2024ᠤᠨ᠎ᠤ᠋ ᠪᠦᠬᠦ ᠤᠯᠤᠰ᠎ᠤ᠋ᠨ ᠬᠣᠶᠠᠷ ᠬᠤᠷᠠᠯ > ᠮᠡᠳᠡᠭᠡᠯᠡᠯ

2024-03-12 09:30:20

ᠵᠣᠬᠢᠶᠠᠭ᠍ᠴᠢ᠄ ᠣᠩᠱᠢᠭ᠍ᠰᠠᠨ ᠣᠳᠠᠭ᠎ᠠ᠄ 3

(2024 ᠣᠨ᠎ᠤ 3 ᠰᠠᠷ᠎ᠠ᠎ᠶ᠋ᠢᠨ 11᠎ᠤ᠋ ᠡᠳᠦᠷ ᠠᠷᠪᠠᠨ ᠳᠥᠷᠪᠡᠳᠦᠭᠡᠷ ᠬᠤᠭᠤᠴᠠᠭᠠᠨ᠎ᠤ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ ᠎ᠤᠨ ᠬᠣᠶᠠᠳᠤᠭᠠᠷ ᠬᠤᠷᠠᠯ ᠡᠴᠡ ᠪᠠᠲᠤᠯᠠᠪᠠ)


ᠠᠷᠪᠠᠨ ᠳᠥᠷᠪᠡᠳᠦᠭᠡᠷ ᠬᠤᠭᠤᠴᠠᠭᠠᠨ᠎ᠤ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠬᠣᠶᠠᠳᠤᠭᠠᠷ ᠬᠤᠷᠠᠯ᠎ᠡᠴᠡ ᠬᠤᠷᠢᠶᠠᠨ ᠳᠠᠷᠤᠭ᠎ᠠ ᠵᠤᠤ ᠯᠸ ᠵᠶ᠋ᠢ᠎ᠶ᠋ᠢᠨ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠤᠷᠢᠶ᠎ᠠ᠎ᠶᠢᠨ ᠨᠠᠢᠳᠠᠯᠭ᠎ᠠ᠎ᠪᠠᠷ ᠬᠢᠭ᠌ᠰᠡᠨ ᠠᠵᠢᠯ᠎ᠤᠨ ᠮᠡᠳᠡᠭᠦᠯᠦᠯᠲᠡ ᠵᠢ ᠰᠣᠨᠣᠰᠴᠤ ᠬᠢᠨᠠᠨ ᠵᠦᠪᠯᠡᠪᠡ᠃ ᠬᠤᠷᠠᠯ ᠡᠴᠡ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠤᠷᠢᠶ᠎ᠠ᠎ᠶᠢᠨ ᠥᠩᠭᠡᠷᠡᠭ᠌ᠰᠡᠨ ᠨᠢᠭᠡ ᠵᠢᠯ᠎ᠦᠨ ᠠᠵᠢᠯ᠎ᠢ ᠭᠦᠢᠴᠡᠳ ᠨᠤᠲᠠᠯᠠᠵᠤ᠂ ᠮᠡᠳᠡᠭᠦᠯᠤᠯᠳᠡ᠎ᠳᠦ ᠳᠤᠷᠠᠳᠤᠭ᠍ᠰᠠᠨ ᠬᠣᠢᠱᠢᠳᠠ᠎ᠶ᠋ᠢᠨ ᠨᠢᠭᠡ ᠵᠢᠯ᠎ᠦᠨ ᠡᠬᠦᠷᠭᠡ ᠵᠢ ᠵᠥᠪᠱᠢᠶᠡᠷᠡᠵᠦ᠍᠂ ᠡᠨᠡ ᠬᠦ᠌ ᠮᠡᠳᠡᠭᠦᠯᠦᠯᠳᠡ ᠵᠢ ᠵᠥᠪᠱᠢᠶᠡᠷᠡᠬᠦ᠌᠎ᠪᠡᠷ ᠲᠣᠭ᠍ᠲᠠᠪᠠ᠃

ᠬᠤᠷᠠᠯ ᠡᠴᠡ᠂ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠤᠷᠢᠶ᠎ᠠ ᠰᠢ ᠵᠢᠨ ᠫᠢᠩ ᠨᠥᠬᠥᠷ᠎ᠢᠶᠡᠷ ᠭᠣᠣᠯ ᠪᠣᠯᠭᠠᠭ᠍ᠰᠠᠨ ᠨᠠᠮ᠎ᠤᠨ ᠲᠥᠪ ᠬᠤᠷᠢᠶ᠎ᠠ᠎ᠶᠢᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠰᠢ ᠵᠢᠨ ᠫᠢᠩ᠎ᠦᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠲᠠᠶ ᠨᠡᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠤᠭᠤᠳᠤᠯᠭ᠎ᠠ ᠪᠤᠯᠭᠠᠵᠦ᠂ ᠨᠠᠮ᠎ᠤᠨ ᠬᠣᠷᠢᠳᠤᠭᠠᠷ ᠶᠡᠬᠡ ᠬᠤᠷᠠᠯ ᠪᠠ ᠬᠣᠷᠢᠳᠤᠭᠠᠷ ᠬᠤᠭᠤᠴᠠᠭᠠᠨ᠎ᠤ ᠲᠥᠪ ᠬᠤᠷᠢᠶ᠎ᠠ᠎ᠶᠢᠨ ᠬᠣᠶᠠᠳᠤᠭᠠᠷ ᠪᠦᠬᠦᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠪᠦᠬᠦ᠌ ᠲᠠᠯ᠎ᠠ᠎ᠪᠠᠷ ᠲᠤᠭᠤᠰᠢᠯᠠᠭᠤᠯᠵᠤ᠂ 《ᠬᠣᠶᠠᠷ᠎ᠢ ᠲᠤᠭᠳᠠᠭᠠᠭᠰᠠᠨ》 ᠤ᠋ ᠱᠢᠶ᠋ᠳᠪᠦᠷᠢᠯᠡᠭ᠌ᠴᠢ ᠴᠢᠨᠠᠷᠳᠠᠢ ᠠᠴᠢ ᠬᠣᠯᠪᠣᠭ᠍ᠳᠠᠯ᠎ᠢ ᠭᠦᠨᠵᠡᠭᠡᠢ ᠤᠢᠯᠠᠭᠠᠵᠤ᠂ 《ᠳᠥᠷᠪᠡᠨ ᠤᠬᠠᠮᠰᠠᠷ》 ᠢ᠋ᠢᠡᠨ ᠴᠢᠩᠭᠠᠳᠬᠠᠵᠤ᠂ 《ᠳᠥᠷᠪᠡᠨ ᠢᠲᠡᠭᠡᠯ》 ᠢ᠋ᠢᠡᠨ ᠪᠠᠲᠤᠳᠭᠠᠵᠤ᠂ 《ᠬᠣᠶᠠᠷ᠎ᠢ ᠬᠠᠮᠠᠭᠠᠯᠠᠬᠤ》 ᠎ᠶ᠋ᠢ ᠪᠡᠶᠡᠯᠡᠬᠦᠯᠵᠦ᠂ ᠨᠠᠮ᠎ᠤᠨ ᠤᠳᠤᠷᠢᠳᠤᠯᠭ᠎ᠠ᠂ ᠠᠷᠠᠳ ᠲᠦᠮᠡᠨ ᠡᠷᠬᠡ ᠮᠡᠳᠡᠵᠦ᠍ ᠡᠵᠡᠨ ᠰᠠᠭᠤᠬᠤ᠂ ᠬᠠᠤᠯᠢ ᠪᠡᠷ ᠤᠯᠤᠰ᠎ᠢᠶᠠᠨ ᠵᠠᠰᠠᠬᠤ᠎ᠶᠢᠨ ᠣᠷᠭᠠᠨᠢᠭ ᠨᠢᠭᠡᠳᠦᠯ᠎ᠢ ᠪᠠᠷᠢᠮᠲᠠᠯᠠᠵᠤ᠂ ᠪᠦᠬᠦ᠌ ᠶᠠᠪᠤᠴᠠ᠎ᠵᠢᠨ ᠠᠷᠠᠳ᠎ᠤᠨ ᠠᠷᠠᠳᠴᠢᠯᠠᠯ᠎ᠢ ᠦᠶ᠋ᠯᠡᠳᠦᠯᠭᠡᠵᠢᠭᠦᠯᠵᠦ᠂ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠭᠤᠯᠤᠯ᠎ᠢ ᠰᠠᠢᠳᠤᠷ ᠪᠠᠷᠢᠮᠲᠠᠯᠠᠵᠤ᠂ ᠰᠠᠢᠳᠤᠷ ᠳᠡᠭᠦᠯᠳᠡᠷᠵᠢᠬᠦᠯᠵᠦ᠂ ᠰᠠᠢᠲᠤᠷ ᠬᠡᠷᠡᠭ᠌ᠵᠢᠭᠦᠯᠵᠦ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠶ᠋ᠢ ᠠᠬᠢᠭᠤᠯᠬᠤ᠎ᠶᠢᠨ ᠲᠤᠭᠤᠷᠢᠨ᠎ᠳᠦ᠂ ᠬᠠᠤᠯᠢ ᠶᠣᠰᠣᠭᠠᠷ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠭᠡᠵᠦ᠂ ᠡᠭᠦᠷᠭᠡ ᠬᠠᠷᠢᠭᠤᠴᠠᠯᠭ᠎ᠠ᠎ᠪᠠᠨ ᠭᠦᠢᠴᠡᠳᠭᠡᠵᠦ᠂ ᠦᠨᠳᠦᠰᠦᠨ ᠬᠠᠤᠯᠢ᠎ᠶ᠋ᠢᠨ ᠬᠡᠷᠡᠭ᠌ᠵᠢᠭᠦᠯᠦᠯᠲᠡ ᠪᠠ ᠬᠢᠨᠠᠯᠲᠠ᠎ᠶ᠋ᠢ ᠴᠢᠩᠭᠠᠳᠬᠠᠵᠤ᠂ ᠳᠤᠮᠳᠠᠳᠤ ᠤᠯᠤᠰ᠎ᠤᠨ ᠣᠨᠴᠠᠯᠢᠭ ᠲᠠᠢ ᠨᠡᠢᠭᠡᠮ ᠵᠢᠷᠤᠮ᠎ᠤᠨ ᠬᠠᠤᠯᠢ ᠴᠠᠭᠠᠵᠠ᠎ᠶ᠋ᠢᠨ ᠱᠢᠰᠲ᠋ᠧᠮ᠎ᠢ ᠲᠡᠭᠦᠯᠳᠡᠷᠵᠢᠭᠦᠯᠵᠦ᠂ ᠬᠢᠨᠠᠯᠲᠠ ᠲᠠᠯᠪᠢᠬᠤ ᠠᠵᠢᠯ᠎ᠢ ᠯᠠᠪᠳᠠᠭᠤᠨ ᠪᠦᠲᠦᠮᠵᠢᠲᠡᠢ ᠰᠠᠢᠲᠤᠷ ᠬᠢᠵᠦ᠂ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠥᠯᠥᠭᠡᠯᠡᠭ᠌ᠴᠢ᠎ᠶ᠋ᠢᠨ ᠦᠢᠯᠡᠳᠦᠯ᠎ᠢ ᠭᠦᠢᠴᠡᠳ ᠪᠠᠳᠠᠷᠠᠭᠤᠯᠵᠤ᠂ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠭᠠᠳᠠᠭᠠᠳᠤ ᠬᠠᠷᠢᠯᠴᠠᠭ᠎ᠠ᠎ᠶ᠋ᠢ ᠥᠷᠭᠡᠳᠭᠡᠨ ᠭᠦᠨᠵᠡᠭᠡᠢᠷᠡᠭᠦᠯᠵᠦ᠂ ᠪᠠᠢᠩᠭᠤ᠎ᠶ᠋ᠢᠨ ᠬᠤᠷᠢᠶ᠎ᠠ᠎ᠶᠢᠨ ᠲᠤᠰ ᠪᠡᠶ᠎ᠡ᠎ᠶ᠋ᠢᠨ ᠪᠠᠢᠭᠤᠯᠤᠯᠲᠠ᠎ᠶ᠋ᠢᠨ ᠲᠦᠪᠰᠢᠨ᠎ᠢ ᠳᠡᠭᠡᠭ᠌ᠰᠢᠯᠡᠬᠦᠯᠵᠦ᠂ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠠᠵᠢᠯ᠎ᠤᠨ ᠴᠢᠨᠠᠷ ᠰᠠᠢᠲᠠᠶ ᠬᠥᠭ᠌ᠵᠢᠯᠲᠡ᠎ᠶᠢᠨ ᠲᠣᠭ᠍ᠲᠠᠭᠤᠨ᠎ᠤ ᠳᠤᠮᠳᠠ ᠤᠷᠤᠭ᠍ᠰᠢᠯᠠᠨ ᠳᠠᠪᠱᠢᠬᠤ ᠵᠢ ᠠᠬᠢᠭᠤᠯᠵᠤ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠪᠠᠷ ᠤᠯᠤᠰ᠎ᠢᠶᠡᠨ ᠬᠦᠴᠦᠷᠬᠡᠭᠵᠢᠬᠦᠯᠬᠦ ᠪᠦᠲᠦᠭᠡᠨ ᠪᠠᠢᠭᠤᠯᠤᠯᠲᠠ᠂ ᠦᠨᠳᠦᠰᠦᠲᠡᠨ᠎ᠦ ᠰᠡᠷᠭᠦᠨ ᠮᠠᠨᠳᠤᠯᠲᠠ᠎ᠶ᠋ᠢᠨ ᠠᠭᠤᠤ ᠦᠢᠯᠡᠰ᠎ᠢ ᠪᠦᠬᠦ᠌ ᠲᠠᠯ᠎ᠠ᠎ᠪᠠᠷ ᠠᠬᠢᠭᠤᠯᠬᠤ᠎ᠳᠤ ᠬᠠᠤᠯᠢᠵᠢᠯ᠎ᠤᠨ ᠪᠠᠲᠤᠯᠠᠭ᠎ᠠ ᠬᠠᠩᠭᠠᠵᠤ᠂ ᠱᠢᠯᠢᠳᠡᠭ ᠬᠢᠷᠢ ᠪᠦᠲᠦᠮᠵᠢ᠎ᠪᠡᠷ ᠪᠥᠬᠥᠳᠡ ᠨᠠᠢᠷᠠᠮᠳᠠᠬᠤ ᠳᠤᠮᠳᠠᠳᠤ ᠠᠷᠠᠳ ᠤᠯᠤᠰ ᠪᠠᠢᠭᠤᠯᠤᠭ᠍ᠳᠠᠭ᠍ᠰᠠᠨ 75 ᠵᠢᠯ᠎ᠦᠨ ᠣᠶ᠎ᠶ᠋ᠢ ᠤᠭ᠍ᠲᠤᠬᠤ ᠬᠡᠷᠡᠭᠳᠡᠢ ᠭᠡᠵᠦ ᠱᠠᠭᠠᠷᠳᠠᠪᠠ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠴᠠᠨ᠎ᠠ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面