2024ᠤᠨ᠎ᠤ᠋ ᠪᠦᠬᠦ ᠤᠯᠤᠰ᠎ᠤ᠋ᠨ ᠬᠣᠶᠠᠷ ᠬᠤᠷᠠᠯ > ᠮᠡᠳᠡᠭᠡᠯᠡᠯ

2024-03-09 14:45:43

ᠵᠣᠬᠢᠶᠠᠭ᠍ᠴᠢ᠄ ᠰᠦᠩ ᠱᠤᠸᠠᠩ ᠣᠩᠱᠢᠭ᠍ᠰᠠᠨ ᠣᠳᠠᠭ᠎ᠠ᠄ 3

ᠵᠠᠩ ᠶᠠᠨ ᠺᠦᠨ ᠣᠷᠣᠯᠴᠠᠵᠠᠢ

3 ᠰᠠᠷ᠎ᠠ᠎ᠶ᠋ᠢᠨ 8 ᠤ᠋ ᠦᠳᠡ᠎ᠶ᠋ᠢᠨ ᠬᠣᠢᠨ᠎ᠠ᠂ ᠪᠦᠬᠦ᠌ ᠤᠯᠤᠰ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠦ ᠠᠷᠪᠠᠨ ᠳᠥᠷᠪᠡᠳᠦᠭᠡᠷ ᠬᠤᠭᠤᠴᠠᠭᠠᠨ᠎ᠤ ᠬᠤᠷᠢᠶ᠎ᠠ᠎ᠵᠢᠨ ᠬᠣᠶᠠᠳᠤᠭᠠᠷ ᠬᠤᠷᠠᠯ᠎ᠳᠤ ᠣᠷᠣᠯᠴᠠᠵᠤ ᠪᠠᠢᠭ᠎ᠠ ᠥᠪᠥᠷ ᠮᠣᠩᠭᠣᠯ᠎ᠳᠤ ᠰᠠᠭᠤᠭ᠎ᠠ ᠪᠦᠬᠦ᠌ ᠤᠯᠤᠰ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠦ ᠭᠡᠱᠢᠭᠦᠳ ᠳᠤᠭᠤᠢᠯᠠᠩ ᠬᠤᠪᠢᠶᠠᠵᠤ ᠠᠷᠠᠳ᠎ᠤᠨ ᠳᠡᠭᠡᠳᠦ ᠱᠢᠭᠦᠬᠦ᠌ ᠬᠤᠷᠢᠶ᠎ᠠ᠎ᠵᠢᠨ ᠠᠵᠢᠯ᠎ᠤᠨ ᠮᠡᠳᠡᠭᠦᠯᠦᠯᠲᠡ ᠪᠣᠯᠤᠨ ᠠᠷᠠᠳ᠎ᠤᠨ ᠳᠡᠭᠡᠳᠦ ᠪᠠᠢᠴᠠᠭᠠᠬᠤ ᠬᠤᠷᠢᠶ᠎ᠠ᠎ᠵᠢᠨ ᠠᠵᠢᠯ᠎ᠤᠨ ᠮᠡᠳᠡᠭᠦᠯᠦᠯᠲᠡ᠎ᠶ᠋ᠢ ᠶᠠᠷᠢᠯᠴᠠᠪᠠ᠃ ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠥ᠎ᠶ᠋ᠢᠨ ᠵᠥᠪᠯᠡᠯᠭᠡᠨ᠎ᠦ ᠲᠡᠷᠢᠭᠦᠯᠡᠭ᠌ᠴᠢ ᠵᠠᠩ ᠶᠠᠨ ᠺᠦᠨ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ᠎ᠵᠢᠨ ᠪᠠᠢᠩᠭᠤ᠎ᠶ᠋ᠢᠨ ᠭᠡᠱᠢᠭᠦᠨ᠂ ᠨᠢᠭᠡᠳᠦᠮᠡᠯ ᠹᠷᠣᠨᠲ᠎ᠤᠨ ᠬᠡᠯᠲᠡᠰ᠎ᠦᠨ ᠳᠠᠷᠤᠭ᠎ᠠ ᠬᠦᠦᠳᠠᠭᠤᠯᠠ᠂ ᠥᠪᠡᠷᠲᠡᠭᠡᠨ ᠵᠠᠰᠠᠬᠤ ᠣᠷᠣᠨ᠎ᠤ ᠳᠡᠳ᠋ ᠲᠡᠷᠢᠭᠦᠯᠡᠭ᠌ᠴᠢ ᠪᠠᠶ ᠴᠢᠩ ᠶᠤᠸᠠᠨ᠂ ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠥ᠎ᠶ᠋ᠢᠨ ᠵᠥᠪᠯᠡᠯᠭᠡᠨ᠎ᠦ ᠳᠡᠳ᠋ ᠲᠡᠷᠢᠭᠦᠯᠡᠭ᠌ᠴᠢ ᠠᠨ ᠷᠦᠨ ᠱᠧᠩ᠂ ᠰᠦᠨ ᠵᠢᠶᠦ᠋ᠨ ᠴᠢᠩ ᠲᠣᠰ ᠲᠣᠰ ᠦᠪᠡᠷ᠎ᠤᠨ ᠪᠠᠢᠭ᠎ᠠ ᠡᠲᠡᠭᠡᠳ ᠢᠯᠭᠠᠯ᠎ᠤᠨ ᠳᠤᠭᠤᠢᠯᠠᠩ᠎ᠤᠨ ᠶᠠᠷᠢᠯᠴᠠᠬᠤ᠎ᠳᠤ ᠣᠷᠣᠯᠴᠠᠪᠠ᠃

ᠭᠡᠱᠢᠭᠦᠳ ᠠᠷᠠᠳ᠎ᠤᠨ ᠳᠡᠭᠡᠳᠦ ᠱᠢᠭᠦᠬᠦ᠌ ᠬᠤᠷᠢᠶ᠎ᠠ᠎ᠵᠢᠨ ᠠᠵᠢᠯ᠎ᠤᠨ ᠮᠡᠳᠡᠭᠦᠯᠦᠯᠲᠡ ᠪᠣᠯᠤᠨ ᠠᠷᠠᠳ᠎ᠤᠨ ᠳᠡᠭᠡᠳᠦ ᠪᠠᠢᠴᠠᠭᠠᠬᠤ ᠬᠤᠷᠢᠶ᠎ᠠ᠎ᠵᠢᠨ ᠠᠵᠢᠯ᠎ᠤᠨ ᠮᠡᠳᠡᠭᠦᠯᠦᠯᠲᠡ᠎ᠶ᠋ᠢ ᠳᠡᠭᠡᠳᠦ ᠬᠡᠮᠵᠢᠶ᠎ᠡ᠎ᠪᠡᠷ ᠦᠨᠡᠯᠡᠵᠦ᠍᠂ ᠡᠨᠡ ᠬᠣᠶᠠᠷ ᠮᠡᠳᠡᠭᠦᠯᠦᠯᠲᠡ᠎ᠨᠢ ᠰᠢ ᠵᠢᠨ ᠫᠢᠩ᠎ᠦᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠲᠠᠶ ᠨᠡᠢᠭᠡᠮ ᠵᠢᠷᠤᠮ᠎ᠤᠨ ᠦᠵᠡᠯ ᠰᠠᠨᠠᠭ᠎ᠠ ᠪᠣᠯᠤᠨ ᠰᠢ ᠵᠢᠨ ᠫᠢᠩ᠎ᠦᠨ ᠬᠠᠤᠯᠢᠵᠢᠯ᠎ᠤᠨ ᠦᠵᠡᠯ ᠰᠠᠨᠠᠭ᠎ᠠ᠎ᠶ᠋ᠢ ᠲᠤᠭᠤᠱᠢᠯᠠᠭᠤᠯᠵᠤ᠂ ᠠᠷᠠᠳ᠎ᠤᠨ ᠳᠡᠭᠡᠳᠦ ᠱᠢᠭᠦᠬᠦ᠌ ᠬᠣᠷᠢᠶ᠎ᠠ ᠪᠣᠯᠤᠨ ᠠᠷᠠᠳ᠎ᠤᠨ ᠳᠡᠭᠡᠳᠦ ᠪᠠᠢᠴᠠᠭᠠᠬᠤ ᠬᠤᠷᠢᠶ᠎ᠠ᠎ᠵᠢᠨ ᠬᠠᠤᠯᠢ ᠶᠣᠰᠣᠭᠠᠷ ᠲᠤᠱᠢᠶᠠᠯ ᠬᠠᠷᠢᠭᠤᠴᠠᠯᠭ᠎ᠠ᠎ᠪᠠᠨ ᠭᠦᠶ᠋ᠴᠡᠳᠭᠡᠭ᠌ᠰᠡᠨ ᠱᠢᠨ᠎ᠡ ᠦᠷ᠎ᠡ ᠪᠦᠲᠦᠮᠵᠢ᠎ᠶ᠋ᠢ ᠲᠤᠰᠭᠠᠵᠤ᠂ ᠲᠥᠪ ᠭᠤᠤᠯᠴᠢ ᠱᠢᠳᠤᠷᠭᠤ ᠶᠣᠰᠣᠨ᠎ᠤ ᠥᠷᠲᠡᠭ᠎ᠦᠨ ᠬᠠᠨᠳᠤᠰᠢ᠎ᠶ᠋ᠢ ᠢᠯᠡᠷᠡᠭᠦᠯᠵᠦ᠍᠂ ᠨᠡᠢᠭᠡᠮ᠎ᠦᠨ ᠬᠠᠯᠠᠮᠱᠢᠯ ᠠᠰᠠᠭᠤᠳᠠᠯ ᠪᠣᠯᠤᠨ ᠠᠩᠬᠠᠷᠤᠯ ᠲᠠᠯᠪᠢᠵᠤ ᠪᠠᠢᠭ᠎ᠠ ᠠᠰᠠᠭᠤᠳᠠᠯ᠎ᠳᠤ ᠬᠠᠷᠢᠭᠤᠯᠲᠠ ᠥᠭ᠌ᠴᠦ᠂ ᠶᠡᠬᠡ ᠲᠠᠯ᠎ᠠ᠎ᠳᠤ ᠦᠶ᠋ᠯᠡᠴᠢᠯᠡᠬᠦ᠌᠂ ᠠᠷᠠᠳ ᠲᠦᠮᠡᠨ᠎ᠦ ᠲᠥᠯᠥᠭᠡ ᠬᠠᠤᠯᠢ ᠪᠠᠷᠢᠬᠤ ᠬᠠᠤᠯᠢᠵᠢᠯ᠎ᠤᠨ ᠡᠭᠦᠷᠭᠡᠯᠡᠯ᠎ᠢ ᠢᠯᠡᠷᠡᠭᠦᠯᠵᠦ᠍᠂ ᠤᠯᠤᠰ ᠲᠥᠷᠥ᠎ᠶ᠋ᠢ ᠡᠷᠬᠢᠮᠯᠡᠭ᠌ᠰᠡᠨ᠂ ᠠᠷᠠᠳ᠎ᠤᠨ ᠰᠠᠨᠠᠭ᠎ᠠ ᠲᠠᠶ ᠨᠡᠢᠴᠡᠭ᠌ᠰᠡᠨ᠂ ᠬᠢᠯᠠᠰ ᠴᠡᠭ ᠣᠯᠠᠨ᠂ ᠪᠤᠲᠠᠲᠠᠢ ᠪᠡᠷ ᠨᠠᠢᠳᠠᠪᠤᠷᠢᠵᠢᠭᠤᠯᠤᠭ᠍ᠰᠠᠨ ᠰᠠᠢᠨ ᠮᠡᠳᠡᠭᠦᠯᠦᠯᠲᠡ ᠪᠣᠯᠤᠨ᠎ᠠ ᠭᠡᠵᠦ᠍ ᠦᠵᠡᠪᠡ᠃

ᠡᠸ ᠱᠢᠶᠤᠤ ᠮᠧᠶ ᠭᠡᠱᠢᠭᠦᠨ᠂ ᠠᠷᠠᠳ᠎ᠤᠨ ᠳᠡᠭᠡᠳᠦ ᠱᠢᠭᠦᠬᠦ᠌ ᠬᠤᠷᠢᠶ᠎ᠠ᠎ᠵᠢᠨ ᠠᠵᠢᠯ᠎ᠤᠨ ᠮᠡᠳᠡᠭᠦᠯᠦᠯᠲᠡ ᠪᠣᠯᠤᠨ ᠠᠷᠠᠳ᠎ᠤᠨ ᠳᠡᠭᠡᠳᠦ ᠪᠠᠢᠴᠠᠭᠠᠬᠤ ᠬᠤᠷᠢᠶ᠎ᠠ᠎ᠵᠢᠨ ᠠᠵᠢᠯ᠎ᠤᠨ ᠮᠡᠳᠡᠭᠦᠯᠦᠯᠲᠡ᠎ᠶ᠋ᠢ ᠰᠣᠨᠣᠰᠴᠤ᠌ ᠰᠤᠳᠤᠯᠤᠨ ᠤᠩᠱᠢᠪᠠᠯ᠂ ᠮᠡᠳᠡᠭᠦᠯᠦᠯᠲᠡ ᠨᠢ ᠠᠵᠢᠯ᠎ᠢᠶᠠᠨ ᠪᠤᠰᠤᠳᠴᠢ ᠪᠥᠭᠡᠳ ᠪᠥᠬᠥ᠌ ᠲᠠᠯ᠎ᠠ᠎ᠪᠠᠷ ᠳ᠋ᠦᠩᠨᠡᠵᠦ᠍᠂ ᠠᠰᠠᠭᠤᠳᠠᠯ᠎ᠢ ᠭᠦᠨᠵᠡᠭᠡᠶ ᠪᠥᠭᠡᠳ ᠨᠡᠪᠲᠡᠷᠬᠡᠶ ᠵᠠᠳᠠᠯᠵᠤ᠂ ᠭᠤᠤᠯᠳᠠᠯᠭ᠎ᠠ ᠵᠢ ᠲᠣᠪᠣᠢᠯᠭᠠᠨ ᠠᠵᠢᠯ᠎ᠵᠢᠡᠨ ᠪᠠᠢᠷᠢᠯᠠᠭᠤᠯᠤᠭᠰᠠᠨ᠎ᠢ ᠮᠡᠳᠡᠵᠦ᠂ ᠠᠷᠠᠳ᠎ᠤᠨ ᠳᠡᠭᠡᠳᠦ ᠱᠢᠭᠦᠬᠦ᠌ ᠬᠣᠷᠢᠶ᠎ᠠ ᠪᠤᠯᠤᠨ ᠠᠷᠠᠳ᠎ᠤᠨ ᠳᠡᠭᠡᠳᠦ ᠪᠠᠢᠴᠠᠭᠠᠬᠤ ᠬᠣᠷᠢᠶ᠎ᠠ᠎ᠶ᠋ᠢᠨ ᠬᠥᠭ᠌ᠵᠢᠯᠲᠡ᠎ᠳᠦ ᠦᠶ᠋ᠯᠡᠴᠢᠯᠡᠬᠦ᠌᠂ ᠠᠷᠠᠳ᠎ᠤᠨ ᠠᠮᠢᠳᠤᠷᠠᠯ᠎ᠢ ᠪᠠᠲᠤᠯᠠᠬᠤ ᠵᠡᠷᠭᠡ ᠲᠠᠯ᠎ᠠ᠎ᠪᠠᠷ ᠦᠵᠡᠭᠦᠯᠦᠭ᠌ᠰᠡᠨ ᠴᠢᠬᠤᠯᠠ ᠬᠤᠪᠢ ᠨᠡᠮᠡᠷᠢ᠎ᠶ᠋ᠢ ᠮᠡᠳᠡᠵᠦ᠍ ᠪᠤᠯᠤᠨ᠎ᠠ᠂ ᠢᠯᠡ ᠲᠣᠳᠣ ᠬᠠᠤᠯᠢᠵᠢᠯ᠎ᠤᠨ ᠵᠣᠷᠢᠭ ᠰᠠᠨᠠᠭ᠎ᠠ ᠪᠠ ᠠᠷᠠᠳ᠎ᠤᠨ ᠲᠥᠯᠥᠭᠡ ᠭᠡᠬᠦ᠌ ᠴᠢᠩᠭ᠎ᠠ ᠤᠬᠠᠮᠰᠠᠷ᠎ᠢ ᠢᠯᠡᠷᠡᠭᠦᠯᠵᠡᠢ ᠭᠡᠵᠦ ᠬᠡᠯᠡᠪᠡ᠃ ᠱᠢᠤᠢ ᠷᠦᠢ ᠱᠢᠶᠠ ᠭᠡᠱᠢᠭᠦᠨ᠂ ᠠᠷᠠᠳ᠎ᠤᠨ ᠳᠡᠭᠡᠳᠦ ᠱᠢᠭᠦᠬᠦ᠌ ᠬᠤᠷᠢᠶ᠎ᠠ᠎ᠵᠢᠨ ᠠᠵᠢᠯ᠎ᠤᠨ ᠮᠡᠳᠡᠭᠦᠯᠦᠯᠲᠡ ᠪᠣᠯᠤᠨ ᠠᠷᠠᠳ᠎ᠤᠨ ᠳᠡᠭᠡᠳᠦ ᠪᠠᠢᠴᠠᠭᠠᠬᠤ ᠬᠤᠷᠢᠶ᠎ᠠ᠎ᠵᠢᠨ ᠠᠵᠢᠯ᠎ᠤᠨ ᠮᠡᠳᠡᠭᠦᠯᠦᠯᠲᠡ᠎ᠳᠦ ᠠᠯᠢ ᠤᠯᠠᠨ ᠲᠣᠭ᠎ᠠ ᠪᠠᠷᠢᠮᠲᠠ᠂ ᠨᠢᠭᠡ ᠨᠢᠭᠡ ᠵᠢᠱ᠌ᠢᠶ᠎ᠡ ᠪᠡᠷ ᠠᠮᠵᠢᠯᠲᠠ ᠪᠦᠲᠦᠮᠵᠢ᠎ᠪᠡᠨ ᠳ᠋ᠦᠩᠨᠡᠵᠦ᠍᠂ ᠨᠢᠭᠡ ᠨᠢᠭᠡ ᠵᠦᠢᠯ᠎ᠤᠨ ᠡᠭᠦᠷᠭᠡ᠂ ᠨᠢᠭᠡ ᠨᠢᠭᠡ ᠵᠤᠷᠪᠤᠰ ᠠᠷᠭ᠎ᠠ ᠬᠡᠮᠵᠢᠶ᠎ᠡ᠎ᠪᠡᠷ ᠢᠷᠡᠭᠡᠳᠦᠶ᠎ᠪᠡᠨ ᠪᠠᠷᠠᠯᠠᠵᠤ᠂ ᠮᠠᠰᠢ ᠶᠡᠬᠡ ᠢᠲᠡᠭᠡᠭᠦᠯᠬᠦ᠌ ᠬᠦᠴᠦᠨ᠎ᠲᠡᠶ᠂ ᠵᠢᠯᠣᠭᠣᠳᠭᠤ ᠴᠢᠨᠠᠷ ᠪᠠ ᠬᠡᠷᠡᠭ᠌ᠵᠢᠭᠦᠯᠵᠦ᠍ ᠪᠣᠯᠬᠤᠢᠴᠠ ᠴᠢᠨᠠᠷ᠎ᠲᠠᠶ ᠶᠤᠮ ᠭᠡᠵᠦ᠍ ᠬᠡᠯᠡᠪᠡ᠃

ᠭᠡᠱᠢᠭᠦᠳ᠂ ᠰᠢ ᠵᠢᠨ ᠫᠢᠩ᠎ᠦᠨ ᠬᠠᠤᠯᠢᠵᠢᠯ᠎ᠤᠨ ᠦᠵᠡᠯ ᠰᠠᠨᠠᠭ᠎ᠠ᠎ᠶ᠋ᠢ ᠭᠦᠨᠵᠡᠭᠡᠶ ᠰᠤᠷᠤᠯᠴᠠᠨ ᠲᠤᠭᠤᠱᠢᠯᠠᠭᠤᠯᠵᠤ᠂ ᠲᠤᠰᠭᠠᠶ ᠵᠥᠪᠯᠡᠬᠦ᠌ ᠪᠠᠢᠭᠤᠯᠤᠮᠵᠢ᠎ᠶ᠋ᠢᠨ ᠦᠶ᠋ᠯᠡᠳᠦᠯ᠎ᠢᠶᠡᠨ ᠰᠠᠢᠲᠤᠷ ᠪᠠᠳᠠᠷᠠᠭᠤᠯᠵᠤ᠂ ᠭᠡᠱᠢᠭᠦᠳ᠎ᠦᠨ ᠡᠭᠦᠷᠭᠡ ᠬᠠᠷᠢᠭᠤᠴᠠᠯᠭ᠎ᠠ᠎ᠪᠠᠨ ᠰᠠᠢᠲᠤᠷ ᠭᠦᠶ᠋ᠴᠡᠳᠭᠡᠵᠦ᠍᠂ ᠬᠠᠤᠯᠢᠵᠢᠯ᠎ᠤᠨ ᠳᠤᠮᠳᠠᠳᠤ ᠤᠯᠤᠰ᠂ ᠠᠮᠤᠭᠤᠯᠠᠨᠭᠲᠤ ᠥᠪᠥᠷ ᠮᠣᠩᠭᠣᠯ᠎ᠤᠨ ᠪᠥᠲᠥᠭᠡᠨ ᠪᠠᠢᠭᠤᠯᠤᠯᠲᠠ᠎ᠶ᠋ᠢ ᠴᠢᠨᠠᠷ ᠰᠠᠢᠲᠠᠶ ᠠᠬᠢᠭᠤᠯᠬᠤ᠎ᠳᠤ ᠢᠳᠡᠪᠬᠢᠲᠡᠶ᠎ᠪᠡᠷ ᠰᠠᠨᠠᠯ ᠰᠠᠨᠠᠭᠤᠯᠭ᠎ᠠ ᠳᠤᠷᠠᠳᠤᠨ ᠵᠠᠰᠠᠭ᠎ᠲᠤ ᠲᠤᠰᠠᠯᠠᠵᠤ᠂ ᠬᠠᠮᠲᠤ᠎ᠶ᠋ᠢᠨ ᠲᠠᠨᠢᠯᠲᠠ᠎ᠶ᠋ᠢ ᠥᠷᠭᠡᠨ᠎ᠢᠶᠡᠷ ᠨᠢᠭ᠍ᠲᠠᠷᠠᠭᠤᠯᠵᠤ᠂ ᠨᠠᠩ ᠶᠡᠬᠡ ᠬᠤᠪᠢ ᠨᠡᠮᠡᠷᠢ ᠦᠵᠡᠭᠦᠯᠬᠦ᠌᠎ᠪᠡᠷ ᠴᠢᠷᠮᠠᠢᠨ᠎ᠠ ᠭᠡᠵᠦ᠍ ᠰᠠᠨᠠᠯ ᠨᠢᠭᠡᠲᠡᠶ ᠢᠯᠡᠳᠭᠡᠵᠡᠭᠡᠪᠡ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠬᠦᠰᠡᠯᠡᠩ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面