2024-03-11 16:38:59
(2024 ᠣᠨ᠎ᠤ 3 ᠰᠠᠷ᠎ᠠ᠎ᠶ᠋ᠢᠨ10᠎ᠤ᠋ ᠡᠳᠦᠷ ᠤᠯᠤᠰ ᠲᠥᠷᠥ᠎ᠶ᠋ᠢᠨ ᠵᠥᠪᠯᠡᠯᠭᠡᠨ᠎ᠦ ᠠᠷᠪᠠᠨ ᠳᠥᠷᠪᠡᠳᠦᠭᠡᠷ ᠬᠤᠭᠤᠴᠠᠭᠠᠨ ᠤ ᠪᠥᠬᠥ᠌ ᠤᠯᠤᠰ ᠤᠨ ᠬᠣᠷᠢᠶ᠎ᠠ ᠵᠢᠨ ᠬᠣᠶᠠᠳᠤᠭᠠᠷ ᠬᠤᠷᠠᠯ ᠡᠴᠡ ᠪᠠᠲᠤᠯᠠᠪᠠ)
ᠪᠦᠬᠦ᠌ ᠤᠯᠤᠰ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠦ ᠠᠷᠪᠠᠨ ᠳᠥᠷᠪᠡᠳᠦᠭᠡᠷ ᠬᠤᠭᠤᠴᠠᠭᠠᠨ᠎ᠤ ᠬᠣᠷᠢᠶ᠎ᠠ ᠵᠢᠨ ᠬᠣᠶᠠᠳᠤᠭᠠᠷ ᠬᠤᠷᠠᠯ᠎ᠤᠨ ᠬᠤᠭᠤᠴᠠᠭᠠᠨ᠎ᠳᠤ᠂ ᠥᠷᠭᠡᠨ ᠤᠯᠠᠨ ᠤᠯᠤᠰ ᠲᠦᠷᠦ᠍᠎ᠶ᠋ᠢᠨ ᠵᠥᠪᠯᠡᠯᠭᠡᠨ᠎ᠦ ᠭᠡᠱᠢᠭᠦᠨ᠂ ᠤᠯᠤᠰ ᠲᠦᠷᠦ᠍᠎ᠶ᠋ᠢᠨ ᠵᠥᠪᠯᠡᠯᠭᠡᠨ᠎ᠦ ᠡᠯ᠎ᠡ ᠣᠷᠣᠯᠴᠠᠭ᠍ᠴᠢ ᠨᠢᠭᠡᠴᠢ ᠰᠢ ᠵᠢᠨ ᠫᠢᠩ᠎ᠦᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠲᠠᠶ ᠨᠡᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠤᠭᠤᠳᠤᠯᠭ᠎ᠠ ᠪᠣᠯᠭᠠᠵᠤ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠬᠣᠷᠢᠳᠤᠭᠠᠷ ᠶᠡᠬᠡ ᠬᠤᠷᠠᠯ ᠪᠣᠯᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶ᠎ᠠ ᠵᠢᠨ ᠬᠣᠶᠠᠳᠤᠭᠠᠷ ᠪᠦᠬᠦᠳᠠ ᠬᠤᠷᠠᠯ᠎ᠤᠨ ᠵᠣᠷᠢᠭ ᠰᠠᠨᠠᠭ᠎ᠠ᠎ᠶ᠋ᠢ ᠪᠦᠬᠦ᠌ ᠲᠠᠯ᠎ᠠ᠎ᠪᠠᠷ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ ᠰᠠᠨᠠᠯ ᠳᠤᠷᠠᠳᠤᠯᠭ᠎ᠠ᠎ᠪᠠᠷ ᠳᠠᠮᠵᠢᠨ ᠢᠳᠡᠪᠬᠢᠲᠡᠢ ᠰᠠᠨᠠᠯ ᠰᠠᠨᠠᠭᠤᠯᠭ᠎ᠠ ᠳᠤᠷᠠᠳᠴᠤ᠌᠂ ᠥᠨᠳᠥᠷ ᠲᠦᠪᠱᠢᠨ᠎ᠪᠦᠬᠦᠢ ᠲᠤᠱᠢᠶᠠᠯ ᠬᠠᠷᠢᠭᠤᠴᠠᠯᠭ᠎ᠠ᠎ᠪᠠᠨ ᠭᠦᠢᠴᠡᠳᠭᠡᠭ᠌ᠰᠡᠨ ᠪᠣᠳᠠᠲᠤ ᠠᠵᠢᠯᠯᠠᠭ᠎ᠠ᠎ᠪᠠᠷ᠎ᠢᠶᠠᠨ ᠪᠦᠬᠦᠳᠠ ᠨᠠᠢᠷᠠᠮᠳᠠᠬᠤ ᠳᠤᠮᠳᠠᠳᠤ ᠠᠷᠠᠳ ᠤᠯᠤᠰ ᠪᠠᠢᠭᠤᠯᠤᠭ᠍ᠳᠠᠭ᠍ᠰᠠᠨ 75 ᠵᠢᠯ᠎ᠦᠨ ᠤᠢ ᠪᠣᠯᠤᠨ ᠠᠷᠠᠳ᠎ᠤᠨ ᠤᠯᠤᠰ ᠲᠦᠷᠦ᠍᠎ᠶ᠋ᠢᠨ ᠵᠥᠪᠯᠡᠯᠭᠡᠨ ᠪᠠᠢᠭᠤᠯᠤᠭ᠍ᠳᠠᠭ᠍ᠰᠠᠨ 75 ᠵᠢᠯ᠎ᠦᠨ ᠤᠢ᠎ᠶ᠋ᠢ ᠤᠭ᠍ᠲᠤᠪᠠ᠃
3 ᠰᠠᠷ᠎ᠠ᠎ᠶ᠋ᠢᠨ 5 ᠤ᠋ ᠡᠳᠦᠷ᠎ᠦᠨ 20 ᠴᠠᠭ ᠪᠣᠯᠲᠠᠯ᠎ᠠ ᠨᠡᠢᠲᠡ 5898 ᠬᠤᠪᠢ ᠰᠠᠨᠠᠯ ᠲᠤᠷᠠᠳᠤᠯᠭ᠎ᠠ᠎ᠶ᠋ᠢ ᠬᠦᠯᠢᠶᠡᠨ ᠠᠪᠴᠠᠶ᠃ 《ᠳᠤᠮᠳᠠᠳᠤ ᠤᠯᠤᠰ᠎ᠤᠨ ᠠᠷᠠᠳ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠦ ᠪᠦᠬᠦ᠌ ᠤᠯᠤᠰ᠎ᠤᠨ ᠬᠣᠷᠢᠶ᠎ᠠ ᠵᠢᠨ ᠰᠠᠨᠠᠯ ᠲᠤᠷᠠᠳᠤᠯᠭ᠎ᠠ᠎ᠶ᠋ᠢᠨ ᠠᠵᠢᠯ᠎ᠤᠨ ᠲᠦᠷᠢᠮ》ᠪᠠ ᠰᠠᠨᠠᠯ ᠲᠤᠷᠠᠳᠤᠯᠭ᠎ᠠ᠎ᠶ᠋ᠢ ᠬᠢᠨᠠᠨ ᠪᠠᠢᠴᠠᠭᠠᠬᠤ ᠠᠵᠢᠯ᠎ᠤᠨ ᠨᠠᠷᠢᠨ ᠲᠦᠷᠢᠮ᠎ᠢ ᠦᠨᠳᠦᠰᠦᠯᠡᠨ᠂ ᠬᠢᠨᠠᠨ ᠪᠠᠢᠴᠠᠭᠠᠭᠠᠳ 5006 ᠬᠤᠪᠢ ᠰᠠᠨᠠᠯ ᠲᠤᠷᠠᠳᠤᠯᠭ᠎ᠠ᠎ᠶ᠋ᠢ ᠲᠠᠨᠭᠰᠠᠯᠠᠵᠤ᠂ 160 ᠬᠤᠪᠢ ᠰᠠᠨᠠᠯ ᠲᠤᠷᠠᠳᠤᠯᠭ᠎ᠠ᠎ᠶ᠋ᠢ ᠨᠡᠢᠯᠡᠭᠦᠯᠵᠦ᠂ 732 ᠬᠤᠪᠢ ᠵᠢ ᠰᠠᠨᠠᠯ ᠪᠠ ᠰᠠᠨᠠᠭᠤᠯᠭ᠎ᠠ ᠪᠣᠯᠭᠠᠨ ᠬᠤᠪᠢᠷᠠᠭᠤᠯᠪᠠ᠃
ᠳᠠᠩᠰᠠᠯᠠᠭ᠍ᠰᠠᠨ ᠰᠠᠨᠠᠯ ᠳᠤᠷᠠᠳᠤᠯᠭ᠎ᠠ᠎ᠳᠤ᠂ ᠭᠡᠱᠢᠭᠦᠳ᠎ᠦᠨ ᠰᠠᠨᠠᠯ ᠳᠤᠷᠠᠳᠤᠯᠭ᠎ᠠ 4534 ᠬᠤᠪᠢ ᠪᠠᠢᠵᠤ᠂ 90.6% ᠵᠢ ᠡᠵᠡᠯᠡᠪᠡ; ᠡᠯ᠎ᠡ ᠠᠷᠠᠳᠴᠢᠯᠠᠭ᠍ᠰᠠᠨ ᠨᠠᠮ ᠪᠦᠯᠦᠭ᠂ ᠠᠷᠠᠳ᠎ᠤᠨ ᠪᠦᠯᠬᠦᠮ ᠪᠠ ᠡᠲᠡᠭᠡᠳ ᠢᠯᠭᠠᠯ᠂ ᠭᠡᠱᠢᠭᠦᠳ᠎ᠦᠨ ᠳᠤᠭᠤᠢᠯᠠᠩ ᠵᠡᠷᠭᠡ᠎ᠶ᠋ᠢᠨ ᠰᠠᠨᠠᠯ ᠲᠤᠷᠠᠳᠤᠯᠭ᠎ᠠ 472 ᠬᠤᠪᠢ ᠪᠠᠢᠵᠤ᠂ 9.4% ᠵᠢ ᠡᠵᠡᠯᠡᠪᠡ᠃ ᠡᠭᠦᠨ᠎ᠦ ᠳᠣᠲᠣᠷ᠎ᠠ᠂ ᠠᠵᠤ ᠠᠬᠤᠢ᠎ᠶ᠋ᠢᠨ ᠪᠦᠳ᠋ᠦᠭᠡᠨ ᠪᠠᠢᠭᠤᠯᠤᠯᠲᠠ᠎ᠶ᠋ᠢᠨ ᠲᠠᠯ᠎ᠠ᠎ᠪᠠᠷ ᠬᠢ ᠰᠠᠨᠠᠯ ᠲᠤᠷᠠᠳᠤᠯᠭ᠎ᠠ 1985 ᠬᠤᠪᠢ ᠪᠠᠢᠵᠤ᠂ 39.7% ᠵᠢ ᠡᠵᠡᠯᠡᠪᠡ; ᠤᠯᠤᠰ ᠲᠦᠷᠦ᠍᠎ᠶ᠋ᠢᠨ ᠪᠠᠢᠭᠤᠯᠤᠯᠲᠠ᠎ᠶ᠋ᠢᠨ ᠲᠠᠯ᠎ᠠ᠎ᠪᠠᠷ ᠬᠢ ᠰᠠᠨᠠᠯ ᠳᠤᠷᠠᠳᠤᠯᠭ᠎ᠠ 465 ᠬᠤᠪᠢ ᠪᠠᠢᠵᠤ᠂ 9.3% ᠶ᠋ᠢ ᠡᠵᠡᠯᠡᠪᠡ; ᠰᠣᠶᠣᠯ᠎ᠤᠨ ᠪᠠᠢᠭᠤᠯᠤᠯᠲᠠ᠎ᠶ᠋ᠢᠨ ᠲᠠᠯ᠎ᠠ᠎ᠪᠠᠷ ᠬᠢ ᠰᠠᠨᠠᠯ ᠳᠤᠷᠠᠳᠤᠯᠭ᠎ᠠ 457 ᠬᠤᠪᠢ ᠪᠠᠢᠵᠤ᠂ 9.1% ᠶ᠋ᠢ ᠡᠵᠡᠯᠡᠪᠡ; ᠨᠡᠢᠭᠡᠮ᠎ᠦᠨ ᠪᠠᠢᠭᠤᠯᠤᠯᠲᠠ᠎ᠶ᠋ᠢᠨ ᠲᠠᠯ᠎ᠠ᠎ᠪᠠᠷ ᠬᠢ ᠰᠠᠨᠠᠯ ᠳᠤᠷᠠᠳᠤᠯᠭ᠎ᠠ 1436 ᠬᠤᠪᠢ ᠪᠠᠢᠵᠤ᠂ 28.7% ᠶ᠋ᠢ ᠡᠵᠡᠯᠡᠪᠡ; ᠠᠮᠢ ᠠᠬᠤᠶ᠎ᠶ᠋ᠢᠨ ᠪᠣᠯᠪᠠᠰᠤᠨ᠎ᠤ ᠪᠠᠢᠭᠤᠯᠤᠯᠲᠠ᠎ᠶ᠋ᠢᠨ ᠲᠠᠯ᠎ᠠ᠎ᠪᠠᠷ ᠬᠢ ᠰᠠᠨᠠᠯ ᠳᠤᠷᠠᠳᠤᠯᠭ᠎ᠠ 663 ᠬᠤᠪᠢ ᠪᠠᠢᠵᠤ᠂ 13.2% ᠢ᠋ ᠡᠵᠡᠯᠡᠪᠡ᠃
ᠲᠤᠰ ᠤᠳᠠᠭ᠎ᠠ᠎ᠶ᠋ᠢᠨ ᠬᠤᠷᠠᠯ᠎ᠤᠨ ᠰᠠᠨᠠᠯ ᠳᠤᠷᠠᠳᠤᠯᠭ᠎ᠠ ᠨᠢ ᠳᠣᠣᠷᠠᠬᠢ ᠮᠡᠲᠦ ᠣᠨᠴᠠᠯᠢᠭ᠎ᠲᠠᠶ ᠄ ᠨᠢᠭᠡ᠎ᠳᠦ᠂ ᠰᠠᠨᠠᠯ ᠳᠤᠷᠠᠳᠤᠯᠭ᠎ᠠ ᠳᠤᠷᠠᠳᠤᠭ᠍ᠰᠠᠳ ᠶᠡᠷᠦᠩᠬᠡᠢ ᠱᠦᠵᠢ ᠰᠢ ᠵᠢᠨ ᠫᠢᠩ᠎ᠦᠨ ᠠᠷᠠᠳ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠦ ᠠᠵᠢᠯ᠎ᠢ ᠴᠢᠩᠭᠠᠳᠭᠠᠨ ᠰᠠᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ᠎ᠶ᠋ᠢ ᠨᠠᠷᠢᠨ ᠬᠢᠨᠠᠮᠠᠭᠠᠢ ᠲᠤᠭᠤᠱᠢᠯᠠᠭᠤᠯᠵᠤ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠤᠷᠢᠶ᠎ᠠ᠎ᠶᠢᠨ ᠴᠢᠬᠤᠯᠠ ᠶᠡᠬᠡ ᠱᠢᠢᠳᠪᠦᠷᠢᠲᠦ ᠪᠤᠳᠤᠯᠭ᠎ᠠ ᠪᠠᠢᠷᠢᠯᠠᠭᠤᠯᠤᠯᠲᠠ᠎ᠶ᠋ᠢ ᠨᠠᠢᠳᠠᠪᠤᠷᠢᠵᠢᠭᠤᠯᠵᠤ᠂ ᠵᠥᠪ ᠤᠯᠤᠰ ᠲᠦᠷᠦ᠍᠎ᠶ᠋ᠢᠨ ᠴᠢᠭ᠌ᠯᠡᠯ᠎ᠢ ᠪᠠᠷᠢᠮᠲᠠᠯᠠᠵᠤ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠶ᠋ᠢ ᠠᠬᠢᠭᠤᠯᠬᠤ᠎ᠳᠤ ᠠᠩᠬᠠᠷᠤᠯ᠎ᠢᠶᠠᠨ ᠲᠥᠪᠯᠡᠷᠡᠭᠦᠯᠵᠦ᠍᠂ ᠱᠢᠨ᠎ᠡ ᠬᠥᠭ᠌ᠵᠢᠯᠲᠡ᠎ᠶ᠋ᠢᠨ ᠤᠢ᠍ᠢᠯᠠᠭᠠᠭ᠍ᠳᠠᠬᠤᠨ᠎ᠢ ᠲᠤᠭᠤᠱᠢᠯᠠᠭᠤᠯᠬᠤ᠂ ᠱᠢᠨ᠎ᠡ ᠬᠥᠭ᠌ᠵᠢᠯᠲᠡ᠎ᠶ᠋ᠢᠨ ᠪᠠᠢᠷᠢᠱᠢᠯ᠎ᠢ ᠪᠠᠢᠭᠤᠯᠬᠤ᠂ ᠴᠢᠨᠠᠷ ᠰᠠᠢᠲᠠᠢ ᠬᠥᠭ᠌ᠵᠢᠯᠲᠡ᠎ᠶ᠋ᠢ ᠠᠬᠢᠭᠤᠯᠬᠤ ᠪᠠ ᠠᠷᠠᠳ᠎ᠤᠨ ᠠᠮᠢᠳᠤᠷᠠᠯ᠎ᠤᠨ ᠪᠤᠶᠠᠨ ᠵᠢᠷᠭᠠᠯ᠎ᠢ ᠨᠡᠮᠡᠭ᠌ᠳᠡᠭᠦᠯᠬᠦ᠌᠎ᠪᠡᠷ ᠭᠣᠣᠯᠳᠠᠭᠤᠯᠵᠤ ᠰᠠᠨᠠᠯ ᠰᠠᠨᠠᠭᠤᠯᠭ᠎ᠠ ᠳᠤᠷᠠᠳᠪᠠ᠃ ᠬᠣᠶᠠᠷ᠎ᠲᠤ᠂ ᠰᠠᠨᠠᠯ ᠳᠤᠷᠠᠳᠤᠯᠭ᠎ᠠ ᠳᠤᠷᠠᠳᠤᠭ᠍ᠰᠠᠳ ᠤᠯᠤᠰ ᠲᠦᠷᠦ᠍᠎ᠶ᠋ᠢᠨ ᠵᠥᠪᠯᠡᠯᠭᠡᠨ᠎ᠦ ᠱᠢᠨᠵᠢ ᠴᠢᠨᠠᠷ᠎ᠤᠨ ᠪᠠᠢᠷᠢ ᠲᠣᠭ᠍ᠲᠠᠭᠠᠯᠲᠠ᠂ ᠲᠤᠰ ᠪᠡᠶ᠎ᠡ᠎ᠶ᠋ᠢᠨ ᠠᠵᠢᠯ᠎ᠤᠨ ᠬᠦᠷᠢᠶ᠎ᠡ ᠪᠠ ᠲᠤᠰᠭᠠᠢ ᠮᠡᠷᠭᠡᠵᠢᠯ᠎ᠦᠨ ᠳᠠᠪᠠᠭᠤᠯᠢᠭ ᠡᠴᠡ ᠭᠦᠨᠵᠡᠭᠡᠢ ᠪᠠᠢᠴᠠᠭᠠᠨ ᠰᠤᠳᠤᠯᠤᠯᠲᠠ ᠬᠢᠬᠦ᠌᠂ ᠰᠠᠨᠠᠭᠤᠯᠭ᠎ᠠ ᠳᠤᠷᠠᠳᠭᠤ᠎ᠶ᠋ᠢ ᠴᠢᠬᠤᠯᠠᠴᠢᠯᠠᠵᠤ᠂ ᠨᠡᠢ᠌ᠳᠡ 1860 ᠭᠡᠱᠢᠭᠦᠨ ᠰᠠᠨᠠᠯ ᠳᠤᠷᠠᠳᠤᠯᠭ᠎ᠠ ᠳᠡᠪᠱᠢᠭᠦᠯᠵᠦ᠂ ᠶᠡᠷᠦᠩᠬᠡᠢ᠎ᠳᠦᠨᠢ ᠠᠪᠴᠤ᠌ ᠦᠵᠡᠪᠡᠯ᠂ ᠰᠠᠨᠠᠯ ᠳᠤᠷᠠᠳᠤᠯᠭ᠎ᠠ᠎ᠶ᠋ᠢᠨ ᠶᠠᠰᠤ ᠴᠢᠨᠠᠷ ᠴᠢᠨᠠᠭᠰᠢᠳᠠ ᠳᠡᠭᠡᠭ᠌ᠰᠢᠯᠡᠪᠡ᠃ ᠭᠤᠷᠪᠠ᠎ᠳᠤ᠂ ᠰᠠᠨᠠᠯ ᠳᠤᠷᠠᠳᠤᠯᠭ᠎ᠠ᠎ᠪᠠᠷ ᠳᠠᠮᠵᠢᠭᠤᠯᠤᠨ ᠠᠷᠠᠳ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠦ ᠲᠤᠰᠭᠠᠢ ᠵᠥᠪᠯᠡᠬᠦ᠌ ᠪᠠᠢᠭᠤᠯᠤᠮᠵᠢ ᠪᠣᠯᠬᠤ ᠳᠠᠪᠠᠭᠤᠯᠢᠭ ᠦᠢᠯᠡᠳᠦᠯ᠎ᠢ ᠪᠠᠳᠠᠷᠠᠭᠤᠯᠵᠤ᠂ ᠪᠦᠬᠦ᠌ ᠶᠠᠪᠤᠴᠠ᠎ᠶ᠋ᠢᠨ ᠠᠷᠠᠳ᠎ᠤᠨ ᠠᠷᠠᠳᠴᠢᠯᠠᠯ᠎ᠢ ᠬᠦᠭᠵᠢᠬᠦᠯᠬᠦ ᠱᠠᠭᠠᠷᠳᠠᠯᠭ᠎ᠠ᠎ᠶ᠋ᠢ ᠦᠢᠯᠡᠳᠦᠯᠭᠡᠵᠢᠭᠦᠯᠵᠦ᠍᠂ ᠤᠶᠤᠨ ᠤᠬᠠᠭᠠᠨ ᠪᠠ ᠬᠠᠮᠲᠤ᠎ᠶ᠋ᠢᠨ ᠲᠠᠨᠢᠯᠲᠠ᠎ᠶ᠋ᠢ ᠨᠢᠭ᠍ᠲᠠᠷᠠᠭᠤᠯᠤᠨ᠂ ᠢᠲᠡᠭᠡᠯ ᠵᠣᠷᠢᠭ ᠪᠠ ᠬᠦᠴᠦᠨ ᠴᠢᠳᠠᠯ᠎ᠢ ᠳᠠᠮᠵᠢᠭᠤᠯᠵᠤ᠂ ᠤᠯᠤᠰ ᠣᠷᠣᠨ᠎ᠤ᠎ᠪᠠᠨ ᠲᠥᠯᠥᠭᠡ ᠲᠤᠱᠢᠶᠠᠯ ᠬᠠᠷᠢᠭᠤᠴᠠᠯᠭ᠎ᠠ ᠭᠦᠢᠴᠡᠳᠭᠡᠬᠦ᠌᠂ ᠠᠷᠠᠳ ᠲᠦᠮᠡᠨ᠎ᠦ ᠲᠥᠯᠥᠭᠡ ᠬᠠᠷᠢᠭᠤᠴᠠᠯᠭ᠎ᠠ᠎ᠪᠠᠨ ᠭᠦᠢᠴᠡᠳᠭᠡᠬᠦ᠌ ᠬᠠᠷᠢᠭᠤᠴᠠᠯᠭ᠎ᠠ ᠡᠭᠦᠷᠭᠡᠯᠡᠬᠦ᠌ ᠵᠣᠷᠢᠭ ᠰᠠᠨᠠᠭ᠎ᠠ᠎ᠶ᠋ᠢ ᠢᠯᠡᠷᠡᠭᠦᠯᠪᠡ᠃ ᠲᠦᠷᠪᠡ᠎ᠳᠦ᠂ ᠪᠦᠬᠦ᠌ ᠤᠯᠤᠰ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠦ ᠠᠷᠪᠠᠨ ᠳᠥᠷᠪᠡᠳᠦᠭᠡᠷ ᠬᠤᠭᠤᠴᠠᠭᠠᠨ᠎ᠤ ᠠᠩᠬᠠᠳᠤᠭᠠᠷ ᠬᠤᠷᠠᠯ᠎ᠤᠨ ᠰᠠᠨᠠᠯ ᠳᠤᠷᠠᠳᠤᠯᠭ᠎ᠠ᠎ᠶ᠋ᠢ 100 % ᠪᠡᠷ ᠰᠦᠯᠵᠢᠶᠡᠨ ᠳᠡᠭᠡᠷ᠎ᠡ ᠲᠤᠱᠢᠶᠠᠬᠤ᠎ᠶ᠋ᠢ ᠪᠡᠶᠡᠯᠡᠭᠦᠯᠦᠭ᠌ᠰᠡᠨ ᠰᠠᠭᠤᠷᠢᠨ ᠳᠡᠭᠡᠷ᠎ᠡ᠂ ᠲᠤᠰ ᠤᠳᠠᠭᠠᠨ᠎ᠤ ᠬᠤᠷᠠᠯ ᠨᠢ ᠰᠠᠨᠠᠯ ᠳᠤᠷᠠᠳᠤᠯᠭ᠎ᠠ᠎ᠶ᠋ᠢ ᠱᠢᠢᠳᠪᠦᠷᠢᠯᠡᠬᠦ᠌ ᠪᠦᠬᠦ᠌ ᠶᠠᠪᠤᠴᠠ᠎ᠶ᠋ᠢ ᠴᠠᠭᠠᠰᠤ ᠦᠯᠦ ᠭᠡᠷᠡᠭᠯᠡᠨ ᠰᠦᠯᠵᠢᠶᠡᠨ ᠳᠡᠭᠡᠷ᠎ᠡ ᠲᠠᠮᠵᠢᠭᠤᠯᠤᠨ ᠰᠤᠯᠢᠯᠴᠠᠬᠤ᠎ᠶ᠋ᠢ ᠪᠡᠶᠡᠯᠡᠭᠦᠯᠵᠦ᠍᠂ ᠰᠠᠨᠠᠯ ᠳᠤᠷᠠᠳᠤᠯᠭ᠎ᠠ᠎ᠶ᠋ᠢᠨ ᠠᠵᠢᠯ᠎ᠤᠨ ᠲᠦᠪᠱᠢᠨ᠎ᠢ ᠳᠡᠭᠡᠭ᠌ᠰᠢᠯᠡᠭᠦᠯᠬᠦ᠌᠎ᠳᠦ ᠪᠠᠲᠤᠯᠠᠭ᠎ᠠ ᠬᠠᠩᠭᠠᠪᠠ᠃
ᠶᠡᠬᠡ ᠬᠤᠷᠠᠯ ᠲᠡᠭᠦᠰᠦᠭ᠌ᠰᠡᠨ᠎ᠦ ᠲᠠᠷᠠᠭ᠎ᠠ ᠰᠠᠨᠠᠯ ᠳᠤᠷᠠᠳᠤᠯᠭ᠎ᠠ᠎ᠶ᠋ᠢ ᠳᠠᠭᠠᠭᠠᠵᠤ ᠱᠢᠢᠳᠪᠦᠷᠢᠯᠡᠬᠦ᠌ ᠨᠢᠭᠡᠴᠢ᠎ᠳᠦ ᠲᠤᠱᠢᠶᠠᠨ ᠥᠭ᠌ᠴᠦ ᠱᠢᠢᠳᠪᠦᠷᠢᠯᠡᠭᠦᠯᠬᠦ᠌ ᠪᠣᠯᠤᠨ᠎ᠠ᠃ ᠲᠤᠰ ᠤᠳᠠᠭᠠᠨ᠎ᠤ ᠶᠡᠬᠡ ᠬᠤᠷᠠᠯ᠎ᠤᠨ ᠰᠠᠨᠠᠯ ᠳᠤᠷᠠᠳᠤᠯᠭ᠎ᠠ ᠳᠤᠷᠠᠳᠭᠤ ᠬᠤᠭᠤᠴᠠᠭ᠎ᠠ ᠳᠠᠭᠤᠰᠤᠭᠰᠠᠨ᠎ᠤ ᠳᠠᠷᠠᠭ᠎ᠠ ᠬᠤᠷᠢᠶᠠᠵᠤ ᠣᠯᠤᠭ᠍ᠰᠠᠨ ᠰᠠᠨᠠᠯ ᠳᠤᠷᠠᠳᠤᠯᠭ᠎ᠠ᠎ᠶ᠋ᠢ ᠡᠩ᠎ᠦᠨ ᠦᠶ᠎ᠡ᠎ᠶ᠋ᠢᠨ ᠰᠠᠨᠠᠯ ᠳᠤᠷᠠᠳᠤᠯᠭ᠎ᠠ᠎ᠪᠡᠷ ᠴᠠᠭ ᠲᠤᠬᠠᠢᠳᠤᠨᠢ ᠬᠢᠨᠠᠨ ᠪᠠᠢᠴᠠᠭᠠᠵᠤ ᠱᠢᠢᠳᠪᠦᠷᠢᠯᠡᠨ᠎ᠡ᠃
ᠳᠡᠭᠡᠷᠡᠬᠢ ᠮᠡᠳᠡᠭᠦᠯᠦᠯᠲᠡ᠎ᠶ᠋ᠢ ᠬᠢᠨᠠᠨ ᠵᠦᠪᠯᠡᠬᠦ ᠪᠣᠯᠪᠠᠤ᠃
(ᠱᠢᠨᠬᠤᠸᠠ ᠬᠤᠷᠢᠶ᠎ᠠ᠎ᠶᠢᠨ ᠪᠡᠭᠡᠵᠢᠩ᠎ᠦᠨ 3 ᠰᠠᠷ᠎ᠠ᠎ᠶ᠋ᠢᠨ 10᠎ᠤ᠋ ᠴᠠᠬᠢᠯᠭᠠᠨ ᠮᠡᠳᠡᠭᠡ)
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠣᠷᠬᠢᠯ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃