2024ᠤᠨ᠎ᠤ᠋ ᠪᠦᠬᠦ ᠤᠯᠤᠰ᠎ᠤ᠋ᠨ ᠬᠣᠶᠠᠷ ᠬᠤᠷᠠᠯ > ᠮᠡᠳᠡᠭᠡᠯᠡᠯ

2024-03-11 09:44:21

ᠵᠣᠬᠢᠶᠠᠭ᠍ᠴᠢ᠄ ᠣᠩᠱᠢᠭ᠍ᠰᠠᠨ ᠣᠳᠠᠭ᠎ᠠ᠄ 3

ᠰᠢ ᠵᠢᠨ ᠫᠢᠩ ᠯᠢ ᠴᠢᠶᠠᠩ ᠵᠤᠤ ᠯᠸ ᠵᠶ᠋ᠢ ᠼᠠᠢ ᠴᠢ ᠳ᠋ᠢᠩ ᠱᠢᠤᠸᠠᠢ ᠱᠢᠶᠠᠩ ᠯᠢ ᠰᠢ ᠬᠠᠨ ᠵᠧᠩ ᠣᠷᠣᠯᠴᠠᠪᠠ ᠸᠠᠩ ᠬᠣ᠌ ᠨᠢᠩ ᠶᠠᠷᠢᠶ᠎ᠠ ᠲᠠᠯᠪᠢᠵᠠᠢ



ᠳᠤᠮᠳᠠᠳᠤ ᠤᠯᠤᠰ᠎ᠤᠨ ᠠᠷᠠᠳ᠎ᠤᠨ ᠤᠯᠤᠰ ᠲᠥᠷᠥ᠎ᠶ᠋ᠢᠨ ᠵᠥᠪᠯᠡᠯᠭᠡᠨ᠎ᠦ ᠠᠷᠪᠠᠨ ᠳᠥᠷᠪᠡᠳᠦᠭᠡᠷ ᠬᠤᠭᠤᠴᠠᠭᠠᠨ᠎ᠤ ᠪᠥᠬᠥ᠌ ᠤᠯᠤᠰ᠎ᠤᠨ ᠬᠣᠷᠢᠶ᠎ᠠ ᠵᠢᠨ ᠬᠣᠶᠠᠳᠤᠭᠠᠷ ᠬᠤᠷᠠᠯ ᠡᠯ᠎ᠡ ᠵᠥᠪᠯᠡᠬᠦ᠌ ᠵᠦᠶ᠋ᠯᠡᠰ᠎ᠢᠶᠡᠨ ᠲᠡᠭᠦᠰ ᠠᠮᠵᠢᠯᠲᠠ᠎ᠲᠠᠶ ᠳᠠᠭᠤᠰᠬᠠᠭᠠᠳ 10 ᠤ᠋ ᠦᠳᠡ᠎ᠶ᠋ᠢᠨ ᠡᠮᠦᠨ᠎ᠡ ᠠᠷᠠᠳ᠎ᠤᠨ ᠶᠡᠬᠡ ᠬᠤᠷᠠᠯ᠎ᠤᠨ ᠲᠠᠩᠬᠢᠮ᠎ᠳᠤ ᠲᠡᠭᠦᠰᠪᠡ᠃ ᠬᠤᠷᠠᠯ ᠡᠴᠡ ᠠᠷᠠᠳ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠦ ᠡᠯ᠎ᠡ ᠣᠷᠣᠯᠴᠠᠭ᠍ᠰᠠᠨ ᠨᠢᠭᠡᠴᠢ᠂ ᠡᠯ᠎ᠡ ᠱᠠᠲᠤᠨ᠎ᠤ ᠵᠣᠬᠢᠶᠠᠨ ᠪᠠᠢᠭᠤᠯᠤᠯᠲᠠ ᠪᠠ ᠥᠷᠭᠡᠨ ᠤᠯᠠᠨ ᠤᠯᠤᠰ ᠲᠦᠷᠦ᠍᠎ᠶ᠋ᠢᠨ ᠵᠥᠪᠯᠡᠯᠭᠡᠨ᠎ᠦ ᠭᠡᠱᠢᠭᠦᠨ ᠰᠢ ᠵᠢᠨ ᠫᠢᠩ ᠨᠥᠬᠥᠷ᠎ᠢᠶᠡᠷ ᠭᠣᠣᠯ ᠪᠤᠯᠭᠠᠭᠰᠠᠨ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶ᠎ᠠ ᠵᠢᠨ ᠲᠣᠭᠣᠷᠢᠨ᠎ᠳᠤ ᠨᠡᠩ ᠨᠢᠭ᠍ᠲᠠᠷᠠᠨ ᠪᠦᠯᠬᠦᠮᠳᠡᠵᠦ᠍᠂ ᠨᠢᠭᠡ ᠰᠡᠳᠭᠢᠯ ᠨᠢᠭᠡ ᠵᠣᠷᠢᠭ᠎ᠢᠶᠠᠷ᠂ ᠤᠯᠠᠨ᠎ᠤ ᠤᠬᠠᠭᠠᠨ ᠬᠠᠮᠲᠤ᠎ᠶ᠋ᠢᠨ ᠬᠦᠴᠦᠨ᠎ᠢᠶᠡᠷ ᠱᠢᠨ᠎ᠡ ᠴᠠᠭ ᠦᠶ᠎ᠡ᠎ᠶ᠋ᠢᠨ ᠠᠷᠠᠳ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠦ ᠠᠵᠢᠯ᠎ᠤᠨ ᠱᠢᠨ᠎ᠡ ᠪᠠᠢᠳᠠᠯ᠎ᠢ ᠲᠠᠰᠤᠷᠠᠯᠲᠠ ᠦᠭᠡᠢ ᠡᠭᠦᠳᠰᠦᠭᠡᠢ ᠭᠡᠵᠦ᠍ ᠤᠷᠢᠶᠠᠯᠠᠵᠠᠢ᠃

ᠬᠤᠷᠠᠯ᠎ᠢ ᠪᠦᠬᠦ᠌ ᠤᠯᠤᠰ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠦ ᠲᠡᠷᠢᠭᠦᠯᠡᠭ᠌ᠴᠢ ᠸᠠᠩ ᠬᠤ᠌ ᠨᠢᠩ ᠡᠷᠬᠢᠯᠡᠪᠡ᠃ ᠪᠦᠬᠦ᠌ ᠤᠯᠤᠰ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠦ ᠳᠡᠳ᠋ ᠲᠡᠷᠢᠭᠦᠯᠡᠭ᠌ᠴᠢ ᠱ᠌ᠢ᠎ᠲᠡᠶ ᠹᠸᠩ᠂ ᠬᠤ᠌ ᠴᠦᠨ ᠬᠤᠸᠠ᠂ ᠱᠸᠨ ᠶᠤᠸᠠᠢ ᠶᠤᠸᠠᠢ᠂ ᠸᠠᠩ ᠶᠦᠩ᠂ ᠵᠧᠦ ᠴᠢᠶᠠᠩ᠂ ᠫᠠᠪᠠᠯᠠ· ᠭᠸᠯᠸᠭᠨᠠᠮᠵᠢᠯ᠂ ᠾᠧ ᠾᠧᠦ ᠬᠤᠸᠠ᠂ ᠯᠢᠶᠠᠩ ᠵᠧᠨ ᠶᠢᠩ᠂ ᠪᠠᠭᠠᠲᠤᠷ᠂ ᠰᠤ᠌ ᠬᠤᠢ᠂ ᠱᠤᠤ ᠬᠣᠩ᠂ ᠭᠤᠤ ᠶᠦᠨ ᠯᠦᠩ᠂ ᠴᠧᠨ ᠦ᠋᠂ ᠮᠦ᠍ ᠬᠣᠩ᠂ ᠱᠢᠶᠠᠨ ᠬᠤᠢ᠂ ᠸᠠᠩ ᠳ᠋ᠦᠩ ᠹᠸᠩ᠂ ᠵᠢᠶᠠᠩ ᠱᠢᠨ ᡁᠢ᠂ ᠵᠢᠶᠠᠩ ᠽᠦᠸᠧ ᠵᠢᠶᠦ᠋ᠨ᠂ ᠾᠧ ᠪᠦᠦ ᠱᠢᠶᠠᠩ᠂ ᠸᠠᠩ ᠭᠤᠸᠠᠩ ᠴᠢᠶᠠᠨ᠂ ᠴᠢᠨ ᠪᠥᠸᠧ ᠶᠦᠩ᠂ ᠵᠦ᠍ ᠶᠦᠩ ᠱᠢᠨ᠂ ᠶᠠᠩ ᠵᠧᠨ ᠲᠡᠷᠢᠭᠦᠯᠡᠭ᠌ᠴᠢ ᠵᠢᠨ ᠲᠠᠢᠰᠠᠨ᠎ᠤ ᠡᠮᠦᠨ᠎ᠡ ᠮᠥᠷ᠎ᠲᠦ ᠰᠠᠭᠠᠲᠠᠪᠠ᠃


QQ截图20240311094359.png


3 ᠰᠠᠷ᠎ᠠ᠎ᠶ᠋ᠢᠨ 10 ᠤ᠋ ᠡᠳᠦᠷ᠂ ᠳᠤᠮᠳᠠᠳᠤ ᠤᠯᠤᠰ᠎ᠤᠨ ᠠᠷᠠᠳ᠎ᠤᠨ ᠤᠯᠤᠰ ᠲᠥᠷᠥ᠎ᠶ᠋ᠢᠨ ᠵᠥᠪᠯᠡᠯᠭᠡᠨ᠎ᠦ ᠠᠷᠪᠠᠨ ᠳᠥᠷᠪᠡᠳᠦᠭᠡᠷ ᠬᠤᠭᠤᠴᠠᠭᠠᠨ᠎ᠤ ᠪᠥᠬᠥ᠌ ᠤᠯᠤᠰ᠎ᠤᠨ ᠬᠣᠷᠢᠶ᠎ᠠ ᠵᠢᠨ ᠬᠣᠶᠠᠳᠤᠭᠠᠷ ᠬᠤᠷᠠᠯ ᠪᠡᠭᠡᠵᠢᠩ᠎ᠤᠨ ᠠᠷᠠᠳ᠎ᠤᠨ ᠶᠡᠬᠡ ᠬᠤᠷᠠᠯ᠎ᠤᠨ ᠲᠠᠩᠬᠢᠮ᠎ᠳᠤ ᠲᠡᠭᠦᠰᠪᠡ᠃ ᠰᠢ ᠵᠢᠨ ᠫᠢᠩ᠂ ᠯᠢ ᠴᠢᠶᠠᠩ᠂ ᠵᠤᠤ ᠯᠸ ᠵᠶ᠋ᠢ᠂ ᠼᠠᠢ ᠴᠢ᠂ ᠳ᠋ᠢᠩ ᠱᠢᠤᠸᠠᠢ ᠱᠢᠶᠠᠩ᠂ ᠯᠢ ᠰᠢ᠂ ᠬᠠᠨ ᠵᠧᠩ᠎ᠨᠡᠷ ᠲᠡᠷᠢᠭᠦᠯᠡᠭ᠌ᠴᠢ ᠵᠢᠨ ᠲᠠᠢᠰᠠᠨ᠎ᠳᠤ ᠰᠠᠭᠠᠲᠠᠵᠠᠢ᠃

ᠰᠢᠨᠬᠤᠸᠠ ᠬᠤᠷᠢᠶ᠎ᠠ᠎ᠶᠢᠨ ᠰᠤᠷᠪᠤᠯᠵᠢᠯᠠᠭᠴᠢ ᠬᠤᠸᠠᠩ ᠵᠢᠩ ᠸᠸᠨ ᠰᠡᠭᠦᠳᠡᠷᠯᠡᠪᠡ


ᠰᠢ ᠵᠢᠨ ᠫᠢᠩ᠂ ᠯᠢ ᠴᠢᠶᠠᠩ᠂ ᠵᠤᠤ ᠯᠸ ᠵᠶ᠋ᠢ᠂ ᠼᠠᠢ ᠴᠢ᠂ ᠳ᠋ᠢᠩ ᠱᠢᠤᠸᠠᠢ ᠱᠢᠶᠠᠩ᠂ ᠯᠢ ᠰᠢ᠂ ᠬᠠᠨ ᠵᠧᠩ᠎ᠨᠡᠷ ᠲᠡᠷᠢᠭᠦᠯᠡᠭ᠌ᠴᠢ ᠵᠢᠨ ᠲᠠᠢᠰᠠᠨ᠎ᠳᠤ ᠰᠠᠭᠠᠲᠠᠵᠠᠢ᠃

ᠦᠳᠡ᠎ᠶ᠋ᠢᠨ ᠡᠮᠦᠨᠡᠬᠢ 9 ᠴᠠᠭ᠎ᠲᠤ ᠲᠡᠭᠦᠰᠭᠦ ᠬᠤᠷᠠᠯ ᠡᠬᠢᠯᠡᠪᠡ᠃ ᠸᠠᠩ ᠬᠣ᠌ ᠨᠢᠩ᠂ ᠳᠤᠮᠳᠠᠳᠤ ᠤᠯᠤᠰ᠎ᠤᠨ ᠠᠷᠠᠳ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠦ ᠠᠷᠪᠠᠨ ᠳᠥᠷᠪᠡᠳᠦᠭᠡᠷ ᠬᠤᠭᠤᠴᠠᠭᠠᠨ᠎ᠤ ᠪᠦᠬᠦ᠌ ᠤᠯᠤᠰ᠎ᠤᠨ ᠬᠤᠷᠢᠶ᠎ᠠ᠎ᠵᠢᠨ ᠬᠣᠶᠠᠳᠤᠭᠠᠷ ᠬᠤᠷᠠᠯ᠎ᠳᠤ ᠣᠷᠣᠯᠴᠠᠬᠤ ᠵᠤᠬᠢᠰᠲᠠᠢ ᠭᠡᠱᠢᠭᠦᠨ 2162 ᠬᠥᠮᠦᠨ ᠪᠤᠢ᠂ ᠪᠤᠲᠠᠲᠠᠢ ᠤᠷᠤᠯᠴᠠᠭᠰᠠᠨ ᠨᠢ 2085 ᠬᠥᠮᠦᠨ ᠪᠠᠢᠵᠤ᠂ ᠲᠣᠭ᠍ᠲᠠᠭ᠍ᠰᠠᠨ ᠬᠥᠮᠦᠨ᠎ᠦ ᠲᠣᠭ᠎ᠠ᠎ᠳᠤ ᠨᠡᠢᠴᠡᠨ᠎ᠡ ᠭᠡᠵᠦ᠍ ᠨᠡᠢᠲᠡᠯᠡᠪᠡ᠃

ᠬᠤᠷᠠᠯ᠎ᠡᠴᠡ ᠪᠠᠢᠩᠭᠤ᠎ᠶ᠋ᠢᠨ ᠬᠤᠷᠢᠶ᠎ᠠ᠎ᠵᠢᠨ ᠠᠵᠢᠯ᠎ᠤᠨ ᠮᠡᠳᠡᠭᠦᠯᠦᠯᠲᠡ᠎ᠶ᠋ᠢᠨ ᠲᠤᠬᠠᠶ ᠤᠯᠤᠰ ᠲᠥᠷᠥ᠎ᠶ᠋ᠢᠨ ᠵᠥᠪᠯᠡᠯᠭᠡᠨ᠎ᠦ ᠠᠷᠪᠠᠨ ᠳᠥᠷᠪᠡᠳᠦᠭᠡᠷ ᠬᠤᠭᠤᠴᠠᠭᠠᠨ᠎ᠤ ᠪᠥᠬᠥ᠌ ᠤᠯᠤᠰ᠎ᠤᠨ ᠬᠤᠷᠢᠶ᠎ᠠ᠎ᠵᠢᠨ ᠬᠣᠶᠠᠳᠤᠭᠠᠷ ᠬᠤᠷᠠᠯ᠎ᠤᠨ ᠱᠢᠶ᠋ᠳᠪᠦᠷᠢ᠂ ᠤᠯᠤᠰ ᠲᠥᠷᠥ᠎ᠶ᠋ᠢᠨ ᠵᠥᠪᠯᠡᠯᠭᠡᠨ᠎ᠦ ᠠᠷᠪᠠᠨ ᠳᠥᠷᠪᠡᠳᠦᠭᠡᠷ ᠬᠤᠭᠤᠴᠠᠭᠠᠨ᠎ᠤ ᠬᠤᠷᠢᠶ᠎ᠠ᠎ᠵᠢᠨ ᠠᠩᠬᠠᠳᠤᠭᠠᠷ ᠬᠤᠷᠠᠯ᠎ᠡᠴᠡ ᠨᠠᠭᠠᠱᠢᠬᠢ ᠰᠠᠨᠠᠯ ᠳᠤᠷᠠᠳᠤᠯᠭ᠎ᠠ᠎ᠶ᠋ᠢᠨ ᠠᠵᠢᠯ᠎ᠤᠨ ᠪᠠᠢᠳᠠᠯ᠎ᠤᠨ ᠮᠡᠳᠡᠭᠦᠯᠦᠯᠲᠡ᠎ᠶ᠋ᠢᠨ ᠲᠤᠬᠠᠶ ᠤᠯᠤᠰ ᠲᠥᠷᠥ᠎ᠶ᠋ᠢᠨ ᠵᠥᠪᠯᠡᠯᠭᠡᠨ᠎ᠦ ᠠᠷᠪᠠᠨ ᠳᠥᠷᠪᠡᠳᠦᠭᠡᠷ ᠬᠤᠭᠤᠴᠠᠭᠠᠨ᠎ᠤ ᠪᠥᠬᠥ᠌ ᠤᠯᠤᠰ᠎ᠤᠨ ᠬᠤᠷᠢᠶ᠎ᠠ᠎ᠵᠢᠨ ᠬᠣᠶᠠᠳᠤᠭᠠᠷ ᠬᠤᠷᠠᠯ᠎ᠤᠨ ᠱᠢᠶ᠋ᠳᠪᠦᠷᠢ᠂ ᠤᠯᠤᠰ ᠲᠥᠷᠥ᠎ᠶ᠋ᠢᠨ ᠵᠥᠪᠯᠡᠯᠭᠡᠨ᠎ᠦ ᠠᠷᠪᠠᠨ ᠳᠥᠷᠪᠡᠳᠦᠭᠡᠷ ᠬᠤᠭᠤᠴᠠᠭᠠᠨ᠎ᠤ ᠬᠤᠷᠢᠶ᠎ᠠ᠎ᠵᠢᠨ ᠬᠣᠶᠠᠳᠤᠭᠠᠷ ᠬᠤᠷᠠᠯ᠎ᠤᠨ ᠰᠠᠨᠠᠯ ᠳᠤᠷᠠᠳᠤᠯᠭ᠎ᠠ ᠎ᠶ᠋ᠢ ᠬᠢᠨᠠᠨ ᠪᠠᠢᠴᠠᠭᠠᠭ᠍ᠰᠠᠨ ᠪᠠᠢᠳᠠᠯ ᠎ᠤᠨ ᠲᠤᠬᠠᠶ ᠤᠯᠤᠰ ᠲᠥᠷᠥ᠎ᠶ᠋ᠢᠨ ᠵᠥᠪᠯᠡᠯᠭᠡᠨ᠎ᠦ ᠠᠷᠪᠠᠨ ᠳᠥᠷᠪᠡᠳᠦᠭᠡᠷ ᠬᠤᠭᠤᠴᠠᠭᠠᠨ᠎ᠤ ᠪᠥᠬᠥ᠌ ᠤᠯᠤᠰ᠎ᠤᠨ ᠬᠤᠷᠢᠶ᠎ᠠ᠎ᠵᠢᠨ ᠰᠠᠨᠠᠯ ᠳᠤᠷᠠᠳᠤᠯᠭ᠎ᠠ᠎ᠶ᠋ᠢᠨ ᠵᠥᠪᠯᠡᠯ᠎ᠦᠨ ᠮᠡᠳᠡᠭᠦᠯᠦᠯᠲᠡ᠂ ᠤᠯᠤᠰ ᠲᠥᠷᠥ᠎ᠶ᠋ᠢᠨ ᠵᠥᠪᠯᠡᠯᠭᠡᠨ᠎ᠦ ᠠᠷᠪᠠᠨ ᠳᠥᠷᠪᠡᠳᠦᠭᠡᠷ ᠬᠤᠭᠤᠴᠠᠭᠠᠨ᠎ᠤ ᠪᠥᠬᠥ᠌ ᠤᠯᠤᠰ᠎ᠤᠨ ᠬᠤᠷᠢᠶ᠎ᠠ᠎ᠵᠢᠨ ᠬᠣᠶᠠᠳᠤᠭᠠᠷ ᠬᠤᠷᠠᠯ᠎ᠤᠨ ᠤᠯᠤᠰ ᠲᠥᠷᠥ᠎ᠶ᠋ᠢᠨ ᠱᠢᠶ᠋ᠳᠪᠦᠷᠢ᠎ᠶ᠋ᠢ ᠪᠠᠲᠤᠯᠠᠪᠠ᠃


QQ截图20240311094411.png


3 ᠰᠠᠷ᠎ᠠ᠎ᠶ᠋ᠢᠨ 10 ᠤ᠋ ᠡᠳᠦᠷ᠂ ᠳᠤᠮᠳᠠᠳᠤ ᠤᠯᠤᠰ᠎ᠤᠨ ᠠᠷᠠᠳ᠎ᠤᠨ ᠤᠯᠤᠰ ᠲᠥᠷᠥ᠎ᠶ᠋ᠢᠨ ᠵᠥᠪᠯᠡᠯᠭᠡᠨ᠎ᠦ ᠠᠷᠪᠠᠨ ᠳᠥᠷᠪᠡᠳᠦᠭᠡᠷ ᠬᠤᠭᠤᠴᠠᠭᠠᠨ᠎ᠤ ᠪᠥᠬᠥ᠌ ᠤᠯᠤᠰ᠎ᠤᠨ ᠬᠣᠷᠢᠶ᠎ᠠ ᠵᠢᠨ ᠬᠣᠶᠠᠳᠤᠭᠠᠷ ᠬᠤᠷᠠᠯ ᠪᠡᠭᠡᠵᠢᠩ᠎ᠤᠨ ᠠᠷᠠᠳ᠎ᠤᠨ ᠶᠡᠬᠡ ᠬᠤᠷᠠᠯ᠎ᠤᠨ ᠲᠠᠩᠬᠢᠮ᠎ᠳᠤ ᠲᠡᠭᠦᠰᠪᠡ᠃ ᠪᠦᠬᠦ᠌ ᠤᠯᠤᠰ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠦ ᠲᠡᠷᠢᠭᠦᠯᠡᠭ᠌ᠴᠢ ᠸᠠᠩ ᠬᠤ᠌ ᠨᠢᠩ ᠬᠤᠷᠠᠯ᠎ᠢ ᠡᠷᠬᠢᠯᠡᠭᠰᠡᠨ ᠪᠦᠭᠡᠳ ᠶᠠᠷᠢᠶ᠎ᠠ ᠲᠠᠯᠪᠢᠵᠠᠢ᠃

ᠰᠢᠨᠬᠤᠸᠠ ᠬᠤᠷᠢᠶ᠎ᠠ᠎ᠶᠢᠨ ᠰᠤᠷᠪᠤᠯᠵᠢᠯᠠᠭᠴᠢ ᠵᠢᠥᠢ ᠫᠸᠩ ᠰᠡᠭᠦᠳᠡᠷᠯᠡᠪᠡ

ᠸᠠᠩ ᠬᠤ᠌ ᠨᠢᠩ ᠶᠠᠷᠢᠶᠠᠨ᠎ᠳᠠᠭᠠᠨ᠂ ᠪᠦᠬᠦ᠌ ᠤᠯᠤᠰ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠦ ᠠᠷᠪᠠᠨ ᠳᠥᠷᠪᠡᠳᠦᠭᠡᠷ ᠬᠤᠭᠤᠴᠠᠭᠠᠨ᠎ᠤ ᠬᠤᠷᠢᠶ᠎ᠠ᠎ᠵᠢᠨ ᠬᠣᠶᠠᠳᠤᠭᠠᠷ ᠬᠤᠷᠠᠯ ᠪᠣᠯ ᠨᠢᠭᠡ ᠤᠳᠠᠭ᠎ᠠ᠎ᠶ᠋ᠢᠨ ᠲᠤᠭ᠎ᠢ ᠥᠨᠳᠥᠷ ᠮᠠᠨᠳᠤᠭᠤᠯᠤᠬᠰᠠᠨ᠂ ᠦᠨᠡᠨ ᠬᠦ᠌ ᠠᠳᠭᠤᠨ ᠪᠣᠳᠠᠲᠠᠢ ᠠᠵᠢᠯᠯᠠᠵᠤ᠂ ᠪᠦᠯᠬᠦᠮᠳᠡᠨ ᠲᠡᠮᠡᠴᠡᠭ᠌ᠰᠡᠨ ᠶᠡᠬᠡ ᠬᠤᠷᠠᠯ ᠪᠣᠯᠤᠨ᠎ᠠ᠂ ᠢᠳᠡᠪᠬᠢ ᠬᠦᠴᠦᠨ᠎ᠢ ᠨᠢᠭ᠍ᠲᠠᠷᠠᠭᠤᠯᠵᠤ᠂ ᠴᠤᠭ ᠰᠦᠯᠳᠡ᠎ᠶ᠋ᠢ ᠬᠥᠪᠴᠢᠯᠡᠵᠡᠢ᠃ ᠨᠠᠮ᠎ᠤᠨ ᠲᠥᠪ ᠬᠤᠷᠢᠶ᠎ᠠ᠎ᠵᠢᠨ ᠶᠡᠷᠦᠩᠬᠡᠢ ᠱᠦᠵᠢ᠂ ᠤᠯᠤᠰ᠎ᠤᠨ ᠲᠡᠷᠢᠭᠦᠯᠡᠭ᠌ᠴᠢ᠂ ᠲᠥᠪ᠎ᠦᠨ ᠴᠡᠷᠢᠭ ᠎ᠦᠨ ᠶᠠᠪᠤᠳᠠᠯ ᠎ᠤᠨ ᠬᠤᠷᠢᠶ᠎ᠠ᠎ᠵᠢᠨ ᠲᠡᠷᠢᠭᠦᠯᠡᠭ᠌ᠴᠢ ᠰᠢ ᠵᠢᠨ ᠫᠢᠩ ᠵᠡᠷᠭᠡ ᠨᠠᠮ ᠪᠣᠯᠤᠨ ᠲᠦᠷᠦ᠍᠎ᠶ᠋ᠢᠨ ᠤᠳᠤᠷᠢᠳᠭᠤ ᠨᠥᠬᠥᠳ ᠶᠡᠬᠡ ᠬᠤᠷᠠᠯ᠎ᠤᠨ ᠡᠬᠢᠯᠡᠯᠲᠡ᠎ᠶ᠋ᠢᠨ ᠬᠤᠷᠠᠯ ᠪᠣᠯᠤᠨ ᠲᠡᠭᠦᠰᠭᠦ ᠬᠤᠷᠠᠯ᠎ᠳᠤ ᠣᠷᠣᠯᠴᠠᠵᠤ᠂ ᠭᠡᠱᠢᠭᠦᠳ᠎ᠢ ᠡᠷᠬᠢᠨ ᠦᠵᠡᠭ᠌ᠰᠡᠨ ᠪᠥᠭᠡᠳ ᠳᠤᠭᠤᠢᠯᠠᠩ᠎ᠬᠠᠮᠲᠤᠷᠠᠭ᠍ᠰᠠᠨ ᠶᠠᠷᠢᠯᠴᠠᠭ᠎ᠠ᠎ᠳᠤ ᠣᠷᠣᠯᠴᠠᠵᠤ᠂ ᠭᠡᠱᠢᠭᠦᠳ᠎ᠲᠡᠶ ᠬᠠᠮᠲᠤ᠎ᠪᠠᠷ ᠤᠯᠤᠰ᠎ᠤᠨ ᠶᠡᠬᠡ ᠶᠠᠪᠤᠳᠠᠯ᠎ᠢ ᠵᠥᠪᠯᠡᠪᠡ᠃ ᠪᠦᠬᠦ᠌ ᠭᠡᠱᠢᠭᠦᠳ ᠶᠡᠷᠦᠩᠬᠡᠢ ᠱᠦᠵᠢ ᠰᠢ ᠵᠢᠨ ᠫᠢᠩ᠎ᠦᠨ ᠭᠣᠮᠢᠨᠳᠠᠩ᠎ᠤᠨ ᠬᠤᠪᠢᠰᠭᠠᠯᠲᠤ ᠬᠣᠷᠢᠶ᠎ᠠ᠂ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠡᠲᠡᠭᠡᠳ᠂ ᠣᠷᠴᠢᠨ ᠲᠣᠭᠣᠷᠢᠨ ᠡᠬᠢ ᠪᠠᠶᠠᠯᠢᠭ᠎ᠤᠨ ᠡᠲᠡᠭᠡᠳ᠎ᠦᠨ ᠭᠡᠱᠢᠭᠦᠳ᠎ᠦᠨ ᠳᠤᠭᠤᠢᠯᠠᠩ᠎ᠬᠠᠮᠲᠤᠷᠠᠭ᠍ᠰᠠᠨ ᠬᠤᠷᠠᠯ ᠵᠡᠷᠭᠡ᠎ᠳᠦ ᠣᠷᠣᠯᠴᠠᠭ᠍ᠰᠠᠨ ᠴᠢᠬᠤᠯᠠ ᠶᠠᠷᠢᠶᠠᠨ᠎ᠤ ᠵᠣᠷᠢᠭ ᠰᠠᠨᠠᠭ᠎ᠠ ᠎ᠶ᠋ᠢ ᠨᠠᠷᠢᠨ ᠬᠢᠨᠠᠮᠠᠭᠠᠢ ᠰᠤᠷᠤᠯᠴᠠᠵᠤ᠂ ᠵᠠᠰᠠᠭ᠎ᠤᠨ ᠣᠷᠳᠣᠨ᠎ᠤ ᠠᠵᠢᠯ᠎ᠤᠨ ᠢᠯᠡᠳᠭᠡᠯ ᠪᠣᠯᠤᠨ ᠪᠤᠰᠤᠳ ᠮᠡᠳᠡᠭᠦᠯᠦᠯᠲᠡ᠎ᠶ᠋ᠢ ᠭᠦᠨᠵᠡᠭᠡᠢ ᠶᠠᠷᠢᠯᠴᠠᠵᠤ᠂ ᠤᠯᠤᠰ ᠲᠦᠷᠦ᠍᠎ᠶ᠋ᠢᠨ ᠵᠥᠪᠯᠡᠯᠭᠡᠨ᠎ᠦ ᠪᠠᠢᠩᠭᠤ᠎ᠶ᠋ᠢᠨ ᠬᠤᠷᠢᠶ᠎ᠠ᠎ᠵᠢᠨ ᠠᠵᠢᠯ᠎ᠤᠨ ᠮᠡᠳᠡᠭᠦᠯᠦᠯᠲᠡ ᠪᠣᠯᠤᠨ ᠰᠠᠨᠠᠯ ᠳᠤᠷᠠᠳᠤᠯᠭ᠎ᠠ᠎ᠶ᠋ᠢᠨ ᠠᠵᠢᠯ᠎ᠤᠨ ᠪᠠᠢᠳᠠᠯ᠎ᠤᠨ ᠮᠡᠳᠡᠭᠦᠯᠦᠯᠲᠡ ᠵᠡᠷᠭᠡ ᠪᠢᠴᠢᠭ ᠮᠠᠲ᠋ᠧᠷᠢᠶᠠᠯ᠎ᠢ ᠨᠠᠷᠢᠨ ᠬᠢᠨᠠᠮᠠᠭᠠᠢ ᠬᠢᠨᠠᠨ ᠵᠥᠪᠯᠡᠵᠦ᠍᠂ ᠢᠳᠡᠪᠬᠢᠲᠡᠢ᠎ᠪᠡᠷ ᠰᠠᠨᠠᠯ ᠰᠠᠨᠠᠭᠤᠯᠭ᠎ᠠ ᠳᠤᠷᠠᠳᠤᠨ ᠵᠠᠰᠠᠭ᠎ᠲᠤ ᠲᠤᠰᠠᠯᠠᠵᠤ᠂ ᠬᠠᠮᠲᠤ᠎ᠶ᠋ᠢᠨ ᠲᠠᠨᠢᠯᠲᠠ᠎ᠶ᠋ᠢ ᠥᠷᠭᠡᠨ᠎ᠢᠶᠡᠷ ᠨᠢᠭ᠍ᠲᠠᠷᠠᠭᠤᠯᠵᠤ᠂ ᠲᠦᠷᠦ᠍᠎ᠶ᠋ᠢᠨ ᠶᠠᠪᠤᠳᠠᠯ᠎ᠢ ᠵᠥᠪᠯᠡᠭ᠌ᠰᠡᠨ ᠡᠯᠪᠡᠭ ᠦᠷ᠎ᠡ ᠪᠦᠲᠦᠭᠡᠯ ᠤᠯᠪᠠ᠃ ᠪᠦᠬᠦ᠌ ᠭᠡᠱᠢᠭᠦᠳ ᠥᠩᠭᠡᠷᠡᠭ᠌ᠰᠡᠨ ᠨᠢᠭᠡ ᠵᠢᠯ᠎ᠳᠦ ᠰᠢ ᠵᠢᠨ ᠫᠢᠩ ᠨᠥᠬᠥᠷ᠎ᠢᠶᠡᠷ ᠭᠣᠣᠯ ᠪᠤᠯᠭᠠᠭᠰᠠᠨ ᠨᠠᠮ᠎ᠤᠨ ᠲᠥᠪ ᠬᠣᠷᠢᠶ᠎ᠠ ᠪᠦᠬᠦ᠌ ᠨᠠᠮ ᠪᠦᠬᠦ᠌ ᠤᠯᠤᠰ᠎ᠤᠨ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠢ ᠪᠦᠯᠬᠦᠮᠳᠡᠭᠦᠯᠦᠨ ᠳᠠᠭᠠᠭᠤᠯᠵᠤ ᠡᠷᠡᠯᠬᠡᠭ᠌ᠯᠡᠨ ᠲᠡᠮᠡᠴᠡᠵᠦ᠍᠂ ᠡᠷᠡᠮᠡᠬᠡᠢᠯᠡᠨ ᠤᠷᠤᠭ᠍ᠰᠢᠯᠠᠵᠤ᠂ ᠠᠵᠤ ᠠᠬᠤᠢ ᠨᠡᠢᠭᠡᠮ᠎ᠦᠨ ᠬᠥᠭ᠌ᠵᠢᠯᠲᠡ᠎ᠶ᠋ᠢᠨ ᠭᠣᠣᠯ ᠵᠢᠱ᠌ᠢᠭ᠌ᠰᠡᠨ ᠬᠠᠷᠠᠯᠲᠠ᠎ᠪᠠᠨ ᠲᠡᠭᠦᠰ ᠠᠮᠵᠢᠯᠲᠠ᠎ᠲᠠᠶ ᠪᠡᠶᠡᠯᠡᠭᠦᠯᠵᠦ᠍᠂ 《ᠳᠤᠮᠳᠠᠳᠤ ᠤᠯᠤᠰ ᠨᠡᠷᠡᠮᠵᠢᠲᠦ》 ᠲᠤᠮᠤ ᠬᠥᠯᠭᠡ ᠣᠩᠭᠣᠴᠠ᠎ᠶ᠋ᠢ ᠵᠢᠯᠣᠭᠣᠳᠤᠨ ᠳᠠᠪᠠᠯᠭᠠᠨ᠎ᠢ ᠵᠦᠰᠦᠨ ᠡᠷᠡᠯᠬᠡᠭ᠌ᠯᠡᠨ ᠤᠷᠤᠭ᠍ᠰᠢᠯᠠᠭ᠍ᠰᠠᠨ᠎ᠢ ᠳᠡᠭᠡᠳᠦ ᠬᠡᠮᠵᠢᠶ᠎ᠡ᠎ᠪᠡᠷ ᠦᠨᠡᠯᠡᠪᠡ᠃ 《ᠬᠣᠶᠠᠷ᠎ᠢ ᠲᠣᠭ᠍ᠲᠠᠭᠠᠭᠰᠠᠨ》ᠨᠢ ᠪᠢᠳᠡᠨ᠎ᠦ ᠡᠯ᠎ᠡ ᠵᠦᠢᠯ᠎ᠦᠨ ᠠᠶᠤᠯ ᠲᠦᠭ᠌ᠰᠢᠭᠦᠷᠢ ᠥᠷᠢᠰᠥᠯᠳᠦᠭᠡᠨ᠎ᠢ ᠠᠷᠭᠠᠴᠠᠭᠠᠬᠤ᠂ ᠨᠠᠮ ᠪᠣᠯᠤᠨ ᠤᠯᠤᠰ᠎ᠤᠨ ᠠᠵᠢᠯ ᠦᠢᠯᠡᠰ᠎ᠦᠨ ᠬᠥᠭ᠌ᠵᠢᠯᠲᠡ᠎ᠶ᠋ᠢ ᠠᠬᠢᠭᠤᠯᠬᠤ᠎ᠳᠤ ᠱᠢᠢᠳᠪᠦᠷᠢᠯᠡᠭ᠌ᠴᠢ ᠴᠢᠨᠠᠷᠲᠠᠢ ᠠᠴᠢ ᠬᠣᠯᠪᠣᠭ᠍ᠳᠠᠯ᠎ᠲᠠᠶ ᠭᠡᠳᠡᠭ᠎ᠢ ᠪᠦᠬᠦ᠌ ᠭᠡᠱᠢᠭᠦᠳ ᠨᠡᠩ ᠭᠦᠨᠵᠡᠭᠡᠢ ᠣᠢᠯᠠᠭᠠᠪᠠ ᠭᠡᠵᠡᠢ᠃

ᠸᠠᠩ ᠬᠤ᠌ ᠨᠢᠩ᠂ ᠡᠨᠡ ᠵᠢᠯ ᠪᠣᠯ ᠪᠦᠬᠦᠳᠠ ᠨᠠᠢᠷᠠᠮᠳᠠᠬᠤ ᠳᠤᠮᠳᠠᠳᠤ ᠠᠷᠠᠳ ᠤᠯᠤᠰ ᠪᠠᠢᠭᠤᠯᠤᠭ᠍ᠳᠠᠭ᠍ᠰᠠᠨ 75 ᠵᠢᠯ᠎ᠦᠨ ᠤᠢ ᠪᠣᠯᠬᠤ ᠪᠥᠭᠡᠳ ᠠᠷᠠᠳ᠎ᠤᠨ ᠤᠯᠤᠰ ᠲᠦᠷᠦ᠍᠎ᠶ᠋ᠢᠨ ᠵᠥᠪᠯᠡᠯᠭᠡᠨ ᠪᠠᠢᠭᠤᠯᠤᠭ᠍ᠳᠠᠭ᠍ᠰᠠᠨ 75 ᠵᠢᠯ᠎ᠦᠨ ᠤᠢ ᠪᠣᠯᠤᠨ᠎ᠠ᠃ 75 ᠵᠢᠯ᠎ᠦᠨ ᠲᠤᠷᠰᠢ᠂ ᠨᠠᠮ᠎ᠤᠨ ᠤᠳᠤᠷᠢᠳᠤᠯᠭ᠎ᠠ ᠳᠣᠣᠷ᠎ᠠ᠂ ᠠᠷᠠᠳ᠎ᠤᠨ ᠤᠯᠤᠰ ᠲᠦᠷᠦ᠍᠎ᠶ᠋ᠢᠨ ᠵᠥᠪᠯᠡᠯᠭᠡᠨ ᠱᠢᠨ᠎ᠡ ᠳᠤᠮᠳᠠᠳᠤ ᠤᠯᠤᠰ᠎ᠢ ᠪᠠᠢᠭᠤᠯᠬᠤ᠂ ᠱᠢᠨ᠎ᠡ ᠳᠤᠮᠳᠠᠳᠤ ᠤᠯᠤᠰ᠎ᠢ ᠪᠦᠳᠦᠭᠡᠨ ᠪᠠᠢᠭᠤᠯᠬᠤ᠂ ᠥᠭᠡᠷᠡᠴᠢᠯᠡᠯᠲᠡ᠎ᠶ᠋ᠢᠨ ᠵᠠᠮ᠎ᠢ ᠰᠦᠪᠡᠭ᠌ᠴᠢᠯᠡᠬᠦ᠌ ᠂ ᠳᠤᠮᠳᠠᠳᠤ᠎ᠶ᠋ᠢᠨ ᠵᠡᠭᠦᠳᠦ᠍᠎ᠶ᠋ᠢ ᠲᠡᠷᠭᠡᠯᠱᠢᠭᠦᠯᠬᠦ᠌ ᠠᠭᠤᠤ ᠶᠡᠬᠡ ᠦᠢᠯᠡᠳᠦᠯᠭᠡ᠎ᠳᠦ ᠢᠳᠡᠪᠬᠢᠲᠡᠢ ᠣᠷᠣᠯᠴᠠᠵᠤ᠂ ᠭᠡᠷᠡᠯ ᠰᠠᠴᠤᠷᠠᠩᠭᠤᠢ ᠲᠡᠦᠬᠡᠨ ᠶᠠᠪᠤᠴᠠ᠎ᠶ᠋ᠢ ᠥᠩᠭᠡᠷᠡᠭᠦᠯᠪᠡ᠃ ᠠᠷᠠᠳ᠎ᠤᠨ ᠤᠯᠤᠰ ᠲᠦᠷᠦ᠍᠎ᠶ᠋ᠢᠨ ᠵᠥᠪᠯᠡᠯᠭᠡᠨ ᠰᠢ ᠵᠢᠨ ᠫᠢᠩ᠎ᠦᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠲᠠᠶ ᠨᠡᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠤᠭᠤᠳᠤᠯᠭ᠎ᠠ ᠪᠤᠯᠭᠠᠵᠤ᠂ ᠶᠡᠷᠦᠩᠬᠡᠶ ᠱᠦᠵᠢ ᠰᠢ ᠵᠢᠨ ᠫᠢᠩ᠎ᠦᠨ ᠠᠷᠠᠳ᠎ᠤᠨ ᠤᠯᠤᠰ ᠲᠥᠷᠥ᠎ᠶ᠋ᠢᠨ ᠵᠥᠪᠯᠡᠯᠭᠡᠨ᠎ᠦ ᠠᠵᠢᠯ᠎ᠢ ᠴᠢᠩᠭᠠᠳᠭᠠᠨ ᠰᠠᠢᠵᠢᠷᠠᠭᠤᠯᠬᠤ ᠲᠤᠬᠠᠶ ᠴᠢᠬᠤᠯᠠ ᠦᠵᠡᠯ ᠰᠠᠨᠠᠭ᠎ᠠ᠎ᠶ᠋ᠢ ᠭᠦᠨᠵᠡᠭᠡᠶ ᠰᠤᠷᠤᠯᠴᠠᠨ ᠨᠡᠪᠲᠡᠷᠡᠲᠡᠯ᠎ᠡ ᠤᠢᠯᠠᠭᠠᠵᠤ᠂ ᠲᠣᠭ᠍ᠲᠠᠭᠤᠨ᠎ᠤ ᠳᠤᠮᠳᠠ ᠤᠷᠤᠭ᠍ᠰᠢᠯᠠᠨ ᠲᠠᠪᠱᠢᠬᠤ ᠠᠵᠢᠯ᠎ᠤᠨ ᠶᠡᠷᠦᠩᠬᠡᠢ ᠬᠦᠭ ᠠᠶᠠᠰ᠎ᠢ ᠪᠠᠷᠢᠮᠳᠠᠯᠠᠵᠤ᠂ ᠨᠠᠮ᠎ᠤᠨ ᠤᠳᠤᠷᠢᠳᠤᠯᠭ᠎ᠠ᠂ ᠨᠢᠭᠡᠳᠦᠮᠡᠯ ᠹᠷᠣᠨᠲ᠂ ᠵᠥᠪᠯᠡᠬᠦ᠌ ᠠᠷᠠᠳᠴᠢᠯᠠᠯ᠎ᠢ ᠣᠷᠭᠠᠨᠢᠭ᠎ᠢᠶᠠᠷ ᠤᠶᠠᠯᠳᠤᠭᠤᠯᠬᠤ ᠵᠢ ᠪᠠᠷᠢᠮᠳᠠᠯᠠᠵᠤ᠂ ᠪᠦᠯᠬᠦᠮᠳᠡᠯ ᠪᠠ ᠠᠷᠠᠳᠴᠢᠯᠠᠯ᠎ᠤᠨ ᠬᠣᠶᠠᠷ ᠶᠡᠬᠡ ᠭᠣᠣᠯ ᠰᠡᠳᠦᠪ᠎ᠢ ᠪᠠᠷᠢᠮᠳᠠᠯᠠᠵᠤ᠂ ᠱᠢᠯᠢᠳᠡᠭ ᠤᠯᠠᠮᠵᠢᠯᠠᠯ᠎ᠢᠶᠠᠨ ᠪᠠᠳᠠᠷᠠᠭᠤᠯᠵᠤ᠂ ᠤᠯᠤᠰ ᠲᠥᠷᠥ᠎ᠶ᠋ᠢᠨ ᠬᠠᠷᠢᠭᠤᠴᠠᠯᠭ᠎ᠠ᠎ᠪᠠᠨ ᠪᠠᠲᠤ ᠴᠡᠭᠡᠵᠢᠯᠡᠵᠦ᠂ ᠤᠯᠤᠰ ᠲᠥᠷᠥ᠎ᠶ᠋ᠢᠨ ᠵᠥᠪᠯᠡᠯᠭᠡ᠂ ᠠᠷᠠᠳᠴᠢᠯᠠᠯ᠎ᠢᠶᠠᠷ ᠬᠢᠨᠠᠯᠲᠠ ᠲᠠᠯᠪᠢᠬᠤ᠂ ᠲᠦᠷᠦ ᠵᠢᠨ ᠶᠠᠪᠤᠳᠠᠯ᠎ᠳᠤ ᠣᠷᠣᠯᠴᠠᠨ ᠲᠦᠷᠦ᠎ᠶ᠋ᠢᠨ ᠶᠠᠪᠤᠳᠠᠯ᠎ᠢ ᠵᠥᠪᠯᠡᠬᠦ᠌ ᠲᠦᠪᠰᠢᠨ᠎ᠢᠶᠡᠨ ᠲᠡᠭᠡᠭᠰᠢᠯᠡᠭᠦᠯᠵᠦ᠂ ᠢᠮᠠᠭ᠍ᠲᠠ ᠨᠠᠮ ᠪᠠ ᠤᠯᠤᠰ᠎ᠤᠨ ᠠᠵᠢᠯ ᠦᠢᠯᠡᠰ᠎ᠤᠨ ᠶᠡᠬᠡ ᠲᠠᠯ᠎ᠠ᠎ᠶ᠋ᠢ ᠪᠣᠳᠣᠯᠬᠢᠯᠠᠨ ᠠᠵᠢᠯ᠎ᠢᠶᠠᠨ ᠥᠷᠨᠢᠭᠦᠯᠵᠦ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠶ᠋ᠢ ᠠᠬᠢᠭᠤᠯᠬᠤ᠎ᠲᠠᠶ ᠨᠢᠭ᠍ᠲᠠ ᠤᠶᠠᠯᠳᠤᠭᠤᠯᠤᠨ ᠡᠭᠦᠷᠭᠡ ᠴᠢᠳᠠᠪᠬᠢ᠎ᠪᠠᠨ ᠭᠦᠢᠴᠡᠳᠭᠡᠵᠦ᠂ ᠰᠡᠳᠭᠢᠯ᠎ᠢᠶᠡᠨ ᠨᠢᠭᠡᠳᠭᠡᠨ ᠬᠦᠴᠦ᠍᠎ᠪᠡᠨ ᠬᠠᠮᠳᠤᠳᠬᠠᠬᠤ ᠬᠡᠷᠡᠭᠳᠡᠢ᠃ ᠤᠯᠤᠰ ᠲᠦᠷᠦ᠍᠎ᠶ᠋ᠢᠨ ᠵᠣᠭ᠍ᠰᠣᠴᠠ᠎ᠪᠠᠨ ᠳᠡᠭᠡᠭ᠌ᠰᠢᠯᠡᠭᠦᠯᠵᠦ᠍᠂ ᠨᠠᠮ᠎ᠤᠨ ᠪᠦᠬᠦ᠌ ᠲᠠᠯ᠎ᠠ᠎ᠶ᠋ᠢᠨ ᠤᠳᠤᠷᠢᠳᠤᠯᠭ᠎ᠠ᠎ᠶ᠋ᠢ ᠪᠠᠷᠢᠮᠲᠠᠯᠠᠬᠤ᠎ᠶ᠋ᠢ ᠤᠯᠤᠰ ᠲᠦᠷᠦ᠍᠎ᠶ᠋ᠢᠨ ᠵᠥᠪᠯᠡᠯᠭᠡᠨ᠎ᠦ ᠠᠵᠢᠯ᠎ᠤᠨ ᠳᠤᠮᠳᠠ ᠨᠠᠢᠳᠠᠪᠤᠷᠢᠵᠢᠭᠤᠯᠵᠤ᠂ ᠪᠣᠳᠠᠲᠤ ᠠᠵᠢᠯᠯᠠᠭ᠎ᠠ ᠳᠡᠭᠡᠷ᠎ᠡ᠎ᠪᠡᠨ ᠢᠯᠡᠷᠡᠭᠦᠯᠵᠦ᠍᠂ ᠠᠷᠠᠳ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠳᠦ ᠣᠷᠣᠯᠴᠠᠭ᠍ᠰᠠᠨ ᠡᠯ᠎ᠡ ᠨᠠᠮ ᠪᠦᠯᠦᠭ ᠪᠦᠯᠬᠦᠮ᠂ ᠡᠯ᠎ᠡ ᠦᠨᠳᠦᠰᠦᠲᠡᠨ ᠡᠯ᠎ᠡ ᠡᠲᠡᠭᠡᠳ᠎ᠦᠨ ᠬᠥᠮᠦᠰ᠎ᠤᠨ ᠨᠠᠮ᠎ᠤᠨ ᠦᠭᠡ᠎ᠶ᠋ᠢ ᠡᠷᠡᠰ ᠪᠠᠲᠤ ᠰᠣᠨᠣᠰᠴᠤ᠌᠂ ᠨᠠᠮ᠎ᠢᠶᠠᠨ ᠳᠠᠭᠠᠬᠤ ᠵᠢ ᠪᠦᠯᠬᠦᠮᠳᠡᠭᠦᠯᠦᠨ ᠵᠢᠯᠣᠭᠣᠳᠬᠤ ᠬᠡᠷᠡᠭᠳᠡᠢ᠃ ᠭᠣᠣᠯᠳᠠᠯᠭ᠎ᠠ᠎ᠲᠠᠶ ᠡᠭᠦᠷᠭᠡ᠎ᠳᠦ ᠠᠩᠬᠠᠷᠤᠯ᠎ᠢᠶᠠᠨ ᠲᠥᠪᠯᠡᠷᠡᠭᠦᠯᠵᠦ᠍᠂ ᠴᠢᠨᠠᠷ ᠰᠠᠢᠲᠠᠢ ᠰᠠᠨᠠᠯ ᠰᠠᠨᠠᠭᠤᠯᠭ᠎ᠠ ᠳᠤᠷᠠᠳᠭᠤ᠎ᠪᠠᠷ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠶ᠋ᠢ ᠠᠬᠢᠭᠤᠯᠬᠤ ᠬᠡᠷᠡᠭ᠌ᠲᠡᠢ᠃ ᠶᠡᠬᠡ ᠪᠦᠯᠬᠦᠮᠳᠡᠯ ᠶᠡᠬᠡ ᠬᠣᠯᠪᠣᠭᠠᠯᠠᠯ᠎ᠢ ᠪᠠᠷᠢᠮᠲᠠᠯᠠᠵᠤ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠶ᠋ᠢ ᠠᠬᠢᠭᠤᠯᠬᠤ᠎ᠳᠤ ᠥᠷᠭᠡᠨ ᠳᠡᠯᠭᠡᠷ᠎ᠢᠶᠡᠷ ᠰᠡᠳᠭᠢᠯ ᠵᠢᠡᠨ ᠨᠢᠭᠡᠳᠭᠡᠨ ᠬᠦᠴᠦ᠍ ᠪᠠᠨ ᠬᠠᠮᠲᠤᠳᠭᠠᠬᠤ ᠬᠡᠷᠡᠭ᠌ᠲᠡᠢ ᠭᠡᠵᠦ ᠢᠯᠡᠳᠬᠡᠪᠡ᠃

ᠸᠠᠩ ᠬᠤ᠌ ᠨᠢᠩ᠂ ᠪᠢᠳᠠ ᠰᠢ ᠵᠢᠨ ᠫᠢᠩ ᠨᠥᠬᠥᠷ᠎ᠢᠶᠡᠷ ᠭᠣᠣᠯ ᠪᠣᠯᠭᠠᠭ᠍ᠰᠠᠨ ᠨᠠᠮ᠎ᠤᠨ ᠲᠥᠪ ᠬᠤᠷᠢᠶ᠎ᠠ᠎ᠶᠢᠨ ᠲᠣᠭᠣᠷᠢᠨ᠎ᠳᠤ ᠨᠡᠩ ᠨᠢᠭ᠍ᠲᠠᠷᠠᠨ ᠪᠦᠯᠬᠦᠮᠳᠡᠵᠦ᠍᠂ ᠪᠣᠳᠠᠲᠠᠢ ᠠᠵᠢᠯᠯᠠᠬᠤ᠂ ᠬᠠᠷᠢᠭᠤᠴᠠᠯᠭ᠎ᠠ ᠡᠭᠦᠷᠭᠡᠯᠡᠬᠦ᠎ᠵᠢ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠶ᠋ᠢ ᠠᠬᠢᠭᠤᠯᠬᠤ ᠱᠢᠨ᠎ᠡ ᠠᠶᠠᠨ᠎ᠳᠤ ᠪᠢᠴᠢᠭ᠌ᠯᠡᠵᠦ᠍᠂ ᠨᠡᠢᠭᠡᠮ ᠵᠢᠷᠤᠮᠲᠤ ᠣᠳᠣᠬᠢᠴᠢᠯᠠᠭ᠍ᠰᠠᠨ ᠤᠯᠤᠰ᠎ᠢ ᠪᠦᠬᠦ᠌ ᠲᠠᠯ᠎ᠠ᠎ᠪᠠᠷ ᠪᠦᠳᠦᠭᠡᠨ ᠪᠠᠢᠭᠤᠯᠬᠤ᠂ ᠳᠤᠮᠳᠠᠳᠤ᠎ᠶ᠋ᠢᠨ ᠦᠨᠳᠦᠰᠦᠲᠡᠨ᠎ᠦ ᠠᠭᠤᠤ ᠶᠡᠬᠡ ᠰᠡᠷᠭᠦᠨ ᠮᠠᠨᠳᠤᠯᠲᠠ᠎ᠶ᠋ᠢ ᠪᠦᠬᠦ᠌ ᠲᠠᠯ᠎ᠠ᠎ᠪᠠᠷ ᠠᠬᠢᠭᠤᠯᠬᠤ᠎ᠶ᠋ᠢᠨ ᠲᠥᠯᠥᠭᠡ ᠪᠦᠯᠬᠦᠮᠳᠡᠨ ᠲᠡᠮᠡᠴᠡᠬᠦ ᠬᠡᠷᠡᠭᠳᠡᠢ ᠭᠡᠵᠦ᠍ ᠢᠯᠡᠳᠭᠡᠪᠡ᠃

ᠲᠡᠭᠦᠰᠭᠦ ᠬᠤᠷᠠᠯ᠎ᠳᠤ ᠣᠷᠣᠯᠴᠠᠭ᠍ᠰᠠᠨ ᠤᠳᠤᠷᠢᠳᠭᠤ ᠨᠥᠬᠥᠳ᠎ᠲᠦ ᠪᠠᠰᠠ᠄ ᠮᠠ ᠱᠢᠩ ᠷᠦᠢ᠂ ᠸᠠᠩ ᠢ᠂ ᠶᠢᠨ ᠯᠢ᠂ ᠯᠢᠦ ᠭᠦᠸᠧ ᠵᠦᠩ᠂ ᠯᠢ ᠭᠠᠨ ᠵᠢᠶ᠍ᠸ᠂ ᠯᠢ ᠱᠤ᠌ ᠯᠸᠢ᠂ ᠯᠢ ᠬᠣᠩ ᠵᠦᠩ᠂ ᠾᠧ ᠸᠧᠢ ᠳ᠋ᠦᠩ᠂ ᠾᠧ ᠯᠢ ᠹᠸᠩ᠂ ᠵᠠᠩ ᠶᠢᠤ ᠱᠢᠶᠠ᠂ ᠵᠠᠩ ᠭᠦᠸᠧ ᠴᠢᠩ᠂ ᠴᠧᠨ ᠸᠸᠨ ᠴᠢᠩ᠂ ᠴᠧᠨ ᠵᠶ᠋ᠢ ᠨᠢᠩ᠂ ᠴᠧᠨ ᠮᠢᠨ ᠡᠯ᠂ ᠶᠤᠸᠠᠨ ᠵᠢᠶᠠ ᠵᠢᠶᠦ᠋ᠨ᠂ ᠬᠤᠸᠠᠩ ᠺᠦᠨ ᠮᠢᠩ᠂ ᠯᠢᠦ᠍᠎ᠶ᠋ᠢᠨ ᠭᠦᠸᠧ᠂ ᠸᠠᠩ ᠱᠢᠶᠤᠤ ᠬᠣᠩ᠂ ᠸᠠᠩ ᠳ᠋ᠦᠩ ᠮᠢᠩ᠂ ᠱᠢᠶᠤᠤ ᠵᠢᠶ᠍ᠸ᠂ ᠵᠧᠩ ᠵᠢᠶᠠᠨ ᠪᠠᠩ᠂ ᠳ᠋ᠢᠩ ᠵᠦᠩ ᠯᠢ᠂ ᠬᠤᠤ ᠮᠢᠩ ᠵᠢᠨ᠂ ᠼᠠᠢ ᠳ᠋ᠠ ᠹᠸᠩ᠂ ᠾᠧ ᠸᠧᠢ᠂ ᠦ᠋ ᠸᠧᠢ ᠬᠤᠸᠠ᠂ ᠲᠢᠶ᠍ᠸ ᠨᠢᠩ᠂ ᠫᠸᠩ ᠴᠢᠩ ᠬᠤᠸᠠ᠂ ᠵᠠᠩ ᠴᠢᠩ ᠸᠸᠢ᠂ ᠯᠤᠪᠰᠠᠩᠵᠠᠯᠰᠠᠨ᠂ ᠰᠢᠤᠸᠠᠢᠺᠸᠯᠠᠢᠲ᠋ᠢ·ᠵᠠᠺᠸᠯ᠂ ᠡᠤ ᠵᠸᠩ ᠯᠦᠩ᠂ ᠱᠸᠨ ᠢ ᠴᠢᠨ᠂ ᠵᠠᠩ ᠵᠢᠶᠦ᠋ᠨ᠂ ᠶᠢᠩ ᠶᠦᠩ ᠨᠠᠷ ᠪᠠᠢᠨ᠎ᠠ᠃

ᠨᠠᠮ᠎ᠤᠨ ᠲᠥᠪ ᠬᠤᠷᠢᠶ᠎ᠠ᠂ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠤᠷᠢᠶ᠎ᠠ᠂ ᠲᠦᠷᠦ᠍᠎ᠶ᠋ᠢᠨ ᠶᠠᠪᠤᠳᠠᠯ᠎ᠤᠨ ᠬᠤᠷᠢᠶ᠎ᠠ᠎ᠶᠢᠨ ᠬᠣᠯᠪᠣᠭ᠍ᠳᠠᠯ ᠪᠦᠬᠦᠢ ᠰᠠᠯᠠᠭ᠎ᠠ ᠮᠥᠴᠢᠷ᠎ᠦᠨ ᠬᠠᠷᠢᠭᠤᠴᠠᠯᠭᠠᠲᠠᠨ ᠲᠡᠭᠦᠰᠭᠦ ᠬᠤᠷᠠᠯ᠎ᠳᠤ ᠰᠤᠯᠠ ᠣᠷᠣᠯᠴᠠᠵᠠᠢ᠃ ᠳᠤᠮᠳᠠᠳᠤ ᠤᠯᠤᠰ᠎ᠲᠤ ᠰᠠᠭᠤᠭ᠎ᠠ ᠭᠠᠳᠠᠭᠠᠳᠤ᠎ᠶ᠋ᠢᠨ ᠡᠯᠴᠢᠨ ᠰᠠᠢᠳ᠂ ᠭᠠᠳᠠᠭᠠᠳᠤ᠎ᠳᠤ ᠰᠠᠭᠤᠭ᠎ᠠ ᠳᠤᠮᠳᠠᠳᠤ᠎ᠶ᠋ᠢᠨ ᠬᠠᠷᠢᠶᠠᠲᠤ᠎ᠨᠠᠷ ᠤᠷᠢᠯᠭ᠎ᠠ᠎ᠪᠠᠷ ᠲᠡᠭᠦᠰᠭᠦ ᠬᠤᠷᠠᠯ᠎ᠳᠤ ᠣᠷᠣᠯᠴᠠᠪᠠ᠃

ᠶᠡᠬᠡ ᠬᠤᠷᠠᠯ ᠰᠦᠷ ᠵᠢᠪᠬᠤᠯᠠᠩᠲᠤ ᠤᠯᠤᠰ ᠎ᠤᠨ ᠰᠦᠯᠳᠡ ᠳᠠᠭᠤᠤ᠎ᠶ᠋ᠢᠨ ᠳᠤᠮᠳᠠ ᠲᠡᠭᠦᠰᠪᠡ᠃

(ᠱᠢᠨᠬᠤᠸᠠ ᠬᠣᠷᠢᠶ᠎ᠠ ᠵᠢᠨ ᠪᠡᠭᠡᠵᠢᠩ᠎ᠦᠨ 3 ᠰᠠᠷ᠎ᠠ᠎ᠶ᠋ᠢᠨ 10 ᠤ᠋ ᠴᠠᠬᠢᠯᠭᠠᠨ ᠮᠡᠳᠡᠭᠡ)

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠰᠠᠢᠨ᠎ᠠ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面