠳᠬᠦ᠌᠂ ᠠᠩᠬᠠᠨ᠎ᠤ ᠱᠢᠨ᠎ᠡ ᠡᠬᠦᠳᠦᠯᠳᠡ ᠶ᠋ᠢ ᠶᠡᠬᠡᠪᠡᠷ ᠠᠬᠢᠭᠤᠯᠵᠤ᠂ ᠱᠢᠨ᠎ᠡ ᠴᠢᠨᠠᠷ ᠪᠦᠬᠦᠢ ᠦᠢᠯᠡᠳᠪᠦᠷᠢᠯᠡᠯ᠎ᠦᠨ ᠬᠦᠴᠦᠨ ᠪᠣᠯᠤᠨ ᠱᠢᠨ᠎ᠡ ᠴᠢᠨᠠᠷ ᠪᠦᠬᠦᠢ ᠲᠠᠢ᠌ᠴᠢᠨ ᠬᠦᠴᠦᠨ᠎ᠦ ᠨᠡᠮᠡᠭ᠌ᠳᠡᠯ᠎ᠦᠨ ᠲᠤᠢᠯ᠎ᠢ ᠡᠬᠦᠳᠬᠦ ᠬᠡᠷᠡᠭ᠌ᠲᠡᠢ᠃ ᠱᠢᠨ᠎ᠡ᠎ᠪᠡᠷ ᠮᠠᠨᠳᠤᠭ᠍ᠰᠠᠨ ᠬᠦᠷᠢᠶ᠎ᠠ ᠴᠠᠷᠠᠭ᠎ᠠ ᠳ᠋ᠡᠬᠢ ᠰᠣᠯᠪᠢᠴᠠᠨ ᠠᠭᠤᠰᠤᠯᠴᠠᠨ ᠬᠥᠭ᠌ᠵᠢᠬᠦ᠌ ᠣᠨᠴᠠᠯᠢᠭ᠎ᠢ ᠡᠵᠡᠮᠳᠡᠵᠦ᠍᠂ ᠬᠤᠷᠠᠮᠠᠯ ᠰᠢᠨ᠎ᠡ ᠡᠬᠦᠳᠦᠯᠳᠡ ᠪᠠ ᠶᠡᠷᠦᠩᠬᠡᠢᠯᠡᠭᠰᠡᠨ ᠬᠡᠷᠡᠭ᠌ᠯᠡᠬᠡᠶ᠋ᠢ ᠴᠢᠩᠭᠠᠳᠭᠠᠵᠤ᠂ ᠤᠯᠠᠨ ᠲᠠᠯ᠎ᠠ᠎ᠪᠠᠷ ᠱᠢᠪᠲᠤᠯᠤᠯᠲᠠ ᠭᠠᠷᠭᠠᠬᠤ᠂ ᠬᠠᠮᠳᠤ ᠪᠡᠷ ᠬᠦᠭᠵᠢᠨ ᠪᠠᠳᠠᠷᠠᠬᠰᠠᠨ ᠠᠮᠢᠳᠤᠯᠢᠭ ᠪᠠᠢᠳᠠᠯ᠎ᠢ ᠪᠤᠢ ᠪᠣᠯᠭᠠᠬᠤ᠎ᠶ᠋ᠢ ᠠᠬᠢᠭᠤᠯᠬᠤ ᠬᠡᠷᠡᠭ᠌ᠲᠡᠢ ᠭᠡᠵᠦ ᠵᠢᠭᠠᠵᠤ ᠭᠠᠷᠭᠠᠪᠠ᠃
ᠰᠢ ᠵᠢᠨ ᠫᠢᠩ᠂ ᠱᠢᠨ᠎ᠡ᠎ᠪᠡᠷ ᠮᠠᠨᠳᠤᠭ᠍ᠰᠠᠨ ᠬᠦᠷᠢᠶ᠎ᠠ ᠴᠠᠷᠠᠭ᠎ᠠ ᠳ᠋ᠡᠬᠢ ᠥᠭᠡᠷᠡᠴᠢᠯᠡᠯᠲᠡ᠎ᠶ᠋ᠢ ᠴᠢᠨᠠᠬᠰᠢᠳᠠ ᠥᠭᠡᠷᠡᠴᠢᠯᠡᠯᠲᠡ᠎ᠶ᠋ᠢ ᠪᠦᠬᠦ᠌ ᠲᠠᠯ᠎ᠠ᠎ᠪᠠᠷ ᠭᠦᠨᠵᠡᠭᠡᠢᠷᠡᠭᠦᠯᠬᠦ᠌᠎ᠶ᠋ᠢᠨ ᠭᠣᠣᠯᠳᠠᠯᠭ᠎ᠠ ᠪᠣᠯᠭᠠᠨ ᠲᠤᠪᠤᠢᠯᠭᠠᠵᠤ᠂ ᠪᠡᠶ᠎ᠡ᠎ᠪᠡᠨ ᠳᠠᠭᠠᠭᠠᠵᠤ ᠬᠦᠴᠦᠷᠬᠡᠭ᠌ᠵᠢᠬᠦ᠌᠂ ᠨᠡᠭᠡᠭᠡᠯᠲᠡ ᠬᠢᠵᠦ᠍ ᠠᠭᠤᠰᠤᠯᠴᠠᠬᠤ᠂ ᠠᠮᠢᠵᠢᠷᠠᠯ᠎ᠤᠨ ᠬᠦᠴᠦᠨ᠎ᠢᠶᠡᠷ ᠪᠢᠯᠬᠠᠬᠰᠠᠨ ᠱᠢᠨ᠎ᠡ᠎ᠶ᠋ᠢ ᠡᠭᠦᠳᠬᠦ᠌ ᠠᠮᠢ ᠠᠬᠤᠢ᠎ᠶ᠋ᠢ ᠪᠠᠢᠭᠤᠯᠵᠤ᠂ ᠱᠢᠨ᠎ᠡ᠎ᠪᠡᠷ ᠮᠠᠨᠳᠤᠭ᠍ᠰᠠᠨ ᠬᠦᠷᠢᠶ᠎ᠠ ᠴᠠᠷᠠᠭ᠎ᠠ ᠳ᠋ᠡᠬᠢ ᠪᠠᠢᠯᠳᠤᠬᠤ ᠪᠤᠳᠤᠯᠭ᠎ᠠ᠎ᠶ᠋ᠢᠨ ᠴᠢᠳᠠᠪᠤᠷᠢ᠎ᠶ᠋ᠢᠨ ᠪᠠᠢᠭᠤᠯᠤᠯᠲᠠ᠎ᠶ᠋ᠢ ᠨᠡᠩ ᠰᠠᠢᠲᠤᠷ ᠠᠬᠢᠭᠤᠯᠬᠤ ᠬᠡᠷᠡᠭ᠌ᠲᠡᠢ᠃ ᠬᠡᠷᠡᠭ᠌ᠴᠡᠭᠡ᠎ᠶ᠋ᠢ ᠵᠣᠯᠭᠠᠭᠤᠯᠬᠤ᠂ ᠲᠥᠯᠥᠪᠵᠢᠭᠦᠯᠭᠡ᠎ᠶ᠋ᠢ ᠵᠣᠯᠭᠠᠭᠤᠯᠬᠤ᠂ ᠡᠬᠢ ᠪᠠᠶᠠᠯᠢᠭ᠎ᠢ ᠬᠠᠮᠲᠤ᠎ᠪᠠᠷ ᠡᠳ᠋ᠯᠡᠬᠦ᠌ ᠵᠡᠷᠭᠡ ᠲᠠᠯ᠎ᠠ᠎ᠶ᠋ᠢᠨ ᠳᠦᠷᠢᠮ ᠲᠣᠭ᠍ᠲᠠᠴᠠ᠎ᠶ᠋ᠢ ᠪᠦᠷᠢᠨᠱᠢᠭᠦᠯᠦᠨ ᠲᠡᠭᠦᠯᠳᠡᠷᠵᠢᠭᠦᠯᠵᠦ᠍᠂ ᠪᠠᠷᠢᠮᠵᠢᠶ᠎ᠠ᠎ᠶ᠋ᠢ ᠨᠡᠢᠳᠡᠮ ᠬᠡᠷᠡᠭ᠌ᠯᠡᠬᠦ᠌ ᠵᠠᠮ᠎ᠢᠶᠠᠷ ᠰᠠᠢᠲᠤᠷ ᠵᠠᠮᠨᠠᠵᠤ᠂ ᠱᠢᠨ᠎ᠡ᠎ᠪᠡᠷ ᠮᠠᠨᠳᠤᠭ᠍ᠰᠠᠨ ᠬᠦᠷᠢᠶ᠎ᠠ ᠴᠠᠷᠠᠭ᠎ᠠ ᠳ᠋ᠡᠬᠢ ᠬᠥᠭ᠌ᠵᠢᠯᠲᠡ᠎ᠶ᠋ᠢᠨ ᠪᠦᠬᠦᠯᠢ ᠴᠣᠭ᠍ᠴᠠ᠎ᠶ᠋ᠢᠨ ᠦᠷ᠎ᠡ ᠠᠱᠢᠭ᠎ᠢ ᠳᠡᠭᠡᠭ᠌ᠰᠢᠯᠡᠭᠦᠯᠬᠦ᠌ ᠬᠡᠷᠡᠭ᠌ᠲᠡᠢ᠃ ᠱᠢᠨ᠎ᠡ ᠴᠢᠨᠠᠷ ᠪᠦᠬᠦᠢ ᠲᠠᠢ᠌ᠴᠢᠨ ᠬᠦᠴᠦᠨ᠎ᠦ ᠬᠠᠩᠭᠠᠯᠭ᠎ᠠ᠎ᠶ᠋ᠢ ᠲᠦᠷᠭᠡᠳᠭᠡᠬᠦ᠌᠎ᠪᠡᠷ ᠬᠥᠲᠥᠯᠦᠮᠵᠢ ᠪᠣᠯᠭᠠᠵᠤ᠂ ᠤᠯᠤᠰ᠎ᠤᠨ ᠪᠠᠲᠤᠯᠠᠨ ᠬᠠᠮᠠᠭᠠᠯᠠᠯᠲᠠ᠎ᠶ᠋ᠢᠨ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠠᠵᠤ ᠦᠢᠯᠡᠳᠪᠦᠷᠢ᠎ᠶ᠋ᠢᠨ ᠪᠠᠢᠭᠤᠯᠤᠮᠵᠢ᠎ᠶ᠋ᠢᠨ ᠥᠭᠡᠷᠡᠴᠢᠯᠡᠯᠲᠡ᠎ᠶ᠋ᠢ ᠭᠦᠨᠵᠡᠭᠡᠢᠷᠡᠭᠦᠯᠵᠦ᠍᠂ ᠤᠯᠤᠰ᠎ᠤᠨ ᠪᠠᠲᠤᠯᠠᠨ ᠬᠠᠮᠠᠭᠠᠯᠠᠯᠲᠠ᠎ᠶ᠋ᠢᠨ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ ᠦᠨ ᠠᠵᠤ ᠦᠢᠯᠡᠳᠪᠦᠷᠢ᠎ᠶ᠋ᠢᠨ ᠪᠠᠢᠷᠢᠱᠢᠭᠤᠯᠤᠯᠲᠠ᠎ᠶ᠋ᠢ ᠱᠢᠯᠢᠳᠡᠭ᠌ᠵᠢᠭᠦᠯᠵᠦ᠍᠂ ᠲᠡᠷᠢᠭᠦᠨ᠎ᠦ ᠮᠡᠷᠭᠡᠵᠢᠯ᠎ᠦᠨ ᠬᠤᠷᠴᠠ ᠱᠠᠯᠠᠮᠠᠭᠠᠢ ᠪᠡᠷ ᠴᠤᠤᠷᠢᠶᠠᠲᠤᠬᠤ᠂ ᠲᠦᠷᠭᠡᠨ ᠤᠨᠳᠤᠤᠰᠢᠭᠤᠯᠬᠤ ᠲᠣᠭ᠍ᠲᠠᠴᠠ᠎ᠶ᠋ᠢ ᠪᠦᠷᠢᠨᠱᠢᠬᠦᠯᠵᠤ᠂ ᠱᠢᠨ᠎ᠡ᠎ᠪᠡᠷ ᠮᠠᠨᠳᠤᠭ᠍ᠰᠠᠨ ᠬᠦᠷᠢᠶ᠎ᠠ ᠴᠠᠷᠠᠭ᠎ᠠ ᠳ᠋ᠡᠬᠢ ᠬᠥᠭ᠌ᠵᠢᠯᠲᠡ᠎ᠲᠡᠶ ᠵᠣᠬᠢᠴᠠᠭ᠍ᠰᠠᠨ ᠱᠢᠨ᠎ᠡ᠎ᠶ᠋ᠢ ᠡᠭᠦᠳᠬᠦ᠌ ᠬᠡᠯᠬᠢᠶ᠎ᠡ᠂ ᠠᠵᠤ ᠦᠢᠯᠡᠰ᠎ᠦᠨ ᠬᠡᠯᠬᠢᠶ᠎ᠡ᠂ ᠦᠷᠳᠡᠭ᠎ᠦᠨ ᠬᠡᠯᠬᠢᠶ᠎ᠡ᠎ᠶ᠋ᠢ ᠪᠠᠢᠭᠤᠯᠬᠤ ᠬᠡᠷᠡᠭ᠌ᠲᠡᠢ᠃ ᠦᠵᠡᠯ ᠰᠠᠨᠠᠭ᠎ᠠ ᠣᠢᠯᠠᠭᠠᠭ᠍ᠳᠠᠬᠤᠨ᠎ᠢᠶᠠᠨ ᠱᠢᠨᠡᠳᠭᠡᠵᠦ᠍᠂ ᠱᠢᠨ᠎ᠡ ᠬᠡᠯᠪᠡᠷᠢ᠎ᠶᠢᠨ ᠪᠠᠢᠯᠳᠤᠬᠤ ᠬᠦᠴᠦᠨ᠎ᠦ ᠪᠠᠢᠭᠤᠯᠤᠯᠲᠠ ᠪᠠ ᠬᠡᠷᠡᠭ᠌ᠯᠡᠭᠡᠨ᠎ᠦ ᠵᠠᠭ᠍ᠪᠤᠷ᠎ᠢ ᠵᠣᠷᠢᠭ᠍ᠲᠠᠢ᠎ᠪᠠᠷ ᠱᠢᠨ᠎ᠡ᠎ᠶ᠋ᠢ ᠡᠭᠦᠳᠦᠨ ᠰᠦᠪᠡᠭ᠌ᠴᠢᠯᠡᠵᠦ᠍᠂ ᠱᠢᠨ᠎ᠡ ᠴᠢᠨᠠᠷ ᠪᠦᠬᠦᠢ ᠲᠠᠢ᠌ᠴᠢᠨ ᠬᠦᠴᠦᠨ᠎ᠢ ᠭᠦᠢᠴᠡᠳ ᠴᠢᠯᠥᠭᠡᠯᠡᠨ ᠬᠥᠭ᠌ᠵᠢᠭᠦᠯᠬᠦ᠌ ᠬᠡᠷᠡᠭ᠌ᠲᠡᠢ ᠭᠡᠵᠦ ᠴᠢᠬᠤᠯᠠᠴᠢᠯᠠᠪᠠ᠃
ᠨᠠᠮ᠎ᠤᠨ ᠲᠥᠪ ᠬᠤᠷᠢᠶ᠎ᠠ᠎ᠶᠢᠨ ᠤᠯᠤᠰ ᠲᠦᠷᠦ᠍᠎ᠶ᠋ᠢᠨ ᠲᠣᠪᠴᠢᠶᠠᠨ᠎ᠤ ᠭᠡᠱᠢᠭᠦᠨ᠂ ᠲᠥᠪ᠎ᠦᠨ ᠴᠡᠷᠢᠭ᠎ᠦᠨ ᠶᠠᠪᠤᠳᠠᠯ᠎ᠤᠨ ᠬᠤᠷᠢᠶ᠎ᠠ᠎ᠶᠢᠨ ᠳᠡᠳ᠋ ᠲᠡᠷᠢᠭᠦᠯᠡᠭ᠌ᠴᠢ ᠵᠠᠩ ᠶᠢᠦ ᠱᠢᠶᠠ ᠬᠤᠷᠠᠯ᠎ᠢ ᠡᠷᠬᠢᠯᠡᠵᠦ᠍᠂ ᠨᠠᠮ᠎ᠤᠨ ᠲᠥᠪ ᠬᠤᠷᠢᠶ᠎ᠠ᠎ᠶᠢᠨ ᠤᠯᠤᠰ ᠲᠦᠷᠦ᠍᠎ᠶ᠋ᠢᠨ ᠲᠣᠪᠴᠢᠶᠠᠨ᠎ᠤ ᠭᠡᠱᠢᠭᠦᠨ᠂ ᠲᠥᠪ᠎ᠦᠨ ᠴᠡᠷᠢᠭ᠎ᠦᠨ ᠶᠠᠪᠤᠳᠠᠯ᠎ᠤᠨ ᠬᠤᠷᠢᠶ᠎ᠠ᠎ᠶᠢᠨ ᠳᠡᠳ᠋ ᠲᠡᠷᠢᠭᠦᠯᠡᠭ᠌ᠴᠢ ᠾᠧ ᠸᠧᠢ ᠳ᠋ᠦᠩ᠂ ᠲᠥᠪ᠎ᠦᠨ ᠴᠡᠷᠢᠭ᠎ᠦᠨ ᠶᠠᠪᠤᠳᠠᠯ᠎ᠤᠨ ᠬᠤᠷᠢᠶ᠎ᠠ᠎ᠶᠢᠨ ᠭᠡᠱᠢᠭᠦᠨ ᠯᠢᠦ ᠵᠧᠨ ᠯᠢ᠂ ᠵᠠᠩ ᠱᠧᠩ ᠮᠢᠨ ᠬᠤᠷᠠᠯ᠎ᠳᠤ ᠣᠷᠣᠯᠴᠠᠪᠠ᠃
(ᠱᠢᠨᠬᠤᠸᠠ ᠬᠣᠷᠢᠶ᠎ᠠ ᠵᠢᠨ ᠪᠡᠭᠡᠵᠢᠩ᠎ᠦᠨ 3 ᠰᠠᠷ᠎ᠠ᠎ᠶ᠋ᠢᠨ 7 ᠤ᠋ ᠴᠠᠬᠢᠯᠭᠠᠨ ᠮᠡᠳᠡᠭᠡ)
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠣᠷᠬᠢᠯ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃