2024-03-11 11:21:53
ᠤᠮᠠᠷᠠᠲᠤ ᠬᠢᠯᠢ᠎ᠶ᠋ᠢᠨ ᠡᠬᠡ ᠭᠠᠵᠠᠷ ᠠᠮᠢ ᠠᠮᠢᠵᠢᠷᠠᠯᠵᠢᠡᠷ ᠪᠢᠯᠬᠠᠨ᠎ᠠ᠃ ᠤᠷᠤᠨ ᠨᠤᠲᠤᠭ ᠤ᠋ᠨ ᠦᠢᠯᠡᠳᠪᠦᠷᠢᠯᠡᠯ᠎ᠦᠨ ᠶᠡᠷᠦᠩᠬᠡᠢ ᠥᠷᠲᠡᠭ 7.3% ᠪᠡᠷ ᠨᠡᠮᠡᠭ᠌ᠳᠡᠠ᠂ ᠪᠦᠬᠦ᠌ ᠤᠯᠤᠰ᠎ᠲᠸ᠋ ᠭᠤᠷᠪᠠᠳᠤᠭᠠᠷ᠎ᠲᠤ ᠵᠢᠭᠰᠠᠵᠤ᠂ 2010 ᠣᠨ᠎ᠠᠴᠠ ᠨᠠᠭᠠᠱᠢᠬᠢ ᠬᠠᠮᠤᠭ᠎ᠤᠨ ᠰᠠᠢᠨ ᠬᠢᠷᠢ ᠪᠦᠳᠦᠮᠵᠢ ᠵᠢ ᠤᠯᠪᠠ; ᠠᠮᠤ ᠪᠤᠳᠠᠭ᠎ᠠ ᠳᠠᠷᠢᠬᠤ ᠲᠠᠯᠠᠪᠠᠶ᠂ ᠲᠠᠯᠠᠪᠠᠶ ᠨᠢᠭᠡᠴᠢ᠎ᠶ᠋ᠢᠨ ᠤᠨᠠᠯᠲᠠ᠂ ᠶᠡᠷᠦᠩᠬᠡᠶ ᠤᠨᠠᠯᠲᠠ ᠵᠡᠷᠭᠡ᠎ᠪᠡᠷ ᠨᠡᠮᠡᠭᠳᠡᠵᠦ᠂ ᠠᠮᠤ ᠪᠤᠳᠠᠭᠠᠨ᠎ᠤ ᠤᠨᠠᠯᠲᠠ 791.6 ᠳ᠋ᠦᠩᠱᠢᠭᠤᠷ ᠵᠢᠩ ᠳ᠋ᠤ ᠬᠦᠷᠴᠦ᠍᠂ 20 ᠵᠢᠯ ᠳᠠᠷᠠᠭᠠᠯᠠᠨ ᠡᠯᠪᠡᠭ ᠬᠤᠷᠢᠶᠠᠯᠲᠠ ᠣᠯᠵᠤ᠂ ᠪᠥᠬᠥ᠌ ᠤᠯᠤᠰ᠎ᠤᠨ ᠵᠢᠷᠭᠤᠳᠤᠭᠠᠷ᠎ᠲᠤ ᠵᠢᠭ᠍ᠰᠠᠭᠠᠭ᠍ᠳᠠᠪᠠ ᠁ ᠥᠩᠭᠡᠷᠡᠭ᠌ᠰᠡᠨ ᠨᠢᠭᠡ ᠵᠢᠯ᠎ᠳᠦ᠂ ᠥᠪᠥᠷ ᠮᠣᠩᠭᠣᠯ ᠪᠥᠬᠥ᠌ ᠬᠦᠴᠦᠨ᠎ᠢᠶᠡᠷ᠎ᠢᠶᠡᠨ ᠬᠦᠴᠢᠷ᠎ᠢ ᠳᠤᠭᠤᠯᠤᠨ ᠪᠡᠷᠬᠡ᠎ᠶ᠋ᠢ ᠳᠠᠪᠠᠵᠤ᠂ ᠬᠦᠴᠢᠷ ᠠᠰᠠᠭᠤᠳᠠᠯ᠎ᠢ ᠱᠢᠶ᠋ᠳᠪᠦᠷᠢᠯᠡᠨ᠂ ᠲᠣᠭ᠍ᠲᠠᠭᠤᠨ᠎ᠤ ᠳᠤᠮᠳᠠ ᠰᠠᠢᠵᠢᠷᠠᠬᠤ᠂ ᠲᠣᠭ᠍ᠲᠠᠭᠤᠨ᠎ᠤ ᠳᠤᠮᠳᠠ ᠶᠠᠰᠤ ᠴᠢᠨᠠᠷ᠎ᠢᠶᠠᠨ ᠳᠡᠭᠡᠭ᠌ᠰᠢᠯᠡᠭᠦᠯᠬᠦ᠌ ᠬᠠᠨᠳᠤᠰᠢ᠎ᠶ᠋ᠢ ᠪᠠᠲᠤᠯᠠᠵᠤ᠂ 2024 ᠣᠨ᠎ᠳᠤ ᠲᠤᠷᠪᠢᠯᠢᠭ ᠠᠯᠬᠤᠭ᠎ᠠ ᠪᠠᠷ ᠠᠯᠬᠤᠨ ᠣᠷᠣᠪᠠ᠃
ᠵᠤᠷᠢᠭᠰᠠᠨ ᠵᠠᠮ ᠵᠦᠪ ᠪᠤᠯᠪᠠᠰᠤ ᠠᠵᠠ ᠲᠤᠬᠢᠶᠠᠯᠠᠶᠠᠨᠳᠠᠭᠠᠨ ᠢᠷᠡᠮᠤᠢ᠃ ᠪᠦᠬᠦᠳᠠ ᠨᠠᠢᠷᠠᠮᠳᠠᠬᠤ ᠳᠤᠮᠳᠠᠳᠤ ᠠᠷᠠᠳ ᠤᠯᠤᠰ ᠪᠠᠢᠭᠤᠯᠤᠭ᠍ᠳᠠᠭ᠍ᠰᠠᠨ 75 ᠵᠢᠯ᠎ᠦᠨ ᠤᠢ᠎ᠳᠤ᠂ 《ᠠᠷᠪᠠᠨ ᠳᠥᠷᠪᠡᠳᠦᠭᠡᠷ ᠲᠠᠪᠤᠨ ᠵᠢᠯ》 ᠤ᠋ᠨ ᠲᠥᠯᠥᠪᠵᠢᠭᠦᠯᠭᠡ᠎ᠶ᠋ᠢᠨ ᠬᠠᠷᠠᠯᠲᠠ ᠡᠭᠦᠷᠭᠡ᠎ᠶ᠋ᠢ ᠪᠡᠶᠡᠯᠡᠭᠦᠯᠬᠦ᠌ ᠵᠠᠩᠭᠢᠯᠠᠭ᠎ᠠ᠎ᠶ᠋ᠢᠨ ᠨᠢᠭᠡ ᠵᠢᠯ ᠳᠦ ᠬᠤᠷᠠᠯᠳᠤᠭ᠍ᠰᠠᠨ ᠪᠦᠬᠦ᠌ ᠤᠯᠤᠰ᠎ᠤᠨ ᠬᠣᠶᠠᠷ ᠬᠤᠷᠠᠯ ᠢᠲᠡᠷᠬᠡᠭ ᠠᠯᠬᠤᠭ᠎ᠠ ᠪᠠᠷ ᠠᠭᠤᠤ ᠶᠡᠬᠡ ᠠᠶᠠᠨ᠎ᠢ ᠡᠬᠢᠯᠡᠬᠦᠯᠵᠡᠢ᠃ ᠣᠳᠣᠬᠢᠴᠢᠯᠠᠭ᠍ᠰᠠᠨ ᠠᠵᠤ ᠦᠢᠯᠡᠰ᠎ᠦᠨ ᠱᠢᠰᠲ᠋ᠧᠮ᠎ᠦᠨ ᠪᠠᠢᠭᠤᠯᠤᠯᠲᠠ᠎ᠶ᠋ᠢ ᠶᠡᠬᠡ ᠪᠡᠷ ᠠᠬᠢᠭᠤᠯᠵᠤ᠂ ᠱᠢᠨ᠎ᠡ ᠴᠢᠨᠠᠷ ᠪᠦᠬᠦᠢ ᠦᠢᠯᠡᠳᠪᠦᠷᠢᠯᠡᠯ᠎ᠦᠨ ᠬᠦᠴᠦᠨ᠎ᠢ ᠲᠦᠷᠭᠡᠳᠭᠡᠨ ᠬᠥᠭ᠌ᠵᠢᠭᠦᠯᠦᠨ᠎ᠡ; ᠱᠢᠨᠵᠢᠯᠡᠬᠦ᠌ ᠤᠬᠠᠭᠠᠨ ᠰᠤᠷᠭᠠᠨ ᠬᠥᠮᠦᠵᠢᠯ᠎ᠢᠶᠡᠷ ᠤᠯᠤᠰ᠎ᠢᠶᠠᠨ ᠮᠠᠨᠳᠤᠭᠤᠯᠬᠤ ᠪᠠᠢᠯᠳᠤᠬᠤ ᠪᠤᠳᠤᠯᠭ᠎ᠠ ᠶ᠋ᠢ ᠭᠦᠨᠵᠡᠭᠡᠢ ᠬᠡᠷᠡᠭ᠌ᠵᠢᠭᠦᠯᠵᠦ᠍᠂ ᠴᠢᠨᠠᠷ ᠰᠠᠢᠲᠠᠢ ᠬᠥᠭ᠌ᠵᠢᠯᠲᠡ᠎ᠶ᠋ᠢᠨ ᠰᠠᠭᠤᠷᠢ ᠲᠤᠯᠭᠠᠭᠤᠷᠢᠯᠠᠯ᠎ᠢ ᠴᠢᠩᠭᠠᠳᠭᠠᠨ᠎ᠠ ᠁ ᠬᠦᠰᠡᠯ ᠵᠡᠭᠦᠳᠦ᠍᠎ᠪᠡᠨ ᠪᠡᠶᠡᠯᠡᠭᠦᠯᠬᠦ᠌ ᠵᠠᠮ ᠱᠤᠭᠤᠮ ᠤᠯᠠᠮ ᠲᠣᠳᠣ ᠪᠣᠯᠪᠠ᠃
ᠺᠠᠳ᠋ᠷ ᠤᠯᠠᠨ ᠲᠦᠮᠡᠨ᠎ᠦ ᠠᠵᠢᠯ ᠬᠢᠵᠦ᠍ ᠦᠢᠯᠡᠰ ᠪᠤᠰᠭᠠᠬᠤ ᠲᠦᠷᠰᠦ ᠪᠠᠢᠳᠠᠯ ᠨᠢ ᠶᠡᠭᠡᠩᠬᠢ ᠬᠡᠮᠵᠢᠶᠡᠨ ᠳᠡᠭᠡᠷ᠎ᠡ ᠠᠵᠢᠯ ᠦᠢᠯᠡᠰ᠎ᠦᠨ ᠠᠮᠵᠢᠯᠳᠠ ᠪᠦᠳᠦᠮᠵᠢ ᠵᠢ ᠲᠣᠭ᠍ᠲᠠᠭᠠᠲᠠᠭ᠃ ᠱᠢᠨ᠎ᠡ ᠠᠶᠠᠨ᠎ᠳᠤ᠂ ᠰᠠᠢ᠌ᠨ ᠰᠠᠢᠬᠠᠨ ᠵᠢᠷᠤᠭ ᠲᠥᠰᠦᠪ᠎ᠢ ᠪᠣᠳᠠᠲᠤ ᠠᠬᠤᠢ ᠪᠣᠯᠭᠠᠨ ᠬᠤᠪᠢᠷᠠᠭᠤᠯᠬᠤ ᠳ᠋ᠤ᠂ ᠺᠠᠳ᠋ᠷ ᠤᠯᠠᠨ ᠲᠦᠮᠡᠨ ᠰᠡᠳᠭᠢᠯ ᠨᠢᠭᠡᠳᠦᠨ ᠬᠦᠴᠦ᠍᠎ᠪᠡᠨ ᠬᠠᠮᠲᠤᠳᠭᠠᠵᠤ᠂ ᠡᠭᠦᠷᠭᠡ ᠬᠠᠷᠢᠭᠤᠴᠠᠯᠭ᠎ᠠ ᠪᠠᠨ ᠬᠠᠳᠠᠨ ᠪᠠᠲᠤ ᠬᠦᠢᠴᠡᠳᠭᠡᠬᠦ ᠬᠡᠷᠡᠭᠳᠡᠢ᠃ ᠣᠢᠷ᠎ᠠ᠎ᠶ᠋ᠢᠨ ᠡᠳᠦᠷ᠎ᠦᠳ᠎ᠲᠦ᠂ ᠮᠠᠨ᠎ᠤ ᠣᠷᠣᠨ᠎ᠤ ᠪᠥᠬᠥ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠥᠯᠥᠭᠡᠯᠡᠭ᠌ᠴᠢᠳ ᠪᠣᠯᠤᠨ ᠮᠠᠨ᠎ᠤ ᠣᠷᠣᠨ᠎ᠳᠤ ᠰᠠᠭᠤᠭ᠎ᠠ ᠪᠥᠬᠥ᠌ ᠤᠯᠤᠰ᠎ᠤᠨ ᠤᠯᠤᠰ ᠲᠥᠷᠥ᠎ᠶ᠋ᠢᠨ ᠵᠥᠪᠯᠡᠯᠭᠡᠨ ᠦ ᠭᠡᠱᠢᠭᠦᠳ ᠲᠥᠷᠥ᠎ᠶ᠋ᠢᠨ ᠶᠠᠪᠤᠳᠠᠯ᠎ᠢ ᠬᠠᠮᠲᠤ᠎ᠪᠠᠷ ᠵᠥᠪᠯᠡᠵᠦ᠍᠂ ᠢᠳᠡᠪᠬᠢᠲᠡᠶ᠎ᠪᠡᠷ ᠦᠭᠡ ᠬᠡᠯᠡᠵᠦ᠍᠂ 《ᠪᠣᠳᠠᠲᠠᠶ᠎ᠶ᠋ᠢ ᠡᠷᠬᠢᠮᠯᠡᠨ ᠬᠠᠷᠢᠭᠤᠴᠠᠯᠭ᠎ᠠ ᠡᠭᠦᠷᠭᠡᠯᠡᠬᠦ᠌》 ᠨᠢ ᠬᠠᠯᠠᠭᠤᠨ ᠵᠣᠭᠣᠭ ᠪᠣᠯᠤᠭ᠍ᠰᠠᠨ ᠪᠠᠢᠨ᠎ᠠ᠃
ᠪᠣᠳᠠᠲᠠᠢ᠎ᠶ᠋ᠢ ᠡᠷᠬᠢᠮᠯᠡᠨ ᠬᠠᠷᠢᠭᠤᠴᠠᠯᠭ᠎ᠠ ᠡᠭᠦᠷᠭᠡᠯᠡᠵᠦ᠍ 《ᠴᠦᠬᠦᠷᠡᠰᠢ ᠦᠭᠡᠢ ᠲᠡᠮᠡᠴᠡᠬᠦ᠌》 ᠵᠤᠷᠢᠭ ᠰᠠᠨᠠᠭ᠎ᠠ ᠵᠢ ᠡᠷᠡᠰ ᠪᠠᠷᠢᠮᠳᠠᠯᠠᠨ᠎ᠠ
ᠱᠢᠨ᠎ᠡ ᠠᠶᠠᠨ᠎ᠳᠤ᠂ ᠥᠪᠥᠷ ᠮᠣᠩᠭᠣᠯ ᠶᠠᠭ ᠬᠡᠯᠪᠡᠷᠢ᠎ᠪᠡᠨ ᠬᠤᠪᠢᠷᠠᠭᠤᠯᠤᠨ ᠬᠥᠭ᠌ᠵᠢᠬᠦ᠌ ᠵᠠᠩᠭᠢᠯᠠᠭ᠎ᠠ᠎ᠶ᠋ᠢᠨ ᠴᠠᠭ ᠦᠶ᠎ᠡ᠎ᠳᠦ ᠣᠷᠣᠱᠢᠵᠤ ᠪᠠᠢᠨ᠎ᠠ᠂ ᠡᠯ᠎ᠡ ᠲᠠᠯ᠎ᠠ᠎ᠶ᠋ᠢᠨ ᠠᠵᠢᠯ᠎ᠢ ᠰᠠᠢᠲᠤᠷ ᠬᠢᠬᠦ᠌᠎ᠳᠦ᠂ ᠺᠠᠳ᠋ᠷ ᠤᠯᠠᠨ ᠲᠦᠮᠡᠨ᠎ᠦ ᠴᠤᠭ ᠰᠦᠯᠳᠡ᠎ᠶ᠋ᠢ ᠬᠥᠭ᠌ᠵᠢᠭᠡᠵᠦ᠍᠂ ᠭᠣᠣᠯᠳᠠᠯᠭ᠎ᠠ᠎ᠲᠠᠶ ᠭᠣᠭ᠍ᠴᠣᠭ᠎ᠠ ᠳᠡᠭᠡᠷ᠎ᠡ ᠪᠣᠳᠠᠲᠠᠢ ᠠᠷᠭ᠎ᠠ ᠤᠯᠠᠨ ᠭᠠᠷᠭᠠᠵᠤ᠂ ᠪᠣᠳᠠᠲᠤ ᠦᠷ᠎ᠡ ᠪᠦᠲᠦᠮᠵᠢ᠎ᠶ᠋ᠢ ᠡᠷᠬᠢᠮᠯᠡᠬᠦ᠌ ᠨᠢ ᠴᠢᠬᠤᠯᠠ ᠪᠥᠭᠡᠳ ᠲᠤᠯᠭᠠᠮ ᠶᠠᠪᠤᠳᠠᠯ ᠪᠣᠯᠤᠨ᠎ᠠ᠃
ᠥᠷ ᠭᠡᠭᠡᠷᠡᠬᠦ ᠲᠠᠢ ᠵᠡᠷᠭᠡ ᠰᠠᠨ ᠵᠢᠶᠤᠤ ᠱᠠᠨ ᠬᠠᠷᠠᠭᠤᠯ᠎ᠤᠨ ᠭᠠᠵᠠᠷ᠎ᠤᠨ ᠵᠢᠵᠢᠭᠦᠷ ᠪᠠᠢᠯᠳᠤᠭ᠍ᠴᠢᠳ ᠴᠠᠰᠤᠲᠤ ᠲᠠᠯ᠎ᠠ᠎ᠪᠡᠷ ᠶᠠᠪᠠᠭᠠᠨ ᠴᠠᠭ᠍ᠳᠠᠵᠤ ᠡᠬᠢᠯᠡᠯ᠎ᠡ; ᠨᠡᠢᠭᠡᠮ ᠲᠣᠭᠣᠷᠢᠭ ᠬᠥᠳᠡᠭᠡ ᠲᠣᠰᠭᠣᠨ᠂ ᠲᠣᠣᠷᠵᠢᠭᠤᠯᠤᠭ᠍ᠰᠠᠨ ᠬᠠᠮᠢᠶᠠᠷᠤᠯᠲᠠ᠎ᠶ᠋ᠢᠨ ᠠᠵᠢᠯᠲᠠᠳ ᠠᠢᠯ ᠡᠷᠦᠬᠡ᠎ᠪᠡᠷ ᠶᠠᠭᠠᠷᠠᠯᠳᠠᠢ ᠲᠤᠭᠤᠷᠢᠨ᠎ᠠ; ᠦᠨᠳᠦᠰᠦᠨ ᠱᠠᠲᠤᠨ᠎ᠤ ᠨᠢᠬᠡᠲᠤᠬᠡᠷ ᠹᠷᠤᠨᠲ ᠲᠸ᠋ ᠠᠷᠠᠳ᠎ᠤᠨ ᠴᠠᠭᠳᠠᠭ᠎ᠠ ᠲᠦᠭ ᠲᠦᠮᠠᠨ ᠡᠷᠤᠬᠡ᠎ᠶᠢ ᠰᠠᠬᠢᠨ ᠬᠠᠮᠠᠭᠠᠯᠠᠨ᠎ᠠ ᠁
ᠨᠡᠢᠭᠡᠮ᠎ᠦᠨ ᠲᠣᠭ᠍ᠲᠠᠭᠤᠨ ᠪᠠ ᠠᠮᠤᠷ ᠲᠦᠪᠱᠢᠨ ᠪᠣᠯ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠦ ᠬᠠᠮᠤᠭ᠎ᠤᠨ ᠦᠨᠳᠦᠰᠦᠨ᠂ ᠬᠠᠮᠤᠭ᠎ᠤᠨ ᠲᠦᠭᠡᠮᠡᠯ ᠬᠦᠰᠡᠯ ᠡᠷᠡᠮᠡᠯᠵᠡᠯ ᠮᠥᠨ᠂ ᠪᠠᠰᠠ ᠴᠤ᠌ ᠡᠬᠡ ᠤᠯᠤᠰ᠎ᠤᠨ ᠤᠮᠠᠷᠠᠲᠤ ᠬᠢᠯᠢ᠎ᠶ᠋ᠢᠨ ᠠᠮᠤᠷ ᠲᠦᠪᠱᠢᠨ ᠲᠣᠭ᠍ᠲᠠᠭᠤᠨ᠎ᠤ ᠬᠠᠯᠬᠠᠪᠴᠢ᠎ᠶ᠋ᠢ ᠪᠠᠲᠤ ᠴᠣᠭ᠍ᠴᠠᠯᠠᠬᠤ᠎ᠶ᠋ᠢᠨ 《ᠵᠠᠢᠯᠠᠰᠢ ᠥᠬᠡᠶ ᠰᠣᠩᠭᠣᠯᠲᠠ》 ᠮᠥᠨ᠃
《ᠬᠢᠩᠭᠠᠨ ᠠᠢᠮᠠᠭ ᠨᠠᠮ ᠵᠠᠰᠠᠭ ᠴᠡᠷᠢᠭ ᠴᠠᠭ᠍ᠳᠠᠭ᠎ᠠ ᠠᠷᠠᠳ ᠬᠦᠴᠦ᠍᠎ᠪᠡᠨ ᠬᠠᠮᠲᠤᠳᠭᠠᠨ ᠬᠢᠯᠢ ᠬᠢᠵᠠᠭᠠᠷ ᠢ ᠬᠦᠴᠦᠷᠬᠡᠭ᠌ᠵᠢᠭᠦᠯᠵᠦ᠍ ᠰᠡᠷᠭᠡᠢᠯᠡᠯᠲᠡ᠎ᠶ᠋ᠢ ᠪᠡᠬᠢᠵᠢᠭᠦᠯᠬᠦ᠌᠎ᠶ᠋ᠢ ᠪᠠᠷᠢᠮᠲᠠᠯᠠᠵᠤ᠂ ᠴᠠᠰᠤᠲᠤ ᠬᠣᠲᠠ ᠵᠢᠷᠤᠮ᠎ᠤᠨ ᠴᠠᠭ᠍ᠳᠠᠭ᠎ᠠ᠂ 〈ᠲᠠᠯ᠎ᠠ ᠨᠤᠲᠤᠭ᠎ᠢ ᠰᠠᠬᠢᠨ ᠬᠠᠮᠠᠭᠠᠯᠠᠬᠤ〉 ᠴᠠᠭ᠍ᠳᠠᠨ ᠰᠡᠷᠭᠡᠢᠯᠡᠬᠦ᠌ ᠠᠩᠭᠢ᠂ ᠬᠤᠪᠢᠰᠭᠠᠯᠲᠤ ᠪᠡᠬᠢᠯᠡᠯᠲᠡ ᠵᠢᠨ ᠡᠷᠦᠬᠡ ᠵᠡᠷᠭᠡ ᠱᠢᠨ᠎ᠡ᠎ᠶ᠋ᠢ ᠡᠭᠦᠳᠬᠦ᠌ ᠠᠷᠭ᠎ᠠ ᠬᠡᠮᠵᠢᠶ᠎ᠡ᠎ᠶ᠋ᠢ ᠢᠳᠡᠪᠬᠢᠲᠡᠶ ᠳᠡᠯᠭᠡᠷᠡᠭᠦᠯᠵᠦ᠍᠂ ᠰᠠᠭᠤᠷᠢ ᠪᠠᠷ ᠬᠢᠯᠢ ᠬᠢᠵᠠᠭᠠᠷ᠎ᠢ ᠪᠡᠬᠢᠵᠢᠭᠦᠯᠬᠦ᠌᠂ ᠠᠵᠤ ᠦᠶ᠋ᠯᠡᠰ᠎ᠢᠶᠡᠷ ᠬᠢᠯᠢ ᠬᠢᠵᠠᠭᠠᠷ᠎ᠢ ᠬᠥᠭ᠌ᠵᠢᠭᠦᠯᠬᠦ᠌᠂ ᠪᠠᠲᠤᠯᠠᠭ᠎ᠠ᠎ᠪᠠᠷ ᠬᠢᠯᠢ ᠬᠢᠵᠠᠭᠠᠷ᠎ᠢ ᠲᠣᠭ᠍ᠲᠠᠪᠤᠷᠢᠵᠢᠭᠤᠯᠬᠤ᠂ ᠪᠦᠯᠬᠦᠮᠳᠡᠨ ᠨᠢᠭᠳᠠᠷᠠᠵᠤ ᠬᠢᠯᠢ ᠬᠢᠵᠠᠭᠠᠷ᠎ᠢ ᠬᠠᠮᠠᠭᠠᠯᠠᠬᠤ〈ᠬᠢᠯᠢ ᠬᠢᠵᠠᠭᠠᠷ᠎ᠤᠨ ᠳᠥᠷᠪᠡᠨ ᠢᠨᠵᠧᠨᠧᠷᠢᠩ〉 ᠢ᠋ ᠴᠢᠨᠠᠷ ᠰᠠᠢᠲᠠᠶ ᠠᠬᠢᠭᠤᠯᠪᠠ》᠃ ᠪᠥᠬᠥ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠥᠯᠥᠭᠡᠯᠡᠭ᠌ᠴᠢ᠂ ᠬᠢᠩᠭᠠᠨ ᠠᠢᠮᠠᠭ᠎ᠤᠨ ᠨᠠᠮ᠎ᠤᠨ ᠬᠣᠷᠢᠶ᠎ᠠ ᠵᠢᠨ ᠳᠡᠳ᠋ ᠱᠦᠵᠢ᠂ ᠠᠢᠮᠠᠭ᠎ᠤᠨ ᠳᠠᠷᠤᠭ᠎ᠠ ᠰᠦᠬᠡ ᠲᠠᠨᠢᠯᠴᠠᠭᠤᠯᠬᠤ᠎ᠳᠠᠭᠠᠨ᠂ ᠬᠢᠩᠭᠠᠨ ᠠᠢᠮᠠᠭ 《ᠠᠮᠤᠷ ᠲᠦᠪᠱᠢᠨ᠎ᠢ ᠪᠠᠲᠤᠯᠠᠬᠤ᠂ ᠬᠥᠭ᠌ᠵᠢᠯᠲᠡ᠎ᠶ᠋ᠢ ᠠᠬᠢᠭᠤᠯᠬᠤ》 ᠡᠯ᠎ᠡ ᠵᠦᠶ᠋ᠯ᠎ᠦᠨ ᠠᠵᠢᠯ᠎ᠢ ᠨᠠᠷᠢᠨ ᠬᠢᠨᠠᠮᠠᠭᠠᠶ᠂ ᠴᠢᠩᠭ᠎ᠠ ᠨᠢᠮᠪᠠᠶ ᠰᠠᠢᠲᠤᠷ ᠬᠢᠵᠦ᠍᠂ ᠡᠨᠡ ᠵᠢᠯ 5 ᠳ᠋ᠦᠩᠱᠢᠭᠤᠷ ᠲᠥᠭᠥᠷᠢᠭ᠎ᠦᠨ ᠪᠠᠯᠠ ᠣᠷᠣᠭᠤᠯᠵᠤ᠂《ᠬᠢᠯᠢ ᠬᠢᠵᠠᠭᠠᠷ᠎ᠤᠨ ᠳᠥᠷᠪᠡᠨ ᠢᠨᠵᠧᠨᠧᠷᠢᠩ》᠎ᠤ᠋ᠨ ᠭᠤᠷᠪᠠᠨ ᠶᠡᠬᠡ ᠲᠥᠷᠥᠯ᠎ᠦᠨ 31 ᠲᠥᠷᠥᠯ ᠵᠦᠶ᠋ᠯ᠎ᠢ ᠬᠡᠷᠡᠭ᠌ᠵᠢᠭᠦᠯᠵᠦ᠍᠂ 《ᠲᠡᠷᠢᠭᠦᠨ᠎ᠦ ᠬᠢᠯᠢ᠎ᠶ᠋ᠢᠨ ᠬᠠᠮᠠᠭᠠᠯᠠᠯᠲᠠ᠎ᠶ᠋ᠢᠨ ᠱᠤᠭᠤᠮ》 ᠤ᠋ᠨ ᠪᠥᠲᠥᠭᠡᠨ ᠪᠠᠢᠭᠤᠯᠤᠯᠲᠠ᠎ᠶ᠋ᠢ ᠦᠷᠭᠦᠯᠵᠢᠯᠡᠨ ᠠᠬᠢᠭᠤᠯᠤᠨ᠎ᠠ ᠭᠡᠵᠡᠶ᠃
《ᠪᠦᠬᠦ᠌ ᠤᠯᠤᠰ᠎ᠤᠨ ᠬᠣᠶᠠᠷ ᠬᠤᠷᠠᠯ 2024 ᠣᠨ᠎ᠤ ᠠᠵᠢᠯ᠎ᠢ ᠰᠠᠢᠲᠤᠷ ᠬᠢᠬᠦ᠌᠎ᠳᠦ ᠰᠠᠢ᠌ᠨ ᠰᠠᠢᠬᠠᠨ ᠵᠢᠷᠤᠭ ᠲᠥᠰᠦᠪ᠎ᠢ ᠵᠢᠷᠤᠭ᠍ᠯᠠᠵᠤ᠂ ᠴᠢᠷᠮᠠᠢᠬᠤ ᠴᠢᠭ᠌ᠯᠡᠯ᠎ᠢ ᠲᠣᠳᠣᠷᠬᠠᠢ ᠵᠢᠭᠠᠵᠤ᠂ ᠤᠷᠤᠭ᠍ᠰᠢᠯᠠᠯᠲᠠ᠎ᠶ᠋ᠢᠨ ᠪᠦᠷᠢᠶ᠎ᠡ᠎ᠶ᠋ᠢ ᠬᠠᠩᠭᠢᠨᠠᠭᠤᠯᠪᠠ》᠃ ᠪᠥᠬᠥ᠌ ᠤᠯᠤᠰ᠎ᠤᠨ ᠤᠯᠤᠰ ᠲᠥᠷᠥ᠎ᠶ᠋ᠢᠨ ᠵᠥᠪᠯᠡᠯᠭᠡᠨ᠎ᠦ ᠭᠡᠱᠢᠭᠦᠨ᠂ ᠮᠠᠨᠵᠤᠤᠷ ᠬᠣᠲᠠ᠎ᠶ᠋ᠢᠨ ᠤᠯᠤᠰ ᠲᠥᠷᠥ᠎ᠶ᠋ᠢᠨ ᠵᠥᠪᠯᠡᠯᠭᠡᠨ᠎ᠦ ᠲᠡᠷᠢᠭᠦᠯᠡᠭ᠌ᠴᠢ ᠯᠢᠩ ᠶᠦᠨ᠂ ᠶᠡᠬᠡ ᠬᠤᠷᠠᠯ᠎ᠤᠨ ᠵᠣᠷᠢᠭ ᠰᠠᠨᠠᠭ᠎ᠠ᠎ᠶ᠋ᠢ ᠬᠢᠨᠠᠮᠠᠭᠠᠶ ᠰᠤᠷᠤᠯᠴᠠᠨ ᠣᠢᠯᠠᠭᠠᠬᠤ᠎ᠶ᠋ᠢᠨ ᠬᠠᠮᠲᠤ ᠡᠨᠡ ᠵᠢᠯ᠎ᠦᠨ ᠲᠤᠱᠢᠶᠠᠯ ᠬᠠᠷᠢᠭᠤᠴᠠᠯᠭ᠎ᠠ᠎ᠪᠠᠨ ᠭᠦᠶ᠋ᠴᠡᠳᠭᠡᠬᠦ᠌ ᠠᠵᠢᠯ᠎ᠤᠨ ᠲᠤᠮᠳᠠ ᠲᠤᠭᠤᠰᠢᠯᠠᠭᠤᠯᠤᠨ ᠨᠠᠢᠳᠠᠪᠤᠷᠢᠵᠢᠭᠤᠯᠤᠨ᠎ᠠ᠃ ᠲᠠᠰᠤᠷᠠᠯᠲᠠ ᠥᠬᠡᠶ ᠰᠤᠷᠤᠯᠴᠠᠨ ᠬᠡᠪ ᠪᠤᠯᠪᠠᠰᠤᠷᠠᠯ᠎ᠢᠶᠠᠨ ᠳᠡᠭᠡᠭ᠌ᠰᠢᠯᠡᠭᠦᠯᠵᠦ᠍᠂ ᠪᠠᠢᠴᠠᠭᠠᠨ ᠰᠤᠳᠤᠯᠤᠯᠲᠠ᠎ᠵᠢ ᠴᠢᠩᠭᠠᠳᠭᠠᠨ ᠰᠠᠢᠨ ᠠᠷᠭ᠎ᠠ ᠪᠣᠳᠣᠯᠭ᠎ᠠ ᠭᠠᠷᠭᠠᠨ᠎ᠠ᠃ ᠦᠨᠳᠦᠰᠦᠲᠡᠨ᠎ᠦ ᠭᠠᠵᠠᠷ ᠣᠷᠣᠨ ᠪᠠ ᠬᠢᠯᠢ᠎ᠶ᠋ᠢᠨ ᠪᠣᠭᠣᠮᠲᠠ ᠵᠢᠨ ᠬᠣᠲᠠ᠎ᠶ᠋ᠢᠨ ᠠᠵᠢᠯ᠎ᠤᠨ ᠲᠣᠭᠣᠷᠢᠨ᠎ᠳᠤ᠂ ᠰᠠᠨᠠᠯ ᠳᠤᠷᠠᠳᠤᠯᠭ᠎ᠠ ᠵᠢᠴᠢ ᠨᠡᠢᠭᠡᠮ᠎ᠦᠨ ᠪᠠᠢᠳᠠᠯ ᠠᠷᠠᠳ᠎ᠤᠨ ᠰᠠᠨᠠᠭ᠎ᠠ᠎ᠶ᠋ᠢᠨ ᠮᠡᠳᠡᠭᠡ ᠵᠠᠩᠭᠢ᠎ᠶ᠋ᠢ ᠢᠳᠡᠪᠬᠢᠲᠡᠶ ᠲᠤᠭᠤᠷᠪᠢᠨ ᠪᠢᠴᠢᠵᠦ᠍᠂ ᠡᠭᠦᠷᠭᠡ ᠬᠠᠷᠢᠭᠤᠴᠠᠯᠭ᠎ᠠ᠎ᠪᠠᠨ ᠭᠦᠶ᠋ᠴᠡᠳᠭᠡᠬᠦ《ᠠᠷᠠᠳ᠎ᠤᠨ ᠲᠥᠯᠥᠭᠡ ᠦᠶ᠋ᠯᠡᠴᠢᠯᠡᠬᠦ᠌》 ᠠᠵᠢᠯᠯᠠᠭ᠎ᠠ ᠳ᠋ᠤ ᠢᠳᠡᠪᠬᠢᠲᠡᠶ ᠣᠷᠣᠯᠴᠠᠵᠤ᠂ 《ᠪᠢ ᠪᠣᠯ ᠤᠯᠤᠰ ᠲᠥᠷᠥ᠎ᠶ᠋ᠢᠨ ᠵᠥᠪᠯᠡᠯᠭᠡᠨ᠎ᠦ ᠭᠡᠱᠢᠭᠦᠨ᠂ ᠪᠢ ᠲᠠᠨ᠎ᠳ᠋ᠤ ᠲᠤᠰᠠᠯᠠᠨ᠎ᠠ》 ᠭᠡᠬᠦ᠌ ᠠᠵᠢᠯᠯᠠᠭ᠎ᠠ᠎ᠶ᠋ᠢ ᠦᠷᠭᠦᠯᠵᠢᠯᠡᠨ ᠥᠷᠨᠢᠭᠦᠯᠵᠦ᠍᠂ ᠥᠭ᠌ᠭᠢᠶᠡᠮᠦᠷ ᠬᠤᠷ᠎ᠠ ᠲᠦᠮᠡᠨ ᠪᠣᠳᠠᠰ᠎ᠢ ᠤᠮᠳᠠᠯᠠᠬᠤ ᠠᠵᠢᠯᠯᠠᠭ᠎ᠠ᠎ᠪᠠᠷ ᠡᠯ᠎ᠡ ᠡᠲᠡᠭᠡᠳ᠎ᠦᠨ ᠣᠯᠠᠨ ᠲᠦᠮᠡᠨ᠎ᠳᠦ ᠦᠶ᠋ᠯᠡᠴᠢᠯᠡᠵᠦ᠍᠂ ᠣᠯᠠᠨ ᠲᠦᠮᠡᠨ᠎ᠳᠦ ᠤᠯᠤᠰ ᠲᠥᠷᠥ᠎ᠶ᠋ᠢᠨ ᠵᠥᠪᠯᠡᠯᠭᠡᠨ᠎ᠦ ᠠᠵᠢᠯ ᠨᠢᠳᠦᠨ ᠡᠮᠦᠨ᠎ᠡ ᠨᠢ ᠶᠠᠪᠤᠭᠳᠠᠵᠤ᠂ ᠤᠯᠤᠰ ᠲᠥᠷᠥ᠎ᠶ᠋ᠢᠨ ᠵᠥᠪᠯᠡᠯᠭᠡᠨ ᠦ ᠭᠡᠱᠢᠭᠦᠳ ᠳᠡᠷᠭᠡᠳᠡ ᠨᠢ ᠪᠠᠢᠬᠤ ᠵᠢ ᠮᠡᠳᠡᠷᠡᠭᠦᠯᠤᠨᠠ ᠬᠡᠵᠦ ᠢᠯᠡᠷᠭᠡᠢᠯᠡᠪᠡ᠃
ᠪᠣᠳᠠᠲᠠᠶ᠎ᠶ᠋ᠢ ᠡᠷᠬᠢᠮᠯᠡᠨ ᠬᠠᠷᠢᠭᠤᠴᠠᠯᠭ᠎ᠠ ᠡᠭᠦᠷᠭᠡᠯᠡᠵᠦ᠍ 《ᠬᠡᠳᠦᠶ ᠬᠦᠴᠢᠷ ᠪᠡᠷᠬᠡᠱᠢᠶᠡᠯ᠎ᠲᠡᠶ ᠪᠣᠯ ᠲᠡᠳᠦᠶ ᠡᠷᠡᠮᠡᠭᠡᠢᠯᠡᠨ ᠤᠷᠤᠭ᠍ᠰᠢᠯᠠᠬᠤ》 ᠵᠣᠷᠢᠭ ᠰᠠᠨᠠᠭ᠎ᠠ᠎ᠵᠢ ᠪᠠᠷᠢᠮᠳᠠᠯᠠᠨ᠎ᠠ
ᠱᠢᠨ᠎ᠡ ᠭᠠᠷᠤᠭ᠎ᠠ ᠲᠡᠭᠡᠷ᠎ᠡ᠂ ᠥᠪᠥᠷ ᠮᠣᠩᠭᠣᠯ ᠬᠤᠪᠢᠷᠠᠯᠲᠠ᠎ᠶ᠋ᠢᠨ ᠳᠤᠮᠳᠠ ᠱᠢᠨ᠎ᠡ ᠪᠠᠢᠳᠠᠯ᠎ᠢ ᠨᠡᠭᠡᠭᠡᠵᠦ᠍᠂ ᠥᠷᠢᠰᠥᠯᠳᠦᠭᠡᠨ᠎ᠦ ᠳᠤᠮᠳᠠ ᠠᠵᠠ ᠲᠣᠬᠢᠶᠠᠯ᠎ᠢ ᠡᠷᠢᠯᠬᠢᠯᠡᠬᠦ᠌᠎ᠳᠦ ᠂ ᠺᠠᠳ᠋ᠷ ᠤᠯᠠᠨ ᠲᠦᠮᠡᠨ ᠬᠦᠴᠢᠷ᠎ᠢ ᠰᠦᠷᠦᠨ ᠤᠷᠤᠭ᠍ᠰᠢᠯᠠᠵᠤ᠂ ᠪᠣᠳᠠᠲᠠᠢ᠎ᠶ᠋ᠢ ᠡᠷᠬᠢᠮᠯᠡᠨ ᠬᠠᠷᠢᠭᠤᠴᠠᠯᠭ᠎ᠠ ᠡᠭᠦᠷᠭᠡᠯᠡᠬᠦ᠌᠎ᠶ᠋ᠢ ᠨᠡᠩ ᠱᠠᠭᠠᠷᠳᠠᠨ᠎ᠠ᠃
《ᠵᠠᠰᠠᠭ᠎ᠤᠨ ᠣᠷᠳᠣᠨ᠎ᠤ ᠠᠵᠢᠯ᠎ᠤᠨ ᠢᠯᠡᠳᠭᠡᠯ᠎ᠳᠦ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌ ᠪᠠ ᠱᠢᠨ᠎ᠡ ᠴᠢᠨᠠᠷ ᠪᠦᠬᠦᠢ ᠦᠢᠯᠡᠳᠪᠦᠷᠢᠯᠡᠯ᠎ᠦᠨ ᠬᠦᠴᠦᠨ᠎ᠢ ᠤᠯᠠᠨ ᠤᠳᠠᠭ᠎ᠠ ᠲᠤᠷᠠᠳᠴᠠᠢ᠃ ᠰᠦ᠎ᠶ᠋ᠢᠨ ᠦᠢᠯᠡᠰ᠎ᠦᠨ ᠱᠢᠨᠵᠢᠯᠡᠬᠦ᠌ ᠤᠬᠠᠭᠠᠨ᠎ᠤ ᠰᠤᠳᠤᠯᠭᠠᠨ᠎ᠤ ᠡᠮᠦᠨ᠎ᠡ ᠡᠨᠭᠨᠡᠭᠡ᠎ᠶᠢᠨ ᠬᠤᠰᠢᠭᠤᠴᠢ ᠪᠤᠯᠤᠭᠰᠠᠨ᠎ᠤ ᠬᠤᠪᠢ᠎ᠳᠦ᠂ ᠪᠢᠳᠡ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌᠎ᠪᠡᠷ ᠠᠵᠤ ᠦᠢᠯᠡᠰ᠎ᠦᠨ ᠱᠢᠨ᠎ᠡ᠎ᠶ᠋ᠢ ᠡᠭᠦᠳᠬᠦ᠌᠎ᠶ᠋ᠢ ᠡᠷᠡᠰ ᠠᠬᠢᠭᠤᠯᠤᠨ᠎ᠠ》 ᠭᠡᠵᠦ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠥᠯᠥᠭᠡᠯᠡᠭ᠌ᠴᠢ᠂ ᠤᠯᠤᠰ᠎ᠤᠨ ᠰᠦ᠎ᠶᠢᠨ ᠦᠢᠯᠡᠰ᠎ᠦᠨ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌ ᠲᠥᠪ᠎ᠦᠨ ᠳᠡᠭᠡᠳᠦ ᠵᠡᠷᠭᠡ ᠶ᠋ᠢᠨ ᠲᠤᠰᠭᠠᠢ ᠮᠡᠷᠭᠡᠵᠢᠯᠲᠡᠨ᠂ ᠢᠯᠢ ᠪᠦᠯᠦᠭ᠌ᠯᠡᠯ᠎ᠦᠨ ᠪᠦᠬᠦ᠌ ᠪᠥᠮᠪᠥᠷᠴᠡᠭ᠎ᠦᠨ ᠱᠢᠨ᠎ᠡ᠎ᠶ᠋ᠢ ᠡᠭᠦᠳᠬᠦ᠌ ᠲᠥᠪ᠎ᠦᠨ ᠱᠢᠨᠵᠢᠯᠡᠬᠦ᠌ ᠤᠬᠠᠭᠠᠨ᠎ᠤ ᠰᠤᠳᠤᠯᠭᠠᠨ᠎ᠤ ᠶᠡᠷᠦᠩᠬᠡᠢ ᠪᠠᠢᠴᠠᠭᠠᠭ᠍ᠴᠢ ᠸᠠᠩ ᠼᠠᠢ ᠶᠦᠨ ᠰᠤᠷᠪᠤᠯᠵᠢᠯᠠᠭ᠎ᠠ ᠬᠦᠯᠢᠶᠡᠬᠦ᠌᠎ᠳᠡᠭᠡᠨ ᠶᠠᠷᠢᠵᠦ ᠪᠠᠢᠯ᠎ᠠ᠃ ᠲᠡᠭᠦᠨ᠎ᠦ ᠦᠵᠡᠬᠦ᠌᠎ᠪᠡᠷ᠂ ᠰᠦ ᠶᠢᠨ ᠦᠶ᠋ᠯᠡᠰ᠎ᠨᠢ ᠤᠯᠤᠰ᠎ᠤᠨ ᠪᠣᠳᠣᠯᠭ᠎ᠠ ᠠᠷᠠᠳ᠎ᠤᠨ ᠠᠮᠢᠳᠤᠷᠠᠯ᠎ᠲᠠᠶ ᠬᠣᠯᠪᠣᠭ᠍ᠳᠠᠨ᠎ᠠ᠂ ᠮᠠᠨ ᠤ ᠤᠯᠤᠰ᠎ᠤᠨ ᠰᠦ᠎ᠶᠢᠨ ᠦᠶ᠋ᠯᠡᠰ ᠮᠥᠨ ᠯᠡ ᠠᠵᠤ ᠦᠶ᠋ᠯᠡᠰ᠎ᠦᠨ ᠲᠠᠰ ᠳᠡᠪᠱᠢᠬᠦ᠌᠎ᠶ᠋ᠢ ᠲᠦᠷᠭᠡᠳᠭᠡᠬᠦ᠌᠂ ᠱᠢᠨ᠎ᠡ ᠬᠥᠳᠡᠯᠭᠡᠬᠦ᠌ ᠡᠨᠧᠷᠭᠢ᠎ᠶ᠋ᠢ ᠬᠥᠭ᠌ᠵᠢᠭᠡᠬᠦ᠌ ᠴᠢᠬᠤᠯᠠᠲᠠᠶ ᠪᠠᠢᠵᠤ᠂ ᠠᠵᠤ ᠦᠶ᠋ᠯᠡᠰ᠎ᠦᠨ ᠬᠡᠯᠬᠢᠶ᠎ᠡ᠎ᠶ᠋ᠢᠨ ᠵᠠᠩᠭᠢᠯᠠᠭ᠎ᠠ᠎ᠶ᠋ᠢᠨ ᠮᠡᠷᠭᠡᠵᠢᠯ᠎ᠦᠨ ᠪᠣᠭᠣᠮᠲᠠ ᠱᠢᠪᠲᠤᠯᠬᠤ ᠪᠠ ᠦᠷ᠎ᠡ ᠪᠦᠲᠦᠭᠡᠯ᠎ᠢ ᠤᠯᠠᠷᠢᠭᠤᠯᠬᠤ᠎ᠶ᠋ᠢ ᠴᠢᠩᠭᠠᠳᠭᠠᠵᠤ᠂ ᠣᠳᠣᠬᠢᠴᠢᠯᠠᠭ᠍ᠰᠠᠨ ᠠᠵᠤ ᠦᠶ᠋ᠯᠡᠰ᠎ᠦᠨ ᠱᠢᠰᠲ᠋ᠧᠮ᠎ᠢ ᠲᠦᠷᠭᠡᠳᠭᠡᠨ ᠪᠠᠢᠭᠤᠯᠵᠤ᠂ ᠰᠦ᠎ᠶᠢᠨ ᠦᠶ᠋ᠯᠡᠰ᠎ᠢ ᠳᠤᠮᠳᠠᠳᠤᠴᠤᠳ᠎ᠤᠨ ᠭᠠᠷ᠎ᠲᠤ ᠪᠠᠲᠤ ᠡᠵᠡᠮᠱᠢᠭᠦᠯᠬᠦ᠌ ᠴᠢᠬᠤᠯᠠᠲᠠᠶ ᠪᠠᠢᠨ᠎ᠠ ᠭᠡᠪᠡ᠃
ᠱᠢᠨ᠎ᠡ ᠠᠶᠠᠨ ᠵᠠᠮ ᠪᠣᠯ ᠢᠷᠠᠭᠤ ᠠᠯᠳᠠᠷ ᠪᠠ ᠬᠦᠰᠡᠯ ᠵᠡᠭᠦᠳᠦ᠍᠎ᠪᠡᠷ ᠪᠢᠯᠬᠠᠭ᠍ᠰᠠᠨ ᠠᠶᠠᠨ ᠵᠠᠮ ᠮᠥᠨ᠂ ᠲᠦᠳᠡ ᠵᠠᠮ ᠭᠡᠵᠦ ᠪᠠᠢᠬᠤ ᠦᠭᠡᠢ᠂ ᠵᠠᠪᠡᠯ ᠦᠨᠡᠨ ᠪᠣᠳᠠᠲᠠᠢ ᠠᠵᠢᠯᠯᠠᠬᠤ ᠬᠡᠷᠡᠭ᠌ᠲᠡᠢ᠃ ᠵᠠᠮ ᠬᠠᠷᠢᠯᠴᠠᠭ᠎ᠠ ᠲᠡᠭᠡᠭᠡᠪᠦᠷᠢ᠎ᠶ᠋ᠢᠨ ᠦᠶ᠋ᠯᠡᠰ᠎ᠲᠦ 30 ᠭᠠᠷᠤᠶ ᠵᠢᠯ ᠠᠵᠢᠯᠯᠠᠭ᠍ᠰᠠᠨ 《ᠵᠠᠮ ᠬᠠᠷᠢᠯᠴᠠᠭᠠᠨ᠎ᠤ ᠠᠬᠠᠮᠠᠳ ᠠᠵᠢᠯᠲᠠᠨ》 ᠪᠣᠯᠤᠭ᠍ᠰᠠᠨ᠎ᠤ ᠬᠤᠪᠢ᠎ᠳᠤ᠂ ᠪᠥᠬᠥ᠌ ᠤᠯᠤᠰ᠎ᠤᠨ ᠤᠯᠤᠰ ᠲᠥᠷᠥ᠎ᠶ᠋ᠢᠨ ᠵᠥᠪᠯᠡᠯᠭᠡᠨ᠎ᠦ ᠭᠡᠱᠢᠭᠦᠨ᠂ ᠥᠪᠡᠷᠲᠡᠭᠡᠨ ᠵᠠᠰᠠᠬᠤ ᠣᠷᠣᠨ᠎ᠤ ᠵᠠᠮ ᠬᠠᠷᠢᠯᠴᠠᠭ᠎ᠠ ᠲᠡᠭᠡᠭᠡᠪᠦᠷᠢ᠎ᠶ᠋ᠢᠨ ᠲᠢᠩᠬᠢᠮ᠎ᠦᠨ ᠨᠢᠭᠡᠳᠦᠭᠡᠷ ᠳᠡᠰ᠎ᠤᠨ ᠲᠣᠭᠣᠷᠢᠨ ᠪᠠᠢᠴᠠᠭᠠᠭ᠍ᠴᠢ ᠯᠢ ᠰᠢ ᠵᠠᠮ ᠬᠠᠷᠢᠯᠴᠠᠭ᠎ᠠ ᠲᠡᠭᠡᠭᠡᠪᠦᠷᠢ᠎ᠶ᠋ᠢᠨ ᠬᠦᠷᠢᠶᠡᠨ᠎ᠦ ᠴᠢᠨᠠᠷ ᠰᠠᠢᠲᠠᠶ ᠬᠥᠭ᠌ᠵᠢᠯᠲᠡ᠎ᠶ᠋ᠢᠨ ᠠᠰᠠᠭᠤᠳᠠᠯ᠎ᠢ ᠦᠷᠭᠦᠯᠵᠢᠯᠡᠨ ᠠᠩᠬᠠᠷᠴᠤ᠌ ᠪᠠᠢᠯ᠎ᠠ᠃ 《ᠪᠢ ᠲᠣᠰ ᠪᠡᠶ᠎ᠡ᠎ᠶ᠋ᠢᠨ ᠳᠠᠪᠠᠭᠤᠯᠢᠭ᠎ᠢᠶᠠᠨ ᠪᠠᠳᠠᠷᠠᠭᠤᠯᠵᠤ ᠂ ᠲᠤᠰᠭᠠᠶ ᠮᠡᠷᠭᠡᠵᠢᠯ᠎ᠦᠨ ᠬᠦᠴᠦᠨ ᠴᠢᠳᠠᠯ᠎ᠢᠶᠠᠨ ᠡᠷᠭᠦᠵᠦ᠍᠂ ᠤᠯᠤᠰ ᠲᠥᠷᠥ᠎ᠶ᠋ᠢᠨ ᠵᠥᠪᠯᠡᠯᠭᠡᠨ᠎ᠦ ᠭᠡᠱᠢᠭᠦᠨ᠎ᠤ ᠡᠭᠦᠷᠭᠡ ᠬᠠᠷᠢᠭᠤᠴᠠᠯᠭ᠎ᠠ᠎ᠪᠠᠨ ᠭᠦᠶ᠋ᠴᠡᠳᠭᠡᠵᠦ᠍᠂ ᠰᠠᠨᠠᠯ ᠲᠤᠷᠠᠳᠤᠯᠭ᠎ᠠ ᠵᠢᠨ ᠦᠶ᠋ᠯᠡᠳᠦᠯ᠎ᠢ ᠰᠠᠢᠲᠤᠷ ᠪᠠᠳᠠᠷᠠᠭᠤᠯᠵᠤ᠂ ᠠᠵᠤ ᠠᠬᠤᠶ ᠨᠡᠢᠭᠡᠮ᠎ᠦᠨ ᠴᠢᠨᠠᠷ ᠰᠠᠢᠲᠠᠶ ᠬᠥᠭ᠌ᠵᠢᠯᠲᠡ᠎ᠳᠦ ᠠᠷᠭ᠎ᠠ ᠤᠬᠠᠭᠠᠨ ᠭᠠᠷᠭᠠᠨ᠎ᠠ 》 ᠭᠡᠵᠦ᠍ ᠯᠢ ᠰᠢ ᠬᠡᠯᠡᠪᠡ᠃
ᠪᠣᠳᠠᠲᠠᠢ᠎ᠶ᠋ᠢ ᠡᠷᠬᠢᠮᠯᠡᠨ ᠬᠠᠷᠢᠭᠤᠴᠠᠯᠭ᠎ᠠ ᠡᠭᠦᠷᠭᠡᠯᠡᠵᠦ᠍ 《ᠨᠠᠷᠠᠨ ᠰᠠᠷᠠᠨ᠎ᠢ ᠵᠠᠬᠢᠷᠴᠤ ᠰᠢᠨ᠎ᠡ ᠶᠢᠷᠳᠢᠨᠴᠦ ᠵᠢ ᠴᠤᠭᠴᠠᠯᠠᠬᠤ》 ᠴᠤᠭ ᠪᠠᠳᠠᠷᠠᠩᠭᠤᠢ ᠲᠡᠮᠡᠴᠡᠯ᠎ᠦᠨ ᠵᠣᠷᠢᠭ᠎ᠢ ᠡᠷᠴᠢᠯᠠᠨᠠ
ᠱᠢᠨ᠎ᠡ ᠠᠶᠠᠨ ᠳ᠋ᠤ ᠡᠷᠡᠮᠡᠭᠡᠢᠯᠡᠨ ᠭᠠᠪᠱᠢᠭᠠᠢᠯᠠᠬᠤ ᠵᠣᠷᠢᠭ ᠰᠠᠨᠠᠭ᠎ᠠ᠎ᠪᠠᠨ ᠦᠷᠭᠦᠯᠵᠢᠯᠡᠨ ᠪᠠᠳᠠᠷᠠᠭᠤᠯᠵᠤ᠂ ᠡᠷᠡᠮᠡᠭᠡᠢᠯᠡᠨ ᠭᠠᠪᠱᠢᠭᠠᠢᠯᠠᠬᠤ ᠣᠮᠣᠭ ᠵᠣᠷᠢᠭ᠎ᠢᠶᠠᠨ ᠪᠠᠲᠤᠯᠠᠵᠤ᠂ ᠤᠮᠠᠷᠠᠲᠤ ᠬᠢᠯᠢ᠎ᠶ᠋ᠢᠨ ᠬᠥᠪᠡᠭᠦᠳ ᠥᠬᠢᠳ ᠬᠥᠭ᠌ᠵᠢᠯᠲᠡ᠎ᠶ᠋ᠢ ᠠᠬᠢᠭᠤᠯᠬᠤ ᠳᠤᠮᠳᠠ ᠰᠠᠨᠠᠭᠠᠴᠢᠯᠠᠭᠠᠳᠤ ᠡᠷᠭᠡ᠎ᠶ᠋ᠢ ᠡᠵᠡᠮᠱᠢᠵᠦ᠍᠂ ᠰᠠᠨᠠᠭᠠᠴᠢᠯᠠᠭᠠᠳᠤ ᠳᠠᠢᠯᠠᠯᠳᠤᠭᠠᠨ᠎ᠢ ᠰᠠᠢᠲᠤᠷ ᠬᠢᠨ᠎ᠠ᠃
ᠲᠠᠷᠢᠶᠠᠯᠠᠩ᠎ᠤᠨ ᠮᠠᠱᠢᠨ᠎ᠢ ᠰᠡᠯᠪᠢᠨ ᠵᠠᠰᠠᠵᠤ᠂ ᠴᠢᠬᠢ ᠮᠣᠳᠣ ᠪᠣᠢᠵᠢᠭᠤᠯᠤᠨ ᠲᠠᠷᠢᠶᠠᠨ ᠭᠠᠵᠠᠷ ᠢ ᠲᠡᠭ᠌ᠰᠢᠯᠡᠨᠠ ᠁ ᠬᠢᠩᠭᠠᠨ ᠠᠢᠮᠠᠭ᠎ᠤᠨ ᠵᠠᠯᠠᠢᠳ ᠬᠣᠱᠢᠭᠤᠨ᠎ᠤ ᠬᠣᠯᠪᠣᠭ᠎ᠠ ᠪᠠᠯᠭᠠᠰᠤᠨ᠎ᠤ ᠬᠠᠪᠤᠷ᠎ᠤᠨ ᠪᠡᠯᠡᠳᠭᠡᠯ ᠠᠵᠢᠯ ᠶᠠᠭᠠᠷᠠᠯᠲᠠᠢ ᠶᠠᠪᠤᠭᠳᠠᠨ᠎ᠠ᠃ ᠪᠥᠬᠥ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠥᠯᠥᠭᠡᠯᠡᠭ᠌ᠴᠢ᠂ ᠬᠣᠯᠪᠣᠭ᠎ᠠ ᠪᠠᠯᠭᠠᠰᠤᠨ᠎ᠤ ᠡᠸ᠋ ᠳ᠋ᠤᠤ ᠾᠧ ᠽᠢ ᠲᠠᠷᠢᠶᠠᠯᠠᠩ ᠮᠠᠯ ᠠᠵᠤ ᠠᠬᠤᠶ᠎ᠶ᠋ᠢᠨ ᠲᠤᠰᠭᠠᠶ ᠬᠣᠷᠱᠢᠶ᠎ᠠ᠎ᠶ᠋ᠢᠨ ᠬᠡᠷᠡᠭ ᠡᠷᠬᠢᠯᠡᠭ᠌ᠴᠢᠳ᠎ᠦᠨ ᠳᠠᠷᠤᠭ᠎ᠠ ᠳ᠋ᠦ᠋ ᠭᠠᠩ ᠄ 《 ᠶᠡᠬᠡ ᠰᠤᠷᠭᠠᠭᠤᠯᠢ ᠪᠠᠨ ᠲᠡᠭᠦᠰᠭᠡᠭᠰᠡᠨ᠎ᠤ ᠳᠠᠷᠠᠭ᠎ᠠ ᠪᠢ ᠨᠤᠲᠤᠭ᠎ᠲᠠᠭᠠᠨ ᠪᠤᠴᠠᠵᠦ᠂ ᠱᠢᠨ᠎ᠡ ᠴᠠᠭ ᠦᠶ᠎ᠡ᠎ᠶ᠋ᠢᠨ 〈ᠲᠤᠬᠠᠢᠯᠠᠭ᠍ᠰᠠᠨ ᠠᠵᠢᠯᠮᠡᠷᠭᠡᠵᠢᠯ᠎ᠤᠨ ᠲᠠᠷᠢᠶᠠᠴᠢᠨ〉 ᠪᠤᠯᠵᠤ᠂ ᠱᠢᠨᠵᠢᠯᠡᠬᠦ᠌ ᠤᠬᠠᠭᠠᠨᠴᠢ᠎ᠪᠠᠷ ᠲᠠᠷᠢᠶ᠎ᠠ ᠲᠠᠷᠢᠬᠤ ᠪᠡᠷ ᠲᠤᠬᠠᠢᠯᠠᠭ᠍ᠰᠠᠨ ᠠᠵᠢᠯ᠎ᠤᠨ ᠡᠷᠢᠯ ᠬᠥᠭᠡᠭᠡᠴᠡᠯᠳᠦᠯ ᠪᠣᠯᠭᠠᠪᠠ᠃ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠥᠯᠥᠭᠡᠯᠡᠭ᠌ᠴᠢ ᠪᠣᠯᠤᠭ᠍ᠰᠠᠨ᠎ᠤ ᠬᠤᠪᠢ᠎ᠳᠤ᠂ ᠪᠢ ᠡᠭᠦᠷᠭᠡ ᠬᠠᠷᠢᠭᠤᠴᠠᠯᠭ᠎ᠠ᠎ᠪᠠᠨ ᠰᠠᠢᠲᠤᠷ ᠭᠦᠢᠴᠡᠳᠭᠡᠵᠦ᠍᠂ ᠠᠷᠠᠳ᠎ᠤᠨ ᠪᠠᠢᠳᠠᠯ᠎ᠢ ᠬᠠᠯᠠᠮᠵᠢᠯᠠᠬᠤ᠂ ᠠᠷᠠᠳ᠎ᠤᠨ ᠰᠠᠨᠠᠭ᠎ᠠ᠎ᠶ᠋ᠢ ᠰᠣᠨᠣᠰᠭᠤ᠂ ᠠᠷᠠᠳ᠎ᠤᠨ ᠰᠠᠨᠠᠭ᠎ᠠ᠎ᠶ᠋ᠢ ᠲᠤᠰᠭᠠᠬᠤ᠎ᠪᠠᠷ ᠠᠵᠢᠯ᠎ᠤᠨ ᠴᠢᠭ᠌ᠯᠡᠯ᠎ᠢᠶᠡᠨ ᠪᠣᠯᠭᠠᠨ᠎ᠠ》 ᠭᠡᠵᠦ ᠢᠲᠡᠭᠡᠯ ᠳᠦᠭᠦᠷᠡᠩ ᠶᠠᠷᠢᠪᠠ᠃
《ᠵᠠᠰᠠᠭ᠎ᠤᠨ ᠣᠷᠳᠣᠨ᠎ᠤ ᠠᠵᠢᠯ᠎ᠤᠨ ᠢᠯᠡᠳᠭᠡᠯᠳ᠋ᠡᠬᠢ ᠠᠵᠢᠯ ᠨᠢᠭᠡ ᠪᠦᠷᠢ ᠨᠢ ᠴᠥᠮ ᠦᠨᠡᠨ ᠪᠤᠳᠠᠳᠠᠢ᠎ᠶ᠋ᠢ ᠡᠷᠬᠢᠮᠯᠡᠵᠦ᠍᠂ ᠠᠮᠵᠢᠯᠲᠠ ᠨᠢᠭᠡ ᠪᠦᠷᠢ ᠨᠢ ᠴᠥᠮ ᠪᠢᠳᠡᠨ᠎ᠦ ᠢᠲᠡᠭᠡᠯ ᠵᠣᠷᠢᠭ᠎ᠢ ᠬᠥᠪᠴᠢᠯᠡᠭ᠌ᠰᠡᠨ ᠪᠠᠢᠨ᠎ᠠ》᠃ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠥᠯᠥᠭᠡᠯᠡᠭ᠌ᠴᠢ᠂ ᠤᠯᠠᠭᠠᠨᠬᠠᠳᠠ ᠬᠤᠳᠠ᠎ᠶ᠋ᠢᠨ ᠰᠦᠩᠱᠠᠨ ᠲᠣᠭᠣᠷᠢᠭ᠎ᠤᠨ ᠶᠡᠭᠡ ᠰᠦᠮ᠎ᠡ ᠪᠠᠯᠭᠠᠰᠤᠨ᠎ᠤ ᠱᠢᠶᠤᠤ ᠮᠢᠶᠣᠣ ᠽᠢ ᠲᠣᠰᠭᠣᠨ᠎ᠤ ᠨᠠᠮ᠎ᠤᠨ ᠶᠡᠷᠦᠩᠬᠡᠢ ᠡᠭᠦᠷ᠎ᠦᠨ ᠱᠦᠵᠢ ᠵᠤᠤ ᠬᠤᠢ ᠵᠢᠶ᠍ᠸ᠄ 《ᠮᠠᠨ᠎ᠤ ᠬᠠᠷᠠᠯᠲᠠ ᠮᠠᠰᠢ ᠠᠤᠭ᠎ᠠ ᠶᠡᠬᠡ᠂ ᠪᠠᠰᠠ ᠮᠠᠰᠢ ᠪᠣᠷᠣᠭ᠍ᠵᠢᠭᠤᠨ᠂ ᠡᠴᠦᠰ᠎ᠦᠨ ᠡᠴᠦᠰ᠎ᠲᠡᠬᠡᠨ ᠠᠷᠠᠳ ᠤᠯᠠᠨ᠎ᠢ ᠨᠡᠩ ᠰᠠᠢ᠌ᠨ ᠰᠠᠢᠬᠠᠨ ᠠᠮᠢᠳᠤᠷᠠᠭᠤᠯᠬᠤ ᠶ᠋ᠢᠨ ᠲᠥᠯᠥᠭᠡ ᠶᠤᠮ᠂ 〈 ᠨᠠᠮ᠎ᠤᠨ ᠵᠣᠬᠢᠶᠠᠨ ᠪᠠᠢᠭᠤᠯᠤᠯᠲᠠ + ᠬᠤᠷᠱᠢᠶ᠎ᠠ + ᠨᠠᠮ᠎ᠤᠨ ᠭᠡᠱᠢᠭᠦᠨ + ᠲᠠᠷᠢᠶᠠᠴᠢᠨ ᠡᠷᠦᠬᠡ〉 ᠨᠠᠮ᠎ᠤᠨ ᠪᠠᠢᠭᠤᠯᠤᠯᠲᠠ᠎ᠪᠠᠷ ᠠᠵᠤ ᠦᠢᠯᠡᠰ᠎ᠦᠨ ᠬᠥᠭ᠌ᠵᠢᠯᠲᠡ᠎ᠶ᠋ᠢ ᠬᠦᠳᠦᠯᠦᠨ ᠳᠠᠭᠠᠭᠤᠯᠬᠤ ᠵᠠᠭ᠍ᠪᠤᠷ ᠨᠢ ᠨᠤᠲᠤᠭ᠎ᠤᠨ ᠠᠬ᠎ᠠ ᠳᠡᠭᠦᠦ᠍᠎ᠨᠡᠷ᠎ᠦᠨ ᠠᠵᠤ ᠦᠢᠯᠡᠰ᠎ᠢᠶᠡᠷ ᠪᠠᠶᠠᠵᠢᠬᠤ ᠬᠦᠰᠡᠯ ᠵᠡᠭᠦᠳᠦ᠍᠎ᠶ᠋ᠢ ᠲᠡᠷᠭᠡᠯᠱᠢᠭᠦᠯᠪᠡ᠂ ᠨᠢᠳᠤᠨᠤᠨ ᠱᠢᠶᠤᠤ ᠮᠢᠶᠣᠣ ᠽᠢ ᠲᠣᠰᠭᠣᠨ᠎ᠤ ᠬᠥᠮᠦᠨ ᠳᠤᠮᠳᠠᠴᠢ᠎ᠶ᠋ᠢᠨ ᠵᠢᠯ᠎ᠦᠨ ᠣᠷᠣᠯᠭ᠎ᠠ 2 ᠲᠦᠮᠡᠨ ᠲᠥᠭᠥᠷᠢᠭ᠎ᠢ ᠳᠠᠪᠠᠵᠠᠢ》 ᠭᠡᠵᠦ᠍ ᠰᠡᠳᠭᠢᠯ ᠳᠣᠭ᠍ᠳᠣᠯᠤᠨ ᠬᠡᠯᠡᠪᠡ᠃
《ᠬᠤᠷᠳᠤᠨ ᠮᠤᠷᠢᠨ ᠳ᠋ᠤ ᠲᠠᠰᠢᠭᠤᠷ ᠲᠡᠯᠪᠢᠵᠤ》᠂ ᠥᠪᠥᠷ ᠮᠣᠩᠭᠣᠯ᠎ᠤᠨ ᠺᠠᠳ᠋ᠷᠴᠤᠳ ᠵᠣᠷᠢᠭ᠍ᠲᠠᠢ᠎ᠪᠠᠷ ᠵᠢᠳᠬᠦᠯ ᠴᠢᠷᠮᠠᠢᠯᠭ᠎ᠠ ᠭᠠᠷᠭᠠᠵᠤ᠂ ᠵᠣᠷᠢᠭ᠍ᠲᠠᠢ᠎ᠪᠠᠷ ᠬᠠᠷᠢᠭᠤᠴᠠᠯᠭ᠎ᠠ ᠡᠭᠦᠷᠭᠡᠯᠡᠨ᠎ᠡ᠃ ᠪᠦᠬᠦ᠌ ᠤᠯᠤᠰ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠦ ᠭᠡᠱᠢᠭᠦᠨ᠂ ᠳᠤᠮᠳᠠᠳᠤ ᠤᠯᠤᠰ᠎ᠤᠨ ᠠᠷᠠᠳᠴᠢᠯᠠᠭ᠍ᠰᠠᠨ ᠬᠣᠯᠪᠣᠭ᠎ᠠ᠎ᠶ᠋ᠢᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠣᠷᠢᠢ᠎ᠠ᠎ᠶ᠋ᠢᠨ ᠡᠷᠬᠢᠯᠡᠭ᠌ᠴᠢ ᠭᠡᠱᠢᠭᠦᠨ᠂ ᠥᠪᠡᠷᠲᠡᠭᠡᠨ ᠵᠠᠰᠠᠬᠤ ᠣᠷᠣᠨ᠎ᠤ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠨᠡᠢᠭᠡᠮᠯᠢᠭ᠎ᠦᠨ ᠲᠡᠷᠢᠭᠦᠯᠡᠭ᠌ᠴᠢ ᠵᠤᠤ ᠵᠶ᠋ᠢ᠂ ᠱᠢᠨ᠎ᠡ ᠨᠢᠭᠡ ᠵᠢᠯ᠎ᠳᠦ᠂ ᠥᠷᠯᠥᠭᠡ ᠦᠳᠡᠰᠢ᠎ᠶ᠋ᠢ ᠲᠡᠮᠡᠴᠡᠬᠦ᠌ ᠵᠣᠷᠢᠭ ᠰᠠᠨᠠᠭ᠎ᠠ᠎ᠪᠠᠷ᠂ ᠠᠷᠭ᠎ᠠ ᠤᠬᠠᠭᠠᠨ ᠭᠠᠷᠭᠠᠨ ᠵᠠᠰᠠᠭ᠎ᠲᠤ ᠲᠤᠰᠠᠯᠠᠬᠤ ᠪᠠ ᠬᠠᠮᠲᠤ᠎ᠶ᠋ᠢᠨ ᠲᠠᠨᠢᠯᠲᠠ᠎ᠶ᠋ᠢ ᠨᠢᠭ᠍ᠲᠠᠷᠠᠭᠤᠯᠬᠤ ᠲᠠᠯ᠎ᠠ᠎ᠪᠠᠷ ᠬᠣᠣᠰ ᠴᠢᠭ᠌ᠯᠡᠯ᠎ᠢᠶᠡᠷ ᠬᠦᠴᠦᠯᠡᠨ᠎ᠡ᠃ ᠨᠠᠮ ᠪᠣᠯᠤᠨ ᠤᠯᠤᠰ᠎ᠤᠨ ᠠᠵᠢᠯ᠎ᠤᠨ ᠶᠡᠬᠡ ᠲᠠᠯ᠎ᠠ᠎ᠶ᠋ᠢ ᠴᠢᠩᠭ᠎ᠠ ᠡᠵᠡᠮᠳᠡᠵᠦ᠍᠂ ᠥᠪᠡᠷᠲᠡᠭᠡᠨ ᠵᠠᠰᠠᠬᠤ ᠣᠷᠣᠨ᠎ᠤ ᠬᠣᠶᠠᠷ ᠶᠡᠬᠡ ᠶᠠᠪᠤᠳᠠᠯ᠎ᠢ ᠰᠠᠢᠲᠤᠷ ᠬᠢᠬᠦ᠌᠎ᠳᠦ ᠠᠩᠬᠠᠷᠤᠯ᠎ᠢᠶᠠᠨ ᠲᠥᠪᠯᠡᠷᠡᠭᠦᠯᠵᠦ᠍᠂ 《ᠭᠡᠱᠢᠭᠦᠳ᠎ᠦᠨ ᠵᠢᠳᠬᠦᠯ ᠴᠢᠷᠮᠠᠢᠯᠭ᠎ᠠ》 ᠪᠡᠷ 《ᠤᠯᠤᠰ ᠲᠦᠷᠦ᠍᠎ᠶ᠋ᠢᠨ ᠵᠥᠪᠯᠡᠯᠭᠡᠨ᠎ᠦ ᠴᠢᠳᠠᠪᠬᠢ》 ᠪᠡᠨ ᠪᠠᠳᠠᠷᠠᠭᠤᠯᠵᠦ᠂ 《ᠤᠯᠤᠰ ᠲᠦᠷᠦ᠍᠎ᠶ᠋ᠢᠨ ᠵᠥᠪᠯᠡᠯᠭᠡᠨ᠎ᠦ ᠴᠢᠳᠠᠪᠬᠢ》 ᠪᠡᠷ 《ᠳᠤᠮᠳᠠᠳᠤ ᠤᠯᠤᠰ᠎ᠤᠨ ᠬᠦᠴᠦᠷᠭᠡᠭᠵᠢᠯ 》 ᠳ᠋ᠤ ᠦᠢᠯᠡᠴᠢᠯᠡᠨ᠎ᠡ ᠬᠡᠪᠡ᠃
ᠱᠢᠨ᠎ᠡ ᠠᠶᠠᠨ ᠵᠠᠮ ᠳ᠋ᠤ᠂ ᠥᠪᠥᠷ ᠮᠣᠩᠭᠣᠯ᠎ᠤᠨ ᠢᠷᠡᠭᠡᠳᠦᠢ ᠭᠡᠭᠡᠨ ᠰᠠᠷᠠᠭᠤᠯ᠃ ᠤᠮᠠᠷᠠᠲᠤ ᠬᠢᠯᠢ᠎ᠶ᠋ᠢᠨ ᠬᠥᠪᠡᠭᠦᠳ ᠥᠬᠢᠳ ᠪᠦᠯᠬᠦᠮᠳᠡᠨ ᠨᠢᠭᠡᠳᠴᠦ᠍᠂ ᠡᠷᠡᠮᠡᠬᠡᠢᠯᠡᠨ ᠤᠷᠤᠭ᠍ᠰᠢᠯᠠᠵᠤ᠂ ᠳᠡᠯᠡᠬᠡᠢ ᠳ᠋ᠠᠬᠢᠨ᠎ᠤ ᠠᠩᠬᠠᠷᠤᠯ᠎ᠢ ᠲᠠᠲᠠᠭ᠍ᠰᠠᠨ ᠱᠢᠨ᠎ᠡ ᠭᠠᠢᠬᠠᠮᠱᠢᠭ᠎ᠢ ᠦᠷᠭᠦᠯᠵᠢᠯᠡᠨ ᠡᠭᠦᠳᠬᠦ᠌ ᠨᠢ ᠯᠠᠪᠲᠠᠢ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠰᠠᠢᠨ᠎ᠠ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃