2024ᠤᠨ᠎ᠤ᠋ ᠪᠦᠬᠦ ᠤᠯᠤᠰ᠎ᠤ᠋ᠨ ᠬᠣᠶᠠᠷ ᠬᠤᠷᠠᠯ > ᠮᠡᠳᠡᠭᠡᠯᠡᠯ

2024-03-12 09:36:24

ᠵᠣᠬᠢᠶᠠᠭ᠍ᠴᠢ᠄ ᠣᠩᠱᠢᠭ᠍ᠰᠠᠨ ᠣᠳᠠᠭ᠎ᠠ᠄ 3

ᠵᠣᠣ ᠯᠸ ᠵᠢᠶ ᠬᠤᠷᠠᠯ᠎ᠢ ᠡᠷᠭᠢᠯᠡᠵᠡᠢ

ᠱᠢᠨᠬᠤᠸᠠ ᠬᠤᠷᠢᠶ᠎ᠠ᠎ᠵᠢᠨ ᠪᠡᠭᠡᠵᠢᠩ᠎ᠦᠨ 3 ᠰᠠᠷ᠎ᠠ᠎ᠶ᠋ᠢᠨ 11᠎ᠤ᠋ ᠴᠠᠬᠢᠯᠭᠠᠨ ᠮᠡᠳᠡᠭᠡ ᠠᠷᠪᠠᠨ ᠳᠥᠷᠪᠡᠳᠦᠭᠡᠷ ᠬᠤᠭᠤᠴᠠᠭᠠᠨ᠎ᠤ ᠪᠥᠬᠥ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠬᠣᠶᠠᠳᠤᠭᠠᠷ ᠬᠤᠷᠠᠯ᠎ᠤᠨ ᠲᠡᠷᠢᠭᠦᠯᠡᠭ᠌ᠴᠢᠳ᠎ᠦᠨ ᠪᠦᠯᠬᠦᠮ᠎ᠦᠨ ᠪᠠᠢᠩᠭᠤ᠎ᠶ᠋ᠢᠨ ᠲᠡᠷᠢᠭᠦᠯᠡᠭ᠌ᠴᠢᠳ᠎ᠦᠨ ᠭᠤᠷᠪᠠᠳᠤᠭᠠᠷ ᠬᠤᠷᠠᠯ 11᠎ᠤ᠋ ᠦᠳᠡ᠎ᠶ᠋ᠢᠨ ᠡᠮᠦᠨ᠎ᠡ ᠪᠡᠭᠡᠵᠢᠩ᠎ᠦᠨ ᠠᠷᠠᠳ᠎ᠤᠨ ᠶᠡᠬᠡ ᠬᠤᠷᠠᠯ᠎ᠤᠨ ᠲᠠᠩᠬᠢᠮ᠎ᠳᠤ ᠬᠤᠷᠠᠯᠳᠤᠪᠠ᠃ ᠶᠡᠬᠡ ᠬᠤᠷᠠᠯ᠎ᠤᠨ ᠲᠡᠷᠢᠭᠦᠯᠡᠭ᠌ᠴᠢᠳ᠎ᠦᠨ ᠪᠦᠯᠬᠦᠮ᠎ᠦᠨ ᠪᠠᠢᠩᠭᠤ᠎ᠶ᠋ᠢᠨ ᠲᠡᠷᠢᠭᠦᠯᠡᠭ᠌ᠴᠢ᠂ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠤᠷᠢᠶ᠎ᠠ᠎ᠵᠢᠨ ᠬᠤᠷᠢᠶᠠᠨ ᠳᠠᠷᠤᠭ᠎ᠠ ᠵᠤᠤ ᠯᠸ ᠵᠶ᠋ᠢ ᠬᠤᠷᠠᠯ᠎ᠢ ᠡᠷᠬᠢᠯᠡᠪᠡ᠃

ᠬᠤᠷᠠᠯ᠎ᠡᠴᠡ ᠶᠡᠬᠡ ᠬᠤᠷᠠᠯ᠎ᠤᠨ ᠲᠡᠷᠢᠭᠦᠯᠡᠭ᠌ᠴᠢᠳ᠎ᠦᠨ ᠪᠦᠯᠬᠦᠮ᠎ᠦᠨ ᠪᠠᠢᠩᠭᠤ᠎ᠶ᠋ᠢᠨ ᠲᠡᠷᠢᠭᠦᠯᠡᠭ᠌ᠴᠢ᠂ ᠶᠡᠬᠡ ᠬᠤᠷᠠᠯ᠎ᠤᠨ ᠳᠡᠳ᠋ ᠨᠠᠷᠢᠨ ᠪᠢᠴᠢᠭ᠎ᠦᠨ ᠳᠠᠷᠤᠭ᠎ᠠ᠂ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠤᠷᠢᠶ᠎ᠠ᠎ᠵᠢᠨ ᠨᠠᠷᠢᠨ ᠪᠢᠴᠢᠭ᠎ᠦᠨ ᠳᠠᠷᠤᠭ᠎ᠠ ᠯᠢᠦ ᠴᠢ᠎ᠶ᠋ᠢᠨ ᠬᠢᠭ᠌ᠰᠡᠨ ᠶᠡᠬᠡ ᠬᠤᠷᠠᠯ᠎ᠤᠨ ᠨᠠᠷᠢᠨ ᠪᠢᠴᠢᠭ᠎ᠦᠨ ᠭᠠᠵᠠᠷ᠎ᠤᠨ ᠵᠠᠰᠠᠭ᠎ᠤᠨ ᠣᠷᠳᠣᠨ᠎ᠤ ᠠᠵᠢᠯ᠎ᠤᠨ ᠢᠯᠡᠳᠭᠡᠯ᠂ 2023 ᠣᠨ᠎ᠤ ᠤᠯᠤᠰ ᠠᠷᠠᠳ᠎ᠤᠨ ᠠᠵᠤ ᠠᠬᠤᠶ ᠪᠠ ᠨᠡᠢᠭᠡᠮ᠎ᠦᠨ ᠬᠥᠭ᠌ᠵᠢᠯᠲᠡ᠎ᠶ᠋ᠢᠨ ᠲᠥᠯᠥᠪᠯᠡᠭᠡ᠎ᠶ᠋ᠢ ᠬᠡᠷᠡᠭ᠌ᠵᠢᠭᠦᠯᠦᠭ᠌ᠰᠡᠨ ᠪᠠᠢᠳᠠᠯ ᠬᠢᠭᠡᠳ 2024 ᠣᠨ᠎ᠤ ᠤᠯᠤᠰ ᠠᠷᠠᠳ᠎ᠤᠨ ᠠᠵᠤ ᠠᠬᠤᠶ ᠪᠠ ᠨᠡᠢᠭᠡᠮ᠎ᠦᠨ ᠬᠥᠭ᠌ᠵᠢᠯᠲᠡ᠎ᠶ᠋ᠢᠨ ᠲᠥᠯᠥᠪᠯᠡᠭᠡ᠂ 2023 ᠣᠨ᠎ᠤ ᠲᠥᠪ᠎ᠦᠨ ᠪᠠ ᠣᠷᠣᠨ ᠨᠤᠲᠤᠭ᠎ᠤᠨ ᠲᠥᠰᠦᠪ᠎ᠢ ᠭᠦᠢᠴᠡᠳᠭᠡᠭ᠌ᠰᠡᠨ ᠪᠠᠢᠳᠠᠯ ᠬᠢᠭᠡᠳ 2024 ᠣᠨ᠎ᠤ ᠲᠥᠪ᠎ᠦᠨ ᠪᠠ ᠣᠷᠣᠨ ᠨᠤᠲᠤᠭ᠎ᠤᠨ ᠲᠥᠰᠦᠪ᠂ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠤᠷᠢᠶ᠎ᠠ᠎ᠵᠢᠨ ᠠᠵᠢᠯ᠎ᠤᠨ ᠮᠡᠳᠡᠭᠦᠯᠦᠯᠲᠡ᠂ ᠠᠷᠠᠳ᠎ᠤᠨ ᠳᠡᠭᠡᠳᠦ ᠱᠢᠭᠦᠬᠦ᠌ ᠬᠤᠷᠢᠶ᠎ᠠ᠎ᠵᠢᠨ ᠠᠵᠢᠯ᠎ᠤᠨ ᠮᠡᠳᠡᠭᠦᠯᠦᠯᠲᠡ᠂ ᠠᠷᠠᠳ᠎ᠤᠨ ᠳᠡᠭᠡᠳᠦ ᠪᠠᠢᠴᠠᠭᠠᠬᠤ ᠬᠤᠷᠢᠶ᠎ᠠ᠎ᠵᠢᠨ ᠠᠵᠢᠯ᠎ᠤᠨ ᠮᠡᠳᠡᠭᠦᠯᠦᠯᠲᠡ᠎ᠵᠢᠨ ᠵᠢᠷᠭᠤᠭᠠᠨ ᠱᠢᠢᠳᠪᠦᠷᠢ᠎ᠶ᠋ᠢᠨ ᠲᠥᠰᠦᠯ᠎ᠢ ᠬᠢᠨᠠᠨ ᠵᠦᠪᠯᠡᠭᠰᠡᠨ ᠪᠠᠢᠳᠠᠯ᠎ᠤᠨ ᠲᠤᠬᠠᠢ ᠬᠠᠷᠢᠭᠤ ᠮᠡᠳᠡᠭᠦᠯᠦᠯᠲᠡ ᠵᠢ ᠰᠤᠨᠤᠰᠴᠤ᠂ ᠡᠨᠡ ᠵᠢᠷᠭᠤᠭᠠᠨ ᠱᠢᠶ᠋ᠳᠪᠦᠷᠢ᠎ᠶ᠋ᠢᠨ ᠲᠥᠰᠦᠯ᠎ᠢ ᠪᠠᠲᠤᠯᠠᠬᠤ ᠨᠣᠣᠷᠠᠭ᠎ᠢ ᠬᠢᠨᠠᠨ ᠵᠥᠪᠯᠡᠪᠡ᠃

ᠬᠤᠷᠠᠯ᠎ᠡᠴᠡ ᠳᠡᠭᠡᠷ᠎ᠡ ᠳᠤᠷᠠᠳᠤᠭ᠍ᠰᠠᠨ ᠱᠢᠢᠳᠪᠦᠷᠢ᠎ᠶ᠋ᠢᠨ ᠲᠥᠰᠦᠯ᠎ᠢ ᠪᠠᠲᠤᠯᠠᠬᠤ ᠨᠤᠤᠷᠠᠭ᠎ᠢ ᠶᠡᠬᠡ ᠬᠤᠷᠠᠯ᠎ᠤᠨ ᠲᠡᠷᠢᠭᠦᠯᠡᠭ᠌ᠴᠢᠳ᠎ᠦᠨ ᠪᠦᠯᠬᠦᠮ᠎ᠦᠨ ᠳᠥᠷᠪᠡᠳᠦᠭᠡᠷ ᠬᠤᠷᠠᠯ᠎ᠳᠤ ᠬᠢᠨᠠᠨ ᠵᠥᠪᠯᠡᠭᠦᠯᠬᠦ᠌ ᠪᠡᠷ ᠳᠡᠪᠰᠢᠭᠦᠯᠬᠦ᠎ᠶ᠋ᠢ ᠵᠥᠪᠱᠢᠶᠡᠷᠡᠪᠡ᠃

ᠶᠡᠬᠡ ᠬᠤᠷᠠᠯ᠎ᠤᠨ ᠲᠡᠷᠢᠭᠦᠯᠡᠭ᠌ᠴᠢᠳ᠎ᠦᠨ ᠪᠦᠯᠬᠦᠮ᠎ᠦᠨ ᠪᠠᠢᠩᠭᠤ᠎ᠶ᠋ᠢᠨ ᠲᠡᠷᠢᠭᠦᠯᠡᠭ᠌ᠴᠢ᠂ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠤᠷᠢᠶ᠎ᠠ᠎ᠵᠢᠨ ᠳᠡᠳ᠋ ᠬᠤᠷᠢᠶᠠᠨ ᠳᠠᠷᠤᠭ᠎ᠠ ᠯᠢ ᠬᠣᠩ ᠵᠦᠩ᠂ ᠸᠠᠩ ᠳ᠋ᠦᠩ ᠮᠢᠩ᠂ ᠱᠢᠶᠤᠤ ᠵᠢᠶ᠍ᠸ᠂ ᠵᠧᠩ ᠵᠢᠶᠠᠨ ᠪᠠᠩ᠂ ᠳ᠋ᠢᠩ ᠵᠦᠩ ᠯᠢ᠂ ᠬᠤᠤ ᠮᠢᠩ ᠵᠢᠨ᠂ ᠼᠠᠢ ᠳ᠋ᠠ ᠹᠸᠩ᠂ ᠾᠧ ᠸᠧᠢ᠂ ᠦ᠋ ᠸᠧᠢ ᠬᠤᠸᠠ᠂ ᠲᠢᠶ᠍ᠸ ᠨᠢᠩ᠂ ᠫᠸᠩ ᠴᠢᠩ ᠬᠤᠸᠠ᠂ ᠵᠠᠩ ᠴᠢᠩ ᠸᠧᠢ᠂ ᠯᠤᠪᠰᠠᠨᠭᠵᠠᠯᠰᠠᠨ᠂ ᠱᠢᠤᠸᠠᠢᠺᠸᠯᠠᠢ᠌ᠲ᠋ᠢ·ᠵᠠᠺᠸᠯ ᠬᠤᠷᠠᠯ᠎ᠳᠤ ᠣᠷᠣᠯᠴᠠᠵᠠᠢ᠃

ᠱᠢᠨᠬᠤᠸᠠ ᠬᠣᠷᠢᠶ᠎ᠠ ᠵᠢᠨ ᠪᠡᠭᠡᠵᠢᠩ᠎ᠦᠨ 3 ᠰᠠᠷ᠎ᠠ᠎ᠶ᠋ᠢᠨ 11 ᠤ᠋ ᠴᠠᠬᠢᠯᠭᠠᠨ ᠮᠡᠳᠡᠭᠡ ᠠᠷᠪᠠᠨ ᠳᠥᠷᠪᠡᠳᠦᠭᠡᠷ ᠬᠤᠭᠤᠴᠠᠭᠠᠨ᠎ᠤ ᠪᠥᠬᠥ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠬᠣᠶᠠᠳᠤᠭᠠᠷ ᠬᠤᠷᠠᠯ ᠤ᠋ᠨ ᠲᠡᠷᠢᠭᠦᠯᠡᠭ᠌ᠴᠢᠳ᠎ᠦᠨ ᠪᠦᠯᠬᠦᠮ 11 ᠎ᠤ᠋ ᠦᠳᠡ᠎ᠶ᠋ᠢᠨ ᠡᠮᠦᠨ᠎ᠡ ᠪᠡᠭᠡᠵᠢᠩ᠎ᠦᠨ ᠠᠷᠠᠳ᠎ᠤᠨ ᠶᠡᠬᠡ ᠬᠤᠷᠠᠯ᠎ᠤᠨ ᠲᠠᠩᠬᠢᠮ᠎ᠳᠤ ᠳᠥᠷᠪᠡᠳᠦᠭᠡᠷ ᠤᠳᠠᠭ᠎ᠠ ᠵᠢᠨ ᠬᠤᠷᠠᠯ ᠬᠢᠪᠠ᠃

ᠲᠡᠷᠢᠭᠦᠯᠡᠭ᠌ᠴᠢᠳ᠎ᠦᠨ ᠪᠦᠯᠬᠦᠮ᠎ᠦᠨ ᠪᠠᠢᠩᠭᠤ᠎ᠶ᠋ᠢᠨ ᠲᠡᠷᠢᠭᠦᠯᠡᠭ᠌ᠴᠢ ᠵᠤᠤ ᠯᠸ ᠵᠶ᠋ᠢ ᠬᠤᠷᠠᠯ᠎ᠢ ᠡᠷᠬᠢᠯᠡᠵᠡᠢ᠃

ᠬᠤᠷᠠᠯ᠎ᠳᠤ ᠣᠷᠣᠯᠴᠠᠬᠤ ᠶᠣᠰᠣᠲᠠᠢ ᠬᠦᠮᠦᠨ 181ᠪᠠᠢᠵᠤ᠂ ᠪᠤᠳᠠᠳᠠᠢ ᠤᠷᠤᠯᠴᠠᠬᠰᠠᠨ ᠨᠢ 177 ᠬᠥᠮᠦᠨ᠂ 4 ᠬᠥᠮᠦᠨ ᠣᠷᠣᠯᠴᠠᠭ᠍ᠰᠠᠨ ᠦᠭᠡᠢ᠂ ᠬᠤᠷᠠᠯ ᠳ᠋ᠤ ᠣᠷᠣᠯᠴᠠᠭ᠍ᠰᠠᠨ ᠬᠥᠮᠦᠨ᠎ᠦ ᠲᠣᠭ᠎ᠠ ᠬᠠᠤᠯᠢ᠎ᠳᠤ ᠲᠣᠭ᠍ᠲᠠᠭᠠᠭ᠍ᠰᠠᠨ ᠬᠥᠮᠦᠨ᠎ᠦ ᠲᠣᠭ᠎ᠠ᠎ᠳᠤ ᠨᠡᠢᠴᠡᠨ᠎ᠡ᠃

3 ᠰᠠᠷ᠎ᠠ᠎ᠶ᠋ᠢᠨ 10 ᠤ᠋ ᠦᠳᠡ᠎ᠶ᠋ᠢᠨ ᠬᠣᠢᠨ᠎ᠠ ᠪᠠ 11 ᠤ᠋ ᠦᠳᠡ᠎ᠶ᠋ᠢᠨ ᠡᠮᠦᠨ᠎ᠡ᠂ ᠡᠯ᠎ᠡ ᠲᠥᠯᠥᠭᠡᠯᠡᠭ᠌ᠴᠢᠳ᠎ᠦᠨ ᠪᠦᠯᠬᠦᠮ ᠵᠠᠰᠠᠭ᠎ᠤᠨ ᠣᠷᠳᠣᠨ᠎ᠤ ᠠᠵᠢᠯ᠎ᠤᠨ ᠢᠯᠡᠳᠭᠡᠯ᠂ 2023 ᠣᠨ᠎ᠤ ᠤᠯᠤᠰ ᠠᠷᠠᠳ᠎ᠤᠨ ᠠᠵᠤ ᠠᠬᠤᠶ ᠪᠠ ᠨᠡᠢᠭᠡᠮ᠎ᠦᠨ ᠬᠥᠭ᠌ᠵᠢᠯᠲᠡ᠎ᠶ᠋ᠢᠨ ᠲᠥᠯᠥᠪᠯᠡᠭᠡ᠎ᠶ᠋ᠢ ᠬᠡᠷᠡᠭ᠌ᠵᠢᠭᠦᠯᠦᠭ᠌ᠰᠡᠨ ᠪᠠᠢᠳᠠᠯ ᠬᠢᠭᠡᠳ 2024 ᠣᠨ᠎ᠤ ᠤᠯᠤᠰ ᠠᠷᠠᠳ᠎ᠤᠨ ᠠᠵᠤ ᠠᠬᠤᠶ ᠪᠠ ᠨᠡᠢᠭᠡᠮ᠎ᠦᠨ ᠬᠥᠭ᠌ᠵᠢᠯᠲᠡ᠎ᠶ᠋ᠢᠨ ᠲᠥᠯᠥᠪᠯᠡᠭᠡ᠂ 2023 ᠣᠨ᠎ᠤ ᠲᠥᠪ᠎ᠦᠨ ᠪᠠ ᠣᠷᠣᠨ ᠨᠤᠲᠤᠭ᠎ᠤᠨ ᠲᠥᠰᠦᠪ᠎ᠢ ᠭᠦᠶ᠋ᠴᠡᠳᠭᠡᠭ᠌ᠰᠡᠨ ᠪᠠᠢᠳᠠᠯ ᠬᠢᠭᠡᠳ 2024 ᠣᠨ᠎ᠤ ᠲᠥᠪ᠎ᠦᠨ ᠪᠠ ᠣᠷᠣᠨ ᠨᠤᠲᠤᠭ᠎ᠤᠨ ᠲᠥᠰᠦᠪ᠂ ᠪᠥᠬᠥ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠣᠷᠢᠶ᠎ᠠ ᠵᠢᠨ ᠠᠵᠢᠯ᠎ᠤᠨ ᠮᠡᠳᠡᠭᠦᠯᠦᠯᠲᠡ᠂ ᠠᠷᠠᠳ᠎ᠤᠨ ᠳᠡᠭᠡᠳᠦ ᠱᠢᠭᠦᠬᠦ᠌ ᠬᠣᠷᠢᠶ᠎ᠠ ᠵᠢᠨ ᠠᠵᠢᠯ᠎ᠤᠨ ᠮᠡᠳᠡᠭᠦᠯᠦᠯᠲᠡ᠂ ᠠᠷᠠᠳ᠎ᠤᠨ ᠳᠡᠭᠡᠳᠦ ᠪᠠᠢᠴᠠᠭᠠᠬᠤ ᠬᠣᠷᠢᠶ᠎ᠠ ᠵᠢᠨ ᠠᠵᠢᠯ᠎ᠤᠨ ᠮᠡᠳᠡᠭᠦᠯᠦᠯᠲᠡ᠎ᠶ᠋ᠢᠨ ᠲᠤᠬᠠᠶ ᠠᠷᠪᠠᠨ ᠳᠥᠷᠪᠡᠳᠦᠭᠡᠷ ᠬᠤᠭᠤᠴᠠᠭᠠᠨ᠎ᠤ ᠪᠥᠬᠥ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠬᠣᠶᠠᠳᠤᠭᠠᠷ ᠬᠤᠷᠠᠯ᠎ᠤᠨ ᠵᠢᠷᠭᠤᠭᠠᠨ ᠱᠢᠶ᠋ᠳᠪᠦᠷᠢ᠎ᠶ᠋ᠢᠨ ᠲᠥᠰᠦᠯ᠎ᠢ ᠨᠠᠷᠢᠨ ᠬᠢᠨᠠᠮᠠᠭᠠᠶ ᠬᠢᠨᠠᠨ ᠵᠥᠪᠯᠡᠵᠦ᠍᠂ ᠶᠡᠬᠡ ᠬᠤᠷᠠᠯ᠎ᠤᠨ ᠪᠥᠬᠥᠳᠡ ᠬᠤᠷᠠᠯ᠎ᠳᠤ ᠳᠡᠪᠱᠢᠭᠦᠯᠵᠦ᠍ ᠪᠠᠲᠤᠯᠠᠭᠤᠯᠬᠤ᠎ᠶ᠋ᠢ ᠰᠠᠨᠠᠯ ᠨᠢᠭᠡᠲᠡᠶ ᠵᠥᠪᠱᠢᠶᠡᠷᠡᠪᠡ᠃ ᠲᠡᠷᠢᠭᠦᠯᠡᠭ᠌ᠴᠢᠳ᠎ᠦᠨ ᠪᠦᠯᠬᠦᠮ᠎ᠦᠨ ᠪᠠᠢᠩᠭᠤ᠎ᠶ᠋ᠢᠨ ᠲᠡᠷᠢᠭᠦᠯᠡᠭ᠌ᠴᠢ ᠡᠯ᠎ᠡ ᠲᠥᠯᠥᠭᠡᠯᠡᠭ᠌ᠴᠢᠳ᠎ᠦᠨ ᠪᠦᠯᠬᠦᠮ᠎ᠦᠨ ᠬᠢᠨᠠᠨ ᠵᠥᠪᠯᠡᠭ᠌ᠰᠡᠨ ᠰᠠᠨᠠᠯ᠎ᠢ ᠦᠨᠳᠦᠰᠦᠯᠡᠵᠦ᠍᠂ ᠡᠯ᠎ᠡ ᠵᠦᠢᠯ᠎ᠦᠨ ᠱᠢᠢᠳᠪᠦᠷᠢ᠎ᠶ᠋ᠢᠨ ᠲᠥᠰᠦᠯ᠎ᠢ ᠶᠡᠬᠡ ᠬᠤᠷᠠᠯ᠎ᠤᠨ ᠪᠦᠬᠦᠳᠠ ᠬᠤᠷᠠᠯ᠎ᠳᠤ ᠳᠡᠪᠱᠢᠭᠦᠯᠵᠦ᠍ ᠪᠠᠲᠤᠯᠠᠭᠤᠯᠬᠤ ᠵᠢ ᠰᠠᠨᠠᠭᠤᠯᠪᠠ᠃

ᠲᠡᠷᠢᠭᠦᠯᠡᠭ᠌ᠴᠢᠳ᠎ᠦᠨ ᠪᠦᠯᠬᠦᠮ᠎ᠦᠨ ᠬᠤᠷᠠᠯ᠎ᠠᠴᠠ ᠲᠤᠰ ᠲᠤᠰ ᠪᠠᠲᠤᠯᠠᠯᠳᠠ ᠬᠢᠬᠦ ᠪᠠᠷ ᠲᠠᠮᠵᠢᠨ᠂ ᠳᠡᠭᠡᠷ᠎ᠡ ᠳᠤᠷᠠᠳᠤᠭ᠍ᠰᠠᠨ ᠱᠢᠢᠳᠪᠦᠷᠢ᠎ᠶ᠋ᠢᠨ ᠲᠥᠰᠦᠯ᠎ᠢ ᠶᠡᠬᠡ ᠬᠤᠷᠠᠯ᠎ᠤᠨ ᠪᠦᠬᠦᠳᠠ ᠬᠤᠷᠠᠯ᠎ᠳᠤ ᠳᠡᠪᠱᠢᠭᠦᠯᠵᠦ᠍ ᠪᠠᠲᠤᠯᠠᠭᠤᠯᠬᠤ᠎ᠪᠠᠷ ᠲᠣᠭ᠍ᠲᠠᠵᠠᠢ᠃

ᠲᠡᠷᠢᠭᠦᠯᠡᠭ᠌ᠴᠢᠳ᠎ᠦᠨ ᠪᠦᠯᠬᠦᠮ᠎ᠦᠨ ᠪᠠᠢᠩᠭᠤ᠎ᠶ᠋ᠢᠨ ᠲᠡᠷᠢᠭᠦᠯᠡᠭ᠌ᠴᠢ ᠯᠢ ᠬᠣᠩ ᠵᠦᠩ᠂ ᠸᠠᠩ ᠳ᠋ᠦᠩ ᠮᠢᠩ᠂ ᠱᠢᠶᠤᠤ ᠵᠢᠶ᠍ᠸ᠂ ᠵᠧᠩ ᠵᠢᠶᠠᠨ ᠪᠠᠩ᠂ ᠳ᠋ᠢᠩ ᠵᠦᠩ ᠯᠢ᠂ ᠬᠤᠤ ᠮᠢᠩ ᠵᠢᠨ᠂ ᠼᠠᠢ ᠳ᠋ᠠ ᠹᠸᠩ᠂ ᠾᠧ ᠸᠧᠢ᠂ ᠦ᠋ ᠸᠧᠢ ᠬᠤᠸᠠ᠂ ᠲᠢᠶ᠍ᠸ ᠨᠢᠩ᠂ ᠫᠸᠩ ᠴᠢᠩ ᠬᠤᠸᠠ᠂ ᠵᠠᠩ ᠴᠢᠩ ᠸᠧᠢ᠂ ᠯᠤᠪᠰᠠᠩᠵᠠᠯᠰᠠᠨ᠂ ᠱᠢᠤᠸᠠᠢᠺᠸᠯᠠᠢ᠌ᠲ·ᠵᠠᠺᠸᠯ᠂ ᠯᠢᠦ ᠴᠢ ᠬᠤᠷᠠᠯ᠎ᠳᠤ ᠣᠷᠣᠯᠴᠠᠪᠠ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠬᠦᠰᠡᠯᠡᠩ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面