2024-03-08 09:49:10
— ᠶᠡᠷᠦᠩᠬᠡᠢ ᠱᠦᠵᠢ ᠰᠢ ᠵᠢᠨ ᠫᠢᠩ᠎ᠦᠨ ᠭᠣᠮᠢᠨᠳᠠᠩ᠎ᠤᠨ ᠬᠤᠪᠢᠰᠭᠠᠯᠲᠤ ᠬᠤᠷᠢᠶ᠎ᠠ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠡᠲᠡᠭᠡᠳ ᠣᠷᠴᠢᠨ ᠲᠣᠭᠣᠷᠢᠨ ᠡᠬᠢ ᠪᠠᠶᠠᠯᠢᠭ᠎ᠤᠨ ᠡᠲᠡᠭᠡᠳ᠎ᠤᠨ ᠳᠤᠭᠤᠢᠯᠠᠩ ᠬᠠᠮᠲᠤᠷᠠᠭ᠍ᠰᠠᠨ ᠬᠤᠷᠠᠯ ᠳᠡᠭᠡᠷᠡᠬᠢ ᠴᠢᠬᠤᠯᠠ ᠶᠠᠷᠢᠶ᠎ᠠ ᠮᠠᠨ᠎ᠤ ᠣᠷᠣᠨ᠎ᠳᠤ ᠴᠢᠩᠭ᠎ᠠ ᠲᠤᠰᠭᠠᠯ ᠭᠠᠷᠪᠠ
3 ᠰᠠᠷ᠎ᠠ᠎ᠶ᠋ᠢᠨ 6 ᠤ᠋ ᠦᠳᠡ᠎ᠶ᠋ᠢᠨ ᠬᠣᠢᠨ᠎ᠠ ᠂ ᠶᠡᠷᠦᠩᠬᠡᠢ ᠱᠦᠵᠢ ᠰᠢ ᠵᠢᠨ ᠫᠢᠩ ᠪᠦᠬᠦ᠌ ᠤᠯᠤᠰ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠦ ᠠᠷᠪᠠᠨ ᠳᠥᠷᠪᠡᠳᠦᠭᠡᠷ ᠬᠤᠭᠤᠴᠠᠭᠠᠨ᠎ᠤ ᠬᠤᠷᠢᠶ᠎ᠠ ᠵᠢᠨ ᠬᠣᠶᠠᠳᠤᠭᠠᠷ ᠬᠤᠷᠠᠯ᠎ᠳᠤ ᠣᠷᠣᠯᠴᠠᠵᠤ ᠪᠠᠢᠭ᠎ᠠ ᠭᠣᠮᠢᠨᠳᠠᠩ᠎ᠤᠨ ᠬᠤᠪᠢᠰᠭᠠᠯᠲᠤ ᠬᠣᠷᠢᠢ᠎ᠠ ᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠡᠲᠡᠭᠡᠳ᠂ ᠣᠷᠴᠢᠨ ᠲᠣᠭᠣᠷᠢᠨ ᠡᠬᠢ ᠪᠠᠶᠠᠯᠢᠭ᠎ᠤᠨ ᠡᠲᠡᠭᠡᠳ᠎ᠦᠨ ᠭᠡᠱᠢᠭᠦᠳ᠎ᠢ ᠡᠷᠬᠢᠨ ᠦᠵᠡᠬᠦ᠌᠎ᠶ᠋ᠢᠨ ᠬᠠᠮᠲᠤ ᠳᠤᠭᠤᠢᠯᠠᠩ ᠬᠠᠮᠲᠤᠷᠠᠭ᠍ᠰᠠᠨ ᠬᠤᠷᠠᠯ᠎ᠳᠤ ᠣᠷᠣᠯᠴᠠᠵᠤᠴᠢᠬᠤᠯᠠ ᠶᠠᠷᠢᠶ᠎ᠠ ᠲᠠᠯᠪᠢᠪᠠ᠃ ᠶᠡᠷᠦᠩᠬᠡᠢ ᠱᠦᠵᠢ᠎ᠶ᠋ᠢᠨ ᠴᠢᠬᠤᠯᠠ ᠶᠠᠷᠢᠶ᠎ᠠ ᠮᠠᠨ᠎ᠤ ᠣᠷᠣᠨ᠎ᠳᠤ ᠴᠢᠩᠭ᠎ᠠ ᠲᠤᠰᠭᠠᠯ ᠭᠠᠷᠴᠤ᠌᠂ ᠤᠯᠠᠨ᠎ᠢᠶᠠᠷ᠎ᠢᠶᠠᠨ᠂ ᠶᠡᠷᠦᠩᠬᠡᠢ ᠱᠦᠵᠢ ᠰᠢ ᠵᠢᠨ ᠫᠢᠩ᠎ᠦᠨ ᠴᠢᠬᠤᠯᠠ ᠶᠠᠷᠢᠶᠠᠨ᠎ᠤ ᠵᠣᠷᠢᠭ ᠰᠠᠨᠠᠭ᠎ᠠ᠎ᠶ᠋ᠢ ᠭᠦᠨᠵᠡᠭᠡᠢ ᠰᠤᠷᠤᠯᠴᠠᠨ ᠤᠢᠯᠠᠭᠠᠵᠤ᠂ ᠬᠦᠰᠡᠯ ᠨᠠᠢᠳᠠᠯᠭ᠎ᠠ᠎ᠶ᠋ᠢ ᠦᠯᠦ ᠬᠥᠰᠡᠷᠳᠡᠭᠦᠯᠦᠨ᠂ ᠰᠡᠳᠭᠢᠯ᠎ᠢᠶᠡᠨ ᠨᠢᠭᠡᠳᠭᠡᠨ ᠬᠦᠴᠦ᠍᠎ᠪᠡᠨ ᠬᠠᠮᠲᠤᠳᠭᠠᠵᠤ᠂ ᠨᠡᠢᠭᠡᠮ ᠵᠢᠷᠤᠮᠲᠤ ᠣᠳᠣᠬᠢᠴᠢᠯᠠᠭ᠍ᠰᠠᠨ ᠤᠯᠤᠰ᠎ᠢ ᠪᠦᠬᠦ᠌ ᠲᠠᠯ᠎ᠠ᠎ᠪᠠᠷ ᠪᠦᠳᠦᠭᠡᠨ ᠪᠠᠢᠭᠤᠯᠬᠤ᠎ᠳᠤ ᠴᠥᠬᠥᠷᠡᠰᠢ ᠦᠭᠡᠢ ᠲᠡᠮᠡᠴᠡᠨ᠎ᠡ ᠭᠡᠵᠦ᠍ ᠢᠯᠡᠳᠭᠡᠵᠡᠭᠡᠪᠡ᠃
ᠬᠦᠰᠡᠯ ᠨᠠᠢᠳᠠᠯᠭ᠎ᠠ᠎ᠶ᠋ᠢ ᠦᠯᠦ ᠬᠥᠰᠡᠷᠳᠡᠭᠦᠯᠦᠨ ᠱᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌ ᠠᠵᠢᠯ᠎ᠳᠦ ᠬᠦᠴᠦᠯᠡᠨ ᠣᠷᠣᠯᠴᠠᠨ᠎ᠠ
ᠶᠡᠷᠦᠩᠬᠡᠢ ᠱᠦᠵᠢ ᠰᠢ ᠵᠢᠨ ᠫᠢᠩ᠂ ᠱᠢᠨᠵᠢᠯᠡᠬᠦ᠌ ᠤᠬᠠᠭᠠᠨ ᠲᠸᠭ᠌ᠨᠢ᠌ᠠ᠋ ᠮᠡᠷᠭᠡᠵᠢᠯ᠎ᠦᠨ ᠡᠲᠡᠭᠡᠳ᠎ᠦᠨ ᠭᠡᠱᠢᠭᠦᠳ ᠪᠣᠯᠤᠨ ᠥᠷᠭᠡᠨ ᠤᠯᠠᠨ ᠱᠢᠨᠵᠢᠯᠡᠬᠦ᠌ ᠤᠬᠠᠭᠠᠨ ᠲᠸᠭ᠌ᠨᠢ᠌ᠠ᠋ ᠮᠡᠷᠭᠡᠵᠢᠯ᠎ᠦᠨ ᠠᠵᠢᠯᠲᠠᠳ ᠱᠢᠨᠵᠢᠯᠡᠬᠦ᠌ ᠤᠬᠠᠭᠠᠨ ᠰᠤᠷᠭᠠᠨ ᠬᠦᠮᠦᠵᠢᠯ᠎ᠢᠶᠡᠷ ᠤᠯᠤᠰ᠎ᠢᠶᠠᠨ ᠮᠠᠨᠳᠤᠭᠤᠯᠵᠤ ᠤᠯᠤᠰ᠎ᠢᠶᠡᠨ ᠬᠦᠴᠦᠷᠬᠡᠭᠵᠢᠭᠦᠯᠬᠦ ᠬᠦᠰᠡᠯ ᠵᠣᠷᠢᠭ᠎ᠢᠶᠠᠨ ᠴᠢᠨᠠᠭ᠍ᠰᠢᠳᠠ ᠴᠢᠩᠭᠠᠳᠭᠠᠵᠤ ᠂ ᠱᠢᠨᠵᠢᠯᠡᠬᠦ᠌ ᠤᠬᠠᠭᠠᠨ ᠲᠸᠭ᠌ᠨᠢ᠌ᠠ᠋ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌ ᠬᠦᠨᠳᠦ ᠡᠭᠦᠷᠭᠡ᠎ᠶ᠋ᠢ ᠡᠭᠦᠷᠭᠡᠯᠡᠵᠦ᠍ ᠂ ᠰᠠᠭᠤᠷᠢ ᠰᠤᠳᠤᠯᠭᠠᠨ ᠪᠣᠯᠤᠨ ᠬᠡᠷᠡᠭ᠌ᠯᠡᠭᠡᠨ᠎ᠦ ᠰᠠᠭᠤᠷᠢ ᠰᠤᠳᠤᠯᠭᠠᠨ᠎ᠢ ᠴᠢᠩᠭᠠᠳᠭᠠᠵᠤ ᠂ ᠵᠠᠩᠭᠢᠯᠠᠭ᠎ᠠ᠎ᠶ᠋ᠢᠨ ᠭᠣᠣᠯᠯᠠᠬᠤ ᠮᠡᠷᠭᠡᠵᠢᠯ᠎ᠦᠨ ᠪᠣᠭᠣᠮᠲᠠ ᠱᠢᠪᠲᠤᠯᠬᠤ ᠳᠠᠢᠯᠠᠯᠳᠤᠭᠠᠨ᠎ᠢ ᠰᠠᠢᠲᠤᠷ ᠬᠢᠵᠦ᠍ ᠂ ᠱᠢᠨ᠎ᠡ ᠴᠢᠨᠠᠷ᠎ᠪᠦᠬᠦᠢ ᠦᠢᠯᠡᠳᠪᠦᠷᠢᠯᠡᠯ᠎ᠦᠨ ᠬᠦᠴᠦᠨ᠎ᠢ ᠬᠥᠭ᠌ᠵᠢᠭᠦᠯᠬᠦ᠌ ᠱᠢᠨ᠎ᠡ ᠬᠥᠳᠡᠯᠭᠡᠬᠦ᠌ ᠬᠦᠴᠦᠨ᠎ᠢ ᠪᠣᠢᠵᠢᠭᠤᠯᠬᠤ ᠬᠡᠷᠡᠭ᠌ᠲᠡᠢ ᠭᠡᠵᠦ᠍ ᠵᠢᠭᠠᠵᠤ ᠭᠠᠷᠭᠠᠪᠠ᠃ ᠶᠡᠷᠦᠩᠬᠡᠶ ᠱᠦᠵᠢ᠎ᠶ᠋ᠢᠨ ᠴᠢᠩ ᠰᠡᠳᠭᠢᠯ ᠤ᠋ᠨ ᠨᠠᠢᠳᠠᠯᠭ᠎ᠠ᠎ᠨᠢ ᠪᠥᠬᠥ᠌ ᠤᠯᠤᠰ᠎ᠤᠨ ᠤᠯᠤᠰ ᠲᠥᠷᠥ᠎ᠶ᠋ᠢᠨ ᠵᠥᠪᠯᠡᠯᠭᠡᠨ᠎ᠦ ᠭᠡᠱᠢᠭᠦᠨ᠂ ᠥᠪᠥᠷ ᠮᠣᠩᠭᠣᠯ᠎ᠤᠨ ᠲᠠᠷᠢᠶᠠᠯᠠᠩ᠎ᠤᠨ ᠶᠡᠬᠡ ᠰᠤᠷᠭᠠᠭᠤᠯᠢ᠎ᠶ᠋ᠢᠨ ᠴᠠᠭᠠᠨ ᠢᠳᠡᠭᠡᠨ᠎ᠦ ᠠᠮᠢᠳᠤ ᠪᠣᠳᠠᠰ᠎ᠤᠨ ᠮᠡᠷᠭᠡᠵᠢᠯ ᠬᠢᠭᠡᠳ ᠢᠨᠵᠧᠨᠧᠷᠢᠩ᠎ᠦᠨ ᠰᠤᠷᠭᠠᠨ ᠬᠥᠮᠦᠵᠢᠯ᠎ᠦᠨ ᠬᠡᠯᠲᠡᠰ᠎ᠤᠨ ᠭᠤᠤᠯᠳᠠᠯᠭ᠎ᠠ᠎ᠲᠠᠶ ᠲᠤᠷᠱᠢᠯᠲᠠ᠎ᠶ᠋ᠢᠨ ᠲᠠᠰᠤᠭ᠎ᠤᠨ ᠳᠡᠳ᠋ ᠡᠷᠬᠢᠯᠡᠭ᠌ᠴᠢ ᠰᠦᠨ ᡁᠢ ᠬᠣᠩ᠎ᠳᠦ ᠬᠦᠨᠳᠦ ᠡᠬᠦᠷᠬᠡ ᠮᠦᠷᠦᠨ ᠳᠡᠭᠡᠷ᠎ᠠ ᠪᠠᠢᠬᠤ᠎ᠶᠢ ᠤᠢᠯᠠᠭᠠᠭᠤᠯᠵᠦ᠄ 《ᠪᠢ ᠰᠦᠨ ᠬᠦᠴᠢᠯ᠎ᠦᠨ ᠪᠠᠺᠲ᠋ᠧᠷᠢ᠎ᠶ᠋ᠢᠨ ᠡᠬᠢ ᠪᠠᠶᠠᠯᠢᠭ᠎ᠢ ᠨᠡᠭᠡᠭᠡᠨ ᠬᠥᠭ᠌ᠵᠢᠭᠦᠯᠬᠦ᠌ ᠪᠠ ᠠᠱᠢᠭ᠍ᠯᠠᠬᠤ ᠠᠵᠢᠯ᠎ᠢ 20 ᠭᠠᠷᠤᠶ ᠵᠢᠯ ᠬᠢᠵᠦ᠍᠂ ᠮᠢᠺᠷᠣᠪ᠎ᠤᠨ ᠦᠷ᠎ᠡ᠎ᠶ᠋ᠢᠨ ᠦᠶ᠋ᠯᠡᠰ ᠪᠣᠯ ᠢᠷᠡᠭᠡᠳᠦᠶ᠎ᠶ᠋ᠢᠨ ᠪᠠᠢᠯᠳᠤᠬᠤ ᠪᠣᠳᠣᠯᠭ᠎ᠠ᠎ᠶ᠋ᠢᠨ ᠴᠢᠨᠠᠷᠲᠠᠶ ᠱᠢᠨ᠎ᠡ᠎ᠪᠡᠷ ᠮᠠᠨᠳᠤᠭᠰᠠᠨ ᠠᠵᠤ ᠦᠶ᠋ᠯᠡᠰ᠎ᠦᠨ ᠳᠣᠲᠣᠷᠠᠬᠢ ᠭᠤᠤᠯᠳᠠᠯᠭ᠎ᠠ᠎ᠶ᠋ᠢᠨ ᠭᠤᠤᠯᠳᠠᠯᠭ᠎ᠠ ᠪᠣᠯᠬᠤ᠎ᠶ᠋ᠢ ᠭᠦᠨᠵᠡᠭᠡᠶ ᠲᠠᠨᠢᠪᠠ᠃ ᠬᠣᠢᠱᠢᠳᠠ᠎ᠶ᠋ᠢᠨ ᠠᠵᠢᠯ᠎ᠤᠨ ᠳᠤᠮᠳᠠ ᠂ ᠪᠢ ᠱᠢᠨᠵᠢᠯᠡᠬᠦ᠌ ᠤᠬᠠᠭᠠᠨ᠎ᠤ ᠰᠤᠳᠤᠯᠭᠠᠨ᠎ᠤ ᠨᠠᠩ ᠣᠯᠠᠨ ᠦᠷ᠎ᠡ ᠪᠦᠲᠦᠭᠡᠯ᠎ᠢ ᠮᠠᠯᠵᠢᠬᠤ ᠲᠠᠷᠢᠶᠠᠯᠠᠬᠤ ᠣᠷᠣᠨ᠎ᠤ ᠥᠷᠭᠡᠨ ᠠᠭᠤᠳᠠᠮ ᠡᠬᠡ ᠭᠠᠵᠠᠷ ᠳᠡᠭᠡᠷ᠎ᠡ ᠪᠢᠴᠢᠭ᠌ᠯᠡᠵᠦ᠍ ᠂ ᠲᠤᠰᠭᠠᠶ ᠮᠡᠷᠭᠡᠵᠢᠯ᠎ᠦᠨ ᠰᠠᠭᠤᠷᠢ ᠪᠠ ᠠᠵᠢᠯ ᠲᠥᠷᠥᠯ᠎ᠦᠨ ᠴᠢᠭ᠌ᠯᠡᠯ᠎ᠳᠦ ᠲᠦᠱᠢᠭ᠌ᠯᠡᠨ ᠂ ᠮᠢᠺᠷᠣᠪ᠎ᠤᠨ ᠦᠷ᠎ᠡ ᠡᠳ᠋᠎ᠦᠨ ᠡᠬᠢ ᠪᠠᠶᠠᠯᠢᠭ᠎ᠤᠨ ᠱᠢᠨ᠎ᠡ᠎ᠶ᠋ᠢ ᠡᠭᠦᠳᠦᠨ ᠠᠱᠢᠭ᠍ᠯᠠᠬᠤ᠎ᠳᠤ ᠣᠶᠤᠨ ᠤᠬᠠᠭᠠᠨ᠎ᠢᠶᠠᠨ ᠡᠷᠭᠦᠵᠦ᠍ ᠂ ᠰᠦ ᠶ᠋ᠢᠨ ᠦᠶ᠋ᠯᠡᠰ᠎ᠦᠨ ᠴᠢᠨᠠᠷ ᠰᠠᠢᠲᠠᠶ ᠬᠥᠭ᠌ᠵᠢᠯᠲᠡ᠎ᠳᠦ ᠠᠷᠭ᠎ᠠ ᠤᠬᠠᠭᠠᠨ ᠭᠠᠷᠭᠠᠨ᠎ᠠ》 ᠭᠡᠵᠡᠢ᠃
ᠥᠪᠥᠷ ᠮᠣᠩᠭᠣᠯ᠎ᠤᠨ ᠲᠠᠷᠢᠶᠠᠯᠠᠩ ᠮᠠᠯ ᠠᠵᠤ ᠠᠬᠤᠶ᠎ᠶ᠋ᠢᠨ ᠱᠢᠨᠵᠢᠯᠡᠬᠦ᠌ ᠤᠬᠠᠭᠠᠨ᠎ᠤ ᠬᠦᠷᠢᠶᠡᠯᠡᠩ᠎ᠦᠨ ᠬᠡᠷ᠎ᠦᠨ ᠲᠡᠵᠢᠭᠡᠪᠦᠷᠢ᠎ᠶ᠋ᠢᠨ ᠡᠭᠦᠯᠳᠡᠷ᠎ᠦᠨ ᠡᠬᠢ ᠪᠠᠶᠠᠯᠢᠭ ᠰᠤᠳᠤᠯᠬᠤ ᠲᠠᠰᠤᠭ᠎ᠤᠨ ᠡᠷᠭᠢᠯᠡᠭᠴᠢ ᠾᠧ ᠱᠢᠶᠤᠤ ᠯᠦᠩ ᠶᠡᠷᠦᠩᠬᠡᠶ ᠱᠦᠵᠢ᠎ᠶ᠋ᠢᠨ ᠴᠢᠬᠤᠯᠠ ᠶᠠᠷᠢᠶ᠎ᠠ᠎ᠶ᠋ᠢ ᠰᠣᠨᠣᠰᠤᠭ᠍ᠰᠠᠨ᠎ᠤ ᠳᠠᠷᠠᠭ᠎ᠠ᠂ ᠰᠡᠳᠭᠢᠯ ᠰᠠᠨᠠᠭ᠎ᠠ᠎ᠨᠢ ᠤᠳᠠᠲᠠᠯ᠎ᠠ ᠳᠤᠭᠳᠤᠯᠵᠦ ᠪᠠᠢᠯ᠎ᠠ᠃ 《ᠦᠷ᠎ᠡ᠎ᠶ᠋ᠢᠨ ᠦᠢᠯᠡᠰ᠎ᠢ ᠬᠥᠭ᠌ᠵᠢᠭᠦᠯᠦᠨ ᠮᠠᠨᠳᠤᠭᠤᠯᠬᠤ᠎ᠶ᠋ᠢᠨ ᠭᠣᠣᠯᠳᠠᠯᠭ᠎ᠠ ᠨᠢ ᠦᠷ᠎ᠡ᠎ᠶ᠋ᠢᠨ ᠢᠷᠡᠯᠲᠡ᠎ᠶ᠋ᠢᠨ ᠵᠠᠩᠭᠢᠯᠠᠭ᠎ᠠ᠎ᠶ᠋ᠢᠨ ᠮᠡᠷᠭᠡᠵᠢᠯ᠎ᠦᠨ ᠪᠣᠭᠣᠮᠲᠠ ᠱᠢᠪᠲᠤᠯᠬᠤ᠎ᠳᠤ ᠪᠤᠢ᠃ ᠥᠪᠥᠷ ᠮᠣᠩᠭᠣᠯ ᠡᠯᠪᠡᠭ ᠪᠠᠶᠠᠯᠢᠭ ᠮᠢᠬᠠᠨ ᠤ᠋ ᠬᠣᠨᠢᠨ᠎ᠤ ᠤᠳᠤᠮᠰᠢᠯ᠎ᠤᠨ ᠡᠬᠢ ᠪᠠᠶᠠᠯᠢᠭ᠎ᠲᠠᠶ᠂ ᠬᠡᠷᠬᠢᠨ ᠡᠲᠡᠭᠡᠷ ᠤᠳᠤᠮᠰᠢᠯ᠎ᠤᠨ ᠡᠬᠢ ᠪᠠᠶᠠᠯᠢᠭ᠎ᠢ ᠰᠠᠢᠲᠤᠷ ᠬᠠᠮᠠᠭᠠᠯᠠᠵᠤ᠂ ᠰᠠᠢᠲᠤᠷ ᠨᠡᠭᠡᠭᠡᠨ ᠬᠥᠭ᠌ᠵᠢᠭᠦᠯᠵᠦ᠍᠂ ᠰᠠᠢᠲᠤᠷ ᠠᠱᠢᠭ᠍ᠯᠠᠵᠤ᠂ ᠮᠠᠨ᠎ᠤ ᠣᠷᠣᠨ᠎ᠤ ᠠᠳᠠᠯᠢ ᠪᠤᠰᠤ ᠲᠡᠵᠢᠭᠡᠨ ᠦᠷᠡᠵᠢᠭᠦᠯᠬᠦ᠌ ᠠᠮᠢ ᠠᠬᠤᠶ᠎ᠶ᠋ᠢᠨ ᠨᠥᠬᠥᠴᠡᠯ᠎ᠳᠦ ᠳᠣᠭᠢᠷᠠᠬᠤ ᠮᠢᠬᠠᠨ ᠤ᠋ ᠬᠣᠨᠢᠨ᠎ᠤ ᠱᠢᠨ᠎ᠡ ᠡᠭᠦᠯᠳᠡᠷ᠎ᠢ ᠪᠣᠢᠵᠢᠭᠤᠯᠬᠤ᠎ᠨᠢ ᠮᠠᠨ᠎ᠤ ᠣᠷᠣᠨ᠎ᠤ ᠮᠢᠬᠠᠨ ᠤ᠋ ᠬᠣᠨᠢᠨ᠎ᠤ ᠦᠷ᠎ᠡ᠎ᠶ᠋ᠢᠨ ᠦᠶ᠋ᠯᠡᠰ᠎ᠢ ᠬᠥᠭ᠌ᠵᠢᠭᠦᠯᠦᠨ ᠮᠠᠨᠳᠤᠭᠤᠯᠬᠤ᠎ᠳᠤ ᠵᠠᠪᠠᠯ ᠵᠠᠮᠨᠠᠬᠤ ᠵᠠᠮ ᠪᠣᠯᠤᠨ᠎ᠠ᠃ ᠮᠠᠨ᠎ᠤ ᠵᠠᠯᠠᠭᠤ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠠᠵᠢᠯᠲᠠᠳ ᠨᠠᠩ ᠴᠤ᠌ ᠡᠭᠦᠨ᠎ᠢᠶᠡᠷ ᠠᠵᠠ ᠲᠣᠬᠢᠶᠠᠯ ᠪᠣᠯᠭᠠᠵᠤ᠂ ᠵᠣᠷᠢᠭ᠍ᠲᠠᠶ᠎ᠪᠠᠷ ᠱᠢᠨ᠎ᠡ᠎ᠶ᠋ᠢ ᠡᠭᠦᠳᠴᠦ᠍᠂ ᠵᠣᠷᠢᠭ᠍ᠲᠠᠶ᠎ᠪᠠᠷ ᠬᠠᠷᠢᠭᠤᠴᠠᠯᠭ᠎ᠠ ᠡᠭᠦᠷᠭᠡᠯᠡᠵᠦ᠍᠂ ᠮᠢᠬᠠᠨ ᠤ᠋ ᠬᠣᠨᠢᠨ᠎ᠤ ᠤᠳᠤᠮᠰᠢᠯ᠎ᠢ ᠦᠷᠡᠵᠢᠭᠦᠯᠦᠨ ᠪᠣᠢᠵᠢᠭᠤᠯᠬᠤ ᠰᠠᠭᠤᠷᠢ ᠣᠨᠣᠯ᠎ᠤᠨ ᠰᠤᠳᠤᠯᠭᠠᠨ᠎ᠢ ᠴᠢᠩᠭᠠᠳᠭᠠᠵᠤ᠂ ᠠᠮᠢᠳᠤ ᠪᠣᠳᠠᠰ᠎ᠤᠨ ᠡᠭᠦᠯᠳᠡᠷ ᠪᠣᠢᠵᠢᠭᠤᠯᠬᠤ ᠱᠢᠨ᠎ᠡ ᠮᠡᠷᠭᠡᠵᠢᠯ᠎ᠦᠨ ᠱᠢᠨ᠎ᠡ᠎ᠶ᠋ᠢ ᠡᠭᠦᠳᠴᠦ᠍ ᠰᠤᠳᠤᠯᠤᠨ ᠨᠡᠭᠡᠭᠡᠵᠦ᠍᠂ ᠱᠢᠨ᠎ᠡ ᠮᠡᠷᠭᠡᠵᠢᠯ᠎ᠦᠨ ᠵᠢᠱ᠌ᠢᠶ᠎ᠡ ᠦᠵᠡᠭᠦᠯᠬᠦ᠌ ᠬᠡᠷᠡᠭ᠌ᠯᠡᠭᠡ᠎ᠶ᠋ᠢ ᠴᠢᠩᠭᠠᠳᠭᠠᠵᠤ᠂ ᠣᠳᠣᠬᠢᠴᠢᠯᠠᠭ᠍ᠰᠠᠨ ᠮᠢᠬᠠᠨ ᠤ᠋ ᠬᠣᠨᠢᠨ᠎ᠤ ᠥᠨᠳᠥᠷ ᠪᠦᠲᠦᠮᠵᠢᠲᠡᠶ ᠦᠷᠡᠵᠢᠭᠦᠯᠦᠨ ᠪᠣᠢᠵᠢᠭᠤᠯᠬᠤ ᠦᠶ᠋ᠯᠡᠳᠪᠦᠷᠢᠯᠡᠯ᠎ᠦᠨ ᠱᠢᠰᠲ᠋ᠧᠮ᠎ᠢ ᠴᠢᠷᠮᠠᠢᠨ ᠪᠠᠢᠭᠤᠯᠵᠤ᠂ ᠮᠠᠨ᠎ᠤ ᠣᠷᠣᠨ᠎ᠤ ᠮᠢᠬᠠᠨ ᠤ᠋ ᠬᠣᠨᠢᠨ᠎ᠤ ᠴᠢᠨᠠᠷ ᠰᠠᠢᠲᠠᠶ ᠬᠥᠭ᠌ᠵᠢᠯᠲᠡ᠎ᠳᠦ ᠥᠪᠡᠷ᠎ᠦᠨ ᠬᠦᠴᠦᠨ ᠴᠢᠳᠠᠯ᠎ᠢᠶᠠᠨ ᠡᠷᠭᠦᠬᠦ᠌ ᠬᠡᠷᠡᠭ᠌ᠲᠡᠶ》 ᠬᠡᠵᠡᠢ᠃
《ᠱᠢᠨᠵᠢᠯᠡᠬᠦ᠌ ᠤᠬᠠᠭᠠᠨ ᠰᠤᠷᠭᠠᠨ ᠬᠥᠮᠦᠵᠢᠯ᠎ᠦᠨ ᠠᠵᠢᠯᠲᠠᠨ ᠪᠣᠯᠤᠭ᠍ᠰᠠᠨ᠎ᠤ ᠬᠤᠪᠢ᠎ᠳᠤ᠂ ᠪᠢ ᠶᠡᠬᠡᠳᠡ ᠵᠣᠷᠢᠭ᠍ᠵᠢᠪᠠ᠃ ᠪᠢ ᠰᠠᠭᠤᠷᠢ ᠰᠤᠳᠤᠯᠭᠠᠨ ᠪᠣᠯᠤᠨ ᠬᠡᠷᠡᠭ᠌ᠯᠡᠭᠡᠨ᠎ᠦ ᠰᠠᠭᠤᠷᠢ ᠰᠤᠳᠤᠯᠭᠠᠨ᠎ᠢ ᠴᠢᠩᠭᠠᠳᠭᠠᠵᠤ᠂ ᠰᠤᠷᠤᠭ᠍ᠴᠢᠳ᠎ᠤᠨ ᠲᠤᠰᠭᠠᠢ ᠮᠡᠷᠭᠡᠵᠢᠯ᠎ᠦᠨ ᠳᠠᠪᠠᠭᠤᠯᠢᠭ᠎ᠢᠶᠠᠨ ᠪᠠᠳᠠᠷᠠᠭᠤᠯᠬᠤ᠎ᠶ᠋ᠢ ᠵᠣᠷᠢᠭ᠍ᠵᠢᠭᠤᠯᠵᠤ᠂ ᠠᠮᠢᠳᠤ ᠪᠣᠳᠠᠰ᠎ᠤᠨ ᠡᠮ ᠡᠮᠨᠡᠯᠭᠡ ᠪᠣᠯᠤᠨ ᠠᠮᠢᠳᠤ ᠪᠣᠳᠠᠰ ᠦᠢᠯᠡᠳᠬᠦ᠌ ᠬᠦᠷᠢᠶᠡᠨ᠎ᠳᠦ ᠱᠢᠨ᠎ᠡ ᠠᠮᠵᠢᠯᠲᠠ ᠭᠠᠷᠭᠠᠨ᠎ᠠ》 ᠃ ᠠᠮᠢᠳᠤ ᠪᠣᠳᠠᠰ᠎ᠤᠨ ᠢᠰᠭᠡᠯᠲᠡ ᠪᠣᠬᠢᠷᠲᠤᠯ ᠥᠬᠡᠶ ᠦᠶ᠋ᠯᠡᠳᠬᠦ᠌ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠢᠨᠵᠧᠨᠧᠷᠢᠩ᠎ᠦᠨ ᠰᠤᠳᠤᠯᠭᠠᠨ᠎ᠤ ᠲᠥᠪ᠎ᠦᠨ ᠡᠷᠬᠢᠯᠡᠭ᠌ᠴᠢ᠂ ᠥᠪᠥᠷ ᠮᠣᠩᠭᠣᠯ᠎ᠤᠨ ᠠᠵᠤ ᠦᠶ᠋ᠯᠡᠳᠪᠦᠷᠢ᠎ᠶ᠋ᠢᠨ ᠶᠡᠬᠡ ᠰᠤᠷᠭᠠᠭᠤᠯᠢ᠎ᠶ᠋ᠢᠨ ᠫᠷᠤᠹᠧᠰᠰᠤᠷ ᠯᠢᠦ ᠵᠠᠨ ᠶᠢᠩ᠂ 《ᠣᠳᠣᠬᠠᠨ᠎ᠳᠤ᠂ ᠪᠢᠳᠡ ᠶᠠᠭ ᠪᠦᠯᠬᠦᠮ ᠨᠡᠢᠲᠡ᠎ᠪᠡᠨ ᠳᠠᠭᠠᠭᠤᠯᠤᠨ ᠮᠥᠭᠥ᠎ᠶ᠋ᠢᠨ ᠴᠣᠭ᠍ᠴᠠ᠎ᠶ᠋ᠢᠨ ᠤᠭᠤᠷᠠᠭ᠎ᠤᠨ ᠠᠮᠢᠳᠤ ᠪᠣᠳᠠᠰ᠎ᠤᠨ ᠢᠰᠭᠡᠭ᠌ᠰᠡᠨ ᠪᠣᠷᠳᠣᠭ᠎ᠠ ᠵᠡᠷᠭᠡ ᠲᠠᠯ᠎ᠠ᠎ᠶ᠋ᠢᠨ ᠰᠤᠳᠤᠯᠭᠠᠨ᠎ᠢ ᠥᠷᠨᠢᠭᠦᠯᠵᠦ᠍᠂ ᠥᠨᠳᠥᠷ ᠲᠦᠪᠱᠢᠨ᠂ ᠪᠣᠳᠠᠲᠠᠶ᠎ᠳᠤ ᠨᠠᠢᠳᠠᠪᠤᠷᠢᠵᠢᠭᠤᠯᠤᠭ᠍ᠳᠠᠬᠤ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠦᠷ᠎ᠡ ᠪᠦᠲᠦᠭᠡᠯ᠎ᠢᠶᠡᠷ ᠥᠪᠥᠷ ᠮᠣᠩᠭᠣᠯ᠎ᠤᠨ ᠠᠮᠢᠳᠤ ᠪᠣᠳᠠᠰ᠎ᠤᠨ ᠡᠮ ᠦᠶ᠋ᠯᠡᠳᠬᠦ᠌ ᠭᠤᠤᠯᠳᠠᠯᠭ᠎ᠠ᠎ᠲᠠᠶ ᠠᠵᠤ ᠦᠶ᠋ᠯᠡᠰ᠎ᠦᠨ ᠬᠡᠯᠬᠢᠶ᠎ᠡ᠎ᠶ᠋ᠢᠨ ᠪᠠᠢᠭᠤᠯᠤᠯᠲᠠ᠎ᠳᠤ ᠱᠢᠨ᠎ᠡ ᠬᠥᠳᠡᠯᠭᠡᠬᠦ᠌ ᠡᠨᠧᠷᠭᠢ ᠨᠡᠮᠡᠷᠢᠯᠡᠬᠦ᠌᠎ᠪᠡᠷ ᠴᠢᠷᠮᠠᠢᠵᠤ ᠪᠠᠢᠨ᠎ᠠ᠃ ᠱᠢᠨ᠎ᠡ ᠠᠶᠠᠨ᠎ᠳᠤ᠂ ᠪᠢ ᠦᠷᠭᠦᠯᠵᠢᠯᠡᠨ ᠯᠠᠪᠳᠠᠭᠤᠨ ᠪᠠᠲᠤᠲᠠᠢ ᠠᠵᠢᠯᠯᠠᠵᠤ᠂ ᠵᠤᠷᠢᠭ ᠵᠢᠡᠨ ᠬᠦᠪᠴᠢᠯᠡᠨ ᠴᠢᠷᠮᠠᠢᠨ ᠠᠵᠢᠯᠯᠠᠵᠤ᠂ ᠤᠯᠤᠰ᠎ᠤᠨ ᠱᠢᠨᠵᠢᠯᠡᠬᠦ᠌ ᠤᠬᠠᠭᠠᠨ ᠲᠸᠭ᠌ᠨᠢ᠌ᠡ᠋ ᠮᠡᠷᠭᠡᠵᠢᠯ᠎ᠦᠨ ᠰᠤᠳᠤᠯᠤᠨ ᠨᠡᠭᠡᠭᠡᠬᠦ᠌ ᠭᠣᠣᠯᠳᠠᠯᠭ᠎ᠠ᠎ᠲᠠᠶ ᠴᠢᠭ᠌ᠯᠡᠯ᠎ᠳᠦ ᠠᠩᠬᠠᠷᠤᠯ᠎ᠢᠶᠠᠨ ᠲᠥᠪᠯᠡᠷᠡᠭᠦᠯᠵᠦ᠍᠂ ᠵᠢᠩᠬᠢᠨᠢ ᠠᠩᠬᠢ ᠮᠠᠰᠲᠸᠷ ᠴᠤᠯᠠ ᠳ᠋ᠤᠺᠲ᠋ᠤᠷ ᠴᠤᠯᠠ ᠲᠠᠢ ᠥᠨᠳᠥᠷ ᠬᠡᠪ ᠪᠣᠯᠪᠠᠰᠤᠷᠠᠯ᠎ᠲᠠᠶ ᠢᠨᠵᠧᠨᠧᠷᠢᠩ᠎ᠦᠨ ᠮᠡᠷᠭᠡᠵᠢᠯ᠎ᠦᠨ ᠲᠦᠷᠦᠯ᠎ᠦᠨ ᠴᠢᠳᠠᠪᠤᠷᠢᠲᠠᠨ᠎ᠢ ᠬᠥᠮᠦᠵᠢᠭᠦᠯᠵᠦ᠍᠂ ᠱᠢᠨᠵᠢᠯᠡᠬᠦ᠌ ᠤᠬᠠᠭᠠᠨ ᠲᠸᠭ᠌ᠨᠢ᠌ᠡ᠋ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌᠎ᠪᠡᠷ ᠠᠵᠤ ᠦᠢᠯᠡᠰ᠎ᠦᠨ ᠴᠢᠨᠠᠷ ᠰᠠᠢᠲᠠᠢ ᠬᠥᠭ᠌ᠵᠢᠯᠲᠡ᠎ᠳᠦ ᠬᠦᠴᠦᠨ ᠨᠡᠮᠡᠷᠢᠯᠡᠨ᠎ᠡ》 ᠭᠡᠵᠦ ᠢᠯᠡᠳᠭᠡᠪᠡ᠃
ᠰᠡᠳᠭᠢᠯ᠎ᠢᠶᠡᠨ ᠨᠢᠭᠡᠳᠭᠡᠨ ᠬᠦᠴᠦ᠍᠎ᠪᠡᠨ ᠬᠠᠮᠲᠤᠳᠭᠠᠵᠤ ᠡᠭᠦᠷᠭᠡ ᠬᠠᠷᠢᠭᠤᠴᠠᠯᠭ᠎ᠠ᠎ᠪᠠᠨ ᠭᠦᠢᠴᠡᠳᠭᠡᠨ ᠤᠭ ᠰᠠᠨᠠᠭ᠎ᠠ᠎ᠪᠠᠨ ᠦᠢᠯᠡᠳᠦᠯᠭᠡᠵᠢᠭᠦᠯᠦᠨ᠎ᠡ
《ᠶᠡᠷᠦᠩᠬᠡᠢ ᠱᠦᠵᠢ᠎ᠶ᠋ᠢᠨ ᠴᠢᠬᠤᠯᠠ ᠶᠠᠷᠢᠶ᠎ᠠ ᠨᠢ ᠮᠠᠨ᠎ᠤ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠠᠵᠢᠯᠲᠠᠳ᠎ᠲᠤ ᠴᠢᠭ᠌ᠯᠡᠯ᠎ᠢ ᠲᠣᠳᠣᠷᠬᠠᠢ ᠵᠢᠭᠠᠵᠤ ᠥᠭ᠌ᠴᠡᠢ᠃ ᠣᠢᠷ᠎ᠠ᠎ᠶ᠋ᠢᠨ ᠵᠢᠯ᠎ᠦᠳ᠎ᠲᠦ᠂ ᠪᠢᠳᠡ ᠡᠷᠳᠡᠨᠢ ᠱᠢᠰᠢ᠂ ᠲᠥᠮᠥᠰᠥ᠍᠂ ᠱᠢᠬᠢᠷ ᠯᠤᠤᠪᠠᠩ᠂ ᠲᠡᠵᠢᠭᠡᠯ ᠡᠪᠡᠰᠦ᠂ ᠬᠢᠲᠠᠳ ᠮᠣᠩᠭᠣᠯ ᠡᠮ᠎ᠦᠨ ᠮᠠᠲ᠋ᠧᠷᠢᠶᠠᠯ ᠵᠡᠷᠭᠡ 170 ᠭᠠᠷᠤᠶ ᠲᠥᠷᠥᠯ ᠵᠦᠶ᠋ᠯ᠎ᠢ ᠴᠤᠭ᠍ᠯᠠᠭᠤᠯᠵᠤ ᠣᠷᠣᠨ ᠵᠠᠶ᠎ᠳᠤ ᠠᠴᠢᠶᠠᠯᠠᠬᠤ ᠲᠤᠷᠱᠢᠯᠲᠠ᠎ᠶ᠋ᠢ ᠡᠬᠢᠯᠡᠭᠦᠯᠵᠦ᠍᠂ ᠬᠢᠨᠠᠨ ᠲᠣᠭ᠍ᠲᠠᠭᠠᠵᠤ ᠳᠡᠩᠰᠡᠯᠡᠵᠦ᠍ ᠪᠣᠯᠬᠤ 8 ᠲᠥᠷᠥᠯ ᠵᠦᠶ᠋ᠯ᠎ᠢ ᠱᠢᠭ᠌ᠰᠢᠨ ᠭᠠᠷᠭᠠᠪᠠ᠃ ᠣᠳᠣᠬᠠᠨ᠎ᠳᠤ᠂ ᠰᠠᠨᠰᠠᠷ᠎ᠤᠨ ᠠᠶᠠᠯᠠᠯ᠎ᠤᠨ ᠲᠥᠷᠥᠯ ᠵᠦᠶ᠋ᠯ᠎ᠦᠨ ᠬᠡᠷᠡᠭ᠌ᠯᠡᠭᠡᠨ᠎ᠦ ᠵᠢᠱ᠌ᠢᠶ᠎ᠡ ᠦᠵᠡᠭᠦᠯᠬᠦ᠌ ᠲᠠᠯᠠᠪᠠᠶ ᠨᠡᠢᠲᠡ 5000 ᠭᠠᠷᠤᠶ ᠮᠥ᠍ ᠪᠠᠢᠵᠤ᠂ ᠥᠪᠡᠷᠲᠡᠭᠡᠨ ᠵᠠᠰᠠᠬᠤ ᠣᠷᠣᠨ᠎ᠤ ᠦᠷ᠎ᠡ᠎ᠶ᠋ᠢᠨ ᠦᠶ᠋ᠯᠡᠰ᠎ᠢ ᠬᠥᠭ᠌ᠵᠢᠭᠦᠯᠦᠨ ᠮᠠᠨᠳᠤᠭᠤᠯᠬᠤ ᠪᠠᠢᠯᠳᠤᠬᠤ ᠪᠣᠳᠣᠯᠭ᠎ᠠ᠎ᠳᠤ ᠢᠳᠡᠪᠬᠢ ᠬᠦᠴᠦᠨ ᠨᠡᠮᠡᠷᠢᠯᠡᠪᠡ᠃ ᠪᠢᠳᠠ ᠮᠠᠨ᠎ᠤ ᠣᠷᠣᠨ᠎ᠤ ᠳᠠᠪᠠᠭᠤᠯᠢᠭ ᠤᠨᠴᠠᠯᠢᠬ᠍ᠳᠤ ᠲᠠᠷᠢᠮᠠᠯ᠎ᠤᠨ ᠲᠣᠭᠣᠷᠢᠨ᠎ᠳᠤ ᠰᠠᠨᠰᠠᠷ᠎ᠲᠤ ᠠᠴᠢᠶᠠᠯᠠᠬᠤ᠂ ᠮᠣᠯᠧᠺᠦ᠋ᠯ ᠵᠢᠡᠷ ᠳᠡᠮᠳᠡᠭᠯᠡᠵᠦ ᠬᠠᠪᠰᠤᠷᠤᠨ ᠰᠣᠩᠭᠣᠨ ᠪᠣᠢᠵᠢᠭᠤᠯᠬᠤ᠂ ᠥᠨᠳᠥᠷ ᠨᠡᠪᠳᠡᠷᠡᠮᠵᠢᠳᠤ ᠬᠦᠰᠦᠨᠦᠭ᠎ᠦᠨ ᠬᠡᠯᠪᠡᠷᠢ᠎ᠶ᠋ᠢ ᠱᠢᠭ᠌ᠰᠢᠨ ᠰᠣᠩᠭᠣᠬᠤ ᠵᠡᠷᠭᠡ ᠱᠢᠷᠢᠰ ᠥᠨᠳᠥᠷ ᠪᠦᠲᠦᠮᠵᠢᠲᠡᠢ ᠦᠷ᠎ᠡ ᠪᠣᠢᠵᠢᠭᠤᠯᠬᠤ ᠮᠡᠷᠭᠡᠵᠢᠯ᠎ᠦᠨ ᠱᠢᠰᠲ᠋ᠧᠮ᠎ᠦᠨ ᠬᠡᠷᠡᠭ᠌ᠯᠡᠭᠡ᠎ᠶ᠋ᠢ ᠥᠷᠨᠢᠭᠦᠯᠵᠦ᠍᠂ ᠲᠠᠷᠢᠮᠠᠯ᠎ᠤᠨ ᠦᠷ᠎ᠡ ᠪᠣᠢᠵᠢᠭᠤᠯᠬᠤ ᠦᠷ᠎ᠡ ᠪᠦᠲᠦᠮᠵᠢ᠎ᠶ᠋ᠢ ᠳᠡᠭᠡᠭ᠌ᠰᠢᠯᠡᠭᠦᠯᠵᠦ᠍᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌᠎ᠪᠡᠷ ᠱᠢᠨ᠎ᠡ ᠴᠢᠨᠠᠷ᠎ᠪᠦᠬᠦᠢ ᠦᠢᠯᠡᠳᠪᠦᠷᠢᠯᠡᠯ᠎ᠦᠨ ᠬᠦᠴᠦᠨ᠎ᠢ ᠬᠥᠭ᠌ᠵᠢᠭᠦᠯᠬᠦ᠌᠎ᠳᠦ ᠲᠤᠯᠭᠠᠭᠤᠷᠢᠯᠠᠯ ᠬᠠᠩᠭᠠᠨ᠎ᠠ》 ᠭᠡᠵᠦ ᠥᠪᠥᠷ ᠮᠣᠩᠭᠣᠯ᠎ᠤᠨ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠰᠤᠳᠤᠯᠭᠠᠨ᠎ᠤ ᠬᠦᠷᠢᠶᠡᠯᠡᠩ᠎ᠦᠨ ᠰᠤᠳᠤᠯᠤᠭ᠍ᠴᠢ ᠵᠠᠩ ᠱᠢᠤ ᠵᠢᠤᠸᠠᠨ ᠢᠯᠡᠳᠭᠡᠪᠡ᠃
《ᠶᠡᠷᠦᠩᠬᠡᠢ ᠱᠦᠵᠢ ᠰᠢ ᠵᠢᠨ ᠫᠢᠩ ᠪᠦᠬᠦ᠌ ᠤᠯᠤᠰ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠦ ᠠᠷᠪᠠᠨ ᠳᠥᠷᠪᠡᠳᠦᠭᠡᠷ ᠬᠤᠭᠤᠴᠠᠭᠠᠨ᠎ᠤ ᠬᠤᠷᠢᠶ᠎ᠠ᠎ᠶᠢᠨ ᠬᠣᠶᠠᠳᠤᠭᠠᠷ ᠬᠤᠷᠠᠯ᠎ᠳᠤ ᠣᠷᠣᠯᠴᠠᠵᠤ ᠪᠠᠢᠭ᠎ᠠ ᠭᠣᠮᠢᠨᠳᠠᠩ᠎ᠤᠨ ᠬᠤᠪᠢᠰᠭᠠᠯᠲᠤ ᠬᠤᠷᠢᠶ᠎ᠠ᠂ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠡᠲᠡᠭᠡᠳ᠂ ᠣᠷᠴᠢᠨ ᠲᠣᠭᠣᠷᠢᠨ ᠡᠬᠢ ᠪᠠᠶᠠᠯᠢᠭ᠎ᠤᠨ ᠡᠲᠡᠭᠡᠳ᠎ᠦᠨ ᠭᠡᠱᠢᠭᠦᠳ᠎ᠢ ᠡᠷᠬᠢᠨ ᠦᠵᠡᠭ᠌ᠰᠡᠨ ᠪᠥᠭᠡᠳ ᠳᠤᠭᠤᠢᠯᠠᠩ ᠬᠠᠮᠲᠤᠷᠠᠭ᠍ᠰᠠᠨ ᠬᠤᠷᠠᠯ᠎ᠳᠤ ᠣᠷᠣᠯᠴᠠᠵᠤ᠂ ᠰᠠᠨᠠᠯ ᠰᠠᠨᠠᠭᠤᠯᠭ᠎ᠠ᠎ᠶ᠋ᠢ ᠨᠢ ᠰᠣᠨᠣᠰᠪᠠ᠃ ᠡᠨᠡ ᠨᠢ ᠤᠯᠤᠰ ᠲᠦᠷᠦ᠍᠎ᠶ᠋ᠢᠨ ᠵᠥᠪᠯᠡᠯᠭᠡᠨ᠎ᠦ ᠥᠷᠭᠡᠨ ᠤᠯᠠᠨ ᠭᠡᠱᠢᠭᠦᠳ᠎ᠲᠦ ᠲᠤᠢᠯ᠎ᠤᠨ ᠶᠡᠬᠡ ᠵᠣᠷᠢᠭ᠍ᠵᠢᠭᠤᠯᠤᠯ ᠬᠦᠪᠴᠢᠯᠡᠯ ᠪᠣᠯᠵᠠᠢ᠃ ᠶᠡᠷᠦᠩᠬᠡᠢ ᠱᠦᠵᠢ ᠰᠢ ᠵᠢᠨ ᠫᠢᠩ᠎ᠦᠨ ᠪᠠᠶᠠᠷ᠎ᠤᠨ ᠡᠳᠦᠷ᠎ᠦᠨ ᠮᠡᠨᠳᠦ ᠪᠣᠯᠤᠨ ᠰᠠᠢ᠌ᠨ ᠰᠠᠢᠬᠠᠨ ᠵᠥᠩᠨᠡᠯ ᠨᠢ ᠪᠢᠳᠡᠨ᠎ᠦ ᠳᠣᠲᠣᠭᠠᠳᠤ ᠰᠡᠳᠭᠢᠯ᠎ᠢ ᠳᠤᠯᠠᠭᠠᠴᠠᠭᠤᠯᠵᠤ᠂ ᠬᠥᠳᠡᠯᠭᠡᠬᠦ᠌ ᠬᠦᠴᠦᠨ᠎ᠢ ᠳᠠᠬᠢᠨ᠎ᠢᠶᠠᠷ ᠨᠡᠮᠡᠭ᠌ᠳᠡᠭᠦᠯᠪᠡ》᠃ ᠪᠦᠬᠦ᠌ ᠤᠯᠤᠰ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠦ ᠭᠡᠱᠢᠭᠦᠨ᠂ ᠮᠠᠨᠵᠤᠤᠷ ᠬᠤᠳᠠ᠎ᠶ᠋ᠢᠨ ᠤᠯᠤᠰ ᠲᠦᠷᠦ᠍᠎ᠶ᠋ᠢᠨ ᠵᠥᠪᠯᠡᠯᠭᠡᠨ᠎ᠦ ᠲᠡᠷᠢᠭᠦᠯᠡᠭ᠌ᠴᠢ ᠯᠢᠩ ᠶᠦᠨ᠂ ᠬᠦᠰᠡᠯ ᠨᠠᠢᠳᠠᠯᠭ᠎ᠠ᠎ᠶ᠋ᠢ ᠪᠠᠲᠤ ᠴᠡᠭᠡᠵᠢᠯᠡᠵᠦ᠍᠂ ᠠᠴᠢ ᠡᠨᠡᠷᠢᠯ᠎ᠳᠦ ᠲᠠᠯᠠᠷᠬᠠᠵᠤ ᠡᠷᠡᠮᠡᠬᠡᠢᠯᠡᠨ ᠤᠷᠤᠭ᠍ᠰᠢᠯᠠᠵᠤ᠂ ᠨᠠᠮ᠎ᠤᠨ ᠱᠢᠨ᠎ᠡ᠎ᠶ᠋ᠢ ᠡᠭᠦᠳᠦᠭᠰᠡᠨ ᠤᠨᠤᠯ᠎ᠢᠶᠠᠷ ᠵᠡᠪᠰᠡᠭ᠌ᠯᠡᠬᠦ᠌᠎ᠶ᠋ᠢ ᠴᠥᠬᠥᠷᠡᠰᠢ ᠦᠭᠡᠢ ᠴᠢᠩᠭᠠᠳᠭᠠᠵᠤ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠠᠵᠢᠯ᠎ᠤᠨ ᠭᠣᠣᠯ ᠱᠢᠵᠢᠮ᠎ᠢ ᠪᠦᠬᠦ᠌ ᠲᠠᠯ᠎ᠠ᠎ᠪᠠᠷ ᠲᠤᠭᠤᠱᠢᠯᠠᠭᠤᠯᠵᠤ᠂ ᠲᠤᠱᠢᠶᠠᠯ ᠬᠠᠷᠢᠭᠤᠴᠠᠯᠭ᠎ᠠ ᠭᠦᠢᠴᠡᠳᠭᠡᠬᠦ᠌ ᠴᠢᠳᠠᠪᠤᠷᠢ ᠪᠠ ᠲᠦᠪᠱᠢᠨ᠎ᠢᠶᠡᠨ ᠲᠠᠰᠤᠷᠠᠯᠳᠠ ᠦᠭᠡᠢ ᠳᠡᠭᠡᠭ᠌ᠰᠢᠯᠡᠭᠦᠯᠵᠦ᠍᠂ ᠶᠡᠷᠦᠩᠬᠡᠢ ᠱᠦᠵᠢ ᠰᠢ ᠵᠢᠨ ᠫᠢᠩ᠎ᠦᠨ ᠴᠢᠬᠤᠯᠠ ᠱᠠᠭᠠᠷᠳᠠᠯᠭ᠎ᠠ᠎ᠶ᠋ᠢ ᠲᠤᠬᠠᠢᠯᠠᠭ᠍ᠰᠠᠨ ᠠᠵᠢᠯ᠎ᠳᠠᠭᠠᠨ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ ᠬᠢᠯᠢ᠎ᠶ᠋ᠢᠨ ᠪᠣᠭᠣᠮᠲᠠ᠎ᠶ᠋ᠢᠨ ᠬᠤᠳᠠ᠎ᠶ᠋ᠢᠨ ᠤᠯᠤᠰ ᠲᠦᠷᠦ᠍᠎ᠶ᠋ᠢᠨ ᠵᠥᠪᠯᠡᠯᠭᠡᠨ᠎ᠦ ᠠᠵᠢᠯ᠎ᠤᠨ ᠱᠢᠯᠢᠳᠡᠭ ᠬᠠᠷᠢᠭᠤᠯᠲᠠ᠎ᠶ᠋ᠢᠨ ᠬᠠᠭᠤᠳᠠᠰᠤ᠎ᠪᠠᠷ ᠶᠡᠷᠦᠩᠬᠡᠢ ᠱᠦᠵᠢ᠎ᠶ᠋ᠢᠨ ᠴᠢᠩ ᠰᠡᠳᠭᠢᠯ᠎ᠦᠨ ᠬᠦᠰᠡᠯ ᠨᠠᠢᠳᠠᠯᠭ᠎ᠠ ᠵᠢ ᠬᠠᠷᠢᠭᠤᠯᠤᠨ᠎ᠠ ᠭᠡᠵᠦ᠍ ᠢᠯᠡᠳᠭᠡᠪᠡ᠃
ᠶᠡᠷᠦᠩᠬᠡᠢ ᠱᠦᠵᠢ ᠰᠢ ᠵᠢᠨ ᠫᠢᠩ᠂ ᠨᠠᠷᠢᠯᠢᠭ ᠤᠨᠤᠪᠴᠢᠳᠠᠢ ᠪᠡᠷ ᠪᠣᠬᠢᠷᠲᠤᠯ᠎ᠢ ᠵᠠᠰᠠᠬᠤ᠂ ᠱᠢᠨᠵᠢᠯᠡᠬᠦ᠌ ᠤᠬᠠᠭᠠᠨᠴᠢ᠎ᠪᠠᠷ ᠪᠣᠬᠢᠷᠲᠤᠯ᠎ᠢ ᠵᠠᠰᠠᠬᠤ᠂ ᠬᠠᠤᠯᠢ ᠶᠣᠰᠣᠭᠠᠷ ᠪᠣᠬᠢᠷᠲᠤᠯ᠎ᠢ ᠵᠠᠰᠠᠬᠤ ᠴᠢᠭ᠌ᠯᠡᠯᠲᠡ᠎ᠶ᠋ᠢ ᠪᠦᠬᠦ᠌ ᠲᠠᠯ᠎ᠠ᠎ᠪᠠᠷ ᠣᠨᠣᠪᠴᠢᠲᠠᠢ ᠨᠠᠢᠳᠠᠪᠤᠷᠢᠵᠢᠭᠤᠯᠵᠤ᠂ ᠠᠵᠤ ᠠᠬᠤᠢ ᠨᠡᠢᠭᠡᠮ᠎ᠦᠨ ᠬᠥᠭ᠌ᠵᠢᠯᠲᠡ᠎ᠶ᠋ᠢᠨ ᠪᠣᠬᠢᠷᠲᠤᠯ ᠦᠭᠡᠢ ᠪᠠᠢᠬᠤ᠂ ᠳᠤᠤᠷ᠎ᠠ ᠨᠡᠭᠦᠷᠡᠰᠦᠲᠥ᠋ᠷᠥᠭ᠌ᠴᠢᠳᠤ ᠪᠠᠢᠬᠤ ᠵᠢ ᠠᠬᠢᠭᠤᠯᠬᠤ᠂ ᠡᠬᠢ ᠪᠠᠶᠠᠯᠢᠭ᠎ᠢ ᠠᠷᠪᠢᠯᠠᠨ ᠭᠠᠮᠨᠠᠵᠤ ᠡᠷᠴᠢᠮᠵᠢᠭᠦᠯᠦᠨ ᠡᠷᠭᠢᠯᠳᠦᠭᠦᠯᠦᠨ ᠠᠱᠢᠭ᠍ᠯᠠᠬᠤ᠎ᠶ᠋ᠢ ᠴᠢᠩᠭᠠᠳᠭᠠᠵᠤ᠂ ᠠᠮᠢ ᠠᠬᠤᠢ᠎ᠶ᠋ᠢᠨ ᠦᠢᠯᠡᠳᠬᠦᠨ᠎ᠦ ᠦᠷᠳᠡᠭ᠎ᠢ ᠪᠤᠳᠠᠳᠠᠢ ᠪᠤᠯᠭᠠᠬᠤ ᠠᠷᠭ᠎ᠠ ᠵᠠᠮ᠎ᠢ ᠥᠷᠭᠡᠳᠭᠡᠵᠦ᠍ ᠂ ᠨᠡᠭᠦᠷᠡᠰᠦᠲᠥ᠋ᠷᠥᠭ᠌ᠴᠢ᠎ᠶ᠋ᠢᠨ ᠭᠠᠳᠠᠭᠰᠢᠯᠠᠭᠤᠯᠤᠯᠳᠠ ᠤᠷᠬᠢᠯ ᠬᠡᠮᠵᠢᠭᠳᠡᠯ᠎ᠳᠦ ᠬᠦᠷᠬᠦ ᠨᠡᠭᠦᠷᠡᠰᠦᠲᠥ᠋ᠷᠥᠭ᠌ᠴᠢ ᠵᠢ ᠰᠠᠭᠠᠷᠮᠠᠭ᠍ᠵᠢᠭᠤᠯᠬᠤ᠎ᠶ᠋ᠢ ᠢᠳᠡᠪᠬᠢᠲᠡᠢ ᠪᠦᠭᠡᠳ ᠯᠠᠪᠳᠠᠭᠤᠨ᠎ᠢᠶᠠᠷ ᠠᠬᠢᠭᠤᠯᠵᠤ᠂ ᠴᠢᠨᠠᠷ ᠰᠠᠢᠲᠠᠢ ᠬᠥᠭ᠌ᠵᠢᠯᠲᠡ᠎ᠳᠦ ᠱᠢᠨ᠎ᠡ ᠬᠥᠳᠡᠯᠭᠡᠬᠦ᠌ ᠬᠦᠴᠦᠨ ᠨᠡᠮᠡᠷᠢᠯᠡᠵᠦ᠍ ᠂ ᠱᠢᠨ᠎ᠡ ᠳᠠᠪᠠᠭᠤᠯᠢᠭ᠎ᠢ ᠪᠤᠢ ᠪᠣᠯᠭᠠᠬᠤ ᠬᠡᠷᠡᠭ᠌ᠲᠡᠢ ᠭᠡᠵᠦ᠍ ᠴᠢᠬᠤᠯᠠᠴᠢᠯᠠᠪᠠ᠃ ᠡᠨᠡ ᠨᠢ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠦᠨ ᠠᠭᠠᠷ ᠮᠠᠨᠳᠠᠯ᠎ᠤᠨ ᠣᠷᠴᠢᠨ ᠲᠣᠭᠣᠷᠢᠨ᠎ᠤ ᠭᠠᠵᠠᠷ᠎ᠤᠨ ᠳᠠᠷᠤᠭ᠎ᠠ ᠱ᠌ᠢ ᠵᠢᠶᠦ᠋ᠨ ᠶᠧᠳᠦ ᠭᠦᠨ ᠲᠦᠷᠦᠭ᠌ᠳᠡᠯ ᠥᠭ᠌ᠴᠡᠢ᠃ ᠲᠡᠷᠡ᠄ 《ᠡᠨᠡ᠎ᠨᠢ ᠪᠢᠳᠡᠨ᠎ᠦ ᠬᠥᠬᠡ ᠣᠭ᠍ᠲᠠᠷᠭᠤᠶ᠎ᠶ᠋ᠢ ᠬᠠᠮᠠᠭᠠᠯᠠᠬᠤ ᠳᠠᠢᠯᠠᠯᠳᠤᠭᠠᠨ᠎ᠢ ᠦᠷᠭᠦᠯᠵᠢᠯᠡᠨ ᠭᠦᠨᠵᠡᠭᠡᠶ ᠰᠠᠢᠲᠤᠷ ᠬᠢᠬᠦ᠌᠎ᠳᠦ ᠤᠷᠤᠭ᠍ᠰᠢᠯᠠᠬᠤ ᠴᠢᠭ᠌ᠯᠡᠯ᠎ᠢ ᠲᠣᠳᠣᠷᠬᠠᠶ ᠵᠢᠭᠠᠵᠤ᠂ ᠦᠨᠳᠦᠰᠦᠨ ᠵᠢᠷᠤᠮᠯᠠᠯ ᠬᠠᠩᠭᠠᠪᠠ᠃ ᠠᠭᠠᠷ ᠮᠠᠨᠳᠠᠯ᠎ᠤᠨ ᠪᠣᠬᠢᠷᠲᠤᠯ᠎ᠢ ᠰᠡᠷᠭᠡᠢᠯᠡᠨ ᠵᠠᠰᠠᠬᠤ ᠠᠵᠢᠯ᠎ᠢ ᠰᠠᠢᠲᠤᠷ ᠬᠢᠬᠦ᠌ ᠪᠣᠯ ᠮᠠᠨ᠎ᠤ ᠤᠯᠤᠰ᠎ᠤᠨ ᠤᠮᠠᠷᠠᠲᠤ᠎ᠶ᠋ᠢᠨ ᠴᠢᠬᠤᠯᠠ ᠠᠮᠢ ᠠᠬᠤᠶ᠎ᠶ᠋ᠢᠨ ᠠᠮᠤᠷ ᠲᠦᠪᠱᠢᠨ᠎ᠦ ᠬᠠᠯᠬᠠᠪᠴᠢ᠎ᠶ᠋ᠢ ᠪᠡᠬᠢᠵᠢᠬᠦᠯᠬᠦ ᠴᠢᠬᠤᠯᠠ ᠠᠷᠭ᠎ᠠ ᠬᠡᠮᠵᠢᠶ᠎ᠡ ᠮᠥᠨ᠂ ᠠᠵᠤ ᠠᠬᠤᠶ ᠨᠡᠢᠭᠡᠮ᠎ᠦᠨ ᠴᠢᠨᠠᠷ ᠰᠠᠢᠲᠠᠶ ᠬᠥᠭ᠌ᠵᠢᠯᠲᠡ᠎ᠳᠦ ᠬᠣᠯᠪᠣᠭ᠍ᠳᠠᠵᠤ᠂ ᠠᠷᠠᠳ ᠣᠯᠠᠨ᠎ᠤ ᠠᠱᠢᠭ ᠲᠤᠰᠠ᠎ᠳᠤ ᠬᠣᠯᠪᠣᠭ᠍ᠳᠠᠵᠤ᠂ ᠬᠠᠷᠢᠭᠤᠴᠠᠯᠭ᠎ᠠ ᠬᠦᠨᠳᠦ ᠶᠡᠬᠡ᠂ ᠡᠭᠦᠷᠭᠡ ᠬᠠᠲᠠᠭᠤ ᠪᠡᠷᠬᠡ ᠪᠠᠢᠨ᠎ᠠ᠃ ᠬᠣᠢᠱᠢᠳᠠ ᠪᠢᠳᠡ ᠨᠠᠷᠢᠯᠢᠭ ᠣᠨᠣᠪᠴᠢᠲᠠᠶ᠂ ᠱᠢᠨᠵᠢᠯᠡᠬᠦ᠌ ᠤᠬᠠᠭᠠᠨᠴᠢ᠂ ᠬᠠᠤᠯᠢ ᠶᠣᠰᠣᠭᠠᠷ ᠪᠣᠬᠢᠷᠲᠤᠯ᠎ᠢ ᠵᠠᠰᠠᠬᠤ ᠶᠡᠷᠦᠩᠬᠡᠶ ᠱᠠᠭᠠᠷᠳᠠᠯᠭ᠎ᠠ᠎ᠶ᠋ᠢ ᠪᠥᠬᠥ᠌ ᠲᠠᠯ᠎ᠠ᠎ᠪᠠᠷ ᠣᠨᠣᠪᠴᠢᠲᠠᠶ ᠨᠠᠢᠳᠠᠪᠤᠷᠢᠵᠢᠭᠤᠯᠵᠤ᠂ ᠭᠤᠤᠯᠳᠠᠯᠭ᠎ᠠ᠎ᠲᠠᠶ ᠠᠵᠢᠯ ᠲᠥᠷᠥᠯ᠂ ᠭᠤᠤᠯᠳᠠᠯᠭ᠎ᠠ᠎ᠲᠠᠶ ᠣᠷᠣᠨ ᠪᠦᠰᠡ᠂ ᠭᠤᠤᠯᠳᠠᠯᠭ᠎ᠠ᠎ᠲᠠᠶ ᠴᠠᠭ ᠬᠤᠭᠤᠴᠠᠭ᠎ᠠ᠎ᠳᠤ ᠠᠩᠬᠠᠷᠤᠯ᠎ᠢᠶᠠᠨ ᠲᠥᠪᠯᠡᠷᠡᠭᠦᠯᠵᠦ᠍᠂ ᠠᠵᠤ ᠦᠶ᠋ᠯᠡᠳᠪᠦᠷᠢ᠂ ᠨᠡᠭᠦᠷᠡᠰᠦᠨ ᠰᠢᠳᠠᠭᠠᠯᠭ᠎ᠠ᠂ ᠮᠸᠬᠠᠨᠢᠭ ᠬᠦᠳᠡᠯᠭᠡᠭᠦᠷᠢᠳᠦ ᠲᠡᠷᠭᠡ᠂ ᠣᠯᠠᠨ ᠡᠬᠢᠲᠦ ᠪᠣᠬᠢᠷᠲᠤᠯ᠎ᠤᠨ ᠱᠢᠰᠲ᠋ᠧᠮ᠎ᠦᠨ ᠵᠠᠰᠠᠯᠲᠠ᠎ᠶ᠋ᠢ ᠴᠢᠨᠠᠭᠰᠢᠳᠠ ᠴᠢᠩᠭᠠᠳᠭᠠᠵᠤ᠂ ᠠᠽᠣᠲ᠎ᠤᠨ ᠢᠰᠦᠯ ᠪᠠ ᠳᠡᠭ᠌ᠳᠡᠮᠡᠬᠡᠶ ᠴᠢᠨᠠᠷᠲᠠᠶ ᠣᠷᠭᠠᠨᠢᠭ ᠪᠣᠳᠠᠰ (VOCs ) ᠤ᠋ᠨ ᠭᠠᠳᠠᠭ᠍ᠰᠢᠯᠠᠭᠤᠯᠤᠯᠲᠠ᠎ᠶ᠋ᠢ ᠪᠠᠭᠠᠰᠭᠠᠬᠤ᠎ᠶ᠋ᠢ ᠬᠠᠮᠵᠢᠯᠴᠠᠨ ᠠᠬᠢᠭᠤᠯᠵᠤ᠂ ᠬᠥᠬᠡᠬᠣᠲᠠ ᠪᠤᠭᠤᠲᠤ ᠣᠷᠳᠣᠰ᠂ ᠦᠬᠠᠶ ᠵᠢᠴᠢ ᠡᠷᠬᠢᠨ ᠲᠣᠭᠣᠷᠢᠨ᠎ᠤ ᠭᠠᠵᠠᠷ ᠣᠷᠣᠨ᠎ᠤ ᠠᠭᠠᠷ ᠮᠠᠨᠳᠠᠯ᠎ᠤᠨ ᠪᠣᠬᠢᠷᠲᠤᠯ᠎ᠢ ᠬᠣᠯᠪᠣᠭᠠᠯᠠᠨ ᠰᠡᠷᠭᠡᠢᠯᠡᠵᠦ᠍ ᠬᠣᠯᠪᠣᠭᠠᠯᠠᠨ ᠡᠵᠡᠮᠳᠡᠬᠦ᠌᠎ᠶ᠋ᠢ ᠦᠨᠡᠨ ᠬᠦ᠌ ᠰᠠᠢᠲᠤᠷ ᠬᠢᠵᠦ᠍᠂ ᠠᠵᠤ ᠦᠶ᠋ᠯᠡᠰ᠂ ᠡᠨᠧᠷᠭᠢ᠂ ᠲᠡᠭᠡᠭᠡᠪᠦᠷᠢ᠎ᠶ᠋ᠢᠨ ᠪᠦᠲᠦᠴᠡ᠎ᠶ᠋ᠢᠨ ᠲᠣᠬᠢᠷᠠᠭᠤᠯᠤᠯᠲᠠ᠎ᠶ᠋ᠢ ᠢᠳᠡᠪᠬᠢᠲᠡᠶ ᠠᠬᠢᠭᠤᠯᠵᠤ᠂ ᠪᠣᠬᠢᠷᠲᠤᠯ᠎ᠢ ᠡᠬᠢ ᠡᠭᠦᠰᠦᠯ ᠡᠴᠡ᠎ᠨᠢ ᠬᠢᠵᠠᠭᠠᠷᠯᠠᠵᠤ᠂ ᠪᠣᠬᠢᠷᠲᠤᠯ ᠥᠬᠡᠶ ᠳᠤᠤᠷ᠎ᠠ ᠨᠡᠭᠦᠷᠡᠰᠦᠲᠥ᠋ᠷᠥᠭ᠌ᠴᠢᠲᠦ᠍ ᠠᠮᠢᠳᠤᠷᠠᠯ᠎ᠤᠨ ᠠᠷᠭ᠎ᠠ ᠮᠠᠶᠢᠭ᠎ᠢ ᠪᠦᠷᠢᠯᠳᠦᠬᠦᠯᠬᠦ ᠵᠢ ᠳᠦᠷᠭᠡᠳᠬᠡᠵᠦ᠂ ᠤᠷᠴᠢᠨ ᠳᠤᠭᠤᠷᠢᠨ᠂ ᠠᠵᠤ ᠠᠬᠤᠢ᠂ ᠨᠡᠢᠭᠡᠮ᠎ᠤᠨ ᠦᠷ᠎ᠡ ᠠᠰᠢᠭ ᠬᠠᠮᠳᠤ ᠪᠡᠷ ᠠᠮᠵᠢᠯᠲᠠ ᠤᠯᠬᠤ ᠵᠢ ᠪᠡᠶᠡᠯᠡᠬᠦᠯᠦᠨ᠎ᠡ》 ᠭᠡᠪᠡ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠣᠷᠬᠢᠯ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃