2024-03-08 10:48:19
ᠤᠷᠢᠬᠠᠨ ᠬᠠᠪᠤᠷ ᠰᠠᠭᠠᠳᠠᠬᠤᠶᠠ ᠥᠪᠥᠷ ᠮᠣᠩᠭᠣᠯ᠎ᠤᠨ ᠡᠬᠡ ᠭᠠᠵᠠᠷᠠᠮᠢᠵᠢᠷᠠᠯᠤᠨ ᠬᠦᠴᠦᠨ᠎ᠢᠶᠡᠷ ᠪᠢᠯᠬᠠᠨ᠎ᠠ᠃
ᠮᠤᠤᠠᠤᠰᠤ ᠵᠢᠨ ᠡᠯᠡᠰᠦᠷᠬᠡᠭ ᠭᠠᠵᠠᠷ᠎ᠲᠤ᠂ ᠬᠡᠰᠡᠭ ᠬᠡᠰᠡᠭ ᠡᠯᠡᠰᠦᠨ ᠪᠤᠷᠭᠠᠰᠤᠨ᠎ᠤ ᠰᠠᠯᠠᠭ᠎ᠠ ᠨᠠᠮᠠᠭ᠎ᠠ ᠲᠡᠷᠢ ᠲᠡᠭ᠌ᠰᠢ ᠵᠢᠭ᠍ᠰᠠᠨ᠎ᠠ᠂ ᠲᠷᠠᠺᠲ᠋ᠣᠷ᠂ ᠨᠦᠭᠡ ᠮᠠᠯᠲᠠᠬᠤ ᠮᠠᠱᠢᠨ᠂ ᠤᠳᠭᠤᠭᠤᠷ ᠲᠡᠷᠭᠡ ᠵᠡᠷᠭᠡ ᠲᠤᠮᠤ ᠬᠡᠯᠪᠡᠷᠢ᠎ᠶ᠋ᠢᠨ ᠮᠠᠱᠢᠨ ᠮᠧᠬᠠᠨᠢᠭ᠎ᠢᠶᠠᠷ ᠮᠣᠳᠣ ᠲᠠᠷᠢᠵᠦ᠍ ᠭᠠᠵᠠᠷ ᠲᠡᠭ᠌ᠰᠢᠯᠡᠨ ᠶᠠᠭᠠᠷᠠᠯᠲᠠᠢ ᠠᠵᠢᠯᠯᠠᠵᠤ ᠪᠠᠢᠯ᠎ᠠ᠃ 2023 ᠣᠨ᠎ᠳᠤ ᠡᠳᠦᠷ ᠳᠤᠮᠳᠠᠴᠢ᠎ᠪᠡᠷ ᠲᠦᠮᠡᠨ ᠮᠦ᠍ᠡᠯᠡᠰᠦ ᠵᠠᠰᠠᠭ᠍ᠰᠠᠨ ᠣᠮᠣᠭ᠍ᠰᠢᠯ᠎ᠲᠠᠢ ᠠᠮᠵᠢᠯᠲᠠ ᠣᠯᠤᠭ᠍ᠰᠠᠨ ᠤᠷᠳᠤᠰ ᠤᠳᠤ ᠨᠢᠭᠡᠨᠳᠡ 2024 ᠣᠨ᠎ᠤ ᠡᠯᠡᠰᠦ ᠵᠢ ᠵᠠᠰᠠᠬᠤ ᠠᠩᠬᠠᠨ᠎ᠤ ᠳᠠᠢᠯᠠᠯᠳᠤᠭᠠᠨᠵᠢᠡᠨ ᠡᠬᠢᠯᠡᠭᠦᠯᠪᠡ᠃
ᠳ᠋ᠸᠩᠺᠸᠤ ᠱᠢᠶᠠᠨ᠎ᠤ ᠪᠠᠷᠠᠭᠤᠨ ᠬᠡᠰᠡᠭ᠎ᠦᠨ ᠴᠦᠯᠯᠡᠷᠭᠡᠭ᠌ᠵᠢᠯ᠎ᠢ ᠶᠡᠷᠦᠩᠬᠡᠢᠯᠡᠨ ᠵᠠᠰᠠᠬᠤ ᠨᠢᠭᠡᠳᠦᠭᠡᠷ ᠬᠤᠭᠤᠴᠠᠭᠠᠨ᠎ᠤ ᠲᠦᠷᠦᠯ ᠵᠦᠢᠯ᠎ᠦᠨ ᠪᠦᠳᠦᠭᠡᠨ ᠪᠠᠢᠭᠤᠯᠤᠯᠲᠠ᠎ᠶ᠋ᠢᠨ ᠲᠤᠬᠠᠢ᠎ᠶ᠋ᠢᠨ ᠲᠠᠯᠠᠪᠠᠢ᠎ᠳᠤ᠂ ᠪᠠᠷᠢᠯᠭ᠎ᠠ᠎ᠶ᠋ᠢᠨ ᠠᠵᠢᠯᠲᠠᠳ ᠴᠢᠬᠢ ᠮᠣᠳᠣᠨ᠎ᠤ ᠰᠠᠯᠠᠭ᠎ᠠ ᠮᠥᠴᠢᠷ᠎ᠢ ᠱᠢᠨᠵᠢᠯᠡᠬᠦ᠌ ᠤᠬᠠᠭᠠᠨᠴᠢ᠎ᠪᠠᠷ ᠵᠠᠰᠠᠨ ᠬᠠᠢᠴᠢᠯᠠᠵᠤ᠂ ᠨᠢᠭᠡ ᠪᠦᠯᠦᠭ ᠲᠣᠣᠷ ᠬᠦᠷᠢᠶ᠎ᠡ ᠶ᠋ᠢ ᠲᠦᠷᠦᠯ ᠵᠦᠢᠯ᠎ᠦᠨ ᠲᠣᠭᠣᠷᠢᠭ᠎ᠲᠤ ᠬᠦᠷᠭᠡᠵᠦ᠍᠂ ᠪᠢᠲᠡᠭᠦᠮᠵᠢᠯᠡᠨ ᠪᠣᠢᠵᠢᠭᠤᠯᠬᠤ᠎ᠳᠤ ᠪᠡᠯᠡᠳᠭᠡᠯ ᠠᠵᠢᠯ᠎ᠢ ᠰᠠᠢᠲᠤᠷ ᠬᠢᠵᠦ᠍ ᠪᠠᠢᠨ᠎ᠠ᠃ ᠳ᠋ᠸᠩᠺᠸᠤ ᠱᠢᠶᠠᠨ 5 ᠰᠠᠷ᠎ᠠ᠎ᠶ᠋ᠢᠨ ᠰᠡᠬᠦᠯᠴᠢ᠎ᠡᠴᠡ ᠡᠮᠦᠨ᠎ᠡ 1.2 ᠲᠦᠮᠡᠨ ᠮᠥ᠍ ᠪᠣᠳᠠ ᠮᠣᠳᠣ ᠪᠠ 1.5 ᠲᠦᠮᠡᠨ ᠮᠥ᠍ ᠵᠠᠭ ᠮᠣᠳᠣ ᠵᠡᠷᠭᠡ ᠮᠠᠭᠤᠳᠠᠭ᠍ᠰᠠᠨ ᠣᠶ᠎ᠶ᠋ᠢ ᠵᠠᠰᠠᠨ ᠰᠡᠷᠭᠦᠭᠡᠬᠦ᠌ ᠵᠢᠴᠢ ᠪᠢᠲᠡᠭᠦᠮᠵᠢᠯᠡᠨ ᠪᠣᠢᠵᠢᠭᠤᠯᠬᠤ ᠪᠥᠲᠥᠭᠡᠨ ᠪᠠᠢᠭᠤᠯᠤᠯᠲᠠ᠎ᠶ᠋ᠢᠨ ᠡᠭᠦᠷᠭᠡ᠎ᠶ᠋ᠢ ᠪᠡᠶᠡᠯᠡᠭᠦᠯᠬᠦ᠌᠎ᠪᠡᠷ ᠲᠥᠯᠥᠪᠯᠡᠵᠦ᠍ ᠪᠠᠢᠬᠤ ᠪᠥᠭᠡᠳ ᠪᠠᠷᠠᠭᠤᠨ ᠬᠡᠰᠡᠭ᠎ᠦᠨ ᠴᠥᠯᠯᠡᠷᠬᠡᠭ ᠭᠠᠵᠠᠷ᠎ᠢ ᠶᠡᠷᠦᠩᠬᠡᠢᠯᠡᠨ ᠵᠠᠰᠠᠬᠤ ᠬᠣᠶᠠᠳᠤᠭᠠᠷ ᠬᠤᠭᠤᠴᠠᠭᠠᠨ᠎ᠤ 6.25 ᠲᠦᠮᠡᠨ ᠮᠥ᠍ ᠪᠥᠲᠥᠭᠡᠨ ᠪᠠᠢᠭᠤᠯᠤᠯᠲᠠ᠎ᠶ᠋ᠢᠨ ᠡᠭᠦᠷᠭᠡ᠎ᠶ᠋ᠢ ᠡᠬᠢᠯᠡᠭᠦᠯᠬᠦ᠌᠎ᠪᠡᠷ ᠪᠠᠢᠨ᠎ᠠ᠃
ᠤᠯᠠᠭᠠᠨᠬᠠᠳᠠ ᠬᠣᠲᠠ᠎ᠶ᠋ᠢᠨ ᠣᠩᠨᠢᠭᠤᠳ ᠬᠣᠱᠢᠭᠤᠨ᠎ᠤ ᠬᠣᠷᠴᠢᠨ᠎ᠤ ᠡᠯᠡᠰᠦᠷᠬᠡᠭ ᠭᠠᠵᠠᠷ᠎ᠤᠨ ᠠᠮᠢ ᠠᠬᠤᠶ᠎ᠶ᠋ᠢᠨ ᠵᠠᠰᠠᠯᠲᠠ᠎ᠶ᠋ᠢᠨ ᠱᠢᠨ᠎ᠡ ᠡᠨᠧᠷᠭᠢ᠎ᠶ᠋ᠢᠨ ᠰᠠᠭᠤᠷᠢᠨ (ᠨᠢᠭᠡᠳᠦᠭᠡᠷ ᠬᠤᠭᠤᠴᠠᠭ᠎ᠠ) ᠤ᠋ ᠢᠨᠵᠧᠨᠧᠷᠢᠩ᠎ᠦᠨ ᠠᠵᠢᠯ᠎ᠤᠨ ᠲᠤᠬᠠᠶ᠎ᠶ᠋ᠢᠨ ᠲᠠᠯᠠᠪᠠᠶ᠎ᠳᠤ᠂ ᠮᠠᠱᠢᠨ᠎ᠤ ᠲᠠᠭᠤᠨ ᠬᠦᠩᠭᠢᠨᠡᠨ᠂ ᠵᠢᠩ ᠨᠧᠩ (ᠤᠯᠠᠭᠠᠨᠬᠠᠳᠠ) ᠡᠨᠧᠷᠭᠢ᠎ᠶ᠋ᠢᠨ ᠬᠥᠭ᠌ᠵᠢᠯᠲᠡ᠎ᠶ᠋ᠢᠨ ᠬᠢᠵᠠᠭᠠᠷᠲᠤ ᠺᠣᠮᠫᠠᠨᠢ᠎ᠶ᠋ᠢᠨ ᠢᠯᠴᠢ᠎ᠶ᠋ᠢᠨ ᠴᠠᠬᠢᠯᠭᠠᠨ᠎ᠤ ᠠᠮᠢᠳᠤᠯᠢᠭ ᠥᠭᠡᠷᠡᠴᠢᠯᠡᠯᠲᠡ᠎ᠶ᠋ᠢ 110 ᠰᠠᠶ᠎ᠠ ᠸᠠᠲ᠎ᠤᠨ ᠬᠡᠷᠡᠯᠴᠢ ᠴᠡᠨᠡᠭ᠎ᠦᠨ ᠲᠥᠷᠥᠯ ᠵᠦᠶ᠋ᠯ᠎ᠢ ᠶᠠᠭ ᠱᠠᠯᠠᠪᠳᠠᠨ ᠪᠥᠲᠥᠭᠡᠨ ᠪᠠᠢᠭᠤᠯᠵᠤ ᠪᠣᠶ᠃ ᠣᠩᠨᠢᠭᠤᠳ ᠬᠣᠱᠢᠭᠤᠨ᠎ᠤ ᠡᠯᠡᠰᠦ᠎ᠶ᠋ᠢ ᠰᠡᠷᠭᠡᠢᠯᠡᠨ ᠵᠠᠰᠠᠬᠤ ᠪᠠ ᠰᠠᠯᠬᠢᠨ ᠬᠦᠴᠦᠨ᠎ᠦ ᠴᠠᠬᠢᠯᠭᠠᠨ ᠭᠡᠷᠡᠯᠴᠢ ᠴᠡᠨᠡᠭ᠎ᠢ ᠨᠢᠭᠡ ᠴᠣᠭ᠍ᠴᠠᠵᠢᠭᠤᠯᠬᠤ ᠢᠨᠵᠧᠨᠧᠷᠢᠩ᠎ᠢ ᠠᠬᠢᠭᠤᠯᠵᠤ᠂ ᠡᠨᠡ ᠵᠢᠯ᠎ᠦᠨ 6 ᠰᠠᠷ᠎ᠠ᠎ᠳᠤ ᠪᠠᠷᠢᠯᠭ᠎ᠠ ᠳᠠᠭᠤᠰᠭᠠᠬᠤ᠎ᠪᠠᠷ ᠲᠥᠯᠥᠪᠯᠡᠵᠦ᠍᠂ ᠴᠠᠬᠢᠯᠭᠠᠨ ᠭᠠᠷᠭᠠᠬᠤ ᠪᠠ ᠠᠮᠢ ᠠᠬᠤᠢ᠎ᠶ᠋ᠢᠨ ᠵᠠᠰᠠᠯᠲᠠ᠎ᠶ᠋ᠢ ᠵᠡᠷᠭᠡ᠎ᠪᠡᠷ ᠪᠡᠶᠡᠯᠡᠭᠦᠯᠬᠦ᠌᠎ᠪᠡᠷ ᠬᠦᠴᠦᠯᠡᠵᠦ ᠪᠠᠢᠨ᠎ᠠ᠃
ᠰᠢᠨ᠎ᠡ ᠵᠢᠯ ᠡᠬᠢᠯᠡᠮᠡᠭ᠌ᠴᠡ ᠠᠵᠢᠯ᠎ᠢᠶᠠᠨ ᠡᠬᠢᠯᠡᠭᠦᠯᠵᠦ᠍᠂ ᠠᠵᠢᠯ᠎ᠢᠶᠠᠨ ᠡᠬᠢᠯᠡᠭᠦᠯᠦᠮᠡᠭ᠌ᠴᠡ ᠱᠢᠪᠲᠤᠯᠤᠯᠲᠠ ᠬᠢᠵᠦ᠍᠂ ᠮᠠᠨ᠎ᠤ ᠤᠯᠤᠰ᠎ᠤᠨ ᠤᠮᠠᠷᠠᠲᠤ᠎ᠶ᠋ᠢᠨ ᠴᠢᠬᠤᠯᠠ ᠠᠮᠢ ᠠᠬᠤᠢ᠎ᠶ᠋ᠢᠨ ᠠᠮᠤᠷ ᠲᠦᠪᠱᠢᠨ᠎ᠦ ᠬᠠᠯᠬᠠᠪᠴᠢ᠎ᠶ᠋ᠢ ᠪᠠᠲᠤ ᠴᠣᠭ᠍ᠴᠠᠯᠠᠬᠤ ᠬᠠᠷᠢᠭᠤᠴᠠᠯᠭ᠎ᠠ᠎ᠶ᠋ᠢ ᠡᠭᠦᠷᠭᠡᠯᠡᠵᠦ᠍᠂ ᠥᠪᠥᠷ ᠮᠣᠩᠭᠣᠯ ᠬᠠᠪᠤᠷ ᠴᠠᠭ ᠲᠦ᠍ ᠬᠠᠮᠤᠭ ᠬᠤᠷᠳᠤᠴᠠ ᠪᠡᠷ ᠤᠷᠤᠭᠰᠢᠯᠠᠵᠦ ᠪᠤᠢ᠃
2023 ᠣᠨ ᠪᠣᠯ ᠥᠪᠥᠷ ᠮᠣᠩᠭᠣᠯ᠎ᠤᠨ ᠠᠮᠢ ᠠᠬᠤᠢ᠎ᠶ᠋ᠢᠨ ᠪᠣᠯᠪᠠᠰᠤᠨ᠎ᠤ ᠪᠠᠢᠭᠤᠯᠤᠯᠲᠠ᠎ᠶ᠋ᠢᠨ ᠲᠡᠦᠬᠡᠨ ᠳᠡᠭᠡᠷᠡᠬᠢ ᠬᠥᠱᠢᠢ᠎ᠡ ᠳᠤᠷᠠᠰᠭᠠᠯ᠎ᠤᠨ ᠠᠴᠢ ᠬᠣᠯᠪᠣᠭ᠍ᠳᠠᠯ᠎ᠲᠠᠶ ᠨᠢᠭᠡ ᠵᠢᠯ ᠪᠣᠯᠤᠨ᠎ᠠ᠃
ᠲᠤᠰ ᠵᠢᠯ᠎ᠤᠨ 6 ᠰᠠᠷ᠎ᠠ᠎ᠳᠤ᠂ ᠶᠡᠷᠦᠩᠬᠡᠢ ᠱᠦᠵᠢ ᠰᠢ ᠵᠢᠨ ᠫᠢᠩ ᠥᠪᠥᠷ ᠮᠣᠩᠭᠣᠯ᠎ᠳᠤ ᠱᠢᠨᠵᠢᠯᠡᠨ ᠪᠠᠢᠴᠠᠭᠠᠵᠤ᠂ ᠴᠦᠯᠯᠡᠷᠭᠡᠭ᠌ᠵᠢᠯ᠎ᠢ ᠶᠡᠷᠦᠩᠬᠡᠢᠯᠡᠨ ᠰᠡᠷᠭᠡᠢᠯᠡᠨ ᠵᠠᠰᠠᠬᠤ᠎ᠶ᠋ᠢ ᠴᠢᠩᠭᠠᠳᠭᠠᠬᠤ ᠪᠠ 《ᠤᠮᠠᠷᠠᠲᠤ᠎ᠶ᠋ᠢᠨ ᠭᠤᠷᠪᠠᠨ ᠣᠷᠣᠨ》 ᠵᠡᠷᠭᠡ ᠭᠣᠣᠯᠳᠠᠯᠭ᠎ᠠ᠎ᠲᠠᠶ ᠠᠮᠢ ᠠᠬᠤᠢ᠎ᠶ᠋ᠢᠨ ᠢᠨᠵᠧᠨᠧᠷᠢᠩ᠎ᠦᠨ ᠪᠦᠳᠦᠭᠡᠨ ᠪᠠᠢᠭᠤᠯᠤᠯᠲᠠ᠎ᠶ᠋ᠢ ᠠᠬᠢᠭᠤᠯᠬᠤ ᠶᠠᠷᠢᠯᠴᠠᠬᠤ ᠬᠤᠷᠠᠯ᠎ᠢ ᠡᠷᠬᠢᠯᠡᠨ ᠬᠤᠷᠠᠯᠳᠤᠭᠤᠯᠵᠤ᠂ 《ᠤᠮᠠᠷᠠᠲᠤ᠎ᠶ᠋ᠢᠨ ᠭᠤᠷᠪᠠᠨ ᠣᠷᠣᠨ》 ᠤ᠋ ᠢᠨᠵᠧᠨᠧᠷᠢᠩ᠎ᠦᠨ ᠪᠣᠭᠣᠮᠲᠠ ᠱᠢᠪᠲᠤᠯᠬᠤ ᠳᠠᠢᠯᠠᠯᠳᠤᠭᠠᠨ᠎ᠢ ᠡᠷᠡᠰ ᠰᠠᠢᠲᠤᠷ ᠬᠢᠵᠦ᠍᠂ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠡᠯᠡᠰᠦᠷᠬᠡᠭ᠌ᠵᠢᠯ᠎ᠢ ᠰᠡᠷᠭᠡᠢᠯᠡᠨ ᠡᠯᠡᠰᠦ᠎ᠵᠢ ᠵᠠᠰᠠᠬᠤ ᠱᠢᠨ᠎ᠡ ᠭᠠᠢᠬᠠᠮᠱᠢᠭ᠎ᠢ ᠴᠢᠷᠮᠠᠢᠨ ᠡᠭᠦᠳᠬᠦ᠌ ᠲᠠᠢ᠌ᠴᠢᠯᠠᠯᠳᠠ᠎ᠶ᠋ᠢᠨ ᠵᠠᠷᠯᠢᠭ ᠪᠠᠭᠤᠯᠭᠠᠭ᠍ᠰᠠᠨ ᠪᠥᠭᠡᠳ 《ᠤᠮᠠᠷᠠᠲᠤ᠎ᠶ᠋ᠢᠨ ᠭᠤᠷᠪᠠᠨ ᠣᠷᠣᠨ》 ᠤ᠋ ᠢᠨᠵᠧᠨᠧᠷᠢᠩ᠎ᠦᠨ ᠭᠤᠷᠪᠠᠨ ᠶᠡᠬᠡ ᠪᠡᠯᠭᠡ ᠲᠡᠮᠳᠡᠭ᠎ᠦᠨ ᠴᠢᠨᠠᠷᠲᠠᠢ ᠳᠠᠢᠯᠠᠯᠳᠤᠭᠠᠨ᠎ᠢ ᠪᠡᠶ᠎ᠡ᠎ᠪᠡᠷ᠎ᠢᠶᠡᠨ ᠪᠠᠢᠷᠢᠯᠠᠭᠤᠯᠪᠠ᠃
10 ᠰᠠᠷ᠎ᠠ᠎ᠳᠤ᠂ 《ᠥᠪᠥᠷ ᠮᠣᠩᠭᠣᠯ᠎ᠤᠨ ᠴᠢᠨᠠᠷ ᠰᠠᠢᠲᠠᠶ ᠬᠥᠭ᠌ᠵᠢᠯᠲᠡ᠎ᠶ᠋ᠢ ᠠᠬᠢᠭᠤᠯᠵᠤ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠶ᠋ᠢᠨ ᠱᠢᠨ᠎ᠡ ᠬᠠᠭᠤᠳᠠᠰᠤ᠎ᠶ᠋ᠢ ᠴᠢᠷᠮᠠᠢᠨ ᠪᠢᠴᠢᠭ᠌ᠯᠡᠬᠦ᠌ ᠲᠤᠬᠠᠶ ᠲᠥᠷᠥ᠎ᠶ᠋ᠢᠨ ᠶᠠᠪᠤᠳᠠᠯ᠎ᠤᠨ ᠬᠣᠷᠢᠶᠠᠨ᠎ᠤ ᠰᠠᠨᠠᠯ》 ᠢ᠋ ᠨᠡᠢᠲᠡᠯᠡᠪᠡ᠂ ᠪᠠᠢᠷᠢᠯᠠᠭᠤᠯᠤᠭ᠍ᠰᠠᠨ 7 ᠲᠠᠯ᠎ᠠ᠎ᠶ᠋ᠢᠨ ᠭᠤᠤᠯ ᠡᠭᠦᠷᠭᠡ᠎ᠶ᠋ᠢᠨ ᠳᠣᠲᠣᠷ᠎ᠠ᠂ ᠨᠢᠭᠡᠳᠦᠭᠡᠷ ᠡᠭᠦᠷᠭᠡ᠎ᠨᠢ ᠳᠠᠷᠤᠶ ᠠᠭᠤᠯᠠ ᠤᠰᠤ ᠣᠶ ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ ᠮᠠᠩᠬ᠎ᠠ᠎ᠶ᠋ᠢ ᠱᠢᠰᠲ᠋ᠧᠮ᠎ᠲᠡᠶ ᠵᠠᠰᠠᠬᠤ᠎ᠶ᠋ᠢ ᠨᠢᠭᠡᠳᠦᠯᠲᠡᠶ ᠲᠥᠯᠥᠪᠵᠢᠭᠦᠯᠵᠦ᠍᠂ ᠤᠮᠠᠷᠠᠲᠤ᠎ᠶ᠋ᠢᠨ ᠴᠢᠬᠤᠯᠠ ᠠᠮᠢ ᠠᠬᠤᠶ᠎ᠶ᠋ᠢᠨ ᠠᠮᠤᠷ ᠲᠦᠪᠱᠢᠨ᠎ᠦ ᠬᠠᠯᠬᠠᠪᠴᠢ᠎ᠶ᠋ᠢ ᠪᠠᠲᠤ ᠴᠣᠭ᠍ᠴᠠᠯᠠᠬᠤ ᠶᠠᠪᠤᠳᠠᠯ ᠪᠣᠯᠤᠨ᠎ᠠ᠃ ᠡᠭᠦᠨ᠎ᠡᠴᠡ ᠰᠡᠭᠦᠯᠡᠷ᠂ ᠤᠯᠤᠰ᠎ᠤᠨ ᠣᠶ ᠱᠢᠭᠤᠶ ᠪᠠ ᠨᠤᠲᠤᠭ ᠪᠡᠯᠴᠢᠭᠡᠷ᠎ᠦᠨ ᠲᠣᠪᠴᠢᠶ᠎ᠠ ᠂ ᠠᠮᠢ ᠠᠬᠤᠶ ᠣᠷᠴᠢᠨ ᠲᠣᠭᠣᠷᠢᠨ᠎ᠤ ᠶᠠᠮᠤᠨ ᠵᠡᠷᠭᠡ ᠰᠠᠯᠠᠭ᠎ᠠ ᠮᠥᠴᠢᠷ ᠪᠤᠳᠠᠳᠠᠢ ᠠᠷᠭ᠎ᠠ ᠬᠡᠮᠵᠢᠶ᠎ᠡ ᠠᠪᠴᠤ᠌ ᠥᠪᠥᠷ ᠮᠣᠩᠭᠣᠯ᠎ᠤᠨ ᠠᠮᠢ ᠠᠬᠤᠶ᠎ᠶ᠋ᠢᠨ ᠬᠦᠷᠢᠶ᠎ᠠ ᠵᠢᠨ ᠴᠢᠨᠠᠷ ᠰᠠᠢᠲᠠᠶ ᠬᠥᠭ᠌ᠵᠢᠯᠲᠡ᠎ᠶ᠋ᠢ ᠳᠡᠮᠵᠢᠪᠡ᠃
ᠭᠦᠨ ᠵᠤᠵᠠᠭᠠᠨ ᠬᠦᠰᠡᠯ ᠨᠠᠢᠳᠠᠯᠭ᠎ᠠ ᠨᠢ ᠣᠯᠳᠠᠰᠢ ᠦᠭᠡᠢ ᠬᠦᠨᠳᠦ ᠶᠡᠬᠡ ᠠᠵᠠ ᠲᠣᠬᠢᠶᠠᠯ᠎ᠢ ᠠᠪᠴᠢᠷᠠᠪᠠ᠃ ᠪᠥᠬᠥ᠌ ᠣᠷᠣᠨ᠎ᠤ ᠦᠨᠳᠦᠰᠦᠲᠡᠨ᠎ᠨᠦᠭᠦᠳ᠎ᠦᠨ ᠺᠠᠳ᠋ᠷ ᠣᠯᠠᠨ ᠲᠦᠮᠡᠨ ᠬᠦᠴᠢᠷ ᠪᠡᠷᠬᠡᠱᠢᠶᠡᠯ᠎ᠡᠴᠡ ᠠᠶᠤᠬᠤ ᠥᠬᠡᠶ᠂ ᠣᠷᠳᠣ ᠬᠤᠭᠤᠴᠠᠭ᠎ᠠ᠎ᠪᠠᠷ ᠵᠢᠳᠬᠦᠨ ᠴᠢᠷᠮᠠᠢᠵᠤ᠂ ᠮᠠᠨ᠎ᠤ ᠤᠯᠤᠰ᠎ᠤᠨ ᠤᠮᠠᠷᠠᠲᠤ᠎ᠶ᠋ᠢᠨ ᠴᠢᠬᠤᠯᠠ ᠠᠮᠢ ᠠᠬᠤᠶ᠎ᠶ᠋ᠢᠨ ᠠᠮᠤᠷ ᠲᠦᠪᠱᠢᠨ᠎ᠦ ᠬᠠᠯᠬᠠᠪᠴᠢ᠎ᠶ᠋ᠢ ᠪᠠᠲᠤ ᠪᠠᠬᠢ ᠴᠣᠭ᠍ᠴᠠᠯᠠᠭ᠍ᠰᠠᠨ ᠴᠠᠭ ᠦᠶ᠎ᠡ᠎ᠶ᠋ᠢᠨ ᠠᠶᠠᠨ ᠵᠠᠮ᠎ᠳᠤ ᠥᠩᠭᠡ ᠢᠯᠭᠠᠷᠠᠮ᠎ᠠ ᠬᠠᠭᠤᠳᠠᠰᠦ᠎ᠶ᠋ᠢ ᠪᠢᠴᠢᠭ᠌ᠯᠡᠪᠡ —
ᠤᠯᠤᠰ᠎ᠤᠨ ᠨᠤᠲᠤᠭ ᠳᠡᠪᠢᠰᠭᠡᠷ᠎ᠦᠨ ᠨᠣᠭᠣᠭᠠᠷᠠᠭᠤᠯᠤᠯᠲᠠ᠎ᠶ᠋ᠢᠨ ᠲᠠᠯ᠎ᠠ᠎ᠪᠠᠷ ᠱᠢᠪᠲᠤᠯᠤᠯᠲᠠ ᠭᠠᠷᠭᠠᠬᠤ ᠵᠢ ᠪᠡᠶᠡᠯᠡᠭᠦᠯᠪᠡ᠃ 《ᠤᠮᠠᠷᠠᠲᠤ ᠵᠢᠨ ᠭᠤᠷᠪᠠᠨ ᠤᠷᠤᠨ》 ᠤ᠋ ᠢᠨᠵᠧᠨᠧᠷᠢᠩ᠎ᠦᠨ ᠪᠣᠭᠣᠮᠲᠠ ᠱᠢᠪᠲᠤᠯᠬᠤ ᠳᠠᠢᠯᠠᠯᠳᠤᠭᠠᠨ ᠪᠣᠯᠤᠨ ᠭᠤᠷᠪᠠᠨ ᠶᠡᠬᠡ ᠪᠡᠯᠭᠡ ᠲᠡᠮᠳᠡᠭ᠎ᠦᠨ ᠴᠢᠨᠠᠷᠲᠠᠶ ᠳᠠᠢᠯᠠᠯᠳᠤᠭᠠᠨ᠎ᠢ ᠪᠥᠬᠥ᠌ ᠲᠠᠯ᠎ᠠ᠎ᠪᠠᠷ ᠡᠬᠢᠯᠡᠭᠦᠯᠵᠦ᠍᠂ ᠪᠥᠬᠥ᠌ ᠣᠷᠣᠨ᠎ᠳᠤ ᠨᠡᠢᠲᠡ 556 ᠲᠦᠮᠡᠨ ᠮᠥ᠍ ᠣᠢᠵᠢᠭᠤᠯᠵᠤ᠂ 1743 ᠲᠦᠮᠡᠨ ᠮᠥ᠍ ᠡᠪᠡᠰᠦ ᠳᠠᠷᠢᠵᠤ᠂ ᠡᠯᠡᠰᠦᠷᠬᠡᠭ᠌ᠵᠢᠯ᠎ᠢ ᠰᠡᠷᠭᠡᠢᠯᠡᠨ ᠡᠯᠡᠰᠦ ᠵᠢ ᠵᠠᠰᠠᠬᠰᠠᠨ ᠲᠠᠯᠠᠪᠠᠢ 950 ᠲᠦᠮᠡᠨ ᠮᠥ᠍᠎ᠳᠤ ᠬᠦᠷᠴᠦ᠍᠂ ᠲᠣᠰ ᠲᠣᠰ ᠣᠨ᠎ᠤ ᠲᠥᠯᠥᠪᠯᠡᠭᠡ ᠪᠠᠨ149%᠂ 134%᠂ 151% ᠪᠡᠷ ᠪᠡᠶᠡᠯᠡᠬᠦᠯᠵᠦ᠂ ᠡᠯᠡᠰᠦᠷᠬᠡᠭ᠌ᠵᠢᠯ᠎ᠢ ᠰᠡᠷᠭᠡᠢᠯᠡᠨ ᠡᠯᠡᠰᠦ ᠵᠢ ᠵᠠᠰᠠᠬᠰᠠᠨ ᠲᠠᠯᠠᠪᠠᠶ 2022 ᠣᠨ᠎ᠤ᠎ᠬᠢ᠎ᠡᠴᠡ 100 ᠭᠠᠷᠤᠢ ᠲᠦᠮᠡᠨ ᠮᠥ᠍ᠨᠡᠮᠡᠭ᠌ᠳᠡᠪᠡ᠃
ᠪᠣᠬᠢᠷᠲᠤᠯ᠎ᠢ ᠰᠡᠷᠭᠡᠢᠯᠡᠨ ᠵᠠᠰᠠᠬᠤ ᠪᠣᠭᠣᠮᠲᠠ ᠱᠢᠪᠲᠤᠯᠬᠤ ᠳᠠᠢᠯᠠᠯᠳᠤᠭᠠᠨ ᠢᠯᠡᠳᠲᠡ ᠦᠷ᠎ᠡ ᠪᠦᠲᠦᠮᠵᠢ ᠤᠯᠪᠠ᠃ ᠴᠡᠪᠡᠷ ᠳᠤᠯᠠᠭᠠᠯᠠᠭ᠎ᠠ᠎ᠶ᠋ᠢᠨ ᠥᠭᠡᠷᠡᠴᠢᠯᠡᠯᠲᠡ᠎ᠶ᠋ᠢ 21.33 ᠲᠦᠮᠡᠨ ᠡᠷᠦᠬᠡ᠎ᠳᠦ ᠪᠡᠶᠡᠯᠡᠭᠦᠯᠵᠦ᠍᠂ 97 ᠭᠣᠣᠯᠳᠠᠯᠭ᠎ᠠ᠎ᠲᠠᠶ ᠭᠣᠣᠯ (ᠨᠠᠭᠤᠷ) ᠤ᠋ᠨ ᠭᠣᠣᠯ ᠤᠷᠤᠭᠤ ᠪᠣᠬᠢᠷᠲᠤᠯ ᠭᠠᠳᠠᠭ᠍ᠰᠢᠯᠠᠭᠤᠯᠬᠤ ᠠᠮᠠᠰᠠᠷ᠎ᠢ ᠵᠢᠭ᠍ᠰᠠᠭᠠᠨ ᠪᠠᠢᠴᠠᠭᠠᠬᠤ᠎ᠶ᠋ᠢ ᠪᠡᠶᠡᠯᠡᠭᠦᠯᠪᠡ᠃ ᠪᠣᠬᠢᠷᠲᠤᠭ᠍ᠰᠠᠨ ᠲᠠᠷᠢᠶᠠᠨ ᠭᠠᠵᠠᠷ᠎ᠢ ᠠᠮᠤᠷ ᠲᠦᠪᠱᠢᠨ ᠠᠱᠢᠭ᠍ᠯᠠᠬᠤ ᠨᠣᠷᠮ᠎ᠠ᠎ᠶ᠋ᠢ 98% ᠡᠴᠠ ᠳᠡᠭᠡᠭ᠌ᠰᠢ ᠪᠠᠢᠯᠭᠠᠬᠤ᠎ᠶ᠋ᠢ ᠪᠠᠲᠤᠯᠠᠵᠤ᠂ ᠪᠥᠬᠥ᠌ ᠣᠷᠣᠨ᠎ᠤ ᠮᠠᠯᠵᠢᠬᠤ ᠲᠠᠷᠢᠶᠠᠯᠠᠬᠤ ᠣᠷᠣᠨ᠎ᠤ ᠠᠮᠢᠳᠤᠷᠠᠯ᠎ᠤᠨ ᠪᠣᠬᠢᠷ ᠤᠰᠤ᠎ᠶ᠋ᠢ ᠵᠠᠰᠠᠭᠰᠠᠨ ᠨᠣᠷᠮ᠎ᠠ 34% ᠳ᠋ᠤ ᠬᠦᠷᠪᠡ᠃
ᠠᠮᠢ ᠠᠬᠤᠢ᠎ᠶ᠋ᠢᠨ ᠠᠵᠤ ᠦᠢᠯᠡᠰ᠎ᠦᠨ ᠬᠥᠭ᠌ᠵᠢᠯᠲᠡ᠎ᠶ᠋ᠢᠨ ᠶᠠᠰᠤ ᠴᠢᠨᠠᠷ ᠢ᠋ ᠳᠡᠭᠡᠭ᠌ᠰᠢᠯᠡᠭᠦᠯᠪᠡ᠃ ᠣᠶ ᠱᠢᠭᠤᠶ᠎ᠶ᠋ᠢᠨ ᠢᠳᠡᠭᠡᠨ ᠤᠮᠳᠠᠭᠠᠨ᠂ ᠣᠨᠴᠠᠯᠢᠭ᠍ᠲᠤ ᠣᠶ ᠵᠢᠮᠢᠰ᠂ ᠠᠮᠤ ᠲᠣᠰᠣ ᠪᠠ ᠣᠶ ᠱᠢᠭᠤᠶ ᠬᠢᠲᠠᠳ ᠡᠮ᠎ᠦᠨ ᠮᠠᠲ᠋ᠧᠷᠢᠶᠠᠯ ᠵᠡᠷᠭᠡ ᠳᠥᠷᠪᠡᠨ ᠶᠡᠬᠡ ᠳᠠᠪᠠᠭᠤᠯᠢᠭ ᠠᠵᠤ ᠦᠶ᠋ᠯᠡᠰ᠎ᠦᠨ ᠬᠡᠯᠬᠢᠶ᠎ᠡ᠎ᠶ᠋ᠢᠨ ᠲᠣᠭᠣᠷᠢᠨ᠎ᠳᠤ᠂ ᠠᠵᠤ ᠦᠶ᠋ᠯᠡᠰ᠎ᠦᠨ ᠪᠠᠯᠠ ᠮᠥᠩᠭᠥ᠎ᠶ᠋ᠢ 3.13 ᠳ᠋ᠦᠩᠱᠢᠭᠤᠷ ᠲᠥᠭᠥᠷᠢᠭ ᠡᠮᠬᠢᠯᠡᠨ ᠨᠡᠢᠯᠡᠭᠦᠯᠵᠦ᠍ ᠳᠣᠭᠢᠷᠠᠭᠤᠯᠤᠨ ᠲᠥᠪᠯᠡᠷᠡᠭᠦᠯᠦᠨ ᠲᠡᠮᠵᠢᠵᠦ ᠂ ᠪᠥᠬᠥ᠌ ᠵᠢᠯ᠎ᠦᠨ ᠣᠶ ᠱᠢᠭᠤᠶ ᠡᠪᠡᠰᠦᠨ᠎ᠦ ᠠᠵᠤ ᠦᠶ᠋ᠯᠡᠰ᠎ᠦᠨ ᠦᠶ᠋ᠯᠡᠳᠬᠦᠨ᠎ᠦ ᠶᠡᠷᠦᠩᠬᠡᠶ ᠥᠷᠲᠡᠭ 835 ᠳ᠋ᠦᠩᠱᠢᠭᠤᠷ ᠲᠥᠭᠥᠷᠢᠭ᠎ᠲᠦ ᠬᠦᠷᠴᠦ᠍᠂ 2022 ᠣᠨ᠎ᠤ᠎ᠬᠢ᠎ᠡᠴᠡ 232 ᠳ᠋ᠦᠩᠱᠢᠭᠤᠷ ᠲᠥᠭᠥᠷᠢᠭ ᠨᠡᠮᠡᠭ᠌ᠳᠡᠪᠡ᠃
《ᠬᠥᠬᠡᠮᠳᠦᠭ ᠨᠣᠭᠣᠭᠠᠨ ᠠᠭᠤᠯᠠ ᠤᠰᠤ ᠪᠣᠯ ᠲᠠᠷᠤᠢ ᠠᠯᠲᠠ ᠮᠥᠩᠭᠥᠨ ᠠᠭᠤᠯᠠ ᠮᠥᠨ》 ᠭᠡᠬᠦ᠌ ᠣᠢᠯᠠᠭᠠᠭ᠍ᠳᠠᠬᠤᠨ᠎ᠢ ᠭᠦᠨᠵᠡᠭᠡᠶ ᠦᠶ᠋ᠯᠡᠳᠦᠯᠭᠡᠵᠢᠭᠦᠯᠵᠦ᠍᠂ ᠨᠡᠭᠦᠷᠡᠰᠦᠲᠥ᠋ᠷᠥᠭ᠌ᠴᠢ᠎ᠶ᠋ᠢ ᠪᠠᠭᠠᠰᠭᠠᠬᠤ᠂ ᠪᠣᠬᠢᠷᠲᠤᠯ᠎ᠢ ᠪᠠᠭᠠᠰᠭᠠᠬᠤ᠂ ᠨᠣᠭᠣᠭᠠᠷᠠᠭᠤᠯᠤᠯᠲᠠ᠎ᠶ᠋ᠢ ᠥᠷᠭᠡᠳᠭᠡᠬᠦ᠌᠂ ᠨᠡᠮᠡᠭ᠌ᠳᠡᠯ᠎ᠢ ᠬᠠᠮᠵᠢᠯᠴᠠᠨ ᠠᠬᠢᠭᠤᠯᠵᠤ ᠂ ᠬᠥᠮᠦᠨ ᠬᠢᠭᠡᠳ ᠪᠠᠢᠭᠠᠯᠢ᠎ᠶ᠋ᠢᠨ ᠡᠶ᠎ᠡ ᠵᠣᠬᠢᠴᠠᠯ ᠲᠠᠢ᠎ᠪᠠᠷ ᠬᠠᠮᠲᠤ ᠣᠷᠣᠱᠢᠬᠤ ᠦᠵᠡᠰᠭᠦᠯᠡᠩᠲᠦ ᠰᠠᠢᠬᠠᠨ ᠳᠤᠮᠳᠠᠳᠤ ᠤᠯᠤᠰ᠎ᠢ ᠪᠥᠲᠥᠭᠡᠨ ᠪᠠᠢᠭᠤᠯᠤᠨ᠎ᠠ᠃
《〈 ᠤᠮᠠᠷᠠᠲᠤ᠎ᠶ᠋ᠢᠨ ᠭᠤᠷᠪᠠᠨ ᠣᠷᠣᠨ〉 ᠤ᠋ ᠢᠨᠵᠧᠨᠧᠷᠢᠩ᠎ᠦᠨ ᠭᠤᠷᠪᠠᠨ ᠶᠡᠬᠡ ᠪᠡᠯᠭᠡ ᠲᠡᠮᠳᠡᠭ᠎ᠦᠨ ᠴᠢᠨᠠᠷᠲᠠᠶ ᠳᠠᠢᠯᠠᠯᠳᠤᠭᠠᠨ᠎ᠢ ᠰᠠᠢᠲᠤᠷ ᠵᠣᠬᠢᠶᠠᠨ ᠪᠠᠢᠭᠤᠯᠵᠤ᠂ ᠤᠯᠤᠰ᠎ᠤᠨ ᠴᠡᠴᠡᠷᠯᠢᠭ᠎ᠦᠨ ᠪᠥᠲᠥᠭᠡᠨ ᠪᠠᠢᠭᠤᠯᠤᠯᠲᠠ᠎ᠶ᠋ᠢ ᠠᠬᠢᠭᠤᠯᠤᠨ᠎ᠠ》 ᠭᠡᠵᠦ ᠵᠠᠰᠠᠭ᠎ᠤᠨ ᠣᠷᠳᠣᠨ᠎ᠤ ᠠᠵᠢᠯ᠎ᠤᠨ ᠢᠯᠡᠳᠭᠡᠯ᠎ᠳᠦ ᠠᠮᠢ ᠠᠬᠤᠶ᠎ᠶ᠋ᠢᠨ ᠪᠣᠯᠪᠠᠰᠤᠨ᠎ᠤ ᠪᠠᠢᠭᠤᠯᠤᠯᠲᠠ᠎ᠶ᠋ᠢᠨ ᠲᠤᠬᠠᠶ ᠤᠯᠠᠮ ᠨᠢᠭᠡ ᠠᠯᠬᠤᠮ ᠭᠦᠨᠵᠡᠭᠡᠶ ᠨᠠᠷᠢᠨ ᠪᠠᠢᠷᠢᠯᠠᠭᠤᠯᠤᠯᠲᠠ ᠬᠢᠪᠠ᠃
ᠥᠪᠥᠷ ᠮᠣᠩᠭᠣᠯ ᠬᠡᠷᠬᠢᠨ ᠠᠮᠢ ᠠᠬᠤᠢ᠎ᠶ᠋ᠢᠨ ᠬᠠᠮᠠᠭᠠᠯᠠᠯᠲᠠ ᠵᠠᠰᠠᠯᠲᠠ᠎ᠶ᠋ᠢ ᠠᠬᠢᠭᠤᠯᠵᠤ᠂ ᠮᠠᠨ᠎ᠤ ᠤᠯᠤᠰ᠎ᠤᠨ ᠤᠮᠠᠷᠠᠲᠤ᠎ᠶ᠋ᠢᠨ ᠴᠢᠬᠤᠯᠠ ᠠᠮᠢ ᠠᠬᠤᠢ᠎ᠶ᠋ᠢᠨ ᠠᠮᠤᠷ ᠲᠦᠪᠱᠢᠨ᠎ᠦ ᠬᠠᠯᠬᠠᠪᠴᠢ᠎ᠶ᠋ᠢ ᠨᠡᠩ ᠪᠠᠲᠤ ᠪᠡᠬᠢ ᠪᠣᠯᠭᠠᠬᠤ ᠪᠤᠢ? ᠥᠪᠥᠷ ᠮᠣᠩᠭᠣᠯ᠎ᠠᠴᠠ ᠢᠷᠡᠭ᠌ᠰᠡᠨ ᠪᠥᠬᠥ᠌ ᠤᠯᠤᠰ᠎ᠤᠨ ᠤᠯᠤᠰ ᠲᠥᠷᠥ᠎ᠶ᠋ᠢᠨ ᠵᠥᠪᠯᠡᠯᠭᠡᠨ᠎ᠦ ᠭᠡᠱᠢᠭᠦᠨ᠂ ᠲᠤᠰᠭᠠᠶ ᠮᠡᠷᠭᠡᠵᠢᠯᠲᠡᠨ ᠡᠷᠳᠡᠮᠲᠡᠳ ᠰᠠᠨᠠᠯ ᠵᠥᠪᠯᠡᠯᠭᠡ ᠳᠤᠷᠠᠳᠤᠨ ᠠᠷᠭ᠎ᠠ ᠤᠬᠠᠭᠠᠨ ᠭᠠᠷᠭᠠᠵᠤ᠂ ᠬᠥᠭ᠌ᠵᠢᠯᠲᠡ᠎ᠶ᠋ᠢ ᠲᠥᠯᠥᠪᠵᠢᠭᠦᠯᠪᠡ᠃
《ᠱᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌ ᠨᠢ ᠠᠮᠢ ᠠᠬᠤᠢ᠎ᠶ᠋ᠢᠨ ᠪᠣᠯᠪᠠᠰᠤᠨ᠎ᠤ ᠪᠠᠢᠭᠤᠯᠤᠯᠲᠠ᠎ᠳᠤ ᠰᠠᠭᠤᠷᠢ ᠴᠢᠨᠠᠷᠲᠠᠢ ᠪᠠᠢᠯᠳᠤᠬᠤ ᠪᠤᠳᠤᠯᠭ᠎ᠠ᠎ᠶ᠋ᠢᠨ ᠴᠢᠨᠠᠷᠲᠠᠢ ᠲᠤᠯᠭᠠᠭᠤᠷᠢᠯᠠᠬᠤ ᠦᠢᠯᠡᠳᠦᠯ᠎ᠲᠡᠶ ᠶᠤᠮ᠂ ᠠᠮᠢ ᠠᠬᠤᠢ ᠣᠷᠴᠢᠨ ᠲᠣᠭᠣᠷᠢᠨ᠎ᠤ ᠱᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌ ᠡᠷᠴᠢᠮ᠎ᠢ ᠴᠢᠩᠭᠠᠳᠭᠠᠵᠤ᠂ ᠮᠠᠨ᠎ᠤ ᠤᠯᠤᠰ᠎ᠤᠨ ᠤᠮᠠᠷᠠᠲᠤ᠎ᠶ᠋ᠢᠨ ᠴᠢᠬᠤᠯᠠ ᠠᠮᠢ ᠠᠬᠤᠢ᠎ᠶ᠋ᠢᠨ ᠠᠮᠤᠷ ᠲᠦᠪᠱᠢᠨ᠎ᠦ ᠬᠠᠯᠬᠠᠪᠴᠢ᠎ᠶ᠋ᠢ ᠪᠠᠲᠤ ᠴᠣᠭ᠍ᠴᠠᠯᠠᠬᠤ᠎ᠳᠤ ᠮᠡᠷᠭᠡᠵᠢᠯ᠎ᠦᠨ ᠲᠤᠯᠭᠠᠭᠤᠷᠢᠯᠠᠯ ᠬᠠᠩᠭᠠᠬᠤ ᠬᠡᠷᠡᠭ᠌ᠲᠡᠢ》 ᠭᠡᠵᠦ ᠪᠥᠬᠥ᠌ ᠤᠯᠤᠰ᠎ᠤᠨ ᠤᠯᠤᠰ ᠲᠥᠷᠥ᠎ᠶ᠋ᠢᠨ ᠵᠥᠪᠯᠡᠯᠭᠡᠨ᠎ᠦ ᠭᠡᠱᠢᠭᠦᠨ᠂ ᠥᠪᠥᠷ ᠮᠣᠩᠭᠣᠯ᠎ᠤᠨ ᠠᠮᠢ ᠠᠬᠤᠶ ᠣᠷᠴᠢᠨ ᠲᠣᠭᠣᠷᠢᠨ᠎ᠤ ᠱᠢᠨᠵᠢᠯᠡᠬᠦ᠌ ᠤᠬᠠᠭᠠᠨ᠎ᠤ ᠰᠤᠳᠤᠯᠭᠠᠨ᠎ᠤ ᠬᠦᠷᠢᠶᠡᠯᠡᠩ᠎ᠦᠨ ᠳᠡᠭᠡᠳᠦ ᠵᠡᠷᠭᠡ᠎ᠶ᠋ᠢᠨ ᠢᠨᠵᠧᠨᠧᠷ ᠯᠦ᠍ ᠴᠢᠤᠸᠠᠨ ᠵᠥᠩ ᠶᠠᠷᠢᠨ᠎ᠠ᠃
ᠤᠰᠤ ᠪᠣᠯ ᠠᠮᠢ ᠨᠠᠰᠤᠨ᠎ᠤ ᠡᠬᠢ ᠰᠤᠷᠪᠤᠯᠵᠢ᠂ ᠠᠮᠢ ᠠᠬᠤᠢ᠎ᠶ᠋ᠢᠨ ᠰᠠᠭᠤᠷᠢ᠂ ᠠᠮᠢ ᠠᠬᠤᠢ ᠣᠷᠴᠢᠨ ᠲᠣᠭᠣᠷᠢᠨ᠎ᠤ ᠶᠠᠰᠤ ᠴᠢᠨᠠᠷ᠎ᠢ ᠬᠢᠵᠠᠭᠠᠷᠯᠠᠬᠤ ᠭᠣᠣᠯ ᠡᠯᠧᠮᠧᠨ᠋ᠲ ᠮᠥᠨ᠃ 《ᠪᠢᠳᠡ ᠶᠡᠷᠦᠩᠬᠡᠶ ᠱᠦᠵᠢ᠎ᠶ᠋ᠢᠨ ᠱᠠᠭᠠᠷᠳᠠᠯᠭ᠎ᠠ ᠶᠣᠰᠣᠭᠠᠷ᠂ ᠤᠰᠤᠨ᠎ᠤ ᠡᠬᠢ ᠪᠠᠶᠠᠯᠢᠭ᠎ᠢ ᠨᠡᠭᠡᠭᠡᠨ ᠠᠱᠢᠭ᠍ᠯᠠᠬᠤ ᠤᠯᠠᠭᠠᠨ ᠱᠤᠭᠤᠮ᠎ᠢ ᠪᠠᠲᠤ ᠰᠠᠬᠢᠭ᠍ᠰᠠᠨ ᠰᠠᠭᠤᠷᠢᠨ ᠳᠡᠭᠡᠷ᠎ᠡ᠂ ᠤᠰᠤᠨ᠎ᠤ ᠡᠬᠢ ᠪᠠᠶᠠᠯᠢᠭ᠎ᠤᠨ ᠲᠣᠬᠢᠷᠠᠭᠤᠯᠤᠯᠲᠠ᠎ᠶ᠋ᠢ ᠤᠯᠠᠮ ᠨᠢᠭᠡ ᠠᠯᠬᠤᠮ ᠱᠢᠯᠢᠳᠡᠭ᠌ᠵᠢᠭᠦᠯᠵᠦ᠍᠂ ᠥᠪᠡᠷᠲᠡᠭᠡᠨ ᠵᠠᠰᠠᠬᠤ ᠣᠷᠣᠨ᠎ᠳᠤ ᠬᠣᠶᠠᠷ ᠶᠡᠬᠡ ᠶᠠᠪᠤᠳᠠᠯ᠎ᠢ ᠰᠠᠢᠲᠤᠷ ᠬᠢᠵᠦ᠍᠂ ᠱᠢᠨ᠎ᠡ ᠵᠠᠮ ᠨᠡᠭᠡᠭᠡᠬᠦ᠌᠂ ᠳᠤᠮᠳᠠ ᠲᠦᠪᠰᠢᠨ᠎ᠳᠤ ᠣᠷᠣᠬᠤ ᠬᠠᠷᠠᠯᠲᠠ᠎ᠶ᠋ᠢ ᠰᠠᠢᠲᠤᠷ ᠪᠡᠶᠡᠯᠡᠭᠦᠯᠵᠦ᠍᠂ ᠤᠰᠤᠨ᠎ᠤ ᠡᠬᠢ ᠪᠠᠶᠠᠯᠢᠭ᠎ᠤᠨ ᠠᠮᠤᠷ ᠲᠦᠪᠱᠢᠨ᠎ᠦ ᠪᠠᠲᠤᠯᠠᠭ᠎ᠠ ᠬᠠᠩᠭᠠᠨ᠎ᠠ》 ᠭᠡᠵᠦ ᠪᠦᠬᠦ᠌ ᠤᠯᠤᠰ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠦ ᠭᠡᠱᠢᠭᠦᠨ᠂ ᠥᠪᠡᠷᠲᠡᠭᠡᠨ ᠵᠠᠰᠠᠬᠤ ᠣᠷᠣᠨ᠎ᠤ ᠤᠰᠤᠨ ᠠᠱᠢᠭ᠍ᠯᠠᠯᠲᠠ᠎ᠶ᠋ᠢᠨ ᠲᠢᠩᠬᠢᠮ᠎ᠦᠨ ᠳᠡᠳ᠋ ᠳᠠᠷᠤᠭ᠎ᠠ ᠯᠢ ᠪᠢᠨ ᠬᠡᠯᠡᠪᠡ᠃ ᠲᠡᠷᠡ ᠪᠠᠰᠠ᠂ ᠤᠰᠤᠨ᠎ᠤ ᠡᠬᠢ ᠪᠠᠶᠠᠯᠢᠭ᠎ᠢ ᠬᠠᠮᠤᠭ᠎ᠤᠨ ᠴᠢᠩᠭ᠎ᠠ ᠬᠢᠵᠠᠭᠠᠷᠯᠠᠯ ᠪᠣᠯᠭᠠᠬᠤ᠎ᠶ᠋ᠢ ᠪᠠᠷᠢᠮᠲᠠᠯᠠᠵᠤ᠂ ᠭᠠᠵᠠᠷ ᠳᠣᠣᠷᠠᠬᠢ ᠤᠰᠤ᠎ᠶ᠋ᠢ ᠬᠡᠲᠦᠷᠡᠲᠡᠯ᠎ᠡ ᠲᠠᠲᠠᠭ᠍ᠰᠠᠨ ᠣᠷᠣᠨ᠎ᠤ ᠶᠡᠷᠦᠩᠬᠡᠢᠯᠡᠭ᠌ᠰᠡᠨ ᠬᠠᠮᠢᠶᠠᠷᠤᠯᠲᠠ ᠡᠵᠡᠮᠳᠡᠯ᠎ᠢ ᠴᠢᠩᠭᠠᠳᠭᠠᠵᠤ᠂ ᠬᠢᠷᠢ ᠲᠡᠩᠴᠡᠬᠦ᠌ ᠦᠭᠡᠢ ᠭᠠᠵᠠᠷ ᠣᠷᠣᠨ᠎ᠢ ᠬᠢᠨᠠᠨ ᠵᠥᠪᠱᠢᠶᠡᠷᠡᠬᠦ᠌᠎ᠶ᠋ᠢ ᠴᠢᠩᠭ᠎ᠠ ᠬᠢᠵᠠᠭᠠᠷᠯᠠᠨ᠎ᠠ᠃ ᠬᠥᠷᠥᠰᠥ᠍ ᠱᠢᠷᠣᠢ᠎ᠶ᠋ᠢᠨ ᠢᠳᠡᠭ᠌ᠳᠡᠯ᠎ᠢ ᠶᠡᠷᠦᠩᠬᠡᠢᠯᠡᠨ ᠵᠠᠰᠠᠬᠤ ᠠᠵᠢᠯ᠎ᠢ ᠴᠢᠩᠭᠠᠳᠭᠠᠵᠤ᠂ ᠬᠠᠳᠤᠨ ᠭᠣᠣᠯ᠎ᠤᠨ ᠰᠠᠪᠠ ᠭᠠᠵᠠᠷ᠎ᠤᠨ ᠬᠥᠷᠥᠰᠥ᠍ ᠱᠢᠷᠣᠢ᠎ᠶ᠋ᠢᠨ ᠢᠳᠡᠭ᠌ᠳᠡᠯ᠎ᠢ ᠵᠠᠰᠠᠬᠤ᠂ ᠠᠮᠢ ᠠᠬᠤᠢ᠎ᠶ᠋ᠢᠨ ᠠᠷᠢᠭᠤᠨ ᠴᠡᠪᠡᠷ ᠵᠢᠵᠢᠭ ᠰᠠᠪᠠ ᠭᠠᠵᠠᠷ᠎ᠤᠨ ᠪᠦᠳᠦᠭᠡᠨ ᠪᠠᠢᠭᠤᠯᠤᠯᠲᠠ ᠵᠡᠷᠭᠡ ᠭᠣᠣᠯᠳᠠᠯᠭ᠎ᠠ᠎ᠲᠠᠶ ᠢᠨᠵᠧᠨᠧᠷᠢᠩ᠎ᠢ ᠠᠬᠢᠭᠤᠯᠵᠤ᠂ 《ᠤᠮᠠᠷᠠᠲᠤ ᠵᠢᠨ ᠭᠤᠷᠪᠠᠨ ᠤᠷᠤᠨ》 ᠤ᠋ ᠢᠨᠵᠧᠨᠧᠷᠢᠩ᠎ᠦᠨ ᠪᠤᠭᠤᠮᠲᠠ ᠰᠢᠪᠳᠤᠯᠬᠤ ᠲᠠᠢᠯᠠᠯᠳᠤᠭᠠᠨ᠎ᠢ ᠰᠠᠢᠲᠤᠷ ᠬᠢᠬᠦ᠌᠎ᠳᠦ ᠬᠦᠴᠦ᠍ ᠨᠡᠮᠡᠷᠢᠯᠡᠨ᠎ᠡ ᠭᠡᠪᠡ᠃
《 ᠮᠠᠨ᠎ᠤ ᠤᠯᠤᠰ᠎ᠤᠨ ᠤᠮᠠᠷᠠᠲᠤ᠎ᠶ᠋ᠢᠨ ᠴᠢᠬᠤᠯᠠ ᠠᠮᠢ ᠠᠬᠤᠶ᠎ᠶ᠋ᠢᠨ ᠠᠮᠤᠷ ᠲᠦᠪᠱᠢᠨ᠎ᠦ ᠬᠠᠯᠬᠠᠪᠴᠢ᠎ᠶ᠋ᠢ ᠪᠠᠲᠤ ᠴᠣᠭ᠍ᠴᠠᠯᠠᠬᠤ᠂ ᠤᠯᠤᠰ᠎ᠤᠨ ᠠᠮᠢ ᠠᠬᠤᠶ᠎ᠶ᠋ᠢᠨ ᠠᠮᠤᠷ ᠲᠦᠪᠱᠢᠨ᠎ᠢ ᠬᠠᠮᠠᠭᠠᠯᠠᠬᠤ ᠴᠢᠬᠤᠯᠠ ᠶᠡᠬᠡ ᠲᠡᠦᠬᠡᠲᠦ ᠡᠭᠦᠷᠭᠡ ᠪᠠ ᠤᠯᠤᠰ ᠲᠥᠷᠥ᠎ᠶ᠋ᠢᠨ ᠬᠠᠷᠢᠭᠤᠴᠠᠯᠭ᠎ᠠ᠎ᠶ᠋ᠢ ᠡᠭᠦᠷᠭᠡᠯᠡᠵᠦ᠍ ᠪᠠᠢᠭ᠎ᠠ ᠪᠣᠯᠬᠣᠷ ᠥᠪᠥᠷ ᠮᠣᠩᠭᠣᠯ 〈 ᠪᠥᠬᠥ᠌ ᠲᠠᠯ᠎ᠠ 〉 ᠪᠠ 〈 ᠱᠢᠨ᠎ᠡ 〉 ᠪᠠᠢᠬᠤ᠎ᠶ᠋ᠢ ᠪᠡᠶᠡᠯᠡᠭᠦᠯᠬᠦ᠌ ᠬᠡᠷᠡᠭ᠌ᠲᠡᠶ》 ᠭᠡᠵᠦ᠍ ᠥᠪᠥᠷ ᠮᠣᠩᠭᠣᠯ᠎ᠤᠨ ᠨᠠᠮ᠎ᠤᠨ ᠰᠤᠷᠭᠠᠭᠤᠯᠢ᠎ᠶ᠋ᠢᠨ ᠨᠡᠢᠭᠡᠮ ᠪᠠ ᠠᠮᠢ ᠠᠬᠤᠶ᠎ᠶ᠋ᠢᠨ ᠪᠣᠯᠪᠠᠰᠤᠨ᠎ᠤ ᠵᠢᠭᠠᠨ ᠰᠤᠳᠤᠯᠬᠤ ᠬᠡᠯᠲᠡᠰ᠎ᠦᠨ ᠳᠡᠳ᠋ ᠫᠷᠤᠹᠸᠰᠰᠤᠷ ᠡᠸᠤ ᠶᠠᠩ ᠯᠢ ᠨᠠ ᠬᠡᠯᠡᠪᠡ᠃
ᠡᠸᠤ ᠶᠠᠩ ᠯᠢ ᠨᠠ᠂ 《ᠪᠦᠬᠦ ᠲᠠᠯ᠎ᠠ》 ᠭᠡᠳᠡᠭ ᠨᠢ ᠪᠥᠬᠥ᠌ ᠣᠷᠣᠨ ᠪᠦᠰᠡ᠎ᠶ᠋ᠢᠨ ᠠᠮᠢ ᠠᠬᠤᠶ᠎ᠶ᠋ᠢᠨ ᠠᠮᠤᠷ ᠲᠦᠪᠱᠢᠨ᠎ᠦ ᠪᠠᠢᠷᠢᠱᠢᠯ᠎ᠢ ᠴᠢᠷᠮᠠᠢᠨ ᠪᠠᠢᠭᠤᠯᠬᠤ ᠵᠢ ᠬᠡᠯᠡᠨ᠎ᠡ᠃ ᠣᠷᠣᠨ ᠪᠦᠰᠡ᠎ᠶ᠋ᠢ ᠱᠢᠯᠢᠳᠡᠭ᠌ᠵᠢᠭᠦᠯᠬᠦ᠌ ᠴᠢᠳᠠᠮᠵᠢ᠎ᠶ᠋ᠢ ᠵᠠᠭᠠᠭ᠍ᠯᠠᠨ ᠲᠣᠭ᠍ᠲᠠᠭᠠᠵᠤ᠂ ᠠᠮᠢ ᠠᠬᠤᠢ᠎ᠶ᠋ᠢᠨ ᠰᠡᠷᠭᠦᠭᠡᠯᠲᠡ᠎ᠶ᠋ᠢᠨ ᠪᠦᠬᠦ᠌ ᠣᠷᠣᠨ ᠪᠦᠰᠡ᠎ᠶ᠋ᠢ ᠪᠡᠶᠡᠯᠡᠭᠦᠯᠬᠦ᠌᠎ᠶ᠋ᠢ ᠠᠬᠢᠭᠤᠯᠤᠨ᠎ᠠ᠃ ᠭᠣᠣᠯᠳᠠᠯᠭ᠎ᠠ᠎ᠲᠠᠶ ᠪᠣᠭᠣᠮᠲᠠ ᠱᠢᠪᠲᠤᠯᠵᠤ ᠬᠠᠮᠵᠢᠯᠴᠠᠨ ᠵᠠᠰᠠᠵᠤ᠂ ᠠᠮᠢ ᠠᠬᠤᠢ᠎ᠶ᠋ᠢᠨ ᠵᠠᠰᠠᠯᠲᠠ᠎ᠶ᠋ᠢ ᠪᠦᠬᠦ᠌ ᠣᠷᠣᠨ ᠪᠦᠰᠡ᠎ᠳᠦ ᠪᠦᠷᠬᠦᠭᠦᠯᠬᠦ᠌᠎ᠶ᠋ᠢ ᠠᠬᠢᠭᠤᠯᠤᠨ᠎ᠠ᠃ 〈ᠱᠢᠨ᠎ᠡ〉 ᠭᠡᠳᠡᠭ ᠨᠢ ᠳᠠᠷᠤᠢ ᠠᠮᠢ ᠠᠬᠤᠢ᠎ᠶ᠋ᠢᠨ ᠠᠮᠤᠷ ᠲᠦᠪᠱᠢᠨ᠎ᠢ ᠪᠠᠲᠤᠯᠠᠬᠤ ᠱᠢᠨ᠎ᠡ ᠱᠢᠰᠲᠸᠮ ᠪᠠᠢᠭᠤᠯᠬᠤ᠎ᠶ᠋ᠢ ᠬᠡᠯᠡᠵᠦ᠍ ᠪᠠᠢᠨ᠎ᠠ᠃ ᠡᠩ ᠲᠡᠷᠢᠭᠦᠨ᠎ᠳᠦ ᠴᠢᠨᠠᠷ ᠰᠠᠢᠲᠠᠢ ᠬᠥᠭ᠌ᠵᠢᠯᠲᠡ ᠪᠣᠯᠤᠨ ᠥᠨᠳᠥᠷ ᠲᠦᠪᠱᠢᠨ ᠪᠦᠬᠦᠢ ᠬᠠᠮᠠᠭᠠᠯᠠᠯᠲᠠ᠎ᠶ᠋ᠢᠨ ᠬᠠᠷᠢᠴᠠᠭ᠎ᠠ᠎ᠶ᠋ᠢ ᠵᠥᠪ ᠱᠢᠢᠳᠪᠦᠷᠢᠯᠡᠬᠦ᠌ ᠬᠡᠷᠡᠭ᠌ᠲᠡᠢ᠃ ᠳᠠᠷᠠᠭᠠᠯᠠᠪᠠᠯ᠂ ᠪᠣᠬᠢᠷᠲᠤᠯ ᠦᠭᠡᠢ ᠨᠡᠭᠦᠷᠡᠰᠦᠲᠥ᠋ᠷᠥᠭ᠌ᠴᠢ ᠪᠠᠭᠠᠲᠠᠢ ᠡᠷᠬᠢᠯᠳᠡᠳᠤ ᠠᠵᠤ ᠠᠬᠤᠢ᠎ᠶ᠋ᠢᠨ ᠱᠢᠰᠲ᠋ᠧᠮ᠎ᠢ ᠪᠠᠢᠭᠤᠯᠬᠤ᠎ᠪᠠᠷ ᠭᠣᠣᠯ ᠬᠦᠴᠦᠯᠡᠬᠦ᠌ ᠴᠡᠭ ᠪᠣᠯᠭᠠᠵᠤ᠂ ᠠᠮᠢ ᠠᠬᠤᠢ᠎ᠶ᠋ᠢᠨ ᠠᠮᠤᠷ ᠲᠦᠪᠱᠢᠨ᠎ᠢ ᠪᠠᠲᠤᠯᠠᠬᠤ ᠱᠢᠨ᠎ᠡ ᠱᠢᠰᠲ᠋ᠧᠮ᠎ᠢ ᠪᠠᠢᠭᠤᠯᠤᠨ᠎ᠠ᠃ ᠠᠵᠤ ᠦᠢᠯᠡᠰ᠎ᠦᠨ ᠠᠮᠢ ᠠᠬᠤᠢ᠌ᠵᠢᠯᠳᠠ ᠪᠠ ᠠᠮᠢ ᠠᠬᠤᠢ᠎ᠶ᠋ᠢᠨ ᠠᠵᠤ ᠦᠢᠯᠡᠰᠵᠢᠯᠲᠡ᠎ᠪᠡᠷ ᠭᠣᠣᠯ ᠴᠣᠭ᠍ᠴᠠ ᠪᠣᠯᠭᠠᠭ᠍ᠰᠠᠨ ᠠᠮᠢ ᠠᠬᠤᠢ᠎ᠶ᠋ᠢᠨ ᠠᠵᠤ ᠠᠬᠤᠢ᠎ᠶ᠋ᠢᠨ ᠱᠢᠰᠲ᠋ᠧᠮ᠎ᠢ ᠪᠠᠢᠭᠤᠯᠬᠤ᠂ ᠡᠬᠢ ᠪᠠᠶᠠᠯᠢᠭ ᠣᠷᠴᠢᠨ ᠲᠤᠭᠤᠷᠢᠨ᠎ᠤ ᠡᠯᠧᠮᠧᠨ᠋ᠲ᠎ᠢ ᠵᠠᠬ᠎ᠠ ᠳᠡᠯᠭᠡᠭᠦᠷᠴᠢᠯᠡᠨ ᠲᠤᠬᠢᠷᠠᠭᠤᠯᠬᠤ ᠱᠢᠰᠲ᠋ᠧᠮ᠎ᠢ ᠪᠦᠷᠢᠨᠱᠢᠬᠦᠯᠬᠦ᠌᠂ ᠠᠮᠢ ᠠᠬᠤᠢ ᠣᠷᠴᠢᠨ ᠲᠤᠭᠤᠷᠢᠨ᠎ᠤ ᠬᠠᠮᠠᠭᠠᠯᠠᠯᠲᠠ᠎ᠶ᠋ᠢᠨ ᠬᠠᠤᠯᠢ᠎ᠪᠠᠷ ᠵᠠᠰᠠᠬᠤ ᠱᠢᠰᠲ᠋ᠧᠮ᠎ᠢ ᠤᠯᠠᠮ ᠨᠢᠭᠡ ᠠᠯᠬᠤᠮ ᠲᠡᠭᠦᠯᠳᠡᠷᠵᠢᠭᠦᠯᠬᠦ᠌ ᠵᠡᠷᠭᠡ ᠲᠠᠯ᠎ᠠ᠎ᠪᠠᠷ ᠳᠠᠮᠵᠢᠭᠤᠯᠤᠨ᠂ ᠨᠢᠭᠡᠨ ᠱᠢᠨᠵᠢᠯᠡᠬᠦ᠌ ᠤᠬᠠᠭᠠᠨᠴᠢ᠂ ᠪᠣᠰᠣᠭ᠎ᠠ ᠴᠣᠭ᠍ᠴᠠᠲᠤ᠂ ᠬᠥᠳᠡᠯᠦᠩᠭᠦᠢ ᠠᠮᠢ ᠠᠬᠤᠢ᠎ᠶ᠋ᠢᠨ ᠠᠮᠤᠷ ᠲᠦᠪᠱᠢᠨ᠎ᠦ ᠱᠢᠰᠲ᠋ᠧᠮ᠎ᠢ ᠪᠠᠢᠭᠤᠯᠤᠨ᠎ᠠ ᠭᠡᠵᠦ ᠲᠠᠨᠢᠯᠴᠠᠭᠤᠯᠪᠠ᠃
ᠬᠠᠪᠤᠷ ᠤᠨ ᠠᠶᠠᠨ᠎ᠤ ᠵᠢᠷᠤᠭ ᠲᠥᠰᠦᠪ᠎ᠢ ᠨᠢᠭᠡᠨᠲᠡ ᠵᠢᠷᠤᠭ᠍ᠯᠠᠪᠠ᠃ ᠴᠠᠭ ᠮᠥᠴᠡ ᠪᠢᠳᠡᠨ᠎ᠢ ᠬᠦᠯᠢᠶᠡᠬᠦ᠌ ᠦᠭᠡᠢ᠂ ᠥᠷᠯᠥᠭᠡ ᠦᠳᠡᠰᠢ᠎ᠶ᠋ᠢ ᠲᠡᠮᠡᠴᠡᠵᠦ᠍᠂ ᠥᠪᠥᠷ ᠮᠣᠩᠭᠣᠯ ᠶᠠᠭ ᠡᠷᠴᠢ ᠵᠣᠷᠢᠭ᠎ᠵᠢᠡᠨ ᠬᠦᠪᠴᠢᠯᠡᠨ ᠨᠣᠮᠢᠨ ᠨᠣᠭᠣᠭᠠᠨ ᠭᠠᠢᠬᠠᠮᠱᠢᠭ᠎ᠢ ᠳᠠᠬᠢᠨᠲᠠ ᠡᠭᠦᠳᠴᠦ᠍ ᠪᠤᠢ!
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠴᠠᠨ᠎ᠠ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃