2024-03-08 10:58:44
ᠬᠦᠨᠳᠤ ᠨᠠᠢᠳᠠᠯᠭ᠎ᠠ
2023 ᠤᠨ ᠤ᠋ 6 ᠰᠠᠷ᠎ᠠ ᠳ᠋ᠤ ᠂ ᠶᠡᠷᠤᠩᠬᠡᠢ ᠱᠦᠵᠢ ᠰᠢ ᠵᠢᠨ ᠫᠢᠩ ᠦᠪᠤᠷ ᠮᠤᠩᠭᠤᠯ ᠳ᠋ᠤ ᠰᠢᠨᠵᠢᠯᠡᠨ ᠪᠠᠢᠴᠠᠭᠠᠬᠤ ᠳ᠋ᠠᠭᠠᠨ ᠂ ᠱᠢᠨ᠎ᠡ ᠬᠥᠭ᠌ᠵᠢᠯᠲᠡ ᠶ᠋ᠢᠨ ᠣᠢᠯᠠᠭᠠᠭ᠍ᠳᠠᠬᠤᠨ ᠢ᠋ ᠪᠦᠷᠢᠨ ᠪᠦᠲᠦᠨ ᠂ ᠵᠥᠪ ᠣᠨᠣᠪᠴᠢᠲᠠᠢ ᠂ ᠪᠦᠬᠦ᠌ ᠲᠠᠯ᠎ᠠ ᠪᠡᠷ ᠲᠤᠭᠤᠱᠢᠯᠠᠭᠤᠯᠵᠤ ᠂ ᠠᠭᠤᠯᠠ ᠤᠰᠤ ᠤᠢ ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ ᠮᠠᠩᠬ᠎ᠠ ᠵᠢ ᠨᠢᠭᠡ ᠴᠤᠬ᠍ᠴᠠᠵᠢᠭᠤᠯᠤᠨ ᠬᠠᠮᠠᠭᠠᠯᠠᠬᠤ ᠪᠠ ᠱᠢᠰᠲ᠋ᠧᠮ ᠲᠡᠶ ᠵᠠᠰᠠᠬᠤ ᠵᠢ ᠪᠠᠷᠢᠮᠲᠠᠯᠠᠨ ᠂ ᠡᠯᠡᠰᠦᠷᠬᠡᠭ᠌ᠵᠢᠯ ᠢ᠋ ᠰᠡᠷᠭᠡᠢᠯᠡᠨ ᠡᠯᠡᠰᠦ ᠵᠢ ᠵᠠᠰᠠᠬᠤ ᠪᠡᠷ ᠭᠣᠣᠯ ᠱᠢᠪᠲᠤᠯᠤᠯᠳᠠ ᠵᠢᠨ ᠴᠢᠭ᠌ᠯᠡᠯ ᠪᠣᠯᠭᠠᠨ ᠂ ᠤᠮᠠᠷᠠᠲᠤ ᠶ᠋ᠢᠨ ᠠᠮᠢ ᠠᠬᠤᠢ ᠶ᠋ᠢᠨ ᠠᠮᠤᠷ ᠲᠦᠪᠱᠢᠨ ᠤ᠋ ᠬᠠᠯᠬᠠᠪᠴᠢ ᠵᠢ ᠪᠠᠲᠤ ᠴᠣᠭ᠍ᠴᠠᠯᠠᠬᠤ ᠪᠡᠷ ᠦᠨᠳᠦᠰᠦᠨ ᠬᠠᠷᠠᠯᠲᠠ ᠪᠣᠯᠭᠠᠵᠤ ᠂ ᠭᠠᠵᠠᠷ ᠣᠷᠣᠨ ᠤ᠋ ᠪᠠᠢᠳᠠᠯ ᠳ᠋ᠠᠭᠠᠨ ᠲᠤᠬᠢᠷᠠᠭᠤᠯᠵᠤ ᠂ ᠬᠣᠣᠷ ᠬᠥᠨᠥᠭᠡᠯ ᠢ᠋ ᠦᠨᠳᠤᠰᠤᠯᠠᠨ ᠰᠡᠷᠭᠡᠢᠯᠡᠯᠲᠡ ᠬᠢᠵᠦ᠍ ᠂ ᠲᠦᠷᠦᠯ ᠬᠤᠪᠢᠶᠠᠨ ᠠᠷᠭ᠎ᠠ ᠪᠤᠳᠤᠯᠭ᠎ᠠ ᠬᠡᠷᠡᠭ᠌ᠵᠢᠭᠦᠯᠵᠦ᠍ ᠂ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠬᠤ ᠪᠠᠨ ᠴᠢᠩᠭᠠᠳᠭᠠᠵᠤ ᠂ ᠭᠣᠣᠯᠳᠠᠯᠭ᠎ᠠ ᠲᠠᠶ ᠵᠠᠰᠠᠯᠲᠠ ᠶ᠋ᠢ ᠲᠤᠪᠤᠢ᠌ᠯᠭᠠᠨ ᠂ ᠡᠯ᠎ᠡ ᠲᠠᠯ᠎ᠠ ᠶ᠋ᠢᠨ ᠢᠳᠡᠪᠬᠢᠵᠢᠯ ᠢ᠋ ᠲᠠᠢ᠌ᠴᠢᠯᠠᠵᠤ᠂ 10 ᠵᠢᠯ ᠱᠢᠬᠠᠮ ᠤ᠋ᠨ ᠴᠠᠭ ᠢ᠋ ᠬᠡᠷᠡᠭ᠌ᠰᠡᠵᠦ᠍ ᠂ 《ᠤᠮᠠᠷᠠᠲᠤᠶ᠋ᠢᠨ ᠭᠤᠷᠪᠠᠨ ᠣᠷᠣᠨ》ᠤ᠋ ᠢᠨᠵᠧᠨᠧᠷᠢᠩᠦᠨ ᠪᠣᠭᠣᠮᠲᠠ ᠱᠢᠪᠲᠤᠯᠬᠤ ᠳᠠᠢᠯᠠᠯᠳᠤᠭᠠᠨ ᠢ᠋ ᠬᠢᠵᠦ᠍ ᠂《ᠤᠮᠠᠷᠠᠲᠤᠶ᠋ᠢᠨ ᠭᠤᠷᠪᠠᠨ ᠣᠷᠣᠨ》ᠤ᠋ ᠢᠨᠵᠧᠨᠧᠷᠢᠩᠦᠨ ᠪᠦᠳᠦᠭᠡᠨ ᠪᠠᠢᠭᠤᠯᠤᠯᠲᠠ ᠶ᠋ᠢ ᠴᠢᠳᠠᠮᠵᠢ ᠪᠦᠷᠢᠨ ᠲᠡᠭᠦᠯᠳᠡᠷ ᠂ ᠡᠪᠳᠡᠷᠡᠰᠢ ᠦᠭᠡᠢ ᠪᠠᠲᠤ᠌ ᠤᠮᠠᠷᠠᠳᠤ ᠵᠢᠨ ᠨᠤᠮᠢᠨ ᠨᠤᠭᠤᠭᠠᠨ ᠤᠷᠳᠤ ᠴᠠᠭᠠᠨ ᠬᠡᠷᠡᠮ ᠂ ᠠᠮᠢ ᠠᠬᠤᠢ ᠵᠢᠨ ᠠᠮᠤᠷ ᠲᠦᠪᠰᠢᠨ ᠤ᠋ ᠬᠠᠯᠬᠠᠪᠴᠢ ᠪᠤᠯᠭᠠᠨ ᠪᠦᠳᠤᠬᠡᠨ ᠪᠠᠢᠭᠤᠯᠬᠤ ᠭᠡᠷᠡᠭᠳᠠᠢ ᠬᠡᠵᠤ ᠴᠢᠬᠤᠯᠠᠴᠢᠯᠠᠪᠠ ᠃

《 ᠡᠨᠡ ᠵᠢᠯ ᠪᠢᠳᠡ ᠬᠠᠮᠳᠤᠷᠠᠭᠰᠠᠨ ᠶᠡᠬᠡ ᠪᠠᠢᠯᠳᠤᠭᠠᠨ ᠬᠢᠬᠦᠰᠦᠷ ᠳᠠᠯᠠᠢᠴᠠᠲᠤ ᠬᠦᠴᠦᠨ ᠢ᠋ ᠪᠠᠳᠠᠷᠠᠭᠤᠯᠵᠤ ᠂ ᠬᠠᠲᠤᠨ ᠭᠤᠤᠯ ᠤ᠋ᠨ 〈 ᠶᠡᠬᠡ ᠲᠤᠬᠤᠢ〉 ᠶ᠋ᠢᠨ ᠪᠣᠭᠣᠮᠲᠠ ᠱᠢᠪᠲᠤᠯᠬᠤ ᠳᠠᠢᠯᠠᠯᠳᠤᠭᠠᠨ ᠂ ᠬᠣᠷᠴᠢᠨ ᠤ᠋ ᠡᠯᠡᠰᠦᠷᠬᠡᠭ ᠭᠠᠵᠠᠷ ᠪᠣᠯᠤᠨ ᠬᠤᠯᠠᠨ ᠱᠢᠷᠭ᠎ᠠ ᠲᠠᠭ᠎ᠠ ᠶ᠋ᠢᠨ ᠡᠯᠡᠰᠦᠷᠬᠡᠭ ᠭᠠᠵᠠᠷ ᠤ᠋ᠨ ᠰᠦᠨᠦᠭᠡᠯᠲᠡ ᠶ᠋ᠢᠨ ᠳᠠᠢᠯᠠᠯᠳᠤᠭᠠᠨ ᠂ ᠾᠧ ᠰᠢ ᠶ᠋ᠢᠨ ᠬᠣᠩᠭᠢᠯ — ᠲᠠᠺᠯᠢᠮᠠᠺᠠᠨ ᠡᠯᠡᠰᠦᠨ ᠴᠥᠯ ᠤ᠋ᠨ ᠬᠥᠪᠡᠭᠡ ᠳᠠᠭᠠᠤ ᠶ᠋ᠢᠨ ᠬᠤᠷᠢᠭᠯᠠᠯᠲᠠ ᠶ᠋ᠢᠨ ᠳᠠᠢᠯᠠᠯᠳᠤᠭᠠᠨ ᠢ᠋ ᠪᠥᠬᠥ᠌ ᠬᠦᠴᠦᠨ ᠶ᠋ᠢᠡᠷ ᠶ᠋ᠢᠡᠨ ᠰᠠᠢᠲᠤᠷ ᠬᠢᠵᠦ᠍ ᠂ 1438 ᠲᠦᠮᠡᠨ ᠮᠥ᠍ ᠵᠠᠰᠠᠯᠲᠠ ᠶ᠋ᠢᠨ ᠡᠭᠦᠷᠭᠡ ᠵᠢ ᠪᠡᠶᠡᠯᠡᠭᠦᠯᠬᠦ᠌ ᠵᠢ ᠦᠨᠡᠨ ᠬᠦ᠌ ᠪᠠᠲᠤᠯᠠᠨ᠎ᠠ》 ᠭᠡᠵᠦ 3 ᠰᠠᠷ᠎ᠠ ᠶ᠋ᠢᠨ 6 ᠤ᠋ ᠦᠳᠡ ᠶ᠋ᠢᠨ ᠬᠣᠢᠨ᠎ᠠ᠂ ᠪᠥᠬᠥ᠌ ᠤᠯᠤᠰ ᠤ᠋ᠨ ᠬᠣᠶᠠᠷ ᠬᠤᠷᠠᠯ ᠤ᠋ᠨ ᠥᠪᠥᠷ ᠮᠣᠩᠭᠣᠯ ᠤ᠋ᠨ ᠲᠥᠯᠥᠭᠡᠯᠡᠭ᠌ᠴᠢᠳ ᠤ᠋ᠨ ᠪᠦᠯᠬᠦᠮ ᠤ᠋ᠨ ᠪᠦᠯᠬᠦᠮ ᠳᠤᠭᠤᠢᠯᠠᠩ ᠤ᠋ᠨ ᠨᠡᠭᠡᠭᠡᠯᠲᠡ ᠬᠢᠬᠦ ᠠᠵᠢᠯᠯᠠᠭ᠎ᠠ ᠳ᠋ᠦ ᠂ ᠥᠪᠥᠷ ᠮᠣᠩᠭᠣᠯ ᠤ᠋ᠨ ᠲᠥᠯᠥᠭᠡᠯᠡᠭ᠌ᠴᠢᠳ ᠤ᠋ᠨ ᠪᠦᠯᠬᠦᠮ ᠳᠤᠮᠳᠠᠳᠤ ᠭᠠᠳᠠᠭᠠᠳᠤ ᠶ᠋ᠢᠨ ᠵᠠᠭᠤᠴᠢᠯᠠᠭᠤᠷ ᠲᠦ᠍ ᠥᠪᠥᠷ ᠮᠣᠩᠭᠣᠯ ᠤ᠋ᠨ ᠢᠲᠡᠭᠡᠯ ᠵᠣᠷᠢᠭ ᠢ᠋ ᠲᠠᠯᠬᠡᠯᠠ ᠃
2023 ᠣᠨ ᠤ᠋ 6 ᠰᠠᠷ᠎ᠠ ᠳ᠋ᠦ ᠶᠡᠷᠦᠩᠬᠡᠶ ᠱᠦᠵᠢ ᠰᠢ ᠵᠢᠨ ᠫᠢᠩ ᠥᠪᠥᠷ ᠮᠣᠩᠭᠣᠯ ᠳ᠋ᠦ ᠱᠢᠨᠵᠢᠯᠡᠨ ᠪᠠᠢᠴᠠᠭᠠᠵᠤ ᠂ ᠴᠦᠯᠯᠡᠷᠭᠡᠭ᠌ᠵᠢᠯ ᠢ᠋ ᠶᠡᠷᠦᠩᠬᠡᠢᠯᠡᠨ ᠰᠡᠷᠭᠡᠢᠯᠡᠨ ᠵᠠᠰᠠᠬᠤ ᠵᠢ ᠴᠢᠩᠭᠠᠳᠭᠠᠬᠤ ᠪᠠ 《ᠤᠮᠠᠷᠠᠲᠤ ᠶ᠋ᠢᠨ ᠭᠤᠷᠪᠠᠨ ᠣᠷᠣᠨ》 ᠵᠡᠷᠭᠡ ᠭᠤᠤᠯᠳᠠᠯᠭ᠎ᠠ ᠲᠠᠶ ᠠᠮᠢ ᠠᠬᠤᠶ ᠶ᠋ᠢᠨ ᠢᠨᠵᠧᠨᠧᠷᠢᠩ ᠤ᠋ᠨ ᠪᠥᠲᠥᠭᠡᠨ ᠪᠠᠢᠭᠤᠯᠤᠯᠲᠠ ᠵᠢ ᠠᠬᠢᠭᠤᠯᠬᠤ ᠶᠠᠷᠢᠯᠴᠠᠬᠤ ᠬᠤᠷᠠᠯ ᠢ᠋ ᠡᠷᠭᠢᠯᠡᠨ ᠬᠤᠷᠠᠯᠳᠤᠭᠤᠯᠵᠤ ᠂ 《ᠤᠮᠠᠷᠠᠲᠤ ᠶ᠋ᠢᠨ ᠭᠤᠷᠪᠠᠨ ᠣᠷᠣᠨ ᠤ᠋ ᠵᠣᠷᠢᠭ ᠰᠠᠨᠠᠭ᠎ᠠ》 ᠵᠢ ᠳ᠋ᠦᠩᠨᠡᠨ ᠂ 《ᠤᠮᠠᠷᠠᠲᠤ ᠶ᠋ᠢᠨ ᠭᠤᠷᠪᠠᠨ ᠣᠷᠣᠨ》 ᠤ᠋ ᠢᠨᠵᠧᠨᠧᠷᠢᠩ ᠤ᠋ᠨ ᠪᠣᠭᠣᠮᠲᠠ ᠱᠢᠪᠲᠤᠯᠬᠤ ᠳᠠᠢᠯᠠᠯᠳᠤᠭᠠᠨ ᠢ᠋ ᠡᠷᠡᠰ ᠰᠠᠢᠲᠤᠷ ᠬᠢᠵᠦ᠍ ᠂ ᠱᠢᠨ᠎ᠡ ᠴᠠᠭ ᠦᠶ᠎ᠡ ᠶ᠋ᠢᠨ ᠳᠤᠮᠳᠠᠳᠤ ᠤᠯᠤᠰ ᠤ᠋ᠨ ᠡᠯᠡᠰᠦᠷᠬᠡᠭ᠌ᠵᠢᠯ ᠢ᠋ ᠰᠡᠷᠭᠡᠢᠯᠡᠨ ᠡᠯᠡᠰᠦ ᠵᠢ ᠵᠠᠰᠠᠭᠰᠠᠨ ᠱᠢᠨ᠎ᠡ ᠭᠠᠢᠬᠠᠮᠱᠢᠭ ᠢ᠋ ᠴᠢᠷᠮᠠᠢᠨ ᠡᠭᠦᠳᠬᠦ᠌ ᠳᠠᠢᠴᠢᠯᠠᠯᠲᠠ ᠶ᠋ᠢᠨ ᠵᠠᠷᠯᠢᠭ ᠪᠠᠭᠤᠯᠭᠠᠭ᠍ᠰᠠᠨ ᠪᠥᠭᠡᠳ《ᠤᠮᠠᠷᠠᠲᠤ ᠶ᠋ᠢᠨ ᠭᠤᠷᠪᠠᠨ ᠣᠷᠣᠨ》 ᠤ᠋ ᠢᠨᠵᠧᠨᠧᠷᠢᠩ ᠤ᠋ᠨ ᠭᠤᠷᠪᠠᠨ ᠶᠡᠬᠡ ᠪᠡᠯᠭᠡ ᠲᠡᠮᠳᠡᠭ ᠤ᠋ᠨ ᠴᠢᠨᠠᠷᠲᠠᠶ ᠳᠠᠢᠯᠠᠯᠳᠤᠭᠠᠨ ᠢ᠋ ᠪᠠᠶ᠎ᠠ ᠪᠡᠷ ᠵᠢᠡᠨ ᠪᠠᠢᠷᠢᠯᠠᠭᠤᠯᠪᠠ ᠃
ᠭᠤᠷᠪᠠᠨ ᠶᠡᠬᠡ ᠪᠡᠯᠭᠡ ᠲᠡᠮᠳᠡᠭ ᠤ᠋ᠨ ᠴᠢᠨᠠᠷᠲᠠᠶ ᠳᠠᠢᠯᠠᠯᠳᠤᠭᠠᠨ ᠤ᠋ 《ᠬᠤᠶᠠᠷ ᠬᠠᠭᠠᠰ》ᠨᠢ ᠥᠪᠥᠷ ᠮᠣᠩᠭᠣᠯ ᠳ᠋ᠦ ᠪᠤᠢ ᠃ ᠮᠠᠨ ᠤ᠋ ᠤᠷᠤᠨ《ᠤᠮᠠᠷᠠᠲᠤ ᠶ᠋ᠢᠨ ᠭᠤᠷᠪᠠᠨ ᠤᠷᠤᠨ》 ᠤ᠋ ᠢᠨᠵᠧᠨᠧᠷᠢᠩ ᠤ᠋ᠨ ᠪᠣᠭᠣᠮᠲᠠ ᠱᠢᠪᠲᠤᠯᠬᠤ ᠳᠠᠢᠯᠠᠯᠳᠤᠭᠠᠨ ᠪᠠ ᠭᠤᠷᠪᠠᠨ ᠶᠡᠬᠡ ᠪᠡᠯᠭᠡ ᠲᠡᠮᠳᠡᠭ ᠤ᠋ᠨ ᠴᠢᠨᠠᠷᠲᠠᠶ ᠳᠠᠢᠯᠠᠯᠳᠤᠭᠠᠨ ᠢ᠋ ᠪᠥᠬᠥ᠌ ᠲᠠᠯ᠎ᠠ ᠪᠡᠷ ᠡᠬᠢᠯᠡᠭᠦᠯᠵᠦ᠍ ᠂ ᠪᠥᠬᠥ᠌ ᠣᠷᠣᠨ ᠳ᠋ᠦ ᠡᠳᠦᠷ ᠪᠦᠷᠢ ᠳᠤᠮᠳᠠᠴᠢ ᠪᠡᠷ 1.7 ᠲᠦᠮᠡᠨ ᠮᠥ᠍ ᠮᠣᠳᠣ ᠳᠠᠷᠢᠵᠤ ᠂ 8.8 ᠲᠦᠮᠡᠨ ᠮᠥ᠍ ᠡᠪᠡᠰᠦ ᠳᠠᠷᠢᠵᠤ᠂ 4.3 ᠲᠦᠮᠡᠨ ᠮᠥ᠍ ᠵᠢᠨ ᠡᠯᠡᠰᠦᠷᠬᠡᠭᠵᠢᠯ ᠢ᠋ ᠰᠡᠷᠭᠡᠢᠯᠡᠨ ᠡᠯᠡᠰᠦ ᠵᠢ ᠵᠠᠰᠠᠭᠰᠠᠨ ᠪᠠᠢᠨ᠎ᠠ ᠃
《ᠤᠮᠠᠷᠠᠲᠤ ᠶ᠋ᠢᠨ ᠭᠤᠷᠪᠠᠨ ᠣᠷᠣᠨ》 ᠢ᠋ ᠰᠤᠨᠳᠠᠯᠠᠭᠰᠠᠨ ᠥᠪᠥᠷ ᠮᠣᠩᠭᠣᠯ ᠳ᠋ᠤ《ᠲᠦᠷᠪᠡᠨ ᠶᠡᠬᠡ ᠡᠯᠡᠰᠦ》 ᠪᠠ 《ᠲᠦᠷᠪᠡᠨ ᠶᠡᠬᠡ ᠡᠯᠡᠰᠦᠷᠬᠡᠭ ᠭᠠᠵᠠᠷ》 ᠲᠠᠷᠬᠠᠵᠤ ᠂ ᠪᠦᠬᠦ᠌ ᠣᠷᠣᠨ ᠤ᠋ 12 ᠠᠢᠮᠠᠭ ᠬᠤᠳᠠ ᠶ᠋ᠢᠨ 92 ᠬᠣᠱᠢᠭᠤ ᠱᠢᠶᠠᠨ ᠳ᠋ᠦ ᠪᠦᠷ ᠡᠯᠡᠰᠦᠷᠬᠡᠭ᠌ᠵᠢᠭ᠌ᠰᠡᠨ ᠭᠠᠵᠠᠷ ᠨᠤᠳᠤᠭ ᠲᠠᠷᠬᠠᠵᠤ ᠪᠠᠢᠨ᠎ᠠ ᠃ ᠦᠪᠤᠷ ᠮᠤᠩᠭᠤᠯ ᠤ᠋ᠨ ᠠᠮᠢ ᠠᠬᠤᠢ ᠵᠢᠨ ᠪᠠᠢᠳᠠᠯ ᠶᠠᠮᠠᠷ ᠪᠠᠢᠬᠤ ᠨᠢ ᠪᠦᠬᠦ ᠤᠷᠤᠨ ᠤ᠋ ᠦᠨᠳᠤᠰᠤᠳᠡᠨ ᠨᠤᠬᠦᠳ ᠤ᠋ᠨ ᠤᠯᠠᠨ ᠲᠦᠮᠡᠨ ᠤ᠋ ᠤᠷᠤᠰᠢᠨ ᠲᠤᠭᠳᠠᠨᠢᠯ ᠪᠠ ᠬᠦᠭᠵᠢᠯᠳᠡ ᠲᠠᠢ ᠬᠤᠯᠪᠤᠭᠳᠠᠬᠤ ᠪᠡᠷ ᠪᠠᠷᠠᠬᠤ ᠦᠬᠡᠢ ᠪᠠᠰᠠ ᠤᠮᠠᠷᠠᠳᠤ ᠤᠷᠤᠨ ᠂ ᠵᠡᠬᠦᠨ ᠬᠤᠢᠳᠤ ᠤᠷᠤᠨ ᠪᠠ ᠪᠠᠷᠠᠭᠤᠨ ᠤᠷᠤᠨ ᠂ ᠴᠢᠨᠠᠭᠰᠢᠯᠠᠪᠠᠯ ᠪᠦᠬᠦ ᠤᠯᠤᠰ ᠤ᠋ᠨ ᠠᠮᠢ ᠠᠬᠤᠢ ᠵᠢᠨ ᠠᠮᠤᠷ ᠲᠦᠪᠰᠢᠨ ᠲᠠᠢ ᠴᠦ᠍ ᠬᠤᠯᠪᠤᠭᠳᠠᠬᠤ ᠶᠤᠮ ᠃
ᠶᠡᠷᠦᠩᠬᠡᠶ ᠱᠦᠵᠢ ᠰᠢ ᠵᠢᠨ ᠫᠢᠩ ᠥᠪᠥᠷ ᠮᠣᠩᠭᠣᠯ ᠤ᠋ᠨ ᠠᠮᠢ ᠠᠬᠤᠶ ᠶ᠋ᠢᠨ ᠪᠣᠯᠪᠠᠰᠤᠨ ᠤ᠋ ᠪᠠᠢᠭᠤᠯᠤᠯᠲᠠ ᠵᠢ ᠢᠮᠠᠭ᠍ᠲᠠ ᠳᠡᠭᠡᠳᠦ ᠬᠡᠮᠵᠢᠶ᠎ᠡ ᠪᠡᠷ ᠴᠢᠬᠤᠯᠠᠴᠢᠯᠠᠵᠤ ᠂ ᠥᠪᠥᠷ ᠮᠣᠩᠭᠣᠯ ᠤ᠋ᠨ ᠲᠤᠬᠠᠶ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠣᠯᠠᠪᠤᠷᠢ ᠳ᠋ᠠᠭᠠᠨ ᠬᠠᠮᠤᠭ ᠤ᠋ᠨ ᠢᠯᠡᠭᠦᠦ ᠠᠩᠬᠠᠷᠴᠤ᠌ ᠂ ᠬᠠᠮᠤᠭ ᠤ᠋ᠨ ᠣᠯᠠᠨ ᠥᠭᠦᠯᠡᠵᠦ᠍ ᠂ ᠬᠠᠮᠤᠭ ᠤ᠋ᠨ ᠣᠯᠠᠨ ᠪᠠᠢᠷᠢᠯᠠᠭᠤᠯᠤᠭ᠍ᠰᠠᠨ ᠨᠢ ᠳᠠᠷᠤᠶ ᠠᠮᠢ ᠠᠬᠤᠶ ᠶ᠋ᠢᠨ ᠪᠣᠯᠪᠠᠰᠤᠨ ᠤ᠋ ᠪᠠᠢᠭᠤᠯᠤᠯᠲᠠ ᠪᠤᠯᠬᠤ ᠪᠦᠬᠡᠳ ᠥᠪᠥᠷ ᠮᠣᠩᠭᠣᠯ ᠳ᠋ᠦ ᠮᠠᠨ ᠤ᠋ ᠤᠯᠤᠰ ᠤ᠋ᠨ ᠤᠮᠠᠷᠠᠲᠤ ᠶ᠋ᠢᠨ ᠴᠢᠬᠤᠯᠠ ᠠᠮᠢ ᠠᠬᠤᠶ ᠶ᠋ᠢᠨ ᠠᠮᠤᠷ ᠲᠦᠪᠱᠢᠨ ᠤ᠋ ᠬᠠᠯᠬᠠᠪᠴᠢ ᠵᠢ ᠪᠥᠲᠥᠭᠡᠨ ᠪᠠᠢᠭᠤᠯᠵᠤ ᠂ ᠡᠬᠡ ᠤᠯᠤᠰ ᠤ᠋ᠨ ᠤᠮᠠᠷᠠᠲᠤ ᠶ᠋ᠢᠨ ᠲᠦᠮᠡᠨ ᠭᠠᠵᠠᠷ ᠤ᠋ᠨ ᠨᠣᠮᠢᠨ ᠨᠣᠭᠣᠭᠠᠨ ᠣᠷᠳᠣ ᠴᠠᠭᠠᠨ ᠬᠡᠷᠡᠮ ᠢ᠋ ᠴᠣᠭ᠍ᠴᠠᠯᠠᠬᠤ ᠪᠠᠢᠯᠳᠤᠬᠤ ᠪᠣᠳᠣᠯᠭ᠎ᠠ ᠶ᠋ᠢᠨ ᠪᠠᠢᠷᠢ ᠲᠣᠭ᠍ᠲᠠᠭᠠᠯᠲᠠ ᠣᠯᠭᠣᠪᠠ ᠃
ᠪᠥᠬᠥ᠌ ᠣᠷᠣᠨ ᠤ᠋ ᠦᠨᠳᠦᠰᠦᠲᠡᠨ ᠨᠤᠭᠦᠳ ᠤ᠋ᠨ ᠺᠠᠳ᠋ᠷ ᠣᠯᠠᠨ ᠲᠦᠮᠡᠨ ᠰᠠᠬᠢᠨ ᠪᠡᠷᠡᠯᠡᠵᠦ᠍ ᠬᠠᠷᠢᠯᠴᠠᠨ ᠬᠠᠪᠰᠤᠷᠤᠯᠴᠠᠵᠤ᠂ ᠨᠤᠭᠤᠷᠠᠰᠢ ᠥᠬᠡᠶ ᠲᠡᠮᠡᠴᠡᠨ᠂ ᠱᠢᠨᠵᠢᠯᠡᠬᠦ᠌ ᠤᠬᠠᠭᠠᠨᠴᠢ ᠪᠡᠷ ᠱᠢᠨ᠎ᠡ ᠵᠢ ᠡᠭᠦᠳᠴᠦ᠍᠂ ᠨᠤᠭᠤᠭᠠᠷᠠᠭᠤᠯᠬᠤ ᠮᠦᠷᠳᠡᠬᠡᠨ ᠪᠠᠶᠠᠵᠢᠭᠤᠯᠬᠤ ᠵᠢ ᠵᠡᠷᠭᠡ ᠪᠡᠷ ᠪᠡᠶᠡᠯᠡᠭᠦᠯᠵᠦ᠂ ᠮᠠᠨ ᠤ᠋ ᠤᠯᠤᠰ ᠤ᠋ᠨ ᠤᠮᠠᠷᠠᠲᠤ ᠶ᠋ᠢᠨ ᠴᠢᠬᠤᠯᠠ ᠠᠮᠢ ᠠᠬᠤᠶ ᠶ᠋ᠢᠨ ᠠᠮᠤᠷ ᠲᠦᠪᠱᠢᠨ ᠤ᠋ ᠬᠠᠯᠬᠠᠪᠴᠢ ᠵᠢ ᠪᠠᠲᠤ ᠴᠤᠭᠴᠠᠯᠠᠬᠤ 《ᠤᠯᠤᠰ ᠤ᠋ᠨ ᠶᠡᠬᠡ ᠶᠠᠪᠤᠳᠠᠯ》 ᠢ᠋ ᠡᠷᠡᠰ ᠡᠭᠦᠷᠭᠡᠯᠡᠨ᠂《ᠡᠯᠡᠰᠦ ᠤᠷᠤᠭ᠍ᠰᠢᠯᠠᠵᠤ ᠬᠥᠮᠦᠨ ᠤᠬᠤᠷᠢᠬᠤ》 ᠡᠴᠡ《ᠨᠣᠭᠣᠭᠠᠷᠠᠭᠤᠯᠤᠯᠲᠠ ᠤᠷᠤᠭ᠍ᠰᠢᠯᠠᠵᠤ ᠡᠯᠡᠰᠦ ᠤᠬᠤᠷᠢᠬᠤ》 ᠠᠮᠢ ᠠᠬᠤᠶ ᠶ᠋ᠢᠨ ᠭᠠᠢᠬᠠᠮᠱᠢᠭ ᠢ᠋ ᠡᠭᠦᠳᠴᠠᠢ᠃ ᠨᠠᠮ ᠤ᠋ᠨ ᠠᠷᠪᠠᠨ ᠨᠠᠶ᠋ᠮᠠᠳᠤᠭᠠᠷ ᠶᠡᠬᠡ ᠬᠤᠷᠠᠯᠠᠴᠠ ᠨᠠᠭᠠᠰᠢ ᠂ ᠥᠪᠥᠷ ᠮᠣᠩᠭᠣᠯ 《ᠤᠮᠠᠷᠠᠲᠤ ᠶ᠋ᠢᠨ ᠭᠤᠷᠪᠠᠨ ᠤᠷᠤᠨ》 ᠤ᠋ ᠬᠠᠯᠬᠠᠪᠴᠢ ᠣᠶ ᠶ᠋ᠢᠨ ᠱᠢᠰᠲ᠋ᠧᠮ ᠤ᠋ᠨ ᠪᠠᠢᠭᠤᠯᠤᠯᠲᠠ᠂ ᠪᠡᠭᠡᠵᠢᠩ ᠲᠢᠶᠠᠨᠵᠢᠨ ᠤ᠋ ᠡᠷᠬᠢᠨ ᠲᠣᠭᠣᠷᠢᠨ ᠤ᠋ ᠡᠯᠡᠰᠤ ᠰᠠᠯᠬᠢᠨ ᠤ᠋ ᠡᠬᠢ ᠵᠢ ᠵᠠᠰᠠᠬᠤ ᠵᠡᠷᠭᠡ ᠤᠯᠤᠰ ᠤ᠋ᠨ ᠭᠤᠤᠯᠳᠠᠯᠭ᠎ᠠ ᠲᠠᠶ ᠠᠮᠢ ᠠᠬᠤᠶ ᠶ᠋ᠢᠨ ᠪᠥᠲᠥᠭᠡᠨ ᠪᠠᠢᠭᠤᠯᠤᠯᠲᠠ ᠶ᠋ᠢᠨ ᠢᠨᠵᠧᠨᠧᠷᠢᠩ ᠢ᠋ ᠭᠦᠨᠵᠡᠭᠡᠶ ᠬᠡᠷᠡᠭ᠌ᠵᠢᠭᠦᠯᠵᠦ᠍᠂ 2023 ᠣᠨ ᠪᠣᠯᠲᠠᠯ᠎ᠠ ᠨᠡᠢᠲᠡ 1.31 ᠳ᠋ᠦᠩᠱᠢᠭᠤᠷ ᠮᠥ᠍ ᠭᠠᠵᠠᠷ ᠢ᠋ ᠣᠢᠵᠢᠭᠤᠯᠤᠨ ᠂ 3.18 ᠳ᠋ᠦᠩᠱᠢᠭᠤᠷ ᠮᠥ᠍ ᠡᠪᠡᠰᠦ ᠳᠠᠷᠢᠵᠤ ᠂ 1.38 ᠳ᠋ᠦᠩᠱᠢᠭᠤᠷ ᠮᠥ᠍ ᠵᠢᠨ ᠡᠯᠡᠰᠦᠷᠬᠡᠭᠵᠢᠯ ᠢ᠋ᠰᠡᠷᠭᠡᠢᠯᠡᠨ ᠡᠯᠡᠰᠦ ᠵᠢ ᠵᠠᠰᠠᠵᠤ ᠂ ᠬᠡᠪᠴᠢᠶ᠎ᠡ ᠨᠢ ᠴᠥᠮ ᠪᠥᠬᠥ᠌ ᠤᠯᠤᠰ ᠲᠦ᠍ ᠲᠦᠷᠦᠬᠦᠯᠡᠵᠤ ᠂ ᠣᠶ ᠱᠢᠭᠤᠶ ᠶ᠋ᠢᠨ ᠪᠦᠷᠬᠦᠴᠡ ᠶ᠋ᠢᠨ ᠨᠣᠷᠮ᠎ᠠ ᠪᠠ ᠨᠤᠲᠤᠭ ᠪᠡᠯᠴᠢᠭᠡᠷ ᠤ᠋ᠨ ᠶᠡᠷᠦᠩᠬᠡᠢᠯᠡᠭ᠌ᠰᠡᠨ ᠤᠷᠭᠤᠮᠠᠯ ᠤ᠋ᠨ ᠬᠤᠴᠢᠯᠭ᠎ᠠ ᠶ᠋ᠢᠨ ᠪᠦᠷᠬᠦᠴᠡ ᠶ᠋ᠢᠨ ᠬᠡᠮᠵᠢᠶᠡᠨ ᠤ᠋ 《ᠬᠤᠤᠰ ᠳᠡᠭᠡᠭ᠌ᠰᠢᠯᠡᠯᠲᠡ》 ᠂ ᠴᠦᠯᠯᠡᠷᠭᠡᠭ᠌ᠵᠢᠭ᠌ᠰᠡᠨ ᠪᠠ ᠡᠯᠡᠰᠦᠷᠬᠡᠭ᠌ᠵᠢᠭ᠌ᠰᠡᠨ ᠭᠠᠵᠠᠷ ᠱᠢᠷᠣᠶ ᠶ᠋ᠢᠨ ᠲᠠᠯᠠᠪᠠᠶ ᠵᠢᠨ 《ᠬᠤᠤᠰ ᠬᠠᠰᠤᠬᠲᠠᠯ 》 ᠵᠢ ᠪᠡᠶᠡᠯᠡᠭᠦᠯᠵᠦ ᠂ ᠡᠬᠡ ᠤᠯᠤᠰ ᠤ᠋ᠨ ᠤᠮᠠᠷᠠᠳᠤ ᠬᠢᠯᠢ ᠳ᠋ᠤ ᠲᠦᠮᠡᠨ ᠭᠠᠵᠠᠷ ᠦᠷᠬᠦᠯᠵᠢᠯᠡᠭᠰᠡᠨ ᠨᠤᠮᠢᠨ ᠨᠤᠭᠤᠭᠠᠨ ᠤᠷᠳᠤ ᠴᠠᠭᠠᠨ ᠬᠡᠷᠡᠮ ᠢ᠋ ᠴᠤᠭᠴᠠᠯᠠᠪᠠ ᠃
《ᠤᠮᠠᠷᠠᠳᠤ ᠵᠢᠨ ᠭᠤᠷᠪᠠᠨ ᠤᠷᠤᠨ》 ᠤ᠋ ᠠᠮᠢ ᠠᠬᠤᠢ ᠲᠤᠢᠯ ᠤ᠋ᠨ ᠬᠡᠪᠡᠷᠡᠭ ᠪᠠᠢᠵᠤ᠂ ᠡᠯᠡᠰᠦᠷᠬᠡᠭᠵᠢᠯ ᠢ᠋ ᠰᠡᠷᠬᠡᠢᠯᠡᠨ ᠡᠯᠡᠰᠤ ᠵᠢ ᠵᠠᠰᠠᠬᠤ ᠪᠤᠯ ᠨᠢᠬᠡᠨ ᠤᠷᠳᠤ ᠬᠤᠭᠤᠴᠠᠭᠠᠨ ᠤ᠋ ᠲᠡᠤᠬᠡ ᠵᠢᠨ ᠡᠬᠦᠷᠬᠡ ᠮᠦᠨ ᠃
《ᠡᠨᠡ ᠵᠢᠯ ᠪᠢᠳᠡ ᠭᠠᠵᠠᠷ ᠣᠷᠣᠨ ᠤ᠋ ᠪᠤᠳᠠᠳᠤ ᠪᠠᠢᠳᠠᠯᠳᠠᠭᠠᠨ ᠲᠤᠬᠢᠷᠠᠭᠤᠯᠤᠨ ᠂ ᠬᠣᠣᠷ ᠬᠥᠨᠥᠭᠡᠯ ᠢ᠋ ᠦᠨᠳᠤᠰᠤᠯᠠᠨ ᠰᠡᠷᠭᠡᠢᠯᠡᠯᠲᠡ ᠬᠢᠵᠦ᠍ ᠂ ᠲᠦᠷᠦᠯ ᠬᠤᠪᠢᠶᠠᠨ ᠠᠷᠭ᠎ᠠ ᠪᠤᠳᠤᠯᠭ᠎ᠠ ᠬᠡᠷᠡᠭ᠌ᠵᠢᠭᠦᠯᠤᠨ ᠂ ᠭᠤᠷᠪᠠᠨ ᠶᠡᠬᠡ ᠪᠡᠯᠭᠡ ᠲᠡᠮᠳᠡᠭ ᠤ᠋ᠨ ᠴᠢᠨᠠᠷᠲᠠᠢ ᠳᠠᠢᠯᠠᠯᠳᠤᠭᠠᠨ ᠢ᠋ ᠪᠦᠬᠦ᠌ ᠬᠦᠴᠤᠨ ᠵᠢᠨᠷ ᠶ᠋ᠢᠡᠨ ᠰᠠᠢᠲᠤᠷ ᠬᠢᠵᠦ᠍ ᠂ ᠡᠯᠡᠰᠦᠷᠬᠡᠭᠵᠢᠯ ᠢ᠋ ᠰᠡᠷᠭᠡᠢᠯᠡᠵᠦ᠍ ᠡᠯᠡᠰᠦ ᠵᠢ ᠵᠠᠰᠠᠬᠤ ᠪᠠ ᠰᠠᠯᠬᠢᠨ ᠬᠦᠴᠤᠨ ᠤ ᠴᠠᠬᠢᠯᠭᠠᠨ ᠭᠡᠷᠡᠯᠴᠢ ᠴᠡᠨᠡᠭ ᠢ᠋ ᠨᠢᠭᠡ ᠴᠤᠬ᠍ᠴᠠᠵᠢᠭᠤᠯᠬᠤ ᠢᠨᠵᠧᠨᠧᠷᠢᠩ ᠢ᠋ ᠶᠡᠬᠡ ᠪᠡᠷ ᠬᠡᠷᠡᠭ᠌ᠵᠢᠭᠦᠯᠵᠦ᠍ ᠂ ᠣᠷᠣᠨ ᠪᠦᠰᠡ ᠶ᠋ᠢᠨ ᠬᠣᠯᠪᠣᠭᠠᠯᠠᠨ ᠰᠡᠷᠭᠡᠢᠯᠡᠵᠦ᠍ ᠬᠣᠯᠪᠣᠭᠠᠯᠠᠨ ᠵᠠᠰᠠᠬᠤ ᠵᠢ ᠪᠦᠬᠦ᠌ ᠲᠠᠯ᠎ᠠ ᠪᠡᠷ ᠴᠢᠩᠭᠠᠳᠭᠠᠨ᠂〈ᠤᠮᠠᠷᠠᠲᠤ ᠶ᠋ᠢᠨ ᠭᠤᠷᠪᠠᠨ ᠣᠷᠣᠨ〉 ᠤ᠋ ᠢᠨᠵᠧᠨᠧᠷᠢᠩ ᠤ᠋ᠨ ᠪᠣᠭᠣᠮᠲᠠ ᠱᠢᠪᠲᠤᠯᠬᠤ ᠳᠠᠢᠯᠠᠯᠳᠤᠭᠠᠨ ᠢ᠋ ᠡᠷᠡᠰ ᠰᠠᠢᠲᠤᠷ ᠬᠢᠵᠦ᠍ ᠢᠯᠠᠯᠲᠠ ᠣᠯᠤᠨ᠎ᠠ 》 ᠭᠡᠵᠦ ᠪᠦᠬᠦ᠌ ᠤᠯᠤᠰ ᠤ᠋ᠨ ᠠᠷᠠᠳ ᠤ᠋ᠨ ᠲᠥᠯᠥᠭᠡᠯᠡᠭ᠌ᠴᠢᠳ ᠤ᠋ᠨ ᠶᠡᠬᠡ ᠬᠤᠷᠠᠯ ᠤ᠋ᠨ ᠲᠥᠯᠥᠭᠡᠯᠡᠭ᠌ᠴᠢ ᠂ ᠥᠪᠡᠷᠲᠡᠭᠡᠨ ᠵᠠᠰᠠᠬᠤ ᠣᠷᠣᠨ ᠤ᠋ ᠠᠮᠢ ᠠᠬᠤᠢ ᠣᠷᠴᠢᠨ ᠲᠣᠭᠣᠷᠢᠨ ᠤ᠋ ᠲᠢᠩᠬᠢᠮ ᠤ᠋ᠨ ᠳᠠᠷᠤᠭ᠎ᠠ ᠸᠠᠩ ᠸᠠᠩ ᠱᠧᠩ ᠬᠡᠯᠡᠨ᠎ᠡ ᠃
《 ᠤᠰᠤ ᠪᠡᠷ ᠨᠤᠭᠤᠭᠠᠷᠠᠭᠤᠯᠤᠯᠳᠠ ᠵᠢ ᠲᠣᠭ᠍ᠲᠠᠭᠠᠬᠤ ᠵᠢ ᠪᠠᠷᠢᠮᠲᠠᠯᠠᠵᠤ ᠂ ᠭᠠᠵᠠᠷ ᠣᠷᠣᠨ ᠤ᠋ ᠪᠤᠳᠠᠳᠤ ᠪᠠᠢᠳᠠᠯᠳᠠᠭᠠᠨ ᠲᠤᠬᠢᠷᠠᠭᠤᠯᠤᠨ ᠡᠯᠡᠰᠦᠷᠬᠡᠭ᠌ᠵᠢᠯ ᠢ᠋ ᠰᠡᠷᠭᠡᠢᠯᠡᠨ ᠡᠯᠡᠰᠦ ᠵᠢ ᠵᠠᠰᠠᠬᠤ ᠠᠷᠭ᠎ᠠ ᠬᠡᠮᠵᠢᠶ᠎ᠡ ᠵᠢ ᠬᠡᠷᠡᠭ᠌ᠵᠢᠭᠦᠯᠵᠦ᠍ ᠂ ᠬᠠᠳᠤᠨ ᠭᠣᠣᠯ ᠤ᠋ᠨ ᠬᠦᠪᠡᠬᠡ ᠳᠠᠭᠠᠤ ᠵᠢᠨ ᠬᠥᠪᠴᠢ ᠶ᠋ᠢᠨ ᠡᠯᠡᠰᠦ ᠂ ᠤᠯᠠᠭᠠᠨᠪᠤᠬ᠎ᠠ ᠵᠢᠨ ᠡᠯᠡᠰᠦᠨᠦ ᠰᠦᠩ ᠬᠠᠯᠢᠶ᠎ᠠ ᠵᠢ ᠰᠠᠯᠭᠠᠵᠤ ᠪᠠᠴᠢᠮ ᠪᠠᠢᠳᠠᠯ ᠢ᠋ ᠠᠷᠭᠠᠴᠠᠭᠠᠬᠤ ᠣᠷᠣᠨ ᠂ ᠠᠮᠢ ᠠᠬᠤᠢ ᠬᠡᠪᠡᠷᠡᠭ ᠣᠷᠣᠨ ᠤ᠋ ᠠᠮᠢ ᠠᠬᠤᠢ ᠶ᠋ᠢᠨ ᠤᠰᠤ ᠨᠥᠬᠥᠪᠥᠷᠢᠯᠡᠬᠦ᠌ ᠠᠵᠢᠯ ᠢ᠋ ᠴᠠᠭ ᠲᠤᠨᠢ ᠦᠷᠨᠢᠭᠦᠯᠦᠨ᠎ᠡ》ᠭᠡᠵᠦ ᠪᠦᠬᠦ᠌ ᠤᠯᠤᠰ ᠤ᠋ᠨ ᠤᠯᠤᠰ ᠲᠦᠷᠦ᠍ ᠶ᠋ᠢᠨ ᠵᠥᠪᠯᠡᠯᠭᠡᠨᠦ ᠭᠡᠱᠢᠭᠦᠨ ᠂ ᠥᠪᠡᠷᠲᠡᠭᠡᠨ ᠵᠠᠰᠠᠬᠤ ᠣᠷᠣᠨ ᠤ᠋ ᠤᠰᠤᠨ ᠠᠱᠢᠭ᠍ᠯᠠᠯᠲᠠ ᠶ᠋ᠢᠨ ᠲᠢᠩᠬᠢᠮ ᠤ᠋ᠨ ᠳᠡᠳ᠋ ᠳᠠᠷᠤᠭ᠎ᠠ ᠯᠢ ᠪᠢᠨ ᠬᠡᠯᠡᠨ᠎ᠡ᠃
ᠥᠪᠥᠷ ᠮᠣᠩᠭᠣᠯ ᠡᠭᠦᠷᠭᠡ ᠬᠠᠷᠢᠭᠤᠴᠠᠯᠭ᠎ᠠ ᠪᠠᠨ ᠵᠤᠷᠢᠭᠲᠠᠢ ᠡᠭᠦᠷᠭᠡᠯᠡᠵᠦ᠍ ᠂ ᠬᠦᠴᠢᠷ ᠪᠡᠷᠬᠡᠱᠢᠶᠡᠯ ᠡᠴᠡ ᠦᠯᠦ ᠬᠠᠯᠠᠰᠢᠷᠠᠨ ᠂ ᠤᠳᠠᠭᠠᠨ ᠳᠠᠭᠠᠭᠠᠮᠠᠭᠠᠶ ᠪᠡᠷ ᠵᠢᠳᠬᠦᠨ ᠴᠢᠷᠮᠠᠢᠵᠤ ᠂ ᠱᠢᠨ᠎ᠡ ᠴᠠᠭ ᠦᠶ᠎ᠡ ᠶ᠋ᠢᠨ ᠳᠤᠮᠳᠠᠳᠤ ᠤᠯᠤᠰ ᠤ᠋ᠨ ᠡᠯᠡᠰᠦᠷᠬᠡᠭ᠌ᠵᠢᠯ ᠢ᠋ ᠰᠡᠷᠭᠡᠢᠯᠡᠨ ᠡᠯᠡᠰᠦ ᠵᠢ ᠵᠠᠰᠠᠭ᠍ᠰᠠᠨ ᠱᠢᠨ᠎ᠡ ᠭᠠᠢᠬᠠᠮᠱᠢᠭ ᠢ᠋ ᠴᠢᠷᠮᠠᠢᠨ ᠡᠭᠦᠳᠴᠦ᠍ ᠂ ᠡᠬᠡ ᠤᠯᠤᠰ ᠤ᠋ᠨ ᠤᠮᠠᠷᠠᠲᠤ ᠶ᠋ᠢᠨ ᠡᠨᠡ ᠬᠦ᠌ ᠲᠦᠮᠡᠨ ᠭᠠᠵᠠᠷ ᠤ᠋ᠨ ᠨᠣᠮᠢᠨ ᠨᠣᠭᠣᠭᠠᠨ ᠤᠷᠳᠤ ᠴᠠᠭᠠᠨ ᠬᠡᠷᠡᠮ ᠢ᠋ ᠨᠠᠩ ᠪᠠᠲᠤ ᠪᠠᠬᠢ ᠴᠣᠭ᠍ᠴᠠᠯᠠᠬᠤ ᠪᠡᠷ ᠪᠦᠬᠦ ᠬᠦᠴᠦᠨ ᠵᠢᠡᠷ ᠵᠢᠡᠨ ᠴᠢᠷᠮᠠᠢᠨ᠎ᠠ ᠃
ᠬᠦᠴᠦᠳᠤ ᠠᠯᠬᠤᠭ᠎ᠠ
ᠭᠤᠷᠪᠠᠨ ᠶᠡᠬᠡ ᠪᠡᠯᠬᠡ ᠲᠡᠮᠳᠡᠭ ᠤ᠋ᠨ ᠴᠢᠨᠠᠷᠳᠠᠢ ᠲᠠᠢᠯᠠᠯᠳᠤᠭᠠᠨ ᠤ᠋ ᠡᠬᠦᠷᠬᠡ ᠵᠢ ᠲᠤᠳᠤᠷᠬᠠᠢᠯᠠᠪᠠ
● ᠬᠠᠲᠤᠨ ᠭᠣᠣᠯ ᠤ᠋ᠨ《ᠶᠡᠬᠡ ᠲᠣᠬᠣᠢ》ᠶ᠋ᠢᠨ ᠪᠣᠭᠣᠮᠲᠠ ᠰᠢᠪᠲᠤᠯᠬᠤ ᠳᠠᠢᠯᠠᠯᠳᠤᠭᠠᠨ — 7 ᠠᠢᠮᠠᠭ ᠬᠣᠲᠠ ᠶ᠋ᠢᠨ 35 ᠬᠣᠰᠢᠭᠤ ᠰᠢᠶᠠᠨ(ᠬᠣᠲᠠ ᠂ ᠲᠣᠭᠣᠷᠢᠭ᠋)ᠳ᠋ᠦ ᠬᠣᠯᠪᠣᠭᠳᠠᠵᠦ ᠂ ᠠᠶᠠᠨᠳᠠᠭᠠᠨ ᠰᠡᠷᠭᠦᠬᠦ ᠪᠠ ᠬᠥᠮᠥᠨ ᠤ᠋ ᠬᠦᠴᠦ ᠪᠡᠷ ᠵᠠᠰᠠᠨ ᠰᠡᠷᠭᠦᠭᠡᠬᠦ ᠵᠢ ᠬᠠᠷᠢᠯᠴᠠᠨ ᠤᠶᠠᠯᠳᠤᠭᠤᠯᠬᠤ ᠵᠢ ᠪᠠᠷᠢᠮᠲᠠᠯᠠᠨ ᠂ ᠰᠠᠯᠬᠢ ᠵᠢ ᠬᠠᠯᠬᠠᠯᠠᠵᠤ ᠡᠯᠡᠰᠦ ᠵᠢ ᠲᠣᠭᠲᠠᠪᠤᠷᠢᠵᠢᠭᠤᠯᠬᠤ ᠵᠢ ᠴᠢᠩᠭᠠᠳᠬᠠᠬᠤ ᠪᠠ ᠬᠠᠲᠤᠨ ᠭᠣᠣᠯ ᠳ᠋ᠦ ᠤᠷᠤᠰᠤᠨ ᠤᠷᠤᠬᠤ ᠡᠯᠡᠰᠦ ᠰᠢᠷᠤᠢ ᠵᠢ ᠪᠠᠭᠠᠰᠬᠠᠬᠤ ᠪᠡᠷ ᠭᠣᠣᠯ ᠰᠢᠪᠲᠤᠯᠤᠯᠲᠠᠪᠤᠯᠭᠠᠨ ᠂ ᠤᠯᠠᠭᠠᠨᠪᠤᠬ᠎ᠠ ᠶ᠋ᠢᠨ ᠡᠯᠡᠰᠦ ᠂ ᠬᠥᠪᠴᠢ ᠶ᠋ᠢᠨ ᠡᠯᠡᠰᠦ ᠂ ᠮᠤᠤᠠᠤᠰᠤ ᠶ᠋ᠢᠨ ᠡᠯᠡᠰᠦᠷᠬᠡᠭ ᠭᠠᠵᠠᠷ ᠲᠦ᠍ ᠬᠦᠴᠦ ᠪᠠᠨ ᠳᠠᠯᠪᠢᠵᠦ ᠂ ᠡᠯᠡᠰᠦᠨ ᠴᠦᠯ ᠢ᠋ ᠡᠮᠵᠢᠶᠡᠷᠢᠯᠡᠬᠦ ᠤᠢ ᠡᠪᠡᠰᠤᠨ ᠤ᠋ ᠪᠦᠰᠡ ᠵᠢ ᠵᠠᠰᠠᠵᠦ ᠰᠡᠷᠬᠦᠬᠡᠬᠦ ᠠᠵᠢᠯᠯᠠᠭᠠᠨ ᠢ᠋ ᠭᠣᠣᠯᠳᠠᠯᠭ᠎ᠠ ᠲᠠᠢ ᠥᠷᠨᠢᠭᠦᠯᠬᠦ ᠶ᠋ᠢᠨ ᠬᠠᠮᠲᠤ ᠂ ᠡᠯᠡᠰᠦᠨ ᠴᠦᠯ ᠢ᠋ ᠡᠮᠵᠢᠶᠡᠷᠢᠯᠡᠬᠦ ᠤᠢ ᠡᠪᠡᠰᠤᠨ ᠤ᠋ ᠪᠦᠰᠡ ᠵᠢ ᠡᠯᠡᠰᠦᠨ ᠴᠦᠯ ᠤ᠋ᠨ ᠦᠷᠦᠴᠡ ᠭᠠᠵᠠᠷ ᠳᠡᠢᠰᠢ ᠠᠯᠬᠤᠮ ᠠᠯᠬᠤᠮ ᠢ᠋ᠶ᠋ᠡᠷ ᠦᠷᠭᠡᠳᠬᠡᠨ᠎ᠠ; ᠬᠠᠲᠤᠨ ᠭᠣᠣᠯ ᠤ᠋ᠨ ᠡᠷᠭᠢ ᠳᠠᠭᠠᠤ ᠶ᠋ᠢᠨ ᠤᠰᠤ ᠰᠢᠷᠣᠢ ᠶ᠋ᠢᠨ ᠢᠳᠡᠭᠳᠡᠯ ᠤ᠋ᠨ ᠣᠷᠣᠨ ᠪᠠ ᠠᠷᠪᠠᠨ ᠶᠡᠬᠡ ᠬᠦᠨᠳᠡᠢ ᠪᠡᠷ ᠭᠣᠣᠯᠳᠠᠭᠤᠯᠵᠤ ᠂ ᠵᠢᠵᠢᠭ ᠰᠠᠪᠠ ᠭᠠᠵᠠᠷ ᠢ᠋ ᠶᠡᠷᠦᠩᠬᠡᠢᠯᠡᠨ ᠵᠠᠰᠠᠬᠤ ᠢᠨᠵᠧᠨᠧᠷᠢᠩ ᠢ᠋ ᠬᠡᠷᠡᠭᠵᠢᠭᠦᠯᠦᠨ ᠂ ᠤᠰᠤ ᠰᠢᠷᠣᠢ ᠶ᠋ᠢᠨ ᠢᠳᠡᠭᠳᠡᠯ ᠢ᠋ ᠬᠢᠵᠠᠭᠠᠷᠯᠠᠨ ᠂ ᠬᠠᠲᠤᠨ ᠭᠣᠣᠯ ᠳ᠋ᠦ ᠤᠷᠤᠰᠤᠨ ᠣᠷᠣᠬᠤ ᠡᠯᠡᠰᠦ ᠰᠢᠷᠣᠢ ᠵᠢ ᠪᠠᠭᠠᠰᠬᠠᠨ᠎ᠠ; ᠪᠣᠷᠣᠳᠣᠬᠣᠢ ᠶ᠋ᠢᠨ ᠲᠠᠯ᠎ᠠ ᠭᠠᠵᠠᠷ ᠪᠠ ᠲᠦᠮᠡᠳ ᠤ᠋ᠨ ᠲᠠᠯ᠎ᠠ ᠭᠠᠵᠠᠷ ᠲᠦ᠍ ᠠᠩᠬᠠᠷᠤᠯ ᠢ᠋ᠶ᠋ᠠᠨ ᠲᠥᠪᠯᠡᠷᠡᠭᠦᠯᠵᠦ ᠂ ᠬᠤᠵᠢᠷᠯᠢᠭ᠋ ᠭᠠᠵᠠᠷ ᠢ᠋ ᠵᠠᠰᠠᠬᠤ ᠪᠠ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ᠋ ᠪᠦᠲᠦᠭᠡᠨ ᠪᠠᠢᠭᠤᠯᠬᠤ ᠵᠡᠷᠭᠡ ᠢᠨᠵᠧᠨᠧᠷᠢᠩ ᠢ᠋ ᠬᠡᠷᠡᠭᠵᠢᠭᠦᠯᠵᠦ ᠂ ᠲᠠᠷᠢᠶᠠᠨ ᠭᠠᠵᠠᠷ ᠤ᠋ᠨ ᠶᠠᠰᠤ ᠴᠢᠨᠠᠷ ᠢ᠋ ᠰᠠᠢᠵᠢᠷᠠᠭᠤᠯᠤᠨ ᠲᠠᠷᠢᠶᠠᠨ ᠭᠠᠵᠠᠷ ᠤ᠋ᠨ ᠣᠶ ᠰᠢᠭᠤᠢ ᠶ᠋ᠢᠨ ᠪᠦᠰᠡ ᠵᠢ ᠨᠡᠮᠡᠭᠳᠡᠬᠦᠯᠵᠦ ᠂ ᠬᠦᠷᠦᠰᠦ ᠰᠢᠷᠣᠢ ᠶ᠋ᠢᠨ ᠡᠯᠡᠰᠦᠷᠬᠡᠭᠵᠢᠬᠦ ᠬᠠᠨᠳᠤᠰᠢ ᠵᠢ ᠬᠣᠷᠢᠭ᠍ᠯᠠᠨ ᠂ ᠬᠠᠲᠤᠨ ᠭᠣᠣᠯ ᠤ᠋ᠨ 《ᠶᠡᠬᠡ ᠲᠤᠬᠤᠢ》 ᠶ᠋ᠢᠨ ᠠᠵᠤ ᠠᠬᠤᠢ ᠶ᠋ᠢᠨ ᠲᠤᠭᠤᠷᠢᠭ ᠤ᠋ᠨ ᠴᠢᠨᠠᠷ ᠰᠠᠢᠲᠠᠢ ᠬᠥᠭᠵᠢᠯᠲᠡ ᠳ᠋ᠦ ᠠᠮᠢ ᠠᠬᠤᠢ ᠶ᠋ᠢᠨ ᠲᠤᠯᠭᠠᠭᠤᠷᠢᠯᠠᠯ ᠬᠠᠩᠭᠠᠨ᠎ᠠ ᠃
● ᠬᠣᠷᠴᠢᠨ ᠤ᠋ ᠡᠯᠡᠰᠦᠷᠬᠡᠭ ᠭᠠᠵᠠᠷ ᠪᠤᠯᠤᠨ ᠬᠤᠯᠠᠨ ᠰᠢᠷᠭ᠎ᠠ ᠲᠠᠭ᠎ᠠ ᠶ᠋ᠢᠨ ᠡᠯᠡᠰᠦᠷᠬᠡᠭ ᠭᠠᠵᠠᠷ ᠤ᠋ᠨ ᠰᠦᠨᠦᠬᠡᠯᠳᠡ ᠵᠢᠨ ᠳᠠᠢᠯᠠᠯᠳᠤᠭᠠᠨ — 5 ᠠᠢᠮᠠᠭ ᠬᠣᠲᠠ ᠶ᠋ᠢᠨ 39 ᠬᠣᠰᠢᠭᠤ ᠰᠢᠶᠠᠨ (ᠬᠣᠲᠠ ᠂ ᠲᠣᠭᠣᠷᠢᠭ᠋) ᠳ᠋ᠦ ᠬᠣᠯᠪᠣᠭᠳᠠᠨ ᠂ ᠣᠶ ᠰᠢᠭᠤᠢ ᠨᠤᠲᠤᠭ ᠪᠡᠯᠴᠢᠭᠡᠷ ᠤ᠋ᠨ ᠤᠷᠭᠤᠮᠠᠯ ᠤ᠋ᠨ ᠬᠤᠴᠢᠯᠭ᠎ᠠ ᠵᠢ ᠴᠢᠨᠠᠷ ᠰᠠᠢᠲᠠᠢ ᠪᠡᠷ ᠪᠦᠲᠦᠭᠡᠨ ᠪᠠᠢᠭᠤᠯᠬᠤ ᠂ ᠪᠡᠭᠡᠵᠢᠩ ᠲᠢᠶᠠᠨᠵᠢᠨ ᠤ᠋ ᠡᠷᠬᠢᠨ ᠲᠤᠭᠤᠷᠢᠨ ᠤ᠋ ᠡᠯᠡᠰᠤ ᠰᠠᠯᠬᠢᠨ ᠤ᠋ ᠡᠬᠢ ᠵᠢ ᠲᠠᠰᠤᠯᠬᠤ ᠪᠡᠷ ᠭᠣᠣᠯ ᠰᠢᠪᠳᠤᠯᠤᠯᠳᠠ ᠪᠤᠯᠭᠠᠨ ᠂ ᠵᠠᠰᠠᠭᠠᠳᠤᠢ ᠡᠯᠡᠰᠦᠷᠬᠡᠭᠵᠢᠭᠰᠡᠨ ᠭᠠᠵᠠᠷ ᠰᠢᠷᠣᠢ ᠳ᠋ᠦ ᠴᠢᠭᠯᠡᠭᠦᠯᠦᠨ ᠨᠡᠭᠦᠳᠡᠯ ᠡᠯᠡᠰᠦᠨ ᠤ᠋ ᠬᠥᠪᠡᠭᠡ ᠵᠠᠬ᠎ᠠ ᠪᠡᠷ ᠡᠯᠡᠰᠦᠨ ᠤ᠋ ᠬᠠᠯᠬᠠᠪᠴᠢ ᠪᠠᠢᠷᠢᠯᠠᠭᠤᠯᠵᠤ᠂ ᠲᠤᠷᠤᠭ ᠮᠤᠳᠤ ᠪᠤᠲᠠᠯᠢᠭ ᠮᠤᠳᠤ ᠡᠪᠡᠰᠦ ᠤᠷᠭᠤᠮᠠᠯ ᠤ᠋ᠨ ᠬᠠᠯᠬᠠᠪᠴᠢ ᠪᠦᠰᠡ ᠵᠢ ᠪᠣᠶ ᠪᠣᠯᠭᠠᠨ ᠂ ᠡᠯᠡᠰᠦᠷᠬᠡᠭ ᠭᠠᠵᠠᠷ ᠤ᠋ᠨ ᠥᠷᠥᠴᠡ ᠳ᠋ᠦ ᠤᠷᠭᠤᠮᠠᠯ ᠤ᠋ᠨ ᠬᠤᠴᠢᠯᠭ᠎ᠠ ᠵᠢ ᠰᠡᠷᠭᠦᠭᠡᠨ᠎ᠠ; ᠨᠢᠭᠡᠨᠲᠡ ᠵᠠᠰᠠᠭᠰᠠᠨ ᠡᠯᠡᠰᠦᠷᠬᠡᠭᠵᠢᠭᠰᠡᠨ ᠭᠠᠵᠠᠷ ᠲᠦ᠍ ᠮᠠᠯ ᠪᠡᠯᠴᠢᠭᠡᠷ ᠢ᠋ ᠲᠡᠩᠴᠡᠭᠦᠷᠢᠲᠠᠢ ᠪᠠᠢᠯᠭᠠᠬᠤ ᠪᠠ ᠪᠡᠯᠴᠢᠭᠡᠷᠯᠡᠭᠦᠯᠬᠦ ᠵᠢ ᠴᠠᠭᠠᠵᠠᠯᠠᠵᠤ ᠪᠡᠯᠴᠢᠭᠡᠷ ᠢ᠋ ᠠᠮᠠᠷᠠᠭᠤᠯᠬᠤ ᠳᠦᠷᠢᠮ ᠢ᠋ ᠪᠥᠬᠥ ᠲᠠᠯ᠎ᠠ ᠪᠡᠷ ᠨᠠᠢᠳᠠᠪᠤᠷᠢᠵᠢᠭᠤᠯᠵᠤ ᠂ ᠮᠠᠭᠤᠳᠠᠭᠰᠠᠨ ᠣᠶ ᠰᠢᠭᠤᠢ ᠨᠤᠲᠤᠭ ᠪᠡᠯᠴᠢᠬᠡᠷ ᠢ᠋ ᠵᠠᠰᠠᠨ ᠰᠡᠷᠭᠦᠭᠡᠬᠦ ᠵᠢ ᠯᠠᠪᠳᠠᠭᠤᠨ ᠪᠠᠲᠤᠲᠠᠢ ᠥᠷᠨᠢᠭᠦᠯᠦᠨ ᠂ ᠣᠶ ᠰᠢᠭᠤᠢ ᠨᠤᠲᠤᠭ ᠪᠡᠯᠴᠢᠭᠡᠷ ᠤ᠋ᠨ ᠤᠷᠭᠤᠮᠠᠯ ᠤ᠋ᠨ ᠬᠤᠴᠢᠯᠭ᠎ᠠ ᠶ᠋ᠢᠨ ᠪᠦᠷᠬᠦᠴᠡ ᠵᠢ ᠳᠡᠭᠡᠭᠰᠢᠯᠡᠭᠦᠯᠵᠦ ᠂ ᠬᠥᠮᠥᠨᠬᠠᠷᠠ ᠶ᠋ᠢᠨ ᠡᠪᠳᠡᠭᠳᠡᠯ ᠡᠴᠡ ᠪᠣᠯᠵᠤ ᠳᠠᠬᠢᠨ ᠨᠡᠬᠦᠳᠡᠯ ᠡᠯᠡᠰᠦ ᠪᠤᠯᠵᠦ ᠬᠤᠪᠢᠷᠠᠬᠤ ᠵᠢ ᠡᠷᠡᠰ ᠰᠡᠷᠭᠡᠢᠯᠡᠨᠠ ᠃
● ᠾᠧ ᠰᠢ ᠶ᠋ᠢᠨ ᠬᠣᠩᠭᠢᠯ — ᠲᠠᠺᠯᠢᠮᠠᠺᠠᠨ ᠡᠯᠡᠰᠦᠨ ᠴᠥᠯ ᠤ᠋ᠨ ᠬᠥᠪᠡᠭᠡ ᠳᠠᠭᠠᠤ ᠶ᠋ᠢᠨ ᠬᠣᠷᠢᠭ᠍ᠯᠠᠯᠳᠠ ᠶ᠋ᠢᠨ ᠳᠠᠢᠯᠠᠯᠳᠤᠭᠠᠨ — ᠮᠠᠨ ᠤ᠋ ᠤᠷᠤᠨ ᠤ᠋ ᠠᠯᠠᠱᠠ ᠠᠢᠮᠠᠭ ᠤ᠋ᠨ ᠠᠯᠠᠱᠠ ᠪᠠᠷᠠᠭᠤᠨ ᠬᠣᠰᠢᠭᠤ ᠪᠠ ᠡᠵᠡᠨ᠎ᠡ ᠬᠣᠰᠢᠭᠤᠨ ᠳ᠋ᠦ ᠬᠣᠯᠪᠣᠭᠳᠠᠨ᠎ᠠ ᠃ ᠪᠠᠳᠠᠢ ᠶ᠋ᠢᠨ ᠵᠢᠷᠠᠨ ᠪᠠ ᠲᠡᠭᠷᠢ ᠡᠯᠡᠰᠤ ᠵᠢᠨ ᠬᠥᠪᠡᠭᠡ ᠵᠠᠬ᠎ᠠ ᠵᠢᠴᠢ ᠨᠣᠭᠣᠭᠠᠨ ᠪᠦᠷᠢᠳᠦ ᠶ᠋ᠢᠨ ᠬᠦᠪᠡᠭᠡᠨ ᠳ᠋ᠦ ᠠᠩᠬᠠᠷᠤᠯ ᠢ᠋ᠶ᠋ᠡᠨ ᠲᠥᠪᠯᠡᠷᠡᠭᠦᠯᠵᠦ ᠂ ᠪᠤᠳᠠᠯᠢᠭ ᠮᠤᠳᠤ ᠡᠪᠡᠰᠦ ᠤᠷᠭᠤᠮᠠᠯ ᠢ᠋ᠶ᠋ᠡᠷ ᠭᠣᠣᠯ ᠪᠣᠯᠭᠠᠭᠰᠠᠨ ᠡᠯᠡᠰᠦᠨ ᠴᠥᠯ ᠢ᠋ ᠡᠮᠵᠢᠶᠡᠷᠢᠯᠡᠬᠦ ᠬᠠᠯᠬᠠᠪᠴᠢ ᠪᠦᠰᠡ ᠵᠢ ᠲᠦᠷᠭᠡᠳᠬᠡᠨ ᠪᠠᠢᠭᠤᠯᠵᠤ᠂ ᠡᠯᠡᠰᠦᠨ ᠴᠥᠯ ᠤ᠋ᠨ ᠨᠣᠭᠣᠭᠠᠨ ᠪᠦᠷᠢᠳᠦ ᠶ᠋ᠢᠨ ᠠᠮᠢ ᠠᠬᠤᠢ ᠵᠢ ᠬᠠᠮᠠᠭᠠᠯᠠᠨ᠎ᠠ ; ᠶᠠᠪᠠᠷᠠᠢ ᠠᠭᠤᠯᠠ ᠶ᠋ᠢᠨ ᠭᠤᠷᠪᠠᠨ ᠶᠡᠬᠡ ᠰᠠᠯᠬᠢᠨ ᠤ᠋ ᠠᠮᠠ ᠪᠣᠯᠣᠨ ᠪᠠᠷᠠᠭᠤᠨ ᠲᠠᠯ᠎ᠠ ᠶ᠋ᠢᠨ ᠪᠠᠳᠠᠢ ᠶ᠋ᠢᠨ ᠵᠢᠷᠠᠨ ᠤ᠋ ᠡᠯᠡᠰᠦ ᠶ᠋ᠢᠨ ᠡᠮᠦᠨ᠎ᠡ ᠵᠠᠬ᠎ᠠ ᠵᠢᠴᠢ ᠡᠷᠬᠢᠨ ᠲᠣᠭᠣᠷᠢᠨ ᠤ᠋ ᠮᠤᠵᠢ ᠣᠷᠣᠨ ᠲᠠᠢ ᠵᠠᠬ᠎ᠠ ᠨᠡᠢᠯᠡᠵᠦ ᠪᠠᠢᠭ᠎ᠠ ᠭᠠᠵᠠᠷ ᠲᠦ᠍ ᠰᠠᠯᠬᠢ ᠡᠯᠡᠰᠦ ᠵᠢ ᠬᠣᠷᠢᠭ᠍ᠯᠠᠬᠤ ᠰᠡᠷᠭᠡᠢᠯᠡᠯᠲᠡ ᠶ᠋ᠢᠨ ᠱᠤᠭᠤᠮ ᠪᠠᠢᠭᠤᠯᠵᠤ ᠂ ᠡᠯᠡᠰᠦᠨ ᠴᠦᠯ ᠤ᠋ᠨ ᠥᠷᠭᠡᠳᠬᠦ ᠵᠢ ᠪᠥᠬᠥ ᠲᠠᠯ᠎ᠠ ᠪᠡᠷ ᠬᠢᠵᠠᠭᠠᠷᠯᠠᠨ᠎ᠠ; ᠪᠠᠳᠠᠢ ᠶ᠋ᠢᠨ ᠵᠢᠷᠠᠨ ᠪᠠ ᠲᠡᠭᠷᠢ ᠡᠯᠡᠰᠦ ᠵᠢᠨ ᠠᠭᠤᠯᠵᠠᠷ ᠭᠠᠵᠠᠷ ᠲᠦ᠍ ᠡᠯᠡᠰᠦᠨ ᠴᠦᠯ ᠢ᠋ ᠡᠮᠵᠢᠶᠡᠷᠢᠯᠡᠵᠦ ᠡᠯᠡᠰᠦ ᠵᠢ ᠲᠣᠭᠲᠠᠪᠤᠷᠢᠵᠢᠭᠤᠯᠬᠤ ᠣᠶ ᠡᠪᠡᠰᠤᠨ ᠤ᠋ ᠪᠦᠰᠡ ᠶ᠋ᠢᠨ ᠪᠦᠲᠦᠭᠡᠨ ᠪᠠᠢᠭᠤᠯᠤᠯᠲᠠ ᠪᠣᠯᠣᠨ ᠡᠯᠡᠰᠦ ᠰᠠᠯᠬᠢᠨ ᠤ᠋ ᠠᠮᠠ ᠶ᠋ᠢᠨ ᠵᠠᠰᠠᠯᠳᠠ ᠵᠢ ᠴᠢᠩᠭᠠᠳᠬᠠᠵᠦ ᠂ ᠬᠣᠶᠠᠷ ᠶᠡᠬᠡ ᠡᠯᠡᠰᠦ ᠵᠢ ᠰᠠᠯᠭᠠᠨ᠎ᠠ ᠃

ᠭᠤᠷᠪᠠᠨ ᠶᠡᠬᠡ ᠪᠡᠯᠬᠡ ᠲᠡᠮᠳᠡᠭ ᠤ᠋ᠨ ᠴᠢᠨᠠᠷᠳᠠᠢ ᠲᠠᠢᠯᠠᠯᠳᠤᠭᠠᠨ ᠢ᠋ ᠪᠦᠬᠦ ᠲᠠᠯ᠎ᠠ ᠪᠡᠷ ᠡᠬᠢᠯᠡᠬᠦᠯᠪᠡ
7 ᠰᠠᠷ᠎ᠠ ᠶ᠋ᠢᠨ ᠰᠡᠭᠦᠯᠴᠢ ᠪᠡᠷ ᠂ ᠤᠷᠳᠤᠰ ᠬᠤᠳᠠ ᠡᠩ ᠲᠡᠷᠢᠭᠦᠨ ᠳ᠋ᠤ ᠬᠠᠳᠤᠨ ᠭᠣᠣᠯ ᠤ᠋ᠨ《ᠶᠡᠬᠡ ᠲᠤᠬᠤᠢ》ᠶ᠋ᠢᠨ ᠪᠣᠭᠣᠮᠲᠠ ᠱᠢᠪᠲᠤᠯᠬᠤ ᠳᠠᠢᠯᠠᠯᠳᠤᠭᠠᠨ ᠢ᠋ ᠡᠬᠢᠯᠡᠭᠦᠯᠪᠡ ; 8 ᠰᠠᠷ᠎ᠠ ᠶ᠋ᠢᠨ 12 ᠤ᠋ᠨ ᠡᠳᠦᠷ ᠂ ᠤᠯᠠᠭᠠᠨᠬᠠᠳᠠ ᠬᠣᠲᠠ ᠬᠣᠷᠴᠢᠨ ᠤ᠋ ᠡᠯᠡᠰᠦᠷᠬᠡᠭ ᠭᠠᠵᠠᠷ ᠪᠣᠯᠤᠨ ᠬᠤᠯᠠᠨ ᠱᠢᠷᠭ᠎ᠠ ᠲᠠᠭ᠎ᠠ ᠶ᠋ᠢᠨ ᠡᠯᠡᠰᠦᠷᠬᠡᠭ ᠭᠠᠵᠠᠷ ᠤ᠋ᠨ ᠰᠦᠨᠦᠭᠡᠯᠲᠡ ᠶ᠋ᠢᠨ ᠳᠠᠢᠯᠠᠯᠳᠤᠭᠠᠨ ᠤ᠋《ᠠᠩᠬᠠᠨ ᠤ᠋ ᠫᠤᠤ》 ᠵᠢ ᠲᠠᠯᠪᠢᠪᠠ ; 11 ᠰᠠᠷ᠎ᠠ ᠶ᠋ᠢᠨ ᠡᠬᠢ ᠪᠡᠷ ᠂ ᠥᠪᠡᠷᠲᠡᠭᠡᠨ ᠵᠠᠰᠠᠬᠤ ᠣᠷᠣᠨ ᠾᠧ ᠰᠢ ᠶ᠋ᠢᠨ ᠬᠣᠩᠭᠢᠯ — ᠲᠠᠺᠯᠢᠮᠠᠺᠠᠨ ᠡᠯᠡᠰᠦᠨ ᠴᠥᠯ ᠤ᠋ᠨ ᠬᠥᠪᠡᠭᠡ ᠳᠠᠭᠠᠤ ᠶ᠋ᠢᠨ ᠬᠤᠷᠢᠭᠯᠠᠯᠲᠠ ᠶ᠋ᠢᠨ ᠳᠠᠢᠯᠠᠯᠳᠤᠭᠠᠨ ᠢ᠋ ᠡᠬᠢᠯᠡᠭᠦᠯᠪᠡ ᠃

ᠬᠠᠮᠲᠤᠷᠠᠨ ᠰᠡᠷᠭᠡᠢᠯᠡᠵᠦ ᠬᠠᠮᠲᠤᠷᠠᠨ ᠵᠠᠰᠠᠵᠤ ᠲᠠᠢᠯᠠᠯᠲᠤᠭᠠᠨ ᠤ ᠬᠠᠮᠳᠤᠷᠠᠯ ᠬᠦᠴᠦᠨ ᠢ᠋ ᠨᠢᠭᠳᠠᠷᠠᠭᠤᠯᠪᠠ
ᠥᠪᠥᠷ ᠮᠣᠩᠭᠣᠯ ᠪᠣᠯᠣᠨ ᠭᠠᠨᠰᠤ ᠮᠤᠵᠢ ᠶ᠋ᠢᠨ ᠣᠶ ᠰᠢᠭᠤᠢ ᠪᠠ ᠨᠤᠲᠤᠭ ᠪᠡᠯᠴᠢᠭᠡᠷ ᠤ᠋ᠨ ᠲᠣᠪᠴᠢᠶ᠎ᠠ ᠬᠠᠮᠲᠤᠷᠠᠨ ᠰᠡᠷᠭᠡᠢᠯᠡᠵᠦ ᠬᠠᠮᠲᠤᠷᠠᠨ ᠵᠠᠰᠠᠬᠤ ᠬᠠᠮᠲᠤᠷᠠᠯᠴᠠᠭᠠᠨ ᠤ᠋ ᠪᠦᠳᠦᠭᠦᠪᠴᠢ ᠬᠡᠯᠡᠯᠴᠡᠭᠡᠷ ᠲᠣᠭᠲᠠᠵᠤ ᠂ ᠬᠠᠲᠤᠨ ᠭᠣᠣᠯ ᠤ᠋ᠨ 《ᠶᠡᠬᠡ ᠲᠣᠬᠣᠢ》 ᠶ᠋ᠢᠨ ᠪᠣᠭᠣᠮᠲᠠ ᠰᠢᠪᠲᠤᠯᠬᠤ ᠳᠠᠢᠯᠠᠯᠳᠤᠭᠠᠨ ᠪᠣᠯᠣᠨ ᠾᠧ ᠰᠢ ᠶ᠋ᠢᠨ ᠬᠣᠩᠭᠢᠯ — ᠲᠠᠺᠯᠢᠮᠠᠺᠠᠨ ᠡᠯᠡᠰᠦᠨ ᠴᠥᠯ ᠤ᠋ᠨ ᠬᠥᠪᠡᠭᠡ ᠳᠠᠭᠠᠤ ᠶ᠋ᠢᠨ ᠬᠣᠷᠢᠭ᠍ᠯᠠᠯᠳᠠ ᠶ᠋ᠢᠨ ᠳᠠᠢᠯᠠᠯᠳᠤᠭᠠᠨ ᠢ᠋ ᠪᠥᠬᠥ ᠬᠦᠴᠦᠨ ᠢ᠋ᠶ᠋ᠡᠷ ᠢ᠋ᠶ᠋ᠡᠨ ᠰᠠᠢᠲᠤᠷ ᠬᠢᠵᠤ ᠪᠠᠢᠨ᠎ᠠ; ᠱᠠᠨᠰᠢ ᠭᠠᠨᠰᠤ ᠨᠢᠩᠰᠢᠶᠠ ᠭᠤᠷᠪᠠᠨ ᠮᠤᠵᠢ ᠲᠠᠢ ᠬᠠᠮᠲᠤᠷᠠᠨ ᠮᠤᠤᠠᠤᠰᠤ ᠵᠢᠨ ᠡᠯᠡᠰᠦᠷᠬᠡᠭ ᠭᠠᠵᠠᠷ ᠤ᠋ᠨ ᠬᠠᠮᠲᠤᠷᠠᠨ ᠰᠡᠷᠭᠡᠢᠯᠡᠵᠦ ᠬᠠᠮᠲᠤᠷᠠᠨ ᠵᠠᠰᠠᠬᠤ ᠪᠦᠳᠦᠬᠦᠪᠴᠢ ᠬᠠᠮᠲᠤᠷᠠᠯᠴᠠᠭᠠᠨ ᠤ᠋ ᠵᠥᠪᠯᠡᠯᠴᠡᠭᠡᠷ ᠲᠣᠭᠲᠠᠵᠤ ᠂ ᠬᠠᠮᠵᠢᠯᠴᠠᠨ ᠵᠠᠰᠠᠬᠤ ᠰᠢᠨ᠎ᠡ ᠪᠠᠢᠷᠢᠰᠢᠯ ᠢ᠋ ᠪᠦᠷᠢᠯᠳᠦᠭᠦᠯᠵᠤ ᠪᠠᠢᠨ᠎ᠠ ᠃
ᠡᠯᠪᠡᠭ ᠲᠡᠯᠪᠡᠭ ᠠᠮᠵᠢᠯᠳᠠ ᠪᠦᠳᠦᠮᠵᠢ ᠤᠯᠪᠠ
ᠥᠪᠥᠷ ᠮᠤᠨᠭᠭᠤᠯ ᠤᠨ ᠥᠪᠡᠷᠲᠡᠬᠡᠨ ᠵᠠᠰᠠᠬᠤ ᠣᠷᠣᠨ ᠳ᠋ᠦ ᠄
● 2023 ᠣᠨ ᠤ᠋ 6 ᠰᠠᠷ᠎ᠠ ᠡᠴᠡ ᠨᠠᠭᠠᠰᠢ ᠂ ᠪᠥᠬᠥ᠌ ᠣᠷᠣᠨ ᠳ᠋ᠦ ᠡᠳᠦᠷ ᠪᠦᠷᠢ ᠳᠤᠮᠳᠠᠴᠢ ᠪᠡᠷ 1.7 ᠲᠦᠮᠡᠨ ᠮᠥ᠍ ᠮᠣᠳᠣ ᠳᠠᠷᠢᠵᠤ ᠤᠢᠵᠢᠭᠤᠯᠤᠨ ᠂ 8.8 ᠲᠦᠮᠡᠨ ᠮᠥ᠍ ᠡᠪᠡᠰᠦ ᠳᠠᠷᠢᠵᠤ ᠂ 4.3 ᠲᠦᠮᠡᠨ ᠮᠥ᠍ ᠵᠢᠨ ᠡᠯᠡᠰᠦᠷᠬᠡᠭᠵᠢᠯ ᠢ᠋ ᠰᠡᠷᠭᠡᠢᠯᠡᠨ ᠡᠯᠡᠰᠦ ᠵᠢ ᠵᠠᠰᠠᠪᠠ᠃
ᠭᠤᠷᠪᠠᠨ ᠶᠡᠬᠡ ᠪᠡᠯᠬᠡ ᠲᠡᠮᠳᠡᠭ ᠤ᠋ᠨ ᠴᠢᠨᠠᠷᠳᠠᠢ ᠲᠠᠢᠯᠠᠯᠳᠤᠭᠠᠨ ᠤ᠋ ᠤᠷᠤᠨ ᠳ᠋ᠤ᠄
● ᠬᠠᠲᠤᠨ ᠭᠤᠤᠯ ᠤ᠋ᠨ《ᠶᠡᠬᠡ ᠲᠤᠬᠤᠢ》ᠶ᠋ᠢᠨ ᠪᠣᠭᠣᠮᠲᠠ ᠱᠢᠪᠲᠤᠯᠬᠤ ᠳᠠᠢᠯᠠᠯᠳᠤᠭᠠᠨ ᠤ᠋ ᠣᠷᠣᠨ ᠳ᠋ᠦ ᠂ ᠣᠷᠳᠣᠰ ᠬᠣᠲᠠ 3 ᠳ᠋ᠦᠩᠱᠢᠭᠤᠷ ᠲᠥᠭᠥᠷᠢᠭ ᠤ᠋ᠨ ᠢᠵᠢ ᠪᠦᠷᠢᠳᠦᠭᠦᠯᠬᠦ᠌ ᠪᠠᠯᠠ ᠮᠥᠩᠭᠥ᠌ ᠲᠣᠬᠢᠷᠠᠭᠤᠯᠵᠤ ᠂ ᠡᠯᠡᠰᠦᠨ ᠬᠠᠯᠬᠠᠪᠴᠢ ᠪᠤᠰᠬᠠᠬᠤ ᠂ ᠡᠪᠡᠰᠦ ᠮᠣᠳᠣ ᠳᠠᠷᠢᠬᠤ ᠂ ᠭᠡᠷᠡᠯᠴᠢ ᠴᠡᠨᠡᠭ ᠶ᠋ᠢᠡᠷ ᠡᠯᠡᠰᠦ ᠵᠢ ᠵᠠᠰᠠᠬᠤ ᠵᠡᠷᠭᠡ ᠠᠷᠭ᠎ᠠ ᠬᠡᠮᠵᠢᠶ᠎ᠡ ᠪᠡᠷ ᠳᠠᠮᠵᠢᠨ ᠡᠳᠦᠷ ᠪᠦᠷᠢ ᠳᠤᠮᠳᠠᠴᠢ ᠪᠡᠷ 1 ᠲᠦᠮᠡᠨ ᠮᠦ᠍ ᠡᠯᠡᠰᠤ ᠮᠠᠩᠬ᠎ᠠ ᠵᠢ ᠵᠠᠰᠠᠪᠠ ᠃
● ᠬᠣᠷᠴᠢᠨ ᠤ᠋ ᠡᠯᠡᠰᠦᠷᠬᠡᠭ ᠭᠠᠵᠠᠷ ᠪᠣᠯᠤᠨ ᠬᠤᠯᠠᠨ ᠱᠢᠷᠭ᠎ᠠ ᠲᠠᠭ᠎ᠠ ᠶ᠋ᠢᠨ ᠡᠯᠡᠰᠦᠷᠬᠡᠭ ᠭᠠᠵᠠᠷ ᠤ᠋ᠨ ᠰᠦᠨᠦᠭᠡᠯᠲᠡ ᠶ᠋ᠢᠨ ᠳᠠᠢᠯᠠᠯᠳᠤᠭᠠᠨ ᠤ᠋ ᠣᠷᠣᠨ ᠳ᠋ᠦ ᠂ ᠲᠦᠩᠯᠢᠶᠣᠤ ᠬᠣᠲᠠ《ᠲᠠᠪᠤᠨ ᠮᠢᠩᠭᠠᠨ ᠲᠦᠮᠡᠨ ᠮᠦ᠍》 ᠶ᠋ᠢᠨ ᠢᠨᠵᠧᠨᠧᠷᠢᠩ ᠢ᠋ ᠬᠡᠷᠡᠭ᠌ᠵᠢᠭᠦᠯᠵᠤ ᠂ ᠤᠯᠠᠭᠠᠨᠬᠠᠳᠠ ᠬᠣᠲᠠ ᠣᠩᠨᠢᠭᠤᠳ ᠬᠣᠱᠢᠭᠤᠨ ᠳ᠋ᠦ ᠠᠵᠢᠯ ᠣᠯᠭᠣᠬᠤ ᠪᠡᠷ ᠲᠡᠳᠬᠦᠮᠵᠢ ᠵᠢ ᠣᠷᠣᠯᠠᠭᠤᠯᠬᠤ ᠲᠤᠷᠱᠢᠯᠲᠠ ᠦᠷᠨᠢᠬᠦᠯᠤᠨ ᠣᠯᠠᠨ ᠲᠦᠮᠡᠨᠦ ᠡᠯᠡᠰᠦᠷᠬᠡᠭ᠌ᠵᠢᠯ ᠢ᠋ ᠰᠡᠷᠭᠡᠢᠯᠡᠨ ᠡᠯᠡᠰᠦ ᠵᠢ ᠵᠠᠰᠠᠬᠤ ᠳ᠋ᠦ ᠣᠷᠣᠯᠴᠠᠬᠤ ᠢᠳᠡᠪᠬᠢᠵᠢᠯ ᠢ᠋ ᠭᠦᠶ᠋ᠴᠡᠳ ᠳᠠᠢᠴᠢᠯᠠᠪᠠ᠃
● ᠾᠧ ᠰᠢ ᠶ᠋ᠢᠨ ᠬᠣᠩᠭᠢᠯ — ᠲᠠᠺᠯᠢᠮᠠᠺᠠᠨ ᠡᠯᠡᠰᠦᠨ ᠴᠥᠯ ᠤ᠋ᠨ ᠬᠥᠪᠡᠭᠡ ᠳᠠᠭᠠᠤ ᠶ᠋ᠢᠨ ᠬᠤᠷᠢᠭᠯᠠᠯᠲᠠ ᠶ᠋ᠢᠨ ᠳᠠᠢᠯᠠᠯᠳᠤᠭᠠᠨ ᠤ᠋ ᠣᠷᠣᠨ ᠳ᠋ᠦ ᠂ ᠪᠠᠳᠠᠢ ᠶ᠋ᠢᠨ ᠵᠢᠷᠠᠨ ᠪᠣᠯᠤᠨ ᠲᠩᠷᠢ ᠡᠯᠡᠰᠦ ᠵᠢᠨ ᠬᠦᠪᠡᠬᠡ ᠵᠠᠬ᠎ᠠ ᠵᠢ ᠡᠮᠵᠢᠶᠡᠷᠢᠯᠡᠬᠦ ᠤᠢ ᠡᠪᠡᠰᠤᠨ ᠤ᠋ ᠪᠦᠰᠡ ᠵᠢ ᠪᠦᠳᠦᠭᠡᠨ ᠪᠠᠢᠭᠤᠯᠬᠤ ᠳ᠋ᠦ ᠠᠩᠬᠠᠷᠤᠯ ᠶ᠋ᠢᠡᠨ ᠲᠥᠪᠯᠡᠷᠡᠭᠦᠯᠵᠦ᠍ ᠂ ᠡᠯᠡᠰᠦᠨ ᠴᠦᠯ ᠤ᠋ᠨ ᠵᠡᠭᠦᠨᠰᠢ ᠲᠦᠷᠢᠨ ᠡᠮᠦᠨᠡᠰᠢ ᠱᠢᠯᠵᠢᠬᠦ᠌ ᠵᠢ ᠬᠣᠷᠢᠭ᠍ᠯᠠᠵᠤ ᠂ 《ᠲᠠᠪᠤᠨ ᠶᠡᠬᠡ ᠳᠠᠢᠯᠠᠯᠳᠤᠭᠠᠨ》 ᠢ᠋ᠪᠠᠢᠷᠢᠱᠢᠭᠤᠯᠪᠠ᠃
ᠡᠯᠡᠰᠦ ᠵᠢ ᠵᠠᠰᠠᠬᠰᠠᠨ ᠲᠤᠷᠰᠢᠯᠭ᠎ᠠ
ᠬᠥᠪᠴᠢ ᠶ᠋ᠢᠨ ᠵᠠᠭᠪᠤᠷ ᠄ 70 ᠭᠠᠷᠤᠢ ᠵᠢᠯ ᠤ᠋ᠨ ᠡᠯᠡᠰᠦᠷᠬᠡᠭᠵᠢᠯ ᠢ᠋ ᠰᠡᠷᠭᠡᠢᠯᠡᠨ ᠡᠯᠡᠰᠦ ᠵᠢ ᠵᠠᠰᠠᠬᠤ ᠦᠢᠯᠡᠳᠦᠯᠭᠡ ᠳᠤᠮᠳᠠ ᠂ ᠣᠷᠳᠣᠰ ᠬᠣᠲᠠ《ᠨᠠᠮ ᠤ᠋ᠨ ᠬᠣᠷᠢᠶ᠎ᠠ ᠵᠠᠰᠠᠭ ᠤ᠋ᠨ ᠣᠷᠳᠣᠨ ᠲᠥᠷᠥ ᠶ᠋ᠢᠨ ᠪᠣᠳᠣᠯᠭ᠎ᠠ ᠶ᠋ᠢᠨ ᠴᠢᠨᠠᠷᠲᠠᠢ ᠪᠡᠷ ᠭᠣᠣᠯᠯᠠᠨ ᠤᠳᠤᠷᠢᠳᠬᠤ ᠂ ᠠᠵᠤ ᠠᠬᠤᠢᠯᠠᠯ ᠠᠵᠤ ᠤᠢᠯᠡᠰᠵᠢᠬᠦᠯᠦᠨ ᠪᠡᠯᠡ ᠣᠷᠣᠭᠤᠯᠬᠤ ᠂ ᠮᠠᠯᠴᠢᠨ ᠲᠠᠷᠢᠶᠠᠴᠢᠨ ᠵᠠᠬ᠎ᠠ ᠳᠡᠯᠭᠡᠭᠦᠷᠴᠢᠯᠡᠨ ᠣᠷᠣᠯᠴᠠᠬᠤ ᠂ ᠰᠢᠨᠵᠢᠯᠡᠬᠦ ᠤᠬᠠᠭᠠᠨ ᠲᠧᠭ᠌ᠨᠢᠭ᠌ ᠮᠡᠷᠭᠡᠵᠢᠯ ᠤ᠋ᠨ ᠦᠷᠭᠦᠯᠵᠢᠯᠡᠭᠰᠡᠨ ᠰᠢᠨ᠎ᠡ ᠵᠢ ᠡᠭᠦᠳᠬᠦ》 ᠬᠥᠪᠴᠢ ᠶ᠋ᠢᠨ ᠵᠠᠭᠪᠤᠷ ᠢ᠋ ᠰᠦᠪᠡᠭᠴᠢᠯᠡᠵᠦ ᠭᠠᠷᠭᠠᠪᠠ ᠃

ᠬᠥᠪᠴᠢ ᠵᠢᠨ ᠡᠯᠡᠰᠤ ᠶᠢ ᠲᠤᠭᠤᠯᠤᠬᠰᠠᠨ ᠵᠠᠰᠠᠮᠠᠯ ᠵᠠᠮ
ᠳ᠋ᠧᠩᠺᠸᠤ ᠵᠢᠨ ᠵᠠᠭᠪᠤᠷ ᠄ ᠳ᠋ᠧᠩᠺᠸᠤ ᠰᠢᠶᠠᠨ ᠤ᠋ ᠦᠶ᠎ᠡ ᠦᠶ᠎ᠡ ᠶ᠋ᠢᠨ ᠦᠨᠳᠦᠰᠦᠲᠡᠨ ᠨᠤᠭᠦᠳ ᠤ᠋ᠨ ᠤᠯᠠᠨ ᠲᠦᠮᠡᠨ ᠬᠦᠴᠢᠷ ᠪᠡᠷᠬᠡᠰᠢᠶᠡᠯ ᠡᠴᠡ ᠦᠯᠦ ᠰᠦᠷᠳᠡᠨ ᠂ ᠤᠯᠠᠭᠠᠨᠪᠤᠬ᠎ᠠ ᠵᠢᠨ ᠡᠯᠡᠰᠦ ᠵᠦᠭ ᠡᠷᠡᠰ ᠭᠤᠢᠪᠢᠰᠢ ᠦᠭᠡᠢ ᠤᠷᠤᠭᠰᠢᠯᠠᠵᠤ ᠂ ᠰᠠᠯᠬᠢ ᠡᠯᠡᠰᠦ ᠲᠠᠢ ᠲᠡᠮᠡᠴᠡᠨ᠂ ᠭᠡᠷ ᠣᠷᠣᠨ ᠢ᠋ᠶ᠋ᠠᠨ ᠬᠠᠮᠠᠭᠠᠯᠠᠵᠤ ᠂ ᠬᠥᠭᠵᠢᠯᠲᠡ ᠵᠢ ᠡᠷᠢᠯᠬᠢᠯᠡᠨ ᠂ 《ᠨᠢᠭᠡ ᠵᠦᠢᠯ ᠤ᠋ᠨ ᠵᠣᠷᠢᠭ᠋ ᠰᠠᠨᠠᠭᠠᠨ ᠤ᠋ ᠤᠯᠠᠮᠵᠢᠯᠠᠯ ᠂ ᠬᠥᠬᠡᠮᠳᠦᠭ ᠨᠣᠭᠣᠭᠠᠨ ᠠᠭᠤᠯᠠ ᠤᠰᠤ ᠪᠣᠯ ᠠᠯᠲᠠ ᠮᠥᠩᠭᠥᠨ ᠠᠭᠤᠯᠠ ᠮᠥᠨ ᠬᠡᠬᠥ ᠣᠢᠯᠠᠭᠠᠭᠳᠠᠬᠤᠨ ᠢ᠋ᠶ᠋ᠠᠷ ᠬᠥᠲᠥᠯᠥᠨ ᠳᠠᠭᠠᠭᠤᠯᠬᠤ ᠂ ᠭᠤᠷᠪᠠᠨ ᠦᠶ᠎ᠡ ᠪᠡᠷ ᠢ᠋ᠶ᠋ᠡᠨ ᠠᠰᠢᠭ᠋ ᠬᠦᠷᠳᠡᠨ ᠬᠥᠭᠵᠢᠬᠦ ᠂ ᠳᠦᠷᠪᠡᠨ ᠲᠠᠯ᠎ᠠ ᠶ᠋ᠢᠨ ᠭᠣᠣᠯ ᠴᠣᠭᠴᠠ ᠣᠷᠣᠯᠴᠠᠬᠤ ᠂ ᠲᠠᠪᠤᠨ ᠣᠷᠣᠨ ᠪᠦᠰᠡ ᠪᠡᠷ ᠰᠢᠰᠲᠧᠮ ᠲᠠᠢ ᠵᠠᠰᠠᠬᠤ》 ᠡᠯᠡᠰᠦᠷᠬᠡᠭᠵᠢᠯ ᠢ᠋ ᠰᠡᠷᠭᠡᠢᠯᠡᠵᠦ ᠡᠯᠡᠰᠦ ᠵᠢ ᠵᠠᠰᠠᠬᠤ ᠳ᠋ᠧᠩᠺᠸᠤ ᠵᠢᠨ ᠵᠠᠭᠪᠤᠷ ᠢ᠋ ᠪᠦᠷᠢᠯᠳᠦᠭᠦᠯᠵᠡᠢ ᠃
ᠵᠠᠮ ᠨᠡᠪᠳᠡᠷᠡᠬᠦᠯᠵᠤ ᠡᠯᠡᠰᠦ ᠵᠢ ᠵᠠᠰᠠᠬᠤ ᠵᠠᠭᠪᠤᠷ ᠄ 2003 ᠣᠨ ᠡᠴᠡ ᠣᠲᠣᠬᠠᠨ ᠪᠣᠯᠲᠠᠯ᠎ᠠ ᠂ ᠤᠯᠠᠭᠠᠨᠬᠠᠳᠠ ᠬᠣᠲᠠ ᠶ᠋ᠢᠨ ᠣᠩᠨᠢᠭᠤᠳ ᠬᠣᠰᠢᠭᠤ ᠤᠷᠢᠳ ᠬᠣᠵᠢᠳ 13 ᠵᠤᠷᠪᠤᠰ ᠡᠯᠡᠰᠦ ᠵᠢ ᠳᠤᠭᠤᠯᠤᠭᠰᠠᠨ ᠵᠠᠰᠠᠮᠠᠯ ᠵᠠᠮ ᠢ᠋ ᠵᠠᠰᠠᠨ ᠨᠡᠪᠳᠡᠷᠡᠬᠦᠯᠵᠦ ᠂ ᠣᠩᠨᠢᠭᠤᠳ ᠬᠣᠰᠢᠭᠤᠨ ᠤ᠋ ᠬᠡᠪᠴᠢᠶᠡᠨ ᠳᠣᠲᠣᠷᠠᠬᠢ ᠬᠣᠷᠴᠢᠨ ᠤ᠋ ᠡᠯᠡᠰᠦᠷᠬᠡᠭ ᠭᠠᠵᠠᠷ ᠢ᠋ ᠡᠳᠦᠢ ᠲᠡᠳᠦᠢ ᠠᠮᠢ ᠠᠬᠤᠢ ᠶ᠋ᠢᠨ ᠵᠠᠰᠠᠯᠲᠠ ᠶ᠋ᠢᠨ ᠣᠷᠣᠨ ᠪᠣᠯᠭᠠᠨ ᠬᠡᠰᠡᠭᠯᠡᠵᠦ ᠂ ᠡᠯᠡᠰᠦ ᠵᠢ ᠵᠠᠰᠠᠬᠤ ᠡᠳ᠋ ᠪᠠᠷᠠᠭ᠎ᠠ ᠂ ᠵᠠᠰᠠᠯᠳᠠ ᠵᠢᠨ ᠠᠷᠭ᠎ᠠ ᠬᠡᠮᠵᠢᠶ᠎ᠡ ᠶ᠋ᠢᠨ ᠡᠯᠡᠰᠦ ᠮᠠᠩᠬᠠᠨ ᠤ᠋ ᠥᠷᠥᠴᠡᠨ ᠳ᠋ᠤ ᠣᠷᠣᠬᠤ ᠳ᠋ᠦ ᠲᠥᠬᠥᠮ ᠪᠣᠯᠭᠠᠭᠰᠠᠨ ᠢ᠋ᠶ᠋ᠠᠷ ᠪᠠᠷᠠᠬᠤ ᠦᠭᠡᠢ ᠂ ᠡᠯᠡᠰᠦᠷᠬᠡᠭ ᠣᠷᠣᠨ ᠤ᠋ ᠬᠥᠭᠵᠢᠯᠲᠡ ᠶ᠋ᠢᠨ ᠵᠠᠮ ᠢ᠋ ᠴᠤ᠌ ᠨᠡᠪᠲᠡᠷᠡᠭᠦᠯᠪᠡ ᠃

ᠤᠨᠭᠨᠢᠭᠤᠳ ᠬᠤᠰᠢᠭᠤᠨ ᠤ ᠡᠯᠡᠰᠤ ᠶᠢ ᠲᠤᠭᠤᠯᠤᠬᠰᠠᠨ ᠵᠠᠰᠠᠮᠠᠯ ᠵᠠᠮ
ᠭᠡᠷ ᠪᠦᠯᠢ ᠶ᠋ᠢᠨ ᠣᠶ ᠰᠢᠭᠤᠢ ᠶ᠋ᠢᠨ ᠲᠠᠯᠠᠪᠠᠶ ᠶ᠋ᠢᠨ ᠵᠠᠭᠪᠤᠷ ᠄ ᠣᠷᠳᠣᠰ ᠵᠡᠷᠭᠡ ᠭᠠᠵᠠᠷ ᠤ᠋ᠨ ᠬᠡᠷᠡᠭᠵᠢᠭᠦᠯᠦᠭᠰᠡᠨ ᠮᠠᠯᠵᠢᠬᠤ ᠲᠠᠷᠢᠶᠠᠯᠠᠬᠤ ᠡᠷᠦᠬᠡ ᠡᠯᠡᠰᠦᠨ ᠨᠤᠳᠤᠭ ᠢ᠋ ᠳᠠᠭᠠᠭᠠᠴᠢᠯᠠᠨ ᠵᠠᠰᠠᠬᠤ ᠂ ᠭᠡᠷ ᠪᠦᠯᠢ ᠶ᠋ᠢᠨ ᠳᠠᠭᠠᠭᠠᠴᠢᠯᠠᠯᠲᠠ ᠪᠡᠷ ᠠᠮᠢ ᠠᠬᠤᠢ ᠶ᠋ᠢᠨ ᠵᠠᠰᠠᠯᠲᠠ ᠶ᠋ᠢᠨ ᠲᠥᠷᠥᠯ ᠵᠦᠢᠯ ᠢ᠋ ᠣᠷᠣᠯᠠᠭᠤᠯᠬᠤ ᠶ᠋ᠢᠨ ᠬᠠᠮᠲᠤ ᠂ ᠳᠠᠭᠠᠭᠠᠴᠢᠯᠠᠭᠰᠠᠨ ᠡᠷᠦᠬᠡ ᠳ᠋ᠦ ᠰᠡᠷᠭᠦᠭᠡᠨ ᠵᠠᠰᠠᠬᠤ ᠨᠥᠬᠥᠪᠦᠷᠢ ᠂ ᠨᠤᠳᠤᠭ ᠪᠡᠯᠴᠢᠭᠡᠷ ᠢ᠋ ᠰᠡᠷᠭᠦᠬᠡᠬᠦ ᠨᠥᠬᠥᠪᠦᠷᠢ ᠂ ᠲᠠᠷᠢᠶᠠᠯᠠᠩ ᠤ᠋ᠨ ᠮᠠᠰᠢᠨ ᠬᠤᠳᠠᠯᠳᠤᠨ ᠠᠪᠬᠤ ᠨᠦᠬᠦᠪᠦᠷᠢ ᠦᠭᠬᠦ ᠵᠡᠷᠭᠡ ᠵᠣᠷᠢᠭ᠍ᠵᠢᠭᠤᠯᠤᠯᠤᠨ ᠠᠷᠭ᠎ᠠ ᠬᠡᠮᠵᠢᠶ᠎ᠡ ᠭᠠᠷᠭᠠᠵᠦ ᠂ ᠮᠠᠯᠴᠢᠨ ᠲᠠᠷᠢᠶᠠᠴᠢᠨ ᠤ᠋ ᠢᠳᠡᠪᠬᠢᠵᠢᠯ ᠢ᠋ ᠪᠦᠲᠦᠮᠵᠢᠲᠡᠶ ᠳᠠᠢᠴᠢᠯᠠᠪᠠ ᠃
ᠬᠡᠷᠡᠯᠴᠢ ᠴᠡᠨᠡᠭ ᠢ᠋ᠶ᠋ᠡᠷ ᠡᠯᠡᠰᠦ ᠵᠢ ᠵᠠᠰᠠᠬᠤ ᠵᠠᠭᠪᠤᠷ ᠄ ᠥᠪᠥᠷ ᠮᠣᠩᠭᠣᠯ ᠨᠡᠷᠡᠨ ᠡᠨᠧᠷᠭᠢ ᠶ᠋ᠢᠨ ᠬᠡᠷᠡᠯᠴᠢ ᠴᠡᠨᠡᠭ ᠤ᠋ᠨ ᠬᠠᠪᠲᠠᠰᠤ ᠪᠡᠷ ᠴᠠᠬᠢᠯᠭᠠᠨ ᠭᠠᠷᠭᠠᠬᠤ ᠂ ᠬᠠᠪᠲᠠᠰᠤᠨ ᠲᠤᠤᠷ᠎ᠠ ᠰᠠᠯᠬᠢ ᠵᠢ ᠬᠠᠯᠬᠠᠯᠠᠵᠤ ᠡᠯᠡᠰᠦ ᠵᠢ ᠲᠣᠭᠲᠠᠪᠤᠷᠢᠵᠢᠭᠤᠯᠬᠤ ᠤᠷᠭᠤᠮᠠᠯ ᠳᠠᠷᠢᠬᠤ ᠂ ᠬᠠᠪᠲᠠᠰᠤᠨ ᠤ᠋ ᠬᠣᠭᠣᠷᠣᠨᠳᠤᠬᠢ ᠭᠠᠵᠠᠷ ᠲᠦ᠍ ᠮᠠᠯ ᠵᠢᠬᠦᠷᠳᠡᠨ ᠲᠠᠵᠢᠬᠡᠬᠦ ᠪᠡᠷ ᠳᠠᠮᠵᠢᠨ ᠠᠮᠢ ᠠᠬᠤᠢ ᠂ ᠦᠢᠯᠡᠳᠪᠦᠷᠢᠯᠡᠯ ᠂ ᠠᠮᠢᠳᠤᠷᠠᠯ ᠤ᠋ᠨ ᠭᠤᠷᠮᠤᠰᠤᠨ ᠠᠰᠢᠭ᠋ ᠭᠥᠷᠳᠡᠬᠦ ᠪᠠᠢᠳᠠᠯ ᠢ᠋ ᠪᠣᠶ ᠪᠣᠯᠭᠠᠪᠠ ᠃ 2023 ᠣᠨ ᠤ᠋ ᠰᠡᠬᠦᠯᠴᠢ ᠪᠣᠯᠲᠠᠯ᠎ᠠ ᠂ ᠪᠥᠬᠥ ᠣᠷᠣᠨ ᠤ᠋ ᠬᠡᠷᠡᠯᠴᠢ ᠴᠡᠨᠡᠭ ᠢ᠋ᠶ᠋ᠡᠷ ᠡᠯᠡᠰᠦ ᠵᠢ ᠵᠠᠰᠠᠬᠤ ᠮᠠᠰᠢᠨ ᠴᠣᠭᠴᠠᠯᠠᠪᠤᠷᠢ ᠶ᠋ᠢᠨ ᠶᠡᠷᠦᠩᠬᠡᠢ ᠬᠡᠪᠴᠢᠶ᠎ᠡ 800 ᠲᠦᠮᠡᠨ ᠺᠢᠯᠦᠸᠠᠲ ᠢ᠋ ᠳᠠᠪᠠᠵᠤ ᠂ ᠡᠯᠡᠰᠦ ᠵᠢ ᠵᠠᠰᠠᠭᠰᠠᠨ ᠲᠠᠯᠠᠪᠠᠶ ᠨᠢ 28 ᠲᠦᠮᠡᠨ ᠮᠦ᠍ ᠵᠢ ᠳᠠᠪᠠᠪᠠ ᠃
ᠢᠨᠵᠧᠨᠧᠷᠢᠩ ᠢ᠋ᠶ᠋ᠡᠷ ᠡᠯᠡᠰᠦ ᠵᠢ ᠲᠣᠭᠲᠠᠪᠤᠷᠢᠵᠢᠭᠤᠯᠬᠤ ᠄ ᠡᠯᠡᠰᠤᠨ ᠬᠠᠯᠬᠠᠪᠴᠢ ᠪᠤᠰᠬᠠᠬᠤ ᠂ ᠪᠥᠭᠡᠭᠡᠨᠡᠷᠡᠯ ᠡᠲᠧᠨ ᠲᠣᠣᠷ ᠢ᠋ᠶ᠋ᠡᠷ ᠡᠯᠡᠰᠦ ᠵᠢ ᠲᠣᠭᠲᠠᠪᠤᠷᠢᠵᠢᠭᠤᠯᠬᠤ ᠵᠡᠷᠭᠡ ᠠᠷᠭ᠎ᠠ ᠬᠡᠯᠪᠡᠷᠢ ᠪᠡᠷ ᠳᠠᠮᠵᠢᠨ ᠡᠯᠡᠰᠤ ᠰᠠᠯᠬᠢᠨ ᠤ᠋ ᠴᠢᠭᠯᠡᠯ ᠪᠠ ᠬᠦᠴᠦ ᠵᠢ ᠡᠵᠡᠮᠳᠡᠵᠦ ᠂ ᠰᠠᠯᠬᠢᠨ ᠳ᠋ᠦ ᠢᠳᠡᠭᠳᠡᠬᠦ ᠪᠠᠢᠳᠠᠯ ᠢ᠋ ᠬᠤᠪᠢᠷᠠᠭᠤᠯᠬᠤ ᠶ᠋ᠢᠨ ᠬᠠᠮᠲᠤ ᠭᠠᠩ ᠳ᠋ᠦ ᠲᠡᠰᠪᠦᠷᠢᠳᠡᠢ ᠤᠷᠭᠤᠮᠠᠯ ᠳᠠᠷᠢᠵᠤ᠂ ᠵᠠᠰᠠᠯᠲᠠ ᠶ᠋ᠢᠨ ᠣᠷᠣᠨ ᠤ᠋ ᠤᠷᠭᠤᠮᠠᠯ ᠤ᠋ᠨ ᠬᠤᠴᠢᠯᠭ᠎ᠠ ᠶ᠋ᠢᠨ ᠪᠦᠷᠬᠦᠴᠡ ᠵᠢ ᠳᠡᠭᠡᠭᠰᠢᠯᠡᠭᠦᠯᠵᠡᠢ᠃
ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢ᠋ᠶ᠋ᠡᠷ ᠡᠯᠡᠰᠦ ᠵᠢ ᠵᠠᠰᠠᠬᠤ ᠄ ᠦᠷ᠎ᠡ ᠵᠢ ᠰᠠᠢᠵᠢᠷᠠᠭᠤᠯᠬᠤ ᠂ ᠤᠰᠤ ᠠᠷᠪᠢᠯᠠᠨ ᠭᠠᠩ ᠬᠠᠭᠰᠠᠷᠠᠭᠠᠨ ᠲᠠᠢ ᠲᠡᠮᠡᠴᠡᠬᠦ ᠂ ᠡᠯᠡᠰᠦ ᠵᠢ ᠪᠢᠲᠡᠭᠦᠮᠵᠢᠯᠡᠨ ᠤᠢᠵᠢᠭᠤᠯᠬᠤ ᠵᠡᠷᠭᠡ ᠨᠢᠭᠡ ᠪᠦᠯᠦᠭ ᠠᠳᠠᠯᠢ ᠪᠤᠰᠤ ᠬᠡᠯᠪᠡᠷᠢ ᠪᠡᠷᠡᠯᠡᠰᠦᠷᠬᠡᠭᠵᠢᠭᠰᠡᠨ ᠭᠠᠵᠠᠷ ᠲᠦ᠍ ᠲᠣᠬᠢᠷᠠᠬᠤ ᠮᠡᠷᠭᠡᠵᠢᠯ ᠤ᠋ᠨ ᠵᠠᠭᠪᠤᠷ ᠢ᠋ ᠰᠦᠪᠡᠭᠴᠢᠯᠡᠨ ᠪᠤᠶ ᠪᠣᠯᠭᠠᠵᠠᠢ ᠃
ᠠᠵᠤ ᠦᠢᠯᠡᠰ ᠢ᠋ᠶ᠋ᠡᠷ ᠡᠯᠡᠰᠦ ᠵᠢ ᠵᠠᠰᠠᠬᠤ ᠄ ᠣᠨᠴᠠᠯᠢᠭ᠍ᠲᠤ ᠠᠵᠤ ᠠᠬᠤᠢ ᠶ᠋ᠢᠨ ᠣᠶ ᠂ ᠮᠣᠳᠣᠨ ᠤ᠋ ᠦᠷ᠎ᠡ ᠪᠠ ᠴᠢᠬᠢ ᠮᠣᠳᠣᠨ ᠳᠠᠯᠠᠪᠠᠢ ᠂ ᠡᠯᠡᠰᠦᠨ ᠴᠥᠯ ᠤ᠋ᠨ ᠠᠮᠢ ᠠᠬᠤᠢ ᠶ᠋ᠢᠨ ᠵᠢᠭᠤᠯᠴᠢᠯᠠᠯ ᠂ ᠭᠡᠷᠡᠯᠴᠢ ᠴᠡᠨᠡᠭ ᠢ᠋ᠶ᠋ᠠᠷ ᠡᠯᠡᠰᠦ ᠵᠢ ᠵᠠᠰᠠᠬᠤ ᠵᠡᠷᠭᠡ ᠠᠵᠤ ᠦᠢᠯᠡᠰ ᠢ᠋ᠶ᠋ᠡᠷ ᠭᠣᠣᠯ ᠪᠣᠯᠭᠠᠭᠰᠠᠨ ᠂ ᠳᠠᠭᠠᠭᠤᠯᠤᠭ᠍ᠴᠢ ᠠᠵᠤ ᠠᠬᠤᠢᠯᠠᠯ ᠢ᠋ᠶ᠋ᠠᠷ ᠲᠤᠯᠤᠭᠠᠢᠯᠠᠭᠤᠯᠤᠭᠰᠠᠨ ᠂《ᠠᠵᠤ ᠠᠬᠤᠢᠯᠠᠯ + ᠲᠤᠰᠬᠠᠢ ᠬᠣᠷᠰᠢᠶ᠎ᠠ + ᠰᠠᠭᠤᠷᠢᠨ + ᠮᠠᠯᠵᠢᠬᠤ ᠲᠠᠷᠢᠶᠠᠯᠠᠬᠤ ᠡᠷᠦᠬᠡ》 ᠪᠡᠷ ᠠᠰᠢᠭ᠋ ᠲᠤᠰᠠ ᠵᠢᠨ ᠬᠤᠯᠪᠤᠭᠠᠨ ᠤ᠋ ᠲᠣᠭᠲᠠᠴᠠ ᠪᠣᠯᠭᠠᠭᠰᠠᠨ ᠣᠯᠠᠨ ᠳᠡᠰ ᠳᠠᠪᠬᠤᠷᠭ᠎ᠠ ᠪᠦᠬᠦᠢ ᠠᠵᠤ ᠦᠢᠯᠡᠰ ᠤ᠋ᠨ ᠬᠥᠭᠵᠢᠯᠲᠡ ᠶ᠋ᠢᠨ ᠵᠠᠭᠪᠤᠷ ᠢ᠋ ᠦᠨᠳᠦᠰᠦᠨ ᠳ᠋ᠡᠭᠡᠨ ᠪᠣᠶ ᠪᠣᠯᠭᠠᠪᠠ ᠃
ᠡᠯᠡᠰᠦᠨ ᠴᠦᠯ ᠢ᠋ ᠤᠢ ᠡᠪᠡᠰᠤ ᠪᠡᠷ ᠡᠮᠵᠢᠶᠡᠷᠢᠯᠡᠬᠦ ᠄ ᠡᠯᠡᠰᠤ ᠰᠠᠯᠬᠢᠨ ᠤ᠋ ᠤᠷᠤᠰᠬᠠᠯ ᠤ᠋ᠨ ᠰᠢᠯᠵᠢᠯᠲᠡ ᠶ᠋ᠢᠨ ᠵᠢᠮ᠎ᠡ ᠶᠣᠰᠣ᠌ ᠵᠢ ᠦᠨᠳᠦᠰᠦᠯᠡᠨ《ᠨᠡᠭᠦᠳᠡᠯ ᠡᠯᠡᠰᠦ ᠵᠢ ᠲᠣᠭᠲᠠᠪᠤᠷᠢᠵᠢᠭᠤᠯᠬᠤ ᠂ ᠲᠤᠷᠤᠭ ᠮᠤᠳᠤ ᠪᠤᠳᠠᠯᠢᠭ ᠮᠣᠳᠣ᠌ ᠳᠠᠷᠢᠬᠤ ᠂ ᠡᠯᠡᠰᠦ ᠵᠢ ᠪᠢᠲᠡᠭᠦᠮᠵᠢᠯᠡᠨ ᠤᠢᠵᠢᠭᠤᠯᠬᠤ》ᠪᠡᠷ ᠲᠠᠮᠵᠢᠨ ᠭᠣᠣᠯᠳᠠᠯᠭ᠎ᠠ ᠲᠠᠢ ᠡᠯᠡᠰᠦᠨ ᠴᠥᠯ ᠢ᠋ ᠤᠢ ᠡᠪᠡᠰᠤ ᠪᠡᠷ ᠡᠮᠵᠢᠶᠡᠷᠢᠯᠡᠭᠰᠡᠨ ᠪᠠᠢᠨ᠎ᠠ᠃
ᠨᠢᠰᠬᠡᠯ ᠢ᠋ᠶ᠋ᠡᠷ ᠳᠠᠷᠢᠵᠤ ᠣᠢᠵᠢᠭᠤᠯᠬᠤ ᠄ ᠠᠯᠠᠱᠠ ᠠᠢᠮᠠᠭ ᠲᠤᠢᠯ ᠤ᠋ᠨ ᠭᠠᠩ ᠬᠠᠭᠤᠷᠠᠢ ᠭᠠᠵᠠᠷ ᠣᠷᠣᠨ ᠳ᠋ᠦ ᠨᠢᠰᠬᠡᠯ ᠢ᠋ᠶ᠋ᠡᠷ ᠳᠠᠷᠢᠵᠤ ᠣᠢᠵᠢᠭᠤᠯᠬᠤ ᠳ᠋ᠦ ᠲᠣᠬᠢᠷᠠᠬᠤ ᠮᠡᠷᠭᠡᠵᠢᠯ ᠤ᠋ᠨ ᠵᠠᠭᠪᠤᠷ ᠢ᠋ ᠬᠠᠢᠨ ᠰᠦᠪᠡᠭᠴᠢᠯᠡᠵᠤ ᠂ ᠵᠢᠯ ᠤ᠋ᠨ ᠬᠤᠷ᠎ᠠ ᠲᠤᠠᠳᠠᠰᠤ ᠶ᠋ᠢᠨ ᠬᠡᠮᠵᠢᠶ᠎ᠡ ᠨᠢ 200 ᠮᠢᠯᠢᠮᠧᠲᠷᠦᠯᠦ ᠬᠦᠷᠬᠦ ᠭᠠᠵᠠᠷ ᠣᠷᠣᠨ ᠳ᠋ᠦ ᠨᠢᠰᠬᠡᠯ ᠢ᠋ᠶ᠋ᠡᠷ ᠳᠠᠷᠢᠵᠤ ᠣᠢᠵᠢᠭᠤᠯᠵᠦ ᠲᠡᠢᠯᠬᠦ ᠦᠬᠡᠢ ᠪᠠᠢᠭᠰᠠᠨ ᠪᠠᠢᠳᠠᠯ ᠢ᠋ ᠦᠭᠡᠷᠡᠴᠢᠯᠡᠵᠦ᠂ ᠠᠳᠠᠯᠢᠪᠳᠤᠷ ᠠᠭᠤᠷ ᠠᠮᠢᠰᠬᠤᠯ ᠤ᠋ᠨ ᠨᠥᠬᠥᠴᠡᠯ ᠲᠠᠢ ᠭᠠᠵᠠᠷ ᠲᠦ᠍ ᠡᠯᠡᠰᠦ ᠮᠠᠩᠬ᠎ᠠ ᠵᠢ ᠵᠠᠰᠠᠬᠤ ᠳ᠋ᠤ ᠨᠠᠨᠳᠢᠨ ᠲᠤᠷᠰᠢᠯᠭ᠎ᠠ ᠬᠠᠩᠭᠠᠵᠠᠢ ᠃
ᠡᠯᠡᠰᠦᠷᠭᠡᠭᠵᠢᠯ ᠢ᠋ ᠰᠡᠷᠭᠡᠢᠯᠡᠨ ᠡᠯᠡᠰᠦ ᠵᠢ ᠵᠠᠰᠠᠬᠤ ᠪᠠ ᠰᠠᠯᠬᠢᠨ ᠬᠦᠴᠤᠨ ᠤ ᠴᠠᠬᠢᠯᠭᠠᠨ ᠭᠡᠷᠡᠯᠴᠢ ᠴᠡᠨᠡᠭ ᠢ᠋ ᠨᠢᠭᠡ ᠴᠣᠭᠴᠠᠵᠢᠭᠤᠯᠬᠤ ᠢᠨᠵᠧᠨᠧᠷᠢᠩ᠄ ᠡᠨᠡ ᠪᠣᠯ ᠥᠪᠥᠷ ᠮᠣᠩᠭᠣᠯ ᠤ᠋ᠨ ᠠᠵᠤ ᠠᠬᠤᠢ ᠶ᠋ᠢ ᠬᠦᠭᠵᠢᠬᠦᠯᠬᠦ ᠪᠠ ᠠᠷᠠᠳ ᠤ᠋ᠨ ᠠᠮᠢᠳᠤᠷᠠᠯ ᠢ᠋ ᠰᠠᠢᠵᠢᠷᠠᠭᠤᠯᠬᠤ ᠳ᠋ᠦ ᠬᠣᠯᠪᠣᠭᠳᠠᠬᠰᠠᠨ ᠵᠢᠷᠭᠤᠭᠠᠨ ᠶᠡᠬᠡ ᠢᠨᠵᠧᠨᠧᠷᠢᠩ ᠤ᠋ᠨ ᠨᠢᠭᠡ ᠪᠣᠯᠣᠨ᠎ᠠ ᠃ 2022 ᠣᠨ ᠡᠴᠡ ᠨᠠᠭᠠᠰᠢ ᠂ ᠮᠠᠨ ᠤ᠋ ᠤᠷᠤᠨ ᠨᠢᠬᠡᠨᠳᠡ ᠬᠥᠪᠴᠢ ᠶ᠋ᠢᠨ ᠡᠯᠡᠰᠤᠨ ᠤ᠋ ᠲᠤᠮᠳᠠ ᠪᠠ ᠤᠮᠠᠷᠠᠲᠤ ᠬᠡᠰᠡᠭ ᠂ ᠬᠥᠪᠴᠢ ᠶ᠋ᠢᠨ ᠡᠯᠡᠰᠤᠨ ᠤ᠋ ᠡᠮᠦᠨᠡᠲᠦ ᠬᠡᠰᠡᠭ ᠂ ᠤᠯᠠᠭᠠᠨᠪᠤᠬ᠎ᠠ ᠪᠠ ᠲᠡᠭᠷᠢ ᠡᠯᠡᠰᠦ ᠵᠡᠷᠭᠡ 4 ᠲᠣᠮᠣ᠌ ᠬᠡᠯᠪᠡᠷᠢ ᠶ᠋ᠢᠨ ᠰᠠᠯᠬᠢᠨ ᠬᠦᠴᠤᠨ ᠤ ᠴᠠᠬᠢᠯᠭᠠᠨ ᠬᠡᠷᠡᠯᠴᠢ ᠴᠡᠨᠡᠭ ᠤ᠋ᠨ ᠰᠠᠭᠤᠷᠢᠨ ᠤ᠋ ᠲᠥᠷᠥᠯ ᠵᠦᠢᠯ ᠢ᠋ ᠭᠤᠶᠤᠴᠢᠯᠠᠵᠦ ᠤᠯᠪᠠ ᠃
ᠥᠪᠥᠷ ᠮᠣᠩᠭᠣᠯ ᠤ᠋ᠨ 《 ᠤᠮᠠᠷᠠᠲᠤ ᠶ᠋ᠢᠨ ᠭᠤᠷᠪᠠᠨ ᠤᠷᠤᠨ 》 ᠤ᠋ ᠢᠨᠵᠧᠨᠧᠷᠢᠩ ᠤ᠋ᠨ ᠠᠮᠵᠢᠯᠲᠠ ᠪᠦᠲᠦᠮᠵᠢ
《ᠤᠮᠠᠷᠠᠲᠤ ᠶ᠋ᠢᠨ ᠭᠤᠷᠪᠠᠨ ᠤᠷᠤᠨ》ᠤ᠋ ᠢᠨᠵᠧᠨᠧᠷᠢᠩ ᠢ᠋ ᠡᠬᠢᠯᠡᠭᠦᠯᠦᠭ᠌ᠰᠡᠨ ᠡᠴᠡ ᠨᠠᠭᠠᠰᠢ ᠂ ᠥᠪᠥᠷ ᠮᠣᠩᠭᠣᠯ ᠪᠥᠬᠥ᠌ ᠬᠦᠴᠦᠨ ᠶ᠋ᠢᠡᠷ ᠵᠢᠡᠨ ᠢᠨᠵᠧᠨᠧᠷᠢᠩ ᠤ᠋ᠨ ᠪᠥᠲᠥᠭᠡᠨ ᠪᠠᠢᠭᠤᠯᠤᠯᠲᠠ ᠵᠢ ᠠᠬᠢᠭᠤᠯᠵᠤ ᠂ ᠨᠡᠢᠲᠡ 56 ᠳ᠋ᠦᠩᠱᠢᠭᠤᠷ ᠲᠥᠭᠥᠷᠢᠭ ᠤ᠋ᠨ ᠪᠠᠯᠠ ᠣᠷᠣᠭᠤᠯᠤᠨ ᠲᠠᠪᠤᠨ ᠬᠤᠭᠤᠴᠠᠭᠠᠨ ᠤ᠋ ᠢᠨᠵᠧᠨᠧᠷᠢᠩ ᠢ᠋ ᠬᠡᠷᠡᠭ᠌ᠵᠢᠭᠦᠯᠵᠦ᠍ ᠂ ᠪᠥᠬᠥ᠌ ᠣᠷᠣᠨ ᠤ᠋ 12 ᠠᠢᠮᠠᠭ ᠬᠣᠲᠠ ᠶ᠋ᠢᠨ 100 ᠬᠣᠱᠢᠭᠤ ᠱᠢᠶᠠᠨ ᠢ᠋ ᠬᠠᠮᠤᠷᠪᠠ; ᠪᠥᠲᠥᠭᠡᠨ ᠪᠠᠢᠭᠤᠯᠤᠯᠲᠠ ᠶ᠋ᠢᠨ ᠡᠭᠦᠷᠭᠡ ᠵᠢ 1.19 ᠳ᠋ᠦᠩᠱᠢᠭᠤᠷ ᠮᠥ᠍ ᠪᠡᠶᠡᠯᠡᠭᠦᠯᠵᠦ᠍ ᠂ ᠪᠠᠷᠤᠭ ᠪᠥᠬᠥ᠌ ᠤᠯᠤᠰ ᠤ᠋ᠨ 1/4 ᠵᠢ ᠡᠵᠡᠯᠡᠨ ᠂ 《ᠤᠮᠠᠷᠠᠲᠤ ᠶ᠋ᠢᠨ ᠭᠤᠷᠪᠠᠨ ᠤᠷᠤᠨ》 ᠤ᠋ ᠢᠨᠵᠧᠨᠧᠷᠢᠩ ᠳ᠋ᠦ ᠬᠣᠯᠪᠣᠭ᠍ᠳᠠᠭ᠍ᠰᠠᠨ 13 ᠮᠤᠵᠢ ᠣᠷᠣᠨ ᠤ᠋ ᠳᠣᠲᠣᠷ᠎ᠠ ᠲᠡᠷᠢᠭᠦᠨ ᠳ᠋ᠦ ᠣᠷᠣᠵᠤ ᠂ ᠮᠠᠨ ᠤ᠋ ᠤᠯᠤᠰ ᠤ᠋ᠨ ᠤᠮᠠᠷᠠᠲᠤ ᠶ᠋ᠢᠨ ᠴᠢᠬᠤᠯᠠ ᠠᠮᠢ ᠠᠬᠤᠶ ᠶ᠋ᠢᠨ ᠠᠮᠤᠷ ᠲᠦᠪᠱᠢᠨ ᠤ᠋ ᠬᠠᠯᠬᠠᠪᠴᠢ ᠵᠢ ᠪᠠᠲᠤ ᠴᠣᠭ᠍ᠴᠠᠯᠠᠬᠤ ᠳ᠋ᠦ ᠴᠢᠬᠤᠯᠠ ᠶᠡᠬᠡ ᠦᠢᠯᠡᠳᠦᠯ ᠦᠵᠡᠭᠦᠯᠪᠡ ᠃
《 ᠤᠮᠠᠷᠠᠲᠤ ᠵᠢᠨ ᠭᠤᠷᠪᠠᠨ ᠣᠷᠣᠨ 》 ᠤ᠋ ᠵᠣᠷᠢᠭ ᠰᠠᠨᠠᠭ᠎ᠠ
ᠤᠷᠳᠤ ᠬᠤᠭᠤᠴᠠᠭᠠᠨ ᠤ᠋ ᠡᠯᠡᠰᠦᠷᠬᠡᠭᠵᠢᠯ ᠢ᠋ᠰᠡᠷᠭᠡᠢᠯᠡᠵᠦ᠍ ᠡᠯᠡᠰᠦᠶ᠋ᠢ ᠵᠠᠰᠠᠬᠤ ᠶᠠᠪᠤᠴᠠᠳᠤ᠂ ᠮᠠᠨ ᠤ᠋ ᠣᠷᠣᠨᠳᠤ《ᠴᠠᠭ ᠦᠶ᠎ᠡ ᠵᠢᠨ ᠦᠯᠢᠬᠡᠷ ᠳᠠᠭᠤᠷᠢᠶᠠᠯ》ᠰᠦᠬᠡ ᠂《ᠬᠠᠮᠤᠭ ᠤ᠋ᠨ ᠭᠤᠶᠤ ᠪᠠᠢᠭᠠᠯᠢᠶ᠋ᠢ ᠰᠠᠬᠢᠨ ᠬᠠᠮᠠᠭᠠᠯᠠᠭ᠍ᠴᠢ》ᠳ᠋ᠦᠩ ᠬᠣᠩ ᠷᠦ᠋ ᠵᠡᠷᠭᠡ ᠨᠢᠭᠡ ᠪᠦᠯᠦᠭ ᠡᠯᠡᠰᠦᠶ᠋ᠢ ᠵᠠᠰᠠᠭ᠍ᠰᠠᠨ ᠪᠠᠭᠠᠲᠤᠷᠴᠤᠳ ᠴᠣᠯᠭᠣᠷᠠᠨ ᠭᠠᠷᠴᠤ᠌᠂ ᠡᠯᠡᠰᠦᠨ ᠴᠦᠯ ᠢ᠋ ᠨᠣᠭᠣᠭᠠᠨ ᠪᠦᠷᠢᠳᠦ ᠪᠣᠯᠭᠠᠵᠤ᠂ ᠡᠯᠡᠰᠦᠨ ᠴᠦᠯ ᠢ᠋ ᠤᠢ ᠱᠢᠭᠤᠢ ᠪᠣᠯᠭᠠᠭ᠍ᠰᠠᠨ ᠠᠮᠢ ᠠᠬᠤᠢ ᠵᠢᠨ ᠭᠠᠢᠬᠠᠮᠱᠢᠭ ᠢ᠋ ᠡᠭᠦᠳᠴᠦ᠍᠂ ᠬᠥᠪᠴᠢ ᠵᠢᠨ ᠡᠯᠡᠰᠦ᠂ ᠮᠤᠤᠠᠤᠰᠤ ᠵᠢᠨ ᠡᠯᠡᠰᠦᠷᠬᠡᠭ ᠭᠠᠵᠠᠷ ᠢ᠋ ᠵᠠᠰᠠᠭ᠍ᠰᠠᠨ ᠦᠷ᠎ᠡ ᠪᠦᠲᠦᠮᠵᠢ ᠨᠢ ᠶᠡᠷᠦᠩᠬᠡᠢ ᠱᠦᠵᠢ ᠰᠢ ᠵᠢᠨ ᠫᠢᠩ ᠤ᠋ᠨ ᠮᠠᠭ᠍ᠲᠠᠭᠠᠯ ᠰᠠᠢᠱᠢᠶᠠᠯ ᠢ᠋ ᠣᠯᠵᠠᠢ᠃ ᠥᠪᠥᠷ ᠮᠣᠩᠭᠣᠯ ᠤ᠋ᠨ ᠠᠷᠠᠳ ᠲᠦᠮᠡᠨ ᠪᠣᠳᠠᠲᠤ ᠠᠵᠢᠯᠯᠠᠭ᠎ᠠᠪᠠᠷ ᠵᠢᠨᠨ ᠲᠡᠰᠪᠦᠷᠢ ᠬᠠᠲᠠᠭᠤᠵᠢᠯᠲᠠᠢ ᠲᠡᠮᠡᠴᠡᠬᠦ᠂ ᠭᠣᠶᠠᠴᠢ ᠦᠭᠡᠢ ᠵᠢᠳᠬᠦᠬᠦ᠂ ᠱᠢᠨᠲᠠᠷᠠᠰᠢ ᠦᠭᠡᠢ ᠴᠢᠷᠮᠠᠢᠬᠤ᠂ ᠤᠳᠠᠭᠠᠨ ᠳᠠᠭᠠᠭᠠᠮᠠᠭᠠᠢ ᠪᠡᠷ ᠴᠢᠷᠮᠠᠢᠬᠤ《ᠤᠮᠠᠷᠠᠲᠤ ᠵᠢᠨ ᠭᠤᠷᠪᠠᠨ ᠤᠷᠤᠨ ᠤ᠋ ᠵᠣᠷᠢᠭ ᠰᠠᠨᠠᠭ᠎ᠠ》ᠵᠢ ᠲᠠᠢᠯᠪᠤᠷᠢᠯᠠᠵᠤ᠂ ᠡᠯᠡᠰᠦᠷᠬᠡᠭᠵᠢᠯ ᠢ᠋ᠰᠡᠷᠭᠡᠢᠯᠡᠵᠦ᠍ ᠡᠯᠡᠰᠦᠶ᠋ᠢ ᠵᠠᠰᠠᠭ᠍ᠰᠠᠨ ᠬᠥᠮᠦᠰᠦᠨ ᠰᠡᠳᠭᠢᠯ ᠢ᠋ ᠳᠣᠭ᠍ᠳᠣᠯᠤᠭᠤᠯᠤᠮᠠ ᠮᠠᠭ᠍ᠲᠠᠨ ᠳᠠᠭᠤᠯᠠᠭᠤᠱᠢᠲᠠᠢ ᠦᠯᠢᠭᠡᠷᠦᠳ ᠢ᠋ ᠪᠢᠴᠢᠭ᠌ᠯᠡᠵᠡᠢ᠃
《 ᠤᠮᠠᠷᠠᠲᠤ ᠵᠢᠨ ᠭᠤᠷᠪᠠᠨ ᠤᠷᠤᠨ》 ᠤ᠋ ᠢᠨᠵᠧᠨᠧᠷᠢᠩᠦᠨ ᠲᠥᠯᠥᠪᠵᠢᠭᠦᠯᠭᠡ ᠵᠢᠨ ᠬᠤᠭᠤᠴᠠᠭᠠᠶ᠋ᠢ 73 ᠵᠢᠯ ᠵᠢᠡᠷ ᠲᠤᠬᠲᠠᠭᠠᠵᠤ ᠂ ᠨᠠᠢ᠍ᠮᠠᠨ ᠬᠤᠭᠤᠴᠠᠭ᠎ᠠ ᠵᠢᠨ ᠢᠨᠵᠧᠨᠧᠷᠢᠩ ᠵᠢᠡᠷ ᠶᠠᠪᠤᠭ᠍ᠳᠠᠭᠤᠯᠤᠨᠠ᠃ ᠤᠢ᠍ᠢᠷᠠ ᠵᠢᠨ ᠬᠠᠭᠠᠰ ᠵᠠᠭᠤᠨ ᠤ᠋ ᠲᠤᠷᠰᠢ᠂《ᠤᠮᠠᠷᠠᠲᠤ ᠵᠢᠨ ᠭᠤᠷᠪᠠᠨ ᠣᠷᠣᠨ》 ᠤ᠋ ᠢᠨᠵᠧᠨᠧᠷᠢᠩ ᠨᠢ ᠮᠠᠨ ᠤ᠋ ᠤᠯᠤᠰ ᠤ᠋ᠨ ᠤᠮᠠᠷᠠᠲᠤ ᠬᠢᠯᠢᠳᠦ ᠡᠯᠡᠰᠤ ᠰᠠᠯᠬᠢ ᠶ᠋ᠢ ᠬᠣᠷᠢᠭ᠍ᠯᠠᠬᠤ᠂ ᠬᠥᠷᠥᠰᠥ᠍ ᠱᠢᠷᠣᠢᠶ᠋ᠢ ᠬᠠᠮᠠᠭᠠᠯᠠᠬᠤ᠂ ᠮᠠᠯ ᠠᠵᠤ ᠠᠬᠤᠢ ᠲᠠᠷᠢᠶᠠᠯᠠᠩ ᠤ᠋ᠨ ᠬᠦᠭᠵᠢᠯᠲᠡᠶ᠋ᠢ ᠠᠬᠢᠭᠤᠯᠬᠤ ᠨᠤᠮᠢᠨ ᠨᠤᠭᠤᠭᠠᠨ ᠠᠮᠢ ᠠᠬᠤᠢ ᠵᠢᠨ ᠬᠠᠯᠬᠠᠪᠴᠢᠶ᠋ᠢ ᠪᠠᠢᠭᠤᠯᠵᠤ᠂ ᠳᠡᠯᠡᠬᠡᠢ ᠳᠡᠭᠡᠷᠡᠬᠢ ᠬᠠᠮᠤᠭ ᠤ᠋ᠨ ᠲᠤᠮᠤ ᠮᠣᠳᠣ ᠲᠠᠷᠢᠵᠤ ᠣᠢᠵᠢᠭᠤᠯᠬᠤ ᠢᠨᠵᠧᠨᠧᠷᠢᠩ ᠪᠣᠯᠤᠭ᠍ᠰᠠᠨ ᠪᠠᠢᠨ᠎ᠠ᠃
ᠬᠠᠷᠠᠯᠳᠠ ᠡᠬᠦᠷᠬᠡ
ᠤᠯᠤᠰ ᠤ᠋ᠨ ᠱᠠᠭᠠᠷᠳᠠᠯᠭ᠎ᠠ ᠄
2024 ᠣᠨ ᠤ᠋ ᠲᠥᠷᠥ ᠶ᠋ᠢᠨ ᠶᠠᠪᠤᠳᠠᠯ ᠤ᠋ᠨ ᠬᠣᠷᠢᠶᠠᠨ ᠤ᠋ ᠵᠠᠰᠠᠭ ᠤ᠋ᠨ ᠣᠷᠳᠣᠨ ᠤ᠋ ᠠᠵᠢᠯ ᠤ᠋ᠨ ᠢᠯᠡᠳᠭᠡᠯᠳᠦ ᠄ ᠠᠭᠤᠯᠠ ᠤᠰᠤ ᠣᠶ ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ ᠮᠠᠩᠬ᠎ᠠ ᠵᠢ ᠨᠢᠭᠡ ᠴᠤᠭ᠍ᠴᠠᠵᠢᠭᠤᠯᠤᠨ ᠬᠠᠮᠠᠭᠠᠯᠠᠬᠤ ᠪᠠ ᠱᠢᠰᠲ᠋ᠧᠮ ᠲᠡᠶ ᠵᠠᠰᠠᠬᠤ ᠵᠢ ᠪᠠᠷᠢᠮᠲᠠᠯᠠᠵᠤ ᠂ ᠠᠮᠢ ᠠᠬᠤᠶ ᠣᠷᠴᠢᠨ ᠲᠣᠭᠣᠷᠢᠨ ᠢ᠋ ᠣᠷᠣᠨ ᠬᠤᠪᠢᠶᠠᠨ ᠬᠠᠮᠢᠶᠠᠷᠤᠨ ᠡᠵᠡᠮᠳᠡᠬᠦ᠌ ᠵᠢ ᠴᠢᠩᠭᠠᠳᠬᠠᠬᠤ ᠬᠡᠷᠡᠭᠳᠠᠢ᠃ 《ᠤᠮᠠᠷᠠᠲᠤ ᠶ᠋ᠢᠨ ᠭᠤᠷᠪᠠᠨ ᠤᠷᠤᠨ》 ᠤ᠋ ᠢᠨᠵᠧᠨᠧᠷᠢᠩ ᠤ᠋ᠨ ᠭᠤᠷᠪᠠᠨ ᠶᠡᠬᠡ ᠪᠡᠯᠭᠡ ᠲᠡᠮᠳᠡᠭ ᠤ᠋ᠨ ᠴᠢᠨᠠᠷᠲᠠᠶ ᠳᠠᠢᠯᠠᠯᠳᠤᠭᠠᠨ ᠢ᠋ ᠰᠠᠢᠲᠤᠷ ᠵᠣᠬᠢᠶᠠᠨ ᠪᠠᠢᠭᠤᠯᠵᠤ ᠂ ᠤᠯᠤᠰ ᠤ᠋ᠨ ᠴᠡᠴᠡᠷᠯᠢᠭ ᠤ᠋ᠨ ᠪᠦᠲᠦᠭᠡᠨ ᠪᠠᠢᠭᠤᠯᠤᠯᠲᠠ ᠵᠢ ᠠᠬᠢᠭᠤᠯᠬᠤ ᠬᠡᠷᠡᠭᠳᠠᠢ ᠭᠡᠵᠦ ᠵᠢᠭᠠᠵᠤ ᠭᠠᠷᠭᠠᠪᠠ ᠃
ᠦᠪᠤᠷ ᠮᠤᠩᠭᠤᠯ ᠤ᠋ᠨ ᠬᠠᠷᠠᠯᠳᠠ᠄
2024 ᠤᠨ ᠤ᠋ ᠦᠪᠤᠷ ᠮᠤᠩᠭᠤᠯ ᠤ᠋ᠨ ᠦᠪᠡᠷᠳᠡᠬᠡᠨ ᠵᠠᠰᠠᠬᠤ ᠤᠷᠤᠨ ᠤ᠋ ᠵᠠᠰᠠᠭ ᠤ᠋ᠨ ᠤᠷᠳᠤᠨ ᠤ᠋ ᠠᠵᠢᠯ ᠤ᠋ᠨ ᠢᠯᠡᠳᠬᠡᠯ ᠳ᠋ᠤ᠄
《ᠤᠯᠤᠰ ᠤ᠋ᠨ ᠶᠡᠬᠡ ᠶᠠᠪᠤᠳᠡᠯ》 ᠤ᠋ᠨ ᠦᠨᠳᠦᠷᠴᠡ ᠡᠴᠡ ᠮᠠᠨ ᠤ᠋ ᠤᠯᠤᠰ ᠤ᠋ᠨ ᠤᠮᠠᠷᠠᠲᠤ ᠵᠢᠨ ᠴᠢᠬᠤᠯᠠ ᠠᠮᠢ ᠠᠬᠤᠢ ᠵᠢᠨ ᠠᠮᠤᠷ ᠲᠦᠪᠱᠢᠨ ᠤ᠋ ᠬᠠᠯᠬᠠᠪᠴᠢ ᠵᠢ ᠰᠠᠢᠲᠤᠷ ᠪᠦᠳᠦᠬᠡᠨ ᠪᠠᠢᠭᠤᠯᠤᠨᠡ ᠃ ᠪᠥᠬᠥ᠌ ᠬᠦᠴᠦᠨ ᠵᠦᠢᠯ ᠪᠥᠬᠥ᠌ ᠲᠠᠯ᠎ᠠ ᠵᠢᠨ ᠠᠮᠢ ᠠᠬᠤᠶ ᠵᠢᠨ ᠵᠠᠰᠠᠯᠲᠠ ᠵᠢᠨ ᠪᠠᠢᠷᠢᠱᠢᠯ ᠢ᠋ ᠬᠦᠴᠦᠯᠡᠨ ᠪᠤᠢ ᠪᠤᠯᠭᠠᠵᠤ ᠂ ᠤᠯᠤᠰ ᠤ᠋ᠨ ᠴᠢᠬᠤᠯᠠ ᠶᠡᠬᠡ ᠠᠮᠢ ᠠᠬᠤᠶ ᠵᠢᠨ ᠢᠨᠵᠧᠨᠧᠷᠢᠩ ᠢ᠋ ᠭᠦᠨᠵᠡᠭᠡᠶ ᠬᠡᠷᠡᠭ᠌ᠵᠢᠭᠦᠯᠤᠨ ᠂ ᠦᠵᠡᠰᠭᠦᠯᠡᠩᠲᠦ ᠰᠠᠢᠬᠠᠨ ᠳᠤᠮᠳᠠᠳᠤ ᠤᠯᠤᠰ ᠤ᠋ᠨ ᠬᠣᠱᠢᠭᠤᠴᠢ ᠣᠷᠣᠨ ᠢ᠋ ᠴᠢᠷᠮᠠᠢᠨ ᠴᠤᠭᠴᠠᠯᠠᠵᠤ ᠂ ᠡᠬᠡ ᠤᠯᠤᠰ ᠤ᠋ᠨ ᠤᠮᠠᠷᠠᠲᠤ ᠢ᠋ᠢᠨ ᠲᠦᠮᠡᠨ ᠭᠠᠵᠠᠷ ᠤ᠋ᠨ ᠨᠣᠮᠢᠨ ᠨᠣᠭᠣᠭᠠᠨ ᠣᠷᠳᠣ ᠴᠠᠭᠠᠨ ᠬᠡᠷᠡᠮ ᠢ᠋ ᠰᠠᠢᠲᠤᠷ ᠪᠥᠲᠥᠭᠡᠨ ᠪᠠᠢᠭᠤᠯᠤᠨ᠎ᠠ ᠃
ᠭᠤᠤᠯ ᠬᠦᠴᠦᠨ ᠤ᠋ ᠬᠤᠰᠢᠭᠤᠴᠢ ᠵᠢᠨ ᠤᠪᠤᠷ ᠪᠠᠢᠳᠡᠯ ᠢ᠋ᠢᠡᠷ 《ᠤᠮᠠᠷᠠᠲᠤ ᠢ᠋ᠢᠨ ᠭᠤᠷᠪᠡᠨ ᠤᠷᠤᠨ》 ᠤ᠋ ᠢᠨᠵᠧᠨᠧᠷᠢᠩ ᠤ᠋ᠨ ᠪᠣᠭᠣᠮᠲᠠ ᠱᠢᠪᠲᠤᠯᠬᠤ ᠳᠠᠢᠯᠠᠯᠳᠤᠭᠠᠨ ᠤ᠋ ᠢᠯᠠᠯᠲᠠ ᠵᠢ ᠤᠯᠤᠨ᠎ᠡ᠃ ᠡᠷᠲᠡ ᠡᠴᠡ ᠭᠠᠷᠳᠠᠵᠤ ᠡᠷᠳᠡᠬᠡᠨ ᠪᠠᠢᠷᠢᠯᠠᠭᠤᠯᠵᠤ ᠂ ᠬᠠᠪᠤᠷ ᠰᠠᠭᠠᠳᠠᠮᠠᠭᠴᠡ ᠬᠦᠳᠡᠯᠦᠯᠴᠡᠨ ᠂ ᠡᠨᠡ ᠵᠢᠯ ᠤ᠋ᠨ ᠳᠣᠲᠣᠷ᠎ᠠ ᠬᠠᠳᠤᠨ ᠭᠣᠣᠯ ᠤ᠋ᠨ 《ᠶᠡᠬᠡ ᠲᠤᠬᠤᠢ》 ᠶ᠋ᠢᠨ ᠪᠣᠭᠣᠮᠲᠠ ᠱᠢᠪᠲᠤᠯᠬᠤ ᠳᠠᠢᠯᠠᠯᠳᠤᠭᠠᠨ ᠳ᠋ᠤ 758 ᠲᠦᠮᠡᠨ ᠮᠦ᠍ ᠂ ᠬᠣᠷᠴᠢᠨ ᠤ᠋ ᠡᠯᠡᠰᠦᠷᠬᠡᠭ ᠭᠠᠵᠠᠷ ᠪᠤᠯᠤᠨ ᠬᠤᠯᠠᠨ ᠱᠢᠷᠭ᠎ᠠ ᠲᠠᠭ᠎ᠠ ᠵᠢᠨ ᠡᠯᠡᠰᠦᠷᠬᠡᠭ ᠭᠠᠵᠠᠷ ᠤ᠋ᠨ ᠰᠦᠨᠦᠬᠡᠯᠳᠡ ᠵᠢᠨ ᠳᠠᠢᠯᠠᠯᠳᠤᠭᠠᠨ ᠳ᠋ᠤ 549 ᠲᠦᠮᠡᠨ ᠮᠦ᠍ ᠂ ᠡᡁᠸᠰᠢ ᠢ᠋ᠢᠨ ᠬᠤᠨᠭᠬᠢᠯ — ᠲᠠᠺᠯᠢᠮᠠᠺᠠᠨ ᠡᠯᠡᠰᠦᠨ ᠴᠦᠯ ᠤ᠋ᠨ ᠬᠦᠪᠡᠬᠡ ᠲᠠᠭᠠᠤ ᠢ᠋ᠢᠨ ᠬᠤᠷᠢᠭᠯᠠᠯᠳᠡ ᠢ᠋ᠢᠨ ᠳᠠᠢᠯᠠᠯᠳᠤᠭᠠᠨ ᠳ᠋ᠤ 131 ᠲᠦᠮᠡᠨ ᠮᠦ᠍ ᠡᠯᠡᠰᠤ ᠵᠢ ᠵᠠᠰᠠᠬᠤ ᠢ᠋ᠢ ᠦᠨᠡᠨ ᠬᠦ᠌ ᠪᠠᠳᠤᠯᠠᠨ᠎ᠡ ᠃ ᠡᠯᠡᠰᠦᠷᠬᠡᠭ᠌ᠵᠢᠯ ᠢ᠋ ᠰᠡᠷᠭᠡᠢᠯᠡᠨ ᠡᠯᠡᠰᠦ ᠢ᠋ᠢ ᠵᠠᠰᠠᠬᠤ ᠪᠠ ᠰᠠᠯᠬᠢᠨ ᠬᠦᠴᠦᠨ ᠤ᠋ ᠴᠠᠬᠢᠯᠭᠠᠨ ᠭᠡᠷᠡᠯᠴᠢ ᠴᠡᠨᠡᠭ ᠢ᠋ ᠨᠢᠭᠡ ᠴᠣᠭ᠍ᠴᠠᠵᠢᠭᠤᠯᠬᠤ ᠢᠨᠵᠧᠨᠧᠷᠢᠩ ᠢ᠋ ᠶᠡᠬᠡ ᠪᠡᠷ ᠬᠡᠷᠡᠭ᠌ᠵᠢᠭᠦᠯᠵᠦ᠍ ᠂ ᠬᠥᠪᠴᠢ ᠵᠢᠨ ᠵᠠᠭ᠍ᠪᠤᠷ ᠪᠠ ᠳ᠋ᠧᠩᠺᠧᠦ᠍ ᠵᠢᠨ ᠵᠠᠭ᠍ᠪᠤᠷ ᠢ᠋ ᠢᠳᠡᠪᠬᠢᠲᠡᠶ ᠳᠡᠯᠭᠡᠷᠡᠭᠦᠯᠦᠨ ᠂ ᠣᠷᠳᠣᠰ ᠤ᠋ᠨ 《ᠭᠡᠷᠡᠯᠴᠢ ᠴᠡᠨᠡᠭ ᠤ᠋ᠨ ᠤᠷᠲᠤ ᠴᠠᠭᠠᠨ ᠬᠡᠷᠡᠮ》 ᠢ᠋ ᠪᠦᠲᠦᠭᠡᠨ ᠪᠠᠢᠭᠤᠯᠬᠤ ᠵᠢ ᠳᠡᠮᠵᠢᠵᠦ᠍ ᠂ ᠲᠠᠷᠢᠶᠠᠯᠠᠩ ᠭᠡᠷᠡᠯᠴᠢ ᠴᠡᠨᠡᠭ ᠤ᠋ᠨ ᠬᠠᠷᠢᠯᠴᠠᠨ ᠨᠥᠬᠥᠪᠥᠷᠢᠯᠡᠬᠦ᠌ ᠂ ᠮᠠᠯ ᠠᠵᠤ ᠠᠬᠤᠶ ᠭᠡᠷᠡᠯᠴᠢ ᠴᠡᠨᠡᠭ ᠤ᠋ᠨ ᠬᠠᠷᠢᠯᠴᠠᠨ ᠨᠥᠬᠥᠪᠥᠷᠢᠯᠡᠬᠦ᠌ ᠵᠢ ᠠᠬᠢᠭᠤᠯᠤᠨ ᠂ ᠡᠯᠡᠰᠦ ᠵᠢ ᠵᠠᠰᠠᠬᠤ ᠪᠦᠬᠡᠳ ᠪᠤᠬᠢᠷᠳᠤᠯ ᠦᠬᠡᠢ ᠴᠠᠬᠢᠯᠭᠠᠨ ᠭᠠᠷᠭᠠᠵᠤ ᠪᠠᠰᠠ ᠣᠯᠠᠨ ᠲᠦᠮᠡᠨ ᠤ᠋ ᠣᠷᠣᠯᠭ᠎ᠠ ᠵᠢ ᠨᠡᠮᠡᠭ᠌ᠳᠡᠭᠦᠯᠵᠦ᠍ ᠂ ᠠᠮᠢ ᠠᠬᠤᠶ ᠂ ᠦᠢᠯᠡᠳᠪᠦᠷᠢᠯᠡᠯ ᠂ ᠠᠮᠢᠳᠤᠷᠠᠯ ᠤ᠋ᠨ ᠭᠤᠷᠮᠤᠰᠤᠨ ᠠᠰᠢᠭ ᠬᠦᠷᠳᠡᠬᠡᠬᠦ ᠵᠢ ᠪᠡᠶᠡᠯᠡᠭᠦᠯᠦᠨ ᠂ ᠱᠢᠨ᠎ᠡ ᠴᠠᠭ ᠦᠶ᠎ᠡ ᠵᠢᠨ ᠡᠯᠡᠰᠦᠷᠬᠡᠭ᠌ᠵᠢᠯ ᠢ᠋ ᠰᠡᠷᠭᠡᠢᠯᠡᠨ ᠡᠯᠡᠰᠦ ᠢ᠋ᠢ ᠵᠠᠰᠠᠭᠰᠠᠨ ᠱᠢᠨ᠎ᠡ ᠭᠠᠢᠬᠠᠮᠱᠢᠭ ᠢ᠋ ᠡᠬᠦᠳᠦᠨ᠎ᠡ ᠬᠡᠵᠤ ᠵᠢᠭᠠᠵᠤ ᠭᠠᠷᠭᠠᠪᠠ᠃
ᠬᠣᠶᠠᠷ ᠬᠤᠷᠠᠯ ᠤ᠋ᠨ ᠳᠠᠭᠤᠨ
3 ᠰᠠᠷ᠎ᠠ ᠶ᠋ᠢᠨ 6 ᠤ᠋ ᠦᠳᠡ ᠶ᠋ᠢᠨ ᠬᠤᠢᠨ᠎ᠠ ᠂ ᠦᠪᠦᠷ ᠮᠤᠡᠭᠭᠤᠯ ᠤ᠋ᠨ ᠲᠦᠯᠦᠭᠡᠯᠡᠭᠴᠢᠳ ᠤ᠋ᠨ ᠪᠦᠯᠬᠦᠮ ᠪᠦᠯᠬᠦᠮ ᠳᠤᠭᠤᠢᠯᠠᠡᠭ ᠤ᠋ᠨ ᠨᠡᠬᠡᠭᠡᠯᠲᠡ ᠬᠢᠬᠦ ᠠᠵᠢᠯᠯᠠᠭ᠎ᠠ ᠶᠠᠪᠤᠭᠤᠯᠵᠤ ᠰᠤᠷᠪᠤᠯᠵᠢᠯᠠᠭᠴᠢ ᠶ᠋ᠢᠨ ᠠᠰᠠᠭᠤᠯᠲᠠ ᠵᠢ ᠬᠠᠷᠢᠭᠤᠯᠪᠠ ᠄
ᠡᠯᠡᠰᠦᠷᠬᠡᠭ᠌ᠵᠢᠯ ᠢ᠋ ᠰᠡᠷᠭᠡᠢᠯᠡᠨ ᠡᠯᠡᠰᠦ ᠵᠢ ᠵᠠᠰᠠᠬᠤ ᠪᠣᠯ ᠨᠢᠭᠡ ᠵᠦᠢᠯ ᠤ᠋ᠨ ᠠᠮᠢ ᠠᠬᠤᠶ ᠶ᠋ᠢᠨ ᠢᠨᠵᠧᠨᠧᠷᠢᠩ ᠪᠣᠯᠬᠤ ᠪᠥᠭᠡᠳ ᠪᠠᠰᠠ ᠴᠦ᠍ ᠬᠥᠭ᠌ᠵᠢᠯᠲᠡ ᠶ᠋ᠢᠨ ᠢᠨᠵᠧᠨᠧᠷᠢᠩ ᠂ ᠠᠷᠠᠳ ᠤ᠋ᠨ ᠠᠮᠢᠳᠤᠷᠠᠯ ᠤ᠋ᠨ ᠢᠨᠵᠧᠨᠧᠷᠢᠩ ᠪᠣᠯᠤᠨ᠎ᠠ ᠃ ᠪᠢᠳᠡ ᠡᠯᠡᠰᠦᠷᠬᠡᠭ᠌ᠵᠢᠯ ᠢ᠋ ᠰᠡᠷᠭᠡᠢᠯᠡᠨ ᠡᠯᠡᠰᠦ ᠵᠢ ᠵᠠᠰᠠᠬᠤ ᠪᠠ ᠰᠠᠯᠬᠢᠨ ᠬᠦᠴᠤᠨ ᠤ ᠴᠠᠬᠢᠯᠭᠠᠨ ᠭᠡᠷᠡᠯᠴᠢ ᠴᠡᠨᠡᠭ ᠢ᠋ ᠨᠢᠭᠡ ᠴᠣᠭ᠍ᠴᠠᠵᠢᠭᠤᠯᠬᠤ ᠢᠨᠵᠧᠨᠧᠷᠢᠩ ᠢ᠋ ᠬᠡᠷᠡᠭ᠌ᠵᠢᠭᠦᠯᠵᠦ᠍ ᠂ ᠡᠯᠡᠰᠦ ᠵᠢ ᠵᠠᠰᠠᠬᠤ ᠮᠥᠷᠲᠡᠭᠡᠨ ᠪᠠᠰᠠ ᠪᠤᠬᠢᠷᠳᠤᠯ ᠦᠭᠡᠢ ᠴᠠᠬᠢᠯᠭᠠᠨ ᠭᠠᠷᠭᠠᠬᠤ ᠵᠢ ᠪᠡᠶᠡᠯᠡᠭᠦᠯᠵᠦ᠍ ᠂ ᠣᠯᠠᠨ ᠲᠦᠮᠡᠨᠦ ᠣᠷᠣᠯᠭ᠎ᠠ ᠵᠢ ᠨᠡᠮᠡᠭ᠌ᠳᠡᠭᠦᠯᠬᠦ᠌ ᠵᠢ ᠠᠬᠢᠭᠤᠯᠵᠤ ᠂ ᠠᠮᠢ ᠠᠬᠤᠶ ᠂ ᠦᠢᠯᠡᠳᠪᠦᠷᠢᠯᠡᠯ ᠂ ᠠᠮᠢᠳᠤᠷᠠᠯ ᠤ᠋ᠨ ᠭᠤᠷᠮᠤᠰᠤᠨ ᠦᠷ᠎ᠠ ᠠᠰᠢᠭ ᠢ᠋ ᠴᠢᠷᠮᠠᠢᠨ ᠪᠡᠶᠡᠯᠡᠭᠦᠯᠦᠨ᠎ᠡ᠃
ᠲᠥᠯᠥᠬᠡᠯᠡᠭᠴᠢᠳ ᠬᠡᠰᠢᠬᠥᠳ ᠤᠨ ᠰᠠᠨᠠᠯ ᠰᠠᠨᠠᠭᠤᠯᠭ᠎ᠠ ᠄
ᠸᠠᠩ ᠸᠠᠩ ᠱᠧᠩ ᠲᠥᠯᠥᠭᠡᠯᠡᠭ᠌ᠴᠢ ᠄ ᠭᠤᠤᠯᠳᠠᠭᠤ ᠥᠪᠥᠷ ᠮᠣᠩᠭᠣᠯ ᠯᠢᠶᠣᠤᠨᠢᠩ ᠂ ᠥᠪᠥᠷ ᠮᠣᠩᠭᠣᠯ ᠾᠧᠪᠧᠶ ᠂ ᠥᠪᠥᠷ ᠮᠣᠩᠭᠣᠯ ᠨᠢᠩᠱᠢᠶᠠ ᠂ ᠥᠪᠥᠷ ᠮᠣᠩᠭᠣᠯ ᠭᠠᠨᠰᠦ ᠵᠡᠷᠭᠡ ᠭᠠᠵᠠᠷ ᠣᠷᠣᠨ ᠳ᠋ᠦ ᠨᠢᠭᠡ ᠪᠦᠯᠦᠭ ᠬᠠᠮᠲᠤᠷᠠᠨ ᠰᠡᠷᠭᠡᠢᠯᠡᠵᠦ᠍ ᠬᠠᠮᠲᠤᠷᠠᠨ ᠵᠠᠰᠠᠬᠤ ᠲᠥᠷᠥᠯ ᠵᠦᠶ᠋ᠯ ᠢ᠋ ᠬᠡᠷᠡᠭ᠌ᠵᠢᠭᠦᠯᠵᠦ᠍ ᠂ ᠭᠠᠵᠠᠷ ᠣᠷᠣᠨ ᠤ᠋ ᠪᠤᠳᠠᠳᠤ ᠪᠠᠢᠳᠠᠯᠳᠠᠭᠠᠨ ᠳᠣᠭᠢᠷᠠᠭᠤᠯᠤᠨ ᠨᠢᠭᠡ ᠪᠦᠯᠦᠭ ᠡᠯᠡᠰᠦᠷᠬᠡᠭ᠌ᠵᠢᠯ ᠢ᠋ ᠰᠡᠷᠭᠡᠢᠯᠡᠨ ᠡᠯᠡᠰᠦ ᠵᠢ ᠵᠠᠰᠠᠬᠤ ᠳᠠᠭᠤᠷᠢᠶᠠᠯ ᠢᠨᠵᠧᠨᠧᠷᠢᠩ ᠢ᠋ ᠪᠣᠶ ᠪᠤᠯᠭᠠᠬᠤ ᠴᠢᠬᠤᠯᠠᠳᠠᠢ ᠃ ᠡᠭᠦᠨᠦ ᠬᠠᠮᠲᠤ ᠡᠯᠡᠰᠦᠷᠬᠡᠭ᠌ᠵᠢᠯ ᠢ᠋ ᠰᠡᠷᠭᠡᠢᠯᠡᠨ ᠡᠯᠡᠰᠦ ᠵᠢ ᠵᠠᠰᠠᠬᠤ ᠵᠢᠱ᠌ᠢᠶ᠎ᠡ ᠦᠵᠡᠭᠦᠯᠬᠦ᠌ ᠪᠦᠲᠦᠭᠡᠨ ᠪᠠᠢᠭᠤᠯᠤᠯᠲᠠ ᠵᠢ ᠴᠢᠡᠭᠭᠠᠳᠬᠠᠬᠤ ᠴᠢᠬᠤᠯᠠᠳᠠᠢ ᠃
ᠵᠤᠤ ᠵᠶ᠋ᠢ ᠭᠡᠱᠢᠭᠦᠨ ᠄ ᠴᠦᠯᠯᠡᠷᠬᠡᠭ᠌ᠵᠢᠯ ᠢ᠋ ᠰᠡᠷᠭᠡᠢᠯᠡᠨ ᠵᠠᠰᠠᠬᠤ ᠳ᠋ᠦ ᠭᠠᠵᠠᠷ ᠣᠷᠣᠨ ᠤ᠋ ᠪᠤᠳᠠᠳᠤ ᠪᠠᠢᠳᠠᠯ ᠳ᠋ᠠᠭᠠᠨ ᠲᠤᠬᠢᠷᠠᠭᠤᠯᠵᠤ ᠂ ᠬᠣᠣᠷ ᠬᠥᠨᠥᠭᠡᠯ ᠢ᠋ ᠦᠨᠳᠤᠰᠤᠯᠠᠨ ᠰᠡᠷᠭᠡᠢᠯᠡᠯᠲᠡ ᠬᠢᠵᠦ᠍ ᠂ ᠲᠦᠷᠦᠯ ᠬᠤᠪᠢᠶᠠᠨ ᠠᠷᠭ᠎ᠠ ᠪᠤᠳᠤᠯᠭ᠎ᠠ ᠬᠡᠷᠡᠭ᠌ᠵᠢᠭᠦᠯᠤᠨ ᠂ ᠲᠡᠦᠬᠡᠨ ᠳ᠋ᠡᠬᠢ ᠬᠥᠮᠦᠨ ᠲᠥᠷᠥᠯᠬᠢᠲᠡᠨᠦ ᠠᠵᠢᠯᠯᠠᠭ᠎ᠠ ᠡᠴᠡ ᠪᠣᠯᠤᠭ᠍ᠰᠠᠨ ᠤᠷᠭᠤᠮᠠᠯ ᠤ᠋ᠨ ᠬᠤᠴᠢᠯᠭ᠎ᠠ ᠵᠢᠨ ᠡᠪᠳᠡᠭᠳᠡᠯ ᠪᠠ ᠭᠠᠵᠠᠷ ᠱᠢᠷᠣᠢ ᠶ᠋ᠢᠨ ᠡᠯᠡᠰᠦᠷᠬᠡᠭ᠌ᠵᠢᠯ ᠢ᠋ ᠭᠣᠣᠯᠳᠠᠯᠭ᠎ᠠ ᠲᠠᠶ ᠵᠠᠰᠠᠨ ᠰᠡᠷᠭᠦᠭᠡᠵᠦ᠍ ᠂ ᠪᠠᠢᠭᠠᠯᠢ ᠬᠢᠭᠡᠳ ᠬᠥᠮᠦᠨᠦ ᠠᠵᠢᠯᠯᠠᠭ᠎ᠠ ᠡᠴᠡ ᠪᠣᠯᠤᠭ᠍ᠰᠠᠨ ᠴᠦᠯᠯᠡᠷᠬᠡᠭ᠌ᠵᠢᠯ ᠤ᠋ᠨ ᠬᠣᠣᠷ ᠬᠥᠨᠥᠭᠡᠯ ᠢ᠋ ᠪᠦᠬᠦ᠌ ᠲᠠᠯ᠎ᠠ ᠪᠡᠷ ᠰᠡᠷᠭᠡᠢᠯᠡᠨ ᠡᠵᠡᠮᠳᠡᠬᠦ᠌ ᠴᠢᠬᠤᠯᠠᠳᠠᠢ ᠃
ᠯᠦ᠍ ᠴᠢᠤᠸᠠᠨ ᠵᠥᠩ ᠭᠡᠱᠢᠭᠦᠨ ᠄ 《ᠬᠥᠬᠡᠮᠳᠦᠭ ᠨᠣᠭᠣᠭᠠᠨ ᠠᠭᠤᠯᠠ ᠤᠰᠤ ᠪᠣᠯ ᠠᠯᠲᠠ ᠮᠥᠩᠭᠥᠨ ᠠᠭᠤᠯᠠ ᠮᠥᠨ》ᠭᠡᠬᠦ ᠣᠢᠯᠠᠭᠠᠭ᠍ᠳᠠᠬᠤᠨ ᠢ᠋ ᠭᠦᠨᠵᠡᠭᠡᠶ ᠲᠤᠭᠤᠱᠢᠯᠠᠭᠤᠯᠵᠤ ᠂ ᠤᠰᠤᠨ ᠤ᠋ ᠡᠬᠢ ᠪᠠᠶᠠᠯᠢᠭ ᠤ᠋ᠨ ᠲᠣᠬᠢᠷᠠᠭᠤᠯᠤᠯᠲᠠ ᠵᠢ ᠱᠢᠯᠢᠳᠡᠭ᠌ᠵᠢᠭᠦᠯᠦᠨ ᠂ ᠣᠯᠠᠨ ᠡᠱᠢᠲᠦ ᠪᠠᠯᠠ ᠣᠷᠣᠭᠤᠯᠤᠯᠲᠠ ᠶ᠋ᠢᠨ ᠲᠣᠭ᠍ᠲᠠᠴᠠ ᠵᠢ ᠪᠠᠢᠭᠤᠯᠤᠨ ᠪᠦᠷᠢᠨᠱᠢᠬᠦᠯᠵᠦ᠍ ᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ ᠤ᠋ᠨ ᠲᠤᠯᠭᠠᠭᠤᠷᠢᠯᠠᠯ ᠢ᠋ ᠴᠢᠩᠭᠠᠳᠭᠠᠨ ᠂ ᠡᠬᠡ ᠤᠯᠤᠰ ᠤ᠋ᠨ ᠤᠮᠠᠷᠠᠲᠤ ᠶ᠋ᠢᠨ ᠡᠨᠡ ᠬᠦ᠌ ᠲᠦᠮᠡᠨ ᠭᠠᠵᠠᠷ ᠤ᠋ᠨ ᠨᠣᠮᠢᠨ ᠨᠣᠭᠣᠭᠠᠨ ᠬᠠᠯᠬᠠᠪᠴᠢ ᠵᠢ ᠨᠠᠩ ᠪᠠᠲᠤ ᠪᠠᠬᠢ ᠴᠣᠭ᠍ᠴᠠᠯᠠᠬᠤ ᠴᠢᠬᠤᠯᠠᠳᠠᠢ ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠣᠷᠬᠢᠯ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃