2024ᠤᠨ᠎ᠤ᠋ ᠪᠦᠬᠦ ᠤᠯᠤᠰ᠎ᠤ᠋ᠨ ᠬᠣᠶᠠᠷ ᠬᠤᠷᠠᠯ > ᠮᠡᠳᠡᠭᠡᠯᠡᠯ

2024-03-10 16:28:16

ᠵᠣᠬᠢᠶᠠᠭ᠍ᠴᠢ᠄ ᠪᠠᠢ ᠳ᠋ᠠᠨ ᠣᠩᠱᠢᠭ᠍ᠰᠠᠨ ᠣᠳᠠᠭ᠎ᠠ᠄ 3

ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ᠎ᠶᠢᠨ ᠲᠤᠬᠢᠷᠠᠭᠤᠯᠤᠯᠳᠠ ᠪᠠᠢᠷᠢᠯᠠᠭᠤᠯᠤᠯᠲᠠ ᠶᠤᠰᠤᠭᠠᠷ᠂ 3 ᠰᠠᠷ᠎ᠠ᠎ᠶ᠋ᠢᠨ 9 ᠎ᠤ᠋ ᠡᠳᠦᠷ ᠪᠣᠯᠲᠠᠯ᠎ᠠ᠂ ᠲᠠᠪᠤᠳᠤᠭᠠᠷ ᠡᠭᠡᠯᠵᠢ᠎ᠶ᠋ᠢᠨ ᠲᠣᠭᠣᠷᠢᠨ ᠪᠠᠢᠴᠠᠭᠠᠯᠲᠠ ᠵᠢᠨ 12 ᠲᠣᠭᠣᠷᠢᠨ ᠪᠠᠢᠴᠠᠭᠠᠬᠤ ᠳᠤᠭᠤᠢᠯᠠᠩ ᠪᠦᠬᠦᠨ᠎ᠢᠶᠡᠷ᠎ᠢᠶᠡᠨ ᠣᠷᠣᠵᠤ ᠰᠠᠭᠤᠪᠠ᠃ ᠲᠣᠭᠣᠷᠢᠨ ᠪᠠᠢᠴᠠᠭᠠᠭ᠍ᠳᠠᠬᠤ ᠬᠣᠱᠢᠭᠤ ᠱᠢᠶᠠᠨ (ᠬᠤᠳᠠ᠂ ᠲᠣᠭᠣᠷᠢᠭ) ᠪᠣᠯᠤᠨ ᠮᠥᠩᠭᠥᠨ ᠭᠦᠢᠯᠭᠡᠭᠡᠨ᠎ᠦ ᠠᠵᠤ ᠠᠬᠤᠢᠯᠠᠯ ᠲᠤᠰ ᠲᠤᠰ ᠲᠣᠭᠣᠷᠢᠨ ᠪᠠᠢᠴᠠᠭᠠᠬᠤ ᠪᠡᠷ ᠣᠷᠣᠵᠤ ᠰᠠᠭᠤᠬᠤ ᠲᠠᠢ᠌ᠴᠢᠯᠠᠯᠳᠠ᠎ᠶ᠋ᠢᠨ ᠬᠤᠷᠠᠯ ᠬᠤᠷᠠᠯᠳᠤᠭᠤᠯᠵᠤ᠂ ᠡᠯ᠎ᠡ ᠲᠣᠭᠣᠷᠢᠨ ᠪᠠᠢᠴᠠᠭᠠᠬᠤ ᠳᠤᠭᠤᠢᠯᠠᠩ᠎ᠤᠨ ᠳᠠᠷᠤᠭ᠎ᠠ ᠲᠠᠢ᠌ᠴᠢᠯᠠᠯᠳᠠ᠎ᠶ᠋ᠢᠨ ᠶᠠᠷᠢᠶ᠎ᠠ ᠲᠠᠯᠪᠢᠵᠤ᠂ ᠱᠢᠨ᠎ᠡ᠎ᠪᠡᠷ ᠵᠠᠰᠠᠪᠤᠷᠢ ᠣᠷᠣᠭᠤᠯᠤᠭ᠍ᠰᠠᠨ 《ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠣᠭᠣᠷᠢᠨ ᠪᠠᠢᠴᠠᠭᠠᠬᠤ ᠠᠵᠢᠯ᠎ᠤᠨ ᠲᠦᠷᠢᠮ》 ᠢ᠋ ᠭᠦᠨᠵᠡᠭᠡᠢ ᠰᠤᠷᠤᠯᠴᠠᠨ ᠲᠤᠭᠤᠱᠢᠯᠠᠭᠤᠯᠵᠤ᠂ ᠲᠣᠭᠣᠷᠢᠨ ᠪᠠᠢᠴᠠᠭᠠᠬᠤ ᠠᠵᠢᠯ᠎ᠢ ᠯᠠᠪᠳᠠᠭᠤᠨ ᠪᠠᠲᠤᠲᠠᠢ ᠥᠷᠨᠢᠭᠦᠯᠬᠦ᠌ ᠲᠤᠬᠠᠢ ᠱᠠᠭᠠᠷᠳᠠᠯᠭ᠎ᠠ ᠳᠤᠷᠠᠳᠴᠠᠢ᠃

ᠲᠤᠭᠤᠷᠢᠨ ᠪᠠᠢᠴᠠᠭᠠᠬᠤ ᠪᠡᠷ ᠤᠷᠤᠵᠤ ᠰᠠᠭᠤᠬᠤ ᠲᠠᠢ᠌ᠴᠢᠯᠠᠯᠳᠠ᠎ᠶ᠋ᠢᠨ ᠬᠤᠷᠠᠯ ᠡᠴᠡ᠂ ᠲᠣᠭᠣᠷᠢᠨ ᠪᠠᠢᠴᠠᠭᠠᠯᠲᠠ ᠪᠣᠯ ᠨᠠᠮ᠎ᠤᠨ ᠲᠦᠷᠢᠮ ᠡᠴᠡ ᠣᠯᠭᠣᠭ᠍ᠰᠠᠨ ᠴᠢᠬᠤᠯᠠ ᠡᠭᠦᠷᠭᠡ ᠬᠠᠷᠢᠭᠤᠴᠠᠯᠭ᠎ᠠ ᠮᠥᠨ᠃ ᠡᠨᠡ ᠤᠳᠠᠭ᠎ᠠ 30 ᠬᠣᠱᠢᠭᠤ ᠱᠢᠶᠠᠨ (ᠬᠣᠲᠠ᠂ ᠲᠣᠭᠣᠷᠢᠭ) ᠪᠣᠯᠤᠨ ᠮᠥᠩᠭᠥᠨ ᠭᠦᠢᠯᠭᠡᠭᠡᠨ᠎ᠦ 5 ᠠᠵᠤ ᠠᠬᠤᠢᠯᠠᠯ᠎ᠳᠤ ᠪᠠᠢᠩᠭᠤ᠎ᠶ᠋ᠢᠨ ᠲᠣᠭᠣᠷᠢᠨ ᠪᠠᠢᠴᠠᠭᠠᠯᠲᠠ ᠬᠢᠬᠦ᠌ ᠪᠣᠯ ᠨᠠᠮ ᠎ᠤᠨ ᠳᠦᠷᠢᠮ ᠲᠤᠭᠳᠠᠭᠠᠯ᠎ᠢ ᠲᠤᠭᠤᠰᠢᠯᠠᠭᠤᠯᠬᠤ ᠪᠤᠳᠠᠳᠠᠢ ᠠᠷᠭ᠎ᠠ ᠬᠡᠮᠵᠢᠶ᠎ᠡ ᠪᠣᠯᠬᠤ ᠪᠥᠭᠡᠳ ᠪᠠᠰᠠ ᠴᠤ᠌ ᠤᠯᠤᠰ ᠲᠥᠷᠥ᠎ᠶ᠋ᠢᠨ ᠬᠢᠨᠠᠯᠲᠠ ᠲᠠᠯᠪᠢᠬᠤ᠎ᠶ᠋ᠢ ᠴᠢᠩᠭᠠᠳᠭᠠᠬᠤ ᠬᠦᠴᠦᠲᠡᠶ ᠠᠵᠢᠯᠯᠠᠭ᠎ᠠ ᠪᠣᠯᠤᠨ᠎ᠠ᠃ ᠲᠣᠭᠣᠷᠢᠨ ᠪᠠᠢᠴᠠᠭᠠᠬᠤ ᠳᠤᠭᠤᠢᠯᠠᠩ᠎ᠤᠨ ᠬᠢᠨ ᠰᠢ ᠵᠢᠨ ᠫᠢᠩ᠎ᠦᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠲᠠᠶ ᠨᠡᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠤᠭᠤᠳᠤᠯᠭ᠎ᠠ ᠪᠣᠯᠭᠠᠵᠤ᠂ ᠲᠣᠭᠣᠷᠢᠨ ᠪᠠᠢᠴᠠᠭᠠᠬᠤ ᠠᠵᠢᠯ᠎ᠤᠨ ᠴᠢᠭ᠌ᠯᠡᠯᠲᠡ᠎ᠶ᠋ᠢ ᠪᠦᠬᠦ᠌ ᠲᠠᠯ᠎ᠠ᠎ᠪᠠᠷ ᠲᠤᠭᠤᠱᠢᠯᠠᠭᠤᠯᠵᠤ᠂ 《ᠬᠣᠶᠠᠷ᠎ᠢ ᠬᠠᠮᠠᠭᠠᠯᠠᠬᠤ》 ᠪᠡᠷ ᠦᠨᠳᠦᠰᠦᠨ ᠡᠭᠦᠷᠭᠡ ᠪᠣᠯᠭᠠᠵᠤ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ᠎ᠪᠠᠷ ᠠᠵᠢᠯ᠎ᠤᠨ ᠭᠣᠣᠯ ᠱᠢᠵᠢᠮ ᠪᠣᠯᠭᠠᠵᠤ᠂ ᠬᠣᠶᠠᠷ ᠶᠡᠬᠡ ᠶᠠᠪᠤᠳᠠᠯ᠎ᠢ ᠰᠠᠢᠲᠤᠷ ᠬᠢᠬᠦ᠌ ᠲᠠᠢ ᠨᠢᠭ᠍ᠲᠠ ᠤᠶᠠᠯᠳᠤᠭᠤᠯᠵᠤ᠂ 《ᠵᠢᠷᠭᠤᠭᠠᠨ ᠢᠨᠵᠧᠨᠧᠷᠢᠩ》 ᠳ᠋ᠤ ᠠᠩᠬᠠᠷᠤᠯ᠎ᠢᠶᠠᠨ ᠲᠥᠪᠯᠡᠷᠡᠭᠦᠯᠵᠤ᠂ ᠤᠯᠤᠰ ᠲᠦᠷᠦ᠍᠎ᠶ᠋ᠢᠨ ᠬᠢᠨᠠᠯᠲᠠ ᠲᠠᠯᠪᠢᠵᠤ᠂ ᠲᠣᠭᠣᠷᠢᠨ ᠪᠠᠢᠴᠠᠭᠠᠭ᠍ᠳᠠᠬᠤ ᠨᠠᠮ᠎ᠤᠨ ᠵᠣᠬᠢᠶᠠᠨ ᠪᠠᠢᠭᠤᠯᠤᠯᠲᠠ ᠪᠣᠯᠤᠨ ᠨᠠᠮ᠎ᠤᠨ ᠭᠡᠱᠢᠭᠦᠨ ᠺᠠᠳ᠋ᠷ᠎ᠢ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠢᠯᠭ᠎ᠠ ᠭᠠᠷᠭᠠᠵᠤ᠂ ᠦᠨᠡᠨ ᠬᠦ᠌ ᠠᠳᠭᠤᠨ ᠪᠣᠳᠠᠲᠠᠢ ᠠᠵᠢᠯᠯᠠᠵᠤ᠂ ᠥᠪᠡᠷᠲᠡᠭᠡᠨ ᠵᠠᠰᠠᠬᠤ ᠣᠷᠣᠨ᠎ᠤ ᠱᠢᠨ᠎ᠡ ᠵᠠᠮ ᠨᠡᠭᠡᠭᠡᠵᠦ᠂ ᠳᠤᠮᠳᠠ ᠲᠦᠪᠰᠢᠨ᠎ᠳᠤ ᠣᠷᠣᠬᠤ ᠬᠠᠷᠠᠯᠲᠠ᠎ᠶ᠋ᠢ ᠪᠡᠶᠡᠯᠡᠭᠦᠯᠬᠦ᠌᠎ᠳᠦ ᠱᠢᠨ᠎ᠡ ᠬᠤᠪᠢ ᠨᠡᠮᠡᠷᠢ ᠦᠵᠡᠭᠦᠯᠬᠦ ᠵᠢ ᠱᠠᠯᠠᠪᠳᠠᠭᠤᠯᠪᠠ᠃ ᠲᠤᠬᠠᠢ᠎ᠶ᠋ᠢᠨ ᠲᠠᠯᠠᠪᠠᠢ᠎ᠶ᠋ᠢᠨ ᠲᠣᠭᠣᠷᠢᠨ ᠪᠠᠢᠴᠠᠭᠠᠯᠲᠠ᠎ᠳᠤ᠂ ᠲᠣᠭᠣᠷᠢᠨ ᠪᠠᠢᠴᠠᠭᠠᠬᠤ ᠳᠤᠭᠤᠢᠯᠠᠩ᠎ᠤᠨ ᠬᠢᠨ ᠨᠠᠮ᠎ᠤᠨ ᠱᠤᠭᠤᠮ ᠴᠢᠭ᠌ᠯᠡᠯᠲᠡ ᠲᠦᠷᠦ᠍᠎ᠶ᠋ᠢᠨ ᠪᠤᠳᠤᠯᠭ᠎ᠠ ᠪᠠ ᠨᠠᠮ᠎ᠤᠨ ᠲᠥᠪ ᠬᠤᠷᠢᠶ᠎ᠠ᠎ᠶᠢᠨ ᠴᠢᠬᠤᠯᠠ ᠶᠡᠬᠡ ᠱᠢᠢᠳᠪᠦᠷᠢᠲᠦ ᠪᠤᠳᠤᠯᠭ᠎ᠠ ᠪᠠᠢᠷᠢᠯᠠᠭᠤᠯᠤᠯᠲᠠ᠎ᠶ᠋ᠢ ᠨᠠᠢᠳᠠᠪᠤᠷᠢᠵᠢᠭᠤᠯᠤᠭ᠍ᠰᠠᠨ ᠪᠠᠢᠳᠠᠯ᠂ ᠪᠦᠬᠦ᠌ ᠲᠠᠯ᠎ᠠ᠎ᠪᠠᠷ ᠨᠠᠮ᠎ᠢ ᠴᠢᠩᠭ᠎ᠠ ᠵᠠᠰᠠᠬᠤ ᠭᠣᠣᠯ ᠴᠣᠭ᠍ᠴᠠ᠎ᠶ᠋ᠢᠨ ᠬᠠᠷᠢᠭᠤᠴᠠᠯᠭ᠎ᠠ ᠪᠠ ᠬᠢᠨᠠᠯᠲᠠ ᠲᠠᠯᠪᠢᠬᠤ ᠬᠠᠷᠢᠭᠤᠴᠠᠯᠭ᠎ᠠ᠎ᠶ᠋ᠢ ᠨᠠᠢᠳᠠᠪᠤᠷᠢᠵᠢᠭᠤᠯᠤᠭ᠍ᠰᠠᠨ ᠪᠠᠢᠳᠠᠯ᠂ ᠱᠢᠨ᠎ᠡ ᠴᠠᠭ ᠦᠶ᠎ᠡ᠎ᠶ᠋ᠢᠨ ᠨᠠᠮ᠎ᠤᠨ ᠵᠣᠬᠢᠶᠠᠨ ᠪᠠᠢᠭᠤᠯᠤᠯᠲᠠ᠎ᠶ᠋ᠢᠨ ᠱᠤᠭᠤᠮ᠎ᠢ ᠨᠠᠢᠳᠠᠪᠤᠷᠢᠵᠢᠭᠤᠯᠤᠭ᠍ᠰᠠᠨ ᠪᠠᠢᠳᠠᠯ᠂ ᠲᠣᠭᠣᠷᠢᠨ ᠪᠠᠢᠴᠠᠭᠠᠵᠤ ᠴᠡᠭ᠌ᠴᠡᠯᠡᠨ ᠰᠠᠢᠵᠢᠷᠠᠭᠤᠯᠬᠤ ᠪᠠ ᠦᠷ᠎ᠡ ᠪᠦᠲᠦᠭᠡᠯ ᠎ᠢ ᠬᠡᠷᠡᠭ᠌ᠯᠡᠭ᠌ᠰᠡᠨ ᠪᠠᠢᠳᠠᠯ᠎ᠢ ᠭᠦᠨᠵᠡᠭᠡᠢ ᠣᠢᠯᠠᠭᠠᠵᠤ᠂ ᠣᠷᠣᠱᠢᠵᠤ ᠪᠠᠢᠭ᠎ᠠ ᠠᠰᠠᠭᠤᠳᠠᠯ᠎ᠢ ᠬᠦᠴᠦᠯᠡᠨ ᠢᠯᠡᠷᠡᠭᠦᠯᠵᠦ᠍ ᠱᠢᠢᠳᠪᠦᠷᠢᠯᠡᠬᠦ᠌᠎ᠶ᠋ᠢ ᠠᠬᠢᠭᠤᠯᠬᠤ ᠬᠡᠷᠡᠭᠳᠡᠢ ᠭᠡᠵᠦ ᠴᠢᠬᠤᠯᠠᠴᠢᠯᠠᠪᠠ᠃

ᠲᠣᠭᠣᠷᠢᠨ ᠪᠠᠢᠴᠠᠭᠠᠭᠳᠠᠬᠤ ᠨᠠᠮ᠎ᠤᠨ ᠵᠣᠬᠢᠶᠠᠨ ᠪᠠᠢᠭᠤᠯᠤᠯᠲᠠ᠎ᠶ᠋ᠢᠨ ᠭᠣᠣᠯ ᠬᠠᠷᠢᠭᠤᠴᠠᠯᠭᠠᠲᠠᠨ᠂ ᠨᠠᠮ᠎ᠤᠨ ᠲᠥᠪ ᠬᠣᠷᠢᠶ᠎ᠠ ᠪᠣᠯᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ᠎ᠵᠢᠨ ᠲᠣᠭᠣᠷᠢᠨ ᠪᠠᠢᠴᠠᠭᠠᠬᠤ ᠠᠵᠢᠯ᠎ᠤᠨ ᠲᠤᠬᠠᠢ ᠪᠠᠢᠷᠢᠯᠠᠭᠤᠯᠤᠯᠲᠠ ᠱᠠᠭᠠᠷᠳᠠᠯᠭ᠎ᠠ᠎ᠶ᠋ᠢ ᠭᠦᠨᠵᠡᠭᠡᠢ ᠰᠤᠷᠤᠯᠴᠠᠨ ᠲᠤᠭᠤᠱᠢᠯᠠᠭᠤᠯᠵᠤ᠂ ᠤᠯᠤᠰ ᠲᠦᠷᠦ᠍᠎ᠶ᠋ᠢᠨ ᠵᠣᠭ᠍ᠰᠣᠴᠠ᠎ᠪᠠᠨ ᠦᠨᠡᠨ ᠬᠦ᠌ ᠳᠡᠭᠡᠭ᠌ᠰᠢᠯᠡᠭᠦᠯᠵᠦ᠍᠂ ᠤᠯᠤᠰ ᠲᠦᠷᠦ᠍᠎ᠶ᠋ᠢᠨ ᠬᠠᠷᠢᠭᠤᠴᠠᠯᠭ᠎ᠠ ᠪᠠᠨ ᠴᠢᠩᠭᠠᠳᠭᠠᠵᠤ᠂ ᠲᠣᠭᠣᠷᠢᠨ ᠪᠠᠢᠴᠠᠭᠠᠬᠤ ᠳᠤᠭᠤᠢᠯᠠᠩ᠎ᠤᠨ ᠠᠵᠢᠯ᠎ᠢ ᠪᠦᠬᠦ᠌ ᠬᠦᠴᠦ᠍᠎ᠪᠡᠷ᠎ᠢᠶᠡᠨ ᠳᠡᠮᠵᠢᠨ ᠬᠠᠮᠵᠢᠯᠴᠠᠨ᠎ᠠ᠃ ᠲᠣᠭᠣᠷᠢᠨ ᠪᠠᠢᠴᠠᠭᠠᠵᠤ ᠬᠢᠨᠠᠯᠲᠠ ᠲᠠᠯᠪᠢᠬᠤ᠎ᠶ᠋ᠢ ᠬᠦᠯᠢᠶᠡᠬᠦ᠌᠎ᠪᠡᠷ ᠠᠵᠠ ᠲᠣᠬᠢᠶᠠᠯ ᠪᠣᠯᠭᠠᠵᠤ᠂ ᠡᠭᠦᠷᠭᠡ ᠲᠤᠰᠢᠶᠠᠯ ᠬᠠᠷᠢᠭᠤᠴᠠᠯᠭ᠎ᠠ᠎ᠪᠠᠨ ᠭᠦᠢᠴᠡᠳᠭᠡᠬᠦ᠌᠂ ᠪᠦᠬᠦ᠌ ᠲᠠᠯ᠎ᠠ᠎ᠪᠠᠷ ᠨᠠᠮ᠎ᠢ ᠴᠢᠩᠭ᠎ᠠ ᠵᠠᠰᠠᠬᠤ ᠵᠡᠷᠭᠡ ᠲᠠᠯ᠎ᠠ᠎ᠪᠠᠷ ᠣᠷᠣᠱᠢᠵᠤ ᠪᠠᠢᠭ᠎ᠠ ᠠᠰᠠᠭᠤᠳᠠᠯ᠎ᠢ ᠭᠦᠨᠵᠡᠭᠡᠢ ᠡᠷᠢᠵᠦ᠍ ᠱᠢᠢᠳᠪᠦᠷᠢᠯᠡᠬᠦ ᠵᠢ ᠠᠬᠢᠭᠤᠯᠵᠤ᠂ ᠭᠣᠣᠯ ᠬᠠᠷᠢᠭᠤᠴᠠᠯᠭ᠎ᠠ ᠭᠣᠣᠯ ᠠᠵᠢᠯ᠎ᠢ ᠪᠠᠲᠤ ᠡᠭᠦᠷᠭᠡᠯᠡᠨ᠂ ᠡᠭᠦᠷᠭᠡ ᠬᠠᠷᠢᠭᠤᠴᠠᠯᠭ᠎ᠠ᠎ᠪᠠᠨ ᠭᠦᠢᠴᠡᠳᠭᠡᠬᠦ᠌ ᠪᠣᠳᠠᠲᠤ ᠠᠵᠢᠯᠯᠠᠭ᠎ᠠ᠂ ᠪᠣᠳᠠᠲᠠᠢ ᠠᠷᠭ᠎ᠠ ᠬᠡᠮᠵᠢᠶ᠎ᠡ᠂ ᠠᠵᠢᠯ᠎ᠤᠨ ᠦᠷ᠎ᠡ ᠪᠦᠲᠦᠮᠵᠢ᠎ᠪᠡᠷ 《ᠬᠣᠶᠠᠷ ᠎ᠢ ᠬᠠᠮᠠᠭᠠᠯᠠᠬᠤ》ᠵᠢ ᠦᠢᠯᠡᠳᠦᠯᠭᠡᠵᠢᠭᠦᠯᠦᠨ᠎ᠡ ᠭᠡᠵᠦ᠍ ᠢᠯᠡᠳᠭᠡᠪᠡ᠃

ᠣᠢᠯᠠᠭᠠᠭ᠍ᠰᠠᠨ᠎ᠢᠶᠠᠷ᠂ 12 ᠲᠣᠭᠣᠷᠢᠨ ᠪᠠᠢᠴᠠᠭᠠᠬᠤ ᠳᠤᠭᠤᠢᠯᠠᠩ᠎ᠲᠤᠬᠠᠢ᠎ᠶ᠋ᠢᠨ ᠲᠠᠯᠠᠪᠠᠢ᠎ᠳᠤ 50 ᠡᠳᠦᠷ ᠣᠷᠴᠢᠮ ᠲᠣᠭᠣᠷᠢᠨ ᠪᠠᠢᠴᠠᠭᠠᠵᠤ᠂ ᠡᠨᠡ ᠬᠤᠭᠤᠴᠠᠭᠠᠨ᠎ᠳᠤ ᠲᠤᠰᠭᠠᠢ ᠵᠢᠵᠢᠭᠦᠷᠯᠡᠬᠦ᠌ ᠤᠲᠠᠰᠤ ᠪᠠ ᠱᠢᠦᠳᠠᠨ᠎ᠤ ᠵᠠᠬᠢᠳᠠᠯ᠎ᠤᠨ ᠬᠠᠢᠷᠴᠠᠭ ᠲᠤᠬᠢᠷᠠᠭᠤᠯᠵᠤ᠂ ᠭᠣᠣᠯᠳᠠᠭᠤ ᠲᠣᠭᠣᠷᠢᠨ ᠪᠠᠢᠴᠠᠭᠠᠭ᠍ᠳᠠᠬᠤ ᠨᠠᠮ᠎ᠤᠨ ᠵᠣᠬᠢᠶᠠᠨ ᠪᠠᠢᠭᠤᠯᠤᠯᠲᠠ᠎ᠶ᠋ᠢᠨ ᠤᠳᠤᠷᠢᠳᠭᠤ ᠪᠠᠭ ᠵᠢᠴᠢ ᠲᠡᠭᠦᠨ᠎ᠦ ᠪᠦᠷᠢᠯᠳᠦᠬᠦᠨ᠂ ᠳᠣᠣᠷ᠎ᠠ ᠨᠢᠭᠡ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ᠎ᠶ᠋ᠢᠨ ᠭᠣᠣᠯ ᠬᠠᠷᠢᠭᠤᠴᠠᠯᠭᠠᠲᠠᠨ ᠪᠠ ᠴᠢᠬᠤᠯᠠ ᠠᠵᠢᠯ᠎ᠤᠨ ᠪᠠᠢᠷᠢ᠎ᠳᠡᠬᠢ ᠤᠳᠤᠷᠢᠳᠭᠤ ᠺᠠᠳ᠋ᠷ᠎ᠤᠨ ᠠᠰᠠᠭᠤᠳᠠᠯ᠎ᠢ ᠲᠤᠰᠭᠠᠬ᠍ᠰᠠᠨ ᠵᠠᠬᠢᠳᠠᠯ ᠪᠠ ᠤᠲᠠᠰᠤ ᠰᠤᠷᠪᠤᠯᠵᠢᠯᠠᠯ᠎ᠢ ᠬᠦᠯᠢᠶᠡᠨ ᠠᠪᠴᠤ᠌ ᠱᠢᠢᠳᠪᠦᠷᠢᠯᠡᠨ᠎ᠡ᠂ ᠭᠣᠣᠯᠳᠠᠭᠤ ᠤᠯᠤᠰ ᠲᠦᠷᠦ᠍ ᠎ᠶ᠋ᠢᠨ ᠰᠠᠬᠢᠯᠭ᠎ᠠ ᠪᠠᠲᠤ᠂ ᠵᠣᠬᠢᠶᠠᠨ ᠪᠠᠢᠭᠤᠯᠤᠯᠲᠠ᠎ᠶ᠋ᠢᠨ ᠰᠠᠬᠢᠯᠭ᠎ᠠ ᠪᠠᠲᠤ᠂ ᠠᠷᠢᠭᠤᠨ ᠴᠢᠬᠡᠴᠢ᠎ᠶ᠋ᠢᠨ ᠰᠠᠬᠢᠯᠭ᠎ᠠ ᠪᠠᠲᠤ᠂ ᠤᠯᠠᠨ ᠲᠦᠮᠡᠨ᠎ᠦ ᠰᠠᠬᠢᠯᠭ᠎ᠠ ᠪᠠᠲᠤ᠂ ᠠᠵᠢᠯ᠎ᠤᠨ ᠰᠠᠬᠢᠯᠭ᠎ᠠ ᠪᠠᠲᠤ ᠪᠠ ᠠᠮᠢᠳᠤᠷᠠᠯ᠎ᠤᠨ ᠰᠠᠬᠢᠯᠭ᠎ᠠ ᠪᠠᠲᠤ ᠵᠢᠴᠢ ᠲᠣᠭᠣᠷᠢᠨ ᠪᠠᠢᠴᠠᠭᠠᠵᠤ ᠴᠡᠭ᠌ᠴᠡᠯᠡᠨ ᠰᠠᠢᠵᠢᠷᠠᠭᠤᠯᠬᠤ ᠵᠡᠷᠭᠡ ᠲᠠᠯ᠎ᠠ᠎ᠶ᠋ᠢᠨ ᠠᠰᠠᠭᠤᠳᠠᠯ᠎ᠢ ᠲᠤᠰᠭᠠᠬᠤ ᠪᠣᠯᠤᠨ᠎ᠠ᠃ 2024 ᠣᠨ᠎ᠤ 4 ᠰᠠᠷ᠎ᠠ᠎ᠶ᠋ᠢᠨ 20 ᠎ᠤ᠋ ᠡᠳᠦᠷ ᠪᠤᠯᠲᠠᠯ᠎ᠠ ᠵᠠᠬᠢᠳᠠᠯ ᠰᠤᠷᠪᠤᠯᠵᠢᠯᠠᠯ᠎ᠢ ᠬᠦᠯᠢᠶᠡᠨ ᠠᠪᠤᠨ᠎ᠠ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠰᠠᠢᠨ᠎ᠠ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面