2024ᠤᠨ᠎ᠤ᠋ ᠪᠦᠬᠦ ᠤᠯᠤᠰ᠎ᠤ᠋ᠨ ᠬᠣᠶᠠᠷ ᠬᠤᠷᠠᠯ > ᠮᠡᠳᠡᠭᠡᠯᠡᠯ

2024-03-12 09:28:11

ᠵᠣᠬᠢᠶᠠᠭ᠍ᠴᠢ᠄ ᠣᠩᠱᠢᠭ᠍ᠰᠠᠨ ᠣᠳᠠᠭ᠎ᠠ᠄ 3

ᠠᠷᠪᠠᠨ ᠳᠥᠷᠪᠡᠳᠦᠭᠡᠷ ᠬᠤᠭᠤᠴᠠᠭᠠᠨ᠎ᠤ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠬᠣᠶᠠᠳᠤᠭᠠᠷ ᠬᠤᠷᠠᠯ ᠳᠡᠭᠡᠷᠡᠬᠢ ᠶᠠᠷᠢᠶ᠎ᠠ


(2024 ᠣᠨ᠎ᠤ 3 ᠰᠠᠷ᠎ᠠ᠎ᠶ᠋ᠢᠨ 11 ᠤ᠋ ᠡᠳᠦᠷ)


ᠵᠣᠣ ᠯᠸ ᠵᠢᠶ


ᠲᠥᠯᠥᠭᠡᠯᠡᠭ᠌ᠴᠢᠳ ᠡ᠄

ᠠᠷᠪᠠᠨ ᠳᠥᠷᠪᠡᠳᠦᠭᠡᠷ ᠬᠤᠭᠤᠴᠠᠭᠠᠨ᠎ᠤ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠬᠣᠶᠠᠳᠤᠭᠠᠷ ᠬᠤᠷᠠᠯ ᠡᠯ᠎ᠡ ᠵᠥᠪᠯᠡᠬᠦ᠌ ᠵᠦᠢᠯ᠎ᠢᠶᠡᠨ ᠲᠡᠭᠦᠰ ᠠᠮᠵᠢᠯᠲᠠ᠎ᠲᠠᠶ ᠪᠡᠶᠡᠯᠡᠭᠦᠯᠪᠡ᠃ ᠪᠦᠬᠦ᠌ ᠲᠥᠯᠥᠭᠡᠯᠡᠭ᠌ᠴᠢᠳ ᠪᠣᠯᠤᠨ ᠬᠣᠯᠪᠣᠭ᠍ᠳᠠᠯ ᠪᠦᠬᠦᠢ ᠲᠠᠯ᠎ᠠ᠎ᠶ᠋ᠢᠨ ᠬᠢᠨ᠎ᠦ ᠬᠠᠮᠲᠤ᠎ᠶ᠋ᠢᠨ ᠴᠢᠷᠮᠠᠢᠯᠭ᠎ᠠ᠎ᠪᠠᠷ᠂ ᠬᠤᠷᠠᠯ ᠮᠠᠰᠢ ᠠᠮᠵᠢᠯᠲᠠ ᠲᠠᠶ ᠬᠤᠷᠠᠯᠳᠤᠵᠤ᠂ ᠬᠠᠮᠲᠤ᠎ᠶ᠋ᠢᠨ ᠲᠠᠨᠢᠯᠲᠠ᠎ᠶ᠋ᠢ ᠨᠢᠭ᠍ᠲᠠᠷᠠᠭᠤᠯᠵᠤ᠂ ᠡᠭᠦᠷᠭᠡ᠎ᠶ᠋ᠢ ᠲᠣᠳᠣᠷᠬᠠᠢᠯᠠᠵᠤ᠂ ᠢᠲᠡᠭᠡᠯ᠎ᠢ ᠪᠠᠲᠤᠳᠭᠠᠪᠠ᠂ ᠨᠢᠭᠡ ᠤᠳᠠᠭ᠎ᠠ᠎ᠶ᠋ᠢᠨ ᠲᠤᠭ᠎ᠢ ᠥᠨᠳᠥᠷ ᠮᠠᠨᠳᠤᠭᠤᠯᠵᠤ᠂ ᠦᠨᠡᠨ ᠬᠦ᠌ ᠠᠳᠭᠤᠨ ᠪᠣᠳᠠᠲᠠᠢ ᠠᠵᠢᠯᠯᠠᠵᠤ᠂ ᠪᠦᠯᠬᠦᠮᠳᠡᠨ ᠲᠡᠮᠡᠴᠡᠭ᠌ᠰᠡᠨ ᠶᠡᠬᠡ ᠬᠤᠷᠠᠯ ᠪᠣᠯᠤᠨ᠎ᠠ᠃

ᠶᠡᠬᠡ ᠬᠤᠷᠠᠯ᠎ᠤᠨ ᠬᠤᠭᠤᠴᠠᠭᠠᠨ᠎ᠳᠤ ᠲᠥᠯᠥᠭᠡᠯᠡᠭ᠌ᠴᠢᠳ ᠨᠠᠮ ᠪᠠ ᠠᠷᠠᠳ ᠲᠦᠮᠡᠨ᠎ᠦ ᠬᠦᠨᠳᠦ ᠨᠠᠢᠳᠠᠯᠭ᠎ᠠ᠎ᠶ᠋ᠢ ᠡᠭᠦᠷᠭᠡᠯᠡᠵᠦ᠍᠂ ᠤᠯᠤᠰ ᠲᠦᠷᠦ᠍᠎ᠶ᠋ᠢᠨ ᠤᠷᠭᠢᠯᠤᠮ᠎ᠠ ᠬᠠᠯᠠᠭᠤᠨ ᠤᠷᠮ᠎ᠠ ᠰᠡᠳᠭᠢᠯᠭᠡ ᠪᠠ ᠴᠤᠭ ᠪᠠᠳᠠᠷᠠᠩᠭᠤᠢ ᠤᠶᠤᠨ ᠰᠠᠨᠠᠭᠠᠨ᠎ᠤ ᠳᠦᠷᠰᠦ ᠪᠠᠢᠳᠠᠯ᠎ᠢᠶᠠᠷ ᠬᠠᠤᠯᠢ ᠶᠣᠰᠣᠭᠠᠷ ᠲᠤᠱᠢᠶᠠᠯ ᠬᠠᠷᠢᠭᠤᠴᠠᠯᠭ᠎ᠠ᠎ᠪᠠᠨ ᠭᠦᠢᠴᠡᠳᠭᠡᠵᠦ᠍᠂ ᠡᠯ᠎ᠡ ᠵᠦᠢᠯ᠎ᠦᠨ ᠮᠡᠳᠡᠭᠦᠯᠦᠯᠲᠡ ᠪᠠ ᠰᠠᠨᠠᠯ ᠵᠥᠪᠯᠡᠯᠭᠡ᠎ᠶ᠋ᠢ ᠨᠠᠷᠢᠨ ᠬᠢᠨᠠᠮᠠᠭᠠᠢ ᠬᠢᠨᠠᠨ ᠵᠥᠪᠯᠡᠪᠡ᠂ ᠬᠤᠷᠠᠯ᠎ᠤᠨ ᠦᠷ᠎ᠡ ᠪᠦᠲᠦᠭᠡᠯ ᠨᠢ ᠨᠠᠮ᠎ᠤᠨ ᠵᠣᠷᠢᠯᠲᠠ ᠪᠠ ᠠᠷᠠᠳ ᠲᠦᠮᠡᠨ᠎ᠦ ᠬᠦᠰᠡᠯ ᠵᠣᠷᠢᠯᠲᠠ᠎ᠶ᠋ᠢᠨ ᠨᠢᠭᠡᠳᠦᠯ᠎ᠢ ᠭᠦᠢᠴᠡᠳ ᠢᠯᠡᠷᠡᠭᠦᠯᠵᠦ᠍᠂ ᠪᠦᠬᠦ᠌ ᠶᠠᠪᠤᠴᠠ᠎ᠶ᠋ᠢᠨ ᠠᠷᠠᠳ᠎ᠤᠨ ᠠᠷᠠᠳᠴᠢᠯᠠᠯ ᠪᠠ ᠤᠯᠤᠰ᠎ᠤᠨ ᠦᠨᠳᠦᠰᠦᠨ ᠤᠯᠤᠰ ᠲᠦᠷᠦ᠍᠎ᠶ᠋ᠢᠨ ᠪᠠᠢᠭᠤᠯᠤᠯ᠎ᠤᠨ ᠢᠯᠡᠷᠬᠡᠢ ᠳᠠᠪᠠᠭᠤᠯᠢᠭ᠎ᠢ ᠭᠦᠢᠴᠡᠳ ᠢᠯᠡᠷᠡᠭᠦᠯᠪᠡ᠃

ᠲᠥᠯᠥᠭᠡᠯᠡᠭ᠌ᠴᠢᠳ ᠡ!

ᠡᠨᠡ ᠵᠢᠯ ᠪᠣᠯ ᠪᠥᠬᠥᠳᠡ ᠨᠠᠢᠷᠠᠮᠳᠠᠬᠤ ᠳᠤᠮᠳᠠᠳᠤ ᠠᠷᠠᠳ ᠤᠯᠤᠰ ᠪᠠᠢᠭᠤᠯᠤᠭ᠍ᠳᠠᠭ᠍ᠰᠠᠨ 75 ᠵᠢᠯ᠎ᠦᠨ ᠣᠶ ᠪᠣᠯᠤᠨ᠎ᠠ᠂ 《ᠠᠷᠪᠠᠨ ᠳᠥᠷᠪᠡᠳᠦᠭᠡᠷ ᠲᠠᠪᠤᠨ ᠵᠢᠯ》᠎ᠤ᠋ᠨ ᠲᠥᠯᠥᠪᠵᠢᠭᠦᠯᠭᠡ᠎ᠶ᠋ᠢᠨ ᠬᠠᠷᠠᠯᠲᠠ ᠡᠭᠦᠷᠭᠡ᠎ᠶ᠋ᠢ ᠪᠡᠶᠡᠯᠡᠭᠦᠯᠬᠦ᠌ ᠵᠠᠩᠭᠢᠯᠠᠭ᠎ᠠ᠎ᠶ᠋ᠢᠨ ᠨᠢᠭᠡ ᠵᠢᠯ ᠪᠣᠯᠤᠨ᠎ᠠ᠃ ᠶᠡᠬᠡ ᠬᠤᠷᠠᠯ᠎ᠡᠴᠡ ᠲᠣᠭ᠍ᠲᠠᠭᠠᠭ᠍ᠰᠠᠨ ᠡᠯ᠎ᠡ ᠵᠦᠢᠯ᠎ᠦᠨ ᠡᠭᠦᠷᠭᠡ᠎ᠶ᠋ᠢ ᠨᠠᠷᠢᠨ ᠬᠢᠨᠠᠮᠠᠭᠠᠢ ᠨᠠᠢᠳᠠᠪᠤᠷᠢᠵᠢᠭᠤᠯᠬᠤ ᠨᠢ ᠪᠦᠬᠦ᠌ ᠵᠢᠯ᠎ᠦᠨ ᠠᠵᠤ ᠠᠬᠤᠢ ᠨᠡᠢᠭᠡᠮ᠎ᠦᠨ ᠬᠥᠭ᠌ᠵᠢᠯᠲᠡ᠎ᠶ᠋ᠢᠨ ᠬᠠᠷᠠᠯᠲᠠ᠎ᠶ᠋ᠢ ᠴᠢᠷᠮᠠᠢᠨ ᠪᠡᠶᠡᠯᠡᠭᠦᠯᠬᠦ᠌ ᠳ᠋ᠤ᠌ ᠲᠤᠢᠯ᠎ᠤᠨ ᠴᠢᠬᠤᠯᠠ ᠠᠴᠢ ᠬᠣᠯᠪᠣᠭ᠍ᠳᠠᠯ᠎ᠲᠠᠶ ᠶᠤᠮ᠃

ᠪᠢᠳᠠ ᠰᠢ ᠵᠢᠨ ᠫᠢᠩ ᠨᠥᠬᠥᠷ᠎ᠢᠶᠡᠷ ᠭᠣᠣᠯ ᠪᠣᠯᠭᠠᠭ᠍ᠰᠠᠨ ᠨᠠᠮ᠎ᠤᠨ ᠲᠥᠪ ᠬᠤᠷᠢᠶ᠎ᠠ ᠵᠢᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠰᠢ ᠵᠢᠨ ᠫᠢᠩ᠎ᠦᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠲᠠᠶ ᠨᠡᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠤᠭᠤᠳᠤᠯᠭ᠎ᠠ ᠪᠣᠯᠭᠠᠬᠤ᠎ᠶ᠋ᠢ ᠪᠠᠷᠢᠮᠲᠠᠯᠠᠵᠤ᠂ ᠨᠢᠭᠡ ᠰᠡᠳᠭᠢᠯ ᠨᠢᠭᠡ ᠵᠣᠷᠢᠭ᠎ᠢᠶᠠᠷ᠂ ᠰᠡᠳᠭᠢᠯ ᠨᠢᠭᠡᠳᠤᠨ ᠬᠦᠴᠦ᠍᠎ᠪᠡᠨ ᠬᠠᠮᠲᠤᠳᠭᠠᠵᠤ᠂ ᠪᠦᠯᠬᠦᠮᠳᠡᠨ ᠲᠡᠮᠡᠴᠡᠵᠦ᠍᠂ ᠳᠤᠮᠳᠠᠳᠤ ᠤᠯᠤᠰ᠎ᠤᠨ ᠮᠠᠶᠢᠬ᠎ᠤᠨ ᠣᠳᠣᠬᠢᠴᠢᠯᠠᠯᠲᠠ᠎ᠶ᠋ᠢ ᠭᠤᠢᠪᠢᠰᠢ ᠦᠭᠡᠢ ᠠᠬᠢᠭᠤᠯᠬᠤ ᠬᠡᠷᠡᠭ᠌ᠲᠡᠢ᠃ ᠠᠷᠠᠳ ᠲᠦᠮᠡᠨ᠎ᠢᠶᠡᠷ ᠭᠣᠣᠯ ᠪᠣᠯᠭᠠᠬᠤ ᠬᠥᠭ᠌ᠵᠢᠯᠲᠡ᠎ᠶ᠋ᠢᠨ ᠦᠵᠡᠯ ᠰᠠᠨᠠᠭ᠎ᠠ᠎ᠶ᠋ᠢ ᠦᠢᠯᠡᠳᠦᠯᠭᠡᠵᠢᠭᠦᠯᠵᠦ᠍᠂ ᠪᠦᠬᠦ᠌ ᠶᠠᠪᠤᠴᠠ᠎ᠶ᠋ᠢᠨ ᠠᠷᠠᠳ᠎ᠤᠨ ᠠᠷᠠᠳᠴᠢᠯᠠᠯ᠎ᠢ ᠬᠥᠭ᠌ᠵᠢᠭᠦᠯᠵᠦ᠍᠂ ᠠᠷᠠᠳ ᠲᠦᠮᠡᠨ᠎ᠦ ᠢᠯᠡᠳᠭᠡᠭ᠌ᠰᠡᠨ ᠬᠦᠰᠡᠯ ᠰᠠᠨᠠᠭ᠎ᠠ᠂ ᠡᠭᠦᠳᠦᠭ᠌ᠰᠡᠨ ᠲᠤᠷᠱᠢᠯᠭ᠎ᠠ᠂ ᠡᠳ᠋ᠯᠡᠵᠦ᠍ ᠪᠠᠢᠭ᠎ᠠ ᠡᠷᠬᠡ᠂ ᠪᠠᠳᠠᠷᠠᠭᠤᠯᠵᠤ ᠪᠠᠢᠭ᠎ᠠ ᠦᠢᠯᠡᠳᠦᠯ᠎ᠢ ᠭᠦᠢᠴᠡᠳ ᠬᠦᠨᠳᠦᠳᠭᠡᠵᠦ᠍᠂ ᠪᠦᠬᠦ᠌ ᠨᠡᠢᠭᠡᠮ᠎ᠦᠨ ᠦᠢᠯᠡᠰ ᠪᠤᠰᠭᠠᠵᠤ ᠱᠢᠨ᠎ᠡ᠎ᠶ᠋ᠢ ᠡᠭᠦᠳᠬᠦ᠌ ᠡᠭᠦᠳᠦᠨ ᠪᠦᠲᠦᠭᠡᠬᠦ᠌ ᠬᠠᠯᠠᠭᠤᠨ ᠰᠡᠳᠭᠢᠯᠭᠡ ᠪᠣᠯᠤᠨ ᠠᠮᠢᠵᠢᠷᠠᠯ᠎ᠤᠨ ᠬᠦᠴᠦᠨ᠎ᠢ ᠬᠥᠭ᠌ᠵᠢᠭᠡᠵᠦ᠍᠂ ᠪᠦᠯᠬᠦᠮᠳᠡᠨ ᠲᠡᠮᠡᠴᠡᠬᠦ᠌ ᠬᠦᠴᠦᠷᠬᠡᠭ ᠶᠡᠬᠡ ᠬᠦᠴᠦᠨ᠎ᠢ ᠨᠢᠭ᠍ᠲᠠᠷᠠᠭᠤᠯᠬᠤ ᠬᠡᠷᠡᠭ᠌ᠲᠡᠢ᠃ ᠦᠨᠡᠨ᠎ᠢ ᠪᠠᠷᠢᠮᠲᠠᠯᠠᠨ ᠪᠣᠳᠠᠲᠠᠶ᠎ᠶ᠋ᠢ ᠡᠷᠬᠢᠮᠯᠡᠵᠦ᠍᠂ ᠦᠨᠡᠨ ᠬᠦ᠌ ᠠᠳᠭᠤᠨ ᠪᠣᠳᠠᠲᠠᠶ ᠠᠵᠢᠯᠯᠠᠵᠤ᠂ ᠬᠦᠴᠢᠷ᠎ᠢ ᠳᠤᠭᠤᠯᠤᠨ ᠪᠡᠷᠬᠡ᠎ᠶ᠋ᠢ ᠳᠠᠪᠠᠵᠤ᠂ ᠴᠢᠳᠠᠮᠠᠭᠠᠶ ᠠᠵᠢᠯᠯᠠᠨ ᠴᠢᠳᠠᠮᠠᠭᠠᠶ ᠪᠦᠲᠦᠭᠡᠵᠦ᠍᠂ ᠬᠦᠴᠢᠷ ᠪᠡᠷᠬᠡᠱᠢᠶᠡᠯ ᠎ᠢ ᠨᠢᠭᠡᠳ ᠨᠢᠭᠡ᠎ᠪᠡᠷ ᠴᠢᠷᠮᠠᠢᠨ ᠢᠯᠡᠨ ᠳᠠᠪᠠᠵᠤ᠂ ᠪᠣᠳᠠᠲᠤ ᠶᠠᠪᠤᠳᠠᠯ ᠎ᠢ ᠨᠢᠭᠡᠳ ᠨᠢᠭᠡ᠎ᠪᠡᠷ ᠰᠠᠢᠲᠤᠷ ᠬᠢᠵᠦ᠍᠂ ᠡᠭᠦᠷᠭᠡ ᠵᠢ ᠨᠢᠭᠡᠳ ᠨᠢᠭᠡ᠎ᠪᠡᠷ ᠪᠡᠶᠡᠯᠡᠭᠦᠯᠦᠨ᠂ ᠪᠦᠯᠬᠦᠮᠳᠡᠨ ᠲᠡᠮᠡᠴᠡᠬᠦ᠌ ᠳᠤᠮᠳᠠ ᠠᠷᠠᠳ ᠲᠦᠮᠡᠨ᠎ᠦ ᠰᠠᠢᠨ ᠰᠠᠢᠬᠠᠨ ᠠᠮᠢᠳᠤᠷᠠᠯ᠎ᠤᠨ ᠲᠤᠬᠠᠶ ᠬᠦᠰᠡᠯ ᠡᠷᠡᠮᠡᠯᠵᠡᠯ᠎ᠢ ᠲᠠᠰᠤᠷᠠᠯᠲᠠ ᠥᠬᠡᠶ ᠪᠡᠶᠡᠯᠡᠭᠦᠯᠬᠦ᠌ ᠬᠡᠷᠡᠭ᠌ᠲᠡᠶ᠃

ᠲᠥᠯᠥᠭᠡᠯᠡᠭ᠌ᠴᠢᠳ ᠡ!

ᠪᠦᠯᠬᠦᠮᠳᠡᠨ ᠲᠡᠮᠡᠴᠡᠬᠦ᠌ ᠪᠣᠯ ᠳᠤᠮᠳᠠᠳᠤ ᠤᠯᠤᠰ᠎ᠤᠨ ᠠᠷᠠᠳ ᠲᠦᠮᠡᠨ᠎ᠦ ᠲᠡᠦᠬᠡ᠎ᠶ᠋ᠢᠨ ᠠᠭᠤᠤ ᠦᠢᠯᠡᠰ᠎ᠢ ᠡᠭᠦᠳᠦᠨ ᠪᠦᠲᠦᠭᠡᠬᠦ᠌ ᠎ᠳᠦ ᠵᠠᠢᠯᠠᠰᠢ ᠦᠭᠡᠢ ᠶᠠᠪᠤᠬᠤ ᠵᠠᠮ ᠮᠥᠨ᠃ ᠪᠢᠳᠡ ᠪᠦᠬᠦᠳᠡᠬᠡᠷ ᠰᠢ ᠵᠢᠨ ᠫᠢᠩ ᠨᠥᠬᠥᠷ᠎ᠢᠶᠡᠷ ᠭᠣᠣᠯ ᠪᠤᠯᠭᠠᠭᠰᠠᠨ ᠨᠠᠮ᠎ᠤᠨ ᠲᠥᠪ ᠬᠤᠷᠢᠶ᠎ᠠ ᠵᠢᠨ ᠲᠣᠭᠣᠷᠢᠨ᠎ᠳᠤ ᠨᠡᠩ ᠨᠢᠭ᠍ᠲᠠᠷᠠᠨ ᠪᠦᠯᠬᠦᠮᠳᠡᠵᠦ᠍᠂ ᠲᠦᠮᠡᠨ ᠤᠯᠠᠨ᠎ᠢᠶᠠᠷ᠎ᠢᠶᠠᠨ ᠰᠡᠳᠭᠢᠯ ᠨᠢᠭᠡᠳᠦᠨ᠂ ᠡᠷᠡᠮᠡᠬᠢᠢᠢᠯᠡᠨ ᠤᠷᠤᠬᠰᠢᠯᠠᠵᠦ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠪᠠᠷ ᠤᠯᠤᠰ᠎ᠢᠶᠡᠨ ᠬᠦᠴᠦᠷᠬᠡᠭᠵᠢᠭᠦᠯᠬᠦ ᠪᠦᠳᠦᠭᠡᠨ ᠪᠠᠢᠭᠤᠯᠤᠯᠲᠠ᠂ ᠦᠨᠳᠦᠰᠦᠲᠡᠨ᠎ᠦ ᠰᠡᠷᠭᠦᠨ ᠮᠠᠨᠳᠤᠯᠲᠠ᠎ᠶ᠋ᠢᠨ ᠠᠭᠤᠤ ᠦᠢᠯᠡᠰ᠎ᠢ ᠪᠦᠬᠦ᠌ ᠲᠠᠯ᠎ᠠ᠎ᠪᠠᠷ ᠠᠬᠢᠭᠤᠯᠬᠤ᠎ᠶ᠋ᠢᠨ ᠲᠥᠯᠥᠭᠡ ᠴᠥᠬᠥᠷᠡᠰᠢ ᠦᠭᠡᠢ ᠲᠡᠮᠡᠴᠡᠵᠡᠭᠡᠶ᠎ᠡ!

(ᠱᠢᠨᠬᠤᠸᠠ ᠬᠤᠷᠢᠶ᠎ᠠ ᠵᠢᠨ ᠪᠡᠭᠡᠵᠢᠩ᠎ᠦᠨ 3 ᠰᠠᠷ᠎ᠠ᠎ᠶ᠋ᠢᠨ 11 ᠤ᠋ ᠴᠠᠬᠢᠯᠭᠠᠨ ᠮᠡᠳᠡᠭᠡ)

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠬᠦᠰᠡᠯᠡᠩ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面