2024ᠤᠨ᠎ᠤ᠋ ᠪᠦᠬᠦ ᠤᠯᠤᠰ᠎ᠤ᠋ᠨ ᠬᠣᠶᠠᠷ ᠬᠤᠷᠠᠯ > ᠮᠡᠳᠡᠭᠡᠯᠡᠯ

2024-03-10 17:17:35

ᠵᠣᠬᠢᠶᠠᠭ᠍ᠴᠢ᠄ ᠣᠩᠱᠢᠭ᠍ᠰᠠᠨ ᠣᠳᠠᠭ᠎ᠠ᠄ 3


ᠸᠠᠩ ᠬ᠍ᠤ ᠨᠢᠩ ᠣᠷᠣᠯᠴᠠᠵᠠᠢ 14 ᠭᠡᠱᠢᠭᠦᠨ ᠶᠡᠬᠡ ᠬᠤᠷᠠᠯ ᠳᠡᠬᠡᠷ᠎ᠡ ᠦᠬᠡ ᠬᠡᠯᠡᠪᠡ



ᠪᠦᠬᠦ᠌ ᠤᠯᠤᠰ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠦ ᠠᠷᠪᠠᠨ ᠳᠥᠷᠪᠡᠳᠦᠭᠡᠷ ᠬᠤᠭᠤᠴᠠᠭᠠᠨ᠎ᠤ ᠬᠣᠷᠢᠶ᠎ᠠ ᠵᠢᠨ ᠬᠣᠶᠠᠳᠤᠭᠠᠷ ᠬᠤᠷᠠᠯ 9 ᠤ᠋ ᠦᠳᠡ᠎ᠶ᠋ᠢᠨ ᠡᠮᠦᠨ᠎ᠡ ᠠᠷᠠᠳ᠎ᠤᠨ ᠶᠡᠬᠡ ᠬᠤᠷᠠᠯ᠎ᠤᠨ ᠲᠠᠩᠬᠢᠮ᠎ᠳᠤ ᠭᠤᠷᠪᠠᠳᠤᠭᠠᠷ ᠪᠦᠬᠦᠳᠡ ᠬᠤᠷᠠᠯ ᠬᠢᠪᠡ᠃ ᠨᠠᠮ᠎ᠤᠨ ᠲᠥᠪ ᠬᠣᠷᠢᠶ᠎ᠠ ᠵᠢᠨ ᠤᠯᠤᠰ ᠲᠦᠷᠦ᠍᠎ᠶ᠋ᠢᠨ ᠲᠣᠪᠴᠢᠶ᠎ᠠ ᠵᠢᠨ ᠪᠠᠢᠩᠭᠤ᠎ᠶ᠋ᠢᠨ ᠭᠡᠱᠢᠭᠦᠨ᠂ ᠪᠦᠬᠦ᠌ ᠤᠯᠤᠰ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠦ ᠲᠡᠷᠢᠭᠦᠯᠡᠭ᠌ᠴᠢ ᠸᠠᠩ ᠬ᠍ᠤ ᠨᠢᠩ ᠬᠤᠷᠠᠯ᠎ᠳᠤ ᠣᠷᠣᠯᠴᠠᠵᠠᠢ᠃ 14 ᠭᠡᠱᠢᠭᠦᠨ ᠶᠡᠬᠡ ᠬᠤᠷᠠᠯ ᠳᠡᠬᠡᠷ᠎ᠡ ᠦᠬᠡ ᠬᠡᠯᠡᠪᠡ᠃

ᠨᠠᠮ᠎ᠤᠨ ᠲᠥᠪ ᠬᠣᠷᠢᠶ᠎ᠠ ᠵᠢᠨ ᠤᠯᠤᠰ ᠲᠦᠷᠦ᠍᠎ᠶ᠋ᠢᠨ ᠲᠣᠪᠴᠢᠶ᠎ᠠ ᠵᠢᠨ ᠭᠡᠱᠢᠭᠦᠨ᠂ ᠲᠥᠪ᠎ᠦᠨ ᠤᠬᠠᠭᠤᠯᠬᠤ ᠬᠡᠯᠲᠡᠰ᠎ᠦᠨ ᠳᠠᠷᠤᠭ᠎ᠠ ᠯᠢ ᠱᠤ᠌ ᠯᠸᠢ ᠂ ᠨᠠᠮ᠎ᠤᠨ ᠲᠥᠪ ᠬᠣᠷᠢᠶ᠎ᠠ ᠵᠢᠨ ᠤᠯᠤᠰ ᠲᠦᠷᠦ᠍᠎ᠶ᠋ᠢᠨ ᠲᠣᠪᠴᠢᠶ᠎ᠠ ᠵᠢᠨ ᠭᠡᠱᠢᠭᠦᠨ᠂ ᠲᠦᠷᠦ᠍᠎ᠶ᠋ᠢᠨ ᠶᠠᠪᠤᠳᠠᠯ᠎ᠤᠨ ᠬᠣᠷᠢᠶ᠎ᠠ ᠵᠢᠨ ᠳᠡᠳ᠋ ᠶᠡᠷᠦᠩᠬᠡᠢ ᠰᠠᠢᠳ ᠾᠧ ᠯᠢ ᠹᠸᠩ ᠵᠢᠴᠢ ᠨᠠᠮ᠎ᠤᠨ ᠲᠥᠪ ᠬᠣᠷᠢᠶ᠎ᠠ᠂ ᠲᠦᠷᠦ᠍᠎ᠶ᠋ᠢᠨ ᠶᠠᠪᠤᠳᠠᠯ᠎ᠤᠨ ᠬᠣᠷᠢᠶ᠎ᠠ ᠵᠢᠨ ᠬᠣᠯᠪᠣᠭ᠍ᠳᠠᠯ ᠪᠦᠬᠦᠢ ᠰᠠᠯᠠᠭ᠎ᠠ ᠮᠥᠴᠢᠷ᠎ᠦᠨ ᠬᠠᠷᠢᠭᠤᠴᠠᠯᠭᠠᠲᠠᠨ ᠨᠥᠬᠥᠳ ᠤᠷᠢᠯᠭ᠎ᠠ᠎ᠪᠠᠷ ᠬᠤᠷᠠᠯ᠎ᠳᠤ ᠣᠷᠣᠯᠴᠠᠵᠤ ᠬᠡᠰᠢᠬᠦᠳ᠎ᠤᠨ ᠦᠬᠡ ᠬᠡᠯᠡᠬᠦ᠎ᠶ᠋ᠢ ᠰᠣᠨᠣᠰᠴᠠᠢ᠃

ᠸᠧᠶ ᠱᠢᠶᠤᠤ ᠳ᠋ᠦᠩ ᠭᠡᠱᠢᠭᠦᠨ ᠦᠭᠡ ᠬᠡᠯᠡᠬᠦ᠌᠎ᠳᠡᠭᠡᠨ᠂ ᠤᠯᠤᠰ ᠲᠥᠷᠥ᠎ᠶ᠋ᠢᠨ ᠵᠥᠪᠯᠡᠯᠭᠡᠨ᠎ᠨᠢ ᠨᠠᠮ ᠵᠠᠰᠠᠭ᠎ᠤᠨ ᠬᠡᠷᠡᠭ᠌ᠴᠡᠭᠡ᠂ ᠣᠯᠠᠨ ᠲᠦᠮᠡᠨ᠎ᠦ ᠬᠦᠰᠡᠯ ᠡᠷᠡᠮᠡᠯᠵᠡᠯ ᠂ ᠤᠯᠤᠰ ᠲᠥᠷᠥ᠎ᠶ᠋ᠢᠨ ᠵᠥᠪᠯᠡᠯᠭᠡᠨ᠎ᠦ ᠴᠢᠳᠠᠪᠬᠢ ᠵᠢᠨ ᠤᠶᠠᠯᠳᠤᠯ ᠴᠡᠭ᠎ᠢ ᠣᠨᠣᠪᠴᠢᠲᠠᠶ ᠣᠯᠵᠤ᠂ ᠪᠠᠢᠴᠠᠭᠠᠨ ᠰᠤᠳᠤᠯᠤᠯᠲᠠ ᠬᠢᠬᠦ᠌ ᠪᠠ ᠠᠷᠠᠳᠴᠢᠯᠠᠯ᠎ᠢᠶᠠᠷ ᠬᠢᠨᠠᠯᠲᠠ ᠲᠠᠯᠪᠢᠬᠤ᠎ᠶ᠋ᠢ ᠭᠦᠨᠵᠡᠭᠡᠶ ᠥᠷᠨᠢᠭᠦᠯᠵᠦ᠍᠂ ᠤᠯᠤᠰ ᠲᠥᠷᠥ᠎ᠶ᠋ᠢᠨ ᠵᠥᠪᠯᠡᠯᠭᠡᠨ᠎ᠦ ᠭᠡᠱᠢᠭᠦᠨ᠎ᠦ ᠭᠤᠤᠯ ᠴᠣᠭ᠍ᠴᠠ᠎ᠶ᠋ᠢᠨ ᠦᠶ᠋ᠯᠡᠳᠦᠯ᠎ᠢ ᠪᠠᠳᠠᠷᠠᠭᠤᠯᠵᠤ᠂ ᠦᠨᠡᠨ᠎ᠡᠴᠡ ᠵᠥᠪ᠎ᠢ ᠡᠷᠢᠨ ᠠᠰᠠᠭᠤᠳᠠᠯ᠎ᠢ ᠲᠤᠰᠭᠠᠵᠤ ᠂ ᠰᠠᠨᠠᠯ ᠰᠠᠨᠠᠭᠤᠯᠭ᠎ᠠ ᠳᠤᠷᠠᠳᠴᠤ᠌ ᠂ ᠨᠠᠮ ᠵᠠᠰᠠᠭ᠎ᠤᠨ ᠠᠵᠢᠯ᠎ᠲᠠᠶ ᠢᠵᠢᠯᠢ ᠴᠢᠭ᠌ᠯᠡᠯ᠎ᠢᠶᠡᠷ ᠨᠠᠩ ᠰᠠᠢᠲᠤᠷ ᠬᠦᠴᠦᠯᠡᠬᠦ᠌ ᠬᠡᠷᠡᠭ᠌ᠲᠡᠶ ᠭᠡᠪᠡ᠃

ᠴᠧᠨ ᠱᠢᠩ ᠶᠢᠩ ᠭᠡᠱᠢᠭᠦᠨ ᠳᠤᠮᠳᠠᠳᠤ ᠤᠯᠤᠰ᠎ᠤᠨ ᠭᠣᠮᠢᠨᠳᠠᠩ᠎ᠤᠨ ᠬᠤᠪᠢᠰᠭᠠᠯᠲᠤ ᠬᠣᠷᠢᠶ᠎ᠠ ᠵᠢᠨ ᠲᠥᠪ ᠬᠣᠷᠢᠶ᠎ᠠ᠎ᠶ᠋ᠢ ᠲᠥᠯᠥᠭᠡᠯᠡᠨ ᠦᠭᠡ ᠬᠡᠯᠡᠬᠦ᠌᠎ᠳᠡᠭᠡᠨ᠂ ᠱᠢᠨ᠎ᠡ ᠴᠠᠭ ᠦᠶ᠎ᠡ᠎ᠶ᠋ᠢᠨ《ᠹᠸᠩᠴᠢᠶᠣᠤ᠎ᠶ᠋ᠢᠨ ᠲᠤᠷᠱᠢᠯᠭ᠎ᠠ》 ᠵᠢ ᠪᠠᠷᠢᠮᠲᠠᠯᠠᠨ ᠬᠥᠭ᠌ᠵᠢᠭᠦᠯᠵᠦ᠍᠂ 《ᠪᠦᠬᠦᠨ᠎ᠢ ᠪᠦᠷᠬᠦᠬᠦᠯᠦᠭᠰᠡᠨ》 ᠳᠦᠷᠢᠮ᠎ᠦᠨ ᠱᠢᠰᠲ᠋ᠧᠮ᠎ᠢ ᠪᠠᠢᠭᠤᠯᠵᠤ᠂ ᠡᠬᠢ ᠡᠭᠦᠰᠦᠯ᠎ᠡᠴᠡ ᠨᠢ ᠵᠢᠭ᠍ᠰᠠᠭᠠᠨ ᠪᠠᠢᠴᠠᠭᠠᠵᠤ ᠵᠦᠷᠢᠴᠡᠯ ᠵᠠᠭᠤᠷᠠᠯᠳᠤᠭᠠᠨ᠎ᠢ ᠱᠢᠢᠳᠪᠦᠷᠢᠯᠡᠬᠦ᠌ ᠨᠢᠭᠡᠳᠦᠯ᠎ᠦᠨ ᠡᠷᠴᠢᠮ᠎ᠢ ᠴᠢᠩᠭᠠᠷᠠᠭᠤᠯᠵᠤ᠂ ᠬᠠᠮᠲᠤ᠎ᠪᠠᠷ ᠪᠠᠢᠭᠤᠯᠬᠤ ᠬᠠᠮᠲᠤ᠎ᠪᠠᠷ ᠵᠠᠰᠠᠬᠤ ᠬᠠᠮᠲᠤ᠎ᠪᠠᠷ ᠡᠳ᠋ᠯᠡᠬᠦ᠌ ᠦᠷ᠎ᠡ ᠪᠦᠲᠦᠮᠵᠢ᠎ᠶ᠋ᠢ ᠢᠯᠡᠷᠡᠭᠦᠯᠵᠦ᠍ ᠂ 《ᠪᠦᠬᠦ᠌ ᠲᠠᠪᠴᠠᠩ》 ᠤ᠋ᠨ ᠦᠢᠯᠡᠴᠢᠯᠡᠭᠡᠨ᠎ᠦ ᠱᠢᠰᠲ᠋ᠧᠮ ᠂ 《ᠪᠦᠬᠦ᠌ ᠡᠯᠧᠮᠧᠨ᠋ᠲ》 ᠤ᠋ᠨ ᠪᠠᠲᠤᠯᠠᠭ᠎ᠠ᠎ᠶ᠋ᠢᠨ ᠱᠢᠰᠲ᠋ᠧᠮ ᠪᠣᠯᠤᠨ ᠭᠦᠢᠴᠡᠳ ᠪᠠᠲᠤᠯᠠᠭ᠎ᠠ ᠪᠦᠬᠦᠢ ᠵᠥᠷᠢᠴᠡᠯ ᠵᠠᠭᠤᠷᠠᠯᠳᠤᠭᠠᠨ᠎ᠢ ᠰᠡᠷᠭᠡᠢᠯᠡᠨ ᠠᠷᠢᠯᠭᠠᠬᠤ ᠱᠢᠰᠲ᠋ᠧᠮ᠎ᠢ ᠪᠠᠢᠭᠤᠯᠵᠤ ᠂ ᠣᠳᠣᠬᠢᠴᠢᠯᠠᠭ᠍ᠰᠠᠨ ᠦᠨᠳᠦᠰᠦᠨ ᠱᠠᠲᠤᠨ᠎ᠤ ᠵᠠᠰᠠᠯᠲᠠ᠎ᠶ᠋ᠢ ᠲᠡᠭᠦᠯᠳᠡᠷᠵᠢᠭᠦᠯᠬᠦ᠌ ᠬᠡᠷᠡᠭ᠌ᠲᠡᠢ ᠬᠡᠪᠡ᠃

ᠶᠠᠩ ᠢᠦᠢ ᠳ᠋ᠦᠩ ᠭᠡᠱᠢᠭᠦᠨ ᠪᠦᠬᠦ᠌ ᠤᠯᠤᠰ᠎ᠤᠨ ᠠᠵᠢᠯᠴᠢᠨ᠎ᠤ ᠶᠡᠷᠦᠩᠬᠡᠢ ᠡᠪᠯᠡᠯ᠎ᠢ ᠲᠥᠯᠥᠭᠡᠯᠡᠨ ᠦᠭᠡ ᠬᠡᠯᠡᠬᠦ᠌᠎ᠳᠡᠭᠡᠨ᠂ ᠠᠵᠤ ᠦᠢᠯᠡᠰ᠎ᠦᠨ ᠠᠵᠢᠯᠴᠢᠨ ᠪᠣᠯ ᠱᠢᠨ᠎ᠡ ᠴᠢᠨᠠᠷ᠎ᠪᠦᠬᠦᠢ ᠦᠢᠯᠡᠳᠪᠦᠷᠢᠯᠡᠯ᠎ᠦᠨ ᠬᠦᠴᠦᠨ᠎ᠢ ᠬᠥᠭ᠌ᠵᠢᠭᠦᠯᠬᠦ᠌ ᠴᠢᠬᠤᠯᠠ ᠬᠦᠴᠦᠨ ᠮᠥᠨ᠃ ᠥᠨᠳᠥᠷ ᠲᠦᠪᠱᠢᠨ ᠪᠦᠬᠦᠢ ᠠᠵᠢᠯ ᠮᠡᠷᠭᠡᠵᠢᠯ᠎ᠦᠨ ᠰᠤᠷᠭᠠᠨ ᠬᠥᠮᠦᠵᠢᠯ᠎ᠢ ᠶᠡᠬᠡ᠎ᠪᠡᠷ ᠬᠥᠭ᠌ᠵᠢᠭᠦᠯᠵᠦ᠍᠂ ᠨᠠᠰᠤᠨ ᠲᠤᠷᠱᠢᠳᠠ᠎ᠶ᠋ᠢᠨ ᠠᠵᠢᠯ ᠮᠡᠷᠭᠡᠵᠢᠯ᠎ᠦᠨ ᠤᠷ᠎ᠠ ᠴᠢᠳᠠᠪᠤᠷᠢ᠎ᠶ᠋ᠢᠨ ᠪᠣᠯᠪᠠᠰᠤᠷᠠᠯ᠎ᠤᠨ ᠱᠢᠰᠲ᠋ᠧᠮ᠎ᠢ ᠪᠠᠢᠭᠤᠯᠵᠤ᠂ ᠠᠵᠤ ᠦᠢᠯᠡᠰ᠎ᠦᠨ ᠠᠵᠢᠯᠴᠢᠨ᠎ᠤ ᠠᠵᠢᠯ ᠮᠡᠷᠭᠡᠵᠢᠯ᠎ᠦᠨ ᠬᠥᠭ᠌ᠵᠢᠯᠲᠡ᠎ᠳᠦ ᠬᠦᠴᠦᠨ ᠨᠡᠮᠡᠷᠢᠯᠡᠵᠦ᠍ ᠂ ᠬᠥᠳᠡᠯᠮᠦᠷᠢ ᠢᠷᠠᠭᠤ ᠠᠯᠳᠠᠷᠲᠠᠢ ᠂ ᠤᠷ᠎ᠠ ᠴᠢᠳᠠᠪᠤᠷᠢ ᠡᠷᠬᠢᠮ ᠲᠡᠭᠡᠳᠦ ᠂ ᠡᠭᠦᠳᠦᠨ ᠪᠦᠲᠦᠭᠡᠯᠲᠡ ᠠᠭᠤᠤ ᠶᠡᠬᠡ ᠨᠡᠢᠭᠡᠮ᠎ᠦᠨ ᠠᠭᠤᠷ ᠠᠮᠢᠰᠭᠤᠯ᠎ᠢ ᠪᠤᠢ ᠪᠣᠯᠭᠠᠬᠤ ᠬᠡᠷᠡᠭ᠌ᠲᠡᠢ ᠬᠡᠪᠡ᠃

ᠵᠦᠧᠧ ᠭᠠ ᠭᠡᠱᠢᠭᠦᠨ ᠦᠬᠡ ᠬᠡᠯᠡᠬᠦ ᠳ᠋ᠡᠬᠡᠨ᠂ ᠳᠤᠮᠳᠠᠳᠤ ᠤᠯᠤᠰ᠎ᠤᠨ ᠡᠪ ᠬᠠᠮᠳᠤ ᠨᠠᠮ᠎ᠤᠨ ᠲᠥᠪ ᠬᠣᠷᠢᠶ᠎ᠠ ᠵᠢᠨ ᠳᠣᠲᠣᠨᠣ ᠬᠠᠯᠠᠮᠵᠢᠯᠠᠯ ᠪᠣᠯᠤᠨ ᠪᠦᠬᠦ᠌ ᠤᠯᠤᠰ᠎ᠤᠨ ᠠᠷᠠᠳ ᠲᠦᠮᠡᠨ᠎ᠦ ᠬᠠᠷᠠᠮ ᠦᠭᠡᠢ ᠳᠡᠮᠵᠢᠯᠭᠡ ᠳᠣᠣᠷ᠎ᠠ᠂ ᠴᠠᠰᠤᠲᠤ ᠣᠷᠣᠨ᠎ᠤ ᠬᠥᠪᠡᠭᠦᠳ ᠥᠬᠢᠳ ᠱᠢᠷᠭᠠᠭᠤ ᠬᠠᠲᠠᠭᠤᠵᠢᠯᠲᠠᠢ ᠲᠡᠮᠡᠴᠡᠵᠦ᠍᠂ ᠲᠩᠷᠢ ᠭᠠᠵᠠᠷ᠎ᠢ ᠳᠤᠩᠰᠤᠯᠭᠠᠮ᠎ᠠ ᠬᠤᠪᠢᠷᠠᠯᠳᠠ ᠭᠠᠷᠭᠠᠵᠥ᠂ ᠬᠥᠮᠦᠨ᠎ᠦ ᠶᠢᠷᠲᠢᠨᠴᠦ᠍᠎ᠶ᠋ᠢᠨ ᠭᠠᠢᠬᠠᠮᠱᠢᠭ ᠎ᠢ ᠡᠭᠦᠳᠴᠡᠢ᠃ ᠲᠥᠪᠡᠳ᠎ᠦᠨ ᠦᠨᠳᠦᠰᠦᠲᠡᠨ᠎ᠨᠦᠭᠦᠳ᠎ᠦᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠲᠠᠰᠤᠷᠠᠯᠲᠠ ᠦᠭᠡᠢ ᠥᠷᠭᠡᠳᠴᠦ᠍᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ ᠲᠠᠰᠤᠷᠠᠯᠲᠠ ᠦᠭᠡᠢ ᠪᠡᠬᠢᠵᠢᠵᠦ᠍᠂ ᠨᠡᠢᠭᠡᠮ ᠎ᠦᠨ ᠶᠡᠬᠡ ᠲᠠᠯ᠎ᠠ ᠦᠷᠭᠦᠯᠵᠢᠯᠡᠨ ᠲᠣᠭ᠍ᠲᠠᠭᠤᠨ ᠪᠠᠢᠵᠤ᠂ ᠠᠵᠤ ᠠᠬᠤᠢ ᠡᠷᠡᠭᠦᠯ᠎ᠢᠶᠡᠷ ᠲᠦᠷᠭᠡᠨ ᠬᠥᠭ᠌ᠵᠢᠵᠦ᠍᠂ ᠡᠯ᠎ᠡ ᠠᠵᠢᠯ ᠲᠦᠷᠦᠯ᠂ ᠡᠯ᠎ᠡ ᠹᠷᠣᠨᠲ ᠲᠤ᠌ ᠴᠥᠮ ᠦᠨᠳᠦᠰᠦᠲᠡᠨ᠎ᠨᠦᠭᠦᠳ᠎ᠦᠨ ᠤᠯᠠᠨ ᠲᠦᠮᠡᠨ᠎ᠦ ᠱᠢᠷᠭᠠᠭᠤ ᠬᠠᠲᠠᠭᠤᠵᠢᠯᠲᠠᠢ ᠲᠡᠮᠡᠴᠡᠵᠦ᠍ ᠪᠠᠢᠭ᠎ᠠ ᠪᠠᠷ᠎ᠠ ᠰᠡᠭᠦᠳᠡᠷ ᠬᠠᠷᠠᠭ᠍ᠳᠠᠵᠤ᠂ ᠨᠡᠢᠭᠡᠮ ᠵᠢᠷᠤᠮᠳᠤ ᠱᠢᠨ᠎ᠡ ᠲᠥᠪᠡᠳ᠎ᠢ ᠪᠦᠲᠦᠭᠡᠨ ᠪᠠᠢᠭᠤᠯᠬᠤ ᠬᠦᠴᠦᠨ ᠲᠠᠰᠤᠷᠠᠯᠲᠠ ᠦᠭᠡᠢ ᠪᠤᠵᠠᠭᠠᠢᠷᠠᠵᠤ ᠪᠠᠢᠨ᠎ᠠ ᠬᠡᠪᠡ᠃

ᠶᠠᠨ ᠵᠢᠤᠸᠠᠢ ᠭᠡᠱᠢᠭᠦᠨ ᠦᠭᠡ ᠬᠡᠯᠡᠬᠦ᠎ᠳ᠋ᠡᠬᠡᠨ᠂ ᠤᠯᠤᠰ᠎ᠢᠶᠠᠨ ᠬᠠᠢᠷᠠᠯᠠᠬᠤ ᠱᠠᠱᠢᠨ᠎ᠢᠶᠠᠨ ᠬᠠᠢᠷᠠᠯᠠᠬᠤ ᠪᠣᠯ ᠳᠤᠮᠳᠠᠳᠤ ᠤᠯᠤᠰ᠎ᠤᠨ ᠪᠤᠷᠬᠠᠨ ᠱᠠᠱᠢᠨ᠎ᠤ ᠱᠢᠯᠢᠳᠡᠭ ᠤᠯᠠᠮᠵᠢᠯᠠᠯ ᠪᠣᠯᠬᠤ ᠪᠥᠭᠡᠳ ᠮᠠᠨ᠎ᠤ ᠤᠯᠤᠰ᠎ᠤᠨ ᠡᠯ᠎ᠡ ᠱᠠᠱᠢᠨ ᠰᠤᠷᠲᠠᠬᠤᠨ᠎ᠤ ᠱᠢᠯᠢᠳᠡᠭ ᠤᠯᠠᠮᠵᠢᠯᠠᠯ᠂ ᠢᠯᠡ ᠲᠣᠳᠣ ᠣᠨᠴᠠᠯᠢᠭ᠂ ᠥᠪᠡᠷᠮᠢᠴᠡ ᠳᠠᠪᠠᠭᠤᠯᠢᠭ ᠪᠣᠯᠤᠨ᠎ᠠ᠃ ᠱᠠᠱᠢᠨ ᠰᠤᠷᠲᠠᠬᠤᠨ᠎ᠤ ᠡᠲᠡᠭᠡᠳ᠎ᠦᠨ ᠬᠢᠨ ᠦᠵᠡᠯ ᠰᠠᠨᠠᠭᠠᠨ᠎ᠤ ᠤᠬᠠᠮᠰᠠᠷ᠎ᠢᠶᠠᠨ ᠳᠡᠭᠡᠭ᠌ᠰᠢᠯᠡᠭᠦᠯᠵᠦ᠍᠂ ᠲᠡᠦᠬᠡ᠎ᠶ᠋ᠢᠨ ᠰᠠᠨᠠᠭᠠᠴᠢᠯᠠᠭᠠᠲᠤ ᠴᠢᠨᠠᠷ᠎ᠢᠶᠡᠨ ᠴᠢᠩᠭᠠᠳᠭᠠᠵᠤ᠂ ᠭᠣᠣᠯ ᠴᠣᠭ᠍ᠴᠠ᠎ᠶ᠋ᠢᠨ ᠦᠢᠯᠡᠳᠦᠯ᠎ᠢᠶᠡᠨ ᠪᠠᠳᠠᠷᠠᠭᠤᠯᠵᠤ᠂ ᠨᠡᠢᠭᠡᠮ ᠵᠢᠷᠤᠮ᠎ᠤᠨ ᠭᠣᠣᠯᠯᠠᠭ᠍ᠴᠢ ᠦᠷᠳᠡᠭ᠎ᠦᠨ ᠦᠵᠡᠯᠲᠡ᠎ᠪᠡᠷ ᠵᠢᠯᠤᠭᠤᠳᠤᠯᠭ᠎ᠠ ᠪᠣᠯᠭᠠᠵᠤ᠂ ᠮᠠᠨ᠎ᠤ ᠤᠯᠤᠰ᠎ᠤᠨ ᠡᠯ᠎ᠡ ᠱᠠᠱᠢᠨ ᠰᠤᠷᠲᠠᠬᠤᠨ᠎ᠤ ᠱᠠᠱᠢᠨ᠎ᠤ ᠤᠴᠢᠷ ᠤᠳᠬ᠎ᠠ ᠰᠠᠬᠢᠯ ᠰᠠᠨᠸᠠᠷ᠂ ᠬᠠᠮᠢᠶᠠᠷᠤᠯᠲᠠ᠎ᠶ᠋ᠢᠨ ᠲᠦᠷᠢᠮ᠂ ᠶᠣᠰᠣᠯᠠᠯ᠎ᠤᠨ ᠵᠠᠩᠱᠢᠯ᠂ ᠠᠵᠢᠯᠯᠠᠭᠠᠨ᠎ᠤ ᠵᠢᠷᠤᠮᠵᠢᠯ ᠵᠡᠷᠭᠡ ᠲᠠᠯ᠎ᠠ᠎ᠪᠠᠷ ᠲᠠᠰᠤᠷᠠᠯᠳᠠ ᠦᠭᠡᠢ ᠳᠤᠮᠳᠠᠳᠤ ᠤᠯᠤᠰ᠎ᠤᠨ ᠣᠨᠴᠠᠯᠢᠭ᠎ᠲᠠᠶ ᠪᠣᠯᠬᠤ᠎ᠶ᠋ᠢ ᠠᠬᠢᠭᠤᠯᠵᠤ᠂ ᠳᠤᠮᠳᠠᠳᠤ᠎ᠶ᠋ᠢᠨ ᠱᠢᠯᠢᠳᠡᠭ ᠤᠯᠠᠮᠵᠢᠯᠠᠯᠲᠤ ᠰᠣᠶᠣᠯ᠎ᠲᠠᠶ ᠠᠭᠤᠰᠤᠯᠴᠠᠭ᠍ᠰᠠᠨ᠂ ᠨᠡᠢᠭᠡᠮ ᠵᠢᠷᠤᠮᠲᠤ ᠨᠡᠢᠭᠡᠮ᠎ᠲᠡᠶ ᠵᠣᠬᠢᠴᠠᠭ᠍ᠰᠠᠨ ᠳᠤᠮᠳᠠᠳᠤ ᠤᠯᠤᠰ᠎ᠤᠨ ᠱᠠᠱᠢᠨ ᠰᠤᠷᠲᠠᠬᠤᠨ᠎ᠢ ᠪᠠᠢᠭᠤᠯᠵᠤ᠂ ᠳᠤᠮᠳᠠᠳᠤ᠎ᠶ᠋ᠢᠨ ᠦᠨᠳᠦᠰᠦᠲᠡᠨ᠎ᠦ ᠠᠭᠤᠤ ᠶᠡᠬᠡ ᠰᠡᠷᠭᠦᠨ ᠮᠠᠨᠳᠤᠯᠲᠠ᠎ᠳᠤ ᠬᠦᠴᠦᠨ ᠴᠢᠳᠠᠯ᠎ᠢᠶᠠᠨ ᠡᠷᠭᠦᠬᠦ᠌ ᠬᠡᠷᠡᠭ᠌ᠲᠡᠢ ᠭᠡᠪᠡ᠃

ᠾᠧ ᠴᠤᠤ ᠴᠢᠶᠥ᠋ᠩ ᠭᠡᠱᠢᠭᠦᠨ ᠦᠭᠡ ᠬᠡᠯᠡᠬᠦ᠌᠎ᠳᠡᠭᠡᠨ᠂ ᠱᠢᠶᠠᠩᠭᠠᠩ ᠣᠨᠴᠠᠭᠠᠢ ᠵᠠᠰᠠᠭ ᠵᠠᠬᠢᠷᠭᠠᠨ᠎ᠤ ᠣᠷᠣᠨ《ᠨᠢᠭᠡ ᠤᠯᠤᠰ》 ᠎ᠤ᠋ᠨ ᠦᠨᠳᠦᠰᠦ᠎ᠶ᠋ᠢ ᠪᠠᠲᠤ ᠰᠠᠬᠢᠬᠤ ᠪᠥᠭᠡᠳ《ᠬᠣᠶᠠᠷ ᠪᠠᠢᠭᠤᠯᠤᠯ》ᠤ᠋ᠨ ᠠᠱᠢᠭ᠎ᠢ ᠪᠠᠳᠠᠷᠠᠭᠤᠯᠵᠤ ᠴᠢᠳᠠᠨ᠎ᠠ᠂ ᠮᠥᠩᠭᠥᠨ ᠭᠦᠢᠯᠭᠡᠭᠡᠨ᠂ ᠠᠷᠠᠯᠵᠢᠶ᠎ᠠ᠂ ᠬᠠᠤᠯᠢ ᠴᠠᠭᠠᠵᠠ᠂ ᠲᠤᠰᠭᠠᠢ ᠠᠱᠢᠭ ᠵᠡᠷᠭᠡ ᠳᠠᠪᠠᠭᠤᠯᠢᠭ᠎ᠢᠶᠠᠨ ᠪᠠᠳᠠᠷᠠᠭᠤᠯᠵᠤ᠂ ᠨᠡᠩ ᠥᠨᠳᠥᠷ ᠲᠦᠪᠱᠢᠨ ᠪᠦᠬᠦᠢ ᠨᠡᠭᠡᠭᠡᠯᠲᠡᠲᠦ ᠮᠠᠶᠢᠭ᠎ᠤᠨ ᠠᠵᠤ ᠠᠬᠤᠢ᠎ᠶ᠋ᠢᠨ ᠱᠢᠨ᠎ᠡ ᠪᠠᠢᠭᠤᠯᠤᠮᠵᠢ᠎ᠶ᠋ᠢ ᠪᠠᠢᠭᠤᠯᠬᠤ᠎ᠳᠤ ᠥᠪᠡᠷ᠎ᠦᠨ ᠬᠦᠴᠦᠨ ᠴᠢᠳᠠᠯ᠎ᠢᠶᠠᠨ ᠡᠷᠭᠦᠪᠡᠯ ᠵᠣᠬᠢᠨ᠎ᠠ ᠭᠡᠪᠡ᠃

ᠵᠠᠩ ᠽᠦᠩ ᠵᠧᠨ ᠭᠡᠱᠢᠭᠦᠨ ᠦᠭᠡ ᠬᠡᠯᠡᠬᠦ᠌᠎ᠳᠡᠭᠡᠨ᠂ ᠣᠣᠮᠧᠨ ᠡᠬᠡ ᠤᠯᠤᠰ᠎ᠲᠠᠭᠠᠨ ᠪᠤᠴᠠᠵᠤ ᠢᠷᠡᠭ᠌ᠰᠡᠨ ᠬᠣᠷᠢᠨ ᠲᠠᠪᠤᠨ ᠵᠢᠯ᠎ᠦᠨ ᠲᠤᠷᠰᠢ ᠤᠭ ᠰᠠᠨᠠᠭ᠎ᠠ ᠬᠤᠪᠢᠷᠠᠰᠢ ᠦᠭᠡᠢ ᠪᠠᠢᠵᠤ᠂ ᠡᠬᠡ ᠤᠯᠤᠰ᠎ᠤᠨ ᠴᠡᠴᠡᠭ᠌ᠯᠡᠨ ᠬᠥᠭ᠌ᠵᠢᠵᠦ ᠪᠠᠶᠠᠵᠢᠨ ᠬᠦᠴᠦᠷᠬᠡᠭᠵᠢᠭᠰᠡᠨ ᠠᠭᠤᠤ ᠶᠡᠬᠡ ᠢᠷᠠᠭᠤ ᠠᠯᠳᠠᠷ᠎ᠢ ᠬᠠᠮᠲᠤ᠎ᠪᠠᠷ ᠡᠳ᠋ᠯᠡᠪᠡ᠃ ᠤᠯᠤᠰ᠎ᠤᠨ ᠬᠥᠭ᠌ᠵᠢᠯᠲᠡ᠎ᠶ᠋ᠢᠨ ᠶᠡᠬᠡ ᠲᠠᠯ᠎ᠠ᠎ᠳᠤ ᠠᠭᠤᠰᠤᠯᠴᠠᠨ ᠬᠥᠭ᠌ᠵᠢᠯᠲᠡ᠎ᠶ᠋ᠢ ᠡᠷᠢᠯᠬᠢᠯᠡᠬᠦ᠌ ᠪᠣᠯ ᠣᠣᠮᠧᠨ᠎ᠦ ᠰᠠᠭᠤᠭᠠᠯᠢ ᠠᠷᠠᠳ᠎ᠤᠨ ᠦᠨᠳᠦᠰᠦᠲᠡᠨ᠎ᠦ ᠰᠡᠷᠭᠦᠨ ᠮᠠᠨᠳᠤᠯᠲᠠ᠎ᠶ᠋ᠢᠨ ᠲᠡᠦᠬᠡᠲᠦ ᠬᠠᠷᠢᠭᠤᠴᠠᠯᠭ᠎ᠠ᠎ᠶ᠋ᠢ ᠵᠣᠷᠢᠭ᠍ᠲᠠᠢ ᠡᠭᠦᠷᠭᠡᠯᠡᠬᠦ᠌ ᠬᠠᠮᠲᠤ᠎ᠶ᠋ᠢᠨ ᠬᠦᠰᠡᠯ ᠡᠷᠡᠮᠡᠯᠵᠡᠯ ᠮᠥᠨ᠃ ᠾᠧᠩ ᠴᠢᠨ ᠭᠤᠸᠠᠩᠳᠦ᠋ᠩ ᠣᠣᠮᠧᠨ᠎ᠦ ᠭᠦᠨᠵᠡᠭᠡᠢ ᠬᠠᠮᠲᠤᠷᠠᠯᠴᠠᠭᠠᠨ᠎ᠤ ᠣᠷᠣᠨ᠎ᠤ ᠪᠦᠳᠦᠭᠡᠨ ᠪᠠᠢᠭᠤᠯᠤᠯᠲᠠ᠎ᠶ᠋ᠢ ᠲᠦᠷᠭᠡᠳᠭᠡᠵᠦ᠍᠂ ᠨᠡᠩ ᠶᠡᠬᠡ ᠡᠷᠴᠢᠮ᠎ᠢᠶᠡᠷ ᠠᠷᠠᠳ᠎ᠤᠨ ᠠᠮᠢᠳᠤᠷᠠᠯ᠎ᠤᠨ ᠰᠠᠢᠵᠢᠷᠠᠯᠲᠠ ᠪᠣᠯᠤᠨ ᠣᠣᠮᠧᠨ᠎ᠦ ᠠᠵᠤ ᠠᠬᠤᠢ᠎ᠶ᠋ᠢᠨ ᠵᠣᠬᠢᠰᠲᠠᠢ ᠤᠯᠠᠨ ᠡᠱᠢᠵᠢᠭ᠌ᠰᠡᠨ ᠬᠥᠭ᠌ᠵᠢᠯᠲᠡ᠎ᠶ᠋ᠢ ᠠᠬᠢᠭᠤᠯᠵᠤ᠂ 《ᠨᠢᠭᠡ ᠤᠯᠤᠰ ᠲᠤ᠌ ᠬᠣᠶᠠᠷ ᠪᠠᠢᠭᠤᠯᠤᠯ᠎ᠢ ᠬᠡᠷᠡᠭᠵᠢᠬᠦᠯᠬᠦ》ᠪᠠᠢᠭᠤᠯᠤᠯ᠎ᠢ ᠰᠠᠢᠲᠤᠷ ᠪᠠᠷᠢᠮᠲᠠᠯᠠᠵᠤ᠂ ᠰᠠᠢᠲᠤᠷ ᠲᠡᠭᠦᠯᠳᠡᠷᠵᠢᠭᠦᠯᠵᠦ᠍᠂ ᠰᠠᠢ᠌ᠨ ᠰᠠᠢᠬᠠᠨ ᠭᠡᠷ ᠣᠷᠣᠨ᠎ᠢᠶᠠᠨ ᠰᠠᠢᠲᠤᠷ ᠪᠠᠢᠭᠤᠯᠵᠤ᠂ ᠰᠠᠢᠲᠤᠷ ᠬᠥᠭ᠌ᠵᠢᠭᠦᠯᠬᠦ᠌ ᠬᠡᠷᠡᠭ᠌ᠲᠡᠢ ᠭᠡᠪᠡ᠃

ᠹᠦ᠋ ᡁᠢ ᠭᠤᠸᠠᠨ ᠭᠡᠱᠢᠭᠦᠨ ᠲᠠᠢᠸᠠᠨ᠎ᠤ ᠠᠷᠠᠳᠴᠢᠯᠠᠭᠰᠠᠨ ᠥᠪᠡᠷᠲᠡᠭᠡᠨ ᠵᠠᠰᠠᠬᠤ ᠬᠣᠯᠪᠣᠭ᠎ᠠ᠎ᠶ᠋ᠢᠨ ᠲᠥᠪ ᠬᠤᠷᠢᠶ᠎ᠠ᠎ᠶ᠋ᠢ ᠲᠥᠯᠥᠭᠡᠯᠡᠨ ᠦᠭᠡ ᠬᠡᠯᠡᠬᠦ᠌᠎ᠳᠡᠭᠡᠨ᠂ 《ᠲᠠᠢᠸᠠᠨ᠎ᠢ ᠲᠤᠰᠠᠭᠠᠷ ᠲᠣᠭ᠍ᠲᠠᠨᠢᠭᠤᠯᠬᠤ》 ᠎ᠶ᠋ᠢ ᠡᠰᠡᠷᠭᠦᠴᠡᠵᠦ᠍᠂ ᠡᠩᠬᠡ ᠲᠠᠢᠪᠤᠩ᠎ᠢ ᠡᠷᠬᠢᠮᠯᠡᠬᠦ ᠡᠴᠡ ᠪᠢᠰᠢ ᠲᠠᠢ᠌ᠨ ᠬᠢᠬᠦ᠌ ᠦᠬᠡᠢ᠂ ᠬᠥᠭ᠌ᠵᠢᠯᠲᠡ᠎ᠶ᠋ᠢ ᠡᠷᠬᠢᠮᠯᠡᠬᠦ᠌᠎ᠡᠴᠡ ᠪᠢᠰᠢ ᠲᠤᠷᠤᠢ᠌ᠳᠠᠬᠤ ᠦᠬᠡᠢ᠂ ᠰᠣᠯᠢᠯᠴᠠᠭ᠎ᠠ᠎ᠶ᠋ᠢ ᠡᠷᠬᠢᠮᠯᠡᠬᠦ᠌ ᠡᠴᠡ ᠪᠢᠰᠢ ᠰᠠᠯᠭᠠᠬᠤ ᠦᠬᠡᠢ᠂ ᠬᠠᠮᠲᠤᠷᠠᠯᠴᠠᠭ᠎ᠠ᠎ᠶ᠋ᠢ ᠡᠷᠬᠢᠮᠯᠡᠬᠦ᠌ ᠡᠴᠡ ᠪᠢᠰᠢ ᠡᠰᠡᠷᠭᠦᠴᠡᠯᠳᠦᠬᠦ᠌ ᠦᠬᠡᠢ ᠪᠠᠢᠬᠤ ᠪᠣᠯ ᠲᠠᠢᠸᠠᠨ ᠠᠷᠠᠯ᠎ᠤᠨ ᠳᠣᠲᠣᠷᠠᠬᠢ ᠭᠣᠣᠯ ᠤᠷᠤᠰᠭᠠᠯ ᠪᠣᠯᠬᠤ ᠠᠷᠠᠳ᠎ᠤᠨ ᠰᠠᠨᠠᠭ᠎ᠠ ᠪᠣᠯᠤᠨ᠎ᠠ ᠃ ᠨᠡᠪᠲᠡᠷᠡᠯᠴᠡᠭᠡ᠎ᠪᠡᠷ ᠠᠭᠤᠰᠤᠯᠴᠠᠯ᠎ᠢ ᠠᠬᠢᠭᠤᠯᠵᠤ᠂ ᠠᠱᠢᠭ ᠬᠦᠷᠲᠡᠭᠡᠬᠦ᠌᠎ᠪᠡᠷ ᠠᠭᠤᠰᠤᠯᠴᠠᠯ᠎ᠢ ᠠᠬᠢᠭᠤᠯᠵᠤ᠂ ᠬᠠᠢᠷ᠎ᠠ ᠰᠡᠳᠭᠢᠯᠭᠡ᠎ᠪᠡᠷ ᠠᠭᠤᠰᠤᠯᠴᠠᠯ᠎ᠢ ᠠᠬᠢᠭᠤᠯᠵᠤ᠂ ᠬᠣᠶᠠᠷ ᠬᠥᠪᠡᠭᠡᠨ᠎ᠦ ᠡᠯ᠎ᠡ ᠬᠦᠷᠢᠶ᠎ᠠ ᠵᠢᠨ ᠠᠭᠤᠰᠤᠯᠴᠠᠨ ᠬᠥᠭ᠌ᠵᠢᠬᠦ᠌ ᠱᠢᠨ᠎ᠡ ᠵᠠᠮ᠎ᠢ ᠭᠠᠷ ᠬᠣᠯᠪᠣᠨ ᠬᠠᠢᠨ ᠰᠦᠪᠡᠭ᠌ᠴᠢᠯᠡᠵᠦ᠍᠂ 《ᠬᠣᠶᠠᠷ ᠬᠥᠪᠡᠭᠡᠨ᠎ᠦ ᠬᠢᠨ ᠨᠢᠭᠡ ᠭᠡᠷ ᠪᠦᠯᠢ》ᠭᠡᠬᠦ᠌ ᠴᠠᠭ ᠦᠶ᠎ᠡ᠎ᠶ᠋ᠢᠨ ᠱᠢᠨ᠎ᠡ ᠬᠠᠭᠤᠳᠠᠰᠤ᠎ᠶ᠋ᠢ ᠦᠷᠭᠦᠯᠵᠢᠯᠡᠨ ᠪᠢᠴᠢᠭ᠌ᠯᠡᠬᠦ᠌ ᠬᠡᠷᠡᠭ᠌ᠲᠡᠢ ᠭᠡᠪᠡ᠃

ᠰᠦᠢ ᠵᠢᠶᠦ᠋ᠨ ᠭᠡᠱᠢᠭᠦᠨ ᠦᠭᠡ ᠬᠡᠯᠡᠬᠦ᠌᠎ᠳᠡᠭᠡᠨ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠶ᠋ᠢᠨ ᠠᠭᠤᠤ ᠶᠡᠬᠡ ᠠᠮᠵᠢᠯᠲᠠ ᠪᠦᠲᠦᠮᠵᠢ ᠪᠣᠯᠤᠨ ᠭᠡᠭᠡᠨ ᠰᠠᠷᠠᠭᠤᠯ ᠠᠯᠤᠰ ᠢᠷᠡᠭᠡᠳᠦᠢ ᠨᠢ ᠤᠯᠤᠰ᠎ᠲᠠᠭᠠᠨ ᠪᠤᠴᠠᠵᠤ ᠢᠷᠡᠭ᠌ᠰᠡᠨ ᠬᠠᠷᠢᠶᠠᠲᠤ᠎ᠨᠠᠷ ᠪᠠ ᠬᠠᠷᠢᠶᠠᠲᠤ᠎ᠨᠠᠷ᠎ᠤᠨ ᠬᠡᠷ ᠪᠦᠯᠢ᠎ᠶ᠋ᠢᠨ ᠬᠢᠨ ᠪᠣᠯᠤᠨ ᠭᠠᠳᠠᠭᠠᠳᠤ᠎ᠳᠤ ᠪᠠᠢᠭ᠎ᠠ ᠬᠠᠷᠢᠶᠠᠲᠤ ᠠᠬ᠎ᠠ ᠳᠡᠭᠦᠦ᠍᠎ᠨᠡᠷ᠎ᠦᠨ ᠤᠮᠤᠬ᠍ᠰᠢᠯᠳᠦ ᠰᠡᠳᠭᠢᠯᠭᠡ ᠪᠣᠯᠤᠨ ᠢᠲᠡᠭᠡᠯ ᠵᠣᠷᠢᠭ᠎ᠢ ᠶᠡᠬᠡᠪᠡᠷ ᠨᠡᠮᠡᠭ᠌ᠳᠡᠭᠦᠯᠪᠡ᠃ ᠥᠷᠭᠡᠨ ᠤᠯᠠᠨ ᠬᠠᠷᠢᠶᠠᠲᠤ ᠠᠬ᠎ᠠ ᠳᠡᠭᠦᠦ᠍᠎ᠨᠡᠷ ᠦᠷᠭᠦᠯᠵᠢᠯᠡᠨ ᠤᠯᠤᠰ᠎ᠢᠶᠠᠨ ᠬᠠᠢᠷᠠᠯᠠᠬᠤ ᠨᠤᠲᠤᠭ᠎ᠢᠶᠠᠨ ᠬᠠᠢᠷᠠᠯᠠᠬᠤ ᠭᠡᠷ ᠪᠦᠯᠢ᠎ᠪᠡᠨ ᠬᠠᠢᠷᠠᠯᠠᠬᠤ ᠱᠢᠯᠢᠳᠡᠭ ᠤᠯᠠᠮᠵᠢᠯᠠᠯ᠎ᠢᠶᠠᠨ ᠦᠷᠭᠦᠯᠵᠢᠯᠡᠨ ᠪᠠᠷᠢᠮᠲᠠᠯᠠᠵᠤ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠶ᠋ᠢᠨ ᠡᠷᠡᠰ ᠪᠠᠲᠤ ᠳᠡᠮᠵᠢᠭ᠌ᠴᠢ᠂ ᠢᠳᠡᠪᠬᠢᠲᠡᠢ ᠣᠷᠣᠯᠴᠠᠭ᠍ᠴᠢ᠂ ᠴᠢᠬᠤᠯᠠ ᠠᠬᠢᠭᠤᠯᠤᠬ᠍ᠴᠢ ᠪᠤᠯᠵᠤ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠶ᠋ᠢ ᠠᠬᠢᠭᠤᠯᠬᠤ᠎ᠳᠤ ᠱᠢᠨ᠎ᠡ ᠬᠥᠳᠡᠯᠭᠡᠬᠦ᠌ ᠬᠦᠴᠦᠨ ᠨᠡᠮᠡᠷᠢᠯᠡᠵᠦ᠍᠂ ᠱᠢᠨ᠎ᠡ ᠬᠤᠪᠢ ᠨᠡᠮᠡᠷᠢ ᠦᠵᠡᠭᠦᠯᠬᠦ᠌ ᠪᠣᠯᠤᠨ᠎ᠠ ᠭᠡᠪᠡ᠃

ᠸᠠᠩ ᠨᠢᠩ ᠭᠡᠱᠢᠭᠦᠨ ᠦᠭᠡ ᠬᠡᠯᠡᠬᠦ᠎ᠳᠡᠭᠡᠨ᠂ ᠨᠡᠢᠭᠡᠮ ᠵᠢᠷᠤᠮ᠎ᠤᠨ ᠰᠣᠶᠣᠯ᠎ᠤᠨ ᠴᠡᠴᠡᠭ᠌ᠯᠡᠯ ᠬᠥᠭ᠌ᠵᠢᠯ᠎ᠢ ᠠᠬᠢᠭᠤᠯᠬᠤ᠎ᠳᠤ᠂ ᠠᠷᠠᠳ ᠲᠦᠮᠡᠨ᠎ᠢᠶᠡᠷ ᠭᠣᠣᠯ ᠪᠣᠯᠭᠠᠬᠤ ᠵᠣᠬᠢᠶᠠᠨ ᠪᠦᠲᠦᠭᠡᠬᠦ᠌ ᠤᠳᠤᠷᠢᠳᠤᠮᠵᠢ᠎ᠶ᠋ᠢ ᠪᠠᠷᠢᠮᠲᠠᠯᠠᠵᠤ᠂ ᠨᠢᠭᠡ ᠰᠡᠳᠭᠢᠯ᠎ᠢᠶᠡᠷ ᠵᠣᠬᠢᠶᠠᠨ ᠪᠦᠲᠦᠭᠡᠬᠦ᠌ ᠨᠢ ᠤᠯᠠᠨ ᠲᠦᠮᠡᠨ᠎ᠳᠤ ᠤᠢ᠍ᠢᠷᠠᠳᠤᠬ᠍ᠰᠠᠨ᠂ ᠬᠠᠮᠲᠤ᠎ᠶᠢᠨ ᠰᠡᠳᠭᠢᠯᠭᠡ᠎ᠲᠡᠶ᠂ ᠶᠡᠬᠡ ᠲᠠᠯ᠎ᠠ ᠲᠠᠢ᠂ ᠬᠠᠢᠷ᠎ᠠ ᠰᠡᠳᠭᠢᠯᠭᠡ᠎ᠵᠢ ᠢᠯᠡᠷᠡᠬᠦᠯᠦᠭᠰᠡᠨ ᠴᠠᠭ ᠦᠶ᠎ᠡ᠎ᠶ᠋ᠢᠨ ᠱᠢᠯᠢᠳᠡᠭ ᠪᠦᠲᠦᠭᠡᠯ᠎ᠢ ᠵᠣᠬᠢᠶᠠᠨ ᠪᠦᠲᠦᠭᠡᠵᠦ᠍᠂ ᠵᠣᠬᠢᠶᠠᠯ ᠪᠦᠲᠦᠭᠡᠯ᠎ᠳᠦ ᠠᠭᠤᠯᠤᠭ᠍ᠳᠠᠵᠤ ᠪᠠᠢᠭ᠎ᠠ ᠨᠡᠢᠭᠡᠮ ᠵᠢᠷᠤᠮ᠎ᠤᠨ ᠭᠣᠣᠯᠯᠠᠭ᠍ᠴᠢ ᠦᠷᠳᠡᠭ᠎ᠦᠨ ᠦᠵᠡᠯᠲᠡ᠎ᠶ᠋ᠢ ᠠᠶᠠᠨᠳᠠᠭᠠᠨ᠂ ᠵᠦᠭᠡᠯᠡᠨ ᠪᠤᠷᠤᠭᠠᠨ ᠲᠦᠮᠡᠨ ᠪᠣᠳᠠᠰ᠎ᠢ ᠤᠮᠳᠠᠯᠠᠬᠤ ᠰᠢᠬ᠎ᠢᠶᠡᠷ ᠦᠯᠦ᠍ ᠮᠡᠳᠡᠭ᠌ᠳᠡᠮ᠎ᠡ᠎ᠪᠡᠷ ᠬᠥᠮᠦᠰ᠎ᠦᠨ ᠰᠡᠳᠭᠢᠯ᠎ᠳᠦ ᠬᠠᠳᠠᠩᠱᠢᠭᠤᠯᠬᠤ ᠬᠡᠷᠡᠭ᠌ᠲᠡᠢ; ᠲᠥᠪ ᠶᠣᠰᠣ᠎ᠶ᠋ᠢ ᠪᠠᠷᠢᠮᠲᠠᠯᠠᠨ ᠱᠢᠨ᠎ᠡ᠎ᠶ᠋ᠢ ᠡᠭᠦᠳᠴᠦ᠍᠂ ᠳᠤᠮᠳᠠᠳᠤ᠎ᠶ᠋ᠢᠨ ᠪᠣᠯᠪᠠᠰᠤᠨ᠎ᠤ ᠳᠠᠮᠵᠢᠭᠤᠯᠬᠤ ᠬᠦᠴᠦᠨ ᠨᠥᠯᠥᠭᠡᠯᠡᠬᠦ᠌ ᠬᠦᠴᠦᠨ᠎ᠢ ᠲᠠᠰᠤᠷᠠᠯᠲᠠ ᠦᠭᠡᠢ ᠳᠡᠭᠡᠭ᠌ᠰᠢᠯᠡᠭᠦᠯᠵᠦ᠍᠂ ᠡᠯ᠎ᠡ ᠤᠯᠤᠰ᠎ᠤᠨ ᠨᠠᠢᠵᠠ᠎ᠨᠠᠷ᠎ᠲᠤ ᠳᠤᠮᠳᠠᠳᠤ ᠭᠠᠳᠠᠭᠠᠳᠤ᠎ᠶ᠋ᠢᠨ ᠪᠣᠯᠪᠠᠰᠤᠨ᠎ᠤ ᠭᠤᠤ᠎ᠠ ᠰᠠᠢᠬᠠᠨ᠎ᠢ ᠬᠠᠮᠲᠤ᠎ᠪᠠᠷ ᠡᠳ᠋ᠯᠡᠭᠦᠯᠵᠦ᠍᠂ ᠢᠲᠡᠭᠡᠭᠦᠰᠢᠲᠡᠢ᠂ ᠬᠠᠢᠷᠠᠯᠠᠯᠲᠠᠢ᠂ ᠬᠦᠨᠳᠦᠳᠭᠡᠭᠦᠱᠢᠲᠡᠢ ᠳᠤᠮᠳᠠᠳᠤ ᠤᠯᠤᠰ᠎ᠤᠨ ᠲᠦᠷᠢ ᠲᠥᠷᠬᠦ᠌᠎ᠶ᠋ᠢ ᠢᠯᠡᠷᠡᠭᠦᠯᠬᠦ᠌ ᠬᠡᠷᠡᠭ᠌ᠲᠡᠢ ᠭᠡᠪᠡ᠃

ᠮᠦᠶᠠᠰᠠᠢ᠌ᠷ·ᠲᠦᠸᠸᠬᠤᠳᠢ ᠭᠡᠱᠢᠭᠦᠨ ᠦᠭᠡ ᠬᠡᠯᠡᠬᠦ᠎ᠳᠡᠭᠡᠨ᠂ ᠰᠣᠶᠣᠯ ᠵᠢᠭᠤᠯᠴᠢᠯᠠᠯ᠎ᠤᠨ ᠡᠬᠢ ᠪᠠᠶᠠᠯᠢᠭ᠎ᠢ ᠭᠦᠨᠵᠡᠭᠡᠢ ᠠᠭᠤᠳᠠᠯᠯᠠᠵᠤ᠂ ᠵᠢᠭᠤᠯᠴᠢᠯᠠᠯ᠎ᠳᠤ ᠰᠣᠶᠣᠯ᠎ᠤᠨ ᠠᠭᠤᠯᠤᠭ᠍ᠳᠠᠬᠤᠨ ᠨᠡᠮᠡᠷᠢᠯᠡᠵᠦ᠍᠂ ᠳᠦᠷᠰᠦᠯᠢᠭ ᠲᠡᠮᠳᠡᠭ᠎ᠢ ᠲᠤᠪᠤᠢ᠌ᠯᠭᠠᠨ᠂ ᠦᠨᠳᠦᠰᠦᠲᠡᠨ᠎ᠨᠦᠭᠦᠳ᠎ᠦᠨ ᠤᠯᠠᠨ ᠲᠦᠮᠡᠨ᠎ᠦ ᠳᠤᠮᠳᠠᠳᠤ᠎ᠶ᠋ᠢᠨ ᠰᠣᠶᠣᠯ᠎ᠤᠨ ᠲᠤᠬᠠᠢ ᠬᠠᠮᠲᠤ᠎ᠶ᠋ᠢᠨ ᠲᠠᠨᠢᠯᠲᠠ᠎ᠶ᠋ᠢ ᠨᠡᠮᠡᠭ᠌ᠳᠡᠭᠦᠯᠵᠦ᠍᠂ ᠵᠦᠭᠡᠯᠡᠨ ᠪᠤᠷᠤᠭᠠᠨ ᠲᠦᠮᠡᠨ ᠪᠣᠳᠠᠰ᠎ᠢ ᠤᠮᠳᠠᠯᠠᠬᠤ ᠳᠤᠮᠳᠠ ᠳᠤᠮᠳᠠᠳᠤ᠎ᠶ᠋ᠢᠨ ᠦᠨᠳᠦᠰᠦᠲᠡᠨ᠎ᠦ ᠨᠢᠭ᠍ᠲᠠᠷᠠᠯ᠎ᠤᠨ ᠬᠦᠴᠦᠨ᠂ ᠲᠥᠪᠯᠡᠷᠡᠭᠦᠯᠬᠦ ᠬᠦᠴᠦᠨ᠎ᠢ ᠴᠢᠩᠭᠠᠳᠭᠠᠵᠤ᠂ ᠦᠨᠳᠦᠰᠦᠲᠡᠨ᠎ᠨᠦᠭᠦᠳ ᠠᠨᠠᠷ᠎ᠤᠨ ᠦᠷ᠎ᠡ ᠱᠢᠭ ᠨᠢᠭ᠍ᠲᠠᠷᠠᠨ ᠪᠦᠯᠬᠦᠮᠳᠡᠬᠦ᠌᠎ᠶ᠋ᠢ ᠠᠬᠢᠭᠤᠯᠬᠤ ᠬᠡᠷᠡᠭ᠌ᠲᠡᠢ ᠭᠡᠪᠡ᠃

ᠬᠤᠸᠠᠩ ᠵᠧᠨ ᠭᠡᠱᠢᠭᠦᠨ ᠳᠤᠮᠳᠠᠳᠤ ᠤᠯᠤᠰ᠎ᠤᠨ ᠠᠷᠠᠳᠴᠢᠯᠠᠯ᠎ᠢᠶᠠᠷ ᠠᠬᠢᠭᠤᠯᠬᠤ ᠬᠤᠷᠠᠯ᠎ᠤᠨ ᠲᠥᠪ ᠬᠣᠷᠢᠶ᠎ᠠ᠎ᠶ᠋ᠢ ᠲᠥᠯᠥᠭᠡᠯᠡᠨ ᠦᠭᠡ ᠬᠡᠯᠡᠬᠦ᠌᠎ᠳᠡᠭᠡᠨ᠂ ᠨᠡᠭᠦᠷᠡᠰᠦᠲᠥ᠋ᠷᠥᠭ᠌ᠴᠢ᠎ᠶᠢᠨ ᠭᠠᠳᠠᠭᠰᠢᠯᠠᠭᠤᠯᠤᠯᠲᠠ ᠤᠷᠬᠢᠯ ᠬᠡᠮᠵᠢᠭᠳᠡᠯ᠎ᠳᠦ ᠬᠦᠷᠬᠦ ᠨᠡᠭᠦᠷᠡᠰᠦᠲᠥ᠋ᠷᠥᠭ᠌ᠴᠢ᠎ᠶ᠋ᠢ ᠰᠠᠭᠠᠷᠮᠠᠭ᠍ᠵᠢᠭᠤᠯᠬᠤ ᠪᠣᠯ ᠴᠢᠨᠠᠷ ᠰᠠᠢᠲᠠᠢ ᠬᠥᠭ᠌ᠵᠢᠯᠲᠡ ᠪᠠ ᠠᠮᠤᠷ ᠲᠦᠪᠱᠢᠨ᠎ᠳᠦ ᠬᠣᠯᠪᠣᠭ᠍ᠳᠠᠬᠤ ᠴᠢᠬᠤᠯᠠ ᠶᠡᠬᠡ ᠪᠠᠢᠯᠳᠤᠬᠤ ᠪᠤᠳᠤᠯᠭ᠎ᠠ᠎ᠶ᠋ᠢᠨ ᠰᠣᠩᠭᠣᠯᠲᠠ ᠪᠣᠯᠤᠨ᠎ᠠ᠃ ᠨᠡᠭᠦᠷᠡᠰᠦᠲᠥ᠋ᠷᠥᠭ᠌ᠴᠢ᠎ᠶᠢᠨ ᠭᠠᠳᠠᠭᠰᠢᠯᠠᠭᠤᠯᠤᠯᠲᠠ ᠤᠷᠬᠢᠯ ᠬᠡᠮᠵᠢᠭᠳᠡᠯ᠎ᠳᠦ ᠬᠦᠷᠬᠦ ᠨᠡᠭᠦᠷᠡᠰᠦᠲᠥ᠋ᠷᠥᠭ᠌ᠴᠢ᠎ᠶ᠋ᠢ ᠰᠠᠭᠠᠷᠮᠠᠭ᠍ᠵᠢᠭᠤᠯᠬᠤ ᠪᠠ ᠬᠠᠤᠯᠢ ᠴᠠᠭᠠᠵᠠ ᠬᠠᠤᠯᠢ ᠲᠦᠷᠢᠮ᠎ᠦᠨ ᠱᠢᠰᠲ᠋ᠧᠮ᠎ᠢ ᠲᠦᠷᠭᠡᠨ ᠵᠢᠡᠷ ᠪᠠᠢᠭᠤᠯᠵᠤ᠂ ᠬᠠᠤᠯᠢ ᠴᠠᠭᠠᠵᠠ᠎ᠶ᠋ᠢᠨ ᠲᠣᠭ᠍ᠲᠠᠪᠤᠷᠢᠲᠤ ᠴᠢᠨᠠᠷ᠂ ᠦᠷᠭᠦᠯᠵᠢᠯᠡᠬᠦ᠌ ᠴᠢᠨᠠᠷ᠂ ᠠᠯᠪᠠᠳᠠᠯᠭ᠎ᠠ᠎ᠶ᠋ᠢᠨ ᠴᠢᠨᠠᠷ᠎ᠢᠶᠠᠷ 《ᠬᠣᠣᠰ ᠨᠡᠭᠦᠷᠡᠰᠦᠲᠥ᠋ᠷᠥᠭ᠌ᠴᠢ》 ᠵᠢᠨ ᠬᠠᠷᠠᠯᠲᠠ᠎ᠶ᠋ᠢ ᠪᠡᠶᠡᠯᠡᠭᠦᠯᠬᠦ᠌᠎ᠶ᠋ᠢ ᠪᠠᠲᠤᠯᠠᠵᠤ᠂ ᠨᠡᠢᠭᠡᠮ ᠪᠣᠯᠤᠨ ᠠᠵᠤ ᠦᠢᠯᠡᠰ᠎ᠦᠨ ᠡᠲᠡᠭᠡᠳ᠎ᠲᠦ ᠢᠯᠡ ᠲᠤᠳᠤ ᠪᠥᠭᠡᠳ ᠲᠣᠳᠣᠷᠬᠠᠢ ᠢᠷᠡᠭᠡᠳᠦᠢ᠎ᠶ᠋ᠢᠨ ᠪᠣᠬᠢᠷᠲᠤᠯ ᠦᠭᠡᠢ ᠬᠥᠭ᠌ᠵᠢᠯᠲᠡ᠎ᠶ᠋ᠢᠨ ᠵᠢᠱ᠌ᠢᠯᠲᠡ᠎ᠶ᠋ᠢ ᠳᠠᠮᠵᠢᠭᠤᠯᠵᠤ᠂ ᠨᠡᠩ ᠥᠷᠭᠡᠨ ᠳᠡᠯᠭᠡᠷ ᠬᠠᠮᠲᠤ᠎ᠶ᠋ᠢᠨ ᠲᠠᠨᠢᠯᠲᠠ᠎ᠶ᠋ᠢ ᠨᠢᠭ᠍ᠲᠠᠷᠠᠭᠤᠯᠬᠤ ᠬᠡᠷᠡᠭ᠌ᠲᠡᠢ ᠭᠡᠪᠡ᠃

ᠵᠠᠩ ᠢ ᠵᠧᠨ ᠭᠡᠱᠢᠭᠦᠨ ᠦᠭᠡ ᠬᠡᠯᠡᠬᠦ᠎ᠳᠡᠭᠡᠨ᠂ ᠠᠮᠢ ᠠᠬᠤᠢ᠎ᠶ᠋ᠢᠨ ᠬᠠᠮᠠᠭᠠᠯᠠᠯᠲᠠ᠎ᠶ᠋ᠢᠨ ᠨᠥᠬᠥᠪᠥᠷᠢ᠎ᠶ᠋ᠢ ᠬᠡᠷᠡᠭ᠌ᠵᠢᠭᠦᠯᠬᠦ᠌ ᠪᠣᠯ《ᠬᠥᠬᠡᠮᠳᠦᠭ ᠨᠣᠭᠣᠭᠠᠨ ᠠᠭᠤᠯᠠ ᠤᠰᠤ ᠪᠣᠯ ᠠᠯᠳᠠ ᠮᠥᠩᠭᠥᠨ ᠠᠭᠤᠯᠠ ᠮᠥᠨ》 ᠭᠡᠬᠦ᠌ ᠣᠢᠯᠠᠭᠠᠭ᠍ᠳᠠᠬᠤᠨ᠎ᠢ ᠦᠢᠯᠡᠳᠦᠯᠭᠡᠵᠢᠭᠦᠯᠬᠦ᠌ ᠵᠠᠩᠭᠢᠯᠠᠭ᠎ᠠ᠎ᠶ᠋ᠢᠨ ᠠᠷᠭ᠎ᠠ ᠬᠡᠮᠵᠢᠶ᠎ᠡ ᠪᠣᠯᠤᠨ᠎ᠠ ᠭᠡᠵᠡᠢ᠃ ᠨᠠᠩ ᠱᠢᠨᠵᠢᠯᠡᠬᠦ᠌ ᠤᠬᠠᠭᠠᠨᠴᠢ ᠵᠦᠶ ᠵᠣᠬᠢᠰᠲᠠᠶ ᠠᠮᠢ ᠠᠬᠤᠶ᠎ᠶ᠋ᠢᠨ ᠥᠷᠲᠡᠭ᠎ᠦᠨ ᠲᠣᠭᠠᠴᠠᠭ᠎ᠠ ᠬᠢᠵᠦ᠍᠂ ᠠᠮᠢ ᠠᠬᠤᠶ᠎ᠶ᠋ᠢᠨ ᠬᠠᠮᠠᠭᠠᠯᠠᠯᠲᠠ᠎ᠶ᠋ᠢᠨ ᠨᠥᠬᠥᠪᠥᠷᠢ᠎ᠶ᠋ᠢᠨ ᠪᠠᠷᠢᠮᠵᠢᠶ᠎ᠠ᠎ᠶ᠋ᠢ ᠲᠠᠰᠤᠷᠠᠯᠲᠠ ᠥᠬᠡᠶ ᠲᠡᠭᠦᠯᠳᠡᠷᠵᠢᠭᠦᠯᠵᠦ᠍᠂ ᠥᠷᠲᠡᠭ᠎ᠦᠨ ᠲᠣᠭᠠᠴᠠᠭ᠎ᠠ᠎ᠶ᠋ᠢ ᠦᠨᠳᠦᠰᠦᠯᠡᠨ ᠨᠥᠬᠥᠪᠥᠷᠢᠯᠡᠬᠦ᠌ ᠠᠷᠭ᠎ᠠ ᠬᠡᠯᠪᠡᠷᠢ᠎ᠶ᠋ᠢ ᠰᠦᠪᠡᠭ᠌ᠴᠢᠯᠡᠵᠦ᠍᠂ ᠥᠪᠡᠷ᠎ᠢ᠎ᠪᠡᠨ ᠬᠥᠭ᠌ᠵᠢᠭᠦᠯᠬᠦ᠌ ᠲᠣᠭ᠍ᠲᠠᠴᠠ᠎ᠶ᠋ᠢ ᠪᠦᠷᠢᠯᠳᠦᠭᠦᠯᠬᠦ᠌᠎ᠶ᠋ᠢ ᠰᠠᠨᠠᠭᠤᠯᠵᠡᠢ᠃

ᠬᠤᠸᠠᠩ ᠷᠦᠨ ᠴᠢᠦ ᠭᠡᠱᠢᠭᠦᠨ ᠣᠷᠴᠢᠨ ᠲᠣᠭᠣᠷᠢᠨ ᠡᠬᠢ ᠪᠠᠶᠠᠯᠢᠭ᠎ᠤᠨ ᠡᠲᠡᠭᠡᠳ᠎ᠢ ᠲᠥᠯᠥᠭᠡᠯᠡᠨ ᠦᠭᠡ ᠬᠡᠯᠡᠬᠦ᠌᠎ᠳᠡᠭᠡᠨ᠂ ᠦᠵᠡᠰᠭᠦᠯᠡᠩᠲᠦ ᠰᠠᠢᠬᠠᠨ ᠳᠤᠮᠳᠠᠳᠤ ᠤᠯᠤᠰ᠎ᠤᠨ ᠬᠣᠱᠢᠭᠤᠴᠢ ᠣᠷᠣᠨ᠎ᠤ ᠪᠥᠲᠥᠭᠡᠨ ᠪᠠᠢᠭᠤᠯᠤᠯᠲᠠ᠎ᠪᠠᠷ ᠬᠦᠴᠦᠯᠡᠬᠦ᠌ ᠴᠡᠭ ᠪᠣᠯᠭᠠᠵᠤ᠂ ᠪᠥᠬᠥ᠌ ᠤᠯᠤᠰ᠎ᠢᠶᠠᠷ᠎ᠢᠶᠠᠨ ᠨᠢᠭᠡ ᠬᠥᠯᠭᠡ ᠱᠢᠲᠠᠷ᠎ᠠ ᠪᠣᠯᠬᠤ᠎ᠶ᠋ᠢ ᠪᠠᠷᠢᠮᠲᠠᠯᠠᠵᠤ᠂ ᠬᠣᠱᠢᠭᠤᠴᠢ ᠣᠷᠣᠨ᠎ᠤ ᠪᠥᠲᠥᠭᠡᠨ ᠪᠠᠢᠭᠤᠯᠤᠯᠲᠠ᠎ᠶ᠋ᠢ ᠱᠠᠲᠤ ᠬᠤᠪᠢᠶᠠᠨ ᠲᠥᠯᠥᠪᠯᠡᠭᠡ᠎ᠲᠡᠶ᠎ᠪᠡᠷ ᠠᠬᠢᠭᠤᠯᠵᠤ᠂ ᠬᠣᠱᠢᠭᠤᠴᠢ ᠣᠷᠣᠨ᠎ᠤ ᠪᠥᠲᠥᠭᠡᠨ ᠪᠠᠢᠭᠤᠯᠤᠯᠲᠠ᠎ᠪᠠᠷ ᠴᠢᠨᠠᠷ ᠰᠠᠢᠲᠠᠶ ᠬᠥᠭ᠌ᠵᠢᠯᠲᠡ᠎ᠶ᠋ᠢ ᠲᠤᠯᠭᠠᠭᠤᠷᠢᠯᠠᠵᠤ᠂ ᠬᠣᠱᠢᠭᠤᠴᠢ ᠣᠷᠣᠨ᠎ᠤ ᠪᠥᠲᠥᠭᠡᠨ ᠪᠠᠢᠭᠤᠯᠤᠯᠲᠠ᠎ᠳᠤ ᠨᠢᠭᠡ ᠪᠦᠯᠦᠭ ᠪᠡᠯᠭᠡ ᠲᠡᠮᠳᠡᠭ᠎ᠦᠨ ᠴᠢᠨᠠᠷᠲᠠᠶ ᠦᠷ᠎ᠡ ᠪᠦᠲᠦᠭᠡᠯ᠎ᠢ ᠪᠤᠢ ᠪᠤᠯᠭᠠᠵᠤ᠂ ᠦᠵᠡᠰᠭᠦᠯᠡᠩᠲᠦ ᠰᠠᠢᠬᠠᠨ ᠳᠤᠮᠳᠠᠳᠤ ᠤᠯᠤᠰ᠎ᠤᠨ ᠪᠥᠲᠥᠭᠡᠨ ᠪᠠᠢᠭᠤᠯᠤᠯᠲᠠ᠎ᠶ᠋ᠢ ᠨᠢᠭᠡᠳᠦᠯᠲᠡᠶ ᠲᠥᠯᠥᠪᠵᠢᠭᠦᠯᠦᠨ ᠠᠬᠢᠭᠤᠯᠬᠤ ᠬᠡᠷᠡᠭ᠌ᠲᠡᠶ ᠭᠡᠪᠡ᠃

ᠪᠥᠬᠥ᠌ ᠤᠯᠤᠰ᠎ᠤᠨ ᠤᠯᠤᠰ ᠲᠥᠷᠥ᠎ᠶ᠋ᠢᠨ ᠵᠥᠪᠯᠡᠯᠭᠡᠨ᠎ᠦ ᠳᠡᠳ᠋ ᠲᠡᠷᠢᠭᠦᠯᠡᠭ᠌ᠴᠢ ᠯᠢᠶᠠᠩ ᠵᠧᠨ ᠶᠢᠩ ᠬᠤᠷᠠᠯ᠎ᠢ ᠡᠷᠭᠢᠯᠡᠵᠡᠢ᠃

ᠨᠠᠮ᠎ᠤᠨ ᠲᠥᠪ ᠬᠣᠷᠢᠶ᠎ᠠ᠎ᠶᠢᠨ ᠤᠯᠤᠰ ᠲᠦᠷᠦ᠍᠎ᠶ᠋ᠢᠨ ᠲᠣᠪᠴᠢᠶ᠎ᠠ ᠵᠢᠨ ᠭᠡᠱᠢᠭᠦᠨ᠂ ᠪᠦᠬᠦ᠌ ᠤᠯᠤᠰ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠦ ᠳᠡᠳ᠋ ᠲᠡᠷᠢᠭᠦᠯᠡᠭ᠌ᠴᠢ ᠱ᠌ᠢ ᠲᠡᠶ ᠹᠸᠩ᠂ ᠪᠦᠬᠦ᠌ ᠤᠯᠤᠰ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠦ ᠳᠡᠳ᠋ ᠲᠡᠷᠢᠭᠦᠯᠡᠭ᠌ᠴᠢ ᠬ᠍ᠤ ᠴᠦᠨ ᠬᠤᠸᠠ᠂ ᠱᠸᠨ ᠶᠤᠸᠠᠢ ᠶᠤᠸᠠᠢ᠂ ᠸᠠᠩ ᠶᠦᠩ᠂ ᠵᠧᠦ ᠴᠢᠶᠠᠩ᠂ ᠾᠧ ᠾᠧᠦ ᠬᠤᠸᠠ᠂ ᠪᠠᠭᠠᠲᠤᠷ᠂ ᠰᠦ᠍ ᠬᠤᠢ᠂ ᠱᠤᠤ ᠬᠣᠩ᠂ ᠴᠧᠨ ᠦ᠋᠂ ᠮᠦ᠍ ᠬᠣᠩ᠂ ᠱᠢᠶᠠᠨ ᠬᠤᠢ᠂ ᠸᠠᠩ ᠳ᠋ᠦᠩ ᠹᠸᠩ᠂ ᠵᠢᠶᠠᠩ ᠱᠢᠨ ᡁᠢ᠂ ᠵᠢᠶᠠᠩ ᠽᠦᠸᠧ ᠵᠢᠶᠦ᠋ᠨ᠂ ᠾᠧ ᠪᠦᠦ ᠱᠢᠶᠠᠩ᠂ ᠸᠠᠩ ᠭᠤᠸᠠᠩ ᠴᠢᠶᠠᠨ᠂ ᠴᠢᠨ ᠪᠥᠸᠧ ᠶᠦᠩ᠂ ᠵᠦ᠍ ᠶᠦᠩ ᠱᠢᠨ᠂ ᠶᠠᠩ ᠵᠧᠨ ᠬᠤᠷᠠᠯ᠎ᠳᠤ ᠣᠷᠣᠯᠴᠠᠪᠠ᠃

(ᠱᠢᠨᠬᠤᠸᠠ ᠬᠣᠷᠢᠶ᠎ᠠ ᠵᠢᠨ ᠪᠡᠭᠡᠵᠢᠩ᠎ᠦᠨ 3 ᠰᠠᠷ᠎ᠠ᠎ᠶ᠋ᠢᠨ 9 ᠤ᠋ ᠴᠠᠬᠢᠯᠭᠠᠨ ᠮᠡᠳᠡᠭᠡ)

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠰᠠᠢᠨ᠎ᠠ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面