2024ᠤᠨ᠎ᠤ᠋ ᠪᠦᠬᠦ ᠤᠯᠤᠰ᠎ᠤ᠋ᠨ ᠬᠣᠶᠠᠷ ᠬᠤᠷᠠᠯ > ᠮᠡᠳᠡᠭᠡᠯᠡᠯ

2024-03-08 10:01:42

ᠵᠣᠬᠢᠶᠠᠭ᠍ᠴᠢ᠄ ​ ᠰᠦᠩ ᠱᠤᠸᠠᠩ ᠣᠩᠱᠢᠭ᠍ᠰᠠᠨ ᠣᠳᠠᠭ᠎ᠠ᠄ 3

ᠵᠠᠩ ᠶᠠᠨ ᠺᠦᠨ ᠬᠤᠷᠠᠯ ᠢ᠋ ᠡᠷᠭᠢᠯᠡᠵᠠᠢ

3 ᠰᠠᠷ᠎ᠠ᠎ᠶ᠋ᠢᠨ 6 ᠎ᠤ᠋ ᠤᠷᠤᠢ᠂ ᠥᠪᠥᠷ ᠮᠣᠩᠭᠣᠯ᠎ᠳᠤ ᠰᠠᠭᠤᠭ᠎ᠠ ᠪᠦᠬᠦ᠌ ᠤᠯᠤᠰ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠦ ᠭᠡᠱᠢᠭᠦᠳ ᠶᠡᠷᠤᠨᠭᠭᠡᠢ ᠱᠦᠵᠢ ᠰᠢ᠎ᠶ᠋ᠢᠨ ᠫᠢᠩ ᠤ᠋ᠨ ᠪᠦᠬᠦ᠌ ᠤᠯᠤᠰ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠦ ᠠᠷᠪᠠᠨ ᠳᠥᠷᠪᠡᠳᠦᠭᠡᠷ ᠬᠤᠭᠤᠴᠠᠭᠠᠨ᠎ᠤ ᠬᠤᠷᠢᠶ᠎ᠠ ᠵᠢᠨ ᠬᠣᠶᠠᠳᠤᠭᠠᠷ ᠬᠤᠷᠠᠯ᠎ᠳᠤ ᠣᠷᠣᠯᠴᠠᠵᠤ ᠪᠠᠢᠭ᠎ᠠ ᠳᠤᠮᠳᠠᠳᠤ ᠤᠯᠤᠰ᠎ᠤᠨ ᠭᠣᠮᠢᠨᠳᠠᠩ ᠤ᠋ᠨ ᠬᠤᠪᠢᠰᠭᠠᠯᠲᠤ ᠬᠣᠷᠢᠶ᠎ᠠ ᠂ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠡᠲᠡᠭᠡᠳ᠂ ᠣᠷᠴᠢᠨ ᠲᠣᠭᠣᠷᠢᠨ ᠡᠬᠢ ᠪᠠᠶᠠᠯᠢᠭ᠎ᠤᠨ ᠡᠲᠡᠭᠡᠳ᠎ᠦᠨ ᠭᠡᠱᠢᠭᠦᠳ᠎ᠢ ᠡᠷᠬᠢᠨ ᠦᠵᠡᠬᠦ᠌ ᠦᠶ᠎ᠡ᠎ᠶ᠋ᠢᠨ ᠴᠢᠬᠤᠯᠠ ᠶᠠᠷᠢᠶᠠᠨ᠎ᠤ ᠵᠣᠷᠢᠭ ᠰᠠᠨᠠᠭ᠎ᠠ᠎ᠶ᠋ᠢ ᠬᠠᠮᠲᠤ᠎ᠪᠠᠷ ᠰᠤᠷᠤᠯᠴᠠᠪᠠ᠃ ᠪᠦᠬᠦ᠌ ᠤᠯᠤᠰ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠦ ᠭᠡᠱᠢᠭᠦᠨ᠂ ᠥᠪᠡᠷᠲᠡᠭᠡᠨ ᠵᠠᠰᠠᠬᠤ ᠣᠷᠣᠨ᠎ᠤ ᠤᠯᠤᠰ ᠲᠦᠷᠦ᠍᠎ᠶ᠋ᠢᠨ ᠵᠥᠪᠯᠡᠯᠭᠡᠨ᠎ᠦ ᠲᠡᠷᠢᠭᠦᠯᠡᠭ᠌ᠴᠢ ᠵᠠᠩ ᠶᠠᠨ ᠺᠦᠨ ᠬᠤᠷᠠᠯ᠎ᠢ ᠡᠷᠬᠢᠯᠡᠪᠡ᠃ ᠪᠦᠬᠦ᠌ ᠤᠯᠤᠰ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠦ ᠭᠡᠱᠢᠭᠦᠨ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶ᠋ᠢᠨ ᠪᠠᠢᠩᠭᠤ᠎ᠶ᠋ᠢᠨ ᠭᠡᠱᠢᠭᠦᠨ᠂ ᠨᠢᠭᠡᠳᠦᠮᠡᠯ ᠹᠷᠣᠨᠲ᠎ᠤᠨ ᠬᠡᠯᠲᠡᠰ᠎ᠦᠨ ᠳᠠᠷᠤᠭ᠎ᠠ ᠬᠦᠤᠳᠠᠭᠤᠯᠠ ᠶᠡᠷᠦᠩᠬᠡᠢ ᠱᠦᠵᠢ ᠰᠢ᠎ᠶ᠋ᠢᠨ ᠫᠢᠩ ᠤ᠋ᠨ ᠴᠢᠬᠤᠯᠠ ᠶᠠᠷᠢᠶᠠᠨ᠎ᠤ ᠵᠣᠷᠢᠭ ᠰᠠᠨᠠᠭ᠎ᠠ᠎ᠶ᠋ᠢ ᠤᠯᠠᠮᠵᠢᠯᠠᠵᠤ᠂ ᠪᠠᠢ ᠴᠢᠩ ᠶᠤᠸᠠᠨ ᠂ ᠠᠨ ᠷᠦᠨ ᠱᠧᠩ᠂ ᠰᠦᠨ ᠵᠢᠶᠦ᠋ᠨ ᠴᠢᠩ ᠵᠡᠷᠭᠡ ᠥᠪᠥᠷ ᠮᠣᠩᠭᠣᠯ᠎ᠳᠤ ᠰᠠᠭᠤᠭ᠎ᠠ ᠪᠦᠬᠦ᠌ ᠤᠯᠤᠰ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠦ ᠭᠡᠱᠢᠭᠦᠳ ᠬᠤᠷᠠᠯ᠎ᠳᠤ ᠣᠷᠣᠯᠴᠠᠵᠠᠢ᠃

ᠭᠡᠱᠢᠭᠦᠳ᠂ ᠶᠡᠷᠦᠩᠬᠡᠶ ᠱᠦᠵᠢ ᠰᠢ᠎ᠶ᠋ᠢᠨ ᠫᠢᠩ ᠤ᠋ᠨ ᠴᠢᠬᠤᠯᠠ ᠶᠠᠷᠢᠶ᠎ᠠ ᠨᠢ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ ᠂ ᠣᠷᠴᠢᠨ ᠲᠤᠭᠤᠷᠢᠨ ᠡᠬᠢ ᠪᠠᠶᠠᠯᠢᠭ ᠵᠡᠷᠭᠡ ᠠᠵᠢᠯ᠎ᠢ ᠰᠠᠢᠲᠤᠷ ᠬᠢᠬᠦ᠌᠎ᠳᠦ ᠲᠣᠳᠣᠷᠬᠠᠶ ᠱᠠᠭᠠᠷᠳᠠᠯᠭ᠎ᠠ ᠳᠤᠷᠠᠳᠴᠤ᠌᠂ ᠥᠨᠳᠥᠷ᠎ᠲᠦ ᠵᠣᠭ᠍ᠰᠣᠨ ᠠᠯᠤᠰ᠎ᠢ ᠪᠠᠷᠠᠯᠠᠵᠦ᠍᠂ ᠦᠵᠡᠯ ᠰᠠᠨᠠᠭ᠎ᠠ ᠨᠢ ᠭᠦᠨ ᠭᠦᠨᠵᠡᠭᠡᠶ ᠪᠠᠢᠵᠤ᠂ ᠠᠷᠠᠳ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠦ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠳᠠ ᠵᠢᠨ ᠪᠦᠳᠦᠭᠡᠨ ᠪᠠᠢᠭᠤᠯᠤᠯᠲᠠ᠎ᠳᠤ ᠬᠦᠴᠦᠨ ᠨᠡᠮᠡᠷᠢᠯᠡᠬᠦ᠌᠎ᠳᠦ ᠴᠢᠬᠤᠯᠠ ᠵᠢᠷᠤᠮᠯᠠᠯ ᠬᠠᠩᠭᠠᠵᠠᠶ ᠭᠡᠵᠤ ᠰᠠᠨᠠᠯ ᠨᠢᠭᠡᠳᠠᠢ ᠦᠵᠡᠵᠡᠭᠡᠪᠡ᠃

ᠣᠯᠠᠨ᠎ᠢᠶᠠᠷ᠎ᠢᠶᠠᠨ᠂ ᠶᠡᠷᠤᠨᠭᠭᠡᠢ ᠱᠦᠵᠢ ᠰᠢ᠎ᠶ᠋ᠢᠨ ᠫᠢᠩ ᠤ᠋ᠨ ᠴᠢᠬᠤᠯᠠ ᠶᠠᠷᠢᠶᠠᠨ᠎ᠤ ᠵᠣᠷᠢᠭ ᠰᠠᠨᠠᠭ᠎ᠠ᠎ᠶ᠋ᠢ ᠭᠦᠨᠵᠡᠭᠡᠶ ᠰᠤᠷᠤᠯᠴᠠᠨ ᠲᠤᠭᠤᠰᠢᠯᠠᠭᠤᠯᠬᠤ᠎ᠶ᠋ᠢ ᠶᠡᠷᠦᠩᠬᠡᠶ ᠱᠦᠵᠢ ᠰᠢ᠎ᠶ᠋ᠢᠨ ᠫᠢᠩ᠎ᠤᠨ ᠥᠪᠥᠷ ᠮᠣᠩᠭᠣᠯ᠎ᠤᠨ ᠲᠤᠬᠠᠢ ᠴᠢᠬᠤᠯᠠ ᠵᠢᠭᠠᠪᠤᠷᠢ᠎ᠶ᠋ᠢᠨ ᠵᠣᠷᠢᠭ ᠰᠠᠨᠠᠭ᠎ᠠ᠎ᠶ᠋ᠢ ᠰᠤᠷᠤᠯᠴᠠᠨ ᠲᠤᠭᠤᠰᠢᠯᠠᠭᠤᠯᠬᠤ᠎ᠲᠠᠶ ᠤᠶᠠᠯᠳᠤᠭᠤᠯᠵᠤ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ ᠢ᠋ ᠪᠠᠳᠤ ᠴᠤᠬᠴᠠᠯᠠᠬᠤ ᠠᠵᠢᠯ᠎ᠤᠨ ᠭᠣᠣᠯ ᠰᠢᠵᠢᠮ ᠢ᠋ ᠪᠠᠷᠢᠮᠳᠠᠯᠠᠵᠤ᠂ ᠥᠪᠡᠷᠲᠡᠭᠡᠨ ᠵᠠᠰᠠᠬᠤ ᠣᠷᠣᠨ᠎ᠤ ᠬᠣᠶᠠᠷ ᠶᠡᠬᠡ ᠶᠠᠪᠤᠳᠠᠯ᠎ᠲᠠᠶ ᠨᠢᠭ᠍ᠲᠠ ᠤᠶᠠᠯᠳᠤᠭᠤᠯᠤᠨ᠂ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ 《ᠪᠦᠰᠡᠯᠡᠯᠲᠡ ᠱᠢᠪᠲᠤᠯᠬᠤ》 ᠢᠨᠵᠧᠨᠧᠷᠢᠩ᠂ ᠮᠠᠨ᠎ᠤ ᠤᠯᠤᠰ᠎ᠤᠨ ᠤᠮᠠᠷᠠᠲᠤ᠎ᠶ᠋ᠢᠨ ᠴᠢᠬᠤᠯᠠ ᠠᠮᠢ ᠠᠬᠤᠢ᠎ᠶ᠋ᠢᠨ ᠠᠮᠤᠷ ᠲᠦᠪᠱᠢᠨ᠎ᠦ ᠬᠠᠯᠬᠠᠪᠴᠢ᠎ᠶ᠋ᠢ ᠪᠠᠳᠤ ᠴᠤᠬᠴᠠᠯᠠᠬᠤ ᠵᠡᠷᠭᠡ ᠠᠵᠢᠯ᠎ᠳᠤ ᠠᠩᠬᠠᠷᠤᠯ᠎ᠢᠶᠠᠨ ᠲᠥᠪᠯᠡᠷᠡᠭᠦᠯᠵᠦ᠍᠂ ᠢᠳᠡᠪᠬᠢᠲᠡᠢ᠎ᠪᠡᠷ ᠠᠷᠭ᠎ᠠ ᠤᠬᠠᠭᠠᠨ ᠭᠠᠷᠭᠠᠵᠤ ᠵᠠᠰᠠᠭ᠎ᠲᠤ ᠲᠤᠰᠠᠯᠠᠵᠤ᠂ ᠬᠠᠮᠲᠤ᠎ᠶ᠋ᠢᠨ ᠲᠠᠨᠢᠯᠲᠠ᠎ᠶ᠋ᠢ ᠥᠷᠭᠡᠨ᠎ᠢᠶᠡᠷ ᠨᠢᠭ᠍ᠲᠠᠷᠠᠭᠤᠯᠵᠤ᠂ ᠱᠢᠨ᠎ᠡ ᠴᠠᠭ ᠦᠶ᠎ᠡ᠎ᠶ᠋ᠢᠨ ᠤᠯᠤᠰ ᠲᠦᠷᠦ᠍᠎ᠶ᠋ᠢᠨ ᠵᠥᠪᠯᠡᠯᠭᠡᠨ᠎ᠦ ᠠᠵᠢᠯ ᠪᠣᠯᠤᠨ ᠤᠯᠠᠨ ᠨᠠᠮ᠎ᠤᠨ ᠬᠠᠮᠲᠤᠷᠠᠨ ᠠᠵᠢᠯᠯᠠᠬᠤ ᠦᠢᠯᠡᠰ᠎ᠦᠨ ᠱᠢᠨ᠎ᠡ ᠪᠠᠢᠳᠠᠯ᠎ᠢ ᠡᠭᠦᠳᠴᠦ᠍᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠳᠠ ᠵᠢᠨ ᠥᠪᠥᠷ ᠮᠣᠩᠭᠣᠯ᠎ᠤᠨ ᠱᠢᠨ᠎ᠡ ᠬᠠᠭᠤᠳᠠᠰᠤ᠎ᠶ᠋ᠢ ᠴᠢᠷᠮᠠᠢᠨ ᠪᠢᠴᠢᠭ᠌ᠯᠡᠬᠦ᠌᠎ᠳᠦ ᠤᠶᠤᠨ ᠤᠬᠠᠭᠠᠨ ᠪᠣᠯᠤᠨ ᠬᠦᠴᠦᠨ ᠴᠢᠳᠠᠯ᠎ᠢᠶᠠᠨ ᠡᠷᠭᠦᠬᠦ ᠬᠡᠷᠡᠭᠲᠡᠢ ᠭᠡᠵᠤ ᠢᠯᠡᠳᠭᠡᠵᠡᠭᠡᠪᠡ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠣᠷᠬᠢᠯ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面