2024ᠤᠨ᠎ᠤ᠋ ᠪᠦᠬᠦ ᠤᠯᠤᠰ᠎ᠤ᠋ᠨ ᠬᠣᠶᠠᠷ ᠬᠤᠷᠠᠯ > ᠮᠡᠳᠡᠭᠡᠯᠡᠯ

2024-03-09 14:15:37

ᠵᠣᠬᠢᠶᠠᠭ᠍ᠴᠢ᠄ ᠵᠠᠩ ᠮᠢ ᠮᠢ᠂ ᠮᠧᠢ ᠴᠠᠩ ᠸᠧᠢ᠂ ᠯᠢᠦ ᠢ ᠣᠩᠱᠢᠭ᠍ᠰᠠᠨ ᠣᠳᠠᠭ᠎ᠠ᠄ 3

— ᠲᠡᠷᠢᠭᠦᠯᠡᠭ᠌ᠴᠢ ᠰᠢ ᠵᠢᠨ ᠫᠢᠩ᠎ᠦᠨ ᠴᠢᠯᠥᠭᠡᠯᠡᠬᠦ᠌ ᠴᠡᠷᠢᠭ ᠪᠣᠯᠤᠨ ᠵᠡᠪᠰᠡᠭ᠌ᠲᠦ ᠴᠠᠭ᠍ᠳᠠᠭ᠎ᠠ᠎ᠶ᠋ᠢᠨ ᠴᠡᠷᠢᠭ ᠠᠩᠬᠢ᠎ᠶ᠋ᠢᠨ ᠲᠥᠯᠥᠭᠡᠯᠡᠭ᠌ᠴᠢᠳ᠎ᠦᠨ ᠪᠦᠯᠬᠦᠮ᠎ᠳᠦ ᠲᠠᠯᠪᠢᠭ᠍ᠰᠠᠨ ᠴᠢᠬᠤᠯᠠ ᠶᠠᠷᠢᠶ᠎ᠠ ᠨᠢ ᠪᠦᠬᠦ᠌ ᠴᠡᠷᠢᠭ᠎ᠦᠨ ᠴᠡᠷᠢᠭ᠎ᠢ ᠬᠦᠴᠦᠷᠬᠡᠭ᠌ᠵᠢᠭᠦᠯᠬᠦ᠌ ᠦᠢᠯᠡᠰ᠎ᠦᠨ ᠱᠢᠨ᠎ᠡ ᠪᠠᠢᠳᠠᠯ᠎ᠢ ᠴᠢᠷᠮᠠᠢᠨ ᠡᠭᠦᠳᠬᠦ᠌᠎ᠶ᠋ᠢ ᠵᠣᠷᠢᠭ᠍ᠵᠢᠭᠤᠯᠪᠠ

3 ᠰᠠᠷ᠎ᠠ᠎ᠶ᠋ᠢᠨ 7 ᠤ᠋ ᠦᠳᠡ᠎ᠶ᠋ᠢᠨ ᠬᠣᠢᠨ᠎ᠠ᠂ ᠨᠠᠮ᠎ᠤᠨ ᠲᠥᠪ ᠬᠣᠷᠢᠶ᠎ᠠ ᠵᠢᠨ ᠶᠡᠷᠦᠩᠬᠡᠢ ᠱᠦᠵᠢ᠂ ᠤᠯᠤᠰ᠎ᠤᠨ ᠲᠡᠷᠢᠭᠦᠯᠡᠭ᠌ᠴᠢ᠂ ᠲᠥᠪ᠎ᠦᠨ ᠴᠡᠷᠢᠭ᠎ᠦᠨ ᠶᠠᠪᠤᠳᠠᠯ᠎ᠤᠨ ᠬᠣᠷᠢᠶ᠎ᠠ ᠵᠢᠨ ᠲᠡᠷᠢᠭᠦᠯᠡᠭ᠌ᠴᠢ ᠰᠢ ᠵᠢᠨ ᠫᠢᠩ ᠠᠷᠪᠠᠨ ᠳᠥᠷᠪᠡᠳᠦᠭᠡᠷ ᠬᠤᠭᠤᠴᠠᠭᠠᠨ᠎ᠤ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠬᠣᠶᠠᠳᠤᠭᠠᠷ ᠬᠤᠷᠠᠯ᠎ᠤᠨ ᠴᠢᠯᠥᠭᠡᠯᠡᠬᠦ᠌ ᠴᠡᠷᠢᠭ ᠪᠣᠯᠤᠨ ᠵᠡᠪᠰᠡᠭ᠌ᠲᠦ ᠴᠠᠭ᠍ᠳᠠᠭ᠎ᠠ᠎ᠶ᠋ᠢᠨ ᠴᠡᠷᠢᠭ ᠠᠩᠬᠢ᠎ᠶ᠋ᠢᠨ ᠲᠥᠯᠥᠭᠡᠯᠡᠭ᠌ᠴᠢᠳ᠎ᠦᠨ ᠪᠦᠯᠬᠦᠮ᠎ᠦᠨ ᠪᠦᠬᠦᠳᠡ ᠬᠤᠷᠠᠯ᠎ᠳᠤ ᠣᠷᠣᠯᠴᠠᠭ᠍ᠰᠠᠨ ᠪᠥᠭᠡᠳ ᠴᠢᠬᠤᠯᠠ ᠶᠠᠷᠢᠶ᠎ᠠ ᠲᠠᠯᠪᠢᠵᠤ᠂ ᠪᠦᠬᠦ᠌ ᠴᠡᠷᠢᠭ᠎ᠦᠨ ᠳᠠᠷᠤᠭ᠎ᠠ ᠪᠠᠢᠯᠳᠤᠭ᠍ᠴᠢᠳ᠎ᠤᠨ ᠳᠤᠮᠳᠠ ᠴᠢᠩᠭ᠎ᠠ ᠲᠤᠰᠭᠠᠯ ᠭᠠᠷᠪᠠ᠃

ᠥᠷᠭᠡᠨ ᠤᠯᠠᠨ ᠳᠠᠷᠤᠭ᠎ᠠ ᠪᠠᠢᠯᠳᠤᠭ᠍ᠴᠢ᠂ ᠲᠡᠷᠢᠭᠦᠯᠡᠭ᠌ᠴᠢ ᠰᠢ ᠵᠢᠨ ᠫᠢᠩ ᠳᠤᠮᠳᠠᠳᠤ ᠤᠯᠤᠰ᠎ᠤᠨ ᠮᠠᠶᠢᠭ ᠤ᠋ᠨ ᠣᠳᠣᠬᠢᠴᠢᠯᠠᠯᠲᠠ᠎ᠪᠠᠷ ᠤᠯᠤᠰ ᠵᠢᠡᠨ ᠬᠦᠴᠦᠷᠬᠡᠭᠵᠢᠬᠦᠯᠬᠦ ᠪᠦᠳᠦᠭᠡᠨ ᠪᠠᠢᠭᠤᠯᠤᠯᠲᠠ᠂ ᠦᠨᠳᠦᠰᠦᠲᠡᠨ᠎ᠦ ᠰᠡᠷᠭᠦᠨ ᠮᠠᠨᠳᠤᠯᠲᠠ᠎ᠶ᠋ᠢᠨ ᠠᠭᠤᠤ ᠦᠢᠯᠡᠰ᠎ᠢ ᠪᠦᠬᠦ᠌ ᠲᠠᠯ᠎ᠠ᠎ᠪᠠᠷ ᠠᠬᠢᠭᠤᠯᠬᠤ ᠦᠨᠳᠦᠷᠴᠡ ᠡᠴᠡ ᠱᠢᠨ᠎ᠡ᠎ᠪᠡᠷ ᠮᠠᠨᠳᠤᠭ᠍ᠰᠠᠨ ᠬᠦᠷᠢᠶᠡᠨ᠎ᠦ ᠪᠠᠢᠯᠳᠤᠬᠤ ᠪᠤᠳᠤᠯᠭ᠎ᠠ᠎ᠶ᠋ᠢᠨ ᠴᠢᠳᠠᠪᠤᠷᠢ᠎ᠶ᠋ᠢ ᠪᠦᠬᠦ᠌ ᠲᠠᠯ᠎ᠠ᠎ᠪᠠᠷ ᠳᠡᠭᠡᠭ᠌ᠰᠢᠯᠡᠭᠦᠯᠬᠦ᠌ ᠴᠢᠬᠤᠯᠠ ᠪᠠᠢᠷᠢᠯᠠᠭᠤᠯᠤᠯᠲᠠ ᠬᠢᠵᠦ᠍᠂ ᠡᠭᠦᠷᠭᠡ ᠬᠠᠷᠢᠭᠤᠴᠠᠯᠭ᠎ᠠ᠎ᠪᠠᠨ ᠴᠢᠩᠭᠠᠳᠭᠠᠵᠤ᠂ ᠥᠭᠡᠷᠡᠴᠢᠯᠡᠯᠲᠡ ᠬᠢᠵᠦ᠍ ᠱᠢᠨ᠎ᠡ᠎ᠶ᠋ᠢ ᠡᠭᠦᠳᠬᠦ᠌᠎ᠶ᠋ᠢ ᠭᠦᠨᠵᠡᠭᠡᠢᠷᠡᠭᠦᠯᠵᠦ᠍᠂ ᠱᠢᠨ᠎ᠡ ᠴᠠᠭ ᠦᠶ᠎ᠡ᠎ᠶ᠋ᠢᠨ ᠴᠡᠷᠢᠭ᠎ᠢ ᠬᠦᠴᠦᠷᠬᠡᠭ᠌ᠵᠢᠭᠦᠯᠬᠦ᠌ ᠦᠢᠯᠡᠰ᠎ᠢ ᠠᠬᠢᠭᠤᠯᠬᠤ᠎ᠳᠤ ᠦᠨᠳᠦᠰᠦᠨ ᠵᠢᠷᠤᠮᠯᠠᠯ ᠬᠠᠩᠭᠠᠪᠠ᠂ ᠯᠠᠪᠲᠠᠢ ᠭᠦᠨᠵᠡᠭᠡᠢ ᠰᠤᠷᠤᠯᠴᠠᠨ ᠣᠢᠯᠠᠭᠠᠵᠤ᠂ ᠪᠦᠬᠦ᠌ ᠲᠠᠯ᠎ᠠ᠎ᠪᠠᠷ ᠲᠤᠭᠤᠱᠢᠯᠠᠭᠤᠯᠤᠨ ᠨᠠᠢᠳᠠᠪᠤᠷᠢᠵᠢᠭᠤᠯᠤᠨ᠎ᠠ ᠭᠡᠵᠦ᠍ ᠢᠯᠡᠳᠭᠡᠵᠡᠬᠡᠪᠡ᠃

ᠡᠭᠦᠷᠭᠡ ᠬᠠᠷᠢᠭᠤᠴᠠᠯᠭ᠎ᠠ᠎ᠪᠠᠨ ᠴᠢᠩᠭᠠᠳᠭᠠᠵᠤ ᠳᠡᠭᠡᠳᠦ ᠬᠡᠮᠵᠢᠶᠡᠨ᠎ᠦ ᠦᠵᠡᠯ ᠰᠠᠨᠠᠭᠠᠨ᠎ᠤ ᠤᠬᠠᠮᠰᠠᠷ᠎ᠢᠶᠠᠷ ᠡᠷᠴᠢ ᠵᠣᠷᠢᠭ᠎ᠢᠶᠠᠨ ᠨᠢᠭ᠍ᠲᠠᠷᠠᠭᠤᠯᠤᠨ᠎ᠠ

ᠴᠡᠷᠢᠭ᠎ᠦᠨ ᠶᠠᠪᠤᠳᠠᠯ᠎ᠤᠨ ᠬᠣᠷᠢᠶ᠎ᠠ ᠵᠢᠨ ᠪᠠᠢᠭᠤᠯᠭ᠎ᠠ᠎ᠶ᠋ᠢᠨ ᠡᠯ᠎ᠡ ᠭᠡᠯᠳᠡᠰ ᠵᠥᠪᠯᠡᠯ᠂ ᠴᠡᠷᠢᠭ᠎ᠦᠨ ᠶᠠᠪᠤᠳᠠᠯ᠎ᠤᠨ ᠬᠣᠷᠢᠶ᠎ᠠ ᠵᠢᠨ ᠡᠯ᠎ᠡ ᠱᠢᠭᠤᠳ ᠬᠠᠷᠢᠶ᠎ᠠ ᠪᠠᠢᠭᠤᠯᠤᠮᠵᠢ᠂ ᠴᠡᠷᠢᠭ᠎ᠦᠨ ᠶᠠᠪᠤᠳᠠᠯ᠎ᠤᠨ ᠬᠣᠷᠢᠶ᠎ᠠ ᠵᠢᠨ ᠬᠤᠯᠪᠤᠭᠠᠳᠤ ᠵᠢᠯᠤᠭᠤᠳᠬᠤ ᠳᠦᠪ᠂ ᠡᠯ᠎ᠡ ᠪᠠᠢᠯᠳᠤᠭᠠᠨ᠎ᠤ ᠲᠣᠭᠣᠷᠢᠭ᠂ ᠡᠯ᠎ᠡ ᠴᠡᠷᠢᠭ᠎ᠦᠨ ᠲᠥᠷᠥᠯ ᠮᠡᠷᠭᠡᠵᠢᠯ᠎ᠦᠨ ᠲᠥᠷᠥᠯ᠎ᠳᠦ᠂ ᠴᠡᠷᠢᠭ᠎ᠦᠨ ᠶᠠᠪᠤᠳᠠᠯ᠎ᠤᠨ ᠬᠣᠷᠢᠶ᠎ᠠ ᠵᠢᠨ ᠡᠯ᠎ᠡ ᠱᠢᠭᠤᠳ ᠬᠠᠷᠢᠶ᠎ᠠ ᠨᠢᠭᠡᠴᠢ᠂ ᠵᠡᠪᠰᠡᠭ᠌ᠲᠦ ᠴᠠᠭ᠍ᠳᠠᠭ᠎ᠠ᠎ᠶ᠋ᠢᠨ ᠴᠡᠷᠢᠭ ᠠᠩᠭᠢ᠎ᠳᠤ᠂ ᠪᠦᠬᠦ᠌ ᠤᠯᠤᠰ᠎ᠤᠨ ᠬᠣᠶᠠᠷ ᠬᠤᠷᠠᠯ᠎ᠳᠤ ᠣᠷᠣᠯᠴᠠᠭ᠍ᠰᠠᠨ ᠴᠡᠷᠢᠭ ᠠᠩᠬᠢ᠎ᠶ᠋ᠢᠨ ᠲᠥᠯᠥᠭᠡᠯᠡᠭ᠌ᠴᠢ ᠭᠡᠱᠢᠭᠦᠨ᠎ᠦ ᠰᠠᠭᠤᠭ᠎ᠠ ᠭᠠᠵᠠᠷ᠎ᠲᠤ᠌᠂ ᠤᠯᠠᠨ᠎ᠢᠶᠠᠷ᠎ᠢᠶᠠᠨ ᠲᠡᠷᠡ ᠳᠠᠷᠤᠢ᠎ᠳᠤᠨᠢ ᠰᠤᠷᠤᠯᠴᠠᠨ ᠶᠠᠷᠢᠯᠴᠠᠵᠤ᠂ ᠲᠡᠷᠢᠭᠦᠯᠡᠭ᠌ᠴᠢ ᠰᠢ᠎ᠶ᠋ᠢᠨ ᠫᠢᠩ ᠳᠡᠯᠡᠬᠡᠢ᠎ᠶ᠋ᠢᠨ ᠶᠡᠬᠡ ᠬᠠᠨᠳᠤᠰᠢ᠎ᠶ᠋ᠢ ᠭᠦᠨᠵᠡᠭᠡᠢ ᠠᠵᠢᠭ᠍ᠯᠠᠵᠤ᠂ ᠴᠠᠭ ᠦᠶ᠎ᠡ᠎ᠶ᠋ᠢᠨ ᠠᠵᠠ ᠲᠣᠬᠢᠶᠠᠯ᠎ᠢ ᠬᠤᠷᠴᠠ ᠰᠡᠷᠭᠡᠭ᠎ᠢᠶᠡᠷ ᠡᠵᠡᠮᠳᠡᠵᠦ᠍ ᠂ ᠱᠢᠨ᠎ᠡ᠎ᠪᠡᠷ ᠮᠠᠨᠳᠤᠭ᠍ᠰᠠᠨ ᠬᠦᠷᠢᠶᠡᠨ᠎ᠦ ᠪᠠᠢᠯᠳᠤᠬᠤ ᠪᠤᠳᠤᠯᠭ᠎ᠠ᠎ᠶ᠋ᠢᠨ ᠴᠢᠳᠠᠪᠤᠷᠢ᠎ᠶ᠋ᠢ ᠳᠡᠭᠡᠭ᠌ᠰᠢᠯᠡᠭᠦᠯᠬᠦ᠌᠎ᠳᠦ ᠪᠦᠬᠦ᠌ ᠲᠠᠯ᠎ᠠ᠎ᠶ᠋ᠢᠨ ᠪᠠᠢᠷᠢᠯᠠᠭᠤᠯᠤᠯᠲᠠ ᠬᠢᠵᠦ᠍᠂ ᠮᠠᠰᠢ ᠴᠢᠩᠭ᠎ᠠ ᠤᠯᠤᠰ ᠲᠦᠷᠦ᠍᠎ᠶ᠋ᠢᠨ ᠬᠦᠳᠦᠯᠦᠨ ᠳᠠᠭᠠᠭᠤᠯᠬᠤ ᠴᠢᠨᠠᠷ᠂ ᠦᠵᠡᠯ ᠰᠠᠨᠠᠭᠠᠨ᠎ᠤ ᠡᠭᠦᠳᠦᠯᠲᠡ᠎ᠶ᠋ᠢᠨ ᠴᠢᠨᠠᠷ ᠪᠠ ᠪᠠᠢᠯᠳᠤᠬᠤ ᠪᠤᠳᠤᠯᠭ᠎ᠠ᠎ᠶ᠋ᠢᠨ ᠵᠢᠯᠣᠭᠣᠳᠭᠤ ᠴᠢᠨᠠᠷ᠎ᠲᠠᠶ ᠪᠠᠢᠬᠤ᠎ᠶ᠋ᠢ ᠭᠦᠨᠵᠡᠭᠡᠢ ᠣᠢᠯᠠᠭᠠᠪᠠ᠃

《ᠡᠨᠡ ᠬᠦ᠌ ᠠᠯᠤᠰ ᠬᠡᠳᠦ᠍᠎ᠶ᠋ᠢᠨ ᠪᠣᠳᠣᠯᠬᠢᠯᠠᠯ ᠪᠣᠯᠤᠨ ᠱᠢᠨᠵᠢᠯᠡᠬᠦ᠌ ᠤᠬᠠᠭᠠᠨᠴᠢ ᠱᠢᠶ᠋ᠳᠪᠦᠷᠢᠲᠦ ᠪᠣᠳᠣᠯᠭ᠎ᠠ ᠨᠢ ᠴᠠᠭ ᠦᠶ᠎ᠡ᠎ᠶ᠋ᠢᠨ ᠤᠷᠤᠰᠭᠠᠯ᠎ᠢ ᠳᠠᠭᠠᠵᠤ ᠪᠠᠢᠭ᠎ᠠ ᠪᠥᠭᠡᠳ ᠴᠠᠭ ᠦᠶ᠎ᠡ᠎ᠶ᠋ᠢᠨ ᠬᠤᠪᠢᠷᠠᠯᠲᠠ᠎ᠶ᠋ᠢ ᠴᠤ᠌ ᠠᠷᠭᠠᠴᠠᠭᠠᠵᠤ᠂ ᠥᠷᠭᠡᠨ ᠠᠭᠤᠳᠠᠮ ᠬᠠᠷᠠᠴᠠ᠎ᠶ᠋ᠢ ᠬᠠᠷᠠᠭᠤᠯᠵᠤ᠂ ᠭᠦᠨ ᠭᠦᠨᠵᠡᠭᠡᠶ ᠪᠣᠳᠣᠯᠬᠢᠯᠠᠯ᠎ᠢ ᠠᠭᠤᠯᠵᠤ ᠪᠠᠢᠭ᠎ᠠ ᠪᠣᠯᠬᠣᠷ ᠤᠯᠤᠰ᠎ᠢ ᠬᠦᠴᠦᠷᠬᠡᠭ᠌ᠵᠢᠭᠦᠯᠬᠦ᠌ ᠴᠡᠷᠢᠭ᠎ᠢ ᠬᠦᠴᠦᠷᠬᠡᠭ᠌ᠵᠢᠭᠦᠯᠬᠦ᠌ ᠠᠭᠤᠤ ᠦᠢᠯᠡᠰ᠎ᠲᠦ ᠬᠦᠴᠦᠷᠬᠡᠭ ᠶᠡᠬᠡ ᠱᠢᠨ᠎ᠡ ᠬᠥᠳᠡᠯᠭᠡᠬᠦ᠌ ᠬᠦᠴᠦᠨ᠎ᠢ ᠣᠯᠭᠣᠬᠤ ᠨᠢ ᠯᠠᠪᠲᠠᠶ ᠶᠤᠮ》 ᠭᠡᠵᠦ᠍ ᠤᠯᠤᠰ᠎ᠤᠨ ᠪᠠᠲᠤᠯᠠᠨ ᠬᠠᠮᠠᠭᠠᠯᠠᠯᠲᠠ᠎ᠶ᠋ᠢᠨ ᠶᠡᠬᠡ ᠰᠤᠷᠭᠠᠭᠤᠯᠢ᠎ᠡᠴᠨ ᠢᠷᠡᠭᠰᠡᠨ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠥᠯᠥᠭᠡᠯᠡᠭ᠌ᠴᠢ ᠬᠣ᠌ ᠭᠠᠩ ᠹᠸᠩ ᠬᠡᠯᠡᠪᠡ᠃

《ᠣᠳᠣᠬᠠᠨ᠎ᠳᠤ᠂ ᠳᠡᠯᠡᠬᠡᠢ᠎ᠶ᠋ᠢᠨ ᠵᠠᠭᠤᠨ ᠵᠢᠯ᠎ᠳᠦ ᠲᠤᠬᠢᠶᠠᠯᠳᠤᠭ᠎ᠠ ᠦᠭᠡᠢ ᠶᠡᠬᠡ ᠬᠤᠪᠢᠰᠤᠯᠳᠠ ᠲᠦᠷᠭᠡᠰᠴᠤ᠂ ᠱᠢᠨ᠎ᠡ ᠨᠢᠭᠡ ᠡᠭᠡᠯᠵᠢ᠎ᠶ᠋ᠢᠨ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠬᠤᠪᠢᠰᠭᠠᠯ᠂ ᠠᠵᠤ ᠦᠢᠯᠡᠰ᠎ᠦᠨ ᠬᠤᠪᠢᠰᠭᠠᠯ ᠪᠣᠯᠤᠨ ᠴᠡᠷᠢᠭ᠎ᠦᠨ ᠶᠠᠪᠤᠳᠠᠯ᠎ᠤᠨ ᠬᠤᠪᠢᠰᠭᠠᠯ ᠦᠳᠲᠡᠷ ᠲᠦᠷᠭᠡᠨ ᠬᠥᠭ᠌ᠵᠢᠵᠦ᠍᠂ ᠱᠢᠨ᠎ᠡ᠎ᠪᠡᠷ ᠮᠠᠨᠳᠤᠭ᠍ᠰᠠᠨ ᠬᠦᠷᠢᠶ᠎ᠡ ᠨᠢᠭᠡᠨᠲᠡ ᠲᠤᠮᠤ ᠤᠯᠤᠰ᠎ᠤᠨ ᠬᠥᠭ᠌ᠵᠢᠯᠲᠡ᠎ᠶ᠋ᠢᠨ ᠮᠥᠷᠥᠢᠴᠡᠭᠡᠨ᠎ᠦ ᠲᠠᠯᠠᠪᠤᠷ ᠪᠤᠯᠵᠤ᠂ ᠨᠡᠩ ᠴᠤ᠌ ᠴᠡᠷᠢᠭ᠎ᠦᠨ ᠶᠠᠪᠤᠳᠠᠯ᠎ᠤᠨ ᠪᠠᠢᠯᠳᠤᠬᠤ ᠪᠤᠳᠤᠯᠭ᠎ᠠ᠎ᠶ᠋ᠢᠨ ᠥᠷᠢᠰᠥᠯᠳᠦᠭᠡᠨ᠎ᠦ ᠲᠥᠪᠯᠡᠷᠡᠯ᠎ᠦᠨ ᠴᠡᠭ ᠪᠣᠯᠤᠭ᠍ᠰᠠᠨ ᠪᠠᠢᠨ᠎ᠠ》᠃ ᠬᠠᠭᠤᠷᠠᠢ ᠵᠠᠮ᠎ᠤᠨ ᠴᠡᠷᠢᠭ᠎ᠤ᠋ᠨ ᠪᠦᠬᠦ᠌ ᠤᠯᠤᠰ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠦ ᠭᠡᠱᠢᠭᠦᠨ ᠮᠠᠨ ᠺᠠᠢ ᠬᠣᠩ᠂ ᠱᠢᠨ᠎ᠡ᠎ᠪᠡᠷ ᠮᠠᠨᠳᠤᠭ᠍ᠰᠠᠨ ᠬᠦᠷᠢᠶᠡᠨ᠎ᠦ ᠪᠠᠢᠯᠳᠤᠬᠤ ᠪᠤᠳᠤᠯᠭ᠎ᠠ᠎ᠶ᠋ᠢᠨ ᠴᠢᠳᠠᠪᠤᠷᠢ ᠨᠢ ᠮᠠᠨ᠎ᠤ ᠤᠯᠤᠰ᠎ᠤᠨ ᠠᠵᠤ ᠠᠬᠤᠢ ᠨᠡᠢᠭᠡᠮ᠎ᠦᠨ ᠴᠢᠨᠠᠷ ᠰᠠᠢᠲᠠᠢ ᠬᠥᠭ᠌ᠵᠢᠯᠲᠡ᠎ᠲᠡᠶ ᠬᠣᠯᠪᠣᠭ᠍ᠳᠠᠵᠤ᠂ ᠤᠯᠤᠰ᠎ᠤᠨ ᠠᠮᠤᠷ ᠲᠦᠪᠱᠢᠨ ᠪᠣᠯᠤᠨ ᠴᠡᠷᠢᠭ᠎ᠦᠨ ᠶᠠᠪᠤᠳᠠᠯ᠎ᠤᠨ ᠲᠡᠮᠡᠴᠡᠯ᠎ᠦᠨ ᠰᠠᠨᠠᠭᠠᠴᠢᠯᠠᠭᠠᠳᠤ ᠡᠷᠭᠡ᠎ᠲᠠᠶ ᠬᠣᠯᠪᠣᠭ᠍ᠳᠠᠵᠤ᠂ ᠲᠡᠷᠢᠭᠦᠯᠡᠭ᠌ᠴᠢ ᠰᠢ᠎ᠶ᠋ᠢᠨ ᠫᠢᠩ᠎ᠦᠨ ᠴᠢᠬᠤᠯᠠ ᠶᠠᠷᠢᠶᠠᠨ᠎ᠳᠤ ᠤᠯᠤᠰ᠎ᠢᠶᠠᠨ ᠬᠦᠴᠦᠷᠬᠡᠭ᠌ᠵᠢᠭᠦᠯᠬᠦ᠌ ᠴᠡᠷᠢᠭ᠎ᠢᠶᠡᠨ ᠬᠦᠴᠦᠷᠬᠡᠭ᠌ᠵᠢᠭᠦᠯᠬᠦ᠌᠎ᠶ᠋ᠢ ᠨᠢᠭᠡ ᠴᠤᠭ᠍ᠴᠠᠵᠢᠭᠤᠯᠤᠨ ᠲᠥᠯᠥᠪᠵᠢᠭᠦᠯᠬᠦ᠌ ᠠᠯᠤᠰ ᠬᠡᠳᠦ᠍᠎ᠶ᠋ᠢᠨ ᠪᠣᠳᠣᠯᠬᠢᠯᠠᠯ ᠠᠭᠤᠯᠤᠭ᠍ᠳᠠᠵᠤ᠂ ᠥᠨᠳᠥᠷ᠎ᠲᠦ ᠵᠣᠭ᠍ᠰᠣᠨ ᠠᠯᠤᠰ᠎ᠢ ᠪᠠᠷᠠᠯᠠᠵᠦ᠍᠂ ᠬᠥᠮᠦᠰ᠎ᠢ ᠤᠷᠮᠠᠱᠢᠭᠤᠯᠤᠨ ᠤᠷᠤᠭ᠍ᠰᠢᠯᠠᠭᠤᠯᠬᠤ ᠪᠣᠯᠤᠨ᠎ᠠ ᠭᠡᠵᠤ ᠦᠵᠡᠪᠡ᠃

《ᠱᠢᠨ᠎ᠡ᠎ᠪᠡᠷ ᠮᠠᠨᠳᠤᠬᠰᠠᠨ ᠬᠦᠷᠢᠶᠡᠨ᠎ᠦ ᠪᠠᠢᠯᠳᠤᠬᠤ ᠪᠣᠳᠣᠯᠭ᠎ᠠ᠎ᠶ᠋ᠢᠨ ᠴᠢᠳᠠᠪᠤᠷᠢ᠎ᠶ᠋ᠢ ᠪᠦᠬᠦ᠌ ᠲᠠᠯ᠎ᠠ᠎ᠪᠠᠷ ᠳᠡᠭᠡᠭ᠌ᠰᠢᠯᠡᠭᠦᠯᠬᠦ᠌ ᠪᠣᠯ ᠤᠯᠤᠰ᠎ᠤᠨ ᠪᠠᠲᠤᠯᠠᠨ ᠬᠠᠮᠠᠭᠠᠯᠠᠯᠲᠠ᠎ᠶ᠋ᠢᠨ ᠳᠠᠢᠴᠢᠯᠠᠯᠲᠠ᠎ᠶ᠋ᠢᠨ ᠱᠢᠰᠲ᠋ᠧᠮ᠎ᠳᠦ ᠳᠤᠷᠠᠳᠤᠭ᠍ᠰᠠᠨ ᠱᠢᠨ᠎ᠡ ᠰᠡᠳᠦᠪ᠂ ᠣᠯᠭᠣᠭ᠍ᠰᠠᠨ ᠱᠢᠨ᠎ᠡ ᠡᠭᠦᠷᠭᠡ ᠮᠥᠨ》᠃ ᠤᠯᠤᠰ᠎ᠤᠨ ᠪᠠᠲᠤᠯᠠᠨ ᠬᠠᠮᠠᠭᠠᠯᠠᠯᠲᠠ᠎ᠶ᠋ᠢᠨ ᠲᠠᠢ᠌ᠴᠢᠯᠠᠯᠳᠠ᠎ᠶ᠋ᠢᠨ ᠱᠢᠰᠲᠸᠮ᠎ᠡᠴᠡ ᠢᠷᠡᠭ᠌ᠰᠡᠨ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠥᠯᠥᠭᠡᠯᠡᠭ᠌ᠴᠢ ᠵᠤᠤ ᠵᠢᠶᠦ᠋ᠨ᠂ ᠪᠢᠳᠡ ᠡᠷᠬᠡᠪᠰᠢ ᠭᠦᠨᠵᠡᠭᠡᠢ ᠣᠢᠯᠠᠭᠠᠵᠤ᠂ ᠵᠣᠷᠢᠭ᠍ᠲᠠᠢ᠎ᠪᠠᠷ ᠬᠠᠷᠢᠭᠤᠴᠠᠯᠭ᠎ᠠ ᠡᠭᠦᠷᠭᠡᠯᠡᠵᠦ᠍᠂ ᠡᠷᠡᠯᠬᠡᠭ᠌ᠯᠡᠨ ᠤᠷᠤᠭ᠍ᠰᠢᠯᠠᠵᠤ᠂ ᠱᠢᠨ᠎ᠡ᠎ᠪᠡᠷ ᠮᠠᠨᠳᠤᠭ᠍ᠰᠠᠨ ᠬᠦᠷᠢᠶᠡᠨ᠎ᠦ ᠵᠠᠩᠭᠢᠯᠠᠭ᠎ᠠ᠎ᠶ᠋ᠢᠨ ᠡᠬᠢ ᠪᠠᠶᠠᠯᠢᠭ᠎ᠲᠤ ᠠᠩᠬᠠᠷᠤᠯ᠎ᠢᠶᠠᠨ ᠲᠥᠪᠯᠡᠷᠡᠭᠦᠯᠵᠦ᠍᠂ ᠤᠯᠤᠰ᠎ᠤᠨ ᠪᠠᠲᠤᠯᠠᠨ ᠬᠠᠮᠠᠭᠠᠯᠠᠯᠲᠠ᠎ᠶ᠋ᠢᠨ ᠲᠠᠢ᠌ᠴᠢᠯᠠᠯᠳᠠ᠎ᠶ᠋ᠢᠨ ᠱᠢᠰᠲᠸᠮ᠎ᠤᠨ ᠴᠡᠷᠢᠭ ᠠᠩᠬᠢ ᠣᠷᠣᠨ ᠨᠤᠲᠤᠭ᠎ᠢ ᠵᠣᠬᠢᠴᠠᠭᠤᠯᠬᠤ᠂ ᠭᠤᠷᠪᠠᠨ ᠵᠠᠮ᠎ᠤᠨ ᠴᠡᠷᠢᠭ᠎ᠲᠦ ᠬᠠᠨᠳᠤᠭᠤᠯᠤᠭ᠍ᠰᠠᠨ ᠡᠭᠦᠷᠭᠡ ᠴᠢᠳᠠᠪᠬᠢ᠎ᠶ᠋ᠢᠨ ᠦᠢᠯᠡᠳᠦᠯ᠎ᠢ ᠭᠦᠢᠴᠡᠳ ᠪᠠᠳᠠᠷᠠᠭᠤᠯᠵᠤ᠂ ᠤᠯᠤᠰ᠎ᠤᠨ ᠪᠠᠢᠯᠳᠤᠬᠤ ᠪᠤᠳᠤᠯᠭ᠎ᠠ᠎ᠶ᠋ᠢᠨ ᠦᠷᠢᠰᠦᠯᠳᠦᠬᠦ᠌ ᠬᠦᠴᠦᠨ᠂ ᠨᠡᠢᠭᠡᠮ᠎ᠦᠨ ᠦᠢᠯᠡᠳᠪᠦᠷᠢᠯᠡᠯ᠎ᠦᠨ ᠬᠦᠴᠦᠨ᠂ ᠴᠡᠷᠢᠭ ᠠᠩᠬᠢ᠎ᠶ᠋ᠢᠨ ᠲᠠᠢ᠌ᠴᠢᠨ ᠬᠦᠴᠦᠨ᠎ᠦ ᠴᠢᠨᠠᠷ ᠰᠠᠢᠲᠠᠢ ᠤᠶᠠᠯᠳᠤᠯ᠎ᠢ ᠠᠬᠢᠭᠤᠯᠬᠤ ᠬᠡᠷᠡᠭ᠌ᠲᠡᠢ ᠭᠡᠵᠦ᠍ ᠬᠡᠯᠡᠪᠡ᠃

ᠵᠡᠭᠦᠨ ᠬᠡᠰᠡᠭ᠎ᠦᠨ ᠪᠠᠢᠯᠳᠤᠭᠠᠨ᠎ᠤ ᠲᠣᠭᠣᠷᠢᠭ᠎ᠡᠴᠡ ᠢᠷᠡᠭ᠌ᠰᠡᠨ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠥᠯᠥᠭᠡᠯᠡᠭ᠌ᠴᠢ ᠸᠠᠩ ᠬᠣᠩ ᠶᠠᠨ᠂ ᠪᠠᠢᠯᠳᠤᠭᠠᠨ᠎ᠤ ᠲᠣᠭᠣᠷᠢᠭ ᠨᠢ ᠳᠡᠭᠡᠷ᠎ᠠ ᠳᠤᠤᠷᠠᠬᠢ᠎ᠶᠢ ᠬᠤᠯᠪᠤᠵᠤ ᠪᠠᠢᠯᠳᠤᠬᠤ ᠪᠤᠳᠤᠯᠭ᠎ᠠ᠎ᠶ᠋ᠢᠨ ᠱᠢᠢᠳᠪᠦᠷᠢᠲᠦ ᠪᠤᠳᠤᠯᠭ᠎ᠠ ᠵᠢ ᠲᠤᠭᠤᠰᠢᠯᠠᠭᠤᠯᠵᠤ᠂ ᠪᠠᠢᠯᠳᠤᠭᠠᠨ᠎ᠢ ᠵᠢᠯᠣᠭᠣᠳᠭᠤ ᠵᠠᠩᠭᠢᠯᠠᠭ᠎ᠠ᠎ᠶ᠋ᠢᠨ ᠭᠣᠭ᠍ᠴᠣᠭ᠎ᠠ ᠪᠣᠯᠤᠭ᠍ᠰᠠᠨ᠎ᠤ ᠬᠤᠪᠢ᠎ᠳᠤ᠂ ᠨᠡᠩ ᠴᠤ᠌ ᠬᠣᠱᠢᠭᠤᠷᠠᠯ ᠮᠡᠷᠭᠡᠵᠢᠯ ᠪᠣᠯᠤᠨ ᠱᠢᠯᠢᠳᠡᠭ ᠡᠬᠢ ᠪᠠᠶᠠᠯᠢᠭ᠎ᠢ ᠭᠦᠢᠴᠡᠳ ᠱᠢᠩᠭᠡᠭᠡᠨ ᠬᠡᠷᠡᠭ᠌ᠯᠡᠵᠦ᠍᠂ ᠪᠠᠲᠤ ᠴᠢᠩᠭ᠎ᠠ ᠥᠨᠳᠥᠷ ᠪᠦᠲᠦᠮᠵᠢᠲᠡᠢ ᠬᠠᠮᠲᠤᠷᠠᠭ᠍ᠰᠠᠨ ᠪᠠᠢᠯᠳᠤᠭᠠᠨ᠎ᠤ ᠵᠢᠯᠣᠭᠣᠳᠭᠤ ᠪᠠᠢᠭᠤᠯᠤᠮᠵᠢ᠎ᠶ᠋ᠢ ᠬᠦᠴᠦᠨ᠎ᠢᠶᠡᠨ ᠲᠥᠪᠯᠡᠷᠡᠭᠦᠯᠦᠨ ᠪᠠᠢᠭᠤᠯᠵᠤ᠂ ᠪᠠᠢᠯᠳᠤᠭᠠᠨ᠎ᠤ ᠲᠣᠭᠣᠷᠢᠭ᠎ᠤᠨ ᠭᠣᠣᠯᠯᠠᠨ ᠪᠠᠢᠯᠳᠤᠬᠤ ᠡᠭᠦᠷᠭᠡ ᠴᠢᠳᠠᠪᠬᠢ᠎ᠪᠠᠨ ᠪᠦᠬᠦ᠌ ᠬᠦᠴᠦᠨ᠎ᠢᠶᠡᠷ᠎ᠢᠶᠡᠨ ᠰᠠᠢᠲᠤᠷ ᠭᠦᠢᠴᠡᠳᠭᠡᠬᠦ᠌ ᠬᠡᠷᠡᠭ᠌ᠲᠡᠢ ᠭᠡᠵᠦ᠍ ᠢᠯᠡᠳᠭᠡᠪᠡ᠃

ᠡᠮᠦᠨᠡᠲᠦ ᠣᠷᠣᠨ᠎ᠤ ᠭᠦᠨ ᠠᠭᠤᠯᠠᠨ ᠳ᠋ᠤ᠂ ᠲᠡᠢ᠌ᠷᠦᠯᠳᠦ ᠰᠤᠮᠤ᠎ᠶ᠋ᠢᠨ ᠴᠡᠷᠢᠭ᠎ᠦᠨ ᠨᠢᠭᠡᠨ ᠴᠡᠷᠢᠭ ᠠᠩᠬᠢ᠎ᠶ᠋ᠢᠨ ᠳᠠᠷᠤᠭ᠎ᠠ ᠪᠠᠢᠯᠳᠤᠭ᠍ᠴᠢᠳ ᠲᠡᠷᠢᠭᠦᠯᠡᠭ᠌ᠴᠢ ᠰᠢ ᠵᠢᠨ ᠫᠢᠩ᠎ᠦᠨ ᠴᠢᠬᠤᠯᠠ ᠶᠠᠷᠢᠶ᠎ᠠ᠎ᠶ᠋ᠢ ᠰᠤᠷᠤᠯᠴᠠᠭᠠᠳ ᠤᠯᠠᠨ᠎ᠢᠶᠠᠷ᠎ᠢᠶᠠᠨ᠄ 《ᠥᠩᠭᠡᠷᠡᠭ᠌ᠰᠡᠨ ᠨᠢᠭᠡ ᠵᠢᠯ᠎ᠳᠦ᠂ ᠨᠠᠮ᠂ ᠤᠯᠤᠰ ᠪᠣᠯᠤᠨ ᠴᠡᠷᠢᠭ ᠠᠩᠬᠢ᠎ᠶ᠋ᠢᠨ ᠦᠢᠯᠡᠰ ᠶᠡᠷᠦ᠍ ᠪᠤᠰᠤ᠎ᠶ᠋ᠢᠨ ᠠᠮᠵᠢᠯᠲᠠ ᠣᠯᠵᠤ᠂ ᠪᠢᠳᠡᠨ᠎ᠳᠦ 〈ᠬᠣᠶᠠᠷ᠎ᠢ ᠲᠣᠭ᠍ᠳᠠᠭᠠᠬᠰᠠᠨ〉 ᠤ᠋ ᠱᠢᠢᠳᠪᠦᠷᠢᠯᠡᠭᠴᠢ ᠠᠴᠢ ᠬᠣᠯᠪᠣᠭ᠍ᠳᠠᠯ᠎ᠢ ᠨᠡᠩ ᠭᠦᠨᠵᠡᠭᠡᠢ ᠤᠢ᠍ᠢᠯᠠᠭᠠᠭᠤᠯᠵᠠᠢ᠃ ᠱᠢᠨ᠎ᠡ ᠨᠢᠭᠡ ᠵᠢᠯ᠎ᠳᠦ᠂ ᠪᠢᠳᠡ ᠰᠢ ᠵᠢᠨ ᠫᠢᠩ᠎ᠦᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠲᠠᠶ ᠨᠡᠢᠭᠡᠮ ᠵᠢᠷᠤᠮ᠎ᠤᠨ ᠦᠵᠡᠯ ᠰᠠᠨᠠᠭ᠎ᠠ᠎ᠶ᠋ᠢ ᠭᠦᠨᠵᠡᠭᠡᠢ ᠰᠤᠷᠤᠯᠴᠠᠨ ᠲᠤᠭᠤᠱᠢᠯᠠᠭᠤᠯᠵᠤ᠂ ᠰᠢ ᠵᠢᠨ ᠫᠢᠩ᠎ᠦᠨ ᠴᠡᠷᠢᠭ᠎ᠢ ᠬᠦᠴᠦᠷᠬᠡᠭ᠌ᠵᠢᠭᠦᠯᠬᠦ᠌ ᠦᠵᠡᠯ ᠰᠠᠨᠠᠭ᠎ᠠ᠎ᠶ᠋ᠢ ᠭᠦᠨᠵᠡᠭᠡᠢ ᠲᠤᠭᠤᠱᠢᠯᠠᠭᠤᠯᠵᠤ᠂ ᠴᠡᠷᠢᠭ᠎ᠦᠨ ᠶᠠᠪᠤᠳᠠᠯ᠎ᠤᠨ ᠬᠣᠷᠢᠶ᠎ᠠ ᠵᠢᠨ ᠲᠡᠷᠢᠭᠦᠯᠡᠭ᠌ᠴᠢ ᠬᠠᠷᠢᠭᠤᠴᠠᠬᠤ ᠲᠦᠷᠢᠮ᠎ᠢ ᠪᠦᠬᠦ᠌ ᠲᠠᠯ᠎ᠠ᠎ᠪᠠᠷ ᠭᠦᠨᠵᠡᠭᠡᠢ ᠲᠤᠭᠤᠱᠢᠯᠠᠭᠤᠯᠵᠤ᠂ ᠡᠭᠦᠷᠭᠡ ᠬᠠᠷᠢᠭᠤᠴᠠᠯᠭ᠎ᠠ᠎ᠳᠠᠭᠠᠨ ᠦᠨᠡᠨᠴᠢ ᠪᠠᠢᠵᠤ᠂ ᠵᠣᠷᠢᠭ᠍ᠲᠠᠢ ᠪᠠᠷ ᠬᠠᠷᠢᠭᠤᠴᠠᠯᠭ᠎ᠠ ᠡᠭᠦᠷᠭᠡᠯᠡᠵᠦ᠍᠂ ᠨᠠᠮ᠎ᠤᠨ ᠲᠥᠪ ᠬᠣᠷᠢᠶ᠎ᠠ᠂ ᠲᠡᠷᠢᠭᠦᠯᠡᠭ᠌ᠴᠢ ᠰᠢ ᠵᠢᠨ ᠫᠢᠩ᠎ᠦᠨ ᠱᠢᠢᠳᠪᠦᠷᠢᠲᠦ ᠪᠤᠳᠤᠯᠭ᠎ᠠ ᠪᠠᠢᠷᠢᠯᠠᠭᠤᠯᠤᠯᠲᠠ᠎ᠶ᠋ᠢ ᠪᠣᠳᠠᠲᠠᠢ᠎ᠳᠤ ᠨᠠᠢᠳᠠᠪᠤᠷᠢᠵᠢᠭᠤᠯᠵᠤ᠂ ᠢᠷᠡᠭᠡᠳᠦᠢ᠎ᠶ᠋ᠢᠨ ᠲᠠᠢ᠌ᠨ᠎ᠳᠦ ᠢᠯᠠᠯᠲᠠ ᠤᠯᠬᠤ ᠬᠠᠲᠠᠭᠤ ᠬᠦᠴᠦᠨ᠎ᠢ ᠴᠢᠷᠮᠠᠢᠨ ᠳᠠᠪᠲᠠᠨ ᠪᠣᠯᠪᠠᠰᠤᠷᠠᠭᠤᠯᠤᠨ᠎ᠠ》 ᠭᠡᠵᠤ ᠰᠠᠨᠠᠯ ᠨᠢᠭᠡᠳᠠᠢ ᠢᠯᠡᠳᠭᠡᠵᠡᠭᠡᠵᠠᠢ᠃

ᠬᠥᠭ᠌ᠵᠢᠯᠲᠡ᠎ᠶ᠋ᠢᠨ ᠭᠣᠣᠯᠳᠠᠯᠭ᠎ᠠ᠎ᠶ᠋ᠢ ᠳᠤᠪᠤᠢ᠌ᠯᠭᠠᠵᠤ ᠦᠨᠡᠨ ᠬᠦ᠌ ᠠᠳᠭᠤᠵᠤ ᠪᠣᠳᠠᠲᠠᠢ ᠠᠵᠢᠯᠯᠠᠬᠤ ᠰᠤᠷᠲᠠᠯ᠎ᠢᠶᠠᠷ ᠪᠦᠬᠦ᠌ ᠬᠦᠴᠦᠨ᠎ᠢᠶᠡᠷ ᠪᠣᠭᠣᠮᠲᠠ ᠱᠢᠪᠲᠤᠯᠤᠨ᠎ᠠ

ᠲᠡᠷᠢᠭᠦᠯᠡᠭ᠌ᠴᠢ ᠰᠢ ᠵᠢᠨ ᠫᠢᠩ᠂ ᠬᠥᠭ᠌ᠵᠢᠯᠲᠡ᠎ᠶ᠋ᠢᠨ ᠭᠣᠣᠯᠳᠠᠯᠭ᠎ᠠ᠎ᠶ᠋ᠢ ᠲᠤᠪᠤᠢ᠌ᠯᠭᠠᠵᠤ᠂ ᠱᠢᠨ᠎ᠡ᠎ᠪᠡᠷ ᠮᠠᠨᠳᠤᠭ᠍ᠰᠠᠨ ᠬᠦᠷᠢᠶᠡᠨ᠎ᠦ ᠪᠠᠢᠯᠳᠤᠬᠤ ᠪᠤᠳᠤᠯᠭ᠎ᠠ᠎ᠶ᠋ᠢᠨ ᠴᠢᠳᠠᠪᠤᠷᠢ᠎ᠶ᠋ᠢᠨ ᠪᠠᠢᠭᠤᠯᠤᠯᠲᠠ᠎ᠶ᠋ᠢᠨ ᠬᠣᠯᠪᠣᠭ᠍ᠳᠠᠯ ᠪᠦᠬᠦᠢ ᠪᠠᠢᠯᠳᠤᠬᠤ ᠪᠤᠳᠤᠯᠭ᠎ᠠ ᠪᠣᠯᠤᠨ ᠲᠥᠯᠥᠪᠵᠢᠭᠦᠯᠭᠡ᠎ᠶ᠋ᠢᠨ ᠨᠠᠢᠳᠠᠪᠤᠷᠢᠵᠢᠭᠤᠯᠤᠯᠲᠠ᠎ᠶ᠋ᠢ ᠰᠠᠢᠲᠤᠷ ᠠᠳᠭᠤᠬᠤ ᠬᠡᠷᠡᠭ᠌ᠲᠡᠢ᠃ ᠳᠠᠯᠠᠢ ᠳᠡᠭᠡᠷᠡᠬᠢ ᠴᠡᠷᠢᠭ᠎ᠦᠨ ᠶᠠᠪᠤᠳᠠᠯ᠎ᠤᠨ ᠲᠡᠮᠡᠴᠡᠯ᠎ᠦᠨ ᠪᠡᠯᠡᠳᠭᠡᠯ᠂ ᠳᠠᠯᠠᠢ ᠲᠠᠩᠭᠢᠰ᠎ᠤᠨ ᠡᠷᠬᠡ ᠠᠱᠢᠭ᠎ᠢ ᠬᠠᠮᠠᠭᠠᠯᠠᠬᠤ ᠪᠠ ᠳᠠᠯᠠᠢ ᠲᠠᠩᠭᠢᠰ᠎ᠤᠨ ᠠᠵᠤ ᠠᠬᠤᠢ᠎ᠶ᠋ᠢᠨ ᠬᠥᠭ᠌ᠵᠢᠯᠲᠡ᠎ᠶ᠋ᠢ ᠨᠢᠭᠡᠳᠦᠯᠲᠡᠢ ᠲᠥᠯᠥᠪᠵᠢᠭᠦᠯᠵᠦ᠍᠂ ᠳᠠᠯᠠᠢ ᠲᠠᠩᠭᠢᠰ ᠢ᠋ ᠲᠦᠰᠦᠪᠯᠡᠨ ᠬᠠᠮᠢᠶᠠᠷᠬᠤ ᠴᠢᠳᠠᠪᠤᠷᠢ᠎ᠶ᠋ᠢ ᠳᠡᠭᠡᠭ᠌ᠰᠢᠯᠡᠭᠦᠯᠬᠦ᠌ ᠬᠡᠷᠡᠭ᠌ᠲᠡᠢ᠃ ᠰᠠᠨᠰᠠᠷ᠎ᠤᠨ ᠠᠶᠠᠯᠠᠯ᠎ᠤᠨ ᠪᠠᠢᠷᠢᠱᠢᠯ᠎ᠢ ᠱᠢᠯᠢᠳᠡᠭ᠌ᠵᠢᠭᠦᠯᠵᠦ᠍᠂ ᠮᠠᠨ᠎ᠤ ᠤᠯᠤᠰ᠎ᠤᠨ ᠰᠠᠨᠰᠠᠷ᠎ᠤᠨ ᠠᠶᠠᠯᠠᠯ᠎ᠤᠨ ᠱᠢᠰᠲ᠋ᠧᠮ᠎ᠦᠨ ᠪᠠᠢᠭᠤᠯᠤᠯᠲᠠ᠎ᠶ᠋ᠢ ᠠᠬᠢᠭᠤᠯᠬᠤ ᠬᠡᠷᠡᠭ᠌ᠲᠡᠢ᠃ ᠰᠦᠯᠵᠢᠶᠡᠨ᠎ᠦ ᠣᠷᠣᠨ ᠵᠠᠢ᠎ᠶ᠋ᠢᠨ ᠰᠡᠷᠭᠡᠢᠯᠡᠯᠲᠡ᠎ᠶ᠋ᠢᠨ ᠱᠢᠰᠲ᠋ᠧᠮ᠎ᠢ ᠪᠠᠢᠭᠤᠯᠵᠤ᠂ ᠤᠯᠤᠰ᠎ᠤᠨ ᠰᠦᠯᠵᠢᠶᠡᠨ᠎ᠦ ᠠᠮᠤᠷ ᠲᠦᠪᠱᠢᠨ᠎ᠢ ᠬᠠᠮᠠᠭᠠᠯᠠᠬᠤ ᠴᠢᠳᠠᠪᠤᠷᠢ᠎ᠪᠠᠨ ᠳᠡᠭᠡᠭ᠌ᠰᠢᠯᠡᠭᠦᠯᠬᠦ᠌ ᠬᠡᠷᠡᠭ᠌ᠲᠡᠢ᠃ ᠣᠶᠤᠨᠳᠤ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠴᠢᠬᠤᠯᠠ ᠶᠡᠬᠡ ᠲᠦᠷᠦᠯ ᠵᠦᠢᠯ᠎ᠢ ᠨᠢᠭᠡᠳᠦᠯᠲᠡᠢ ᠲᠥᠯᠥᠪᠵᠢᠭᠦᠯᠦᠨ ᠬᠡᠷᠡᠭ᠌ᠵᠢᠭᠦᠯᠬᠦ᠌᠎ᠶ᠋ᠢ ᠴᠢᠩᠭᠠᠳᠭᠠᠵᠤ᠂ ᠲᠡᠷᠢᠭᠦᠨ᠎ᠦ ᠦᠷ᠎ᠡ ᠪᠦᠲᠦᠭᠡᠯ᠎ᠢ ᠬᠡᠷᠡᠭ᠌ᠯᠡᠬᠦ᠌ ᠡᠷᠴᠢᠮ᠎ᠢ ᠴᠢᠩᠭᠠᠷᠠᠭᠤᠯᠬᠤ ᠬᠡᠷᠡᠭ᠌ᠲᠡᠢ ᠭᠡᠵᠤ ᠴᠢᠬᠤᠯᠠᠴᠢᠯᠠᠵᠠᠢ᠃

《ᠳᠠᠯᠠᠢ᠎ᠶ᠋ᠢᠨ ᠴᠡᠷᠢᠭ᠎ᠦᠨ ᠱᠢᠨ᠎ᠡ ᠴᠢᠨᠠᠷ᠎ᠪᠦᠬᠦᠢ ᠪᠠᠢᠯᠳᠤᠬᠤ ᠬᠦᠴᠦᠨ᠎ᠦ ᠨᠡᠢᠲᠡᠯᠢᠭ ᠲᠥᠯᠥᠭᠡᠯᠡᠭ᠌ᠴᠢ ᠪᠣᠯᠤᠭ᠍ᠰᠠᠨ᠎ᠤ ᠬᠤᠪᠢ᠎ᠳᠤ᠂ ᠪᠢᠳᠡ ᠲᠡᠷᠢᠭᠦᠯᠡᠭ᠌ᠴᠢ ᠰᠢ ᠵᠢᠨ ᠫᠢᠩ᠎ᠦᠨ ᠴᠢᠬᠤᠯᠠ ᠵᠢᠭᠠᠪᠤᠷᠢ ᠶᠣᠰᠣᠭᠠᠷ᠂ ᠴᠠᠭᠠᠷᠠᠭ᠍ᠰᠠᠨ ᠡᠷᠳᠡᠮ ᠴᠢᠳᠠᠪᠤᠷᠢ᠎ᠪᠠᠨ ᠱᠠᠯᠠᠪᠳᠠᠭᠤᠯᠤᠨ ᠪᠣᠯᠪᠠᠰᠤᠷᠠᠭᠤᠯᠵᠤ᠂ ᠡᠭᠦᠷᠭᠡ ᠬᠠᠷᠢᠭᠤᠴᠠᠯᠭ᠎ᠠ᠎ᠪᠠᠨ ᠪᠦᠲᠦᠮᠵᠢᠲᠡᠢ ᠭᠦᠢᠴᠡᠳᠭᠡᠵᠦ᠍᠂ ᠳᠠᠯᠠᠢ ᠲᠠᠩᠭᠢᠰ᠎ᠤᠨ ᠬᠦᠴᠦᠷᠬᠡᠭ ᠤᠯᠤᠰ᠎ᠢ ᠪᠦᠲᠦᠭᠡᠨ ᠪᠠᠢᠭᠤᠯᠬᠤ᠎ᠳᠤ ᠬᠦᠴᠦᠨ ᠴᠢᠳᠠᠯ᠎ᠢᠶᠠᠨ ᠡᠷᠭᠦᠨ᠎ᠡ》 ᠭᠡᠵᠦ᠍ ᠲᠠᠯᠠᠢ᠎ᠶ᠋ᠢᠨ ᠴᠡᠷᠢᠭ ᠡᠴᠡ ᠢᠷᠡᠭᠰᠡᠨ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠥᠯᠥᠭᠡᠯᠡᠭ᠌ᠴᠢ ᠴᠢ ᠸᠧᠢ ᠭᠤᠸᠠᠩ ᠬᠡᠯᠡᠪᠡ᠃

7᠎ᠤ᠋ ᠤᠷᠤᠢ᠂ ᠱᠠᠨᠰᠢ᠎ᠳᠤ ᠰᠠᠭᠤᠭ᠎ᠠ ᠴᠡᠷᠢᠭ ᠠᠩᠬᠢ᠎ᠶ᠋ᠢᠨ ᠨᠢᠭᠡᠨ ᠰᠠᠭᠤᠷᠢᠨ᠎ᠡᠴᠡ ᠳᠠᠷᠤᠭ᠎ᠠ ᠪᠠᠢᠯᠳᠤᠭ᠍ᠴᠢᠳ᠎ᠢ ᠵᠣᠬᠢᠶᠠᠨ ᠪᠠᠢᠭᠤᠯᠤᠨ ᠲᠡᠷᠢᠭᠦᠯᠡᠭ᠌ᠴᠢ ᠰᠢ ᠵᠢᠨ ᠫᠢᠩ᠎ᠦᠨ ᠴᠢᠬᠤᠯᠠ ᠶᠠᠷᠢᠶ᠎ᠠ᠎ᠶ᠋ᠢ ᠨᠠᠷᠢᠨ ᠬᠢᠨᠠᠮᠠᠭᠠᠢ ᠰᠤᠷᠤᠯᠴᠠᠭᠤᠯᠵᠤ᠂ ᠤᠯᠠᠨ᠎ᠢᠶᠠᠷ᠎ᠢᠶᠠᠨ᠄《ᠪᠢᠳᠡ ᠰᠠᠨᠰᠠᠷ᠎ᠤᠨ ᠠᠶᠠᠯᠠᠯ᠎ᠤᠨ ᠪᠠᠢᠷᠢᠱᠢᠭᠤᠯᠤᠯᠲᠠ᠎ᠶ᠋ᠢ ᠱᠢᠯᠢᠳᠡᠭ᠌ᠵᠢᠭᠦᠯᠬᠦ᠌᠂ ᠮᠠᠨ᠎ᠤ ᠤᠯᠤᠰ᠎ᠤᠨ ᠰᠠᠨᠰᠠᠷ᠎ᠤᠨ ᠠᠶᠠᠯᠠᠯ᠎ᠤᠨ ᠱᠢᠰᠲᠸᠮ᠎ᠤᠨ ᠪᠠᠢᠭᠤᠯᠤᠯᠲᠠ᠎ᠶ᠋ᠢ ᠠᠬᠢᠭᠤᠯᠬᠤ ᠤᠷᠤᠭ᠍ᠰᠢᠯᠠᠯᠲᠠ᠎ᠶ᠋ᠢᠨ ᠴᠢᠭ᠌ᠯᠡᠯ᠎ᠢᠶᠡᠷ᠂ ᠬᠦᠰᠡᠯ ᠵᠡᠭᠦᠳᠦ᠍᠎ᠪᠡᠨ ᠲᠡᠷᠭᠡᠯᠱᠢᠭᠦᠯᠬᠦ᠌ ᠠᠶᠠᠨ ᠵᠠᠮ᠎ᠳᠤ ᠳᠠᠷᠪᠠᠭᠤᠯ ᠬᠡᠢᠰᠭᠡᠨ ᠡᠷᠡᠯᠬᠡᠭᠯᠡᠨ ᠲᠡᠮᠡᠴᠡᠵᠦ ᠡᠷᠡᠮᠡᠬᠡᠢᠯᠡᠨ ᠤᠷᠤᠭ᠍ᠰᠢᠯᠠᠨ᠎ᠠ》 ᠭᠡᠵᠦ ᠶᠡᠬᠡᠳᠡ ᠵᠤᠷᠢᠭᠵᠢᠨ ᠬᠡᠯᠡᠪᠡ᠃

ᠴᠡᠷᠢᠭ᠎ᠦᠨ ᠶᠠᠪᠤᠳᠠᠯ᠎ᠤᠨ ᠱᠢᠨᠵᠢᠯᠡᠬᠦ᠌ ᠤᠬᠠᠭᠠᠨ᠎ᠤ ᠬᠦᠷᠢᠶᠡᠯᠡᠩ᠎ᠡᠴᠡ ᠢᠷᠡᠭ᠌ᠰᠡᠨ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠥᠯᠥᠭᠡᠯᠡᠭ᠌ᠴᠢ ᠶᠣᠣ ᠳ᠋ᠠᠩ ᠨᠠᠢ᠂ ᠴᠡᠷᠢᠭ᠎ᠦᠨ ᠶᠠᠪᠤᠳᠠᠯ᠎ᠤᠨ ᠱᠢᠨᠵᠢᠯᠡᠬᠦ᠌ ᠤᠬᠠᠭᠠᠨ᠎ᠤ ᠰᠤᠳᠤᠯᠭᠠᠨ᠎ᠤ ᠪᠠᠢᠭᠤᠯᠤᠮᠵᠢ ᠲᠤᠰ ᠪᠡᠶ᠎ᠡ᠎ᠶ᠋ᠢᠨ ᠳᠠᠪᠠᠭᠤᠯᠢᠭ᠎ᠢᠶᠠᠨ ᠪᠠᠳᠠᠷᠠᠭᠤᠯᠵᠤ᠂ ᠴᠡᠷᠢᠭ ᠠᠩᠬᠢ ᠪᠠ ᠣᠷᠣᠨ ᠨᠤᠲᠤᠭ᠎ᠤᠨ ᠱᠢᠨᠵᠢᠯᠡᠬᠦ᠌ ᠤᠬᠠᠭᠠᠨ᠎ᠤ ᠰᠤᠳᠤᠯᠭᠠᠨ᠎ᠤ ᠵᠣᠬᠢᠶᠠᠨ ᠪᠠᠢᠭᠤᠯᠬᠤ ᠬᠦᠴᠦᠨ᠎ᠢ ᠴᠢᠩᠭᠠᠳᠭᠠᠵᠤ᠂ ᠲᠠᠯᠠᠢ ᠲᠠᠩᠭᠢᠰ᠂ ᠰᠠᠨᠰᠠᠷ ᠣᠭ᠍ᠲᠠᠷᠭᠤᠢ᠂ ᠰᠦᠯᠵᠢᠶᠡᠨ᠎ᠦ ᠣᠷᠣᠨ ᠵᠠᠢ᠂ ᠵᠣᠬᠢᠶᠠᠮᠠᠯ ᠤᠶᠤᠨ ᠴᠢᠳᠠᠪᠤᠷᠢ ᠵᠡᠷᠭᠡ ᠬᠦᠷᠢᠶᠡᠨ᠎ᠦ ᠮᠡᠷᠭᠡᠵᠢᠯ᠎ᠦᠨ ᠬᠠᠩᠭᠠᠯᠭ᠎ᠠ᠎ᠶ᠋ᠢ ᠴᠢᠩᠭᠠᠳᠭᠠᠵᠤ᠂ ᠱᠢᠨ᠎ᠡ᠎ᠪᠡᠷ ᠮᠠᠨᠳᠤᠭ᠍ᠰᠠᠨ ᠬᠦᠷᠢᠶᠡᠨ᠎ᠦ ᠬᠣᠱᠢᠭᠤᠷᠠᠯ ᠮᠡᠷᠭᠡᠵᠢᠯ᠂ ᠴᠢᠳᠠᠪᠤᠷᠢᠲᠠᠨ᠂ ᠲᠤᠨᠤᠭ ᠲᠥᠬᠥᠭᠡᠷᠦᠮᠵᠢ᠎ᠶ᠋ᠢ ᠱᠢᠨ᠎ᠡ ᠴᠢᠨᠠᠷ᠎ᠪᠦᠬᠦᠢ ᠲᠠᠢ᠌ᠴᠢᠨ ᠬᠦᠴᠦᠨ ᠪᠣᠯᠭᠠᠨ ᠲᠦᠷᠭᠡᠨ ᠬᠤᠪᠢᠷᠠᠭᠤᠯᠬᠤ ᠬᠡᠷᠡᠭ᠌ᠲᠡᠢ ᠭᠡᠵᠦ᠍ ᠢᠯᠡᠳᠭᠡᠪᠡ᠃

ᠥᠭᠡᠷᠡᠴᠢᠯᠡᠯᠲᠡ ᠬᠢᠵᠦ᠍ ᠱᠢᠨ᠎ᠡ᠎ᠶ᠋ᠢ ᠡᠭᠦᠳᠬᠦ᠌᠎ᠶ᠋ᠢ ᠭᠦᠨᠵᠡᠭᠡᠢᠷᠡᠭᠦᠯᠵᠦ᠍ ᠱᠢᠨ᠎ᠡ ᠴᠢᠨᠠᠷ᠎ᠪᠦᠬᠦᠢ ᠦᠢᠯᠡᠳᠪᠦᠷᠢᠯᠡᠯ᠎ᠦᠨ ᠬᠦᠴᠦᠨ ᠪᠣᠯᠤᠨ ᠱᠢᠨ᠎ᠡ ᠴᠢᠨᠠᠷ᠎ᠪᠦᠬᠦᠢ ᠲᠠᠢ᠌ᠴᠢᠨ ᠬᠦᠴᠦᠨ᠎ᠢ ᠥᠨᠳᠥᠷ ᠪᠦᠲᠦᠮᠵᠢᠲᠡᠢ ᠠᠭᠤᠰᠤᠯᠴᠠᠭᠤᠯᠵᠤ ᠬᠣᠣᠰ ᠴᠢᠭ᠌ᠯᠡᠯ᠎ᠢᠶᠡᠷ᠎ᠲᠠᠢ᠌ᠴᠢᠯᠠᠨ᠎ᠠ

ᠨᠠᠮ᠎ᠤᠨ ᠠᠷᠪᠠᠨ ᠨᠠᠢ᠍ᠮᠠᠳᠤᠭᠠᠷ ᠶᠡᠬᠡ ᠬᠤᠷᠠᠯ᠎ᠡᠴᠡ ᠨᠠᠭᠠᠰᠢ᠂ ᠪᠠᠢᠯᠳᠤᠬᠤ ᠪᠤᠳᠤᠯᠭ᠎ᠠ᠎ᠶ᠋ᠢᠨ ᠴᠢᠨᠠᠷᠲᠠᠢ ᠱᠢᠨ᠎ᠡ᠎ᠪᠡᠷ ᠮᠠᠨᠳᠤᠭ᠍ᠰᠠᠨ ᠠᠵᠤ ᠦᠢᠯᠡᠰ ᠪᠣᠯᠤᠨ ᠱᠢᠨ᠎ᠡ ᠬᠡᠯᠪᠡᠷᠢ᠎ᠶ᠋ᠢᠨ ᠪᠠᠢᠯᠳᠤᠬᠤ ᠬᠦᠴᠦᠨ᠎ᠦ ᠬᠥᠭ᠌ᠵᠢᠯᠲᠡ᠎ᠶ᠋ᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠠᠯᠢ ᠤᠯᠠᠨ ᠴᠢᠬᠤᠯᠠ ᠶᠡᠬᠡ ᠦᠷ᠎ᠡ ᠪᠦᠲᠦᠭᠡᠯ ᠣᠯᠵᠠᠢ᠃ ᠨᠠᠮ᠎ᠤᠨ ᠬᠣᠷᠢᠳᠤᠭᠠᠷ ᠶᠡᠬᠡ ᠬᠤᠷᠠᠯ᠎ᠤᠨ ᠳᠠᠷᠠᠭ᠎ᠠ᠂ ᠨᠠᠮ᠎ᠤᠨ ᠲᠥᠪ ᠬᠣᠷᠢᠶ᠎ᠠ᠂ ᠲᠡᠷᠢᠭᠦᠯᠡᠭ᠌ᠴᠢ ᠰᠢ ᠵᠢᠨ ᠫᠢᠩ ᠴᠢᠨᠠᠷ ᠰᠠᠢᠲᠠᠢ ᠬᠥᠭ᠌ᠵᠢᠯᠲᠡ᠎ᠶ᠋ᠢ ᠠᠬᠢᠭᠤᠯᠬᠤ ᠪᠦᠬᠦ᠌ ᠲᠠᠯ᠎ᠠ᠎ᠡᠴᠡ ᠡᠭᠦᠰᠴᠦ᠍᠂ ᠱᠢᠨ᠎ᠡ ᠴᠢᠨᠠᠷ ᠰᠠᠢᠲᠠᠢ ᠦᠢᠯᠡᠳᠪᠦᠷᠢᠯᠡᠯ᠎ᠦᠨ ᠬᠦᠴᠦᠨ᠎ᠢ ᠲᠦᠷᠭᠡᠳᠭᠡᠨ ᠬᠥᠭ᠌ᠵᠢᠭᠦᠯᠬᠦ᠌᠎ᠶ᠋ᠢ ᠲᠣᠳᠣᠷᠬᠠᠢ ᠳᠤᠷᠠᠳᠴᠠᠢ᠃ ᠡᠨᠡ ᠨᠢ ᠱᠢᠨ᠎ᠡ᠎ᠪᠡᠷ ᠮᠠᠨᠳᠤᠭ᠍ᠰᠠᠨ ᠬᠦᠷᠢᠶᠡᠨ᠎ᠦ ᠪᠠᠢᠯᠳᠤᠬᠤ ᠪᠤᠳᠤᠯᠭ᠎ᠠ᠎ᠶ᠋ᠢᠨ ᠴᠢᠳᠠᠪᠤᠷᠢ᠎ᠶ᠋ᠢᠨ ᠪᠠᠢᠭᠤᠯᠤᠯᠲᠠ᠎ᠳᠤ ᠣᠯᠳᠠᠬᠤᠶ᠎ᠠ ᠪᠡᠷᠬᠡ ᠠᠵᠠ ᠲᠣᠬᠢᠶᠠᠯ ᠬᠠᠩᠭᠠᠪᠠ᠃ ᠬᠤᠷᠠᠯ᠎ᠳᠤ ᠣᠷᠣᠯᠴᠠᠭ᠍ᠰᠠᠨ ᠲᠥᠯᠥᠭᠡᠯᠡᠭ᠌ᠴᠢᠳ᠂ ᠱᠢᠨ᠎ᠡ᠎ᠪᠡᠷ ᠮᠠᠨᠳᠤᠭ᠍ᠰᠠᠨ ᠬᠦᠷᠢᠶᠡᠨ᠎ᠦ ᠬᠥᠭ᠌ᠵᠢᠯᠲᠡ᠎ᠶ᠋ᠢᠨ ᠣᠨᠴᠠᠯᠢᠭ ᠵᠢᠮ᠎ᠡ ᠶᠣᠰᠣ᠎ᠶ᠋ᠢ ᠡᠵᠡᠮᠳᠡᠵᠦ᠍᠂ ᠥᠭᠡᠷᠡᠴᠢᠯᠡᠯᠲᠡ ᠬᠢᠵᠦ᠍ ᠱᠢᠨ᠎ᠡ᠎ᠶ᠋ᠢ ᠡᠭᠦᠳᠬᠦ᠌᠎ᠶ᠋ᠢ ᠭᠦᠨᠵᠡᠭᠡᠢᠷᠡᠭᠦᠯᠵᠦ᠍᠂ ᠱᠢᠨ᠎ᠡ ᠴᠢᠨᠠᠷ᠎ᠪᠦᠬᠦᠢ ᠦᠢᠯᠡᠳᠪᠦᠷᠢᠯᠡᠯ᠎ᠦᠨ ᠬᠦᠴᠦᠨ ᠪᠣᠯᠤᠨ ᠱᠢᠨ᠎ᠡ ᠴᠢᠨᠠᠷ ᠪᠦᠬᠦᠢ ᠲᠠᠢ᠌ᠴᠢᠨ ᠬᠦᠴᠦᠨ᠎ᠢ ᠥᠨᠳᠥᠷ ᠪᠦᠲᠦᠮᠵᠢᠲᠡᠢ ᠠᠭᠤᠰᠤᠯᠴᠠᠭᠤᠯᠬᠤ᠂ ᠬᠣᠣᠰ ᠴᠢᠭ᠌ᠯᠡᠯ᠎ᠢᠶᠡᠷ ᠳᠠᠢᠴᠢᠯᠠᠬᠤ᠎ᠶ᠋ᠢ ᠠᠬᠢᠭᠤᠯᠬᠤ ᠬᠡᠷᠡᠭ᠌ᠲᠡᠢ ᠭᠡᠵᠦ ᠢᠯᠡᠳᠭᠡᠵᠡᠭᠡᠪᠡ᠃

《ᠥᠭᠡᠷᠡᠴᠢᠯᠡᠯᠲᠡ ᠬᠢᠵᠦ᠍ ᠱᠢᠨ᠎ᠡ᠎ᠶ᠋ᠢ ᠡᠭᠦᠳᠬᠦ᠌ ᠪᠣᠯ ᠴᠡᠷᠢᠭ ᠠᠩᠬᠢ᠎ᠶ᠋ᠢᠨ ᠪᠦᠳᠦᠭᠡᠨ ᠪᠠᠢᠭᠤᠯᠤᠯᠲᠠ ᠬᠥᠭ᠌ᠵᠢᠯᠲᠡ᠎ᠶ᠋ᠢᠨ ᠦᠨᠳᠦᠰᠦᠨ ᠬᠥᠳᠡᠯᠭᠡᠬᠦ᠌ ᠬᠦᠴᠦᠨ ᠮᠥᠨ᠂ ᠨᠡᠩ ᠴᠤ᠌ ᠱᠢᠨ᠎ᠡ᠎ᠪᠡᠷ ᠮᠠᠨᠳᠤᠭ᠍ᠰᠠᠨ ᠬᠦᠷᠢᠶᠡᠨ᠎ᠦ ᠬᠥᠭ᠌ᠵᠢᠯᠲᠡ ᠪᠦᠳᠦᠭᠡᠨ ᠪᠠᠢᠭᠤᠯᠤᠯᠲᠠ᠎ᠶ᠋ᠢᠨ ᠵᠠᠢᠯᠠᠰᠢ ᠦᠭᠡᠢ ᠵᠠᠮ ᠮᠥᠨ》᠃ ᠵᠡᠪᠰᠡᠭ᠌ᠲᠦ ᠴᠠᠭ᠍ᠳᠠᠭ᠎ᠠ᠎ᠶ᠋ᠢᠨ ᠴᠡᠷᠢᠭ ᠠᠩᠭᠢ᠎ᠡᠴᠡ ᠢᠷᠡᠭ᠌ᠰᠡᠨ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠥᠯᠥᠭᠡᠯᠡᠭ᠌ᠴᠢ ᠵᠠᠩ ᠶᠦᠩ ᠴᠢᠶᠠᠩ᠄《ᠱᠢᠨ᠎ᠡ᠎ᠪᠡᠷ ᠮᠠᠨᠳᠤᠭ᠍ᠰᠠᠨ ᠬᠦᠷᠢᠶᠡᠨ᠎ᠦ ᠥᠭᠡᠷᠡᠴᠢᠯᠡᠯᠲᠡ᠎ᠶ᠋ᠢ ᠥᠭᠡᠷᠡᠴᠢᠯᠡᠯᠲᠡ᠎ᠶ᠋ᠢ ᠤᠯᠠᠮ ᠴᠢᠨᠠᠭᠰᠢᠳᠠ ᠪᠦᠬᠦ᠌ ᠲᠠᠯ᠎ᠠ᠎ᠪᠠᠷ ᠭᠦᠨᠵᠡᠭᠡᠢᠷᠡᠭᠦᠯᠬᠦ᠌᠎ᠶ᠋ᠢᠨ ᠭᠣᠣᠯᠳᠠᠯᠭ᠎ᠠ ᠪᠣᠯᠭᠠᠨ ᠳᠤᠪᠤᠢ᠌ᠯᠭᠠᠵᠦ᠍᠂ ᠪᠢᠳᠡᠨ᠎ᠦ ᠥᠭᠡᠷᠡᠴᠢᠯᠡᠯᠲᠡ ᠬᠢᠵᠦ᠍ ᠱᠢᠨ᠎ᠡ᠎ᠶ᠋ᠢ ᠡᠭᠦᠳᠬᠦ᠌᠎ᠶ᠋ᠢ ᠴᠢᠩᠭᠠᠳᠭᠠᠵᠤ᠂ ᠶᠠᠰᠤ ᠴᠢᠨᠠᠷ ᠦᠷ᠎ᠡ ᠠᠱᠢᠭ᠎ᠢ ᠳᠡᠭᠡᠭ᠌ᠰᠢᠯᠡᠭᠦᠯᠵᠦ᠍᠂ ᠠᠰᠠᠭᠤᠳᠠᠯ᠎ᠢᠶᠠᠷ ᠤᠳᠤᠷᠢᠳᠤᠮᠵᠢ ᠪᠣᠯᠭᠠᠬᠤ᠎ᠶ᠋ᠢ ᠪᠠᠷᠢᠮᠲᠠᠯᠠᠵᠤ᠂ ᠤᠯᠤᠰ᠎ᠤᠨ ᠠᠮᠤᠷ ᠲᠦᠪᠱᠢᠨ ᠪᠠ ᠨᠡᠢᠭᠡᠮ᠎ᠦᠨ ᠲᠣᠭ᠍ᠲᠠᠭᠤᠨ᠎ᠢ ᠬᠠᠮᠠᠭᠠᠯᠠᠬᠤ᠂ ᠠᠷᠠᠳ ᠲᠦᠮᠡᠨ᠎ᠦ ᠰᠠᠢ᠌ᠨ ᠰᠠᠢᠬᠠᠨ ᠠᠮᠢᠳᠤᠷᠠᠯ᠎ᠢ ᠬᠠᠮᠠᠭᠠᠯᠠᠬᠤ ᠡᠭᠦᠷᠭᠡ ᠬᠠᠷᠢᠭᠤᠴᠠᠯᠭ᠎ᠠ᠎ᠪᠠᠨ ᠭᠦᠢᠴᠡᠳᠭᠡᠬᠦ᠌᠎ᠶ᠋ᠢ ᠱᠠᠭᠠᠷᠳᠠᠵᠤ ᠪᠠᠢᠨ᠎ᠠ》 ᠭᠡᠵᠦ᠍ ᠬᠡᠯᠡᠪᠡ᠃

《ᠵᠢᠩᠬᠢᠨᠢ ᠭᠣᠣᠯᠯᠠᠬᠤ ᠵᠠᠩᠭᠢᠯᠠᠭ᠎ᠠ᠎ᠶ᠋ᠢᠨ ᠮᠡᠷᠭᠡᠵᠢᠯ᠎ᠢ ᠬᠦᠯᠢᠶᠡᠵᠦ᠍ ᠳᠡᠢᠯᠬᠦ᠌ ᠦᠭᠡᠢ᠂ ᠬᠤᠳᠠᠯᠳᠤᠨ ᠠᠪᠴᠤ᠌ ᠳᠡᠢᠯᠬᠦ᠌ ᠦᠭᠡᠢ ᠶᠤᠮ᠂ ᠡᠷᠬᠡᠪᠰᠢ ᠪᠡᠶ᠎ᠡ᠎ᠪᠡᠨ ᠳᠠᠭᠠᠭᠠᠵᠤ ᠱᠢᠨ᠎ᠡ᠎ᠶ᠋ᠢ ᠡᠭᠦᠳᠬᠦ᠌᠎ᠪᠡᠷ ᠳᠠᠮᠵᠢᠨ ᠰᠠᠨᠠᠭᠠᠴᠢᠯᠠᠭᠠᠲᠤ ᠡᠷᠬᠡ᠎ᠶ᠋ᠢ ᠡᠵᠡᠮᠱᠢᠬᠦ᠌ ᠬᠡᠷᠡᠭ᠌ᠲᠡᠢ》᠃ ᠠᠭᠠᠷ᠎ᠤᠨ ᠴᠡᠷᠢᠭ᠎ᠡᠴᠡ ᠢᠷᠡᠭ᠌ᠰᠡᠨ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠥᠯᠥᠭᠡᠯᠡᠭ᠌ᠴᠢ ᠭᠦ᠋ ᠴᠢᠩ ᠶᠤᠸᠠᠢ᠂ ᠴᠡᠷᠢᠭ ᠠᠩᠬᠢ᠎ᠶ᠋ᠢᠨ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠠᠵᠢᠯᠲᠠᠳ ᠱᠢᠨ᠎ᠡ᠎ᠶ᠋ᠢ ᠡᠭᠦᠳᠬᠦ᠌ ᠢᠲᠡᠭᠡᠯ᠎ᠢᠶᠡᠨ ᠴᠢᠩᠭᠠᠳᠭᠠᠵᠤ᠂ 《ᠠᠷᠪᠠᠨ ᠵᠢᠯ᠎ᠳᠦ ᠨᠢᠭᠡ ᠰᠡᠯᠡᠮ᠎ᠡ ᠪᠢᠯᠡᠭᠦᠳᠡᠬᠦ᠌》 ᠰᠥᠰᠥ᠍ ᠵᠣᠷᠢᠭ᠂ 《ᠬᠠᠷᠠᠩᠭᠤᠢ ᠰᠥᠨᠢ ᠪᠦᠲᠡᠬᠢ ᠵᠠᠮ᠎ᠢᠶᠠᠷ ᠵᠠᠮᠨᠠᠬᠤ》 ᠡᠷᠴᠢ ᠵᠣᠷᠢᠭ᠂ 《ᠬᠦᠯᠢᠴᠡᠨ ᠲᠡᠰᠪᠦᠷᠢᠯᠡᠵᠦ ᠳᠡᠢᠯᠬᠦ》 ᠢᠲᠡᠭᠡᠯ ᠵᠣᠷᠢᠭ᠎ᠢᠶᠠᠷ ᠬᠠᠷᠠᠭ᠎ᠠ᠎ᠪᠠᠨ ᠨᠡᠭᠡᠭᠡᠵᠦ᠍᠂ ᠬᠠᠷᠰᠢ ᠰᠠᠭᠠᠳ᠎ᠢ ᠠᠷᠢᠯᠭᠠᠵᠤ᠂ ᠤᠤᠭᠠᠯ ᠱᠢᠨ᠎ᠡ ᠡᠭᠦᠳᠦᠯᠲᠡ ᠪᠣᠯᠤᠨ ᠪᠡᠶ᠎ᠡ᠎ᠪᠡᠨ ᠳᠠᠭᠠᠭᠠᠵᠤ ᠱᠢᠨ᠎ᠡ᠎ᠶ᠋ᠢ ᠡᠭᠦᠳᠬᠦ᠌ ᠲᠠᠯ᠎ᠠ᠎ᠪᠠᠷ ᠨᠡᠩ ᠤᠯᠠᠨ ᠦᠷ᠎ᠡ ᠪᠦᠲᠦᠭᠡᠯ ᠭᠠᠷᠭᠠᠬᠤ᠎ᠪᠠᠷ ᠴᠢᠷᠮᠠᠢᠬᠤ ᠬᠡᠷᠡᠭ᠌ᠲᠡᠢ ᠭᠡᠵᠦ᠍ ᠦᠵᠡᠪᠡ᠃

《ᠴᠢᠳᠠᠪᠤᠷᠢᠲᠠᠨ ᠪᠣᠯ ᠮᠠᠨ᠎ᠤ ᠴᠡᠷᠢᠭ᠎ᠦᠨ ᠴᠢᠨᠠᠷ ᠰᠠᠢᠲᠠᠢ ᠬᠥᠭ᠌ᠵᠢᠯᠲᠡ᠎ᠶ᠋ᠢ ᠠᠬᠢᠭᠤᠯᠬᠤ᠂ ᠴᠡᠷᠢᠭ᠎ᠦᠨ ᠶᠠᠪᠤᠳᠠᠯ᠎ᠤᠨ ᠥᠷᠢᠰᠥᠯᠳᠦᠭᠡᠨ ᠪᠠ ᠢᠷᠡᠭᠡᠳᠦᠢ᠎ᠶ᠋ᠢᠨ ᠲᠠᠢ᠌ᠨ᠎ᠦ ᠰᠠᠨᠠᠭᠠᠴᠢᠯᠠᠭᠠᠲᠤ ᠡᠷᠬᠡ᠎ᠶ᠋ᠢ ᠤᠯᠬᠤ ᠵᠠᠩᠭᠢᠯᠠᠭ᠎ᠠ᠎ᠶ᠋ᠢᠨ ᠡᠯᠧᠮᠧᠨ᠋ᠲ ᠮᠥᠨ》᠃ ᠤᠯᠤᠰ᠎ᠤᠨ ᠪᠠᠲᠤᠯᠠᠨ ᠬᠠᠮᠠᠭᠠᠯᠠᠯᠲᠠ᠎ᠶ᠋ᠢᠨ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠶᠡᠬᠡ ᠰᠤᠷᠭᠠᠭᠤᠯᠢ᠎ᠡᠴᠡ ᠢᠷᠡᠭ᠌ᠰᠡᠨ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠥᠯᠥᠭᠡᠯᠡᠭ᠌ᠴᠢ ᠯᠦ᠍ ᠳ᠋ᠠᠨ ᠶᠦᠨ᠂ ᠴᠡᠷᠢᠭ ᠠᠩᠬᠢ᠎ᠶ᠋ᠢᠨ ᠶᠡᠬᠡ ᠳᠡᠭᠡᠳᠦ ᠰᠤᠷᠭᠠᠭᠤᠯᠢ᠎ᠶ᠋ᠢᠨ ᠪᠠᠭ᠍ᠰᠢ ᠪᠣᠯᠤᠭ᠍ᠰᠠᠨ᠎ᠤ ᠬᠤᠪᠢ᠎ᠳᠤ᠂ ᠱᠢᠨ᠎ᠡ ᠴᠠᠭ ᠦᠶ᠎ᠡ᠎ᠶ᠋ᠢᠨ ᠴᠡᠷᠢᠭ᠎ᠦᠨ ᠶᠠᠪᠤᠳᠠᠯ᠎ᠤᠨ ᠰᠤᠷᠭᠠᠨ ᠬᠥᠮᠦᠵᠢᠯ᠎ᠦᠨ ᠴᠢᠭ᠌ᠯᠡᠯᠲᠡ᠎ᠶ᠋ᠢ ᠪᠦᠬᠦ᠌ ᠲᠠᠯ᠎ᠠ᠎ᠪᠠᠷ ᠨᠠᠢᠳᠠᠪᠤᠷᠢᠵᠢᠭᠤᠯᠵᠤ᠂ ᠢᠷᠡᠭᠡᠳᠦᠢ᠎ᠶ᠋ᠢᠨ ᠲᠠᠢ᠌ᠨ᠎ᠦ ᠲᠠᠯᠠᠪᠤᠷ᠎ᠲᠤ ᠴᠢᠭ᠌ᠯᠡᠭᠦᠯᠵᠦ᠍᠂ ᠱᠢᠨ᠎ᠡ᠎ᠪᠡᠷ ᠮᠠᠨᠳᠤᠭ᠍ᠰᠠᠨ ᠬᠦᠷᠢᠶᠡᠨ᠎ᠦ ᠪᠠᠢᠯᠳᠤᠬᠤ ᠪᠤᠳᠤᠯᠭ᠎ᠠ᠎ᠶ᠋ᠢᠨ ᠴᠢᠳᠠᠪᠤᠷᠢ᠎ᠶ᠋ᠢ ᠪᠦᠬᠦ᠌ ᠲᠠᠯ᠎ᠠ᠎ᠪᠠᠷ ᠳᠡᠭᠡᠭ᠌ᠰᠢᠯᠡᠭᠦᠯᠬᠦ᠌᠎ᠳᠦ ᠥᠨᠳᠥᠷ ᠬᠡᠪ ᠪᠣᠯᠪᠠᠰᠤᠷᠠᠯ᠎ᠲᠠᠢ᠂ ᠲᠤᠰᠭᠠᠢᠵᠢᠭ᠍ᠰᠠᠨ ᠱᠢᠨ᠎ᠡ ᠬᠡᠯᠪᠡᠷᠢ᠎ᠵᠢᠨ ᠴᠡᠷᠢᠭ᠎ᠦᠨ ᠶᠠᠪᠤᠳᠠᠯ᠎ᠤᠨ ᠴᠢᠳᠠᠪᠤᠷᠢᠲᠠᠨ᠎ᠢ ᠬᠥᠮᠦᠵᠢᠭᠦᠯᠬᠦ᠌ ᠬᠡᠷᠡᠭ᠌ᠲᠡᠢ ᠭᠡᠵᠦ᠍ ᠢᠯᠡᠳᠭᠡᠪᠡ᠃

《ᠣᠢᠷ᠎ᠠ᠎ᠶ᠋ᠢᠨ ᠵᠢᠯ᠎ᠦᠳ᠎ᠲᠦ᠂ ᠬᠢᠯᠢ᠎ᠶ᠋ᠢᠨ ᠬᠠᠮᠠᠭᠠᠯᠠᠯᠲᠠ᠎ᠶ᠋ᠢᠨ ᠴᠡᠷᠢᠭ ᠠᠩᠭᠢ ᠮᠡᠳᠡᠭᠡ ᠵᠠᠩᠭᠢᠵᠢᠯᠲᠠ᠎ᠶ᠋ᠢᠨ ᠬᠢᠯᠢ ᠬᠢᠵᠠᠭᠠᠷ᠎ᠢ ᠰᠠᠬᠢᠨ ᠬᠢᠯᠢ ᠬᠢᠵᠠᠭᠠᠷ᠎ᠢ ᠡᠵᠡᠮᠳᠡᠬᠦ᠌ ᠴᠢᠳᠠᠪᠤᠷᠢ᠎ᠶ᠋ᠢᠨ ᠪᠠᠢᠭᠤᠯᠤᠯᠲᠠ᠎ᠶ᠋ᠢᠨ ᠠᠯᠬᠤᠴᠠ᠎ᠪᠠᠨ ᠲᠠᠰᠤᠷᠠᠯᠲᠠ ᠥᠬᠡᠶ ᠲᠦᠷᠭᠡᠳᠭᠡᠵᠦ᠍᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠢᠶᠡᠷ ᠴᠢᠳᠠᠪᠤᠷᠢ ᠣᠯᠭᠣᠬᠤ᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠢᠶᠡᠷ ᠬᠢᠯᠢ᠎ᠶ᠋ᠢ ᠬᠦᠴᠦᠷᠬᠡᠭ᠌ᠵᠢᠭᠦᠯᠬᠦ᠌᠎ᠶ᠋ᠢ ᠪᠡᠶᠡᠯᠡᠭᠦᠯᠬᠦ᠌᠎ᠶ᠋ᠢ ᠠᠬᠢᠭᠤᠯᠪᠠ》᠃ ᠬᠠᠭᠤᠷᠠᠢ ᠵᠠᠮ᠎ᠤᠨ ᠴᠡᠷᠢᠭ ᠠᠩᠭᠢ᠎ᠡᠴᠡ ᠢᠷᠡᠭ᠌ᠰᠡᠨ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠥᠯᠥᠭᠡᠯᠡᠭ᠌ᠴᠢ ᠠᠢ᠌ᠳ᠋ᠸᠨ·ᠲᠦᠷᠱᠦᠨᠪᠸᠺ᠂ ᠦᠨᠳᠦᠰᠦᠨ ᠱᠠᠲᠤᠨ᠎ᠤ ᠡᠮᠦᠨ᠎ᠡ ᠹᠷᠣᠨᠲ᠎ᠤᠨ ᠴᠡᠷᠢᠭ ᠲᠠᠭᠠᠭᠤᠯᠤᠬ᠍ᠴᠢ ᠪᠣᠯᠤᠭ᠍ᠰᠠᠨ᠎ᠤ ᠬᠤᠪᠢ᠎ᠳᠤ᠂ ᠲᠡᠷᠢᠭᠦᠯᠡᠭ᠌ᠴᠢ ᠰᠢ ᠵᠢᠨ ᠫᠢᠩ᠎ᠦᠨ ᠴᠢᠬᠤᠯᠠ ᠶᠠᠷᠢᠶᠠᠨ᠎ᠤ ᠵᠣᠷᠢᠭ ᠰᠠᠨᠠᠭ᠎ᠠ᠎ᠶ᠋ᠢ ᠬᠢᠯᠢ ᠬᠢᠵᠠᠭᠠᠷ᠎ᠢ ᠬᠠᠮᠠᠭᠠᠯᠠᠬᠤ ᠡᠮᠦᠨ᠎ᠡ ᠹᠷᠣᠨᠲ᠎ᠲᠤ ᠳᠠᠭᠠᠭᠤᠯᠵᠤ᠂ ᠳᠠᠷᠤᠭ᠎ᠠ ᠪᠠᠢᠯᠳᠤᠭ᠍ᠴᠢ᠎ᠶ᠋ᠢ ᠲᠠᠢ᠌ᠴᠢᠯᠠᠨ ᠱᠢᠨ᠎ᠡ ᠮᠡᠷᠭᠡᠵᠢᠯ ᠱᠢᠨ᠎ᠡ ᠬᠡᠷᠡᠭ᠌ᠯᠡᠭᠡ᠎ᠲᠡᠶ ᠤᠶᠠᠯᠳᠤᠭᠤᠯᠤᠨ ᠪᠠᠢᠯᠳᠤᠬᠤ ᠠᠷᠭ᠎ᠠ᠎ᠶ᠋ᠢᠨ ᠱᠢᠨ᠎ᠡ᠎ᠶ᠋ᠢ ᠡᠭᠦᠳᠬᠦ᠌᠂ ᠮᠡᠷᠭᠡᠵᠢᠯ᠎ᠦᠨ ᠱᠢᠨᠡᠴᠢᠯᠡᠯᠲᠡ᠎ᠶ᠋ᠢ ᠢᠳᠡᠪᠬᠢᠲᠡᠢ ᠥᠷᠨᠢᠭᠦᠯᠵᠦ᠍᠂ ᠱᠢᠨ᠎ᠡ ᠴᠢᠨᠠᠷ ᠪᠦᠬᠦᠢ ᠲᠠᠢ᠌ᠴᠢᠨ ᠬᠦᠴᠦᠨ᠎ᠢ ᠬᠢᠯᠢ ᠬᠢᠵᠠᠭᠠᠷ᠎ᠢ ᠬᠠᠮᠠᠭᠠᠯᠠᠵᠤ ᠬᠢᠯᠢ ᠬᠢᠵᠠᠭᠠᠷ᠎ᠢ ᠡᠵᠡᠮᠳᠡᠬᠦ᠌ ᠳᠤᠮᠳᠠ ᠦᠢᠯᠡᠳᠦᠯ ᠴᠢᠳᠠᠪᠤᠷᠢ᠎ᠪᠠᠨ ᠪᠠᠳᠠᠷᠠᠭᠤᠯᠵᠤ᠂ ᠡᠭᠡ ᠤᠯᠤᠰ᠎ᠤᠨ ᠬᠢᠯᠢ ᠬᠢᠵᠠᠭᠠᠷ᠎ᠢ ᠨᠡᠩ ᠰᠠᠢᠲᠤᠷ ᠰᠠᠬᠢᠨ ᠬᠠᠮᠠᠭᠠᠯᠠᠨ᠎ᠠ ᠭᠡᠵᠦ᠍ ᠬᠡᠯᠡᠪᠡ᠃

《ᠴᠡᠷᠢᠭ ᠠᠩᠬᠢ᠎ᠶ᠋ᠢᠨ ᠲᠠᠢ᠌ᠨ᠎ᠳᠦ ᠪᠡᠯᠡᠳᠭᠡᠵᠦ᠍ ᠲᠠᠢ᠌ᠨ ᠬᠢᠬᠦ᠌᠎ᠶ᠋ᠢ ᠭᠦᠨᠵᠡᠭᠡᠢ ᠠᠬᠢᠭᠤᠯᠬᠤ᠎ᠳᠤ ᠱᠢᠨ᠎ᠡ ᠴᠢᠨᠠᠷ ᠪᠦᠬᠦᠢ ᠲᠠᠢ᠌ᠴᠢᠨ ᠬᠦᠴᠦᠨ᠎ᠢᠶᠡᠷ ᠲᠤᠯᠭᠠᠭᠤᠷᠢᠯᠠᠯ ᠪᠣᠯᠭᠠᠬᠤ ᠴᠢᠬᠤᠯᠠᠲᠠᠢ》᠃ ᠬᠠᠮᠲᠤᠷᠠᠭ᠍ᠰᠠᠨ ᠠᠷᠤ ᠲᠠᠯ᠎ᠠ᠎ᠶ᠋ᠢᠨ ᠪᠠᠲᠤᠯᠠᠭ᠎ᠠ᠎ᠶ᠋ᠢᠨ ᠴᠡᠷᠢᠭ ᠠᠩᠭᠢ᠎ᠡᠴᠡ ᠢᠷᠡᠭ᠌ᠰᠡᠨ ᠪᠥᠬᠥ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠥᠯᠥᠭᠡᠯᠡᠭ᠌ᠴᠢ ᠲᠠᠩ ᠯᠢᠨ ᠬᠣᠶ᠄ 《ᠲᠡᠷᠢᠭᠦᠯᠡᠭ᠌ᠴᠢ ᠰᠢ ᠵᠢᠨ ᠫᠢᠩ᠎ᠦᠨ ᠴᠢᠬᠤᠯᠠ ᠶᠠᠷᠢᠶ᠎ᠠ᠎ᠨᠢ ᠱᠢᠨ᠎ᠡ ᠴᠢᠨᠠᠷ ᠪᠦᠬᠦᠢ ᠳᠠᠢᠴᠢᠨ ᠬᠦᠴᠦᠨ᠎ᠢ ᠭᠦᠶ᠋ᠴᠡᠳ ᠴᠢᠯᠥᠭᠡᠯᠡᠨ ᠬᠥᠭ᠌ᠵᠢᠭᠦᠯᠬᠦ᠌ ᠳᠣᠲᠣᠭᠠᠳᠤ ᠵᠢᠮ᠎ᠡ ᠶᠣᠰᠣ᠎ᠶ᠋ᠢ ᠢᠯᠡᠷᠡᠭᠦᠯᠪᠡ᠂ ᠪᠢᠳᠡ ᠠᠮᠢ ᠠᠬᠤᠶ᠎ᠶ᠋ᠢ ᠪᠥᠲᠥᠭᠡᠨ ᠪᠠᠢᠭᠤᠯᠬᠤ᠂ ᠨᠢᠭᠡᠳᠦᠯᠲᠡᠶ ᠲᠥᠯᠥᠪᠵᠢᠭᠦᠯᠬᠦ᠌᠎ᠶ᠋ᠢ ᠠᠳᠭᠤᠬᠤ᠂ ᠪᠠᠷᠢᠮᠵᠢᠶ᠎ᠠ ᠲᠣᠭ᠍ᠲᠠᠭᠠᠬᠤ᠂ ᠬᠠᠩᠭᠠᠯᠭ᠎ᠠ᠎ᠶ᠋ᠢ ᠴᠢᠩᠭᠠᠳᠭᠠᠬᠤ ᠠᠷᠭ᠎ᠠ ᠪᠣᠳᠣᠯᠭ᠎ᠠ ᠶᠣᠰᠣᠭᠠᠷ᠂ ᠱᠢᠨ᠎ᠡ ᠴᠢᠨᠠᠷ ᠪᠦᠬᠦᠢ ᠳᠠᠢᠴᠢᠨ ᠬᠦᠴᠦᠨ᠎ᠦ ᠬᠠᠩᠭᠠᠯᠭ᠎ᠠ᠎ᠶ᠋ᠢ ᠲᠦᠷᠭᠡᠳᠭᠡᠬᠦ᠌᠎ᠪᠡᠷ ᠵᠢᠯᠣᠭᠣᠳᠤᠮᠵᠢ ᠪᠣᠯᠭᠠᠵᠤ᠂ ᠨᠢᠭᠡ ᠴᠣᠭ᠍ᠴᠠᠵᠢᠭ᠍ᠰᠠᠨ ᠬᠠᠮᠲᠤᠷᠠᠭ᠍ᠰᠠᠨ ᠪᠠᠲᠤᠯᠠᠭ᠎ᠠ᠎ᠶ᠋ᠢᠨ ᠴᠢᠳᠠᠪᠤᠷᠢ᠎ᠶ᠋ᠢ ᠳᠡᠭᠡᠭ᠌ᠰᠢᠯᠡᠭᠦᠯᠵᠦ᠍᠂ ᠴᠠᠭ ᠢᠮᠠᠭ᠍ᠲᠠ ᠲᠠᠲᠠᠵᠤ ᠳᠡᠢᠯᠬᠦ᠌᠂ ᠭᠠᠷᠭᠠᠵᠤ ᠳᠡᠢᠯᠬᠦ᠌᠂ ᠰᠠᠢᠲᠤᠷ ᠪᠠᠲᠤᠯᠠᠵᠤ ᠳᠡᠢᠯᠬᠦ᠌᠎ᠶ᠋ᠢ ᠦᠨᠡᠨ ᠬᠦ᠌ ᠪᠠᠲᠤᠯᠠᠬᠤ ᠬᠡᠷᠡᠭ᠌ᠲᠡᠶ》 ᠭᠡᠵᠦ ᠬᠡᠯᠡᠪᠡ᠃

ᠵᠢᠯ᠎ᠦᠨ ᠠᠵᠢᠯ ᠬᠠᠪᠤᠷ᠎ᠲᠠᠭᠠᠨ᠂ ᠲᠦᠮᠡᠨ ᠶᠠᠪᠤᠳᠠᠯ᠎ᠦᠢᠯᠡᠳᠦᠯᠭᠡ᠎ᠪᠡᠷ ᠳᠠᠮᠵᠢᠨ ᠪᠡᠶᠡᠯᠡᠭᠳᠡᠳᠡᠭ᠃ ᠥᠷᠭᠡᠨ ᠤᠯᠠᠨ ᠳᠠᠷᠤᠭ᠎ᠠ ᠪᠠᠢᠯᠳᠤᠭ᠍ᠴᠢ᠂ ᠦᠵᠡᠯ ᠰᠠᠨᠠᠭ᠎ᠠ ᠪᠣᠯᠤᠨ ᠦᠢᠯᠡ ᠠᠵᠢᠯᠯᠠᠭ᠎ᠠ ᠪᠠᠨ ᠨᠠᠮ᠎ᠤᠨ ᠲᠥᠪ ᠬᠣᠷᠢᠶ᠎ᠠ᠂ ᠲᠡᠷᠢᠭᠦᠯᠡᠭ᠌ᠴᠢ ᠰᠢ ᠵᠢᠨ ᠫᠢᠩ᠎ᠦᠨ ᠴᠢᠬᠤᠯᠠ ᠶᠡᠬᠡ ᠱᠢᠢᠳᠪᠦᠷᠢᠲᠦ ᠪᠤᠳᠤᠯᠭ᠎ᠠ ᠪᠠᠢᠷᠢᠯᠠᠭᠤᠯᠤᠯᠲᠠ ᠳᠡᠭᠡᠷ᠎ᠡ ᠨᠢᠭᠡᠳᠭᠡᠵᠦ᠍᠂ ᠬᠠᠷᠢᠭᠤᠴᠠᠯᠭ᠎ᠠ ᠡᠭᠦᠷᠭᠡᠯᠡᠯ᠎ᠢᠶᠡᠨ ᠴᠢᠩᠭᠠᠳᠭᠠᠵᠤ᠂ ᠥᠭᠡᠷᠡᠴᠢᠯᠡᠯᠲᠡ ᠬᠢᠵᠦ᠍ ᠱᠢᠨ᠎ᠡ᠎ᠶ᠋ᠢ ᠡᠭᠦᠳᠬᠦ᠌᠎ᠶ᠋ᠢ ᠭᠦᠨᠵᠡᠭᠡᠢᠷᠡᠭᠦᠯᠵᠦ᠍᠂ ᠱᠢᠨ᠎ᠡ᠎ᠪᠡᠷ ᠮᠠᠨᠳᠤᠭ᠍ᠰᠠᠨ ᠬᠦᠷᠢᠶᠡᠨ᠎ᠦ ᠪᠠᠢᠯᠳᠤᠬᠤ ᠪᠤᠳᠤᠯᠭ᠎ᠠ᠎ᠶ᠋ᠢᠨ ᠴᠢᠳᠠᠪᠤᠷᠢ᠎ᠪᠠᠨ ᠪᠦᠬᠦ᠌ ᠲᠠᠯ᠎ᠠ᠎ᠪᠠᠷ ᠳᠡᠭᠡᠭ᠌ᠰᠢᠯᠡᠭᠦᠯᠵᠦ᠍᠂ ᠴᠡᠷᠢᠭ ᠪᠠᠢᠭᠤᠯᠤᠭᠳᠠᠭᠰᠠᠨ ᠵᠠᠭᠤᠨ ᠵᠢᠯ᠎ᠦᠨ ᠲᠡᠮᠡᠴᠡᠬᠦ᠌ ᠬᠠᠷᠠᠯᠲᠠ᠎ᠶ᠋ᠢ ᠲᠣᠭ᠍ᠲᠠᠭᠠᠵᠤ ᠪᠦᠬᠦ᠌ ᠬᠦᠴᠦᠨ᠎ᠢᠶᠡᠷ᠎ᠢᠶᠡᠨ ᠪᠣᠭᠣᠮᠲᠠ ᠱᠢᠪᠲᠤᠯᠵᠤ᠂ ᠨᠠᠮ ᠪᠣᠯᠤᠨ ᠠᠷᠠᠳ ᠲᠦᠮᠡᠨ᠎ᠡᠴᠡ ᠳᠠᠭᠠᠭᠠᠯᠭᠠᠭ᠍ᠰᠠᠨ ᠡᠭᠦᠷᠭᠡ ᠬᠠᠷᠢᠭᠤᠴᠠᠯᠭ᠎ᠠ᠎ᠶ᠋ᠢ ᠡᠷᠡᠰ ᠪᠡᠶᠡᠯᠡᠭᠦᠯᠦᠨ᠎ᠡ ᠭᠡᠵᠦ᠍ ᠢᠯᠡᠳᠭᠡᠵᠡᠭᠡᠪᠡ᠃

(ᠱᠢᠨᠬᠤᠸᠠ ᠬᠣᠷᠢᠶ᠎ᠠ᠎ᠶᠢᠨ ᠪᠡᠭᠡᠵᠢᠩ᠎ᠦᠨ 3 ᠰᠠᠷ᠎ᠠ᠎ᠶ᠋ᠢᠨ 8 ᠎ᠤ᠋ ᠴᠠᠬᠢᠯᠭᠠᠨ ᠮᠡᠳᠡᠭᠡ)

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠬᠦᠰᠡᠯᠡᠩ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面