2024ᠤᠨ᠎ᠤ᠋ ᠪᠦᠬᠦ ᠤᠯᠤᠰ᠎ᠤ᠋ᠨ ᠬᠣᠶᠠᠷ ᠬᠤᠷᠠᠯ > ᠮᠡᠳᠡᠭᠡᠯᠡᠯ

2024-03-09 14:51:27

ᠵᠣᠬᠢᠶᠠᠭ᠍ᠴᠢ᠄ ᠣᠩᠱᠢᠭ᠍ᠰᠠᠨ ᠣᠳᠠᠭ᠎ᠠ᠄ 3

ᠱᠢᠨᠬᠤᠸᠠ ᠬᠣᠷᠢᠶ᠎ᠠ ᠵᠢᠨ ᠪᠡᠭᠡᠵᠢᠩ᠎ᠦᠨ 3 ᠰᠠᠷ᠎ᠠ᠎ᠶ᠋ᠢᠨ 8᠎ᠤ᠋ ᠴᠠᠬᠢᠯᠭᠠᠨ ᠮᠡᠳᠡᠭᠡ ᠠᠷᠪᠠᠨ ᠳᠥᠷᠪᠡᠳᠦᠭᠡᠷ ᠬᠤᠭᠤᠴᠠᠭᠠᠨ᠎ᠤ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠬᠣᠶᠠᠳᠤᠭᠠᠷ ᠬᠤᠷᠠᠯ᠎ᠤᠨ ᠲᠡᠷᠢᠭᠦᠯᠡᠭ᠌ᠴᠢᠳ᠎ᠦᠨ ᠪᠦᠯᠬᠦᠮ᠎ᠦᠨ ᠪᠠᠢᠩᠭᠤ᠎ᠶ᠋ᠢᠨ ᠲᠡᠷᠢᠭᠦᠯᠡᠭ᠌ᠴᠢᠳ᠎ᠦᠨ ᠠᠩᠬᠠᠳᠤᠭᠠᠷ ᠬᠤᠷᠠᠯ 8᠎ᠤ᠋ ᠦᠳᠡ᠎ᠶ᠋ᠢᠨ ᠬᠣᠢᠨ᠎ᠠ ᠪᠡᠭᠡᠵᠢᠩ᠎ᠦᠨ ᠠᠷᠠᠳ᠎ᠤᠨ ᠶᠡᠬᠡ ᠬᠤᠷᠠᠯ᠎ᠤᠨ ᠲᠠᠩᠬᠢᠮ᠎ᠳᠤ ᠬᠤᠷᠠᠯᠳᠤᠪᠠ᠃ ᠶᠡᠬᠡ ᠬᠤᠷᠠᠯ᠎ᠤᠨ ᠲᠡᠷᠢᠭᠦᠯᠡᠭ᠌ᠴᠢᠳ᠎ᠦᠨ ᠪᠦᠯᠬᠦᠮ᠎ᠦᠨ ᠪᠠᠢᠩᠭᠤ᠎ᠶ᠋ᠢᠨ ᠲᠡᠷᠢᠭᠦᠯᠡᠭ᠌ᠴᠢ᠂ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠤᠷᠢᠶ᠎ᠠ ᠵᠢᠨ ᠬᠤᠷᠢᠶᠠᠨ ᠳᠠᠷᠤᠭ᠎ᠠ ᠵᠤᠤ ᠯᠸ ᠵᠶ᠋ᠢ ᠬᠤᠷᠠᠯ᠎ᠢ ᠡᠷᠬᠢᠯᠡᠪᠡ᠃

ᠬᠤᠷᠠᠯ᠎ᠡᠴᠡ ᠶᠡᠬᠡ ᠬᠤᠷᠠᠯ᠎ᠤᠨ ᠲᠡᠷᠢᠭᠦᠯᠡᠭ᠌ᠴᠢᠳ᠎ᠦᠨ ᠪᠦᠯᠬᠦᠮ᠎ᠦᠨ ᠪᠠᠢᠩᠭᠤ᠎ᠶ᠋ᠢᠨ ᠲᠡᠷᠢᠭᠦᠯᠡᠭ᠌ᠴᠢ᠂ ᠶᠡᠬᠡ ᠬᠤᠷᠠᠯ᠎ᠤᠨ ᠳᠡᠳ᠋ ᠨᠠᠷᠢᠨ ᠪᠢᠴᠢᠭ᠎ᠦᠨ ᠳᠠᠷᠤᠭ᠎ᠠ᠂ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠤᠷᠢᠶ᠎ᠠ ᠵᠢᠨ ᠨᠠᠷᠢᠨ ᠪᠢᠴᠢᠭ᠎ᠦᠨ ᠳᠠᠷᠤᠭ᠎ᠠ ᠯᠢᠦ ᠴᠢ᠎ᠶ᠋ᠢᠨ ᠬᠢᠭ᠌ᠰᠡᠨ ᠶᠡᠬᠡ ᠬᠤᠷᠠᠯ᠎ᠤᠨ ᠨᠠᠷᠢᠨ ᠪᠢᠴᠢᠭ᠎ᠦᠨ ᠭᠠᠵᠠᠷ᠎ᠤᠨ ᠵᠠᠰᠠᠭ᠎ᠤᠨ ᠣᠷᠳᠣᠨ᠎ᠤ ᠠᠵᠢᠯ᠎ᠤᠨ ᠢᠯᠡᠳᠭᠡᠯ᠎ᠢ ᠬᠢᠨᠠᠨ ᠵᠥᠪᠯᠡᠭ᠌ᠰᠡᠨ ᠪᠠ ᠵᠠᠰᠠᠪᠤᠷᠢ ᠣᠷᠣᠭᠤᠯᠤᠭ᠍ᠰᠠᠨ ᠪᠠᠢᠳᠠᠯ᠎ᠤᠨ ᠲᠤᠬᠠᠢ ᠬᠠᠷᠢᠭᠤ ᠮᠡᠳᠡᠭᠦᠯᠦᠯᠲᠡ᠎ᠶ᠋ᠢ ᠰᠣᠨᠣᠰᠴᠤ᠌᠂ ᠵᠠᠰᠠᠭ᠎ᠤᠨ ᠣᠷᠳᠣᠨ᠎ᠤ ᠠᠵᠢᠯ᠎ᠤᠨ ᠢᠯᠡᠳᠭᠡᠯ᠎ᠦᠨ ᠲᠤᠬᠠᠢ ᠱᠢᠢᠳᠪᠦᠷᠢ᠎ᠶ᠋ᠢᠨ ᠲᠥᠰᠦᠯ᠎ᠦᠨ ᠣᠷᠣᠯᠠᠨ ᠲᠤᠭᠤᠷᠪᠢᠭ᠍ᠰᠠᠨ ᠡᠬᠡ ᠨᠤᠤᠷᠠᠭ᠎ᠢ ᠬᠢᠨᠠᠨ ᠵᠥᠪᠯᠡᠪᠡ᠃

ᠬᠤᠷᠠᠯ᠎ᠡᠴᠡ ᠪᠥᠬᠥ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠡᠳ᠋᠎ᠦᠨ ᠵᠠᠰᠠᠭ ᠠᠵᠤ ᠠᠬᠤᠶ᠎ᠶ᠋ᠢᠨ ᠵᠥᠪᠯᠡᠯ᠎ᠦᠨ ᠳᠡᠳ᠋ ᠡᠷᠬᠢᠯᠡᠭ᠌ᠴᠢ ᠭᠡᠱᠢᠭᠦᠨ ᠱᠢᠤᠢ ᠬᠣᠩ ᠼᠠᠢ᠎ᠶ᠋ᠢᠨ ᠬᠢᠭ᠌ᠰᠡᠨ ᠪᠥᠬᠥ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠡᠳ᠋᠎ᠦᠨ ᠵᠠᠰᠠᠭ ᠠᠵᠤ ᠠᠬᠤᠶ᠎ᠶ᠋ᠢᠨ ᠵᠥᠪᠯᠡᠯ᠎ᠦᠨ 2023 ᠣᠨ᠎ᠤ ᠤᠯᠤᠰ ᠠᠷᠠᠳ᠎ᠤᠨ ᠠᠵᠤ ᠠᠬᠤᠶ ᠪᠠ ᠨᠡᠢᠭᠡᠮ᠎ᠦᠨ ᠬᠥᠭ᠌ᠵᠢᠯᠲᠡ᠎ᠶ᠋ᠢᠨ ᠲᠥᠯᠥᠪᠯᠡᠭᠡ᠎ᠶ᠋ᠢ ᠬᠡᠷᠡᠭ᠌ᠵᠢᠭᠦᠯᠦᠭ᠌ᠰᠡᠨ ᠪᠠᠢᠳᠠᠯ ᠬᠢᠭᠡᠳ 2024 ᠣᠨ᠎ᠤ ᠤᠯᠤᠰ ᠠᠷᠠᠳ᠎ᠤᠨ ᠠᠵᠤ ᠠᠬᠤᠶ ᠪᠠ ᠨᠡᠢᠭᠡᠮ᠎ᠦᠨ ᠬᠥᠭ᠌ᠵᠢᠯᠲᠡ᠎ᠶ᠋ᠢᠨ ᠲᠥᠯᠥᠪᠯᠡᠭᠡ᠎ᠶ᠋ᠢᠨ ᠲᠥᠰᠦᠯ᠎ᠢ ᠬᠢᠨᠠᠨ ᠪᠠᠢᠴᠠᠭᠠᠭ᠍ᠰᠠᠨ ᠦᠷ᠎ᠡ ᠳ᠋ᠦᠩ᠎ᠦᠨ ᠮᠡᠳᠡᠭᠦᠯᠦᠯᠲᠡ᠎ᠶ᠋ᠢᠨ ᠬᠣᠯᠪᠣᠭ᠍ᠳᠠᠯ ᠪᠥᠬᠥᠶ ᠪᠠᠢᠳᠠᠯ᠎ᠤᠨ ᠲᠤᠬᠠᠶ ᠬᠠᠷᠢᠭᠤ ᠮᠡᠳᠡᠭᠦᠯᠦᠯᠲᠡ᠎ᠶ᠋ᠢ ᠰᠣᠨᠣᠰᠴᠤ᠌᠂ ᠬᠢᠨᠠᠨ ᠪᠠᠢᠴᠠᠭᠠᠭ᠍ᠰᠠᠨ ᠦᠷ᠎ᠡ ᠳ᠋ᠦᠩ᠎ᠦᠨ ᠮᠡᠳᠡᠭᠦᠯᠦᠯᠲᠡ᠎ᠶ᠋ᠢ ᠬᠢᠨᠠᠨ ᠵᠥᠪᠯᠡᠪᠡ᠃

ᠬᠤᠷᠠᠯ᠎ᠡᠴᠡ ᠱᠢᠤᠢ ᠬᠣᠩ ᠼᠠᠢ ᠵᠢᠨ ᠬᠢᠭ᠌ᠰᠡᠨ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠡᠳ᠋᠎ᠦᠨ ᠵᠠᠰᠠᠭ ᠠᠵᠤ ᠠᠬᠤᠢ᠎ᠶ᠋ᠢᠨ ᠵᠥᠪᠯᠡᠯ᠎ᠦᠨ 2023 ᠣᠨ᠎ᠤ ᠲᠥᠪ᠎ᠦᠨ ᠪᠠ ᠣᠷᠣᠨ ᠨᠤᠲᠤᠭ᠎ᠤᠨ ᠲᠥᠰᠦᠪ᠎ᠢ ᠭᠦᠢᠴᠡᠳᠭᠡᠭ᠌ᠰᠡᠨ ᠪᠠᠢᠳᠠᠯ ᠵᠢᠴᠢ 2024 ᠣᠨ᠎ᠤ ᠲᠥᠪ᠎ᠦᠨ ᠪᠠ ᠣᠷᠣᠨ ᠨᠤᠲᠤᠭ᠎ᠤᠨ ᠲᠥᠰᠦᠪ᠎ᠦᠨ ᠲᠥᠰᠦᠯ᠎ᠢ ᠬᠢᠨᠠᠨ ᠪᠠᠢᠴᠠᠭᠠᠭ᠍ᠰᠠᠨ ᠦᠷ᠎ᠡ ᠳ᠋ᠦᠩ᠎ᠦᠨ ᠮᠡᠳᠡᠭᠦᠯᠦᠯᠲᠡ᠎ᠶ᠋ᠢᠨ ᠬᠣᠯᠪᠣᠭ᠍ᠳᠠᠯ ᠪᠦᠬᠦᠢ ᠪᠠᠢᠳᠠᠯ᠎ᠤᠨ ᠲᠤᠬᠠᠢ ᠬᠠᠷᠢᠭᠤ ᠮᠡᠳᠡᠭᠦᠯᠦᠯᠲᠡ᠎ᠶ᠋ᠢ ᠰᠣᠨᠣᠰᠴᠤ᠌᠂ ᠬᠢᠨᠠᠨ ᠪᠠᠢᠴᠠᠭᠠᠭ᠍ᠰᠠᠨ ᠦᠷ᠎ᠡ ᠳ᠋ᠦᠩ᠎ᠦᠨ ᠮᠡᠳᠡᠭᠦᠯᠦᠯᠲᠡ᠎ᠶ᠋ᠢ ᠬᠢᠨᠠᠨ ᠵᠥᠪᠯᠡᠪᠡ᠃

ᠬᠤᠷᠠᠯ᠎ᠡᠴᠡ ᠯᠢᠦ ᠴᠢ᠎ᠶ᠋ᠢᠨ ᠬᠢᠭ᠌ᠰᠡᠨ ᠶᠡᠬᠡ ᠬᠤᠷᠠᠯ᠎ᠤᠨ ᠨᠠᠷᠢᠨ ᠪᠢᠴᠢᠭ᠎ᠦᠨ ᠭᠠᠵᠠᠷ᠎ᠤᠨ 2023 ᠣᠨ᠎ᠤ ᠤᠯᠤᠰ ᠠᠷᠠᠳ᠎ᠤᠨ ᠠᠵᠤ ᠠᠬᠤᠶ ᠪᠠ ᠨᠡᠢᠭᠡᠮ᠎ᠦᠨ ᠬᠥᠭ᠌ᠵᠢᠯᠲᠡ᠎ᠶ᠋ᠢᠨ ᠲᠥᠯᠥᠪᠯᠡᠭᠡ᠎ᠶ᠋ᠢ ᠬᠡᠷᠡᠭ᠌ᠵᠢᠭᠦᠯᠦᠭ᠌ᠰᠡᠨ ᠪᠠᠢᠳᠠᠯ ᠬᠢᠭᠡᠳ 2024 ᠣᠨ᠎ᠤ ᠤᠯᠤᠰ ᠠᠷᠠᠳ᠎ᠤᠨ ᠠᠵᠤ ᠠᠬᠤᠶ ᠪᠠ ᠨᠡᠢᠭᠡᠮ᠎ᠦᠨ ᠬᠥᠭ᠌ᠵᠢᠯᠲᠡ᠎ᠶ᠋ᠢᠨ ᠲᠥᠯᠥᠪᠯᠡᠭᠡ᠎ᠶ᠋ᠢᠨ ᠱᠢᠶ᠋ᠳᠪᠦᠷᠢ᠎ᠶ᠋ᠢᠨ ᠲᠥᠰᠦᠯ᠎ᠦᠨ ᠣᠷᠣᠯᠠᠨ ᠲᠤᠭᠤᠷᠪᠢᠭ᠍ᠰᠠᠨ ᠨᠤᠤᠷᠠᠭ᠂ 2023 ᠣᠨ᠎ᠤ ᠲᠥᠪ᠎ᠦᠨ ᠪᠠ ᠣᠷᠣᠨ ᠨᠤᠲᠤᠭ᠎ᠤᠨ ᠲᠥᠰᠦᠪ᠎ᠢ ᠬᠡᠷᠡᠭ᠌ᠵᠢᠭᠦᠯᠦᠭ᠌ᠰᠡᠨ ᠪᠠᠢᠳᠠᠯ ᠬᠢᠭᠡᠳ 2024 ᠣᠨ᠎ᠤ ᠲᠥᠪ᠎ᠦᠨ ᠪᠠ ᠣᠷᠣᠨ ᠨᠤᠲᠤᠭ᠎ᠤᠨ ᠲᠥᠰᠦᠪ᠎ᠦᠨ ᠱᠢᠶ᠋ᠳᠪᠦᠷᠢ᠎ᠶ᠋ᠢᠨ ᠲᠥᠰᠦᠯ᠎ᠦᠨ ᠣᠷᠣᠯᠠᠨ ᠲᠤᠭᠤᠷᠪᠢᠭ᠍ᠰᠠᠨ ᠨᠤᠤᠷᠠᠭ᠎ᠤᠨ ᠲᠤᠬᠠᠶ ᠬᠠᠷᠢᠭᠤ ᠮᠡᠳᠡᠭᠦᠯᠦᠯᠲᠡ᠎ᠶ᠋ᠢ ᠰᠣᠨᠣᠰᠴᠤ᠌᠂ ᠬᠣᠶᠠᠷ ᠱᠢᠶ᠋ᠳᠪᠦᠷᠢ᠎ᠶ᠋ᠢᠨ ᠲᠥᠰᠦᠯ᠎ᠦᠨ ᠣᠷᠣᠯᠠᠨ ᠲᠤᠭᠤᠷᠪᠢᠭ᠍ᠰᠠᠨ ᠨᠤᠤᠷᠠᠭ᠎ᠢ ᠬᠢᠨᠠᠨ ᠵᠥᠪᠯᠡᠪᠡ᠃

ᠬᠤᠷᠠᠯ᠎ᠡᠴᠡ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠦᠨᠳᠦᠰᠦᠨ ᠬᠠᠤᠯᠢ ᠪᠠ ᠬᠠᠤᠯᠢ ᠴᠠᠭᠠᠵᠠ᠎ᠶ᠋ᠢᠨ ᠵᠥᠪᠯᠡᠯ᠎ᠦᠨ ᠡᠷᠬᠢᠯᠡᠭ᠌ᠴᠢ ᠭᠡᠱᠢᠭᠦᠨ ᠱᠢᠨ ᠴᠦᠨ ᠶᠢᠩ᠎ᠦᠨ ᠬᠢᠭ᠌ᠰᠡᠨ ᠲᠦᠷᠦ᠍᠎ᠶ᠋ᠢᠨ ᠶᠠᠪᠤᠳᠠᠯ᠎ᠤᠨ ᠬᠣᠷᠢᠶ᠎ᠠ᠎ᠶᠢᠨ ᠵᠣᠬᠢᠶᠠᠨ ᠪᠠᠢᠭᠤᠯᠬᠤ ᠬᠠᠤᠯᠢ᠎ᠳᠤ ᠵᠠᠰᠠᠪᠤᠷᠢ ᠣᠷᠣᠭᠤᠯᠬᠤ ᠲᠥᠰᠦᠯ᠎ᠢ ᠬᠢᠨᠠᠨ ᠵᠥᠪᠯᠡᠭ᠌ᠰᠡᠨ ᠦᠷ᠎ᠡ ᠳ᠋ᠦᠩ᠎ᠦᠨ ᠲᠤᠬᠠᠢ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠦᠨᠳᠦᠰᠦᠨ ᠬᠠᠤᠯᠢ ᠪᠠ ᠬᠠᠤᠯᠢ ᠴᠠᠭᠠᠵᠠ᠎ᠶ᠋ᠢᠨ ᠵᠥᠪᠯᠡᠯ᠎ᠦᠨ ᠮᠡᠳᠡᠭᠦᠯᠦᠯᠲᠡ᠎ᠶ᠋ᠢ ᠰᠣᠨᠣᠰᠴᠤ᠌᠂ ᠲᠦᠷᠦ᠍᠎ᠶ᠋ᠢᠨ ᠶᠠᠪᠤᠳᠠᠯ᠎ᠤᠨ ᠬᠣᠷᠢᠶ᠎ᠠ᠎ᠶᠢᠨ ᠵᠣᠬᠢᠶᠠᠨ ᠪᠠᠢᠭᠤᠯᠬᠤ ᠬᠠᠤᠯᠢ᠎ᠳᠤ ᠵᠠᠰᠠᠪᠤᠷᠢ ᠣᠷᠣᠭᠤᠯᠬᠤ ᠲᠥᠰᠦᠯ᠎ᠳᠦ ᠵᠠᠰᠠᠪᠤᠷᠢ ᠣᠷᠣᠭᠤᠯᠬᠤ ᠨᠤᠤᠷᠠᠭ᠎ᠢ ᠬᠢᠨᠠᠨ ᠵᠥᠪᠯᠡᠪᠡ᠃

ᠬᠤᠷᠠᠯ᠎ᠡᠴᠡ ᠳᠡᠭᠡᠷ᠎ᠡ ᠳᠤᠷᠠᠳᠤᠭ᠍ᠰᠠᠨ ᠲᠥᠰᠦᠯ᠂ ᠮᠡᠳᠡᠭᠦᠯᠦᠯᠲᠡ᠂ ᠲᠥᠰᠦᠯ᠎ᠳᠦ ᠵᠠᠰᠠᠪᠤᠷᠢ ᠣᠷᠣᠭᠤᠯᠤᠭ᠍ᠰᠠᠨ ᠨᠤᠤᠷᠠᠭ ᠵᠡᠷᠭᠡ᠎ᠶ᠋ᠢ ᠶᠡᠬᠡ ᠬᠤᠷᠠᠯ᠎ᠤᠨ ᠲᠡᠷᠢᠭᠦᠯᠡᠭ᠌ᠴᠢᠳ᠎ᠦᠨ ᠪᠦᠯᠬᠦᠮ᠎ᠦᠨ ᠬᠣᠶᠠᠳᠤᠭᠠᠷ ᠬᠤᠷᠠᠯ᠎ᠳᠤ ᠳᠡᠪᠱᠢᠭᠦᠯᠦᠨ ᠬᠢᠨᠠᠨ ᠵᠥᠪᠯᠡᠭᠦᠯᠬᠦ᠌᠎ᠶ᠋ᠢ ᠵᠥᠪᠱᠢᠶᠡᠷᠡᠪᠡ᠃

ᠶᠡᠬᠡ ᠬᠤᠷᠠᠯ᠎ᠤᠨ ᠲᠡᠷᠢᠭᠦᠯᠡᠭ᠌ᠴᠢᠳ᠎ᠦᠨ ᠪᠦᠯᠬᠦᠮ᠎ᠦᠨ ᠪᠠᠢᠩᠭᠤ᠎ᠶ᠋ᠢᠨ ᠲᠡᠷᠢᠭᠦᠯᠡᠭ᠌ᠴᠢ᠂ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠣᠷᠢᠶ᠎ᠠ᠎ᠶᠢᠨ ᠳᠡᠳ᠋ ᠬᠤᠷᠢᠶᠠᠨ ᠳᠠᠷᠤᠭ᠎ᠠ ᠯᠢ ᠬᠣᠩ ᠵᠦᠩ᠂ ᠸᠠᠩ ᠳ᠋ᠦᠩ ᠮᠢᠩ᠂ ᠱᠢᠶᠤᠤ ᠵᠢᠶ᠍ᠸ᠂ ᠵᠧᠩ ᠵᠢᠶᠠᠨ ᠪᠠᠩ᠂ ᠳ᠋ᠢᠩ ᠵᠦᠩ ᠯᠢ᠂ ᠬᠤᠤ ᠮᠢᠩ ᠵᠢᠨ᠂ ᠼᠠᠢ ᠳ᠋ᠠ ᠹᠸᠩ᠂ ᠾᠧ ᠸᠧᠢ᠂ ᠦ᠋ ᠸᠧᠢ ᠬᠤᠸᠠ᠂ ᠲᠢᠶ᠍ᠸ ᠨᠢᠩ᠂ ᠫᠸᠩ ᠴᠢᠩ ᠬᠤᠸᠠ᠂ ᠵᠠᠩ ᠴᠢᠩ ᠸᠧᠢ᠂ ᠯᠣᠪᠰᠠᠩᠵᠠᠯᠰᠠᠨ᠂ ᠱᠢᠤᠸᠠᠢᠺᠸᠯᠠᠢ᠌ᠲ·ᠵᠠᠺᠸᠯ ᠬᠤᠷᠠᠯ᠎ᠳᠤ ᠣᠷᠣᠯᠴᠠᠪᠠ᠃

ᠱᠢᠨᠬᠤᠸᠠ ᠬᠣᠷᠢᠶ᠎ᠠ ᠵᠢᠨ ᠪᠡᠭᠡᠵᠢᠩ᠎ᠦᠨ 3 ᠰᠠᠷ᠎ᠠ᠎ᠶ᠋ᠢᠨ 8 ᠤ᠋ ᠴᠠᠬᠢᠯᠭᠠᠨ ᠮᠡᠳᠡᠭᠡ ᠠᠷᠪᠠᠨ ᠳᠥᠷᠪᠡᠳᠦᠭᠡᠷ ᠬᠤᠭᠤᠴᠠᠭᠠᠨ᠎ᠤ ᠪᠥᠬᠥ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠬᠣᠶᠠᠳᠤᠭᠠᠷ ᠬᠤᠷᠠᠯ ᠤ᠋ᠨ ᠲᠡᠷᠢᠭᠦᠯᠡᠭ᠌ᠴᠢᠳ᠎ᠦᠨ ᠪᠦᠯᠬᠦᠮ 8᠎ᠤ᠋ ᠦᠳᠡ᠎ᠶ᠋ᠢᠨ ᠬᠣᠢᠨ᠎ᠠ ᠪᠡᠭᠡᠵᠢᠩ᠎ᠦᠨ ᠠᠷᠠᠳ᠎ᠤᠨ ᠶᠡᠬᠡ ᠬᠤᠷᠠᠯ᠎ᠤᠨ ᠲᠠᠩᠬᠢᠮ᠎ᠳᠤ ᠬᠣᠶᠠᠳᠤᠭᠠᠷ ᠤᠳᠠᠭ᠎ᠠ ᠵᠢᠨ ᠬᠤᠷᠠᠯ ᠬᠢᠪᠠ᠃ ᠬᠤᠷᠠᠯ᠎ᠠᠴᠠ ᠪᠠᠳᠤᠯᠠᠯᠲᠠ ᠬᠢᠬᠦ ᠪᠡᠷ ᠲᠠᠮᠵᠢᠨ ᠠᠷᠪᠠᠨ ᠳᠥᠷᠪᠡᠳᠦᠭᠡᠷ ᠬᠤᠭᠤᠴᠠᠭᠠᠨ᠎ᠤ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠬᠣᠶᠠᠳᠤᠭᠠᠷ ᠬᠤᠷᠠᠯ᠎ᠤᠨ ᠵᠠᠰᠠᠭ᠎ᠤᠨ ᠣᠷᠳᠣᠨ᠎ᠤ ᠠᠵᠢᠯ᠎ᠤᠨ ᠢᠯᠡᠳᠭᠡᠯ᠂ ᠲᠥᠯᠥᠪᠯᠡᠭᠡ᠎ᠶ᠋ᠢᠨ ᠮᠡᠳᠡᠭᠦᠯᠦᠯᠲᠡ ᠪᠣᠯᠤᠨ ᠲᠥᠯᠥᠪᠯᠡᠭᠡ᠂ ᠲᠥᠰᠦᠪ᠎ᠦᠨ ᠮᠡᠳᠡᠭᠦᠯᠦᠯᠲᠡ ᠪᠣᠯᠤᠨ ᠲᠥᠰᠦᠪ᠎ᠦᠨ ᠲᠤᠬᠠᠢ ᠱᠢᠢᠳᠪᠦᠷᠢ᠎ᠶ᠋ᠢᠨ ᠲᠥᠰᠦᠯ ᠪᠣᠯᠤᠨ ᠲᠦᠷᠦ᠍᠎ᠶ᠋ᠢᠨ ᠶᠠᠪᠤᠳᠠᠯ᠎ᠤᠨ ᠬᠣᠷᠢᠶ᠎ᠠ ᠵᠢᠨ ᠵᠣᠬᠢᠶᠠᠨ ᠪᠠᠢᠭᠤᠯᠬᠤ ᠬᠠᠤᠯᠢ᠎ᠳᠤ ᠵᠠᠰᠠᠪᠤᠷᠢ ᠣᠷᠣᠭᠤᠯᠬᠤ ᠳᠤᠬᠠᠢ ᠲᠥᠰᠦᠯ᠎ᠦᠨ ᠵᠠᠰᠠᠪᠤᠷᠢ ᠣᠷᠣᠭᠤᠯᠤᠭ᠍ᠰᠠᠨ ᠨᠤᠤᠷᠠᠭ ᠵᠡᠷᠭᠡ᠎ᠶ᠋ᠢ ᠡᠯ᠎ᠡ ᠲᠥᠯᠥᠭᠡᠯᠡᠭ᠌ᠴᠢᠳ᠎ᠦᠨ ᠪᠦᠯᠬᠦᠮ᠎ᠳᠦ ᠳᠡᠪᠱᠢᠭᠦᠯᠵᠦ᠍ ᠬᠢᠨᠠᠨ ᠵᠥᠪᠯᠡᠭᠦᠯᠬᠦ᠌᠎ᠪᠡᠷ ᠲᠣᠭ᠍ᠲᠠᠪᠠ᠃

ᠲᠡᠷᠢᠭᠦᠯᠡᠭ᠌ᠴᠢᠳ᠎ᠦᠨ ᠪᠦᠯᠬᠦᠮ᠎ᠦᠨ ᠪᠠᠢᠩᠭᠤ᠎ᠶ᠋ᠢᠨ ᠲᠡᠷᠢᠭᠦᠯᠡᠭ᠌ᠴᠢ ᠵᠤᠤ ᠯᠸ ᠵᠶ᠋ᠢ ᠬᠤᠷᠠᠯ᠎ᠢ ᠡᠷᠬᠢᠯᠡᠪᠡ᠃

ᠬᠤᠷᠠᠯ᠎ᠳᠤ ᠣᠷᠣᠯᠴᠠᠬᠤ ᠶᠣᠰᠣᠲᠠᠢ ᠬᠦᠮᠦᠨ 181 ᠪᠠᠢᠵᠥ᠂ 171 ᠬᠥᠮᠦᠨ ᠣᠷᠣᠯᠴᠠᠵᠤ᠂ 10 ᠬᠥᠮᠦᠨ ᠣᠷᠣᠯᠴᠠᠭ᠍ᠰᠠᠨ ᠦᠭᠡᠢ᠂ ᠣᠷᠣᠯᠴᠠᠭ᠍ᠰᠠᠨ ᠬᠥᠮᠦᠨ᠎ᠦ ᠲᠣᠭ᠎ᠠ ᠬᠠᠤᠯᠢ᠎ᠳᠤ ᠲᠣᠭ᠍ᠲᠠᠭᠠᠭ᠍ᠰᠠᠨ ᠬᠥᠮᠦᠨ᠎ᠦ ᠲᠣᠭ᠎ᠠ᠎ᠳᠤ ᠨᠡᠢᠴᠡᠨ᠎ᠡ᠃

3 ᠰᠠᠷ᠎ᠠ᠎ᠶ᠋ᠢᠨ 5 ᠤ᠋ ᠦᠳᠡ᠎ᠶ᠋ᠢᠨ ᠬᠣᠢᠨ᠎ᠠ ᠪᠣᠯᠤᠨ 6 ᠤ᠋ ᠦᠳᠡ᠎ᠶ᠋ᠢᠨ ᠡᠮᠦᠨ᠎ᠡ᠂ ᠡᠯ᠎ᠡ ᠲᠥᠯᠥᠭᠡᠯᠡᠭ᠌ᠴᠢᠳ᠎ᠦᠨ ᠪᠦᠯᠬᠦᠮ ᠵᠠᠰᠠᠭ᠎ᠤᠨ ᠣᠷᠳᠣᠨ᠎ᠤ ᠠᠵᠢᠯ᠎ᠤᠨ ᠢᠯᠡᠳᠭᠡᠯ᠎ᠢ ᠨᠠᠷᠢᠨ ᠬᠢᠨᠠᠮᠠᠭᠠᠢ ᠬᠢᠨᠠᠨ ᠵᠥᠪᠯᠡᠪᠡ᠃ ᠲᠥᠯᠥᠭᠡᠯᠡᠭ᠌ᠴᠢᠳ ᠲᠦᠷᠦ᠍᠎ᠶ᠋ᠢᠨ ᠶᠠᠪᠤᠳᠠᠯ᠎ᠤᠨ ᠬᠣᠷᠢᠶ᠎ᠠ ᠵᠢᠨ ᠥᠩᠭᠡᠷᠡᠭ᠌ᠰᠡᠨ ᠨᠢᠭᠡ ᠵᠢᠯ᠎ᠦᠨ ᠠᠵᠢᠯ᠎ᠢ ᠭᠦᠢᠴᠡᠳ ᠨᠤᠲᠠᠯᠠᠵᠤ᠂ ᠡᠨᠡ ᠵᠢᠯ᠎ᠦᠨ ᠵᠠᠰᠠᠭ᠎ᠤᠨ ᠣᠷᠳᠣᠨ᠎ᠤ ᠠᠵᠢᠯ᠎ᠤᠨ ᠲᠤᠬᠢᠷᠠᠭᠤᠯᠤᠯᠳᠠ᠎ᠶ᠋ᠢ ᠨᠡᠢᠳᠡᠮ᠎ᠳᠡᠭᠡᠨ ᠵᠥᠪᠱᠢᠶᠡᠷᠡᠪᠡ᠃ ᠬᠢᠨᠠᠨ ᠵᠥᠪᠯᠡᠬᠦ᠌ ᠳᠤᠮᠳᠠ᠂ ᠲᠥᠯᠥᠭᠡᠯᠡᠭ᠌ᠴᠢᠳ ᠪᠠᠰᠠ ᠵᠠᠷᠢᠮ ᠰᠠᠨᠠᠯ ᠰᠠᠨᠠᠭᠤᠯᠭ᠎ᠠ ᠳᠤᠷᠠᠳᠴᠠᠢ᠃ ᠲᠦᠷᠦ᠍᠎ᠶ᠋ᠢᠨ ᠶᠠᠪᠤᠳᠠᠯ᠎ᠤᠨ ᠬᠣᠷᠢᠶ᠎ᠠ ᠲᠥᠯᠥᠭᠡᠯᠡᠭ᠌ᠴᠢᠳ᠎ᠦᠨ ᠬᠢᠨᠠᠨ ᠵᠦᠪᠯᠡᠭᠰᠡᠨ ᠰᠠᠨᠠᠯ ᠪᠠ ᠬᠣᠯᠪᠣᠭ᠍ᠳᠠᠯ ᠪᠦᠬᠦᠢ ᠲᠠᠯ᠎ᠠ᠎ᠶ᠋ᠢᠨ ᠬᠢᠨ᠎ᠦ ᠰᠠᠨᠠᠯ᠎ᠢ ᠦᠨᠳᠦᠰᠦᠯᠡᠨ ᠵᠠᠰᠠᠭ᠎ᠤᠨ ᠣᠷᠳᠣᠨ᠎ᠤ ᠠᠵᠢᠯ᠎ᠤᠨ ᠢᠯᠡᠳᠭᠡᠯ᠎ᠳᠦ ᠬᠢᠨᠠᠮᠠᠭᠠᠢ ᠵᠠᠰᠠᠪᠤᠷᠢ ᠣᠷᠣᠭᠤᠯᠪᠠ᠃ ᠲᠡᠷᠢᠭᠦᠯᠡᠭ᠌ᠴᠢᠳ᠎ᠦᠨ ᠪᠦᠯᠬᠦᠮ᠎ᠦᠨ ᠪᠠᠢᠩᠭᠤ᠎ᠶ᠋ᠢᠨ ᠲᠡᠷᠢᠭᠦᠯᠡᠭ᠌ᠴᠢ ᠡᠯ᠎ᠡ ᠲᠥᠯᠥᠭᠡᠯᠡᠭ᠌ᠴᠢᠳ᠎ᠦᠨ ᠪᠦᠯᠬᠦᠮ᠎ᠦᠨ ᠬᠢᠨᠠᠨ ᠵᠥᠪᠯᠡᠭ᠌ᠰᠡᠨ ᠰᠠᠨᠠᠯ ᠪᠣᠯᠤᠨ ᠮᠡᠳᠡᠭᠦᠯᠦᠯᠲᠡ᠎ᠳᠦ ᠵᠠᠰᠠᠪᠤᠷᠢ ᠣᠷᠣᠭᠤᠯᠤᠭ᠍ᠰᠠᠨ ᠪᠠᠢᠳᠠᠯ᠎ᠢ ᠦᠨᠳᠦᠰᠦᠯᠡᠵᠦ᠍᠂ ᠵᠠᠰᠠᠭ᠎ᠤᠨ ᠣᠷᠳᠣᠨ᠎ᠤ ᠠᠵᠢᠯ᠎ᠤᠨ ᠢᠯᠡᠳᠭᠡᠯ᠎ᠢ ᠵᠥᠪᠱᠢᠶᠡᠷᠡᠬᠦ᠌᠎ᠶ᠋ᠢ ᠰᠠᠨᠠᠭᠤᠯᠤᠭ᠍ᠰᠠᠨ ᠪᠥᠭᠡᠳ ᠵᠠᠰᠠᠭ᠎ᠤᠨ ᠣᠷᠳᠣᠨ᠎ᠤ ᠠᠵᠢᠯ᠎ᠤᠨ ᠢᠯᠡᠳᠭᠡᠯ᠎ᠦᠨ ᠲᠤᠬᠠᠢ ᠱᠢᠢᠳᠪᠦᠷᠢ᠎ᠶ᠋ᠢᠨ ᠲᠥᠰᠦᠯ᠎ᠢ ᠲᠤᠭᠤᠷᠪᠢᠪᠠ᠃ ᠬᠤᠷᠠᠯ᠎ᠠᠴᠠ ᠪᠠᠳᠤᠯᠠᠯᠲᠠ ᠬᠢᠬᠦ ᠪᠡᠷ ᠲᠠᠮᠵᠢᠨ ᠵᠠᠰᠠᠭ᠎ᠤᠨ ᠣᠷᠳᠣᠨ᠎ᠤ ᠠᠵᠢᠯ᠎ᠤᠨ ᠢᠯᠡᠳᠭᠡᠯ᠎ᠦᠨ ᠲᠤᠬᠠᠢ ᠠᠷᠪᠠᠨ ᠳᠥᠷᠪᠡᠳᠦᠭᠡᠷ ᠬᠤᠭᠤᠴᠠᠭᠠᠨ᠎ᠤ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠬᠣᠶᠠᠳᠤᠭᠠᠷ ᠬᠤᠷᠠᠯ᠎ᠤᠨ ᠱᠢᠢᠳᠪᠦᠷᠢ᠎ᠶ᠋ᠢᠨ ᠲᠥᠰᠦᠯ᠎ᠢ ᠡᠯ᠎ᠡ ᠲᠥᠯᠥᠭᠡᠯᠡᠭ᠌ᠴᠢᠳ᠎ᠦᠨ ᠪᠦᠯᠬᠦᠮ᠎ᠳᠦ ᠳᠡᠪᠱᠢᠭᠦᠯᠵᠦ᠍ ᠬᠢᠨᠠᠨ ᠵᠥᠪᠯᠡᠭᠦᠯᠬᠦ᠌᠎ᠪᠡᠷ ᠲᠣᠭ᠍ᠲᠠᠪᠠ᠃

ᠪᠥᠬᠥ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠡᠳ᠋᠎ᠦᠨ ᠵᠠᠰᠠᠭ ᠠᠵᠤ ᠠᠬᠤᠶ᠎ᠶ᠋ᠢᠨ ᠵᠥᠪᠯᠡᠯ᠎ᠦᠨ ᠳᠡᠳ᠋ ᠡᠷᠬᠢᠯᠡᠭ᠌ᠴᠢ ᠭᠡᠱᠢᠭᠦᠨ ᠱᠢᠤᠢ ᠬᠣᠩ ᠼᠠᠢ ᠬᠤᠷᠠᠯ ᠳᠡᠭᠡᠷ᠎ᠠ ᠡᠳ᠋᠎ᠦᠨ ᠵᠠᠰᠠᠭ ᠠᠵᠤ ᠠᠬᠤᠶ᠎ᠶ᠋ᠢᠨ ᠵᠥᠪᠯᠡᠯ᠎ᠦᠨ 2023 ᠣᠨ᠎ᠤ ᠤᠯᠤᠰ ᠠᠷᠠᠳ᠎ᠤᠨ ᠠᠵᠤ ᠠᠬᠤᠶ ᠪᠠ ᠨᠡᠢᠭᠡᠮ᠎ᠦᠨ ᠬᠥᠭ᠌ᠵᠢᠯᠲᠡ᠎ᠶ᠋ᠢᠨ ᠲᠥᠯᠥᠪᠯᠡᠭᠡ᠎ᠶ᠋ᠢ ᠬᠡᠷᠡᠭ᠌ᠵᠢᠭᠦᠯᠦᠭ᠌ᠰᠡᠨ ᠪᠠᠢᠳᠠᠯ ᠬᠢᠭᠡᠳ 2024 ᠣᠨ᠎ᠤ ᠤᠯᠤᠰ ᠠᠷᠠᠳ᠎ᠤᠨ ᠠᠵᠤ ᠠᠬᠤᠶ ᠪᠠ ᠨᠡᠢᠭᠡᠮ᠎ᠦᠨ ᠬᠥᠭ᠌ᠵᠢᠯᠲᠡ᠎ᠶ᠋ᠢᠨ ᠲᠥᠯᠥᠪᠯᠡᠭᠡ᠎ᠶ᠋ᠢᠨ ᠲᠥᠰᠦᠯ᠎ᠢ ᠬᠢᠨᠠᠨ ᠪᠠᠢᠴᠠᠭᠠᠭ᠍ᠰᠠᠨ ᠦᠷ᠎ᠡ ᠳ᠋ᠦᠩ᠎ᠦᠨ ᠲᠤᠬᠠᠶ ᠮᠡᠳᠡᠭᠦᠯᠦᠯᠲᠡ ᠬᠢᠪᠠ᠃ ᠡᠳ᠋᠎ᠦᠨ ᠵᠠᠰᠠᠭ ᠠᠵᠤ ᠠᠬᠤᠶ᠎ᠶ᠋ᠢᠨ ᠵᠥᠪᠯᠡᠯ᠎ᠦᠨ ᠦᠵᠡᠬᠦ᠌ ᠪᠡᠷ᠂ 2023 ᠣᠨ᠎ᠤ ᠤᠯᠤᠰ ᠠᠷᠠᠳ᠎ᠤᠨ ᠠᠵᠤ ᠠᠬᠤᠶ ᠪᠠ ᠨᠡᠢᠭᠡᠮ᠎ᠦᠨ ᠬᠥᠭ᠌ᠵᠢᠯᠲᠡ᠎ᠶ᠋ᠢᠨ ᠲᠥᠯᠥᠪᠯᠡᠭᠡ᠎ᠶ᠋ᠢ ᠬᠡᠷᠡᠭ᠌ᠵᠢᠭᠦᠯᠦᠭ᠌ᠰᠡᠨ ᠪᠠᠢᠳᠠᠯ ᠰᠠᠢᠨ ᠪᠠᠢᠨ᠎ᠠ᠃ ᠲᠥᠷᠥ᠎ᠶ᠋ᠢᠨ ᠶᠠᠪᠤᠳᠠᠯ᠎ᠤᠨ ᠬᠣᠷᠢᠶ᠎ᠠ ᠵᠢᠨ ᠳᠤᠷᠠᠳᠤᠭ᠍ᠰᠠᠨ 2024 ᠣᠨ᠎ᠤ ᠲᠥᠯᠥᠪᠯᠡᠭᠡ᠎ᠶ᠋ᠢᠨ ᠲᠥᠰᠦᠯ᠎ᠨᠢ ᠨᠠᠮ᠎ᠤᠨ ᠬᠣᠷᠢᠳᠤᠭᠠᠷ ᠶᠡᠬᠡ ᠬᠤᠷᠠᠯ᠂ ᠬᠣᠷᠢᠳᠤᠭᠠᠷ ᠬᠤᠭᠤᠴᠠᠭᠠᠨ᠎ᠤ ᠲᠥᠪ ᠬᠣᠷᠢᠶ᠎ᠠ ᠵᠢᠨ ᠬᠣᠶᠠᠳᠤᠭᠠᠷ ᠪᠥᠬᠥᠳᠡ ᠬᠤᠷᠠᠯ ᠪᠣᠯᠤᠨ ᠲᠥᠪ᠎ᠦᠨ ᠠᠵᠤ ᠠᠬᠤᠶ᠎ᠶ᠋ᠢᠨ ᠠᠵᠢᠯ᠎ᠤᠨ ᠬᠤᠷᠠᠯ᠎ᠤᠨ ᠵᠣᠷᠢᠭ ᠰᠠᠨᠠᠭ᠎ᠠ᠎ᠲᠠᠶ ᠨᠡᠢᠴᠡᠵᠦ᠍᠂ 《ᠠᠷᠪᠠᠨ ᠳᠥᠷᠪᠡᠳᠦᠭᠡᠷ ᠲᠠᠪᠤᠨ ᠵᠢᠯ》 ᠤ᠋ᠨ ᠲᠥᠯᠥᠪᠵᠢᠭᠦᠯᠭᠡ᠎ᠶ᠋ᠢᠨ ᠬᠥᠲᠥᠯᠪᠦᠷᠢ᠎ᠶ᠋ᠢᠨ ᠱᠠᠭᠠᠷᠳᠠᠯᠭ᠎ᠠ᠎ᠲᠠᠶ ᠨᠡᠢᠴᠡᠵᠦ᠍᠂ ᠠᠵᠤ ᠠᠬᠤᠶ ᠨᠡᠢᠭᠡᠮ᠎ᠦᠨ ᠬᠥᠭ᠌ᠵᠢᠯᠲᠡ᠎ᠶ᠋ᠢᠨ ᠪᠣᠳᠠᠲᠤ ᠪᠠᠢᠳᠠᠯ ᠲᠠᠢ ᠨᠡᠢᠴᠡᠵᠤ᠂ ᠶᠡᠷᠦᠩᠬᠡᠶ ᠱᠠᠭᠠᠷᠳᠠᠯᠭ᠎ᠠ᠂ ᠬᠠᠷᠠᠯᠲᠠ ᠡᠭᠦᠷᠭᠡ᠂ ᠲᠥᠷᠥ᠎ᠶ᠋ᠢᠨ ᠪᠣᠳᠣᠯᠭ᠎ᠠ᠎ᠶ᠋ᠢᠨ ᠬᠠᠨᠳᠤᠰᠢ᠂ ᠪᠣᠳᠠᠲᠠᠶ ᠠᠷᠭ᠎ᠠ ᠬᠡᠮᠵᠢᠶ᠎ᠡ ᠨᠢ ᠦᠨᠳᠦᠰᠦᠨ᠎ᠳᠡᠭᠡᠨ ᠵᠣᠬᠢᠴᠠᠩᠭᠤᠢ ᠪᠠᠢᠵᠤ᠂ ᠶᠡᠷᠦᠩᠬᠡᠶ᠎ᠳᠡᠭᠡᠨ ᠬᠡᠷᠡᠭ᠌ᠵᠢᠭᠦᠯᠦᠭᠦᠰᠢᠳᠠᠢ ᠪᠠᠢᠨ᠎ᠠ᠃ ᠲᠥᠷᠥ᠎ᠶ᠋ᠢᠨ ᠶᠠᠪᠤᠳᠠᠯ᠎ᠤᠨ ᠬᠣᠷᠢᠶ᠎ᠠ ᠵᠢᠨ ᠳᠤᠷᠠᠳᠤᠭ᠍ᠰᠠᠨ 《2023 ᠣᠨ᠎ᠤ ᠤᠯᠤᠰ ᠠᠷᠠᠳ᠎ᠤᠨ ᠠᠵᠤ ᠠᠬᠤᠶ ᠪᠠ ᠨᠡᠢᠭᠡᠮ᠎ᠦᠨ ᠬᠥᠭ᠌ᠵᠢᠯᠲᠡ᠎ᠶ᠋ᠢᠨ ᠲᠥᠯᠥᠪᠯᠡᠭᠡ᠎ᠶ᠋ᠢ ᠬᠡᠷᠡᠭᠵᠢᠭᠦᠯᠦᠭᠰᠡᠨ ᠪᠠᠢᠳᠠᠯ ᠬᠢᠭᠡᠳ 2024 ᠣᠨ᠎ᠤ ᠤᠯᠤᠰ ᠠᠷᠠᠳ᠎ᠤᠨ ᠠᠵᠤ ᠠᠬᠤᠶ ᠪᠠ ᠨᠡᠢᠭᠡᠮ᠎ᠦᠨ ᠬᠥᠭ᠌ᠵᠢᠯᠲᠡ᠎ᠶ᠋ᠢᠨ ᠲᠥᠯᠥᠪᠯᠡᠭᠡ᠎ᠶ᠋ᠢᠨ ᠲᠥᠰᠦᠯ᠎ᠦᠨ ᠲᠤᠬᠠᠶ ᠮᠡᠳᠡᠭᠦᠯᠦᠯᠳᠡ》 ᠵᠢ ᠵᠥᠪᠱᠢᠶᠡᠷᠡᠵᠦ᠍᠂ 2024 ᠣᠨ᠎ᠤ ᠤᠯᠤᠰ ᠠᠷᠠᠳ᠎ᠤᠨ ᠠᠵᠤ ᠠᠬᠤᠶ ᠪᠠ ᠨᠡᠢᠭᠡᠮ᠎ᠦᠨ ᠬᠥᠭ᠌ᠵᠢᠯᠲᠡ᠎ᠶ᠋ᠢᠨ ᠲᠥᠯᠥᠪᠯᠡᠭᠡ᠎ᠶ᠋ᠢᠨ ᠲᠥᠰᠦᠯ᠎ᠢ ᠵᠥᠪᠱᠢᠶᠡᠷᠡᠬᠦ᠌᠎ᠶ᠋ᠢ ᠠᠷᠪᠠᠨ ᠳᠥᠷᠪᠡᠳᠦᠭᠡᠷ ᠬᠤᠭᠤᠴᠠᠭᠠᠨ᠎ᠤ ᠪᠥᠬᠥ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠬᠣᠶᠠᠳᠤᠭᠠᠷ ᠬᠤᠷᠠᠯ ᠳ᠋ᠤ ᠰᠠᠨᠠᠭᠤᠯᠪᠠ᠃

ᠱᠢᠤᠢ ᠬᠣᠩ ᠼᠠᠢ ᠬᠤᠷᠠᠯ ᠳᠡᠭᠡᠷ᠎ᠠ ᠡᠳ᠋᠎ᠦᠨ ᠵᠠᠰᠠᠭ ᠠᠵᠤ ᠠᠬᠤᠢ᠎ᠶ᠋ᠢᠨ ᠵᠥᠪᠯᠡᠯ᠎ᠦᠨ 2023 ᠣᠨ᠎ᠤ ᠲᠥᠪ᠎ᠦᠨ ᠪᠠ ᠣᠷᠣᠨ ᠨᠤᠲᠤᠭ᠎ᠤᠨ ᠲᠥᠰᠦᠪ᠎ᠢ ᠭᠦᠢᠴᠡᠳᠭᠡᠭ᠌ᠰᠡᠨ ᠪᠠᠢᠳᠠᠯ ᠵᠢᠴᠢ 2024 ᠣᠨ᠎ᠤ ᠲᠥᠪ᠎ᠦᠨ ᠪᠠ ᠣᠷᠣᠨ ᠨᠤᠲᠤᠭ᠎ᠤᠨ ᠲᠥᠰᠦᠪ᠎ᠦᠨ ᠲᠥᠰᠦᠯ᠎ᠢ ᠬᠢᠨᠠᠨ ᠪᠠᠢᠴᠠᠭᠠᠭ᠍ᠰᠠᠨ ᠦᠷ᠎ᠡ ᠳ᠋ᠦᠩ᠎ᠦᠨ ᠲᠤᠬᠠᠢ ᠮᠡᠳᠡᠭᠦᠯᠦᠯᠲᠡ ᠬᠢᠪᠡ᠃ ᠡᠳ᠋ ᠤ᠋ᠨ ᠵᠠᠰᠠᠭ ᠠᠵᠤ ᠠᠬᠤᠢ ᠵᠢᠨ ᠵᠦᠪᠯᠡᠯ ᠤ᠋ᠨ ᠦᠵᠡᠬᠦ ᠪᠡᠷ᠂ 2023 ᠣᠨ᠎ᠤ ᠲᠥᠰᠦᠪ᠎ᠢ ᠭᠦᠢᠴᠡᠳᠭᠡᠭ᠌ᠰᠡᠨ ᠪᠠᠢᠳᠠᠯ ᠰᠠᠢ᠌ᠨ ᠪᠠᠢᠨ᠎ᠠ᠃ ᠲᠦᠷᠦ᠍᠎ᠶ᠋ᠢᠨ ᠶᠠᠪᠤᠳᠠᠯ᠎ᠤᠨ ᠬᠣᠷᠢᠶ᠎ᠠ ᠵᠢᠨ ᠳᠤᠷᠠᠳᠤᠭ᠍ᠰᠠᠨ 2024 ᠣᠨ᠎ᠤ ᠲᠥᠰᠦᠪ᠎ᠦᠨ ᠮᠡᠳᠡᠭᠦᠯᠦᠯᠲᠡ᠂ ᠲᠥᠪ᠎ᠦᠨ ᠪᠠ ᠣᠷᠣᠨ ᠨᠤᠲᠤᠭ᠎ᠤᠨ ᠲᠥᠰᠦᠪ᠎ᠦᠨ ᠲᠥᠰᠦᠯ ᠨᠢ ᠨᠠᠮ᠎ᠤᠨ ᠬᠣᠷᠢᠳᠤᠭᠠᠷ ᠶᠡᠬᠡ ᠬᠤᠷᠠᠯ ᠪᠣᠯᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶ᠎ᠠ ᠵᠢᠨ ᠬᠣᠶᠠᠳᠤᠭᠠᠷ ᠪᠦᠬᠦᠳᠠ ᠬᠤᠷᠠᠯ᠎ᠤᠨ ᠵᠣᠷᠢᠭ ᠰᠠᠨᠠᠭ᠎ᠠ᠎ᠲᠠᠶ ᠨᠡᠢᠴᠡᠵᠦ᠍᠂ ᠲᠥᠪ᠎ᠦᠨ ᠠᠵᠤ ᠠᠬᠤᠢ᠎ᠶ᠋ᠢᠨ ᠠᠵᠢᠯ᠎ᠤᠨ ᠬᠤᠷᠠᠯ᠎ᠤᠨ ᠵᠣᠷᠢᠭ ᠰᠠᠨᠠᠭ᠎ᠠ᠎ᠲᠠᠶ ᠨᠡᠢᠴᠡᠵᠦ᠍᠂ ᠣᠨ᠎ᠤ ᠠᠵᠤ ᠠᠬᠤᠢ ᠨᠡᠢᠭᠡᠮ᠎ᠦᠨ ᠬᠥᠭ᠌ᠵᠢᠯᠲᠡ᠎ᠶ᠋ᠢᠨ ᠬᠠᠷᠠᠯᠲᠠ ᠪᠣᠯᠤᠨ ᠬᠣᠷᠸ᠎ᠠ ᠡᠵᠡᠮᠱᠢᠯ ᠲᠤᠬᠢᠷᠠᠭᠤᠯᠭ᠎ᠠ᠎ᠶ᠋ᠢᠨ ᠶᠡᠷᠦᠩᠬᠡᠢ ᠱᠠᠭᠠᠷᠳᠠᠯᠭ᠎ᠠ᠎ᠲᠠᠶ ᠨᠡᠢᠴᠡᠵᠦ᠍᠂ ᠭᠣᠣᠯ ᠣᠷᠣᠯᠭ᠎ᠠ ᠵᠠᠷᠤᠯᠭ᠎ᠠ᠎ᠶ᠋ᠢᠨ ᠲᠦᠷᠦ᠍᠎ᠶ᠋ᠢᠨ ᠪᠤᠳᠤᠯᠭ᠎ᠠ ᠦᠨᠳᠦᠰᠦᠨ᠎ᠳᠡᠭᠡᠨ ᠵᠤᠬᠢᠴᠠᠩᠭᠤᠢ ᠪᠠᠢᠵᠤ᠂ ᠲᠥᠰᠦᠪ᠎ᠦᠨ ᠬᠠᠤᠯᠢ᠎ᠶ᠋ᠢᠨ ᠲᠣᠭ᠍ᠲᠠᠭᠠᠯ ᠲᠠᠶ ᠨᠡᠢᠴᠡᠵᠦ᠍᠂ ᠶᠡᠷᠦᠩᠬᠡᠢ᠎ᠳᠡᠭᠡᠨ ᠬᠡᠷᠡᠭ᠌ᠵᠢᠭᠦᠯᠵᠦ᠍ ᠪᠣᠯᠤᠨ᠎ᠠ᠃ ᠲᠦᠷᠦ᠍᠎ᠶ᠋ᠢᠨ ᠶᠠᠪᠤᠳᠠᠯ᠎ᠤᠨ ᠬᠣᠷᠢᠶ᠎ᠠ ᠵᠢᠨ ᠳᠤᠷᠠᠳᠤᠭ᠍ᠰᠠᠨ 《2023 ᠣᠨ᠎ᠤ ᠲᠥᠪ᠎ᠦᠨ ᠪᠠ ᠣᠷᠣᠨ ᠨᠤᠲᠤᠭ᠎ᠤᠨ ᠲᠥᠰᠦᠪ᠎ᠢ ᠭᠦᠢᠴᠡᠳᠭᠡᠭ᠌ᠰᠡᠨ ᠪᠠᠢᠳᠠᠯ ᠬᠢᠭᠡᠳ 2024 ᠣᠨ᠎ᠤ ᠲᠥᠪ᠎ᠦᠨ ᠪᠠ ᠣᠷᠣᠨ ᠨᠤᠲᠤᠭ᠎ᠤᠨ ᠲᠥᠰᠦᠪ᠎ᠦᠨ ᠲᠥᠰᠦᠯ᠎ᠦᠨ ᠲᠤᠬᠠᠢ ᠮᠡᠳᠡᠭᠦᠯᠦᠯᠲᠡ》᠎ᠶ᠋ᠢ ᠵᠥᠪᠱᠢᠶᠡᠷᠡᠵᠦ᠍᠂ 2024 ᠣᠨ᠎ᠤ ᠲᠥᠪ᠎ᠦᠨ ᠲᠥᠰᠦᠪ᠎ᠦᠨ ᠲᠥᠰᠦᠯ᠎ᠢ ᠵᠥᠪᠱᠢᠶᠡᠷᠡᠬᠦ᠌᠎ᠶ᠋ᠢᠨ ᠬᠠᠮᠲᠤ 2024 ᠣᠨ᠎ᠤ ᠣᠷᠣᠨ ᠨᠤᠲᠤᠭ᠎ᠤᠨ ᠵᠠᠰᠠᠭ᠎ᠤᠨ ᠣᠷᠳᠣᠨ᠎ᠤ ᠡᠩ᠎ᠦᠨ ᠦᠷᠢ ᠥᠭ᠌ᠴᠡᠭᠡᠨ᠎ᠦ ᠬᠢᠵᠠᠭᠠᠷ ᠲᠣᠭ᠎ᠠ 172689.22 ᠳ᠋ᠦᠩᠱᠢᠭᠤᠷ ᠲᠥᠭᠥᠷᠢᠭ᠂ ᠲᠤᠰᠭᠠᠢ ᠵᠦᠢᠯ᠎ᠦᠨ ᠦᠷᠢ ᠥᠭ᠌ᠴᠡᠭᠡᠨ᠎ᠦ ᠬᠢᠵᠠᠭᠠᠷ ᠲᠣᠭ᠎ᠠ 295185.08 ᠳ᠋ᠦᠩᠱᠢᠭᠤᠷ ᠲᠥᠭᠥᠷᠢᠭ ᠪᠠᠢᠯᠭᠠᠬᠤ ᠵᠢ ᠵᠥᠪᠱᠢᠶᠡᠷᠡᠬᠦ᠌᠎ᠶ᠋ᠢ ᠠᠷᠪᠠᠨ ᠳᠥᠷᠪᠡᠳᠦᠭᠡᠷ ᠬᠤᠭᠤᠴᠠᠭᠠᠨ᠎ᠤ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠬᠣᠶᠠᠳᠤᠭᠠᠷ ᠬᠤᠷᠠᠯ ᠳ᠋ᠤ ᠰᠠᠨᠠᠭᠤᠯᠪᠠ᠃

ᠬᠤᠷᠠᠯ ᠡᠴᠡ ᠪᠠᠳᠤᠯᠠᠯᠳᠠ ᠬᠢᠬᠦ ᠪᠡᠷ ᠳᠠᠮᠵᠢᠨ᠂ ᠡᠳ᠋᠎ᠦᠨ ᠵᠠᠰᠠᠭ ᠠᠵᠤ ᠠᠬᠤᠢ᠎ᠶ᠋ᠢᠨ ᠵᠥᠪᠯᠡᠯ᠎ᠦᠨ ᠬᠢᠨᠠᠨ ᠪᠠᠢᠴᠠᠭᠠᠭ᠍ᠰᠠᠨ ᠬᠣᠶᠠᠷ ᠦᠷ᠎ᠡ ᠳ᠋ᠦᠩ᠎ᠦᠨ ᠮᠡᠳᠡᠭᠦᠯᠦᠯᠲᠡ᠎ᠶ᠋ᠢ ᠪᠠᠲᠤᠯᠠᠪᠠ᠃

3 ᠰᠠᠷ᠎ᠠ᠎ᠶ᠋ᠢᠨ 6 ᠤ᠋ ᠦᠳᠡ᠎ᠶ᠋ᠢᠨ ᠬᠣᠢᠨ᠎ᠠ ᠪᠠ 7 ᠤ᠋ ᠦᠳᠡ᠎ᠶ᠋ᠢᠨ ᠡᠮᠦᠨ᠎ᠡ᠂ ᠡᠯ᠎ᠡ ᠲᠥᠯᠥᠭᠡᠯᠡᠭ᠌ᠴᠢᠳ᠎ᠦᠨ ᠪᠦᠯᠬᠦᠮ ᠲᠥᠯᠥᠪᠯᠡᠭᠡ᠎ᠶ᠋ᠢᠨ ᠮᠡᠳᠡᠭᠦᠯᠦᠯᠲᠡ ᠪᠠ ᠲᠥᠯᠥᠪᠯᠡᠭᠡ᠎ᠶ᠋ᠢᠨ ᠲᠥᠰᠦᠯ᠂ ᠲᠥᠰᠦᠪ᠎ᠦᠨ ᠮᠡᠳᠡᠭᠦᠯᠦᠯᠲᠡ ᠪᠠ ᠲᠥᠰᠦᠪ᠎ᠦᠨ ᠲᠥᠰᠦᠯ᠎ᠢ ᠨᠠᠷᠢᠨ ᠬᠢᠨᠠᠮᠠᠭᠠᠢ ᠬᠢᠨᠠᠨ ᠪᠠᠢᠴᠠᠭᠠᠪᠠ᠃ ᠲᠦᠷᠦ᠍᠎ᠶ᠋ᠢᠨ ᠶᠠᠪᠤᠳᠠᠯ᠎ᠤᠨ ᠬᠣᠷᠢᠶ᠎ᠠ᠎ᠡᠴᠡ ᠲᠥᠯᠥᠭᠡᠯᠡᠭ᠌ᠴᠢᠳ᠎ᠦᠨ ᠬᠢᠨᠠᠨ ᠪᠠᠢᠴᠠᠭᠠᠭ᠍ᠰᠠᠨ ᠰᠠᠨᠠᠯ᠎ᠢ ᠦᠨᠳᠦᠰᠦᠯᠡᠨ᠂ ᠬᠣᠶᠠᠷ ᠮᠡᠳᠡᠭᠦᠯᠦᠯᠲᠡ᠎ᠳᠦ ᠲᠤᠰ ᠲᠤᠰ ᠨᠠᠷᠢᠨ ᠬᠢᠨᠠᠮᠠᠭᠠᠶ ᠵᠠᠰᠠᠪᠤᠷᠢ ᠣᠷᠣᠭᠤᠯᠪᠠ᠃ ᠲᠡᠷᠢᠭᠦᠯᠡᠭ᠌ᠴᠢᠳ᠎ᠦᠨ ᠪᠦᠯᠬᠦᠮ᠎ᠦᠨ ᠪᠠᠢᠩᠭᠤ᠎ᠶ᠋ᠢᠨ ᠲᠡᠷᠢᠭᠦᠯᠡᠭ᠌ᠴᠢ ᠡᠯ᠎ᠡ ᠲᠥᠯᠥᠭᠡᠯᠡᠭ᠌ᠴᠢᠳ᠎ᠦᠨ ᠪᠦᠯᠬᠦᠮ᠎ᠦᠨ ᠬᠢᠨᠠᠨ ᠪᠠᠢᠴᠠᠭᠠᠭ᠍ᠰᠠᠨ ᠰᠠᠨᠠᠯ᠎ᠢ ᠦᠨᠳᠦᠰᠦᠯᠡᠨ᠂ ᠵᠠᠰᠠᠪᠤᠷᠢ ᠣᠷᠣᠭᠤᠯᠤᠭ᠍ᠰᠠᠨ ᠪᠠᠢᠳᠠᠯ ᠪᠠ ᠡᠳ᠋᠎ᠦᠨ ᠵᠠᠰᠠᠭ ᠠᠵᠤ ᠠᠬᠤᠢ᠎ᠶ᠋ᠢᠨ ᠵᠥᠪᠯᠡᠯ᠎ᠦᠨ ᠬᠢᠨᠠᠨ ᠪᠠᠢᠴᠠᠭᠠᠭ᠍ᠰᠠᠨ ᠦᠷ᠎ᠡ ᠳ᠋ᠦᠩ᠎ᠦᠨ ᠮᠡᠳᠡᠭᠦᠯᠦᠯᠲᠡ᠎ᠶ᠋ᠢ ᠮᠡᠳᠡᠭᠦᠯᠵᠦ᠍᠂ ᠲᠥᠯᠥᠪᠯᠡᠭᠡ᠎ᠶ᠋ᠢᠨ ᠮᠡᠳᠡᠭᠦᠯᠦᠯᠲᠡ ᠪᠠ ᠲᠥᠯᠥᠪᠯᠡᠭᠡ᠎ᠶ᠋ᠢᠨ ᠲᠥᠰᠦᠯ᠂ ᠲᠥᠰᠦᠪ᠎ᠦᠨ ᠮᠡᠳᠡᠭᠦᠯᠦᠯᠲᠡ ᠪᠠ ᠲᠥᠪ᠎ᠦᠨ ᠲᠥᠰᠦᠪ᠎ᠦᠨ ᠲᠥᠰᠦᠯ᠎ᠢ ᠵᠥᠪᠱᠢᠶᠡᠷᠡᠬᠦ᠌᠎ᠶ᠋ᠢ ᠰᠠᠨᠠᠭᠤᠯᠤᠬᠰᠡᠨ ᠪᠦᠭᠡᠳ ᠲᠥᠯᠥᠪᠯᠡᠭᠡ᠎ᠶ᠋ᠢᠨ ᠮᠡᠳᠡᠭᠦᠯᠦᠯᠲᠡ ᠪᠠ ᠲᠥᠯᠥᠪᠯᠡᠭᠡ᠂ ᠲᠥᠰᠦᠪ᠎ᠦᠨ ᠮᠡᠳᠡᠭᠦᠯᠦᠯᠲᠡ ᠪᠠ ᠲᠥᠰᠦᠪ᠎ᠦᠨ ᠲᠤᠬᠠᠢ ᠬᠣᠶᠠᠷ ᠱᠢᠢᠳᠪᠦᠷᠢ᠎ᠶ᠋ᠢᠨ ᠲᠥᠰᠦᠯ᠎ᠢ ᠲᠤᠭᠤᠷᠪᠢᠪᠠ᠃ ᠬᠤᠷᠠᠯ᠎ᠡᠴᠡ ᠪᠠᠲᠤᠯᠠᠯᠲᠠ ᠬᠢᠬᠦ᠎ᠪᠡᠷ ᠳᠠᠮᠵᠢᠨ᠂ 2023 ᠣᠨ᠎ᠤ ᠤᠯᠤᠰ ᠠᠷᠠᠳ᠎ᠤᠨ ᠠᠵᠤ ᠠᠬᠤᠢ ᠪᠠ ᠨᠡᠢᠭᠡᠮ᠎ᠦᠨ ᠬᠥᠭ᠌ᠵᠢᠯᠲᠡ᠎ᠶ᠋ᠢᠨ ᠲᠥᠯᠥᠪᠯᠡᠭᠡ᠎ᠶ᠋ᠢ ᠭᠡᠷᠡᠭᠵᠢᠬᠦᠯᠦᠭᠰᠠᠨ ᠪᠠᠢᠳᠠᠯ ᠬᠢᠬᠡᠳ 2024 ᠣᠨ᠎ᠤ ᠤᠯᠤᠰ ᠠᠷᠠᠳ᠎ᠤᠨ ᠠᠵᠤ ᠠᠬᠤᠢ ᠪᠣᠯᠤᠨ ᠨᠡᠢᠭᠡᠮ᠎ᠦᠨ ᠬᠥᠭ᠌ᠵᠢᠯᠲᠡ᠎ᠶ᠋ᠢᠨ ᠲᠥᠯᠥᠪᠯᠡᠭᠡ᠎ᠶ᠋ᠢᠨ ᠲᠤᠬᠠᠢ ᠱᠢᠢᠳᠪᠦᠷᠢ᠎ᠶ᠋ᠢᠨ ᠲᠥᠰᠦᠯ᠂ 2023 ᠣᠨ᠎ᠤ ᠲᠥᠪ ᠤ᠋ᠨ ᠪᠠ ᠣᠷᠣᠨ ᠨᠤᠲᠤᠭ᠎ᠤᠨ ᠲᠥᠰᠦᠪ᠎ᠢ ᠭᠦᠢᠴᠡᠳᠭᠡᠭ᠌ᠰᠡᠨ ᠪᠠᠢᠳᠠᠯ ᠬᠢᠭᠡᠳ 2024 ᠣᠨ᠎ᠤ ᠲᠥᠪ ᠤ᠋ᠨ᠎ᠪᠠ ᠣᠷᠣᠨ ᠨᠤᠲᠤᠭ᠎ᠤᠨ ᠲᠥᠰᠦᠪ᠎ᠦᠨ ᠲᠤᠬᠠᠢ ᠱᠢᠢᠳᠪᠦᠷᠢ᠎ᠶ᠋ᠢᠨ ᠲᠥᠰᠦᠯ᠎ᠢ ᠡᠯ᠎ᠡ ᠲᠥᠯᠥᠭᠡᠯᠡᠭ᠌ᠴᠢᠳ᠎ᠦᠨ ᠪᠦᠯᠬᠦᠮ᠎ᠳᠦ ᠳᠡᠪᠱᠢᠭᠦᠯᠵᠦ᠍ ᠬᠢᠨᠠᠨ ᠵᠥᠪᠯᠡᠭᠦᠯᠬᠦ᠌᠎ᠪᠡᠷ ᠲᠣᠭ᠍ᠲᠠᠪᠠ᠃

3 ᠰᠠᠷ᠎ᠠ᠎ᠶ᠋ᠢᠨ 7᠎ᠤ᠋ ᠦᠳᠡ᠎ᠶ᠋ᠢᠨ ᠬᠣᠢᠨ᠎ᠠ᠂ ᠡᠯ᠎ᠡ ᠲᠥᠯᠥᠭᠡᠯᠡᠭ᠌ᠴᠢᠳ᠎ᠦᠨ ᠪᠦᠯᠬᠦᠮ ᠲᠦᠷᠦ᠍᠎ᠶ᠋ᠢᠨ ᠶᠠᠪᠤᠳᠠᠯ᠎ᠤᠨ ᠬᠣᠷᠢᠶ᠎ᠠ ᠵᠢᠨ ᠵᠣᠬᠢᠶᠠᠨ ᠪᠠᠢᠭᠤᠯᠬᠤ ᠬᠠᠤᠯᠢ᠎ᠳᠤ ᠵᠠᠰᠠᠪᠤᠷᠢ ᠣᠷᠣᠭᠤᠯᠬᠤ ᠲᠥᠰᠦᠯ᠎ᠢ ᠨᠠᠷᠢᠨ ᠬᠢᠨᠠᠮᠠᠭᠠᠶ ᠬᠢᠨᠠᠨ ᠵᠦᠪᠯᠡᠪᠡ᠃ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠦᠨᠳᠦᠰᠦᠨ ᠬᠠᠤᠯᠢ ᠪᠠ ᠬᠠᠤᠯᠢ ᠴᠠᠭᠠᠵᠠ᠎ᠶ᠋ᠢᠨ ᠵᠦᠪᠯᠡᠯ᠎ᠡᠴᠡ ᠡᠯ᠎ᠡ ᠲᠥᠯᠥᠭᠡᠯᠡᠭ᠌ᠴᠢᠳ᠎ᠦᠨ ᠪᠦᠯᠬᠦᠮ᠎ᠦᠨ ᠬᠢᠨᠠᠨ ᠵᠦᠪᠯᠡᠭᠰᠡᠨ ᠰᠠᠨᠠᠯ᠎ᠢ ᠦᠨᠳᠦᠰᠦᠯᠡᠨ᠂ ᠲᠦᠷᠦ᠍᠎ᠶ᠋ᠢᠨ ᠶᠠᠪᠤᠳᠠᠯ᠎ᠤᠨ ᠬᠣᠷᠢᠶ᠎ᠠ ᠵᠢᠨ ᠵᠣᠬᠢᠶᠠᠨ ᠪᠠᠢᠭᠤᠯᠬᠤ ᠬᠠᠤᠯᠢ᠎ᠳᠤ ᠵᠠᠰᠠᠪᠤᠷᠢ ᠣᠷᠣᠭᠤᠯᠬᠤ ᠲᠥᠰᠦᠯ᠎ᠢ ᠬᠢᠨᠠᠨ ᠵᠦᠪᠯᠡᠵᠤ᠂ ᠵᠠᠰᠠᠪᠤᠷᠢ ᠣᠷᠣᠭᠤᠯᠬᠤ ᠲᠥᠰᠦᠯ᠎ᠳᠦ ᠵᠠᠰᠠᠪᠤᠷᠢ ᠣᠷᠣᠭᠤᠯᠬᠤ ᠨᠤᠤᠷᠠᠭ᠎ᠢ ᠳᠤᠷᠠᠳᠪᠠ᠃ ᠲᠡᠷᠢᠭᠦᠯᠡᠭ᠌ᠴᠢᠳ᠎ᠦᠨ ᠪᠦᠯᠬᠦᠮ᠎ᠦᠨ ᠬᠤᠷᠠᠯ᠎ᠡᠴᠡ ᠦᠨᠳᠦᠰᠦᠨ ᠬᠠᠤᠯᠢ ᠪᠣᠯᠤᠨ ᠬᠠᠤᠯᠢ ᠴᠠᠭᠠᠵᠠ᠎ᠶ᠋ᠢᠨ ᠵᠥᠪᠯᠡᠯ᠎ᠦᠨ ᠡᠷᠬᠢᠯᠡᠭ᠌ᠴᠢ ᠭᠡᠱᠢᠭᠦᠨ ᠱᠢᠨ ᠴᠦᠨ ᠶᠢᠩ᠎ᠦᠨ ᠬᠢᠭ᠌ᠰᠡᠨ ᠲᠦᠷᠦ᠍᠎ᠶ᠋ᠢᠨ ᠶᠠᠪᠤᠳᠠᠯ᠎ᠤᠨ ᠬᠣᠷᠢᠶ᠎ᠠ ᠵᠢᠨ ᠵᠣᠬᠢᠶᠠᠨ ᠪᠠᠢᠭᠤᠯᠬᠤ ᠬᠠᠤᠯᠢ᠎ᠳᠤ ᠵᠠᠰᠠᠪᠤᠷᠢ ᠣᠷᠣᠭᠤᠯᠬᠤ ᠲᠥᠰᠦᠯ᠎ᠢ ᠬᠢᠨᠠᠨ ᠵᠥᠪᠯᠡᠭ᠌ᠰᠡᠨ ᠦᠷ᠎ᠡ ᠳ᠋ᠦᠩ᠎ᠦᠨ ᠲᠤᠬᠠᠢ ᠦᠨᠳᠦᠰᠦᠨ ᠬᠠᠤᠯᠢ ᠪᠣᠯᠤᠨ ᠬᠠᠤᠯᠢ ᠴᠠᠭᠠᠵᠠ᠎ᠶ᠋ᠢᠨ ᠵᠥᠪᠯᠡᠯ᠎ᠦᠨ ᠮᠡᠳᠡᠭᠦᠯᠦᠯᠲᠡ᠎ᠶ᠋ᠢ ᠰᠣᠨᠣᠰᠴᠠᠢ᠃ ᠬᠤᠷᠠᠯ᠎ᠡᠴᠡ ᠪᠠᠳᠤᠯᠠᠯᠲᠠ ᠬᠢᠬᠦ ᠪᠡᠷ ᠲᠠᠮᠵᠢᠨ ᠡᠨᠡ ᠬᠦ᠌ ᠬᠢᠨᠠᠨ ᠵᠥᠪᠯᠡᠭ᠌ᠰᠡᠨ ᠦᠷ᠎ᠡ ᠳ᠋ᠦᠩ᠎ᠦᠨ ᠮᠡᠳᠡᠭᠦᠯᠦᠯᠲᠡ ᠵᠢᠴᠢ ᠲᠦᠷᠦ᠍᠎ᠶ᠋ᠢᠨ ᠶᠠᠪᠤᠳᠠᠯ᠎ᠤᠨ ᠬᠣᠷᠢᠶ᠎ᠠ ᠵᠢᠨ ᠵᠣᠬᠢᠶᠠᠨ ᠪᠠᠢᠭᠤᠯᠬᠤ ᠬᠠᠤᠯᠢ᠎ᠳᠤ ᠵᠠᠰᠠᠪᠤᠷᠢ ᠣᠷᠣᠭᠤᠯᠬᠤ ᠲᠥᠰᠦᠯ᠎ᠦᠨ ᠵᠠᠰᠠᠪᠤᠷᠢ ᠣᠷᠣᠭᠤᠯᠤᠭ᠍ᠰᠠᠨ ᠨᠤᠤᠷᠠᠭ᠎ᠢ ᠪᠠᠲᠤᠯᠠᠵᠤ᠂ ᠵᠠᠰᠠᠪᠤᠷᠢ ᠣᠷᠣᠭᠤᠯᠬᠤ ᠲᠥᠰᠦᠯ᠎ᠦᠨ ᠵᠠᠰᠠᠪᠤᠷᠢ ᠣᠷᠣᠭᠤᠯᠬᠤ ᠨᠤᠤᠷᠠᠭ᠎ᠢ ᠡᠯ᠎ᠡ ᠲᠥᠯᠥᠭᠡᠯᠡᠭ᠌ᠴᠢᠳ᠎ᠦᠨ ᠪᠦᠯᠬᠦᠮ᠎ᠳᠦ ᠳᠡᠪᠱᠢᠭᠦᠯᠵᠦ᠍ ᠬᠢᠨᠠᠨ ᠵᠥᠪᠯᠡᠭᠦᠯᠬᠦ᠌᠎ᠪᠡᠷ ᠲᠣᠭ᠍ᠲᠠᠪᠠ᠃

ᠲᠡᠷᠢᠭᠦᠯᠡᠭ᠌ᠴᠢᠳ᠎ᠦᠨ ᠪᠦᠯᠬᠦᠮ᠎ᠦᠨ ᠪᠠᠢᠩᠭᠤ᠎ᠶ᠋ᠢᠨ ᠲᠡᠷᠢᠭᠦᠯᠡᠭ᠌ᠴᠢ ᠯᠢ ᠬᠣᠩ ᠵᠦᠩ᠂ ᠸᠠᠩ ᠳ᠋ᠦᠩ ᠮᠢᠩ᠂ ᠱᠢᠶᠤᠤ ᠵᠢᠶ᠍ᠸ᠂ ᠵᠧᠩ ᠵᠢᠶᠠᠨ ᠪᠠᠩ᠂ ᠳ᠋ᠢᠩ ᠵᠦᠩ ᠯᠢ᠂ ᠬᠤᠤ ᠮᠢᠩ ᠵᠢᠨ᠂ ᠼᠠᠢ ᠳ᠋ᠠ ᠹᠸᠩ᠂ ᠡᡁᠸ ᠸᠧᠢ᠂ ᠦ᠋ ᠸᠧᠢ ᠬᠤᠸᠠ᠂ ᠲᠢᠶ᠍ᠸ ᠨᠢᠩ ᠂ ᠫᠸᠩ ᠴᠢᠩ ᠬᠤᠸᠠ᠂ ᠵᠠᠩ ᠴᠢᠩ ᠸᠧᠢ᠂ ᠯᠤᠪᠰᠠᠨᠭᠵᠠᠯᠰᠠᠨ᠂ ᠰᠢᠤᠸᠠᠢᠺᠸᠯᠠᠢ᠌ᠲ᠋ᠢ·ᠵᠠᠺᠸᠯ ᠂ ᠯᠢᠦ ᠴᠢ ᠬᠤᠷᠠᠯ᠎ᠳᠤ ᠣᠷᠣᠯᠴᠠᠵᠠᠢ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠬᠦᠰᠡᠯᠡᠩ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面