2024-03-11 10:11:45
ᠬᠠᠮᠲᠤ᠎ᠶ᠋ᠢᠨ ᠲᠠᠨᠢᠯᠲᠠ᠎ᠶ᠋ᠢ ᠨᠢᠭ᠍ᠲᠠᠷᠠᠭᠤᠯᠵᠤ ᠰᠡᠳᠭᠢᠯ᠎ᠢᠶᠡᠨ ᠨᠢᠭᠡᠳᠭᠡᠵᠦ᠍᠂ ᠰᠠᠢ᠌ᠨ ᠠᠷᠭ᠎ᠠ ᠪᠤᠳᠤᠯᠭ᠎ᠠ᠎ᠶ᠋ᠢ ᠥᠷᠭᠡᠨ᠎ᠢᠶᠡᠷ ᠰᠦᠪᠡᠭ᠌ᠴᠢᠯᠡᠵᠦ᠍ ᠠᠭᠤᠤ ᠦᠢᠯᠡᠰ᠎ᠢ ᠴᠣᠭ᠍ᠴᠠᠯᠠᠨ᠎ᠠ᠃ 3 ᠰᠠᠷ᠎ᠠ᠎ᠶ᠋ᠢᠨ 10 ᠤ᠋ ᠡᠳᠦᠷ᠂ ᠪᠦᠬᠦ᠌ ᠤᠯᠤᠰ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠦ ᠠᠷᠪᠠᠨ ᠳᠥᠷᠪᠡᠳᠦᠭᠡᠷ ᠬᠤᠭᠤᠴᠠᠭᠠᠨ᠎ᠤ ᠬᠣᠷᠢᠶ᠎ᠠ ᠵᠢᠨ ᠬᠣᠶᠠᠳᠤᠭᠠᠷ ᠬᠤᠷᠠᠯ ᠬᠦᠨᠳᠦ ᠨᠠᠢᠳᠠᠯᠭ᠎ᠠ᠎ᠶ᠋ᠢ ᠬᠥᠰᠡᠷᠳᠡᠭᠦᠯᠦᠯ ᠦᠭᠡᠢ᠂ ᠡᠭᠦᠷᠭᠡ ᠬᠠᠷᠢᠭᠤᠴᠠᠯᠭ᠎ᠠ᠎ᠪᠠᠨ ᠭᠤᠲᠤᠭᠠᠯ ᠦᠭᠡᠢ᠎ᠪᠡᠷ ᠡᠯ᠎ᠡ ᠵᠦᠢᠯ᠎ᠦᠨ ᠵᠥᠪᠯᠡᠬᠦ᠌ ᠵᠦᠢᠯᠡᠰ᠎ᠢᠶᠡᠨ ᠲᠡᠭᠦᠰ ᠠᠮᠵᠢᠯᠲᠠ᠎ᠲᠠᠶ ᠪᠡᠶᠡᠯᠡᠭᠦᠯᠦᠭᠡᠳ ᠪᠡᠭᠡᠵᠢᠩ᠎ᠳᠦ ᠠᠮᠵᠢᠯᠲᠠ᠎ᠲᠠᠶ ᠲᠡᠭᠦᠰᠪᠡ᠃ ᠪᠢᠳᠡ ᠶᠡᠬᠡ ᠬᠤᠷᠠᠯ᠎ᠤᠨ ᠠᠮᠵᠢᠯᠲᠠ ᠣᠯᠤᠭ᠍ᠰᠠᠨ᠎ᠳᠤ ᠬᠠᠯᠠᠭᠤᠨ ᠪᠠᠶᠠᠷ ᠬᠦᠷᠭᠡᠵᠦ ᠪᠠᠢᠨ᠎ᠠ!
ᠡᠨᠡ ᠪᠣᠯ ᠨᠢᠭᠡᠨ ᠤᠳᠠᠭᠠᠨ᠎ᠤ ᠲᠤᠭ᠎ᠢ ᠥᠨᠳᠥᠷ ᠮᠠᠨᠳᠤᠭᠤᠯᠤᠭ᠍ᠰᠠᠨ᠂ ᠠᠷᠠᠳᠴᠢᠯᠠᠯ ᠪᠦᠯᠬᠦᠮᠳᠡᠯ᠎ᠲᠡᠶ᠂ ᠦᠨᠡᠨ᠎ᠢ ᠪᠠᠷᠢᠮᠲᠠᠯᠠᠨ ᠡᠷᠡᠮᠡᠬᠡᠢᠯᠡᠨ ᠤᠷᠤᠭ᠍ᠰᠢᠯᠠᠭ᠍ᠰᠠᠨ ᠶᠡᠬᠡ ᠬᠤᠷᠠᠯ ᠮᠥᠨ᠃ ᠬᠤᠷᠠᠯ᠎ᠤᠨ ᠬᠤᠭᠤᠴᠠᠭᠠᠨ᠎ᠳᠤ ᠨᠠᠮ᠎ᠤᠨ ᠲᠥᠪ ᠬᠣᠷᠢᠶ᠎ᠠ ᠵᠢᠨ ᠶᠡᠷᠦᠩᠬᠡᠢ ᠱᠦᠵᠢ᠂ ᠤᠯᠤᠰ᠎ᠤᠨ ᠲᠡᠷᠢᠭᠦᠯᠡᠭ᠌ᠴᠢ᠂ ᠲᠥᠪ᠎ᠦᠨ ᠴᠡᠷᠢᠭ᠎ᠦᠨ ᠶᠠᠪᠤᠳᠠᠯ᠎ᠤᠨ ᠬᠣᠷᠢᠶ᠎ᠠ ᠵᠢᠨ ᠲᠡᠷᠢᠭᠦᠯᠡᠭ᠌ᠴᠢ ᠰᠢ ᠵᠢᠨ ᠫᠢᠩ ᠵᠡᠷᠭᠡ ᠨᠠᠮ ᠪᠣᠯᠤᠨ ᠲᠦᠷᠦ᠍᠎ᠶ᠋ᠢᠨ ᠤᠳᠤᠷᠢᠳᠭᠤ ᠨᠥᠬᠥᠳ ᠶᠡᠬᠡ ᠬᠤᠷᠠᠯ᠎ᠤᠨ ᠡᠬᠢᠯᠡᠯᠲᠡ᠎ᠶ᠋ᠢᠨ ᠬᠤᠷᠠᠯ ᠪᠣᠯᠤᠨ ᠲᠡᠭᠦᠰᠭᠦ ᠬᠤᠷᠠᠯ᠎ᠳᠤ ᠣᠷᠣᠯᠴᠠᠵᠤ᠂ ᠬᠤᠷᠠᠯ᠎ᠳᠤ ᠣᠷᠣᠯᠴᠠᠭ᠍ᠰᠠᠨ ᠭᠡᠱᠢᠭᠦᠳ᠎ᠢ ᠡᠷᠬᠢᠨ ᠦᠵᠡᠭ᠌ᠰᠡᠨ ᠪᠥᠭᠡᠳ ᠳᠤᠭᠤᠢᠯᠠᠩ ᠬᠠᠮᠲᠤᠷᠠᠭ᠍ᠰᠠᠨ ᠬᠤᠷᠠᠯ᠎ᠳᠤ ᠣᠷᠣᠯᠴᠠᠵᠤ ᠰᠠᠨᠠᠯ ᠰᠠᠨᠠᠭᠤᠯᠭ᠎ᠠ᠎ᠶ᠋ᠢ ᠨᠢ ᠰᠣᠨᠣᠰᠴᠤ᠌᠂ ᠭᠡᠱᠢᠭᠦᠳ᠎ᠲᠡᠶ ᠬᠠᠮᠲᠤ᠎ᠪᠠᠷ ᠤᠯᠤᠰ᠎ᠤᠨ ᠶᠡᠬᠡ ᠶᠡᠪᠤᠳᠠᠯ ᠢ᠋ ᠵᠥᠪᠯᠡᠵᠦ᠍᠂ ᠬᠥᠭ᠌ᠵᠢᠯᠲᠡ᠎ᠶ᠋ᠢ ᠬᠠᠮᠲᠤ᠎ᠪᠠᠷ ᠰᠦᠪᠡᠭ᠌ᠴᠢᠯᠡᠪᠡ᠃ ᠥᠷᠭᠡᠨ ᠤᠯᠠᠨ ᠤᠯᠤᠰ ᠲᠦᠷᠦ᠍᠎ᠶ᠋ᠢᠨ ᠵᠥᠪᠯᠡᠯᠭᠡᠨ᠎ᠦ ᠭᠡᠱᠢᠭᠦᠨ ᠲᠤᠰᠢᠶᠠᠯ ᠬᠠᠷᠢᠭᠤᠴᠠᠯᠭ᠎ᠠ᠎ᠪᠠᠨ ᠨᠠᠷᠢᠨ ᠬᠢᠨᠠᠮᠠᠭᠠᠢ ᠭᠦᠢᠴᠡᠳᠭᠡᠵᠦ᠍᠂ ᠵᠥᠪᠯᠡᠯᠭᠡ ᠬᠢᠵᠦ᠍ ᠲᠦᠷᠦ᠍᠎ᠶ᠋ᠢᠨ ᠶᠠᠪᠤᠳᠠᠯ᠎ᠢ ᠵᠥᠪᠯᠡᠵᠦ᠍᠂ ᠰᠠᠨᠠᠯ ᠰᠠᠨᠠᠭᠤᠯᠭ᠎ᠠ ᠳᠤᠷᠠᠳᠤᠨ ᠠᠷᠭ᠎ᠠ ᠤᠬᠠᠭᠠᠨ ᠭᠠᠷᠭᠠᠵᠤ᠂ ᠪᠦᠬᠦ᠌ ᠤᠯᠤᠰ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠦ ᠪᠠᠢᠩᠭᠤ᠎ᠶ᠋ᠢᠨ ᠬᠣᠷᠢᠶ᠎ᠠ ᠵᠢᠨ ᠠᠵᠢᠯ᠎ᠤᠨ ᠮᠡᠳᠡᠭᠦᠯᠦᠯᠲᠡ ᠪᠣᠯᠤᠨ ᠰᠠᠨᠠᠯ ᠳᠤᠷᠠᠳᠤᠯᠭ᠎ᠠ᠎ᠶ᠋ᠢᠨ ᠠᠵᠢᠯ᠎ᠤᠨ ᠪᠠᠢᠳᠠᠯ᠎ᠤᠨ ᠮᠡᠳᠡᠭᠦᠯᠦᠯᠲᠡ᠎ᠶ᠋ᠢ ᠰᠣᠨᠣᠰᠴᠤ᠌ ᠬᠢᠨᠠᠨ ᠵᠥᠪᠯᠡᠵᠦ᠍᠂ ᠠᠷᠪᠠᠨ ᠳᠥᠷᠪᠡᠳᠦᠭᠡᠷ ᠬᠤᠭᠤᠴᠠᠭᠠᠨ᠎ᠤ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠬᠣᠶᠠᠳᠤᠭᠠᠷ ᠬᠤᠷᠠᠯ᠎ᠳᠤ ᠰᠤᠯᠠ ᠣᠷᠣᠯᠴᠠᠵᠤ᠂ ᠵᠠᠰᠠᠭ᠎ᠤᠨ ᠣᠷᠳᠣᠨ᠎ᠤ ᠠᠵᠢᠯ᠎ᠤᠨ ᠢᠯᠡᠳᠭᠡᠯ ᠵᠢᠴᠢ ᠪᠤᠰᠤᠳ ᠬᠣᠯᠪᠣᠭ᠍ᠳᠠᠯ ᠪᠦᠬᠦᠢ ᠮᠡᠳᠡᠭᠦᠯᠦᠯᠲᠡ᠎ᠶ᠋ᠢ ᠰᠣᠨᠣᠰᠴᠤ᠌ ᠶᠠᠷᠢᠯᠴᠠᠵᠤ᠂ ᠮᠠᠨ᠎ᠤ ᠤᠯᠤᠰ᠎ᠤᠨ ᠪᠦᠬᠦ᠌ ᠶᠠᠪᠤᠴᠠ᠎ᠶ᠋ᠢᠨ ᠠᠷᠠᠳ᠎ᠤᠨ ᠠᠷᠠᠳᠴᠢᠯᠠᠯ᠎ᠤᠨ ᠣᠨᠴᠠᠯᠢᠭ ᠪᠠ ᠪᠠᠢᠭᠤᠯᠤᠯ᠎ᠤᠨ ᠳᠠᠪᠠᠭᠤᠯᠢᠭ ᠪᠣᠯᠤᠨ ᠠᠮᠢᠵᠢᠷᠠᠯ᠎ᠤᠨ ᠬᠦᠴᠦᠨ᠎ᠢ ᠭᠦᠢᠴᠡᠳ ᠢᠯᠡᠷᠡᠭᠦᠯᠪᠡ᠃
ᠶᠡᠷᠦᠩᠬᠡᠢ ᠱᠦᠵᠢ ᠰᠢ ᠵᠢᠨ ᠫᠢᠩ᠄ 《ᠡᠨᠡ ᠵᠢᠯ ᠪᠣᠯ ᠠᠷᠠᠳ᠎ᠤᠨ ᠤᠯᠤᠰ ᠲᠦᠷᠦ᠍᠎ᠶ᠋ᠢᠨ ᠵᠥᠪᠯᠡᠯᠭᠡᠨ ᠪᠠᠢᠭᠤᠯᠤᠭ᠍ᠳᠠᠭ᠍ᠰᠠᠨ 75 ᠵᠢᠯ᠎ᠦᠨ ᠤᠢ ᠪᠣᠯᠤᠨ᠎ᠠ᠃ ᠠᠷᠠᠳ᠎ᠤᠨ ᠤᠯᠤᠰ ᠲᠦᠷᠦ᠍᠎ᠶ᠋ᠢᠨ ᠵᠥᠪᠯᠡᠯᠭᠡᠨ ᠱᠢᠯᠢᠳᠡᠭ ᠤᠯᠠᠮᠵᠢᠯᠠᠯ᠎ᠢᠶᠠᠨ ᠪᠠᠳᠠᠷᠠᠭᠤᠯᠤᠨ᠂ ᠤᠯᠤᠰ ᠲᠦᠷᠦ᠍᠎ᠶ᠋ᠢᠨ ᠬᠠᠷᠢᠭᠤᠴᠠᠯᠭ᠎ᠠ᠎ᠪᠠᠨ ᠪᠠᠲᠤ ᠴᠡᠭᠡᠵᠢᠯᠡᠵᠦ᠍᠂ ᠦᠵᠡᠯ ᠰᠠᠨᠠᠭ᠎ᠠ ᠤᠯᠤᠰ ᠲᠦᠷᠦ᠍᠎ᠶ᠋ᠢᠨ ᠵᠢᠯᠤᠭᠤᠳᠤᠯᠭ᠎ᠠ᠎ᠪᠠᠨ ᠴᠢᠩᠭᠠᠳᠭᠠᠨ᠂ ᠲᠤᠰᠭᠠᠢ ᠵᠥᠪᠯᠡᠬᠦ᠌ ᠪᠠᠢᠭᠤᠯᠤᠮᠵᠢ᠎ᠶ᠋ᠢᠨ ᠳᠦᠷᠢᠮ᠎ᠦᠨ ᠪᠠᠢᠭᠤᠯᠤᠯᠲᠠ᠎ᠪᠠᠨ ᠴᠢᠩᠭᠠᠳᠭᠠᠵᠤ᠂ ᠲᠤᠰ ᠪᠡᠶ᠎ᠡ᠎ᠶ᠋ᠢᠨ ᠪᠠᠢᠭᠤᠯᠤᠯᠲᠠ᠎ᠪᠠᠨ ᠴᠢᠩᠭᠠᠳᠭᠠᠨ᠂ ᠤᠯᠤᠰ ᠲᠦᠷᠦ᠍᠎ᠶ᠋ᠢᠨ ᠵᠥᠪᠯᠡᠯᠭᠡᠨ᠎ᠦ ᠭᠡᠱᠢᠭᠦᠳ ᠲᠤᠰ ᠪᠡᠶ᠎ᠡ᠎ᠶ᠋ᠢᠨ ᠬᠡᠪ ᠪᠤᠯᠪᠠᠰᠤᠷᠠᠯ ᠪᠠ ᠲᠤᠱᠢᠶᠠᠯ ᠬᠠᠷᠢᠭᠤᠴᠠᠯᠭ᠎ᠠ ᠭᠦᠢᠴᠡᠳᠭᠡᠬᠦ᠌ ᠴᠢᠳᠠᠪᠤᠷᠢ᠎ᠪᠠᠨ ᠳᠡᠭᠡᠭ᠌ᠰᠢᠯᠡᠭᠦᠯᠵᠦ᠍᠂ ᠱᠢᠨ᠎ᠡ ᠴᠠᠭ ᠦᠶ᠎ᠡ᠎ᠶ᠋ᠢᠨ ᠤᠯᠤᠰ ᠲᠦᠷᠦ᠍᠎ᠶ᠋ᠢᠨ ᠵᠥᠪᠯᠡᠯᠭᠡᠨ᠎ᠦ ᠠᠵᠢᠯ ᠪᠠ ᠤᠯᠠᠨ ᠨᠠᠮ᠎ᠤᠨ ᠬᠠᠮᠲᠤᠷᠠᠨ ᠠᠵᠢᠯᠯᠠᠬᠤ ᠦᠢᠯᠡᠰ᠎ᠦᠨ ᠱᠢᠨ᠎ᠡ ᠪᠠᠢᠳᠠᠯ᠎ᠢ ᠲᠠᠰᠤᠷᠠᠯᠲᠠ ᠦᠭᠡᠢ ᠡᠭᠦᠳᠬᠦ᠌ ᠬᠡᠷᠡᠭ᠌ᠲᠡᠢ》ᠭᠡᠵᠦ ᠴᠢᠬᠤᠯᠠᠴᠢᠯᠠᠪᠠ᠃ ᠳᠠᠯᠠᠨ ᠲᠠᠪᠤᠨ ᠵᠢᠯ ᠰᠡᠳᠭᠢᠯ ᠨᠢᠭᠡᠳᠦᠨ ᠬᠠᠮᠲᠤ᠎ᠪᠠᠷ ᠤᠷᠤᠭ᠍ᠰᠢᠯᠠᠵᠤ᠂ ᠱᠢᠨ᠎ᠡ ᠠᠶᠠᠨ᠎ᠳᠤ ᠭᠠᠷ ᠬᠣᠯᠪᠣᠨ ᠡᠷᠡᠮᠡᠬᠡᠢᠯᠡᠨ ᠤᠷᠤᠭ᠍ᠰᠢᠯᠠᠪᠠ᠃ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠤᠳᠤᠷᠢᠳᠤᠯᠭ᠎ᠠ᠎ᠶ᠋ᠢ ᠪᠠᠷᠢᠮᠲᠠᠯᠠᠬᠤ ᠪᠣᠯ ᠠᠷᠠᠳ᠎ᠤᠨ ᠤᠯᠤᠰ ᠲᠦᠷᠦ᠍᠎ᠶ᠋ᠢᠨ ᠵᠥᠪᠯᠡᠯᠭᠡᠨᠪᠠᠢᠭᠤᠯᠤᠬᠳᠠᠬᠤ ᠦᠶ᠎ᠡ᠎ᠶ᠋ᠢᠨ ᠤᠭ ᠰᠠᠨᠠᠭ᠎ᠠ ᠮᠥᠨ᠂ 75 ᠵᠢᠯ᠎ᠦᠨ ᠲᠤᠷᠰᠢ ᠠᠷᠠᠳ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠦ ᠢᠮᠠᠭ᠍ᠲᠠ ᠬᠢᠴᠢᠶᠡᠩᠭᠦᠢᠯᠡᠨ ᠵᠢᠷᠤᠮᠯᠠᠭ᠍ᠰᠠᠭᠠᠷ ᠢᠷᠡᠭ᠌ᠰᠡᠨ ᠦᠨᠳᠦᠰᠦᠨ ᠤᠯᠤᠰ ᠲᠦᠷᠦ᠍᠎ᠶ᠋ᠢᠨ ᠵᠠᠷᠴᠢᠮ ᠮᠥᠨ᠂ ᠠᠷᠠᠳ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠦ ᠦᠢᠯᠡᠰ᠎ᠦᠨ ᠬᠥᠭ᠌ᠵᠢᠯᠲᠡ ᠳᠠᠪᠱᠢᠯᠲᠠ᠎ᠶ᠋ᠢᠨ ᠦᠨᠳᠦᠰᠦᠨ ᠪᠠᠲᠤᠯᠠᠭ᠎ᠠ ᠮᠥᠨ ᠭᠡᠳᠡᠭ᠎ᠢ ᠦᠢᠯᠡᠳᠦᠯᠭᠡ ᠬᠠᠷᠠᠭᠤᠯᠤᠭᠰᠠᠨ ᠪᠠᠢᠨ᠎ᠠ᠃ ᠢᠷᠡᠭᠡᠳᠦᠢ᠎ᠳᠦ ᠬᠠᠨᠳᠤᠵᠤ᠂ ᠨᠠᠮ᠎ᠤᠨ ᠤᠳᠤᠷᠢᠳᠤᠯᠭ᠎ᠠ᠂ ᠨᠢᠭᠡᠳᠦᠮᠡᠯ ᠹᠷᠣᠨᠲ᠂ ᠵᠥᠪᠯᠡᠬᠦ᠌ ᠠᠷᠠᠳᠴᠢᠯᠠᠯ᠎ᠢ ᠣᠷᠭᠠᠨᠢᠭ᠎ᠢᠶᠠᠷ ᠤᠶᠠᠯᠳᠤᠭᠤᠯᠬᠤ᠎ᠶ᠋ᠢ ᠪᠠᠷᠢᠮᠲᠠᠯᠠᠵᠤ᠂ ᠪᠦᠯᠬᠦᠮᠳᠡᠯ ᠪᠠ ᠠᠷᠠᠳᠴᠢᠯᠠᠯ ᠬᠣᠶᠠᠷ ᠶᠡᠬᠡ ᠭᠣᠣᠯ ᠰᠡᠳᠦᠪ᠎ᠢ ᠪᠠᠷᠢᠮᠲᠠᠯᠠᠵᠤ᠂ ᠠᠷᠠᠳ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠦ ᠱᠢᠨᠵᠢ ᠴᠢᠨᠠᠷ᠎ᠤᠨ ᠪᠠᠢᠷᠢ ᠲᠣᠭ᠍ᠲᠠᠭᠠᠯᠲᠠ᠎ᠶ᠋ᠢ ᠣᠨᠣᠪᠴᠢᠲᠠᠢ ᠡᠵᠡᠮᠳᠡᠵᠦ᠍᠂ ᠠᠷᠠᠳ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠦ ᠪᠠᠢᠭᠤᠯᠤᠯ᠎ᠢ ᠰᠠᠢᠲᠤᠷ ᠪᠠᠷᠢᠮᠲᠠᠯᠠᠵᠤ᠂ ᠠᠷᠠᠳ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠦ ᠦᠢᠯᠡᠰ᠎ᠢ ᠰᠠᠢᠲᠤᠷ ᠬᠥᠭ᠌ᠵᠢᠭᠦᠯᠪᠡᠯ ᠯᠠᠪᠲᠠᠢ ᠨᠠᠮ ᠪᠣᠯᠤᠨ ᠤᠯᠤᠰ᠎ᠤᠨ ᠠᠵᠢᠯ ᠦᠢᠯᠡᠰ᠎ᠦᠨ ᠬᠥᠭ᠌ᠵᠢᠯᠲᠡ᠎ᠳᠦ ᠱᠢᠨ᠎ᠡ ᠬᠤᠪᠢ ᠨᠡᠮᠡᠷᠢ ᠦᠵᠡᠭᠦᠯᠵᠦ᠍ ᠴᠢᠳᠠᠨ᠎ᠠ᠃
ᠪᠦᠯᠬᠦᠮᠳᠡᠯ ᠪᠣᠯ ᠳᠠᠷᠤᠶ ᠬᠦᠴᠦᠨ ᠮᠥᠨ᠂ ᠢᠷᠡᠭᠡᠳᠦᠶ ᠪᠠᠨ ᠴᠤᠬᠴᠠᠯᠠᠬᠤ ᠪᠡᠷ ᠴᠢᠷᠮᠠᠢᠨ ᠲᠡᠮᠡᠴᠡᠶ᠎ᠡ᠃ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠪᠣᠯ ᠪᠦᠬᠦ᠌ ᠠᠷᠠᠳ ᠲᠦᠮᠡᠨ᠎ᠦ ᠬᠠᠮᠲᠤ᠎ᠶ᠋ᠢᠨ ᠦᠢᠯᠡᠰ ᠮᠥᠨ᠂ ᠪᠠᠰᠠ ᠴᠤ᠌ ᠠᠶᠤᠯ ᠲᠦᠭ᠌ᠰᠢᠭᠦᠷᠢ ᠪᠠ ᠥᠷᠢᠰᠥᠯᠳᠦᠭᠡᠨ᠎ᠢᠶᠡᠷ ᠳᠦᠭᠦᠷᠦᠭ᠌ᠰᠡᠨ᠂ ᠱᠢᠷᠭᠠᠭᠤ ᠬᠠᠲᠠᠭᠤᠵᠢᠯᠲᠠᠶ ᠴᠢᠷᠮᠠᠢᠯᠭ᠎ᠠ ᠭᠠᠷᠭᠠᠬᠤ ᠴᠢᠬᠤᠯᠠᠲᠠᠶ ᠠᠤᠭ᠎ᠠ ᠶᠡᠬᠡ ᠦᠢᠯᠡᠰ ᠮᠥᠨ᠂ ᠡᠷᠬᠡᠪᠰᠢ ᠪᠦᠬᠦ᠌ ᠳᠤᠮᠳᠠᠳᠤ᠎ᠶ᠋ᠢᠨ ᠬᠥᠪᠡᠭᠦᠳ ᠥᠬᠢᠳ᠎ᠢ ᠲᠠᠢ᠌ᠴᠢᠯᠠᠨ ᠬᠠᠮᠲᠤ᠎ᠪᠠᠷ ᠪᠣᠳᠣᠯᠬᠢᠯᠠᠵᠤ᠂ ᠬᠠᠮᠲᠤ᠎ᠪᠠᠷ ᠠᠵᠢᠯᠯᠠᠭᠤᠯᠵᠤ᠂ ᠪᠦᠬᠦ᠌ ᠠᠷᠠᠳ ᠲᠦᠮᠡᠨ᠎ᠳᠦ ᠨᠢᠭ᠍ᠲᠠ ᠲᠦᠱᠢᠭ᠌ᠯᠡᠨ ᠰᠡᠳᠭᠢᠯ ᠨᠢᠭᠡᠳᠦᠨ ᠬᠦᠴᠦ᠍᠎ᠪᠡᠨ ᠬᠠᠮᠲᠤᠳᠭᠠᠵᠤ᠂ ᠶᠡᠬᠡ ᠦᠢᠯᠡᠰ᠎ᠢ ᠬᠠᠮᠲᠤ᠎ᠪᠠᠷ ᠪᠦᠲᠦᠭᠡᠬᠦ᠌ ᠬᠡᠷᠡᠭ᠌ᠲᠡᠶ᠃ ᠤᠷᠤᠭ᠍ᠰᠢᠯᠠᠯᠲᠠ᠎ᠶ᠋ᠢᠨ ᠵᠠᠮ ᠳᠡᠭᠡᠷ᠎ᠡ᠂ ᠪᠢᠳᠡ ᠬᠠᠮᠤᠭ᠎ᠤᠨ ᠥᠷᠭᠡᠨ ᠳᠡᠯᠭᠡᠷ ᠤᠯᠤᠰ᠎ᠢᠶᠠᠨ ᠬᠠᠢᠷᠠᠯᠠᠬᠤ ᠨᠢᠭᠡᠳᠦᠮᠡᠯ ᠹᠷᠣᠨᠲ᠎ᠢ ᠪᠡᠬᠢᠵᠢᠭᠦᠯᠦᠨ ᠬᠥᠭ᠌ᠵᠢᠭᠦᠯᠵᠦ᠍᠂ ᠤᠯᠤᠰ᠎ᠢᠶᠠᠨ ᠬᠦᠴᠦᠷᠬᠡᠭ᠌ᠵᠢᠭᠦᠯᠬᠦ᠌ ᠪᠦᠳᠦᠭᠡᠨ ᠪᠠᠢᠭᠤᠯᠤᠯᠲᠠ᠂ ᠦᠨᠳᠦᠰᠦᠲᠡᠨ᠎ᠦ ᠰᠡᠷᠭᠦᠨ ᠮᠠᠨᠳᠤᠯᠲᠠ᠎ᠶ᠋ᠢᠨ ᠬᠠᠮᠤᠭ᠎ᠤᠨ ᠶᠡᠬᠡ ᠢᠵᠢᠯᠢ ᠲᠥᠪ᠎ᠲᠦ ᠲᠣᠭᠣᠷᠢᠭ᠎ᠢ ᠰᠠᠢᠲᠤᠷ ᠵᠢᠷᠤᠭᠯᠠᠵᠤ᠂ ᠤᠯᠠᠨ᠎ᠤ ᠰᠡᠳᠭᠢᠯ᠎ᠢ ᠨᠢᠭᠡᠳᠭᠡᠵᠦ᠍᠂ ᠤᠯᠠᠨ᠎ᠤ ᠬᠦᠴᠦᠨ᠎ᠢ ᠨᠢᠭ᠍ᠲᠠᠷᠠᠭᠤᠯᠵᠤ᠂ ᠤᠯᠠᠨ᠎ᠤ ᠤᠶᠤᠨ ᠤᠬᠠᠭᠠᠨ᠎ᠢ ᠨᠢᠭ᠍ᠲᠠᠷᠠᠭᠤᠯᠵᠤ᠂ ᠰᠡᠳᠭᠢᠯ᠎ᠨᠢᠭᠡᠳᠤᠨ ᠳᠤᠮᠳᠠᠳᠤ᠎ᠶ᠋ᠢᠨ ᠵᠡᠭᠦᠳᠦ᠍᠎ᠶ᠋ᠢ ᠬᠠᠮᠲᠤ ᠪᠠᠷ ᠲᠡᠷᠭᠡᠯᠱᠢᠭᠦᠯᠬᠦ᠌ ᠬᠦᠴᠦᠷᠬᠡᠭ ᠶᠡᠬᠡ ᠬᠠᠮᠳᠤᠷᠠᠯ ᠬᠦᠴᠦᠨ᠎ᠢ ᠪᠦᠷᠢᠯᠳᠦᠭᠦᠯᠬᠦ᠌ ᠬᠡᠷᠡᠭ᠌ᠲᠡᠢ᠃ ᠠᠷᠠᠳ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠦ ᠬᠠᠮᠤᠭ᠎ᠤᠨ ᠥᠷᠭᠡᠨ ᠳᠡᠯᠭᠡᠷ ᠤᠯᠤᠰ ᠵᠢᠡᠨ ᠬᠠᠢᠷᠠᠯᠠᠬᠤ ᠨᠢᠭᠡᠳᠦᠮᠡᠯ ᠹᠷᠣᠨᠲ᠎ᠤᠨ ᠵᠣᠬᠢᠶᠠᠨ ᠪᠠᠢᠭᠤᠯᠤᠯᠲᠠ ᠪᠣᠯᠬᠤ ᠦᠢᠯᠡᠳᠦᠯ᠎ᠢ ᠪᠠᠳᠠᠷᠠᠭᠤᠯᠵᠤ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠶ᠋ᠢᠨ ᠠᠤᠭ᠎ᠠ ᠶᠡᠬᠡ ᠵᠢᠷᠤᠭ ᠲᠥᠯᠥᠪᠯᠡᠭᠡ ᠪᠠ ᠠᠮᠢᠳᠤᠯᠢᠭ ᠦᠢᠯᠡᠳᠦᠯᠭᠡ᠎ᠪᠡᠷ ᠬᠥᠮᠦᠰ᠎ᠢ ᠤᠷᠮᠠᠰᠢᠭᠤᠯᠤᠨ᠂ ᠬᠥᠮᠦᠰ᠎ᠢ ᠵᠣᠷᠢᠭ᠍ᠵᠢᠭᠤᠯᠵᠤ᠂ ᠬᠥᠮᠦᠰ᠎ᠢ ᠤᠷᠢᠶᠠᠯᠠᠬᠤ᠎ᠳᠠᠭᠠᠨ ᠴᠢᠳᠠᠮᠠᠭᠠᠶ ᠪᠠᠢᠵᠤ᠂ ᠶᠡᠬᠡ ᠪᠦᠯᠬᠦᠮᠳᠡᠯ ᠶᠡᠬᠡ ᠬᠣᠯᠪᠣᠭᠠᠯᠠᠯ᠎ᠢ ᠪᠠᠷᠢᠮᠲᠠᠯᠠᠨ᠂ ᠪᠦᠯᠬᠦᠮᠳᠡᠵᠦ᠍ ᠪᠣᠯᠬᠤ ᠬᠦᠴᠦᠨ ᠪᠦᠬᠦᠨ᠎ᠲᠡᠶ ᠪᠦᠯᠬᠦᠮᠳᠡᠵᠦ᠍᠂ ᠲᠠᠢ᠌ᠴᠢᠯᠠᠵᠤ ᠪᠣᠯᠬᠤ ᠢᠳᠡᠪᠬᠢ ᠬᠦᠴᠦᠨ ᠵᠦᠢᠯ ᠪᠦᠬᠦᠨ᠎ᠢ ᠲᠠᠢ᠌ᠴᠢᠯᠠᠵᠤ᠂ ᠬᠠᠮᠲᠤ᠎ᠪᠠᠷ ᠲᠡᠮᠡᠴᠡᠬᠦ᠌ ᠬᠦᠴᠦᠨ᠎ᠢ ᠬᠠᠮᠤᠭ᠎ᠤᠨ ᠶᠡᠬᠡ ᠬᠡᠮᠵᠢᠶ᠎ᠡ᠎ᠪᠡᠷ ᠨᠢᠭ᠍ᠲᠠᠷᠠᠭᠤᠯᠬᠤ ᠬᠡᠷᠡᠭ᠌ᠲᠡᠶ᠃
ᠢᠷᠠᠭᠤ ᠠᠯᠳᠠᠷ ᠪᠠ ᠬᠦᠰᠡᠯ ᠵᠡᠭᠦᠳᠦ᠍᠎ᠪᠡᠷ ᠪᠢᠯᠬᠠᠮ᠎ᠠ ᠱᠢᠨ᠎ᠡ ᠠᠶᠠᠨ ᠳ᠋ᠤ ᠡᠷᠡᠯᠬᠡᠭ᠌ᠯᠡᠨ ᠤᠷᠤᠭ᠍ᠰᠢᠯᠠᠬᠤ᠎ᠳᠤ᠂ ᠠᠷᠠᠳ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠦ ᠡᠭᠦᠷᠭᠡ ᠢᠷᠠᠭᠤ ᠠᠯᠳᠠᠷᠲᠠᠶ᠂ ᠬᠠᠷᠢᠭᠤᠴᠠᠯᠭ᠎ᠠ ᠬᠦᠨᠳᠦ ᠶᠡᠬᠡ ᠶᠤᠮ᠃ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠤᠳᠤᠷᠢᠳᠤᠭ᠍ᠰᠠᠨ ᠤᠯᠤᠰ ᠲᠥᠷᠥ᠎ᠶ᠋ᠢᠨ ᠵᠣᠬᠢᠶᠠᠨ ᠪᠠᠢᠭᠤᠯᠤᠯᠲᠠ ᠪᠣᠯᠤᠭ᠍ᠰᠠᠨ ᠤ᠋ ᠬᠤᠪᠢ ᠳ᠋ᠤ᠂ ᠨᠡᠢᠭᠡᠮ ᠵᠢᠷᠤᠮ᠎ᠤᠨ ᠵᠥᠪᠯᠡᠬᠦ᠌ ᠠᠷᠠᠳᠴᠢᠯᠠᠯ᠎ᠤᠨ ᠴᠢᠬᠤᠯᠠ ᠠᠷᠭ᠎ᠠ ᠵᠠᠮ ᠪᠠ ᠲᠤᠰᠭᠠᠶ ᠵᠥᠪᠯᠡᠬᠦ᠌ ᠪᠠᠢᠭᠤᠯᠤᠮᠵᠢ ᠪᠣᠯᠤᠭ᠍ᠰᠠᠨ᠎ᠤ ᠬᠤᠪᠢ᠎ᠳᠤ᠂ ᠠᠷᠠᠳ᠎ᠤᠨ ᠤᠯᠤᠰ ᠲᠦᠷᠦ᠍᠎ᠶ᠋ᠢᠨ ᠵᠥᠪᠯᠡᠯᠭᠡᠨ ᠰᠢ᠎ᠶ᠋ᠢᠨ ᠫᠢᠩ᠎ᠤᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠲᠠᠶ ᠨᠡᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠤᠭᠤᠳᠤᠯᠭ᠎ᠠ ᠪᠣᠯᠭᠠᠬᠤ᠎ᠶ᠋ᠢ ᠪᠠᠷᠢᠮᠲᠠᠯᠠᠵᠤ᠂ ᠠᠷᠠᠳᠴᠢᠯᠠᠯ᠎ᠢ ᠪᠠᠳᠠᠷᠠᠭᠤᠯᠬᠤ ᠪᠠ ᠪᠦᠯᠬᠦᠮᠳᠡᠯ᠎ᠢ ᠴᠢᠩᠭᠠᠳᠭᠠᠬᠤ᠎ᠶ᠋ᠢ ᠬᠠᠷᠢᠯᠴᠠᠨ ᠨᠡᠪᠲᠡᠷᠡᠯᠴᠡᠭᠦᠯᠬᠦ᠌᠂ ᠠᠷᠭ᠎ᠠ ᠤᠬᠭᠠᠨ ᠭᠠᠷᠭᠠᠵᠤ ᠵᠠᠰᠠᠭ᠎ᠲᠤ ᠲᠤᠰᠠᠯᠠᠬᠤ ᠪᠠ ᠬᠠᠮᠲᠤ᠎ᠶ᠋ᠢᠨ ᠲᠠᠨᠢᠯᠲᠠ᠎ᠶ᠋ᠢ ᠨᠢᠭ᠍ᠲᠠᠷᠠᠭᠤᠯᠬᠤ᠎ᠳᠤ ᠬᠣᠣᠰ ᠴᠢᠭ᠌ᠯᠡᠯ᠎ᠢᠶᠡᠷ ᠬᠦᠴᠦᠯᠡᠬᠦ ᠵᠢ ᠪᠠᠷᠢᠮᠳᠠᠯᠠᠵᠤ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠶ᠋ᠢᠨ ᠬᠠᠷᠠᠯᠲᠠ ᠡᠭᠦᠷᠭᠡ᠎ᠳᠦ ᠠᠩᠬᠠᠷᠤᠯ᠎ᠢᠶᠠᠨ ᠲᠥᠪᠯᠡᠷᠡᠭᠦᠯᠦᠨ ᠠᠷᠭ᠎ᠠ ᠤᠬᠠᠭᠠᠨ ᠭᠠᠷᠭᠠᠨ ᠬᠦᠴᠦᠨ ᠴᠢᠳᠠᠯ᠎ᠢᠶᠠᠨ ᠡᠷᠭᠦᠵᠦ᠍᠂ ᠠᠷᠠᠳ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠦ ᠪᠠᠢᠭᠤᠯᠤᠯ᠎ᠤᠨ ᠳᠠᠪᠠᠭᠤᠯᠢᠭ᠎ᠢ ᠤᠯᠤᠰ᠎ᠤᠨ ᠵᠠᠰᠠᠯᠲᠠ᠎ᠶ᠋ᠢᠨ ᠦᠷ᠎ᠡ ᠪᠦᠲᠦᠮᠵᠢ ᠪᠣᠯᠭᠠᠨ ᠨᠡᠩ ᠰᠠᠢᠲᠤᠷ ᠬᠤᠪᠢᠷᠠᠭᠤᠯᠬᠤ ᠬᠡᠷᠡᠭ᠌ᠲᠡᠢ᠃ ᠠᠷᠠᠳ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠦ ᠡᠯ᠎ᠡ ᠨᠠᠮ ᠪᠦᠯᠦᠭ᠂ ᠡᠯ᠎ᠡ ᠪᠦᠯᠬᠦᠮ᠂ ᠡᠯ᠎ᠡ ᠦᠨᠳᠦᠰᠦᠲᠡᠨ ᠡᠯ᠎ᠡ ᠡᠲᠡᠭᠡᠳ ᠡᠯ᠎ᠡ ᠲᠠᠯ᠎ᠠ᠎ᠶ᠋ᠢᠨ ᠬᠥᠮᠦᠰ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠬᠣᠷᠢᠳᠤᠭᠠᠷ ᠶᠡᠬᠡ ᠬᠤᠷᠠᠯ᠎ᠡᠴᠡ ᠳᠤᠷᠠᠳᠤᠬᠰᠡᠨ ᠴᠢᠬᠤᠯᠠ ᠶᠡᠬᠡ ᠪᠠᠢᠯᠳᠤᠬᠤ ᠪᠤᠳᠤᠯᠭ᠎ᠠ᠎ᠶ᠋ᠢᠨ ᠡᠭᠦᠷᠭᠡ ᠪᠠ ᠲᠥᠪ᠎ᠦᠨ ᠠᠵᠤ ᠠᠬᠤᠶ᠎ᠶ᠋ᠢᠨ ᠠᠵᠢᠯ᠎ᠤᠨ ᠬᠤᠷᠠᠯ ᠤ᠋ᠨ ᠪᠠᠢᠷᠢᠯᠠᠭᠤᠯᠤᠯᠲᠠ᠎ᠵᠢᠨ ᠲᠤᠭᠤᠷᠢᠨ ᠳ᠋ᠤ᠂ ᠭᠦᠨᠵᠡᠭᠡᠶ ᠪᠠᠢᠴᠠᠭᠠᠨ ᠰᠤᠳᠤᠯᠤᠯᠲᠠ ᠬᠢᠵᠦ᠍᠂ ᠢᠳᠡᠪᠬᠢᠲᠡᠶ᠎ᠪᠡᠷ ᠠᠷᠭ᠎ᠠ ᠤᠬᠠᠭᠠᠨ ᠭᠠᠷᠭᠠᠵᠤ ᠵᠠᠰᠠᠭ᠎ᠲᠤ ᠲᠤᠰᠠᠯᠠᠵᠤ᠂ ᠬᠠᠮᠲᠤ᠎ᠶ᠋ᠢᠨ ᠲᠠᠨᠢᠯᠲᠠ᠎ᠪᠠᠨ ᠥᠷᠭᠡᠨ᠎ᠢᠶᠡᠷ ᠨᠢᠭ᠍ᠲᠠᠷᠠᠭᠤᠯᠵᠤ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠳᠠ ᠵᠢᠨ ᠪᠦᠳᠦᠭᠡᠨ ᠪᠠᠢᠭᠤᠯᠤᠯᠲᠠ᠎ᠳᠤ ᠬᠦᠴᠦᠨ ᠨᠡᠮᠡᠷᠢᠯᠡᠬᠦ᠌ ᠬᠡᠷᠡᠭ᠌ᠲᠡᠶ᠃
ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠪᠣᠯ ᠤᠯᠤᠰ ᠵᠢᠡᠨ ᠬᠦᠴᠦᠷᠬᠡᠭᠵᠢᠭᠦᠯᠬᠦ ᠪᠦᠳᠦᠭᠡᠨ ᠪᠠᠢᠭᠤᠯᠤᠯᠲᠠ᠂ ᠦᠨᠳᠦᠰᠦᠲᠡᠨ᠎ᠦ ᠰᠡᠷᠭᠦᠨ ᠮᠠᠨᠳᠤᠯᠲᠠ᠎ᠶ᠋ᠢᠨ ᠰᠠᠷᠠᠭᠤᠯ ᠳᠠᠷᠳᠠᠩ ᠵᠠᠮ ᠮᠥᠨ᠂ ᠬᠥᠮᠦᠨ ᠲᠥᠷᠥᠯᠬᠢᠲᠡᠨ᠎ᠦ ᠣᠳᠣᠬᠢᠴᠢᠯᠠᠯᠲᠠ ᠲᠡᠢᠰᠢ ᠤᠷᠤᠭ᠍ᠰᠢᠯᠠᠬᠤ ᠱᠢᠨ᠎ᠡ ᠵᠠᠮ᠎ᠢ ᠨᠡᠭᠡᠭᠡᠵᠦ᠍᠂ ᠬᠥᠮᠦᠨ ᠲᠥᠷᠥᠯᠬᠢᠲᠡᠨ᠎ᠦ ᠪᠣᠯᠪᠠᠰᠤᠨ᠎ᠤ ᠱᠢᠨ᠎ᠡ ᠬᠡᠯᠪᠡᠷᠢ᠎ᠶ᠋ᠢ ᠨᠡᠭᠡᠭᠡᠪᠡ᠃ ᠡᠨᠡ ᠬᠦ᠌ ᠰᠠᠷᠠᠭᠤᠯ ᠳᠠᠷᠳᠠᠩ ᠵᠠᠮ᠎ᠢᠶᠠᠷ ᠤᠷᠤᠭ᠍ᠰᠢᠯᠠᠵᠤ᠂ ᠨᠠᠮ᠎ᠤᠨ ᠬᠣᠷᠢᠳᠤᠭᠠᠷ ᠶᠡᠬᠡ ᠬᠤᠷᠠᠯ ᠡᠴᠡ ᠵᠢᠷᠤᠭ᠍ᠯᠠᠭ᠍ᠰᠠᠨ ᠠᠤᠭ᠎ᠠ ᠲᠥᠰᠦᠪ᠎ᠢ ᠰᠠᠢ᠌ᠨ ᠰᠠᠢᠬᠠᠨ ᠪᠣᠳᠠᠲᠤ ᠠᠬᠤᠢ ᠪᠣᠯᠭᠠᠨ ᠬᠤᠪᠢᠷᠠᠭᠤᠯᠬᠤ᠎ᠳᠤ ᠨᠡᠩ ᠴᠤ᠌ ᠢᠲᠡᠭᠡᠯ ᠵᠣᠷᠢᠭ᠎ᠢᠶᠠᠨ ᠪᠠᠲᠤᠳᠭᠠᠵᠤ᠂ ᠵᠠᠮ ᠨᠡᠭᠡᠭᠡᠨ ᠤᠷᠤᠭ᠍ᠰᠢᠯᠠᠬᠤ ᠬᠡᠷᠡᠭ᠌ᠲᠡᠢ᠃ ᠪᠢᠳᠡ ᠰᠢ ᠵᠢᠨ ᠫᠢᠩ ᠨᠥᠬᠥᠷ᠎ᠢᠶᠡᠷ ᠭᠤᠤᠯ ᠪᠣᠯᠭᠠᠭ᠍ᠰᠠᠨ ᠨᠠᠮ᠎ᠤᠨ ᠲᠥᠪ ᠬᠣᠷᠢᠶ᠎ᠠ ᠵᠢᠨ ᠲᠣᠭᠣᠷᠢᠨ᠎ᠳᠤ ᠨᠠᠩ ᠨᠢᠭ᠍ᠲᠠᠷᠠᠨ ᠪᠦᠯᠬᠦᠮᠳᠡᠵᠦ᠍᠂ ᠰᠢ ᠵᠢᠨ ᠫᠢᠩ᠎ᠦᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠲᠠᠶ ᠨᠡᠢᠭᠡᠮ ᠵᠢᠷᠤᠮ᠎ᠤᠨ ᠦᠵᠡᠯ ᠰᠠᠨᠠᠭ᠎ᠠ᠎ᠶ᠋ᠢ ᠪᠥᠬᠥ᠌ ᠲᠠᠯ᠎ᠠ᠎ᠪᠠᠷ ᠲᠤᠭᠤᠱᠢᠯᠠᠭᠤᠯᠵᠤ᠂ 《 ᠬᠣᠶᠠᠷ᠎ᠢ ᠲᠣᠭ᠍ᠲᠠᠭᠠᠭᠰᠠᠨ》 ᠤ᠋ ᠱᠢᠶ᠋ᠳᠪᠦᠷᠢᠯᠡᠭ᠌ᠴᠢ ᠠᠴᠢ ᠬᠣᠯᠪᠣᠭ᠍ᠳᠠᠯ᠎ᠢ ᠭᠦᠨᠵᠡᠭᠡᠶ ᠣᠢᠯᠠᠭᠠᠵᠤ᠂ 《 ᠳᠥᠷᠪᠡᠨ ᠤᠬᠠᠮᠰᠠᠷ 》 ᠵᠢᠡᠨ ᠴᠢᠩᠭᠠᠳᠭᠠᠵᠤ᠂ 《 ᠳᠥᠷᠪᠡᠨ ᠢᠲᠡᠭᠡᠯ 》 ᠵᠢᠡᠨ ᠪᠠᠲᠤᠳᠭᠠᠵᠤ᠂ 《ᠬᠣᠶᠠᠷ᠎ᠢ ᠬᠠᠮᠠᠭᠠᠯᠠᠬᠤ 》 ᠶ᠋ᠢ ᠪᠡᠶᠡᠯᠡᠭᠦᠯᠵᠦ᠍᠂ ᠨᠢᠭᠡ ᠰᠡᠳᠭᠢᠯ ᠨᠢᠭᠡ ᠵᠣᠷᠢᠭ᠎ᠢᠶᠠᠷ᠂ ᠣᠯᠠᠨ᠎ᠤ ᠤᠬᠠᠭᠠᠨ ᠬᠠᠮᠲᠤ᠎ᠶ᠋ᠢᠨ ᠬᠦᠴᠦ᠍ᠨ ᠵᠢᠡᠷ ᠱᠢᠨ᠎ᠡ ᠠᠶᠠᠨ᠎ᠳᠤ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠶ᠋ᠢᠨ ᠰᠦᠷᠯᠢᠭ ᠰᠠᠢᠬᠠᠨ ᠢᠷᠠᠭᠤ ᠬᠠᠭᠤᠳᠠᠰᠤ᠎ᠶ᠋ᠢ ᠬᠠᠮᠲᠤ᠎ᠪᠠᠷ ᠪᠢᠴᠢᠭ᠌ᠯᠡᠶ᠎ᠡ᠃
(ᠱᠢᠨᠬᠤᠸᠠ ᠬᠣᠷᠢᠶ᠎ᠠ ᠵᠢᠨ ᠪᠡᠭᠡᠵᠢᠩ᠎ᠦᠨ 3 ᠰᠠᠷ᠎ᠠ᠎ᠶ᠋ᠢᠨ 10 ᠤ᠋ ᠴᠠᠬᠢᠯᠭᠠᠨ ᠮᠡᠳᠡᠭᠡ)
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠰᠠᠢᠨ᠎ᠠ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃