2024-03-10 17:22:23
ᠸᠠᠩ ᠬᠣ᠌ ᠨᠢᠩ ᠬᠤᠷᠠᠯ᠎ᠢ ᠡᠷᠬᠢᠯᠡᠵᠡᠢ
ᠤᠯᠤᠰ ᠲᠥᠷᠥ᠎ᠶ᠋ᠢᠨ ᠵᠥᠪᠯᠡᠯᠭᠡᠨ᠎ᠦ ᠠᠷᠪᠠᠨ ᠳᠥᠷᠪᠡᠳᠦᠭᠡᠷ ᠬᠤᠭᠤᠴᠠᠭᠠᠨ᠎ᠤ ᠪᠥᠬᠥ᠌ ᠤᠯᠤᠰ᠎ᠤᠨ ᠬᠤᠷᠢᠶ᠎ᠠ᠎ᠵᠢᠨ ᠪᠠᠢᠩᠭᠤ᠎ᠶ᠋ᠢᠨ ᠬᠤᠷᠢᠶ᠎ᠠ᠎ᠵᠢᠨ ᠵᠢᠷᠭᠤᠳᠤᠭᠠᠷ ᠬᠤᠷᠠᠯ 9 ᠤ᠋ ᠦᠳᠡ᠎ᠶ᠋ᠢᠨ ᠬᠣᠢᠨ᠎ᠠ ᠪᠡᠭᠡᠵᠢᠩ᠎ᠳᠦ ᠬᠤᠷᠠᠯᠳᠤᠪᠠ᠃ ᠨᠠᠮ᠎ᠤᠨ ᠲᠥᠪ ᠬᠤᠷᠢᠶ᠎ᠠ᠎ᠵᠢᠨ ᠤᠯᠤᠰ ᠲᠦᠷᠦ᠍᠎ᠶ᠋ᠢᠨ ᠲᠣᠪᠴᠢᠶ᠎ᠠ ᠵᠢᠨ ᠪᠠᠢᠩᠭᠤ᠎ᠶ᠋ᠢᠨ ᠭᠡᠱᠢᠭᠦᠨ᠂ ᠪᠦᠬᠦ᠌ ᠤᠯᠤᠰ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠦ ᠲᠡᠷᠢᠭᠦᠯᠡᠭ᠌ᠴᠢ ᠸᠠᠩ ᠬᠣ᠌ ᠨᠢᠩ ᠬᠤᠷᠠᠯ᠎ᠢ ᠡᠷᠬᠢᠯᠡᠪᠡ᠃
ᠬᠤᠷᠠᠯ᠎ᠡᠴᠡ ᠬᠠᠮᠢᠶ᠎ᠠ ᠪᠦᠬᠦᠢ ᠪᠢᠴᠢᠭ ᠮᠠᠲ᠋ᠧᠷᠢᠶᠠᠯ᠎ᠤᠨ ᠲᠥᠰᠦᠯ᠎ᠢ ᠶᠠᠷᠢᠯᠴᠠᠭ᠍ᠰᠠᠨ ᠪᠠ ᠵᠠᠰᠠᠪᠤᠷᠢ ᠣᠷᠣᠭᠤᠯᠤᠭ᠍ᠰᠠᠨ ᠪᠠᠢᠳᠠᠯ᠎ᠤᠨ ᠲᠤᠬᠠᠢ ᠬᠠᠷᠢᠭᠤ ᠮᠡᠳᠡᠭᠦᠯᠦᠯᠲᠡ᠎ᠶ᠋ᠢ ᠰᠣᠨᠣᠰᠴᠤ᠂ ᠪᠠᠢᠩᠭᠤ᠎ᠶ᠋ᠢᠨ ᠬᠤᠷᠢᠶ᠎ᠠ᠎ᠵᠢᠨ ᠠᠵᠢᠯ᠎ᠤᠨ ᠮᠡᠳᠡᠭᠦᠯᠦᠯᠲᠡ᠎ᠵᠢᠨ ᠲᠤᠬᠠᠢ ᠤᠯᠤᠰ ᠲᠦᠷᠦ᠍᠎ᠶ᠋ᠢᠨ ᠵᠥᠪᠯᠡᠯᠭᠡᠨ᠎ᠦ ᠠᠷᠪᠠᠨ ᠳᠥᠷᠪᠡᠳᠦᠭᠡᠷ ᠬᠤᠭᠤᠴᠠᠭᠠᠨ᠎ᠤ ᠪᠦᠬᠦ᠌ ᠤᠯᠤᠰ᠎ᠤᠨ ᠬᠤᠷᠢᠶ᠎ᠠ᠎ᠵᠢᠨ ᠬᠣᠶᠠᠳᠤᠭᠠᠷ ᠬᠤᠷᠠᠯ᠎ᠤᠨ ᠱᠢᠢᠳᠪᠦᠷᠢ (ᠲᠥᠰᠦᠯ)᠂ ᠤᠯᠤᠰ ᠲᠥᠷᠥ᠎ᠶ᠋ᠢᠨ ᠵᠥᠪᠯᠡᠯᠭᠡᠨ᠎ᠦ ᠠᠷᠪᠠᠨ ᠳᠥᠷᠪᠡᠳᠦᠭᠡᠷ ᠬᠤᠭᠤᠴᠠᠭᠠᠨ᠎ᠤ ᠠᠩᠬᠠᠳᠤᠭᠠᠷ ᠬᠤᠷᠠᠯ᠎ᠡᠴᠡ ᠨᠠᠭᠠᠱᠢᠬᠢ ᠰᠠᠨᠠᠯ ᠳᠤᠷᠠᠳᠤᠯᠭ᠎ᠠ᠎ᠶ᠋ᠢᠨ ᠠᠵᠢᠯ᠎ᠤᠨ ᠪᠠᠢᠳᠠᠯ᠎ᠤᠨ ᠮᠡᠳᠡᠭᠦᠯᠦᠯᠲᠡ᠎ᠶ᠋ᠢᠨ ᠲᠤᠬᠠᠶ ᠤᠯᠤᠰ ᠲᠥᠷᠥ᠎ᠶ᠋ᠢᠨ ᠵᠥᠪᠯᠡᠯᠭᠡᠨ᠎ᠦ ᠠᠷᠪᠠᠨ ᠳᠥᠷᠪᠡᠳᠦᠭᠡᠷ ᠬᠤᠭᠤᠴᠠᠭᠠᠨ᠎ᠤ ᠪᠥᠬᠥ᠌ ᠤᠯᠤᠰ᠎ᠤᠨ ᠬᠤᠷᠢᠶ᠎ᠠ᠎ᠵᠢᠨ ᠬᠣᠶᠠᠳᠤᠭᠠᠷ ᠬᠤᠷᠠᠯ᠎ᠤᠨ ᠱᠢᠶ᠋ᠳᠪᠦᠷᠢ(ᠲᠥᠰᠦᠯ)᠂ ᠤᠯᠤᠰ ᠲᠦᠷᠦ᠍᠎ᠶ᠋ᠢᠨ ᠵᠥᠪᠯᠡᠯᠭᠡᠨ᠎ᠦ ᠠᠷᠪᠠᠨ ᠳᠥᠷᠪᠡᠳᠦᠭᠡᠷ ᠬᠤᠭᠤᠴᠠᠭᠠᠨ᠎ᠤ ᠬᠣᠶᠠᠳᠤᠭᠠᠷ ᠬᠤᠷᠠᠯ᠎ᠤᠨ ᠰᠠᠨᠠᠯ ᠳᠤᠷᠠᠳᠤᠯᠭ᠎ᠠ ᠶ᠋ᠢ ᠬᠢᠨᠠᠨ ᠪᠠᠢᠴᠠᠭᠠᠭ᠍ᠰᠠᠨ ᠪᠠᠢᠳᠠᠯ᠎ᠤᠨ ᠲᠤᠬᠠᠢ ᠤᠯᠤᠰ ᠲᠦᠷᠦ᠍᠎ᠶ᠋ᠢᠨ ᠵᠥᠪᠯᠡᠯᠭᠡᠨ᠎ᠦ ᠠᠷᠪᠠᠨ ᠳᠥᠷᠪᠡᠳᠦᠭᠡᠷ ᠬᠤᠭᠤᠴᠠᠭᠠᠨ᠎ᠤ ᠪᠦᠬᠦ᠌ ᠤᠯᠤᠰ᠎ᠤᠨ ᠬᠤᠷᠢᠶ᠎ᠠ᠎ᠵᠢᠨ ᠰᠠᠨᠠᠯ ᠳᠤᠷᠠᠳᠤᠯᠭ᠎ᠠ᠎ᠶ᠋ᠢᠨ ᠵᠦᠪᠯᠡᠯ᠎ᠤᠨ ᠮᠡᠳᠡᠭᠦᠯᠦᠯᠲᠡ (ᠲᠥᠰᠦᠯ)᠂ ᠤᠯᠤᠰ ᠲᠥᠷᠥ᠎ᠶ᠋ᠢᠨ ᠵᠥᠪᠯᠡᠯᠭᠡᠨ᠎ᠦ ᠠᠷᠪᠠᠨ ᠳᠥᠷᠪᠡᠳᠦᠭᠡᠷ ᠬᠤᠭᠤᠴᠠᠭᠠᠨ᠎ᠤ ᠪᠥᠬᠥ᠌ ᠤᠯᠤᠰ᠎ᠤᠨ ᠬᠤᠷᠢᠶ᠎ᠠ᠎ᠵᠢᠨ ᠬᠣᠶᠠᠳᠤᠭᠠᠷ ᠬᠤᠷᠠᠯ᠎ᠤᠨ ᠤᠯᠤᠰ ᠲᠥᠷᠥ᠎ᠶ᠋ᠢᠨ ᠱᠢᠶ᠋ᠳᠪᠦᠷᠢ (ᠲᠥᠰᠦᠯ) ᠶ᠋ᠢ ᠬᠢᠨᠠᠨ ᠵᠦᠪᠯᠡᠵᠦ ᠪᠠᠲᠤᠯᠠᠨ᠂ ᠳᠡᠭᠡᠷ᠎ᠡ ᠳᠤᠷᠠᠳᠤᠭ᠍ᠰᠠᠨ ᠮᠡᠳᠡᠭᠦᠯᠦᠯᠲᠡ ᠪᠣᠯᠤᠨ ᠱᠢᠶ᠋ᠳᠪᠦᠷᠢ(ᠲᠥᠰᠦᠯ) ᠶ᠋ᠢ ᠪᠦᠬᠦ᠌ ᠤᠯᠤᠰ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠦ ᠠᠷᠪᠠᠨ ᠳᠥᠷᠪᠡᠳᠦᠭᠡᠷ ᠬᠤᠭᠤᠴᠠᠭᠠᠨ᠎ᠤ ᠬᠤᠷᠢᠶ᠎ᠠ᠎ᠵᠢᠨ ᠬᠣᠶᠠᠳᠤᠭᠠᠷ ᠬᠤᠷᠠᠯ᠎ᠤᠨ ᠲᠡᠭᠦᠰᠭᠦ ᠬᠤᠷᠠᠯ᠎ᠳᠤ ᠳᠡᠪᠱᠢᠭᠦᠯᠵᠦ᠍ ᠬᠢᠨᠠᠨ ᠵᠥᠪᠯᠡᠭᠦᠯᠬᠦ᠌᠎ᠪᠡᠷ ᠲᠣᠭ᠍ᠲᠠᠪᠠ᠃
ᠬᠤᠷᠠᠯ᠎ᠡᠴᠡ ᠡᠮᠦᠨ᠎ᠡ᠂ ᠸᠠᠩ ᠬᠤ᠌ ᠨᠢᠩ ᠪᠦᠬᠦ᠌ ᠤᠯᠤᠰ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠦ ᠠᠷᠪᠠᠨ ᠵᠢᠷᠭᠤᠳᠤᠭᠠᠷ ᠤᠳᠠᠭ᠎ᠠ᠎ᠶ᠋ᠢᠨ ᠲᠡᠷᠢᠭᠦᠯᠡᠭ᠌ᠴᠢᠳ᠎ᠦᠨ ᠬᠤᠷᠠᠯ᠎ᠢ ᠡᠷᠬᠢᠯᠡᠨ ᠬᠤᠷᠠᠯᠳᠤᠭᠤᠯᠵᠤ᠂ ᠤᠯᠤᠰ ᠲᠦᠷᠦ᠍᠎ᠶ᠋ᠢᠨ ᠵᠥᠪᠯᠡᠯᠭᠡᠨ᠎ᠦ ᠠᠷᠪᠠᠨ ᠳᠥᠷᠪᠡᠳᠦᠭᠡᠷ ᠬᠤᠭᠤᠴᠠᠭᠠᠨ᠎ᠤ ᠪᠦᠬᠦ᠌ ᠤᠯᠤᠰ᠎ᠤᠨ ᠬᠤᠷᠢᠶ᠎ᠠ᠎ᠵᠢᠨ ᠬᠣᠶᠠᠳᠤᠭᠠᠷ ᠬᠤᠷᠠᠯ᠎ᠤᠨ ᠪᠠᠢᠳᠠᠯ᠎ᠤᠨ ᠲᠤᠬᠠᠢ ᠶᠡᠷᠦᠩᠬᠡᠢᠯᠡᠭ᠌ᠰᠡᠨ ᠬᠠᠷᠢᠭᠤ ᠮᠡᠳᠡᠭᠦᠯᠦᠯᠲᠡ᠎ᠶ᠋ᠢ ᠰᠣᠨᠣᠰᠴᠤ᠌᠂ ᠪᠦᠬᠦ᠌ ᠤᠯᠤᠰ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠦ ᠠᠷᠪᠠᠨ ᠳᠥᠷᠪᠡᠳᠦᠭᠡᠷ ᠬᠤᠭᠤᠴᠠᠭᠠᠨ᠎ᠤ ᠪᠠᠢᠩᠭᠤ᠎ᠶ᠋ᠢᠨ ᠬᠤᠷᠢᠶ᠎ᠠ᠎ᠵᠢᠨ ᠵᠢᠷᠭᠤᠳᠤᠭᠠᠷ ᠬᠤᠷᠠᠯ᠎ᠳᠤ ᠳᠡᠪᠱᠢᠭᠦᠯᠵᠦ᠍ ᠬᠢᠨᠠᠨ ᠵᠥᠪᠯᠡᠭᠦᠯᠬᠦ᠌ ᠬᠣᠯᠪᠣᠭ᠍ᠳᠠᠯ ᠪᠦᠬᠦᠢ ᠪᠢᠴᠢᠭ ᠮᠠᠲ᠋ᠧᠷᠢᠶᠠᠯ (ᠲᠥᠰᠦᠯ) ᠢ᠋ ᠬᠢᠨᠠᠨ ᠵᠥᠪᠯᠡᠵᠡᠢ᠃
ᠨᠠᠮ᠎ᠤᠨ ᠲᠥᠪ ᠬᠤᠷᠢᠶ᠎ᠠ᠎ᠵᠢᠨ ᠤᠯᠤᠰ ᠲᠦᠷᠦ᠍᠎ᠶ᠋ᠢᠨ ᠲᠣᠪᠴᠢᠶ᠎ᠠ ᠵᠢᠨ ᠭᠡᠱᠢᠭᠦᠨ᠂ ᠪᠦᠬᠦ᠌ ᠤᠯᠤᠰ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠦ ᠳᠡᠳ᠋ ᠲᠡᠷᠢᠭᠦᠯᠡᠭ᠌ᠴᠢ ᠱ᠌ᠢ᠎ᠲᠡᠶ ᠹᠸᠩ᠂ ᠪᠦᠬᠦ᠌ ᠤᠯᠤᠰ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠦ ᠳᠡᠳ᠋ ᠲᠡᠷᠢᠭᠦᠯᠡᠭ᠌ᠴᠢ ᠬᠤ᠌ ᠴᠦᠨ ᠬᠤᠸᠠ᠂ ᠱᠸᠨ ᠶᠤᠸᠠᠢ ᠶᠤᠸᠠᠢ᠂ ᠸᠠᠩ ᠶᠦᠩ᠂ ᠵᠧᠦ ᠴᠢᠶᠠᠩ᠂ ᠫᠠᠪᠠᠯᠠ·ᠭᠸᠯᠸᠭᠨᠡᠮᠵᠢᠯ᠂ ᠾᠧ ᠾᠧᠦ ᠬᠤᠸᠠ᠂ ᠯᠢᠶᠠᠩ ᠵᠧᠨ ᠶᠢᠩ᠂ ᠪᠠᠭᠠᠲᠤᠷ᠂ ᠰᠣ᠌ ᠬᠤᠢ᠂ ᠱᠤᠤ ᠬᠣᠩ᠂ ᠴᠧᠨ ᠡᠸ᠋᠂ ᠮᠦ᠍ ᠬᠣᠩ᠂ ᠱᠢᠶᠠᠨ ᠬᠤᠢ᠂ ᠸᠠᠩ ᠳ᠋ᠦᠩ ᠹᠸᠩ᠂ ᠵᠢᠶᠠᠩ ᠱᠢᠨ ᡁᠢ᠂ ᠵᠢᠶᠠᠩ ᠽᠦᠸᠧ ᠵᠢᠶᠦ᠋ᠨ᠂ ᠾᠧ ᠪᠦᠦ ᠱᠢᠶᠠᠩ᠂ ᠸᠠᠩ ᠭᠤᠸᠠᠩ ᠴᠢᠶᠠᠨ᠂ ᠴᠢᠨ ᠪᠥᠸᠧ ᠶᠦᠩ᠂ ᠵᠦ᠍ ᠶᠦᠩ ᠱᠢᠨ᠂ ᠶᠠᠩ ᠵᠧᠨ ᠬᠤᠷᠠᠯ᠎ᠳᠤ ᠣᠷᠣᠯᠴᠠᠪᠠ᠃
(ᠱᠢᠨᠬᠤᠸᠠ ᠬᠤᠷᠢᠶ᠎ᠠ᠎ᠵᠢᠨ ᠪᠡᠭᠡᠵᠢᠩ᠎ᠦᠨ 3 ᠰᠠᠷ᠎ᠠ᠎ᠶ᠋ᠢᠨ 9 ᠤ᠋ ᠴᠠᠬᠢᠯᠭᠠᠨ ᠮᠡᠳᠡᠭᠡ )
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠰᠠᠢᠨ᠎ᠠ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃