2024-03-08 10:24:58
ᠸᠠᠩ ᠬ᠍ᠤ ᠨᠢᠩ ᠣᠷᠣᠯᠴᠠᠵᠠᠢ 14 ᠭᠡᠱᠢᠭᠦᠨ ᠶᠡᠬᠡ ᠬᠤᠷᠠᠯ ᠳᠡᠭᠡᠷ᠎ᠡ ᠦᠬᠡ ᠬᠡᠯᠡᠪᠡ
ᠪᠥᠬᠥ᠌ ᠤᠯᠤᠰ᠎ᠤᠨ ᠤᠯᠤᠰ ᠲᠥᠷᠥ᠎ᠶ᠋ᠢᠨ ᠵᠥᠪᠯᠡᠯᠭᠡᠨ᠎ᠦ ᠠᠷᠪᠠᠨ ᠳᠥᠷᠪᠡᠳᠦᠭᠡᠷ ᠬᠤᠭᠤᠴᠠᠭᠠᠨ᠎ᠤ ᠬᠣᠷᠢᠶ᠎ᠠ ᠵᠢᠨ ᠬᠣᠶᠠᠳᠤᠭᠠᠷ ᠬᠤᠷᠠᠯ 7 ᠤ᠋ ᠦᠳᠡ᠎ᠶ᠋ᠢᠨ ᠡᠮᠦᠨ᠎ᠡ ᠠᠷᠠᠳ᠎ᠤᠨ ᠶᠡᠬᠡ ᠬᠤᠷᠠᠯ᠎ᠤᠨ ᠲᠠᠩᠬᠢᠮ᠎ᠳᠤ ᠬᠣᠶᠠᠳᠤᠭᠠᠷ ᠪᠥᠬᠥᠳᠡ ᠬᠤᠷᠠᠯ ᠬᠢᠪᠠ᠃ ᠨᠠᠮ᠎ᠤᠨ ᠲᠥᠪ ᠬᠣᠷᠢᠶ᠎ᠠ ᠵᠢᠨ ᠤᠯᠤᠰ ᠲᠦᠷᠦ᠍᠎ᠶ᠋ᠢᠨ ᠲᠣᠪᠴᠢᠶ᠎ᠠ ᠵᠢᠨ ᠪᠠᠢᠩᠭᠤ᠎ᠶ᠋ᠢᠨ ᠭᠡᠱᠢᠭᠦᠨ᠂ ᠪᠦᠬᠦ᠌ ᠤᠯᠤᠰ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠦ ᠲᠡᠷᠢᠭᠦᠯᠡᠭ᠌ᠴᠢ ᠸᠠᠩ ᠬ᠍ᠤ ᠨᠢᠩ ᠬᠤᠷᠠᠯ᠎ᠳᠤ ᠣᠷᠣᠯᠴᠠᠪᠠ᠃ 14 ᠭᠡᠱᠢᠭᠦᠨ ᠶᠡᠬᠡ ᠬᠤᠷᠠᠯ ᠳᠡᠭᠡᠷ᠎ᠡ ᠦᠬᠡ ᠬᠡᠯᠡᠵᠡᠢ᠃
ᠨᠠᠮ᠎ᠤᠨ ᠲᠥᠪ ᠬᠣᠷᠢᠶ᠎ᠠ ᠵᠢᠨ ᠤᠯᠤᠰ ᠲᠦᠷᠦ᠍᠎ᠶ᠋ᠢᠨ ᠲᠣᠪᠴᠢᠶ᠎ᠠ ᠵᠢᠨ ᠭᠡᠱᠢᠭᠦᠨ᠂ ᠲᠦᠷᠦ᠍᠎ᠶ᠋ᠢᠨ ᠶᠠᠪᠤᠳᠠᠯ᠎ᠤᠨ ᠬᠣᠷᠢᠶ᠎ᠠ ᠵᠢᠨ ᠳᠡᠳ᠋ ᠶᠡᠷᠦᠩᠬᠡᠢ ᠰᠠᠢᠳ ᠵᠠᠩ ᠭᠦᠸᠧ ᠴᠢᠩ ᠵᠢᠴᠢ ᠨᠠᠮ᠎ᠤᠨ ᠲᠥᠪ ᠬᠣᠷᠢᠶ᠎ᠠ᠂ ᠲᠦᠷᠦ᠍᠎ᠶ᠋ᠢᠨ ᠶᠠᠪᠤᠳᠠᠯ᠎ᠤᠨ ᠬᠣᠷᠢᠶ᠎ᠠ ᠵᠢᠨ ᠬᠣᠯᠪᠣᠭ᠍ᠳᠠᠯ ᠪᠦᠬᠦᠢ ᠰᠠᠯᠠᠭ᠎ᠠ ᠮᠥᠴᠢᠷ᠎ᠦᠨ ᠬᠠᠷᠢᠭᠤᠴᠠᠯᠭᠠᠲᠠᠨ ᠨᠥᠬᠥᠳ ᠤᠷᠢᠯᠭ᠎ᠠ᠎ᠪᠠᠷ ᠬᠤᠷᠠᠯ᠎ᠳᠤ ᠣᠷᠣᠯᠴᠠᠵᠤ ᠦᠬᠡ ᠬᠡᠯᠡᠬᠦ᠎ᠶ᠋ᠢ ᠰᠣᠨᠣᠰᠴᠠᠢ᠃
ᠨᠢᠩ ᠵᠶ᠋ᠢ ᠵᠸ ᠭᠡᠱᠢᠭᠦᠨ ᠦᠭᠡ ᠬᠡᠯᠡᠬᠦ᠌᠎ᠳᠡᠭᠡᠨ᠂ ᠥᠩᠭᠡᠷᠡᠭ᠌ᠰᠡᠨ ᠨᠢᠭᠡ ᠵᠢᠯ᠎ᠳᠦ᠂ ᠮᠠᠨ᠎ᠤ ᠤᠯᠤᠰ᠎ᠤᠨ ᠠᠵᠤ ᠠᠬᠤᠢ ᠰᠡᠷᠭᠦᠨ ᠰᠠᠢᠵᠢᠷᠠᠵᠤ᠂ ᠴᠢᠨᠠᠷ ᠰᠠᠢᠲᠠᠢ ᠬᠥᠭ᠌ᠵᠢᠯᠲᠡ ᠯᠠᠪᠳᠠᠭᠤᠨ ᠪᠠᠲᠤᠲᠠᠢ ᠠᠬᠢᠪᠠ᠃ ᠬᠣᠷᠸ᠎ᠠ ᠡᠵᠡᠮᠰᠢᠯ ᠲᠣᠬᠢᠷᠠᠭᠤᠯᠭ᠎ᠠ ᠵᠢᠨ ᠡᠷᠴᠢᠮ᠎ᠢᠶᠡᠨ ᠴᠢᠩᠭᠠᠷᠠᠭᠤᠯᠵᠤ᠂ ᠨᠡᠮᠡᠭ᠌ᠳᠡᠯ᠎ᠢ ᠲᠣᠭ᠍ᠲᠠᠭᠤᠨ ᠪᠠᠢᠯᠭᠠᠬᠤ᠎ᠳᠤ ᠠᠱᠢᠭ᠍ᠲᠠᠶ ᠲᠥᠷᠥ᠎ᠶ᠋ᠢᠨ ᠪᠣᠳᠣᠯᠭ᠎ᠠ᠎ᠶ᠋ᠢ ᠢᠯᠡᠭᠦᠬᠡᠨ ᠨᠡᠢᠳᠡᠯᠡᠬᠦ; ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌ ᠪᠡᠷ ᠬᠥᠲᠥᠯᠥᠨ ᠳᠠᠭᠠᠭᠤᠯᠬᠤ᠎ᠶ᠋ᠢ ᠳᠣᠪᠣᠢᠯᠭᠠᠵᠤ᠂ ᠱᠢᠨ᠎ᠡ ᠴᠢᠨᠠᠷ ᠪᠦᠬᠦᠢ ᠦᠶ᠋ᠯᠡᠳᠪᠦᠷᠢᠯᠡᠯ᠎ᠦᠨ ᠬᠦᠴᠦᠨ᠎ᠢ ᠲᠦᠷᠭᠡᠳᠭᠡᠨ ᠪᠦᠷᠢᠯᠳᠦᠭᠦᠯᠬᠦ; ᠠᠷᠭ᠎ᠠ ᠪᠦᠬᠦᠨ᠎ᠢ ᠰᠦᠪᠡᠭ᠌ᠴᠢᠯᠡᠵᠥ ᠳᠣᠲᠣᠭᠠᠳᠤ ᠬᠡᠷᠡᠭ᠌ᠴᠡᠭᠡ᠎ᠶ᠋ᠢ ᠥᠷᠭᠡᠳᠭᠡᠵᠦ᠍᠂ ᠬᠣᠲᠠ ᠬᠥᠳᠡᠭᠡ ᠪᠠ ᠣᠷᠣᠨ ᠪᠦᠰᠡ᠎ᠶ᠋ᠢᠨ ᠬᠥᠭ᠌ᠵᠢᠯᠲᠡ᠎ᠶ᠋ᠢᠨ ᠣᠷᠣᠨ ᠵᠠᠶ᠎ᠶ᠋ᠢ ᠥᠷᠭᠡᠳᠭᠡᠬᠦ; ᠪᠦᠲᠦᠴᠡ᠎ᠶ᠋ᠢᠨ ᠴᠢᠨᠠᠷᠲᠠᠢ ᠥᠭᠡᠷᠡᠴᠢᠯᠡᠯᠲᠡ᠎ᠶ᠋ᠢ ᠠᠬᠢᠭᠤᠯᠵᠤ᠂ ᠥᠭᠡᠷᠡᠴᠢᠯᠡᠯᠲᠡ ᠨᠡᠭᠡᠭᠡᠯᠲᠡ᠎ᠶ᠋ᠢᠨ ᠬᠡᠯᠪᠡᠷᠢ᠎ᠶ᠋ᠢ ᠬᠤᠪᠢᠷᠠᠭᠤᠯᠤᠨ ᠬᠥᠭ᠌ᠵᠢᠭᠦᠯᠬᠦ᠌ ᠲᠠᠯ᠎ᠠ᠎ᠪᠠᠷ ᠢᠳᠡᠪᠬᠢᠲᠡᠢ ᠤᠷᠤᠭ᠍ᠰᠢᠯᠠᠨ ᠳᠠᠪᠰᠢᠬᠤ ᠵᠢ ᠰᠠᠨᠠᠭᠤᠯᠵᠤ ᠪᠠᠢᠨ᠎ᠠ ᠬᠡᠪᠡ᠃
ᠴᠧᠨ ᠴᠢᠶᠦ᠋ᠨ ᠭᠡᠱᠢᠭᠦᠨ ᠳᠤᠮᠳᠠᠳᠤ ᠤᠯᠤᠰ᠎ᠤᠨ ᠠᠷᠠᠳᠴᠢᠯᠠᠭ᠍ᠰᠠᠨ ᠬᠣᠯᠪᠣᠭ᠎ᠠ᠎ᠶ᠋ᠢᠨ ᠲᠥᠪ ᠬᠣᠷᠢᠶ᠎ᠠ᠎ᠶ᠋ᠢ ᠲᠥᠯᠥᠭᠡᠯᠡᠨ ᠦᠭᠡ ᠬᠡᠯᠡᠬᠦ᠌᠎ᠳᠡᠭᠡᠨ᠂ ᠮᠠᠨ᠎ᠤ ᠤᠯᠤᠰ ᠰᠠᠭᠤᠷᠢ ᠰᠤᠳᠤᠯᠭᠠᠨ᠎ᠤ ᠬᠦᠷᠢᠶᠡᠨ᠎ᠳᠦ ᠲᠦᠷᠭᠡᠨ ᠬᠥᠭ᠌ᠵᠢᠯᠲᠡ ᠣᠯᠪᠠ᠂ ᠰᠠᠭᠤᠷᠢ ᠰᠤᠳᠤᠯᠭᠠᠨ᠎ᠤ ᠲᠦᠪᠱᠢᠨ᠎ᠦ ᠳᠡᠭᠡᠭ᠌ᠰᠢᠯᠡᠯᠲᠡ᠎ᠶ᠋ᠢ ᠴᠢᠨᠠᠭ᠍ᠰᠢᠳᠠ ᠠᠬᠢᠭᠤᠯᠬᠤ ᠳ᠋ᠤ ᠰᠠᠭᠤᠷᠢ ᠰᠤᠳᠤᠯᠭᠠᠨ᠎ᠤ ᠵᠢᠮ᠎ᠡ ᠶᠣᠰᠣᠨ᠎ᠳᠤ ᠨᠡᠢᠴᠡᠬᠦ᠌ ᠪᠣᠳᠠᠲᠠᠢ ᠠᠷᠭ᠎ᠠ ᠬᠡᠮᠵᠢᠶ᠎ᠡ᠎ᠶ᠋ᠢ ᠲᠣᠭ᠍ᠲᠠᠭᠠᠵᠤ᠂ ᠰᠠᠭᠤᠷᠢ ᠰᠤᠳᠤᠯᠭᠠᠨ᠎ᠳᠤ 《ᠬᠤᠷᠴᠠ ᠰᠠᠯᠠᠮ᠎ᠠ ᠵᠢ ᠪᠢᠯᠡᠭᠦᠳᠡᠬᠦᠢ ᠳ᠋ᠤᠷ ᠠᠷᠪᠠᠨ ᠵᠢᠯ ᠬᠡᠷᠡᠭᠰᠡᠪᠡᠴᠤ》 ᠪᠤᠯᠬᠤ ᠲᠦᠷᠢᠮ᠎ᠦᠨ ᠣᠷᠴᠢᠨ ᠲᠣᠭᠣᠷᠢᠨ᠎ᠢ ᠪᠤᠢ ᠪᠣᠯᠭᠠᠬᠤ ᠴᠢᠬᠤᠯᠠᠲᠠᠢ᠃ ᠴᠢᠯᠥᠭᠡᠲᠡᠢ᠎ᠪᠡᠷ ᠰᠦᠪᠡᠭ᠌ᠴᠢᠯᠡᠬᠦ᠌ ᠬᠡᠯᠪᠡᠷᠢ᠎ᠶ᠋ᠢᠨ ᠰᠠᠭᠤᠷᠢ ᠰᠤᠳᠤᠯᠭᠠᠨ᠎ᠳᠤ ᠭᠦᠢᠴᠡᠳ ᠣᠷᠣᠨ ᠵᠠᠢ ᠦᠯᠡᠳᠡᠭᠡᠵᠦ᠍ ᠦᠭᠬᠦᠨ᠂ ᠱᠢᠨᠵᠢᠯᠡᠬᠦ᠌ ᠤᠬᠠᠭᠠᠨ᠎ᠤ ᠰᠤᠳᠤᠯᠭᠠᠲᠠᠳ᠎ᠤᠨ ᠦᠨᠡᠨ ᠬᠦ᠌ ᠦᠨ᠎ᠡ ᠦᠷᠳᠡᠭ ᠲᠡᠶ ᠱᠢᠨᠵᠢᠯᠡᠬᠦ᠌ ᠤᠬᠠᠭᠠᠨ᠎ᠤ ᠠᠰᠠᠭᠤᠳᠠᠯ ᠪᠤᠶᠤ ᠮᠡᠷᠭᠡᠵᠢᠯ᠎ᠦᠨ ᠬᠦᠴᠢᠷ ᠠᠰᠠᠭᠤᠳᠠᠯ᠎ᠢ ᠡᠷᠢᠵᠥ ᠤᠯᠬᠤ ᠵᠢ ᠵᠤᠷᠢᠭᠵᠢᠭᠤᠯᠤᠨ ᠳᠡᠮᠵᠢᠵᠦ᠂ ᠬᠦᠨᠵᠡᠬᠡᠢ ᠨᠠᠷᠢᠯᠢᠭ ᠬᠢᠵᠥ᠂ ᠤᠷᠳᠤ ᠬᠤᠭᠤᠴᠠᠭ᠎ᠠ ᠪᠡᠷ ᠪᠠᠷᠢᠮᠳᠠᠯᠠᠵᠥ᠂ ᠱᠢᠨᠵᠢᠯᠡᠬᠦ᠌ ᠤᠬᠠᠭᠠᠨᠲᠠᠳ᠎ᠤᠨ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌ ᠬᠦᠨᠳᠦ ᠡᠭᠦᠷᠭᠡ᠎ᠶ᠋ᠢ ᠡᠭᠦᠷᠭᠡᠯᠡᠬᠦ᠌᠎ᠶ᠋ᠢ ᠵᠣᠷᠢᠭ᠍ᠵᠢᠭᠤᠯᠪᠠᠯ ᠵᠤᠬᠢᠨ᠎ᠠ ᠬᠡᠪᠡ᠃
ᠢ ᠭᠠᠩ ᠭᠡᠱᠢᠭᠦᠨ ᠦᠭᠡ ᠬᠡᠯᠡᠬᠦ᠌᠎ᠳᠡᠭᠡᠨ᠂ ᠮᠥᠩᠭᠥᠨ ᠭᠦᠶ᠋ᠯᠭᠡᠭᠡᠨ᠎ᠦ ᠴᠢᠨᠠᠷ ᠰᠠᠢᠲᠠᠶ ᠬᠥᠭ᠌ᠵᠢᠯᠲᠡ᠎ᠶ᠋ᠢ ᠠᠬᠢᠭᠤᠯᠵᠥ᠂ ᠮᠥᠩᠭᠥᠨ ᠭᠦᠶ᠋ᠯᠭᠡᠭᠡᠨ᠎ᠦ ᠲᠥᠷᠥ᠎ᠶ᠋ᠢᠨ ᠪᠣᠳᠣᠯᠭ᠎ᠠ ᠬᠢᠭᠡᠳ ᠡᠳ᠋᠎ᠦᠨ ᠵᠠᠰᠠᠭ ᠵᠡᠷᠭᠡ ᠲᠥᠷᠥ᠎ᠶ᠋ᠢᠨ ᠪᠣᠳᠣᠯᠭ᠎ᠠ᠎ᠶ᠋ᠢᠨ ᠵᠣᠬᠢᠴᠠᠭᠤᠯᠭ᠎ᠠ ᠬᠠᠮᠵᠢᠯᠴᠠᠭ᠎ᠠ᠎ᠶ᠋ᠢ ᠴᠢᠩᠭᠠᠳᠭᠠᠬᠤ᠎ᠶ᠋ᠢᠨ ᠬᠠᠮᠲᠤ ᠠᠵᠤ ᠠᠬᠤᠶ᠎ᠶ᠋ᠢᠨ ᠡᠷᠬᠢᠯᠳᠡ ᠵᠢᠨ ᠬᠡᠰᠡᠭ ᠵᠠᠩᠭᠢᠯᠠᠭ᠎ᠠ᠎ᠶ᠋ᠢᠨ ᠭᠣᠭ᠍ᠴᠣᠭ᠎ᠠ᠎ᠳᠤ ᠬᠠᠨᠳᠤᠯᠭᠠᠳᠤ ᠴᠢᠨᠠᠷᠲᠠᠶ ᠠᠷᠭ᠎ᠠ ᠬᠡᠮᠵᠢᠶ᠎ᠡ ᠠᠪᠬᠤ ᠬᠡᠷᠡᠭ᠌ᠲᠡᠶ᠃ ᠡᠳ᠋᠎ᠦᠨ ᠵᠠᠰᠠᠭ᠎ᠤᠨ ᠲᠦᠷᠦ᠍᠎ᠶ᠋ᠢᠨ ᠪᠤᠳᠤᠯᠭ᠎ᠠ᠎ᠶ᠋ᠢᠨ ᠣᠷᠣᠨ ᠵᠠᠢ᠎ᠶ᠋ᠢ ᠰᠠᠢᠲᠤᠷ ᠬᠡᠷᠡᠭ᠌ᠯᠡᠵᠦ᠍᠂ ᠤᠯᠠᠨ ᠵᠦᠢᠯ᠎ᠦᠨ ᠵᠣᠭᠣᠰᠣᠨ᠎ᠤ ᠲᠦᠷᠦ᠍᠎ᠶ᠋ᠢᠨ ᠪᠤᠳᠤᠯᠭ᠎ᠠ᠎ᠶ᠋ᠢᠨ ᠪᠠᠭᠠᠵᠢ᠎ᠶ᠋ᠢ ᠶᠡᠷᠦᠩᠬᠡᠢᠯᠡᠨ ᠬᠡᠷᠡᠭ᠌ᠯᠡᠵᠦ᠍᠂ ᠨᠡᠢᠭᠡᠮ᠎ᠦᠨ ᠬᠦᠷᠦᠨᠭ᠌ᠭᠡ᠎ᠶ᠋ᠢᠨ ᠪᠡᠯᠡ ᠣᠷᠣᠭᠤᠯᠤᠯᠲᠠ ᠪᠠ ᠪᠡᠯᠡ ᠬᠤᠷᠠᠮᠳᠤᠭᠤᠯᠭ᠎ᠠ᠎ᠶ᠋ᠢ ᠨᠡᠮᠡᠭ᠌ᠳᠡᠭᠦᠯᠬᠦ᠌᠎ᠶ᠋ᠢ ᠨᠡᠩ ᠴᠢᠬᠤᠯᠠ ᠪᠠᠢᠷᠢᠨ᠎ᠳᠤ ᠲᠠᠯᠪᠢᠵᠤ᠂ ᠮᠥᠩᠭᠥᠨ ᠭᠦᠢᠯᠭᠡᠭᠡᠨ᠎ᠦ ᠥᠨᠳᠥᠷ ᠲᠦᠪᠱᠢᠨ ᠪᠦᠬᠦᠢ ᠨᠡᠭᠡᠭᠡᠯᠲᠡ᠎ᠶ᠋ᠢ ᠬᠦᠴᠦᠯᠡᠨ ᠠᠬᠢᠭᠤᠯᠵᠤ᠂ ᠤᠯᠤᠰ᠎ᠤᠨ ᠮᠥᠩᠭᠥᠨ ᠭᠦᠢᠯᠭᠡᠭᠡᠨ ᠪᠠ ᠠᠵᠤ ᠠᠬᠤᠢ᠎ᠶ᠋ᠢᠨ ᠠᠮᠤᠷ ᠲᠦᠪᠱᠢᠨ᠎ᠢ ᠦᠨᠡᠨ ᠬᠦ᠌ ᠪᠠᠲᠤᠯᠠᠬᠤ᠎ᠶ᠋ᠢ ᠰᠠᠨᠠᠭᠤᠯᠵᠤ ᠪᠠᠢᠨ᠎ᠠ ᠬᠡᠪᠡ᠃
ᠰᠧ ᠮᠠ ᠬᠣᠩ ᠭᠡᠱᠢᠭᠦᠨ ᠳᠤᠮᠳᠠᠳᠤ ᠤᠯᠤᠰ᠎ᠤᠨ ᠠᠷᠠᠳᠴᠢᠯᠠᠯ᠎ᠢᠶᠠᠷ ᠤᠯᠤᠰ᠎ᠢᠶᠠᠨ ᠪᠠᠢᠭᠤᠯᠬᠤ ᠬᠤᠷᠠᠯ᠎ᠤᠨ ᠲᠥᠪ ᠬᠣᠷᠢᠶ᠎ᠠ᠎ᠶ᠋ᠢ ᠲᠥᠯᠥᠭᠡᠯᠡᠨ ᠦᠭᠡ ᠬᠡᠯᠡᠬᠦ᠌᠎ᠳᠡᠭᠡᠨ᠂ ᠴᠢᠨᠠᠷ ᠰᠠᠢᠲᠠᠢ ᠬᠥᠭ᠌ᠵᠢᠯᠲᠡ ᠨᠢ ᠣᠳᠣᠬᠢᠴᠢᠯᠠᠭ᠍ᠰᠠᠨ ᠠᠵᠤ ᠦᠢᠯᠡᠰ᠎ᠦᠨ ᠱᠢᠰᠲᠸᠮ᠎ᠢᠶᠡᠷ ᠲᠤᠯᠭᠠᠭᠤᠷᠢᠯᠠᠭᠤᠯᠬᠤ ᠬᠡᠷᠡᠭ᠌ᠲᠡᠢ᠃ ᠠᠵᠤ ᠦᠢᠯᠡᠰ᠎ᠦᠨ ᠣᠷᠣᠨ ᠵᠠᠢ᠎ᠶ᠋ᠢᠨ ᠪᠠᠢᠷᠢᠱᠢᠭᠤᠯᠤᠯᠲᠠ᠎ᠶ᠋ᠢ ᠱᠢᠯᠢᠳᠡᠭ᠌ᠵᠢᠭᠦᠯᠵᠦ᠍᠂ ᠠᠵᠤ ᠦᠢᠯᠡᠰ᠎ᠦᠨ ᠠᠭᠤᠰᠤᠯᠴᠠᠯ᠂ ᠪᠦᠯᠦᠭ᠌ᠵᠢᠯ᠎ᠦᠨ ᠬᠥᠭ᠌ᠵᠢᠯᠲᠡ᠎ᠶ᠋ᠢ ᠠᠬᠢᠭᠤᠯᠵᠤ᠂ ᠪᠠᠢᠯᠳᠤᠬᠤ ᠪᠤᠳᠤᠯᠭ᠎ᠠ᠎ᠶ᠋ᠢᠨ ᠴᠢᠨᠠᠷᠲᠠᠢ ᠱᠢᠨ᠎ᠡ᠎ᠪᠡᠷ ᠮᠠᠨᠳᠤᠭ᠍ᠰᠠᠨ ᠠᠵᠤ ᠦᠢᠯᠡᠰ᠎ᠦᠨ ᠬᠥᠭ᠌ᠵᠢᠯᠲᠡ᠎ᠪᠡᠷ ᠣᠳᠣᠬᠢᠴᠢᠯᠠᠭ᠍ᠰᠠᠨ ᠠᠵᠤ ᠦᠢᠯᠡᠰ᠎ᠦᠨ ᠱᠢᠰᠲᠸᠮ᠎ᠤᠨ ᠪᠠᠢᠭᠤᠯᠤᠯᠲᠠ᠎ᠶ᠋ᠢ ᠲᠠᠢ᠌ᠴᠢᠯᠠᠵᠤ᠂ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌᠎ᠪᠡᠷ ᠬᠦᠳᠤᠯᠤᠨ ᠳᠠᠭᠠᠭᠤᠯᠤᠭ᠍ᠰᠠᠨ᠂ ᠲᠡᠷᠢᠭᠦᠨ᠎ᠦ ᠦᠢᠯᠡᠳᠬᠦ᠌ ᠦᠢᠯᠡᠰ᠎ᠢᠶᠡᠷ ᠭᠣᠣᠯᠯᠠᠭ᠍ᠴᠢ ᠪᠣᠯᠭᠠᠭ᠍ᠰᠠᠨ ᠣᠳᠣᠬᠢᠴᠢᠯᠠᠭ᠍ᠰᠠᠨ ᠠᠵᠤ ᠦᠢᠯᠡᠰ᠎ᠦᠨ ᠱᠢᠰᠲᠸᠮ᠎ᠢ ᠪᠠᠢᠭᠤᠯᠤᠨ ᠪᠦᠷᠢᠯᠳᠦᠭᠦᠯᠬᠦ᠌᠎ᠶ᠋ᠢ ᠰᠠᠨᠠᠭᠤᠯᠵᠤ ᠪᠠᠢᠨ᠎ᠠ ᠬᠡᠪᠡ᠃
ᠴᠧ ᠵᠢᠶᠦ᠋ᠨ ᠭᠡᠱᠢᠭᠦᠨ ᠦᠭᠡ ᠬᠡᠯᠡᠬᠦ᠌᠎ᠳᠡᠭᠡᠨ᠂ ᠬᠥᠬᠡᠮᠥ᠋ᠷᠡᠨ᠎ᠦ ᠭᠤᠷᠪᠠᠯᠵᠢᠨ ᠬᠣᠢᠭ᠎ᠤᠨ ᠨᠢᠭᠡ ᠴᠤᠭ᠍ᠴᠠᠵᠢᠭ᠍ᠰᠠᠨ ᠬᠥᠭ᠌ᠵᠢᠯᠲᠡ᠎ᠶ᠋ᠢ ᠠᠬᠢᠭᠤᠯᠬᠤ ᠪᠣᠯ ᠨᠢᠭᠡᠨ ᠲᠤᠮᠤ ᠶᠠᠪᠤᠳᠠᠯ ᠪᠣᠯᠤᠨ᠎ᠠ᠃ ᠨᠢᠭᠡ ᠴᠤᠭ᠍ᠴᠠᠵᠢᠭᠤᠯᠬᠤ ᠪᠠ ᠴᠢᠨᠠᠷ ᠰᠠᠢᠲᠠᠶ ᠪᠠᠢᠬᠤ᠎ᠶ᠋ᠢ ᠴᠢᠩᠭ᠎ᠠ ᠡᠵᠡᠮᠳᠡᠨ᠂ ᠣᠷᠣᠨ ᠪᠦᠰᠡ᠎ᠶ᠋ᠢᠨ ᠪᠠᠢᠯᠳᠤᠬᠤ ᠪᠣᠳᠣᠯᠭ᠎ᠠ᠎ᠶ᠋ᠢᠨ ᠵᠣᠯᠭᠠᠯᠴᠠᠭ᠎ᠠ᠎ᠶ᠋ᠢ ᠴᠢᠩᠭᠠᠳᠭᠠᠵᠤ᠂ ᠪᠠᠢᠯᠳᠤᠬᠤ ᠪᠣᠳᠣᠯᠭ᠎ᠠ᠎ᠶ᠋ᠢᠨ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠬᠦᠴᠦᠨ᠎ᠢ ᠨᠢᠭᠡᠳᠦᠯᠲᠡᠶ ᠲᠥᠯᠥᠪᠵᠢᠬᠦᠯᠤᠨ ᠪᠠᠢᠷᠢᠯᠠᠭᠤᠯᠵᠤ᠂ 《ᠪᠤᠭᠤᠮᠢ ᠪᠤᠯᠵᠤ ᠪᠠᠢᠭ᠎ᠠ》 ᠵᠠᠩᠭᠢᠯᠠᠭ᠎ᠠ᠎ᠶ᠋ᠢᠨ ᠭᠣᠸ᠋ᠯᠯᠠᠬᠤ ᠮᠡᠷᠭᠡᠵᠢᠯ᠎ᠦᠨ ᠲᠣᠭᠣᠷᠢᠨ᠎ᠳᠤ ᠬᠠᠮᠲᠤᠷᠠᠨ ᠬᠦᠴᠢᠷ ᠠᠰᠠᠭᠤᠳᠠᠯ ᠢ᠋ ᠱᠢᠶ᠋ᠳᠪᠦᠷᠢᠯᠡᠬᠦ᠌᠎ᠶ᠋ᠢ ᠵᠣᠬᠢᠶᠠᠨ ᠪᠠᠢᠭᠤᠯᠵᠤ᠂ ᠳᠠᠪᠠᠭᠤᠯᠢᠭ ᠦᠶ᠋ᠯᠡᠳᠪᠦᠷᠢᠯᠡᠯ᠎ᠤᠨ ᠴᠢᠳᠠᠪᠤᠷᠢ᠂ ᠴᠢᠨᠠᠷ ᠰᠠᠢᠲᠠᠶ ᠲᠣᠨᠣᠭ᠍ᠯᠠᠯ᠂ ᠬᠡᠷᠡᠭ᠌ᠯᠡᠭᠡᠨ᠎ᠦ ᠮᠡᠷᠭᠡᠵᠢᠯ ᠪᠠ ᠪᠠᠷᠢᠮᠵᠢᠶ᠎ᠠ ᠵᠢᠨ 《ᠭᠠᠷᠴᠤ ᠶᠠᠪᠤᠬᠤ》 ᠵᠢ ᠠᠬᠢᠭᠤᠯᠵᠤ᠂ ᠨᠢᠭᠡ ᠴᠤᠭ᠍ᠴᠠᠵᠢᠭᠤᠯᠤᠭ᠍ᠰᠠᠨ ᠵᠢᠱ᠌ᠢᠶ᠎ᠡ ᠦᠵᠡᠭᠦᠯᠬᠦ᠌ ᠣᠷᠣᠨ᠎ᠤ ᠪᠥᠲᠥᠭᠡᠨ ᠪᠠᠢᠭᠤᠯᠤᠯᠲᠠ᠎ᠶ᠋ᠢ ᠭᠦᠨᠵᠡᠭᠡᠢᠷᠡᠭᠦᠯᠦᠨ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠶ᠋ᠢ ᠠᠬᠢᠭᠤᠯᠬᠤ᠎ᠳᠤ ᠬᠤᠪᠢ ᠨᠡᠮᠡᠷᠢ ᠦᠵᠡᠭᠦᠯᠬᠦ᠌᠎ᠶ᠋ᠢ ᠰᠠᠨᠠᠭᠤᠯᠵᠤ ᠪᠠᠢᠨ᠎ᠠ ᠬᠡᠪᠡ᠃
ᠸᠠᠩ ᠯᠦ᠍ ᠭᠡᠱᠢᠭᠦᠨ ᠲᠤᠮᠳᠠᠳᠤ ᠤᠯᠤᠰ ᠤ᠋ᠨ ᠲᠠᠷᠢᠶᠠᠴᠢᠨ ᠠᠵᠢᠯᠴᠢᠨ᠎ᠤ ᠠᠷᠠᠳᠴᠢᠯᠠᠭ᠍ᠰᠠᠨ ᠨᠠᠮ᠎ᠤᠨ ᠲᠥᠪ ᠬᠣᠷᠢᠶ᠎ᠠ᠎ᠶ᠋ᠢ ᠲᠥᠯᠥᠭᠡᠯᠡᠨ ᠦᠭᠡ ᠬᠡᠯᠡᠬᠦ᠌᠎ᠳᠡᠭᠡᠨ᠂ ᠱᠢᠨ᠎ᠡ ᠮᠠᠲᠧᠷᠢᠶᠠᠯ᠎ᠤᠨ ᠠᠵᠤ ᠦᠢᠯᠡᠰ᠎ᠢ ᠢᠳᠡᠪᠬᠢᠲᠡᠢ ᠪᠣᠢᠵᠢᠭᠤᠯᠤᠨ ᠬᠥᠭ᠌ᠵᠢᠭᠦᠯᠬᠦ᠌ ᠬᠡᠷᠡᠭ᠌ᠲᠡᠢ᠃ ᠱᠢᠨ᠎ᠡ ᠮᠠᠲ᠋ᠧᠷᠢᠶᠠᠯ᠎ᠤᠨ ᠭᠣᠣᠯ ᠲᠥᠷᠥᠯ ᠵᠦᠢᠯ ᠪᠠ ᠭᠣᠣᠯᠳᠠᠯᠭ᠎ᠠ ᠲᠠᠶ ᠠᠵᠤ ᠦᠢᠯᠡᠰ᠎ᠦᠨ ᠲᠥᠪᠯᠡᠷᠡᠭ᠌ᠰᠡᠨ ᠣᠷᠣᠨ᠎ᠢ ᠬᠠᠮᠤᠷᠤᠭ᠍ᠰᠠᠨ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌ ᠪᠠᠢᠷᠢᠱᠢᠯ᠎ᠢ ᠲᠦᠷᠭᠡᠳᠬᠡᠨ ᠪᠠᠢᠭᠤᠯᠵᠤ᠂ ᠲᠠᠭᠠᠭᠤᠯᠤᠬᠴᠢ ᠠᠵᠤ ᠠᠬᠤᠢᠯᠠᠯ᠂ ᠲᠣᠯᠣᠭᠠᠢᠯᠠᠬᠴᠢ ᠠᠵᠤ ᠠᠬᠤᠢᠯᠠᠯ᠎ᠢᠶᠠᠷ ᠭᠣᠸ᠋ᠯᠯᠠᠭᠤᠯᠤᠭ᠍ᠰᠠᠨ ᠠᠵᠤ ᠦᠢᠯᠡᠰ ᠵᠢᠭᠠᠨ ᠰᠤᠷᠭᠠᠯᠳᠠ ᠱᠢᠨᠵᠢᠯᠡᠬᠦ᠌ ᠤᠬᠠᠭᠠᠨ᠎ᠤ ᠰᠤᠳᠤᠯᠭᠠᠨ᠎ᠤ ᠪᠠᠢᠭᠤᠯᠤᠮᠵᠢ ᠦᠢᠯᠡᠳᠦᠯᠬᠡ ᠵᠢᠨ ᠬᠡᠷᠡᠭ᠌ᠯᠡᠯᠲᠡ ᠵᠡᠷᠭᠡ ᠥᠨᠳᠥᠷ ᠪᠦᠲᠦᠮᠵᠢᠲᠡᠶ ᠪᠡᠷ ᠬᠠᠮᠵᠢᠯᠴᠠᠭ᠍ᠰᠠᠨ᠂ ᠡᠬᠢᠨ᠎ᠤ ᠪᠠ ᠡᠴᠦᠰ᠎ᠤᠨ ᠬᠡᠯᠬᠢᠶ᠎ᠠ ᠵᠢᠨ ᠨᠢᠭ᠍ᠲᠠ ᠬᠠᠮᠲᠤᠷᠠᠯᠴᠠᠭ᠍ᠰᠠᠨ ᠠᠵᠤ ᠦᠶ᠋ᠯᠡᠰ᠎ᠦᠨ ᠪᠦᠯᠦᠭᠵᠢᠯ ᠢ᠋ ᠪᠠᠢᠭᠤᠯᠵᠤ᠂ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠂ ᠮᠥᠩᠭᠥᠨ ᠭᠦᠶ᠋ᠯᠭᠡᠭᠡᠨ᠂ ᠠᠵᠤ ᠦᠶ᠋ᠯᠡᠰ ᠵᠡᠷᠭᠡ ᠲᠥᠷᠥ᠎ᠶ᠋ᠢᠨ ᠪᠣᠳᠣᠯᠭ᠎ᠠ᠎ᠶ᠋ᠢᠨ ᠳᠡᠮᠵᠢᠯᠭᠡ ᠪᠠ ᠴᠢᠳᠠᠪᠤᠷᠢᠲᠠᠨ᠂ ᠡᠬᠢ ᠪᠠᠶᠠᠯᠢᠭ᠂ ᠳ᠋ᠠᠢᠲ᠋ᠠ ᠵᠡᠷᠭᠡ ᠬᠦᠴᠦᠨ ᠵᠦᠶ᠋ᠯ᠎ᠦᠨ ᠪᠠᠲᠤᠯᠠᠭ᠎ᠠ᠎ᠶ᠋ᠢ ᠱᠢᠨ᠎ᠡ ᠮᠠᠲ᠋ᠧᠷᠢᠶᠠᠯ᠎ᠤᠨ ᠬᠥᠭ᠌ᠵᠢᠯᠲᠡ᠎ᠶ᠋ᠢᠨ ᠬᠦᠷᠢᠶ᠎ᠡ ᠴᠠᠷᠠᠭ᠎ᠠ᠎ᠳᠤ ᠨᠠᠩ ᠢᠯᠡᠭᠦᠸ᠋ ᠲᠥᠪᠯᠡᠷᠡᠭᠦᠯᠬᠦ ᠵᠢ ᠰᠠᠨᠠᠭᠤᠯᠵᠤ ᠪᠠᠢᠨ᠎ᠠ ᠭᠡᠪᠡ᠃
ᠺᠦᠩ ᠴᠠᠩ ᠱᠧᠩ ᠭᠡᠱᠢᠭᠦᠨ ᠦᠭᠡ ᠬᠡᠯᠡᠬᠦ᠎ᠳᠡᠭᠡᠨ᠂ ᠬᠥᠳᠡᠭᠡ ᠠᠵᠤ ᠠᠬᠤᠢ᠎ᠶ᠋ᠢᠨ ᠣᠳᠣᠬᠢᠴᠢᠯᠠᠯᠲᠠ᠎ᠶ᠋ᠢᠨ ᠠᠬᠢᠴᠠ ᠨᠢ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠶ᠋ᠢᠨ ᠬᠠᠷᠠᠯᠲᠠ ᠠᠬᠢᠴᠠ ᠪᠣᠯᠤᠨ ᠶᠠᠰᠤ ᠴᠢᠨᠠᠷ᠎ᠤᠨ ᠰᠠᠢᠨ ᠮᠠᠭᠤᠲᠠᠶ ᠱᠢᠭᠤᠳ ᠬᠣᠯᠪᠣᠭ᠍ᠳᠠᠨ᠎ᠠ᠃ ᠬᠣᠱᠢᠭᠤᠷᠠᠯ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠢᠶᠡᠷ ᠲᠠᠷᠢᠶᠠᠯᠠᠩ᠎ᠤᠨ ᠣᠳᠣᠬᠢᠴᠢᠯᠠᠯᠲᠠ᠎ᠶ᠋ᠢ ᠲᠤᠯᠭᠠᠭᠤᠷᠢᠯᠠᠵᠤ᠂ ᠲᠠᠷᠢᠶᠠᠯᠠᠩ᠎ᠤᠨ ᠦᠶ᠋ᠯᠡᠳᠪᠦᠷᠢᠯᠡᠯ᠎ᠦᠨ ᠬᠡᠷᠡᠭ᠌ᠰᠡᠯ ᠲᠠᠷᠢᠶᠠᠯᠠᠩ᠎ᠤᠨ ᠮᠠᠱᠢᠨ᠂ ᠲᠠᠷᠢᠶᠠᠯᠠᠩ᠎ᠤᠨ ᠦᠶ᠋ᠯᠡᠳᠪᠦᠷᠢᠯᠡᠯ᠂ ᠲᠠᠷᠢᠶᠠᠯᠠᠩ᠎ᠤᠨ ᠪᠦᠲᠦᠭᠡᠭ᠌ᠳᠡᠬᠦᠨ᠎ᠢ ᠪᠣᠯᠪᠠᠰᠤᠷᠠᠭᠤᠯᠬᠤ ᠵᠡᠷᠭᠡ ᠭᠣᠭ᠍ᠴᠣᠭ᠎ᠠ᠎ᠶ᠋ᠢᠨ 《ᠬᠡᠯᠬᠢᠶ᠎ᠡ ᠮᠠᠶᠢᠭ᠎ᠤᠨ ᠠᠭᠤᠰᠤᠯᠴᠠᠯ》᠎ᠢ᠋ᠢᠡᠷ ᠲᠠᠷᠢᠶᠠᠯᠠᠩ᠎ᠤᠨ ᠠᠵᠤ ᠦᠢᠯᠡᠰᠵᠢᠯᠲᠡ᠎ᠶ᠋ᠢ ᠠᠬᠢᠭᠤᠯᠵᠤ᠂ ᠵᠣᠬᠢᠬᠤ ᠬᠡᠪᠴᠢᠶᠡᠲᠦ ᠡᠵᠡᠩᠨᠡᠯᠲᠡ᠎ᠪᠡᠷ ᠲᠠᠷᠢᠶᠠᠯᠠᠩ᠎ᠤᠨ ᠦᠶ᠋ᠯᠡᠳᠪᠦᠷᠢᠯᠡᠯ᠎ᠦᠨ ᠠᠷᠭ᠎ᠠ ᠬᠡᠯᠪᠡᠷᠢ᠎ᠶ᠋ᠢᠨ ᠬᠤᠪᠢᠰᠤᠯᠲᠠ᠎ᠶ᠋ᠢ ᠠᠬᠢᠭᠤᠯᠵᠤ᠂ ᠱᠢᠨ᠎ᠡ ᠬᠡᠯᠪᠡᠷᠢ᠎ᠶ᠋ᠢᠨ ᠲᠠᠷᠢᠶᠠᠯᠠᠩ᠎ᠤᠨ ᠬᠥᠷᠥᠩᠭᠡ᠎ᠶ᠋ᠢ ᠪᠣᠢᠵᠢᠭᠤᠯᠬᠤ ᠪᠠᠷ ᠲᠠᠷᠢᠶᠠᠯᠠᠩ᠎ᠤᠨ ᠬᠥᠭ᠌ᠵᠢᠯᠲᠡ᠎ᠶ᠋ᠢᠨ ᠳᠣᠲᠣᠭᠠᠳᠤ ᠬᠥᠳᠡᠯᠭᠡᠬᠦ᠌ ᠬᠦᠴᠦᠨ᠎ᠢ ᠴᠢᠩᠭᠠᠷᠠᠭᠤᠯᠵᠤ᠂ ᠲᠠᠷᠢᠶᠠᠯᠠᠩ᠎ᠢ ᠣᠳᠣᠬᠢᠴᠢᠯᠠᠭ᠍ᠰᠠᠨ ᠲᠣᠮᠣ ᠠᠵᠤ ᠦᠶ᠋ᠯᠡᠰ ᠪᠣᠯᠭᠠᠨ ᠪᠥᠲᠥᠭᠡᠨ ᠪᠠᠢᠭᠤᠯᠬᠤ᠎ᠶ᠋ᠢ ᠰᠠᠨᠠᠭᠤᠯᠵᠤ ᠪᠠᠢᠨ᠎ᠠ ᠭᠡᠪᠡ᠃
ᠱᠢᠤᠢ ᠱᠢᠶᠤᠤ ᠯᠠᠨ ᠭᠡᠱᠢᠭᠦᠨ ᡁᠢᠭᠦ᠋ᠩᠳᠠᠩ ᠨᠠᠮ᠎ᠤᠨ ᠲᠥᠪ ᠬᠣᠷᠢᠶ᠎ᠠ᠎ᠶ᠋ᠢ ᠲᠥᠯᠥᠭᠡᠯᠡᠨ ᠦᠭᠡ ᠬᠡᠯᠡᠬᠦ᠌᠎ᠳᠡᠭᠡᠨ᠂ ᠲᠣᠭᠠᠴᠢᠯᠠᠭ᠍ᠰᠠᠨ ᠮᠡᠷᠭᠡᠵᠢᠯ᠎ᠢᠶᠡᠷ ᠭᠣᠣᠯ ᠬᠥᠳᠡᠯᠭᠡᠬᠦ᠌ ᠬᠦᠴᠦᠨ ᠪᠣᠯᠭᠠᠵᠤ᠂ ᠱᠢᠨ᠎ᠡ᠎ᠪᠡᠷ ᠮᠠᠨᠳᠤᠭ᠍ᠰᠠᠨ ᠮᠡᠷᠭᠡᠵᠢᠯ᠎ᠢᠶᠡᠷ ᠪᠡᠶᠡᠯᠡᠭᠦᠯᠬᠦ᠌ ᠠᠷᠭ᠎ᠠ ᠪᠠᠷᠢᠯ ᠪᠣᠯᠭᠠᠵᠤ᠂ ᠬᠡᠷᠡᠭ᠌ᠯᠡᠭ᠌ᠴᠢᠳ᠎ᠦᠨ ᠬᠡᠷᠡᠭ᠌ᠴᠡᠭᠡ᠎ᠪᠡᠷ ᠭᠣᠣᠯ ᠤᠳᠤᠷᠢᠳᠤᠮᠵᠢ ᠪᠣᠯᠭᠠᠭ᠍ᠰᠠᠨ ᠱᠢᠨ᠎ᠡ ᠬᠡᠯᠪᠡᠷᠢ᠎ᠶ᠋ᠢᠨ ᠬᠡᠷᠡᠭ᠌ᠯᠡᠭᠡ ᠥᠷᠨᠢᠨ ᠬᠥᠭ᠌ᠵᠢᠪᠡ᠃ ᠬᠡᠷᠡᠭ᠌ᠴᠡᠭᠡ᠎ᠶ᠋ᠢᠨ ᠲᠠᠯ᠎ᠠ᠎ᠡᠴᠡ ᠭᠠᠷᠳᠠᠨ ᠱᠢᠨ᠎ᠡ ᠬᠡᠷᠡᠭ᠌ᠯᠡᠭᠡᠨ᠎ᠦ ᠴᠤᠬᠴᠠ ᠵᠢ ᠪᠣᠢᠵᠢᠭᠤᠯᠵᠤ᠂ ᠬᠠᠩᠭᠠᠯᠭ᠎ᠠ᠎ᠶ᠋ᠢᠨ ᠲᠠᠯ᠎ᠠ᠎ᠶ᠋ᠢᠨ ᠥᠭᠡᠷᠡᠴᠢᠯᠡᠯᠲᠡ᠎ᠡᠴᠡ ᠭᠠᠷᠳᠠᠨ ᠡᠯᠪᠡᠭ ᠪᠠᠶᠠᠯᠢᠭ ᠬᠡᠷᠡᠭ᠌ᠯᠡᠭᠡᠨ᠎ᠦ ᠵᠦᠢᠯ ᠪᠠ ᠬᠡᠷᠡᠭ᠌ᠯᠡᠭᠡᠨ᠎ᠦ ᠬᠡᠯᠪᠡᠷᠢ᠎ᠶ᠋ᠢ ᠬᠠᠩᠭᠠᠵᠤ᠂ ᠱᠢᠨ᠎ᠡ ᠬᠡᠯᠪᠡᠷᠢ᠎ᠶᠢᠨ ᠬᠡᠷᠡᠭ᠌ᠯᠡᠭᠡ᠎ᠶ᠋ᠢ ᠪᠣᠢᠵᠢᠭᠤᠯᠤᠨ ᠪᠤᠵᠠᠭᠠᠢᠷᠠᠭᠤᠯᠵᠤ᠂ ᠬᠡᠷᠡᠭ᠌ᠯᠡᠭᠡᠨ᠎ᠦ ᠳᠠᠯᠳᠠ ᠬᠦᠴᠦᠨ᠎ᠢ ᠲᠠᠰᠤᠷᠠᠯᠲᠠ ᠦᠭᠡᠢ ᠪᠠᠳᠠᠷᠠᠭᠤᠯᠬᠤ᠎ᠶ᠋ᠢ ᠰᠠᠨᠠᠭᠤᠯᠵᠤ ᠪᠠᠢᠨ᠎ᠠ ᠬᠡᠪᠡ᠃
ᠯᠠᠨ ᠱᠤᠤ ᠮᠢᠨ ᠭᠡᠱᠢᠭᠦᠨ ᠦᠭᠡ ᠬᠡᠯᠡᠬᠦ᠎ᠳᠡᠭᠡᠨ᠂ ᠠᠮᠤ ᠪᠤᠳᠠᠭᠠᠨ᠎ᠤ ᠦᠢᠯᠡᠳᠪᠦᠷᠢᠯᠡᠯ ᠪᠣᠯ ᠠᠮᠤ ᠪᠤᠳᠠᠭᠠᠨ᠎ᠤ ᠠᠮᠤᠷ ᠲᠦᠪᠱᠢᠨ᠎ᠦ ᠰᠠᠭᠤᠷᠢ ᠮᠥᠨ᠃ ᠮᠤᠵᠢ᠎ᠶ᠋ᠢᠨ ᠬᠣᠭᠣᠷᠣᠨᠳᠣᠬᠢ ᠬᠥᠨᠳᠡᠯᠡᠨ ᠴᠢᠭ᠌ᠯᠡᠯ᠎ᠦᠨ ᠠᠱᠢᠭ ᠲᠤᠰᠠ᠎ᠶ᠋ᠢᠨ ᠨᠥᠬᠥᠪᠥᠷᠢ᠎ᠶ᠋ᠢᠨ ᠲᠣᠭ᠍ᠲᠠᠴᠠ᠎ᠶ᠋ᠢ ᠪᠠᠢᠭᠤᠯᠵᠤ᠂ ᠲᠥᠪ᠎ᠦᠨ ᠲᠡᠬᠡᠷ᠎ᠡ ᠡᠴᠡ ᠲᠤᠷᠤᠬᠰᠢ ᠶᠠᠪᠤᠭᠤᠯᠬᠤ ᠳᠡᠮᠵᠢᠯᠭᠡ᠎ᠶ᠋ᠢᠨ ᠲᠥᠷᠥ᠎ᠶ᠋ᠢᠨ ᠪᠣᠳᠣᠯᠭ᠎ᠠ ᠪᠣᠯᠤᠨ ᠮᠤᠵᠢ᠎ᠶ᠋ᠢᠨ ᠬᠣᠭᠣᠷᠣᠨᠳᠣᠬᠢ ᠬᠥᠨᠳᠡᠯᠡᠨ ᠴᠢᠭ᠌ᠯᠡᠯ᠎ᠦᠨ ᠨᠥᠬᠥᠪᠥᠷᠢ ᠥᠭ᠌ᠬᠦ ᠲᠥᠷᠥ᠎ᠶ᠋ᠢᠨ ᠪᠣᠳᠣᠯᠭ᠎ᠠ᠎ᠶ᠋ᠢ ᠤᠶᠠᠯᠳᠤᠭᠤᠯᠵᠤ᠂ ᠠᠮᠤ ᠪᠤᠳᠠᠭᠠᠨ᠎ᠤ ᠭᠠᠷᠤᠯᠲᠠ ᠶᠡᠬᠡᠲᠡᠶ ᠮᠤᠵᠢ᠂ ᠠᠮᠤ ᠪᠤᠳᠠᠭᠠᠨ᠎ᠤ ᠭᠠᠷᠤᠯᠲᠠ ᠶᠡᠬᠡᠲᠡᠶ ᠱᠢᠶᠠᠨ᠎ᠢ ᠱᠠᠩᠨᠠᠨ ᠬᠥᠬᠢᠭᠦᠯᠬᠦ᠌ ᠲᠥᠷᠥ᠎ᠶ᠋ᠢᠨ ᠪᠣᠳᠣᠯᠭ᠎ᠠ᠎ᠶ᠋ᠢᠨ ᠳᠡᠮᠵᠢᠯᠭᠡ᠎ᠶ᠋ᠢᠨ ᠡᠷᠴᠢᠮ᠎ᠢᠶᠡᠨ ᠴᠢᠩᠭᠠᠷᠠᠭᠤᠯᠵᠤ᠂ ᠨᠥᠬᠥᠪᠥᠷᠢ ᠥᠭ᠌ᠬᠦ ᠪᠠᠷᠢᠮᠵᠢᠶ᠎ᠠ᠎ᠶ᠋ᠢ ᠵᠦᠶ ᠵᠣᠬᠢᠰᠲᠠᠶ ᠲᠣᠭ᠍ᠲᠠᠭᠠᠵᠤ᠂ ᠠᠮᠤ ᠪᠤᠳᠠᠭᠠᠨ᠎ᠤ ᠭᠤᠤᠯ ᠭᠠᠷᠤᠯᠲᠠ᠎ᠶ᠋ᠢᠨ ᠣᠷᠣᠨ᠎ᠤ ᠠᠮᠤ ᠪᠤᠳᠠᠭ᠎ᠠ ᠳᠠᠷᠢᠬᠤ ᠢᠳᠡᠪᠬᠢᠵᠢᠯ᠎ᠢ ᠳᠡᠭᠡᠭ᠌ᠰᠢᠯᠡᠭᠦᠯᠵᠦ᠍᠂ ᠵᠠᠬ᠎ᠠ ᠳᠡᠯᠭᠡᠭᠦᠷ᠎ᠦᠨ ᠭᠦᠶ᠋ᠴᠡᠳ ᠬᠠᠩᠭᠠᠯᠭ᠎ᠠ᠎ᠶ᠋ᠢ ᠪᠠᠲᠤᠯᠠᠵᠤ᠂ ᠬᠦᠨᠡᠰᠦᠨ ᠠᠮᠤ᠎ᠶ᠋ᠢᠨ ᠲᠤᠢᠯ᠎ᠤᠨ ᠠᠮᠤᠷ ᠲᠦᠪᠱᠢᠨ᠎ᠢ ᠪᠠᠲᠤᠯᠠᠬᠤ᠎ᠵᠢ ᠰᠠᠨᠠᠭᠤᠯᠵᠤ ᠪᠠᠢᠨ᠎ᠠ ᠬᠡᠪᠡ᠃
ᠵᠤᠤ ᠵᠢᠩ ᠭᠡᠱᠢᠭᠦᠨ 《9·3》 ᠤ᠋ ᠡᠷᠳᠡᠮ ᠱᠢᠨᠵᠢᠯᠡᠭᠡᠨ᠎ᠤ ᠨᠡᠢ᠌ᠭᠡᠮᠯᠢᠭ᠎ᠦᠨ ᠲᠥᠪ ᠬᠣᠷᠢᠶ᠎ᠠ᠎ᠶ᠋ᠢ ᠲᠥᠯᠥᠭᠡᠯᠡᠨ ᠦᠭᠡ ᠬᠡᠯᠡᠬᠦ᠌᠎ᠳᠡᠭᠡᠨ᠂ ᠮᠥᠩᠭᠥᠨ ᠭᠦᠢᠯᠭᠡᠭᠡᠨ ᠨᠢ ᠠᠮᠢᠳᠤ ᠤᠰᠤ ᠮᠡᠲᠦ᠂ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠦᠷ᠎ᠡ᠎ᠶ᠋ᠢ ᠤᠰᠤᠯᠠᠵᠤ᠂ ᠱᠢᠨ᠎ᠡ᠎ᠶ᠋ᠢ ᠡᠭᠦᠳᠬᠦ᠌ ᠬᠥᠷᠥᠰᠥ᠍ ᠱᠢᠷᠣᠢ᠎ᠶ᠋ᠢ ᠱᠢᠮᠡᠵᠢᠭᠦᠯᠵᠦ᠍᠂ ᠱᠢᠨ᠎ᠡ ᠠᠵᠤ ᠦᠢᠯᠡᠰ᠎ᠦᠨ ᠨᠢᠯᠬ᠎ᠠ ᠴᠢᠬᠢ᠎ᠶ᠋ᠢ ᠪᠤᠢᠵᠢᠭᠤᠯᠳᠠᠭ᠃ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠮᠥᠩᠭᠥᠨ ᠭᠦᠶ᠋ᠯᠭᠡᠭᠡᠨ᠎ᠦ ᠱᠢᠰᠲ᠋ᠧᠮ᠎ᠦᠨ ᠪᠠᠢᠭᠤᠯᠤᠯᠲᠠ᠎ᠶ᠋ᠢ ᠲᠦᠷᠭᠡᠳᠭᠡᠵᠦ᠍᠂ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠮᠥᠩᠭᠥᠨ ᠭᠦᠶ᠋ᠯᠭᠡᠭᠡᠨ᠎ᠦ ᠲᠤᠰᠭᠠᠶ ᠪᠠᠯᠠ ᠮᠥᠩᠭᠥ᠎ᠶ᠋ᠢ ᠨᠡᠢᠳᠭᠡᠵᠦ ᠪᠠᠢᠭᠤᠯᠤᠨ᠂ ᠬᠥᠷᠥᠩᠭᠡ᠎ᠶ᠋ᠢᠨ ᠵᠠᠬ᠎ᠠ ᠳᠡᠯᠭᠡᠭᠦᠷ᠎ᠦᠨ ᠦᠢᠯᠡᠳᠦᠯ ᠴᠢᠳᠠᠮᠵᠢ᠎ᠶ᠋ᠢ ᠨᠠᠩ ᠰᠠᠢᠲᠤᠷ ᠪᠠᠳᠠᠷᠠᠭᠤᠯᠵᠤ᠂ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠮᠥᠩᠭᠥᠨ ᠭᠦᠶ᠋ᠯᠭᠡᠭᠡᠨ᠎ᠦ ᠴᠢᠳᠠᠪᠤᠷᠢᠲᠠᠨ ᠪᠠ ᠠᠵᠤ ᠠᠬᠤᠢᠯᠠᠯ᠎ᠤᠨ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌ ᠴᠢᠳᠠᠪᠤᠷᠢᠲᠠᠨ᠎ᠢ ᠲᠦᠷᠭᠡᠨ ᠬᠥᠮᠦᠵᠢᠭᠦᠯᠵᠦ᠍᠂ ᠮᠡᠳᠡᠭᠡ ᠵᠠᠩᠭᠢ᠎ᠶ᠋ᠢᠨ ᠦᠶ᠋ᠯᠡᠴᠢᠯᠡᠭᠡᠨ᠎ᠦ ᠲᠠᠪᠴᠠᠩ᠎ᠤᠨ ᠪᠠᠢᠭᠤᠯᠤᠯᠲᠠ᠎ᠶ᠋ᠢ ᠠᠬᠢᠭᠤᠯᠵᠤ᠂ ᠠᠵᠤ ᠠᠬᠤᠢᠯᠠᠯ᠎ᠤᠨ ᠮᠡᠳᠡᠭᠡ ᠵᠠᠩᠭᠢ᠎ᠶ᠋ᠢᠨ ᠢᠯᠡ ᠲᠣᠳᠣ᠎ᠶ᠋ᠢᠨ ᠬᠡᠮᠵᠢᠶ᠎ᠡ ᠪᠠ ᠠᠵᠢᠯ ᠲᠥᠷᠥᠯ᠎ᠦᠨ ᠮᠡᠳᠡᠭᠡ ᠵᠠᠩᠭᠢ᠎ᠶ᠋ᠢᠨ ᠢᠯᠡ ᠲᠣᠳᠣ ᠴᠢᠨᠠᠷ᠎ᠢ ᠳᠡᠭᠡᠭ᠌ᠰᠢᠯᠡᠭᠦᠯᠵᠦ᠍᠂ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠪᠡᠶ᠎ᠡ᠎ᠪᠡᠨ ᠳᠠᠭᠠᠭᠠᠵᠤ ᠬᠦᠴᠦᠷᠬᠡᠭ᠌ᠵᠢᠬᠦ᠌᠎ᠶ᠋ᠢ ᠪᠡᠶᠡᠯᠡᠭᠦᠯᠬᠦ᠌᠎ᠳᠦ ᠬᠦᠴᠦᠨ ᠨᠡᠮᠡᠷᠢᠯᠡᠬᠦ᠌ ᠵᠢ ᠰᠠᠨᠠᠭᠤᠯᠵᠤ ᠪᠠᠢᠨ᠎ᠠ ᠬᠡᠵᠡᠢ᠃
ᠲᠤᠤ ᡁᠢ ᠭᠡᠱᠢᠭᠦᠨ ᠨᠠᠮ ᠪᠦᠯᠦᠭ᠎ᠦᠨ ᠪᠤᠰᠤ ᠬᠥᠮᠦᠰ᠎ᠢ ᠲᠥᠯᠥᠭᠡᠯᠡᠨ ᠦᠭᠡ ᠬᠡᠯᠡᠬᠦ᠌᠎ᠳᠡᠭᠡᠨ᠂ ᠶᠡᠬᠡ ᠰᠤᠷᠭᠠᠭᠤᠯᠢ ᠪᠣᠯ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠵᠠᠯᠠᠭᠤ ᠴᠢᠳᠠᠪᠤᠷᠢᠲᠠᠨ᠎ᠢ ᠬᠥᠮᠦᠵᠢᠭᠦᠯᠬᠦ᠌ ᠴᠢᠬᠤᠯᠠ ᠵᠢᠭ᠍ᠰᠠᠭᠠᠯ᠎ᠤᠨ ᠭᠠᠵᠠᠷ ᠮᠥᠨ᠃ ᠶᠡᠬᠡ ᠳᠡᠭᠡᠳᠦ ᠰᠤᠷᠭᠠᠭᠤᠯᠢ ᠶ᠋ᠢᠨ ᠰᠠᠭᠤᠷᠢ ᠱᠢᠨᠵᠢᠯᠡᠭᠡᠨ᠎ᠦ ᠣᠷᠳᠣ ᠦᠶᠡᠯᠡᠯ᠎ᠦᠨ ᠬᠤᠭᠤᠴᠠᠭ᠎ᠠ᠎ᠶ᠋ᠢ ᠨᠡᠪᠲᠡᠷᠡᠯᠴᠡᠭᠦᠯᠦᠨ ᠬᠥᠮᠦᠵᠢᠭᠦᠯᠬᠦ᠌ ᠵᠠᠭ᠍ᠪᠤᠷ᠎ᠢ ᠰᠦᠪᠡᠭ᠌ᠴᠢᠯᠡᠬᠦ᠌ ᠶ᠋ᠢ ᠳᠡᠮᠵᠢᠵᠦ᠍᠂ ᠰᠠᠭᠤᠷᠢ ᠰᠤᠷᠭᠠᠨ ᠬᠥᠮᠦᠵᠢᠯ ᠬᠢᠭᠡᠳ ᠳᠡᠭᠡᠳᠦ ᠵᠡᠷᠭᠡ᠎ᠶ᠋ᠢᠨ ᠰᠤᠷᠭᠠᠨ ᠬᠥᠮᠦᠵᠢᠯ᠎ᠢ ᠵᠣᠯᠭᠠᠯᠴᠠᠭᠤᠯᠤᠨ ᠬᠥᠮᠦᠵᠢᠭᠦᠯᠬᠦ᠌᠎ᠶ᠋ᠢ ᠴᠢᠩᠭᠠᠳᠭᠠᠵᠤ᠂ ᠵᠠᠩᠭᠢᠯᠠᠭ᠎ᠠ᠎ᠶ᠋ᠢᠨ ᠱᠢᠨᠵᠢᠯᠡᠬᠦ᠌ ᠤᠬᠠᠭᠠᠨ᠎ᠤ ᠠᠰᠠᠭᠤᠳᠠᠯ ᠪᠠ ᠴᠢᠬᠤᠯᠠ ᠶᠡᠬᠡ ᠲᠥᠷᠥᠯ ᠵᠦᠶ᠋ᠯ᠎ᠢᠶᠡᠷ ᠬᠥᠲᠥᠯᠦᠮᠵᠢ ᠪᠣᠯᠭᠠᠵᠤ᠂ ᠱᠠᠳᠤᠴᠢᠯᠠᠬᠰᠠᠨ ᠮᠠᠶᠢᠭ᠎ᠤᠨ ᠱᠢᠨᠵᠢᠯᠡᠬᠦ᠌ ᠤᠬᠠᠭᠠᠨ ᠰᠤᠷᠭᠠᠨ ᠬᠥᠮᠦᠵᠢᠯ᠎ᠢ ᠠᠭᠤᠰᠤᠯᠴᠠᠭᠤᠯᠤᠨ ᠬᠥᠮᠦᠵᠢᠭᠦᠯᠬᠦ᠌ ᠱᠢᠰᠲ᠋ᠧᠮ ᠢ᠋ ᠪᠠᠢᠭᠤᠯᠵᠤ᠂ ᠪᠡᠶ᠎ᠡ ᠪᠡᠨ ᠳᠠᠭᠠᠭᠠᠵᠤ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠴᠢᠳᠠᠪᠤᠷᠢᠲᠠᠨ᠎ᠢ ᠬᠥᠮᠦᠵᠢᠭᠦᠯᠬᠦ᠌ ᠲᠦᠪᠱᠢᠨ᠎ᠢ ᠳᠡᠭᠡᠭ᠌ᠰᠢᠯᠡᠭᠦᠯᠬᠦ᠌ ᠵᠢ ᠰᠠᠨᠠᠭᠤᠯᠵᠤ ᠪᠠᠢᠨ᠎ᠠ ᠬᠡᠪᠡ᠃
ᠨᠠᠨ ᠼᠦᠨ ᠬᠤᠢ ᠭᠡᠱᠢᠭᠦᠨ ᠪᠦᠬᠦ᠌ ᠤᠯᠤᠰ᠎ᠤᠨ ᠦᠢᠯᠡᠳᠪᠦᠷᠢ ᠬᠤᠳᠠᠯᠳᠤᠭᠠᠨ᠎ᠤ ᠬᠣᠯᠪᠣᠭ᠎ᠠ᠎ᠶ᠋ᠢ ᠲᠥᠯᠥᠭᠡᠯᠡᠨ ᠦᠭᠡ ᠬᠡᠯᠡᠬᠦ᠌᠎ᠳᠡᠭᠡᠨ᠂ ᠠᠷᠠᠳ᠎ᠤᠨ ᠡᠵᠡᠩᠨᠡᠯᠲᠡ᠎ᠶ᠋ᠢᠨ ᠠᠵᠤ ᠠᠬᠤᠢᠯᠠᠯ ᠪᠣᠯ ᠱᠢᠨ᠎ᠡ ᠬᠡᠯᠪᠡᠷᠢ᠎ᠶ᠋ᠢᠨ ᠠᠵᠤ ᠦᠢᠯᠡᠳᠪᠦᠷᠢᠵᠢᠯᠲᠡ᠎ᠶ᠋ᠢ ᠠᠬᠢᠭᠤᠯᠬᠤ ᠴᠢᠬᠤᠯᠠ ᠬᠦᠴᠦᠨ ᠮᠥᠨ᠃ ᠠᠵᠤ ᠠᠬᠤᠢᠯᠠᠯ᠎ᠤᠨ ᠤᠯᠤᠰ᠎ᠤᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠪᠠᠢᠯᠳᠤᠬᠤ ᠪᠣᠳᠣᠯᠭ᠎ᠠ᠎ᠶ᠋ᠢᠨ ᠱᠢᠶ᠋ᠳᠪᠦᠷᠢᠲᠦ ᠪᠣᠳᠣᠯᠭ᠎ᠠ᠎ᠳᠤ ᠪᠠᠢᠩᠭᠤ ᠣᠷᠣᠯᠴᠠᠬᠤ ᠲᠣᠭ᠍ᠲᠠᠴᠠ᠎ᠶ᠋ᠢ ᠪᠠᠢᠭᠤᠯᠵᠤ᠂ ᠠᠷᠠᠳ᠎ᠤ᠋ᠨ ᠡᠵᠡᠩᠨᠡᠯᠲᠡ᠎ᠶ᠋ᠢᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠠᠵᠤ ᠠᠬᠤᠢᠯᠠᠯ᠎ᠤᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠴᠢᠬᠤᠯᠠ ᠶᠡᠬᠡ ᠲᠥᠷᠥᠯ ᠵᠦᠶ᠋ᠯ᠎ᠳᠦ ᠣᠷᠣᠯᠴᠠᠬᠤ᠎ᠶ᠋ᠢ ᠳᠡᠮᠵᠢᠵᠦ᠍᠂ ᠠᠷᠠᠳ ᠤ᠋ᠨ ᠡᠵᠡᠩᠨᠡᠯᠲᠡ᠎ᠶ᠋ᠢᠨ ᠠᠵᠤ ᠠᠬᠤᠢᠯᠠᠯ᠎ᠤᠨ ᠡᠷᠬᠡ ᠲᠡᠭ᠌ᠰᠢ ᠪᠡᠷ ᠥᠷᠢᠰᠥᠯᠳᠦᠬᠦ᠌ ᠣᠷᠴᠢᠨ ᠲᠣᠭᠣᠷᠢᠨ᠎ᠢ ᠬᠠᠮᠠᠭᠠᠯᠠᠵᠤ᠂ ᠠᠷᠠᠳ᠎ᠤ᠋ᠨ ᠡᠵᠡᠩᠨᠡᠯᠲᠡ᠎ᠶ᠋ᠢᠨ ᠠᠵᠤ ᠠᠬᠤᠢᠯᠠᠯ᠎ᠤᠨ ᠴᠢᠬᠤᠯᠠ ᠦᠶ᠋ᠯᠡᠳᠦᠯ᠎ᠢ ᠭᠦᠶ᠋ᠴᠡᠳ ᠪᠠᠳᠠᠷᠠᠭᠤᠯᠵᠤ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠳᠤ ᠬᠦᠴᠦᠷᠬᠡᠭ ᠶᠡᠬᠡ ᠪᠣᠳᠠᠰ᠎ᠤᠨ ᠪᠠ ᠮᠡᠷᠭᠡᠵᠢᠯ᠎ᠦᠨ ᠰᠠᠭᠤᠷᠢ᠎ᠶ᠋ᠢ ᠴᠣᠭ᠍ᠴᠠᠯᠠᠬᠤ ᠵᠢ ᠰᠠᠨᠠᠭᠤᠯᠵᠤ ᠪᠠᠢᠨ᠎ᠠ ᠭᠡᠵᠡᠢ᠃
ᠮᠠ ᠵᠢᠶᠠᠨ ᠲᠠᠩ ᠭᠡᠱᠢᠭᠦᠨ ᠦᠭᠡ ᠬᠡᠯᠡᠬᠦ᠎ᠳᠡᠭᠡᠨ᠂ ᠠᠮᠢᠳᠦᠷᠠᠯ᠎ᠤᠨ ᠲᠠᠯ᠎ᠠ ᠪᠡᠷ ᠪᠠᠶ᠎ᠠ ᠪᠠᠨ ᠲᠠᠭᠠᠭᠠᠬᠤ ᠴᠢᠳᠡᠪᠦᠷᠢ ᠪᠠᠨ ᠠᠯᠳᠠᠭ᠍ᠰᠠᠨ ᠨᠠᠰᠤᠲᠠᠨ᠎ᠢ ᠠᠰᠠᠷᠠᠨ ᠰᠤᠪᠢᠯᠠᠬᠤ ᠬᠡᠷᠡᠭ᠌ᠴᠡᠭᠡ᠎ᠶ᠋ᠢ ᠨᠠᠩ ᠰᠠᠢᠲᠤᠷ ᠬᠠᠩᠭᠠᠬᠤ᠎ᠨᠢ ᠨᠢᠭᠡᠨᠲᠡ ᠮᠠᠨ᠎ᠤ ᠤᠯᠤᠰ᠎ᠤᠨ ᠨᠠᠰᠤᠵᠢᠯ᠎ᠤᠨ ᠠᠰᠠᠷᠠᠮᠵᠢ᠎ᠶ᠋ᠢᠨ ᠦᠶ᠋ᠯᠡᠴᠢᠯᠡᠭᠡᠨ᠎ᠦ ᠱᠢᠰᠲ᠋ᠧᠮ᠎ᠦᠨ ᠪᠠᠴᠢᠮ ᠱᠢᠶ᠋ᠳᠪᠦᠷᠢᠯᠡᠬᠦ᠌ ᠴᠢᠬᠤᠯᠠᠲᠠᠶ ᠲᠣᠪᠣᠢᠮ᠎ᠠ ᠠᠰᠠᠭᠤᠳᠠᠯ ᠪᠣᠯᠵᠠᠶ᠃ ᠣᠷᠳᠣ ᠬᠤᠭᠤᠴᠠᠭ᠎ᠠ ᠪᠡᠷ ᠰᠤᠪᠢᠯᠠᠬᠤ ᠠᠵᠢᠯᠳᠠᠨ᠎ᠤ ᠬᠠᠩᠭᠠᠯᠭ᠎ᠠ᠎ᠶ᠋ᠢ ᠣᠯᠠᠨ ᠠᠷᠭ᠎ᠠ ᠵᠠᠮ᠎ᠢᠶᠠᠷ ᠨᠡᠮᠡᠭ᠌ᠳᠡᠭᠦᠯᠵᠦ᠍᠂ ᠨᠡᠢᠭᠡᠮ ᠲᠣᠭᠣᠷᠢᠭ ᠡᠴᠡ ᠠᠮᠢᠳᠦᠷᠠᠯ᠎ᠤᠨ ᠲᠠᠯ᠎ᠠ ᠪᠡᠷ ᠪᠠᠶ᠎ᠠ ᠪᠠᠨ ᠲᠠᠭᠠᠭᠠᠬᠤ ᠴᠢᠳᠡᠪᠦᠷᠢ ᠪᠠᠨ ᠠᠯᠳᠠᠭ᠍ᠰᠠᠨ ᠨᠠᠰᠤᠲᠠᠢᠴᠤᠳ᠎ᠲᠤ ᠬᠠᠷᠠᠭᠠᠯᠵᠠᠨ ᠠᠰᠠᠷᠠᠬᠤ ᠦᠶ᠋ᠯᠡᠴᠢᠯᠡᠭᠡ ᠬᠠᠩᠭᠠᠬᠤ᠎ᠶ᠋ᠢ ᠶᠡᠬᠡᠪᠡᠷ ᠳᠡᠮᠵᠢᠵᠦ᠍᠂ ᠠᠮᠢᠳᠦᠷᠠᠯ᠎ᠤᠨ ᠲᠠᠯ᠎ᠠ ᠪᠡᠷ ᠪᠠᠶ᠎ᠠ ᠪᠠᠨ ᠲᠠᠭᠠᠭᠠᠬᠤ ᠴᠢᠳᠡᠪᠦᠷᠢ ᠪᠠᠨ ᠠᠯᠳᠠᠭ᠍ᠰᠠᠨ ᠨᠠᠰᠤᠲᠠᠢᠴᠤᠳ᠎ᠲᠦ ᠲᠤᠰᠠᠯᠠᠬᠤ ᠪᠠᠭᠠᠵᠢ ᠬᠡᠷᠡᠭ᠌ᠰᠡᠯ᠎ᠢ ᠦᠶ᠋ᠯᠡᠳᠪᠦᠷᠢᠯᠡᠬᠦ ᠪᠠ ᠬᠡᠷᠡᠭ᠌ᠯᠡᠬᠦ᠎ᠶ᠋ᠢ ᠵᠣᠷᠢᠭ᠍ᠵᠢᠭᠤᠯᠵᠤ᠂ ᠣᠷᠳᠣ ᠬᠤᠭᠤᠴᠠᠭᠠᠨ᠎ᠤ ᠰᠤᠪᠢᠯᠠᠯᠲᠠ᠎ᠶ᠋ᠢᠨ ᠳᠠᠭᠠᠳᠭᠠᠯ᠎ᠤᠨ ᠲᠤᠷᠱᠢᠯᠲᠠ᠎ᠶ᠋ᠢᠨ ᠴᠡᠭ᠎ᠦᠨ ᠬᠡᠪᠴᠢᠶ᠎ᠡ᠎ᠶ᠋ᠢ ᠥᠷᠭᠡᠳᠭᠡᠬᠦ᠌᠎ᠶ᠋ᠢ ᠠᠬᠢᠭᠤᠯᠵᠤ᠂ ᠨᠠᠰᠤᠲᠠᠢᠴᠤᠳ᠎ᠤᠨ ᠠᠮᠢᠳᠤᠷᠠᠯ᠎ᠤᠨ ᠶᠠᠰᠤ ᠴᠢᠨᠠᠷ᠎ᠢ ᠳᠡᠭᠡᠭ᠌ᠰᠢᠯᠡᠭᠦᠯᠬᠦ ᠵᠢ ᠰᠠᠨᠠᠭᠤᠯᠵᠤ ᠪᠠᠢᠨ᠎ᠠ ᠭᠡᠪᠡ᠃
ᠱᠢᠶᠠ ᠵᠢᠶᠧ ᠭᠡᠱᠢᠭᠦᠨ ᠪᠥᠬᠥ᠌ ᠤᠯᠤᠰ᠎ᠤᠨ ᠡᠮᠡᠭ᠌ᠲᠡᠢᠴᠦᠳ᠎ᠦᠨ ᠬᠣᠯᠪᠣᠭ᠎ᠠ᠎ᠶ᠋ᠢ ᠲᠥᠯᠥᠭᠡᠯᠡᠨ ᠦᠭᠡ ᠬᠡᠯᠡᠬᠦ᠎ᠳᠡᠭᠡᠨ᠂ ᠦᠷᠡᠵᠢᠯ᠎ᠦᠨ ᠦᠶ᠋ᠯᠡᠰ᠎ᠢ ᠳᠡᠮᠵᠢᠬᠦ᠌ ᠲᠥᠷᠥ᠎ᠶ᠋ᠢᠨ ᠪᠣᠳᠣᠯᠭ᠎ᠠ᠎ᠶ᠋ᠢᠨ ᠱᠢᠰᠲ᠋ᠧᠮ᠎ᠢ ᠪᠠᠢᠭᠤᠯᠤᠨ ᠲᠡᠭᠦᠯᠳᠡᠷᠵᠢᠭᠦᠯᠬᠦ᠌ ᠪᠣᠯ ᠬᠥᠮᠦᠨ ᠠᠮᠠ᠎ᠶ᠋ᠢᠨ ᠣᠷᠳᠣ ᠬᠤᠭᠤᠴᠠᠭᠠᠨ᠎ᠤ ᠲᠡᠩᠴᠡᠭᠦᠷᠢᠲᠡᠶ ᠬᠥᠭ᠌ᠵᠢᠯᠲᠡ᠎ᠶ᠋ᠢ ᠠᠬᠢᠭᠤᠯᠬᠤ ᠬᠦᠴᠦᠲᠡᠶ ᠲᠦᠱᠢᠭ ᠲᠤᠯᠭᠠᠭᠤᠷᠢ ᠮᠥᠨ᠃ ᠴᠢᠨᠠᠷ ᠰᠠᠢᠳᠠᠢ ᠲᠦᠭᠡᠮᠡᠯ ᠠᠰᠢᠭ ᠬᠦᠷᠳᠡᠭᠡᠬᠦ ᠬᠡᠦᠬᠡᠳ ᠰᠠᠭᠠᠲᠠᠭᠤᠯᠬᠤ ᠦᠶ᠋ᠯᠡᠴᠢᠯᠡᠭᠡ᠎ᠶ᠋ᠢ ᠶᠡᠬᠡᠪᠡᠷ ᠬᠥᠭ᠌ᠵᠢᠭᠦᠯᠵᠦ᠍᠂ ᠠᠯᠪᠠᠨ ᠡᠴᠡ ᠪᠠᠢᠭᠤᠯᠤᠭ᠍ᠰᠠᠨ ᠬᠡᠦᠬᠡᠳ ᠰᠠᠭᠠᠲᠠᠭᠤᠯᠬᠤ ᠦᠶ᠋ᠯᠡᠴᠢᠯᠡᠭᠡᠨ᠎ᠦ ᠪᠠᠢᠭᠤᠯᠤᠮᠵᠢ᠎ᠶ᠋ᠢᠨ ᠬᠠᠩᠭᠠᠯᠭ᠎ᠠ᠎ᠶ᠋ᠢ ᠨᠡᠮᠡᠭ᠌ᠳᠡᠭᠦᠯᠵᠦ᠍᠂ ᠨᠡᠢᠭᠡᠮ᠎ᠦᠨ ᠬᠦᠴᠦᠨ᠎ᠦ ᠲᠦᠭᠡᠮᠡᠯ ᠠᠰᠢᠭ ᠬᠦᠷᠳᠡᠭᠡᠬᠦ ᠬᠡᠦᠬᠡᠳ ᠰᠠᠭᠠᠲᠠᠭᠤᠯᠬᠤ ᠦᠶ᠋ᠯᠡᠴᠢᠯᠡᠭᠡᠨ᠎ᠦ ᠪᠠᠢᠭᠤᠯᠤᠯᠲᠠ᠎ᠳᠤ ᠣᠷᠣᠯᠴᠠᠬᠤ᠎ᠶ᠋ᠢ ᠵᠣᠷᠢᠭ᠍ᠵᠢᠭᠤᠯᠵᠤ᠂ ᠦᠷᠡᠵᠢᠯ᠎ᠦᠨ ᠳᠠᠭᠠᠳᠭᠠᠯ᠎ᠤᠨ ᠮᠦᠩᠬᠦ ᠤᠯᠭᠤᠮᠵᠢ ᠵᠢᠨ ᠬᠢᠷᠢ ᠲᠦᠪᠱᠢᠨ᠎ᠢ ᠲᠣᠭ᠍ᠲᠠᠭᠤᠨ᠎ᠢᠶᠠᠷ ᠳᠡᠭᠡᠭ᠌ᠰᠢᠯᠡᠭᠦᠯᠵᠦ᠍᠂ ᠦᠷᠡᠵᠢᠯᠳᠦ ᠰᠠᠢᠨ ᠣᠷᠴᠢᠨ ᠨᠥᠬᠥᠴᠡᠯ᠎ᠢ ᠪᠣᠶ ᠪᠤᠯᠭᠠᠬᠤ ᠵᠢ ᠰᠠᠨᠠᠭᠤᠯᠵᠤ ᠪᠠᠢᠨ᠎ᠠ ᠭᠡᠪᠡ᠃
ᠪᠥᠬᠥ᠌ ᠤᠯᠤᠰ᠎ᠤᠨ ᠤᠯᠤᠰ ᠲᠥᠷᠥ᠎ᠶ᠋ᠢᠨ ᠵᠥᠪᠯᠡᠯᠭᠡᠨ᠎ᠦ ᠳᠡᠳ᠋ ᠲᠡᠷᠢᠭᠦᠯᠡᠭ᠌ᠴᠢ ᠱᠸᠨ ᠶᠤᠸᠠᠢ ᠶᠤᠸᠠᠢ ᠬᠤᠷᠠᠯ᠎ᠢ ᠡᠷᠭᠢᠯᠡᠪᠡ᠃
ᠨᠠᠮ᠎ᠤᠨ ᠲᠥᠪ ᠬᠤᠷᠢᠶ᠎ᠠ᠎ᠶᠢᠨ ᠤᠯᠤᠰ ᠲᠦᠷᠦ᠍᠎ᠶ᠋ᠢᠨ ᠲᠣᠪᠴᠢᠶᠠᠨ᠎ᠤ ᠭᠡᠱᠢᠭᠦᠨ᠂ ᠪᠦᠬᠦ᠌ ᠤᠯᠤᠰ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠦ ᠳᠡᠳ᠋ ᠲᠡᠷᠢᠭᠦᠯᠡᠭ᠌ᠴᠢ ᠱ᠌ᠢ᠎ᠲᠡᠶ ᠹᠸᠩ᠂ ᠪᠦᠬᠦ᠌ ᠤᠯᠤᠰ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠦ ᠳᠡᠳ᠋ ᠲᠡᠷᠢᠭᠦᠯᠡᠭ᠌ᠴᠢ ᠬᠤ᠌ ᠴᠦᠨ ᠬᠤᠸᠠ᠂ ᠸᠠᠩ ᠶᠦᠩ᠂ ᠵᠧᠦ ᠴᠢᠶᠠᠩ᠂ ᠫᠠᠪᠠᠯᠠ·ᠭᠸᠯᠢᠭ᠌ᠨᠠᠮᠵᠢᠯ᠂ ᠾᠧ ᠾᠧᠦ ᠬᠤᠸᠠ᠂ ᠯᠢᠶᠠᠩ ᠵᠧᠨ ᠶᠢᠩ᠂ ᠪᠠᠭᠠᠲᠤᠷ᠂ ᠰᠤ᠌ ᠬᠤᠢ᠂ ᠱᠤᠤ ᠬᠣᠩ᠂ ᠴᠧᠨ ᠡᠸ᠋᠂ ᠮᠦ᠍ ᠬᠣᠩ᠂ ᠱᠢᠶᠠᠨ ᠬᠤᠢ᠂ ᠸᠠᠩ ᠳ᠋ᠦᠩ ᠹᠸᠩ᠂ ᠵᠢᠶᠠᠩ ᠱᠢᠨ ᡁᠢ᠂ ᠵᠢᠶᠠᠩ ᠽᠦᠸᠧ ᠵᠢᠶᠦ᠋ᠨ᠂ ᠾᠧ ᠪᠦᠦ ᠱᠢᠶᠠᠩ᠂ ᠸᠠᠩ ᠭᠤᠸᠠᠩ ᠴᠢᠶᠠᠨ᠂ ᠴᠢᠨ ᠪᠥᠸᠧ ᠶᠦᠩ᠂ ᠵᠦ᠍ ᠶᠦᠩ ᠱᠢᠨ᠂ ᠶᠠᠩ ᠵᠧᠨ ᠬᠤᠷᠠᠯ᠎ᠳᠤ ᠣᠷᠣᠯᠴᠠᠵᠠᠢ᠃
(ᠱᠢᠨᠬᠤᠸᠠ ᠬᠣᠷᠢᠶ᠎ᠠ ᠵᠢᠨ ᠪᠡᠭᠡᠵᠢᠩ᠎ᠦᠨ 3 ᠰᠠᠷ᠎ᠠ᠎ᠶ᠋ᠢᠨ 7 ᠤ᠋ ᠴᠠᠬᠢᠯᠭᠠᠨ ᠮᠡᠳᠡᠭᠡ)
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠬᠦᠰᠡᠯᠡᠩ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃