2024ᠤᠨ᠎ᠤ᠋ ᠪᠦᠬᠦ ᠤᠯᠤᠰ᠎ᠤ᠋ᠨ ᠬᠣᠶᠠᠷ ᠬᠤᠷᠠᠯ > ᠮᠡᠳᠡᠭᠡᠯᠡᠯ

2024-03-12 10:04:06

ᠵᠣᠬᠢᠶᠠᠭ᠍ᠴᠢ᠄ ᠣᠩᠱᠢᠭ᠍ᠰᠠᠨ ᠣᠳᠠᠭ᠎ᠠ᠄ 3

(2024 ᠣᠨ᠎ᠤ 3 ᠰᠠᠷ᠎ᠠ᠎ᠶ᠋ᠢᠨ 11 ᠎ᠤ᠋ ᠡᠳᠦᠷ ᠠᠷᠪᠠᠨ ᠳᠥᠷᠪᠡᠳᠦᠭᠡᠷ ᠬᠤᠭᠤᠴᠠᠭᠠᠨ᠎ᠤ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ ᠎ᠤᠨ ᠬᠣᠶᠠᠳᠤᠭᠠᠷ ᠬᠤᠷᠠᠯ ᠎ᠡᠴᠡ ᠪᠠᠲᠤᠯᠠᠪᠠ)


ᠠᠷᠪᠠᠨ ᠳᠥᠷᠪᠡᠳᠦᠭᠡᠷ ᠬᠤᠭᠤᠴᠠᠭᠠᠨ᠎ᠤ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠬᠣᠶᠠᠳᠤᠭᠠᠷ ᠬᠤᠷᠠᠯ᠎ᠡᠴᠡ ᠠᠷᠠᠳ᠎ᠤᠨ ᠳᠡᠭᠡᠳᠦ ᠱᠢᠭᠦᠬᠦ᠌ ᠬᠤᠷᠢᠶ᠎ᠠ᠎ᠵᠢᠨ ᠳᠠᠷᠤᠭ᠎ᠠ ᠵᠠᠩ ᠵᠢᠶᠦ᠋ᠨ᠎ᠦ ᠬᠢᠭ᠌ᠰᠡᠨ ᠠᠵᠢᠯ᠎ᠤᠨ ᠮᠡᠳᠡᠭᠦᠯᠦᠯᠲᠡ᠎ᠵᠢ ᠰᠣᠨᠣᠰᠴᠤ᠌ ᠬᠢᠨᠠᠨ ᠵᠦᠪᠯᠡᠪᠡ᠃ ᠬᠤᠷᠠᠯ᠎ᠡᠴᠡ ᠠᠷᠠᠳ᠎ᠤᠨ ᠳᠡᠭᠡᠳᠦ ᠱᠢᠭᠦᠬᠦ᠌ ᠬᠤᠷᠢᠶ᠎ᠠ᠎ᠵᠢᠨ ᠥᠩᠭᠡᠷᠡᠭ᠌ᠰᠡᠨ ᠨᠢᠭᠡ ᠵᠢᠯ᠎ᠦᠨ ᠠᠵᠢᠯ᠎ᠢ ᠭᠦᠢᠴᠡᠳ ᠨᠤᠲᠠᠯᠠᠵᠤ᠂ ᠮᠡᠳᠡᠭᠦᠯᠦᠯᠲᠡ᠎ᠳᠦ ᠳᠤᠷᠠᠳᠤᠭ᠍ᠰᠠᠨ 2024 ᠣᠨ᠎ᠤ ᠠᠵᠢᠯ᠎ᠤᠨ ᠲᠤᠬᠢᠷᠠᠭᠤᠯᠤᠯᠳᠠ᠎ᠶ᠋ᠢ ᠵᠥᠪᠱᠢᠶᠡᠷᠡᠵᠦ᠍᠂ ᠡᠨᠡ ᠬᠦ᠌ ᠮᠡᠳᠡᠭᠦᠯᠦᠯᠲᠡ ᠵᠢ ᠵᠥᠪᠱᠢᠶᠡᠷᠡᠬᠦ᠌᠎ᠪᠡᠷ ᠲᠣᠭ᠍ᠲᠠᠪᠠ᠃

ᠬᠤᠷᠠᠯ᠎ᠡᠴᠡ᠂ ᠠᠷᠠᠳ᠎ᠤᠨ ᠳᠡᠭᠡᠳᠦ ᠱᠢᠭᠦᠬᠦ᠌ ᠬᠣᠷᠢᠶ᠎ᠠ ᠰᠢ ᠵᠢᠨ ᠫᠢᠩ᠎ᠦᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠲᠠᠶ ᠨᠡᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠤᠭᠤᠳᠤᠯᠭ᠎ᠠ ᠪᠣᠯᠭᠠᠵᠤ᠂ ᠰᠢ ᠵᠢᠨ ᠫᠢᠩ᠎ᠦᠨ ᠬᠠᠤᠯᠢᠵᠢᠯ᠎ᠤᠨ ᠦᠵᠡᠯ ᠰᠠᠨᠠᠭ᠎ᠠ᠎ᠶ᠋ᠢ ᠭᠦᠨᠵᠡᠭᠡᠶ ᠰᠤᠷᠤᠯᠴᠠᠨ ᠲᠤᠭᠤᠱᠢᠯᠠᠭᠤᠯᠵᠤ᠂ ᠨᠠᠮ᠎ᠤᠨ ᠬᠣᠷᠢᠳᠤᠭᠠᠷ ᠶᠡᠬᠡ ᠬᠤᠷᠠᠯ ᠪᠤᠯᠤᠨ ᠬᠣᠷᠢᠳᠤᠭᠠᠷ ᠬᠤᠭᠤᠴᠠᠭᠠᠨ᠎ᠤ ᠲᠥᠪ ᠬᠤᠷᠢᠶ᠎ᠠ᠎ᠵᠢᠨ ᠬᠣᠶᠠᠳᠤᠭᠠᠷ ᠪᠦᠬᠦᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠪᠦᠬᠦ᠌ ᠲᠠᠯ᠎ᠠ᠎ᠪᠠᠷ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ 《ᠬᠣᠶᠠᠷ᠎ᠢ ᠲᠣᠭ᠍ᠲᠠᠭᠠᠭᠰᠠᠨ》 ᠤ᠋ ᠱᠢᠶ᠋ᠳᠪᠦᠷᠢᠯᠡᠭ᠌ᠴᠢ ᠴᠢᠨᠠᠷᠳᠠᠢ ᠠᠴᠢ ᠬᠣᠯᠪᠣᠭ᠍ᠳᠠᠯ᠎ᠢ ᠭᠦᠨᠵᠡᠭᠡᠶ ᠣᠢᠯᠠᠭᠠᠵᠤ᠂ 《ᠳᠥᠷᠪᠡᠨ ᠤᠬᠠᠮᠰᠠᠷ》 ᠵᠢᠡᠨ ᠴᠢᠩᠭᠠᠳᠭᠠᠵᠤ᠂ 《ᠳᠥᠷᠪᠡᠨ ᠢᠲᠡᠭᠡᠯ》 ᠵᠢᠡᠨ ᠪᠠᠲᠤᠳᠭᠠᠵᠤ᠂ 《ᠬᠣᠶᠠᠷ᠎ᠢ ᠬᠠᠮᠠᠭᠠᠯᠠᠬᠤ》 ᠎ᠶ᠋ᠢ ᠪᠡᠶᠡᠯᠡᠭᠦᠯᠵᠦ᠂ ᠠᠷᠠᠳ᠎ᠤᠨ ᠱᠢᠭᠦᠬᠦ᠌ ᠬᠤᠷᠢᠶ᠎ᠠ᠎ᠵᠢᠨ ᠠᠵᠢᠯ᠎ᠳᠠᠬᠢ ᠨᠠᠮ᠎ᠤᠨ ᠬᠠᠷᠢᠴᠠᠯᠠᠰᠢᠭᠦᠢ ᠤᠳᠤᠷᠢᠳᠤᠯᠭ᠎ᠠ᠎ᠶ᠋ᠢ ᠪᠠᠷᠢᠮᠲᠠᠯᠠᠵᠤ᠂ ᠪᠦᠬᠦ᠌ ᠶᠠᠪᠤᠴᠠ᠎ᠶ᠋ᠢᠨ ᠠᠷᠠᠳ᠎ᠤᠨ ᠠᠷᠠᠳᠴᠢᠯᠠᠯ᠎ᠢ ᠦᠶ᠋ᠯᠡᠳᠦᠯᠭᠡᠵᠢᠭᠦᠯᠵᠦ᠂ ᠦᠨᠳᠦᠰᠦᠨ ᠬᠠᠤᠯᠢ ᠬᠠᠤᠯᠢ ᠴᠠᠭᠠᠵᠠ᠎ᠡᠴᠡ ᠣᠯᠭᠣᠭ᠍ᠰᠠᠨ ᠲᠤᠱᠢᠶᠠᠯ ᠬᠠᠷᠢᠭᠤᠴᠠᠯᠭ᠎ᠠ᠎ᠪᠠᠨ ᠦᠨᠡᠨᠴᠢ᠎ᠪᠡᠷ ᠭᠦᠶ᠋ᠴᠡᠳᠭᠡᠵᠦ᠂ ᠬᠠᠤᠯᠢ ᠪᠠᠷᠢᠬᠤ ᠪᠠᠢᠭᠤᠯᠤᠮᠵᠢ᠎ᠵᠢᠨ ᠶᠡᠷᠦᠩᠬᠡᠢᠯᠡᠭ᠌ᠰᠡᠨ ᠢᠵᠢ ᠪᠦᠷᠢᠳᠦᠬᠦᠯᠬᠦ᠌ ᠥᠭᠡᠷᠡᠴᠢᠯᠡᠯᠲᠡ᠎ᠶ᠋ᠢ ᠭᠦᠨᠵᠡᠭᠡᠢᠷᠡᠭᠦᠯᠵᠦ᠂ ᠬᠠᠤᠯᠢᠵᠢᠯ᠎ᠤᠨ ᠬᠤᠳᠠᠯᠳᠤᠭ᠎ᠠ ᠡᠷᠬᠢᠯᠡᠬᠦ ᠣᠷᠴᠢᠨ ᠨᠥᠬᠥᠴᠡᠯ᠎ᠦᠨ ᠪᠠᠢᠭᠤᠯᠤᠯᠲᠠ᠎ᠶ᠋ᠢ ᠴᠢᠩᠭᠠᠳᠭᠠᠵᠤ᠂ ᠦᠨᠡᠨᠴᠢ ᠱᠢᠳᠤᠷᠭᠤ ᠠᠷᠢᠭᠤᠨ ᠴᠢᠬᠡᠴᠢ ᠬᠠᠷᠢᠭᠤᠴᠠᠯᠭ᠎ᠠ ᠡᠭᠦᠷᠭᠡᠯᠡᠳᠡᠭ ᠱᠢᠯᠭᠠᠷᠠᠭ᠍ᠰᠠᠨ ᠱᠢᠭᠦᠬᠦ᠌ ᠬᠤᠷᠢᠶ᠎ᠠ᠎ᠵᠢᠨ ᠡᠩᠨᠡᠭᠡ᠎ᠶ᠋ᠢ ᠳᠠᠪᠲᠠᠨ ᠪᠣᠯᠪᠠᠰᠤᠷᠠᠭᠤᠯᠵᠤ᠂ ᠲᠥᠪ ᠭᠣᠣᠯᠴᠢ᠎ᠪᠠᠷ ᠬᠠᠤᠯᠢ ᠪᠠᠷᠢᠬᠤ᠎ᠶ᠋ᠢ ᠴᠢᠩᠳᠠᠯᠠᠵᠦ᠂ ᠱᠢᠭᠦᠨ ᠲᠠᠰᠤᠯᠬᠤ ᠠᠵᠢᠯ᠎ᠤᠨ ᠶᠠᠰᠤ ᠴᠢᠨᠠᠷ᠎ᠢ ᠪᠦᠬᠦ᠌ ᠲᠠᠯ᠎ᠠ᠎ᠪᠠᠷ ᠳᠡᠭᠡᠭ᠌ᠰᠢᠯᠡᠭᠦᠯᠵᠦ᠂ ᠤᠯᠤᠰ᠎ᠤᠨ ᠤᠯᠤᠰ ᠲᠦᠷᠦ᠍᠎ᠶ᠋ᠢᠨ ᠠᠮᠤᠷ ᠲᠦᠪᠱᠢᠨ᠎ᠢ ᠪᠦᠬᠦ᠌ ᠬᠦᠴᠦᠨ᠎ᠢᠶᠡᠷ᠎ᠢᠶᠡᠨ ᠬᠠᠮᠠᠭᠠᠯᠠᠵᠤ᠂ ᠨᠡᠢᠭᠡᠮ᠎ᠦᠨ ᠶᠡᠬᠡ ᠲᠠᠯ᠎ᠠ᠎ᠶ᠋ᠢᠨ ᠲᠣᠭ᠍ᠲᠠᠭᠤᠨ᠎ᠢ ᠦᠨᠡᠨ ᠬᠦ᠌ ᠪᠠᠲᠤᠯᠠᠵᠤ᠂ ᠨᠡᠢᠭᠡᠮ᠎ᠦᠨ ᠲᠥᠪ ᠭᠣᠣᠯᠴᠢ ᠱᠢᠳᠤᠷᠭᠤ ᠶᠣᠰᠣ᠎ᠶ᠋ᠢ ᠠᠬᠢᠭᠤᠯᠵᠤ᠂ ᠠᠷᠠᠳ ᠲᠦᠮᠡᠨ᠎ᠦ ᠠᠮᠤᠷ ᠵᠢᠮᠦᠷ ᠠᠵᠤ ᠲᠦᠷᠦᠭᠦ᠎ᠶ᠋ᠢ ᠪᠠᠲᠤᠯᠠᠵᠤ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠪᠠᠷ ᠤᠯᠤᠰ᠎ᠢᠶᠡᠨ ᠬᠦᠴᠦᠷᠬᠡᠭᠵᠢᠭᠦᠯᠬᠦ ᠪᠦᠲᠦᠭᠡᠨ ᠪᠠᠢᠭᠤᠯᠤᠯᠲᠠ᠂ ᠦᠨᠳᠦᠰᠦᠲᠡᠨ᠎ᠦ ᠰᠡᠷᠭᠦᠨ ᠮᠠᠨᠳᠤᠯᠲᠠ᠎ᠶ᠋ᠢᠨ ᠠᠭᠤᠤ ᠦᠢᠯᠡᠰ᠎ᠢ ᠪᠦᠬᠦ᠌ ᠲᠠᠯ᠎ᠠ᠎ᠪᠠᠷ ᠠᠬᠢᠭᠤᠯᠬᠤ᠎ᠳᠤ ᠬᠦᠴᠦᠲᠡᠢ ᠬᠠᠤᠯᠢ ᠪᠠᠷᠢᠬᠤ ᠪᠠᠲᠤᠯᠠᠭ᠎ᠠ ᠬᠠᠩᠭᠠᠵᠤ᠂ ᠱᠢᠯᠢᠳᠡᠭ ᠬᠢᠷᠢ ᠪᠦᠲᠦᠮᠵᠢ᠎ᠪᠡᠷ ᠪᠥᠬᠥᠳᠡ ᠨᠠᠢᠷᠠᠮᠳᠠᠬᠤ ᠳᠤᠮᠳᠠᠳᠤ ᠠᠷᠠᠳ ᠤᠯᠤᠰ ᠪᠠᠢᠭᠤᠯᠤᠭ᠍ᠳᠠᠭ᠍ᠰᠠᠨ 75 ᠵᠢᠯ᠎ᠦᠨ ᠣᠶ᠎ᠶ᠋ᠢ ᠤᠭ᠍ᠲᠤᠬᠤ ᠬᠡᠷᠡᠭᠲᠡᠢ ! ᠭᠡᠵᠦ ᠱᠠᠭᠠᠷᠳᠠᠪᠠ᠃


(ᠰᠢᠨᠬᠤᠸᠠ ᠬᠤᠷᠢᠶ᠎ᠠ᠎ᠵᠢᠨ ᠪᠡᠭᠡᠵᠢᠨᠭ᠎ᠤᠨ 3 ᠰᠠᠷ᠎ᠠ ᠵᠢᠨ 11᠎ᠤ᠋ ᠴᠠᠬᠢᠯᠭᠠᠨ ᠮᠡᠳᠡᠭᠡ)

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠴᠠᠨ᠎ᠠ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面