2024ᠤᠨ᠎ᠤ᠋ ᠪᠦᠬᠦ ᠤᠯᠤᠰ᠎ᠤ᠋ᠨ ᠬᠣᠶᠠᠷ ᠬᠤᠷᠠᠯ > ᠣᠨᠴᠠ ᠮᠡᠳᠡᠭᠡᠯᠡᠯ

2024-03-06 10:10:31

ᠵᠣᠬᠢᠶᠠᠭ᠍ᠴᠢ᠄ ᠣᠩᠱᠢᠭ᠍ᠰᠠᠨ ᠣᠳᠠᠭ᠎ᠠ᠄ 3

2023 ᠤᠨ᠎ᠤ ᠠᠵᠢᠯ᠎ᠤᠨ ᠡᠷᠭᠢᠴᠡᠭᠦᠯᠦᠯ

ᠥᠩᠭᠡᠷᠡᠭ᠌ᠰᠡᠨ ᠨᠢᠭᠡ ᠵᠢᠯ ᠪᠤᠯ ᠨᠠᠮ᠎ᠤᠨ ᠬᠤᠷᠢᠳᠤᠭᠠᠷ ᠶᠡᠭᠡ ᠬᠤᠷᠠᠯ᠎ᠤᠨ ᠵᠣᠷᠢᠭ ᠰᠠᠨᠠᠭ᠎ᠠ᠎ᠶ᠋ᠢ ᠪᠦᠬᠦ᠌ ᠲᠠᠯ᠎ᠠ᠎ᠪᠠᠷ ᠲᠤᠭᠤᠱᠢᠯᠠᠭᠤᠯᠬᠤ ᠡᠬᠢᠯᠡᠯᠲᠡ᠎ᠶ᠋ᠢᠨ ᠵᠢᠯ ᠮᠦᠨ᠂ ᠲᠤᠰ ᠬᠤᠭᠤᠴᠠᠭᠠᠨ᠎ᠤ ᠵᠠᠰᠠᠭ᠎ᠤᠨ ᠣᠷᠳᠣᠨ᠎ᠤ ᠬᠠᠤᠯᠢ ᠶᠣᠰᠣᠭᠠᠷ ᠲᠤᠱᠢᠶᠠᠯ ᠬᠠᠷᠢᠭᠤᠴᠠᠯᠭ᠎ᠠ᠎ᠪᠠᠨ ᠭᠦᠢᠴᠡᠳᠭᠡᠭ᠌ᠰᠡᠨ ᠠᠩᠬᠠᠳᠠᠭ᠍ᠴᠢ ᠵᠢᠯ ᠮᠥᠨ᠃ ᠲᠦᠢᠯ᠎ᠤᠨ ᠲᠥᠪᠡᠭ ᠪᠤᠳᠤᠯᠢᠶᠠᠨᠲᠠᠢ ᠣᠯᠠᠨ ᠤᠯᠤᠰ᠎ᠤᠨ ᠣᠷᠴᠢᠨ ᠨᠥᠬᠦᠴᠡᠯ ᠪᠠ ᠤᠯᠤᠰ᠎ᠤᠨ ᠳᠣᠲᠤᠭᠠᠳᠤ᠎ᠶ᠋ᠢᠨ ᠥᠭᠡᠷᠡᠴᠢᠯᠡᠯᠲᠡ ᠬᠢᠬᠦ᠌ ᠬᠥᠭ᠌ᠵᠢᠭᠦᠯᠬᠦ᠌ ᠲᠣᠭ᠍ᠲᠠᠭᠤᠨ ᠪᠠᠢᠯᠭᠠᠬᠤ ᠬᠠᠲᠠᠭᠤ ᠪᠡᠷᠬᠡ ᠨᠥᠰᠡᠷ ᠬᠥᠨᠳᠥ ᠡᠭᠦᠷᠭᠡ᠎ᠶ᠋ᠢᠨ ᠡᠮᠦᠨ᠎ᠡ᠂ ᠰᠢ᠎ᠶ᠋ᠢᠨ ᠫᠢᠩ ᠨᠥᠬᠦᠷ᠎ᠢᠶᠠᠷ ᠭᠤᠤᠯ ᠪᠤᠯᠭᠠᠭᠰᠠᠨ ᠨᠠᠮ᠎ᠤᠨ ᠲᠥᠪ ᠬᠤᠷᠢᠶ᠎ᠠ ᠪᠦᠬᠦ᠌ ᠤᠯᠤᠰ᠎ᠤᠨ ᠦᠨᠳᠦᠰᠦᠲᠡᠨ᠎ᠨᠦᠭᠦᠳ᠎ᠤᠨ ᠠᠷᠠᠳ ᠲᠦᠮᠡᠨ᠎ᠢ ᠪᠦᠯᠬᠦᠮᠳᠡᠭᠦᠯᠦᠨ ᠳᠠᠭᠠᠭᠤᠯᠵᠤ᠂ ᠭᠠᠳᠠᠭᠠᠳᠤ ᠳᠠᠷᠤᠯᠲᠠ᠎ᠶ᠋ᠢ ᠲᠤᠯᠵᠤ᠂ ᠳᠣᠲᠣᠭᠠᠳᠤ ᠪᠡᠷᠬᠡᠱᠢᠶᠡᠯ᠎ᠢ ᠢᠯᠠᠨ ᠲᠠᠪᠠᠵᠤ᠂ ᠱᠢᠷᠭᠠᠭᠤ ᠬᠠᠳᠠᠭᠤᠵᠢᠯᠳᠠᠢ ᠴᠢᠷᠮᠠᠢᠯᠭ᠎ᠠ ᠭᠠᠷᠭᠠᠪᠠ᠃ ᠱᠢᠨ᠎ᠡ ᠲᠢᠲᠢᠮᠯᠢᠭ ᠠᠭᠤᠰᠭᠢᠨ ᠦᠷᠪᠢᠰᠤᠯ᠎ᠤᠨ ᠬᠢᠵᠢᠭ᠎ᠢ ᠰᠡᠷᠭᠡᠢᠯᠡᠨ ᠬᠢᠵᠠᠭᠠᠷᠯᠠᠬᠤ ᠠᠵᠢᠯ ᠯᠠᠪᠳᠠᠭᠤᠨ ᠲᠣᠭ᠍ᠲᠠᠭᠤᠨ᠎ᠢᠶᠠᠷ ᠱᠠᠳᠤ ᠱᠢᠯᠵᠢᠵᠤ᠂ ᠴᠢᠬᠤᠯᠠ ᠶᠡᠭᠡ ᠱᠢᠢᠳᠪᠤᠷᠢᠯᠡᠭ᠌ᠴᠢ ᠴᠢᠨᠠᠷᠲᠠᠶ ᠢᠯᠠᠯᠲᠠ ᠣᠯᠵᠤ᠂ ᠪᠦᠬᠦ᠌ ᠵᠢᠯ᠎ᠤᠨ ᠠᠵᠤ ᠠᠬᠤᠶ ᠨᠡᠢᠭᠡᠮ᠎ᠤᠨ ᠬᠥᠭ᠌ᠵᠢᠯᠲᠡ᠎ᠶ᠋ᠢᠨ ᠭᠤᠤᠯ ᠪᠣᠯᠬᠣ ᠬᠠᠷᠠᠯᠲᠠ ᠡᠭᠦᠷᠭᠡ᠎ᠶ᠋ᠢ ᠲᠡᠭᠦᠰ ᠠᠮᠵᠢᠯᠲᠠ᠎ᠲᠠᠢ ᠪᠡᠶᠡᠯᠡᠭᠦᠯᠵᠦ᠍᠂ ᠴᠢᠨᠠᠷ ᠰᠠᠢᠲᠠᠶ ᠬᠥᠭ᠌ᠵᠢᠯᠲᠡ᠎ᠶ᠋ᠢ ᠯᠠᠪᠳᠠᠭᠤᠨ ᠪᠠᠳᠤᠳᠠᠢ ᠠᠬᠢᠭᠤᠯᠵᠤ᠂ ᠨᠡᠢᠭᠡᠮ᠎ᠤᠨ ᠶᠡᠭᠡ ᠲᠠᠯ᠎ᠠ᠎ᠶ᠋ᠢᠨ ᠲᠣᠭ᠍ᠲᠠᠭᠤᠨ ᠪᠠᠢᠳᠠᠯ᠎ᠢ ᠪᠠᠲᠤᠯᠠᠵᠤ᠂ ᠨᠡᠢᠭᠡᠮ ᠵᠢᠷᠤᠮᠳᠤ ᠣᠳᠣᠬᠢᠴᠢᠯᠠᠭ᠍ᠰᠠᠨ ᠤᠯᠤᠰ᠎ᠢ ᠪᠦᠬᠦ᠌ ᠲᠠᠯ᠎ᠠ᠎ᠪᠠᠷ ᠪᠦᠳᠦᠭᠡᠨ ᠪᠠᠢᠭᠤᠯᠬᠤ ᠠᠵᠢᠯ ᠯᠠᠪᠳᠠᠭᠤᠨ ᠪᠠᠲᠤᠲᠠᠶ ᠠᠯᠬᠤᠮ᠎ᠢ ᠠᠯᠬᠤᠪᠠ᠃


ᠠᠵᠤ ᠠᠬᠤᠶ ᠶᠡᠷᠦᠩᠬᠡᠶ᠎ᠳᠡᠭᠡᠨ ᠰᠡᠷᠬᠦᠨ ᠰᠠᠢᠵᠢᠷᠠᠪᠠ

ᠤᠯᠤᠰ᠎ᠤᠨ ᠳᠣᠲᠣᠭᠠᠳᠤ᠎ᠶ᠋ᠢᠨ ᠦᠢᠯᠡᠳᠪᠦᠷᠢᠯᠡᠯ᠎ᠤᠨ ᠶᠡᠷᠦᠩᠬᠡᠢ ᠦᠷᠳᠡᠭ 126 ᠲᠦᠮᠡᠨ ᠳ᠋ᠦᠩᠱᠢᠭᠤᠷ ᠲᠥᠭᠦᠷᠢᠭ᠎ᠲᠤ ᠬᠦᠷᠴᠦ᠍᠂ 5.2% ᠶ᠋ᠢᠡᠷ ᠨᠡᠮᠡᠭ᠌ᠳᠡᠵᠦ᠍᠂ ᠨᠡᠮᠡᠭ᠌ᠳᠡᠯ᠎ᠤᠨ ᠬᠤᠷᠳᠤᠴᠠ᠎ᠨᠢ ᠳᠡᠯᠡᠬᠡᠶ᠎ᠶ᠋ᠢᠨ ᠭᠤᠤᠯ ᠪᠤᠯᠬᠤ ᠠᠵᠤ ᠠᠬᠤᠶ᠎ᠶ᠋ᠢᠨ ᠴᠣᠭ᠍ᠴᠠ᠎ᠶ᠋ᠢᠨ ᠡᠮᠦᠨ᠎ᠡ ᠡᠩᠨᠡᠭᠡᠨ᠎ᠳᠤ ᠣᠷᠣᠪᠠ

ᠬᠤᠲᠠ ᠪᠠᠯᠭᠠᠰᠤᠨ᠎ᠳᠤ ᠠᠵᠢᠯ ᠤᠯᠤᠭ᠍ᠰᠠᠨ ᠬᠥᠮᠤᠨ 1244 ᠲᠦᠮᠡ ᠱᠢᠨ᠎ᠡ᠎ᠪᠠᠷ ᠨᠡᠮᠡᠭ᠌ᠳᠡᠪᠡ

ᠬᠤᠲᠠ ᠪᠠᠯᠭᠠᠰᠤᠨ᠎ᠤ ᠪᠠᠢᠴᠠᠭᠠᠭ᠍ᠰᠠᠨ ᠠᠵᠢᠯ ᠠᠯᠳᠠᠯᠲᠠ᠎ᠶ᠋ᠢᠨ ᠨᠣᠷᠮ᠎ᠠ ᠳᠤᠮᠳᠠᠴᠢ᠎ᠪᠠᠷ 5.2% ᠪᠣᠯᠪᠠ

ᠰᠠᠭᠤᠭᠠᠯᠢ ᠠᠷᠠᠳ᠎ᠤᠨ ᠬᠡᠷᠡᠭ᠌ᠯᠡᠭᠡ᠎ᠶ᠋ᠢᠨ ᠦᠨ᠎ᠡ 0.2% ᠶ᠋ᠢᠡᠷ ᠥᠰᠪᠡ

ᠤᠯᠠᠨ ᠤᠯᠤᠰ᠎ᠤᠨ ᠣᠷᠣᠯᠭ᠎ᠠ ᠵᠠᠷᠤᠯᠭ᠎ᠠ ᠦᠨᠳᠦᠰᠦᠨ᠎ᠳᠡᠭᠡᠨ ᠲᠡᠩᠴᠡᠭᠦᠷᠢᠲᠡᠶ ᠪᠤᠯᠪᠠ᠃


ᠠᠮᠤᠷ ᠲᠥᠪᠰᠢᠨ ᠬᠥᠭᠵᠢᠯᠲᠡ ᠵᠢᠨ ᠰᠠᠭᠤᠷᠢ᠎ᠶᠢ ᠪᠡᠬᠢᠵᠢᠬᠥᠯᠪᠡ

ᠠᠮᠤ ᠪᠤᠳᠠᠭᠠᠨ᠎ᠤ ᠤᠨᠠᠯᠳᠠ 1.39 ᠲᠦᠮᠡᠨ ᠳ᠋ᠦᠩᠱᠢᠭᠤᠷ ᠵᠢᠩ᠎ᠳᠤ ᠬᠦᠷᠴᠦ᠍᠂ ᠲᠡᠤᠬᠡ ᠶ᠋ᠢᠨ ᠱᠢᠨ᠎ᠡ ᠲᠡᠮᠳᠡᠭ᠌ᠯᠡᠯ᠎ᠢ ᠳᠠᠬᠢᠨᠲᠠ ᠡᠭᠦᠳᠪᠡ

ᠡᠨᠧᠷᠭᠢ᠎ᠶ᠋ᠢᠨ ᠡᠬᠢ ᠪᠠᠶᠠᠯᠢᠭ᠎ᠤᠨ ᠬᠠᠩᠭᠠᠯᠭ᠎ᠠ ᠲᠣᠭ᠍ᠲᠠᠭᠤᠨ ᠪᠤᠯᠪᠠ

ᠴᠢᠬᠤᠯᠠ ᠠᠵᠤ ᠦᠢᠯᠡᠰ᠎ᠤᠨ ᠬᠡᠯᠬᠢᠶ᠎ᠡ ᠬᠠᠩᠭᠠᠯᠭ᠎ᠠ᠎ᠶ᠋ᠢᠨ ᠬᠡᠯᠬᠢᠶ᠎ᠡ᠎ᠶ᠋ᠢᠨ ᠪᠡᠶ᠎ᠡ᠎ᠪᠠᠨ ᠳᠠᠭᠠᠭᠠᠵᠤ ᠡᠵᠡᠮᠳᠡᠬᠦ᠌ ᠴᠢᠳᠠᠪᠤᠷᠢ ᠳᠡᠭᠡᠭ᠌ᠰᠢᠯᠡᠪᠠ

ᠠᠵᠤ ᠠᠬᠤᠶ ᠮᠥᠩᠭᠦᠨ ᠬᠥᠢᠯᠭᠡᠭᠡᠨ᠎ᠤ ᠭᠤᠣᠯᠳᠠᠯᠭ᠎ᠠ᠎ᠲᠠᠢ ᠬᠦᠷᠢᠶᠡᠨ᠎ᠳᠠᠬᠢ ᠠᠶᠤᠯ ᠲᠦᠭ᠌ᠰᠢᠭᠦᠷᠢ᠎ᠶ᠋ᠢ ᠯᠠᠪᠳᠠᠭᠤᠨ᠎ᠢᠶᠠᠷ ᠠᠷᠢᠯᠭᠠᠪᠠ

ᠣᠳᠣᠬᠢᠴᠢᠯᠠᠭ᠍ᠰᠠᠨ ᠰᠠᠭᠤᠷᠢ ᠲᠥᠬᠦᠭᠡᠷᠦᠮᠵᠢ᠎ᠶ᠋ᠢᠨ ᠪᠦᠲᠦᠭᠡᠨ ᠪᠠᠢᠭᠤᠯᠤᠯᠲᠠ᠎ᠶ᠋ᠢ ᠲᠠᠰᠤᠷᠠᠯᠲᠠ ᠦᠭᠡᠢ ᠴᠢᠩᠭᠠᠳᠭᠠᠪᠠ


ᠣᠳᠣᠬᠢᠴᠢᠯᠠᠭ᠍ᠰᠠᠨ ᠠᠵᠤ ᠦᠢᠯᠡᠰ᠎ᠤᠨ ᠱᠢᠰᠲ᠋ᠧᠮ᠎ᠤᠨ ᠪᠠᠢᠭᠤᠯᠤᠯᠲᠠ ᠴᠢᠬᠤᠯᠠ ᠠᠬᠢᠯᠳᠠ᠎ᠲᠠᠢ ᠪᠣᠯᠪᠠ

ᠤᠯᠠᠮᠵᠢᠯᠠᠯᠲᠤ ᠠᠵᠤ ᠦᠢᠯᠡᠰ᠎ᠤᠨ ᠬᠡᠯᠪᠡᠷᠢ᠎ᠪᠠᠨ ᠬᠤᠪᠢᠷᠠᠭᠤᠯᠤᠨ ᠳᠡᠰ ᠳᠡᠪᠱᠢᠬᠦ᠌᠎ᠶ᠋ᠢ ᠳᠦᠷᠭᠡᠳᠭᠡᠪᠡ

ᠪᠠᠢᠯᠳᠤᠬᠤ ᠪᠣᠳᠣᠯᠭ᠎ᠠ᠎ᠶ᠋ᠢᠨ ᠴᠢᠨᠠᠷᠲᠠᠶ ᠱᠢᠨ᠎ᠡ᠎ᠪᠠᠷ ᠬᠥᠭ᠌ᠵᠢᠭ᠌ᠰᠡᠨ ᠠᠵᠤ ᠦᠢᠯᠡᠰ ᠥᠷᠨᠢᠩᠬᠦᠢ ᠬᠥᠭ᠌ᠵᠢᠪᠡ

ᠢᠷᠡᠭᠡᠳᠦᠶ᠎ᠶ᠋ᠢᠨ ᠠᠵᠤ ᠦᠢᠯᠡᠰ᠎ᠢ ᠡᠮᠬᠢ ᠵᠢᠷᠤᠮ᠎ᠲᠠᠢ ᠪᠠᠢᠷᠢᠯᠠᠭᠤᠯᠪᠠ

ᠲᠡᠷᠢᠭᠦᠨ᠎ᠤ ᠦᠢᠯᠡᠳᠬᠦ᠌ ᠦᠢᠯᠡᠰ ᠪᠤᠯᠤᠨ ᠤᠳᠤ ᠦᠶ᠎ᠡ᠎ᠶ᠋ᠢᠨ ᠦᠢᠯᠡᠴᠢᠯᠡᠭᠡᠨ᠎ᠤ ᠦᠢᠯᠡᠰ᠎ᠢ ᠭᠦᠨᠵᠡᠭᠡᠶ ᠠᠭᠤᠰᠤᠯᠴᠠᠭᠤᠯᠪᠠ

ᠨᠢᠭᠡ ᠪᠦᠯᠦᠭ ᠴᠢᠬᠤᠯᠠ ᠶᠡᠭᠡ ᠠᠵᠤ ᠦᠢᠯᠡᠰ᠎ᠤᠨ ᠱᠢᠨ᠎ᠡ ᠡᠭᠦᠳᠦᠯᠳᠠ᠎ᠶ᠋ᠢᠨ ᠦᠷ᠎ᠡ ᠪᠦᠲᠦᠭᠡᠯ ᠳᠡᠯᠡᠬᠡᠶ᠎ᠶ᠋ᠢᠨ ᠲᠡᠷᠢᠭᠦᠨ᠎ᠤ ᠲᠦᠪᠱᠢᠨ᠎ᠳᠤ ᠬᠦᠷᠪᠡ

ᠤᠯᠤᠰ᠎ᠲᠠᠭᠠᠨ ᠦᠢᠯᠡᠳᠪᠦᠷᠢᠯᠡᠭ᠌ᠰᠡᠨ ᠲᠣᠮᠣ ᠨᠢᠰᠭᠡᠯ C919 ᠎ᠶ᠋ᠢ ᠬᠤᠳᠠᠯᠳᠤᠭᠠᠨ᠎ᠤ ᠠᠵᠢᠯᠯᠠᠭᠠᠨ᠎ᠳᠤ ᠤᠷᠤᠭᠤᠯᠪᠠ

ᠣᠯᠣᠰ᠎ᠲᠠᠭᠠᠨ ᠦᠢᠯᠡᠳᠪᠦᠷᠢᠯᠡᠭ᠌ᠰᠡᠨ ᠲᠤᠮᠤ ᠬᠡᠯᠪᠡᠷᠢ᠎ᠶ᠋ᠢᠨ ᠱᠢᠦᠳᠠᠨ᠎ᠤ ᠬᠥᠯᠭᠡ ᠣᠩᠭᠤᠴᠠ᠎ᠶ᠋ᠢ ᠠᠮᠵᠢᠯᠲᠠ᠎ᠲᠠᠢ ᠪᠡᠷ ᠦᠢᠯᠡᠳᠴᠤ᠌ ᠭᠠᠷᠭᠠᠪᠠ

ᠱᠢᠨ᠎ᠡ ᠡᠨᠧᠷᠭᠢ᠎ᠶ᠋ᠢᠨ ᠮᠠᠱᠢᠨ ᠲᠡᠷᠭᠡᠨ᠎ᠤ ᠦᠢᠯᠡᠳᠪᠦᠷᠢᠯᠡᠭ᠌ᠰᠡᠨ ᠪᠠ ᠪᠣᠷᠤᠯᠠᠭᠤᠯᠤᠭ᠍ᠰᠠᠨ ᠬᠡᠮᠵᠢᠶ᠎ᠡ᠎ᠶ᠋ᠢᠨ ᠪᠦᠬᠦ᠌ ᠪᠥᠮᠪᠥᠷᠴᠡᠭ᠎ᠲᠤ ᠡᠵᠡᠯᠡᠬᠦ᠌ ᠬᠤᠪᠢ᠎ᠶ᠋ᠢᠨ ᠵᠢᠩ 60%᠎ᠶ᠋ᠢ ᠳᠠᠪᠠᠪᠠ


ᠠᠮᠢ ᠠᠬᠤᠢ᠎ᠤᠷᠴᠢᠨ ᠲᠤᠭᠤᠷᠢᠨ᠎ᠤ ᠶᠠᠰᠤ ᠴᠢᠨᠠᠷ᠎ᠢ ᠲᠣᠭ᠍ᠲᠠᠭᠤᠨ ᠪᠠᠢᠯᠭᠠᠬᠤ᠎ᠶ᠋ᠢᠨ ᠬᠠᠮᠳᠤ ᠰᠠᠢᠵᠢᠷᠠᠭᠤᠯᠪᠠ

ᠪᠣᠬᠢᠷᠲᠤᠯ᠎ᠢ ᠰᠡᠷᠭᠡᠢᠯᠡᠨ ᠵᠠᠰᠠᠬᠤ ᠪᠤᠭᠤᠮᠳᠠ ᠰᠢᠪᠳᠤᠯᠬᠤ ᠵᠢ ᠱᠢᠢᠳᠪᠦᠷᠢᠯᠡᠬᠦ᠌ ᠠᠵᠢᠯ᠎ᠢ ᠭᠦᠨᠵᠡᠭᠡᠶ ᠥᠷᠨᠢᠭᠦᠯᠵᠦ᠍᠂ ᠭᠤᠣᠯ ᠪᠣᠯᠬᠤ ᠪᠣᠬᠢᠷᠲᠤᠯ ᠪᠣᠳᠠᠰ᠎ᠤᠨ ᠭᠠᠳᠠᠭ᠍ᠰᠢᠯᠠᠭᠤᠯᠤᠯᠳᠡ᠎ᠶ᠋ᠢᠨ ᠬᠡᠮᠵᠢᠶ᠎ᠡ᠎ᠶ᠋ᠢ ᠦᠷᠭᠦᠯᠵᠢᠯᠡᠨ ᠪᠠᠭᠤᠷᠠᠭᠤᠯᠵᠤ᠂ ᠭᠠᠵᠠᠷ᠎ᠤᠨ ᠭᠠᠳᠠᠷᠭᠤ᠎ᠶ᠋ᠢᠨ ᠤᠰᠤ ᠪᠠ ᠡᠷᠭᠢ ᠣᠢᠷᠠᠯᠴᠠᠭ᠎ᠠ ᠲᠠᠯᠠᠢ᠎ᠶ᠋ᠢᠨ ᠣᠷᠣᠨ᠎ᠤ ᠤᠰᠤᠨ᠎ᠤ ᠴᠢᠨᠠᠷ᠎ᠢ ᠦᠷᠭᠦᠯᠵᠢᠯᠡᠨ ᠰᠠᠢᠵᠢᠷᠠᠭᠤᠯᠪᠠ

《ᠤᠮᠠᠷᠠᠳᠤ ᠵᠢᠨ ᠭᠤᠷᠪᠠᠨ ᠤᠷᠤᠨ》᠎ᠤ᠋ ᠢᠨᠵᠧᠨᠧᠷᠢᠩ᠎ᠤᠨ ᠪᠤᠭᠤᠮᠳᠠ ᠰᠢᠪᠳᠤᠯᠬᠤ ᠵᠢ ᠱᠢᠢᠳᠪᠦᠷᠢᠯᠡᠬᠦ᠌ ᠠᠵᠢᠯ᠎ᠢ ᠪᠦᠬᠦ᠌ ᠲᠠᠯ᠎ᠠ᠎ᠪᠠᠷ ᠡᠬᠢᠯᠡᠭᠦᠯᠪᠡ

ᠳᠠᠬᠢᠨ ᠡᠭᠦᠰᠴᠦ᠍ ᠪᠣᠯᠬᠤ ᠡᠨᠧᠷᠭᠢ᠎ᠶ᠋ᠢᠨ ᠴᠠᠬᠢᠯᠭᠠᠨ ᠭᠠᠷᠭᠠᠬᠤ ᠮᠠᠱᠢᠨ ᠴᠣᠭ᠍ᠴᠠᠯᠠᠪᠤᠷᠢ᠎ᠶ᠋ᠢᠨ ᠬᠡᠪᠴᠢᠶ᠎ᠡ ᠢᠯᠴᠢ᠎ᠶ᠋ᠢᠨ ᠴᠠᠬᠢᠯᠭᠠᠨ᠎ᠠᠴᠠ ᠲᠡᠦᠬᠡᠲᠦ ᠴᠢᠨᠠᠷᠲᠠᠢ᠎ᠪᠠᠷ ᠳᠠᠪᠠᠵᠤ᠂ ᠪᠦᠬᠦ᠌ ᠵᠢᠯ᠎ᠳᠤ ᠱᠢᠨ᠎ᠡ᠎ᠪᠠᠷ ᠨᠡᠮᠡᠭ᠌ᠳᠡᠭ᠌ᠰᠡᠨ ᠮᠠᠱᠢᠨ ᠴᠣᠭ᠍ᠴᠠᠯᠠᠪᠤᠷᠢ ᠪᠦᠬᠦ᠌ ᠪᠥᠮᠪᠥᠷᠴᠡᠭ᠎ᠤᠨ ᠬᠠᠭᠠᠰ᠎ᠠᠴᠠ ᠳᠠᠪᠠᠪᠠ


ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠤᠨ ᠱᠢᠨ᠎ᠡ᠎ᠶ᠋ᠢ ᠡᠭᠦᠳᠬᠦ᠌ ᠠᠵᠢᠯ ᠱᠢᠨ᠎ᠡ ᠱᠢᠪᠲᠤᠯᠤᠯᠲᠠ᠎ᠲᠠᠢ ᠪᠤᠯᠪᠠ

ᠤᠯᠤᠰ᠎ᠤᠨ ᠲᠤᠷᠱᠢᠯᠲᠠ᠎ᠶ᠋ᠢᠨ ᠲᠠᠰᠤᠭ᠎ᠤᠨ ᠱᠢᠰᠲ᠋ᠧᠮ᠎ᠤᠨ ᠪᠦᠳᠤᠭᠡᠨ ᠪᠠᠢᠭᠤᠯᠤᠯᠲᠠ᠎ᠶ᠋ᠢ ᠬᠦᠴᠦᠲᠡᠶ ᠠᠬᠢᠭᠤᠯᠪᠠ

ᠵᠠᠩᠭᠢᠯᠠᠭ᠎ᠠ᠎ᠶ᠋ᠢᠨ ᠭᠤᠣᠯᠯᠠᠬᠤ ᠮᠡᠷᠭᠡᠵᠢᠯ᠎ᠤᠨ ᠪᠤᠭᠤᠮᠳᠠ ᠰᠢᠪᠳᠤᠯᠬᠤ ᠵᠢ ᠱᠢᠢᠳᠪᠤᠷᠢᠯᠡᠬᠦ᠌ ᠠᠵᠢᠯ ᠡᠯᠪᠡᠭ ᠦᠷ᠎ᠡ ᠪᠦᠲᠦᠭᠡᠯ ᠣᠯᠪᠠ

ᠠᠭᠠᠷ᠎ᠤᠨ ᠠᠶᠠᠯᠠᠯ᠎ᠤᠨ ᠬᠥᠳᠡᠯᠭᠡᠭᠦᠷ ᠮᠠᠱᠢᠨ᠂ ᠱᠢᠲᠠᠮᠠᠬᠠᠶ ᠬᠡᠢ᠎ᠶ᠋ᠢᠨ ᠲᠦᠷᠪᠢᠨ᠂ ᠳᠥᠷᠪᠡᠳᠦᠭᠡᠷ ᠦᠶ᠎ᠡ᠎ᠶ᠋ᠢᠨ ᠴᠥᠮ᠎ᠡ᠎ᠶ᠋ᠢᠨ ᠴᠠᠬᠢᠯᠭᠠᠨ᠎ᠤ ᠮᠠᠱᠢᠨ ᠴᠣᠭ᠍ᠴᠠᠯᠠᠪᠤᠷᠢ ᠵᠡᠷᠭᠡ ᠳᠡᠭᠡᠳᠦ ᠲᠡᠰ᠎ᠤᠨ ᠲᠣᠨᠣᠭ᠍ᠯᠠᠯ᠎ᠢ ᠰᠤᠳᠤᠯᠤᠨ ᠦᠢᠯᠡᠳᠬᠦ᠌ ᠠᠵᠢᠯ ᠲᠦᠷᠭᠡᠨ ᠬᠥᠭ᠌ᠵᠢᠪᠠ

ᠵᠣᠬᠢᠶᠠᠮᠠᠯ ᠤᠶᠤᠨᠯᠢᠬ᠂ ᠺᠸᠠᠨ᠋ᠲ᠎ᠤᠨ ᠮᠡᠷᠭᠡᠵᠢᠯ ᠵᠡᠷᠭᠡ ᠬᠤᠱᠢᠭᠤᠷᠠᠯ ᠬᠦᠷᠢᠶᠡᠨ᠎ᠳᠠᠬᠢ ᠱᠢᠨ᠎ᠡ ᠡᠭᠦᠳᠤᠯᠳᠠ᠎ᠶ᠋ᠢᠨ ᠦᠷ᠎ᠡ ᠪᠦᠲᠦᠭᠡᠯ ᠲᠠᠰᠤᠷᠠᠯᠳᠠ ᠦᠭᠡᠢ ᠴᠣᠯᠭᠤᠷᠠᠨ ᠭᠠᠷᠪᠠ

ᠮᠡᠷᠭᠡᠵᠢᠯ᠎ᠤᠨ ᠭᠡᠷ᠎ᠡ᠎ᠶ᠋ᠢᠨ ᠠᠷᠠᠯᠵᠢᠶ᠎ᠠ ᠲᠤᠬᠢᠷᠠᠭ᠍ᠰᠠᠨ ᠲᠤᠭ᠎ᠠ 28.6% ᠎ᠪᠠᠷ ᠨᠡᠮᠡᠭ᠌ᠳᠡᠪᠡ

ᠱᠢᠨ᠎ᠡ᠎ᠶ᠋ᠢ ᠡᠭᠦᠳᠬᠦ᠌᠎ᠪᠠᠷ ᠬᠥᠭ᠌ᠵᠢᠯᠲᠡ᠎ᠶ᠋ᠢᠨ ᠬᠥᠳᠡᠯᠭᠡᠭᠦᠷ ᠪᠣᠯᠭᠠᠬᠤ ᠴᠢᠳᠠᠪᠤᠷᠢ ᠦᠷᠭᠦᠯᠵᠢᠯᠡᠨ ᠳᠡᠭᠡᠭ᠌ᠰᠢᠯᠡᠪᠡ


ᠠᠷᠠᠳ᠎ᠤᠨ ᠠᠮᠢᠳᠤᠷᠠᠯ᠎ᠤᠨ ᠪᠠᠲᠤᠯᠠᠭ᠎ᠠ ᠬᠦᠴᠦᠲᠡᠢ ᠪᠥᠭᠡᠳ ᠪᠦᠲᠦᠮᠵᠢᠲᠡᠢ ᠪᠣᠯᠪᠠ

ᠰᠠᠭᠤᠭᠠᠯᠢ ᠠᠷᠠᠳ᠎ᠤᠨ ᠬᠥᠮᠦᠨ ᠳᠤᠮᠳᠠᠴᠢ᠎ᠶ᠋ᠢᠨ ᠡᠵᠡᠮᠳᠡᠵᠦ᠍ ᠪᠣᠯᠬᠤ ᠣᠷᠣᠯᠭ᠎ᠠ 6.1% ᠪᠠᠷ ᠨᠡᠮᠡᠭ᠌ᠳᠡᠵᠦ᠍᠂ ᠬᠤᠳᠠ ᠬᠥᠳᠡᠭᠡ᠎ᠶ᠋ᠢᠨ ᠰᠠᠭᠤᠭᠠᠯᠢ ᠠᠷᠠᠳ᠎ᠤᠨ ᠣᠷᠣᠯᠭ᠎ᠠ᠎ᠶ᠋ᠢᠨ ᠵᠥᠷᠢᠶ᠎ᠡ ᠦᠷᠭᠦᠯᠵᠢᠯᠡᠨ ᠪᠠᠭᠠᠰᠪᠠ

ᠶᠠᠳᠠᠭᠤ᠎ᠠᠴᠠ ᠠᠩᠭᠢᠵᠢᠷᠠᠭᠤᠯᠬᠤ ᠪᠤᠭᠤᠮᠳᠠ ᠰᠢᠪᠳᠤᠯᠬᠤ ᠵᠢ ᠱᠢᠢᠳᠪᠦᠷᠢᠯᠡᠭ᠌ᠰᠡᠨ ᠦᠷ᠎ᠡ ᠪᠦᠲᠦᠭᠡᠯ᠎ᠢ ᠪᠠᠬᠢᠵᠢᠭᠦᠯᠦᠨ ᠥᠷᠭᠡᠳᠭᠡᠵᠦ᠍᠂ ᠶᠠᠳᠠᠭᠤ᠎ᠠᠴᠠ ᠠᠩᠭᠢᠵᠢᠷᠠᠬ᠍ᠰᠠᠨ ᠭᠠᠵᠠᠷ ᠣᠷᠣᠨ᠎ᠤ ᠬᠥᠳᠡᠭᠡ ᠲᠣᠰᠭᠤᠨ᠎ᠤ ᠰᠠᠭᠤᠭᠠᠯᠢ ᠠᠷᠠᠳ᠎ᠤᠨ ᠣᠷᠣᠯᠭ᠎ᠠ 8.4% ᠪᠠᠷ ᠨᠡᠮᠡᠭ᠌ᠳᠡᠪᠡ

ᠠᠯᠪᠠᠨ ᠵᠢᠷᠤᠮ᠎ᠤᠨ ᠰᠤᠷᠭᠠᠨ ᠬᠥᠮᠦᠵᠢᠯ᠂ ᠨᠠᠰᠤᠵᠢᠯ᠎ᠤᠨ ᠦᠨᠳᠦᠰᠦᠨ ᠠᠰᠠᠷᠠᠮᠵᠢ᠂ ᠦᠨᠳᠦᠰᠦᠨ ᠡᠮ ᠡᠮᠨᠡᠯᠭᠡ ᠵᠡᠷᠭᠡ᠎ᠶ᠋ᠢᠨ ᠡᠳ᠋᠎ᠤᠨ ᠵᠠᠰᠠᠭ᠎ᠤᠨ ᠨᠥᠬᠦᠪᠥᠷᠢ᠎ᠶ᠋ᠢᠨ ᠡᠷᠴᠢᠮ᠎ᠢ ᠴᠢᠩᠭᠠᠷᠠᠭᠤᠯᠵᠤ᠂ ᠠᠪᠤᠷᠠᠨ ᠲᠤᠰᠠᠯᠠᠯᠳᠠ᠎ᠶ᠋ᠢᠨ ᠪᠠᠲᠤᠯᠠᠭ᠎ᠠ ᠬᠥᠷᠳᠡᠬᠦ᠌ ᠡᠲᠡᠭᠡᠳ᠎ᠤᠨ ᠬᠡᠪᠴᠢᠶ᠎ᠡ ᠥᠷᠭᠡᠳᠪᠡ

ᠬᠤᠪᠢ ᠬᠥᠮᠦᠨ᠎ᠤ ᠠᠱᠢᠭ ᠣᠷᠣᠯᠭ᠎ᠠ᠎ᠶ᠋ᠢᠨ ᠭᠠᠢᠯᠢ᠎ᠳᠠᠬᠢ 《ᠨᠠᠰᠤᠳᠠᠨ᠎ᠢ ᠠᠰᠠᠷᠠᠬᠤ ᠪᠠ ᠭᠡᠤᠭᠡᠳ ᠬᠥᠮᠤᠵᠢᠬᠦᠯᠬᠦ᠌》 ᠲᠤᠰᠭᠠᠶ ᠵᠦᠢᠯ᠎ᠤᠨ ᠨᠡᠮᠡᠯᠲᠡ ᠰᠠᠭᠤᠳᠭᠠᠯ᠎ᠤᠨ ᠪᠠᠷᠢᠮᠵᠢᠶ᠎ᠠ᠎ᠶ᠋ᠢ ᠳᠡᠭᠡᠭ᠌ᠰᠢᠯᠡᠭᠦᠯᠵᠦ᠍᠂ 6600 ᠭᠠᠷᠤᠶ ᠲᠦᠮᠡᠨ ᠭᠠᠢᠯᠢ ᠲᠤᠱᠢᠶᠠᠭ᠍ᠴᠢ ᠠᠱᠢᠭ ᠬᠦᠷᠲᠡᠪᠡ

ᠬᠤᠲᠠ ᠪᠠᠯᠭᠠᠰᠤᠨ᠎ᠤ ᠬᠠᠭᠤᠴᠢᠨ ᠰᠠᠭᠤᠭᠠᠯᠢ ᠲᠣᠭᠤᠷᠢᠭ᠎ᠢ ᠥᠭᠡᠷᠡᠴᠢᠯᠡᠨ ᠵᠠᠰᠠᠬᠤ ᠪᠠ ᠪᠠᠲᠤᠯᠠᠭ᠎ᠠ᠎ᠶ᠋ᠢᠨ ᠴᠢᠨᠠᠷᠲᠠᠢ ᠣᠷᠣᠨ ᠰᠠᠭᠤᠴᠠ᠎ᠶ᠋ᠢᠨ ᠬᠠᠩᠭᠠᠯᠭ᠎ᠠ᠎ᠶ᠋ᠢ ᠴᠢᠩᠭᠠᠳᠭᠠᠵᠤ᠂ ᠮᠢᠩᠭᠠᠨ ᠲᠦᠮᠡ ᠡᠴᠡ ᠲᠡᠭᠡᠭᠰᠢ ᠭᠡᠷ ᠪᠦᠯᠢ ᠠᠱᠢᠭ ᠬᠦᠷᠲᠡᠪᠠ


ᠥᠭᠡᠷᠡᠴᠢᠯᠡᠯᠲᠡ ᠨᠡᠭᠡᠭᠡᠯᠲᠡ᠎ᠶ᠋ᠢ ᠭᠦᠨᠵᠡᠭᠡᠢᠷᠡᠭᠦᠯᠦᠨ ᠠᠬᠢᠭᠤᠯᠪᠠ

ᠱᠢᠨ᠎ᠡ ᠨᠢᠭᠡᠨ ᠡᠭᠡᠯᠵᠢ᠎ᠶ᠋ᠢᠨ ᠪᠠᠢᠭᠤᠯᠤᠮᠵᠢ᠎ᠶ᠋ᠢᠨ ᠥᠭᠡᠷᠡᠴᠢᠯᠡᠯᠲᠡ᠎ᠶ᠋ᠢᠨ ᠲᠥᠪ᠎ᠤᠨ ᠳᠡᠰ ᠳᠠᠪᠬᠤᠷᠭ᠎ᠠ᠎ᠳᠠᠬᠢ ᠥᠭᠡᠷᠡᠴᠢᠯᠡᠯᠲᠡ ᠶ᠋ᠢ ᠦᠨᠳᠦᠰᠦᠨ᠎ᠳᠡᠭᠡᠨ ᠪᠡᠶᠡᠯᠡᠭᠦᠯᠵᠦ᠍᠂ ᠣᠷᠣᠨ ᠨᠤᠲᠤᠭ᠎ᠤᠨ ᠳᠡᠰ ᠳᠠᠪᠬᠤᠷᠭ᠎ᠠ᠎ᠶ᠋ᠢᠨ ᠥᠭᠡᠷᠡᠴᠢᠯᠡᠯᠲᠡ᠎ᠶ᠋ᠢ ᠡᠮᠬᠢ ᠵᠢᠷᠤᠮ᠎ᠲᠠᠢ ᠪᠠᠷ ᠶᠠᠪᠤᠭ᠍ᠳᠠᠭᠤᠯᠪᠠ

ᠪᠦᠬᠦ᠌ ᠤᠯᠤᠰ᠎ᠤᠨ ᠨᠢᠭᠡᠳᠦᠯᠲᠡᠶ ᠲᠤᠮᠤ ᠵᠠᠬ᠎ᠠ ᠳᠡᠯᠭᠡᠭᠦᠷ᠎ᠤᠨ ᠪᠦᠳᠦᠭᠡᠨ ᠪᠠᠢᠭᠤᠯᠤᠯᠲᠠ᠎ᠶ᠋ᠢ ᠴᠢᠩᠭᠠᠳᠭᠠᠪᠠ

ᠤᠯᠤᠰ᠎ᠤᠨ ᠥᠮᠴᠢᠯᠡᠯ᠎ᠤᠨ ᠠᠵᠤ ᠠᠬᠤᠢᠯᠠᠯ᠎ᠤᠨ ᠥᠭᠡᠷᠡᠴᠢᠯᠡᠯᠲᠡ᠎ᠶ᠋ᠢ ᠭᠦᠨᠵᠡᠭᠡᠢᠷᠡᠭᠦᠯᠦᠨ ᠳᠡᠭᠡᠭ᠌ᠰᠢᠯᠡᠭᠦᠯᠬᠦ᠌ ᠠᠵᠢᠯᠯᠠᠭ᠎ᠠ᠎ᠶ᠋ᠢ ᠬᠡᠷᠡᠭ᠌ᠵᠢᠭᠦᠯᠵᠦ᠍᠂ ᠠᠷᠠᠳ᠎ᠤᠨ ᠡᠵᠡᠩᠨᠡᠯᠲᠡ᠎ᠶᠢᠨ ᠠᠵᠤ ᠠᠬᠤᠶ᠎ᠶ᠋ᠢᠨ ᠬᠥᠭ᠌ᠵᠢᠨ ᠪᠤᠵᠠᠭᠠᠢ᠌ᠷᠠᠬᠤ᠎ᠶ᠋ᠢ ᠠᠬᠢᠭᠤᠯᠬᠤ ᠲᠦᠷᠦ᠍᠎ᠶ᠋ᠢᠨ ᠪᠤᠳᠤᠯᠭ᠎ᠠ᠎ᠶ᠋ᠢ ᠨᠡᠢᠲᠡᠯᠡᠪᠡ

ᠴᠢᠯᠥᠭᠡᠲᠦ ᠠᠷᠠᠯᠵᠢᠶᠠᠨ᠎ᠤ ᠲᠤᠷᠱᠢᠯᠲᠠ᠎ᠶ᠋ᠢᠨ ᠣᠷᠣᠨ᠎ᠤ ᠪᠦᠲᠦᠭᠡᠨ ᠪᠠᠢᠭᠤᠯᠤᠯᠲᠠ᠎ᠶ᠋ᠢᠨ ᠪᠠᠢᠷᠢᠯᠠᠭᠤᠯᠤᠯᠲᠠ᠎ᠶ᠋ᠢ ᠤᠯᠠᠮ ᠨᠢᠭᠡ ᠠᠯᠬᠤᠮ ᠲᠡᠭᠦᠯᠳᠡᠷᠵᠢᠭᠦᠯᠪᠡ

ᠤᠯᠠᠨ ᠤᠯᠤᠰ᠎ᠤᠨ ᠵᠠᠬ᠎ᠠ ᠲᠡᠯᠬᠡᠬᠦᠷ᠎ᠲᠤ ᠡᠵᠡᠯᠡᠬᠦ᠌ ᠭᠠᠳᠠᠭᠠᠳᠣ ᠭᠠᠷᠭᠠᠯᠳᠠ᠎ᠶ᠋ᠢᠨ ᠨᠤᠭᠳᠠᠯ᠎ᠤᠨ ᠲᠤᠬ᠍ᠳᠠᠭᠤᠨ ᠪᠠᠢᠳᠠᠯ᠎ᠢ ᠪᠠᠳᠤᠯᠠᠵᠤ᠂ ᠭᠠᠳᠠᠭᠠᠳᠤ ᠪᠡᠯᠡ᠎ᠶ᠋ᠢ ᠪᠣᠳᠠᠲᠠᠢ ᠬᠡᠷᠡᠭ᠌ᠯᠡᠭᠦ᠌ ᠪᠦᠲᠦᠴᠡ᠎ᠶ᠋ᠢ ᠱᠢᠯᠢᠳᠡᠭ᠌ᠵᠢᠭᠦᠯᠵᠦ᠍᠂ 《ᠨᠢᠭᠡ ᠪᠦᠰᠡ ᠨᠢᠭᠡ ᠵᠠᠮ》᠎ᠢ᠋ ᠬᠠᠮᠲᠤ᠎ᠪᠠᠷ ᠪᠠᠢᠭᠤᠯᠬᠤ ᠲᠡᠯᠡᠭᠡᠢ ᠲᠡᠭᠡᠷᠡᠬᠢ ᠨᠥᠯᠥᠭᠡᠯᠡᠬᠦ᠌ ᠬᠦᠴᠦᠨ᠂ ᠤᠷᠢᠶᠠᠯᠠᠬᠤ ᠬᠦᠴᠦᠨ᠎ᠢ ᠨᠡᠩ ᠢᠯᠡ ᠲᠤᠳᠤ ᠢᠯᠡᠷᠡᠭᠦᠯᠪᠡ

ᠥᠩᠭᠡᠷᠡᠭ᠌ᠰᠡᠨ ᠨᠢᠭᠡ ᠵᠢᠯ᠎ᠢ ᠡᠷᠭᠢᠴᠡᠭᠦᠯᠪᠡᠯ᠂ ᠤᠯᠠᠨ ᠲᠠᠪᠬᠤᠷ ᠪᠡᠷᠭᠡᠱᠢᠶᠠᠯ ᠪᠠ ᠱᠢᠯᠭᠠᠯᠳᠠ ᠰᠣᠯᠪᠢᠴᠠᠨ ᠳᠠᠪᠬᠤᠴᠠᠵᠤ᠂ ᠮᠠᠨ᠎ᠤ ᠤᠯᠤᠰ᠎ᠤᠨ ᠠᠵᠤ ᠠᠬᠤᠢ ᠳᠠᠪᠠᠯᠭᠠᠨ ᠮᠠᠶᠢᠭ᠎ᠢᠶᠠᠷ ᠬᠥᠭ᠌ᠵᠢᠵᠦ᠍᠂ ᠨᠤᠭᠤᠷᠠᠯ ᠪᠦᠳᠦᠷᠢᠯ᠎ᠲᠠᠢ᠎ᠪᠠᠷ ᠤᠷᠤᠭ᠍ᠰᠢᠯᠠᠨ᠂ ᠠᠮᠵᠢᠯᠲᠠ ᠪᠦᠲᠦᠮᠵᠢ᠎ᠶ᠋ᠢ ᠬᠢᠯᠪᠠᠷ ᠪᠤᠰᠤ᠎ᠪᠠᠷ ᠤᠯᠤᠭ᠍ᠰᠠᠨ ᠶᠤᠮ᠃ ᠦᠢᠯᠡᠲᠦᠯᠭᠡ ᠭᠡᠷᠡᠴᠢᠯᠡᠭᠰᠨᠨ ᠨᠢ᠂ ᠰᠢ᠎ᠶ᠋ᠢᠨ ᠫᠢᠩ ᠨᠥᠬᠦᠷ᠎ᠢᠶᠠᠷ ᠭᠤᠤᠯ ᠪᠤᠯᠭᠠᠭᠰᠠᠨ ᠨᠠᠮ᠎ᠤᠨ ᠲᠥᠪ ᠬᠤᠷᠢᠶᠠᠨ᠎ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠳᠤᠮᠳᠠᠳᠤ ᠤᠯᠤᠰ᠎ᠤᠨ ᠠᠷᠠᠳ ᠲᠦᠮᠡᠨ ᠶᠠᠮᠠᠷᠪᠠ ᠬᠦᠴᠢᠷ ᠪᠡᠷᠬᠡᠱᠢᠶᠡᠯ ᠬᠠᠷᠰᠢ ᠰᠠᠭᠠᠳ᠎ᠢ ᠢᠯᠠᠨ ᠳᠠᠪᠠᠭ᠍ᠤ ᠰᠦᠰᠤ ᠵᠤᠷᠢᠭ᠂ ᠤᠶᠤᠨ ᠤᠬᠠᠭᠠᠨ᠂ ᠴᠢᠲᠠᠪᠤᠷᠢ᠎ᠲᠠᠢ ᠶᠤᠮ᠂ ᠳᠤᠮᠳᠠᠳᠤ ᠤᠯᠤᠰ᠎ᠤᠨ ᠬᠥᠭ᠌ᠵᠢᠯᠲᠡ ᠯᠠᠪᠲᠠᠢ ᠰᠠᠯᠬᠢ ᠬᠦᠯᠭᠡᠯᠡᠨ ᠲᠠᠪᠠᠯᠭᠠᠨ᠎ᠢ ᠵᠦᠰᠦᠵᠤ᠂ ᠭᠡᠭᠡᠨ ᠰᠠᠷᠠᠭᠤᠯ ᠢᠷᠡᠭᠡᠳᠤᠢ ᠲᠡᠢᠰᠢ ᠤᠷᠤᠬ᠍ᠰᠢᠯᠠᠵᠤ ᠴᠢᠳᠠᠬᠤ ᠶᠤᠮ᠃


ᠨᠢᠭᠡ ᠵᠢᠯ᠎ᠤᠨ ᠲᠤᠷᠰᠢ᠂ ᠪᠢᠳᠡ ᠨᠠᠮ᠎ᠤᠨ ᠬᠤᠷᠢᠳᠤᠭᠠᠷ ᠶᠡᠭᠡ ᠬᠤᠷᠠᠯ ᠪᠠ ᠬᠤᠷᠢᠳᠤᠭᠠᠷ ᠬᠤᠭᠤᠴᠠᠭᠠᠨ᠎ᠤ ᠲᠥᠪ ᠬᠤᠷᠢᠶᠠᠨ᠎ᠤ ᠬᠤᠶᠠᠳᠤᠭᠠᠷ ᠪᠥᠬᠦᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠭᠦᠨᠵᠡᠭᠡᠶ ᠰᠤᠷᠤᠯᠴᠠᠨ ᠲᠤᠭᠤᠱᠢᠯᠠᠭᠤᠯᠵᠤ᠂ ᠨᠠᠮ᠎ᠤᠨ ᠲᠥᠪ ᠬᠤᠷᠢᠶᠠᠨ᠎ᠤ ᠱᠢᠢᠳᠪᠤᠷᠢᠳᠤ ᠪᠣᠳᠣᠯᠭ᠎ᠠ ᠪᠠᠢᠷᠢᠯᠠᠭᠤᠯᠤᠯᠲᠠ ᠶᠣᠰᠣᠭᠠᠷ᠂ ᠭᠤᠤᠯᠳᠠᠭᠤ ᠳᠣᠤᠷᠠᠬᠢ ᠠᠵᠢᠯ᠎ᠤᠳ᠎ᠢ ᠬᠢᠪᠡ

ᠨᠢᠭᠡ᠎ᠳᠤ ᠬᠤᠷᠸ᠎ᠠ ᠲᠣᠬᠢᠷᠠᠭᠤᠯᠤᠯᠳᠠ ᠡᠵᠡᠮᠳᠡᠯ᠎ᠤᠨ ᠡᠷᠴᠢᠮ᠎ᠢ ᠴᠢᠩᠭᠠᠷᠠᠭᠤᠯᠵᠤ᠂ ᠠᠵᠤ ᠠᠬᠤᠢ᠎ᠶ᠋ᠢᠨ ᠠᠵᠢᠯᠯᠠᠭᠠᠨ᠎ᠤ ᠦᠷᠭᠦᠯᠵᠢᠯᠡᠨ ᠰᠠᠢᠵᠢᠷᠠᠬᠤ᠎ᠶ᠋ᠢ ᠠᠬᠢᠭᠤᠯᠪᠠ

《ᠨᠡᠯᠦᠢᠯᠭᠡᠨ ᠤᠰᠤᠯᠠᠬᠤ》 ᠪᠠ ᠤᠬᠤᠷ ᠬᠤᠭᠤᠴᠠᠭᠠᠨ᠎ᠤ ᠴᠢᠩᠭ᠎ᠠ ᠰᠡᠳᠦᠯᠳᠡ ᠥᠭ᠌ᠭᠦ ᠵᠢ ᠲᠡᠪᠴᠢᠪᠡ

ᠬᠦᠴᠦᠲᠡᠶ ᠪᠥᠭᠡᠳ ᠪᠦᠲᠦᠮᠵᠢᠲᠡᠶ ᠬᠠᠮ ᠲᠥᠷᠥ᠎ᠶ᠋ᠢᠨ ᠪᠣᠳᠣᠯᠭ᠎ᠠ᠎ᠶ᠋ᠢ ᠬᠡᠷᠡᠭ᠌ᠵᠢᠬᠦᠯᠪᠠ

ᠪᠦᠬᠦ᠌ ᠵᠢᠯ᠎ᠳᠤ ᠱᠢᠨ᠎ᠡ᠎ᠪᠠᠷ ᠨᠡᠮᠡᠭ᠌ᠳᠡᠭ᠌ᠰᠡᠨ ᠭᠠᠢᠯᠢ ᠰᠦᠢᠳᠭᠡᠯ᠎ᠤᠨ ᠬᠠᠷᠠᠭᠠᠯᠵᠠᠯ 2.2 ᠲᠦᠮᠡᠨ ᠳ᠋ᠦᠩᠱᠢᠭᠤᠷ ᠲᠥᠭᠦᠷᠢᠭ᠎ᠢ ᠳᠠᠪᠠᠪᠠ

1 ᠲᠦᠮᠡᠨ ᠳ᠋ᠦᠩᠱᠢᠭᠤᠷ ᠲᠥᠭᠦᠷᠢᠭ᠎ᠤᠨ ᠤᠯᠤᠰ᠎ᠤᠨ ᠵᠢᠭᠡᠯᠡᠯᠭᠡ᠎ᠶ᠋ᠢ ᠨᠡᠮᠡᠨ ᠲᠠᠷᠬᠠᠭᠠᠪᠠ

ᠬᠤᠶᠠᠷ᠎ᠲᠤ ᠱᠢᠨ᠎ᠡ᠎ᠶ᠋ᠢ ᠡᠭᠦᠳᠬᠦ᠌᠎ᠳᠤ ᠲᠦᠱᠢᠭ᠌ᠯᠡᠨ ᠠᠵᠤ ᠦᠢᠯᠡᠰ᠎ᠤᠨ ᠲᠡᠰ ᠳᠡᠪᠱᠢᠬᠦ᠌᠎ᠶ᠋ᠢ ᠬᠥᠲᠥᠯᠥᠨ ᠳᠠᠭᠠᠭᠤᠯᠵᠤ᠂ ᠬᠤᠳᠠ ᠬᠥᠳᠡᠭᠡ ᠣᠷᠣᠨ ᠪᠦᠰᠡ᠎ᠶ᠋ᠢᠨ ᠬᠥᠭ᠌ᠵᠢᠯᠲᠡ᠎ᠶ᠋ᠢᠨ ᠱᠢᠨ᠎ᠡ ᠬᠥᠳᠡᠯᠭᠡᠭ᠌ᠴᠢ ᠡᠨᠧᠷᠭᠢ᠎ᠶ᠋ᠢ ᠴᠢᠩᠭᠠᠷᠠᠭᠤᠯᠪᠠ

ᠠᠵᠤ ᠦᠢᠯᠡᠳᠪᠦᠷᠢ᠎ᠶ᠋ᠢᠨ ᠠᠵᠤ ᠠᠬᠤᠢᠯᠠᠯ᠎ᠤᠨ ᠠᠱᠢᠭ ᠬᠤᠨᠵᠢᠪᠣᠷᠢ ᠪᠠᠭᠤᠷᠠᠵᠤ ᠪᠠᠢᠭ᠍ᠰᠠᠨ᠎ᠠᠴᠠ᠎ᠪᠠᠨ ᠨᠡᠮᠡᠭ᠌ᠳᠡᠪᠡ

ᠲᠤᠭᠠᠴᠢᠯᠠᠬᠰᠠᠨ ᠠᠵᠤ ᠠᠬᠤᠶ ᠲᠦᠷᠭᠡᠨ ᠬᠥᠭ᠌ᠵᠢᠵᠦ᠍᠂ 5G ᠬᠡᠷᠡᠭ᠌ᠯᠡᠭ᠌ᠴᠢ᠎ᠶ᠋ᠢᠨ ᠲᠦᠭᠡᠮᠡᠯᠵᠢᠭ᠌ᠰᠡᠨ ᠨᠣᠷᠮ᠎ᠠ 50% ᠎ᠶ᠋ᠢ ᠳᠠᠪᠠᠪᠠ

ᠪᠠᠢᠩᠭᠤ ᠰᠠᠭᠤᠭ᠎ᠠ ᠬᠦᠮᠦᠨ ᠠᠮᠠ᠎ᠶ᠋ᠢᠨ ᠬᠤᠲᠠ ᠪᠠᠯᠭᠠᠰᠤᠵᠢᠯᠲᠠ᠎ᠶ᠋ᠢᠨ ᠨᠣᠷᠮ᠎ᠠ᠎ᠶ᠋ᠢ 66.2% ᠪᠣᠯᠲᠠᠯ᠎ᠠ ᠳᠡᠭᠡᠭ᠌ᠰᠢᠯᠡᠭᠦᠯᠪᠡ

ᠠᠮᠤ ᠪᠤᠳᠠᠭᠠᠨ᠎ᠤ ᠦᠢᠯᠡᠳᠪᠦᠷᠢᠯᠡᠯ᠎ᠤᠨ ᠴᠢᠳᠠᠪᠤᠷᠢ᠎ᠶ᠋ᠢ ᠮᠢᠩᠭᠠᠨ ᠳ᠋ᠦᠩᠱᠢᠭᠤᠷ ᠵᠢᠩ ᠨᠡᠮᠡᠭ᠌ᠳᠡᠬᠦᠯᠬᠦ᠌ ᠱᠢᠨ᠎ᠡ ᠨᠢᠭᠡ ᠡᠭᠡᠯᠵᠢ᠎ᠶ᠋ᠢᠨ ᠠᠵᠢᠯᠯᠠᠭ᠎ᠠ᠎ᠶ᠋ᠢ ᠬᠡᠷᠡᠭ᠌ᠵᠢᠭᠦᠯᠪᠡ

ᠭᠤᠷᠪᠠ᠎ᠳᠤ ᠥᠭᠡᠷᠡᠴᠢᠯᠡᠯᠲᠡ᠎ᠶ᠋ᠢ ᠭᠦᠨᠵᠡᠭᠡᠢᠷᠡᠭᠦᠯᠦᠨ ᠨᠡᠭᠡᠭᠡᠯᠲᠡ᠎ᠶ᠋ᠢ ᠥᠷᠭᠡᠳᠭᠡᠵᠦ᠍᠂ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ᠎ᠢ ᠦᠷᠭᠦᠯᠵᠢᠯᠡᠨ ᠰᠢᠯᠢᠳᠡᠭᠵᠢᠬᠦᠯᠪᠡ

ᠪᠦᠬᠦ᠌ ᠤᠯᠤᠰ᠎ᠤᠨ ᠨᠢᠭᠡᠳᠦᠯᠲᠡᠶ ᠲᠤᠮᠤ ᠵᠠᠬ᠎ᠠ ᠳᠡᠯᠭᠡᠭᠦᠷ᠎ᠢ ᠪᠦᠳᠦᠭᠡᠨ ᠪᠠᠢᠭᠤᠯᠬᠤ ᠶᠡᠷᠦᠩᠬᠡᠶ ᠠᠵᠢᠯ᠎ᠤᠨ ᠲᠦᠰᠤᠯ᠎ᠢ ᠨᠡᠢᠲᠡᠯᠡᠪᠡ᠂

ᠤᠯᠤᠰ᠎ᠤᠨ ᠥᠮᠴᠢᠯᠡᠯ᠎ᠤᠨ ᠠᠵᠤ ᠠᠬᠤᠢᠯᠠᠯ᠂ ᠠᠷᠠᠳ᠎ᠤᠨ ᠡᠵᠡᠩᠨᠡᠯᠳᠡ ᠵᠢᠨ ᠠᠵᠤ ᠠᠬᠤᠢᠯᠠᠯ᠂ ᠭᠠᠳᠠᠭᠠᠳᠤ ᠪᠡᠯᠡ᠎ᠶ᠋ᠢᠨ ᠠᠵᠤ ᠠᠬᠤᠢᠯᠠᠯ᠎ᠤᠨ ᠬᠥᠭ᠌ᠵᠢᠯᠲᠡ᠎ᠶ᠋ᠢ ᠳᠡᠮᠵᠢᠬᠦ᠌ ᠲᠥᠷᠥ᠎ᠶ᠋ᠢᠨ ᠪᠣᠳᠣᠯᠭ᠎ᠠ᠎ᠶ᠋ᠢ ᠲᠤᠰ ᠲᠤᠰ ᠭᠠᠷᠭᠠᠪᠠ

ᠴᠠᠬᠢᠯᠭᠠᠨ ᠮᠠᠱᠢᠨ ᠲᠡᠷᠭᠡ᠂ ᠯᠢᠲ᠋ᠢ ᠳ᠋ᠢᠶᠠᠨ ᡂᠢ᠂ ᠭᠡᠷᠡᠯᠴᠢ ᠴᠡᠨᠡᠭ᠎ᠤᠨ ᠦᠢᠯᠡᠳᠬᠦᠨ᠎ᠤ 《ᠱᠢᠨ᠎ᠡ ᠭᠤᠷᠪᠠᠨ ᠵᠦᠢᠯ》᠎ᠤ᠋ᠨ ᠭᠠᠳᠠᠭᠠᠳᠤ ᠭᠠᠷᠭᠠᠯᠲᠠ 30% ᠱᠢᠬᠠᠮ᠎ᠢᠶᠠᠷ ᠨᠡᠮᠡᠭ᠌ᠳᠡᠪᠠ

ᠲᠦᠷᠪᠡ᠎ᠳᠤ ᠠᠮᠢ ᠠᠬᠤᠢ᠎ᠣᠷᠴᠢᠨ ᠲᠤᠭᠤᠷᠢᠨ᠎ᠤ ᠬᠠᠮᠠᠭᠠᠯᠠᠯᠲᠠ ᠵᠠᠰᠠᠯᠲᠠ᠎ᠶ᠋ᠢ ᠴᠢᠩᠭᠠᠳᠭᠠᠵᠤ᠂ ᠬᠥᠭ᠌ᠵᠢᠯᠲᠡ᠎ᠶ᠋ᠢᠨ ᠠᠷᠭ᠎ᠠ ᠮᠠᠶᠢᠬ᠎ᠤᠨ ᠪᠤᠬᠢᠷᠳᠤᠯ ᠦᠭᠡᠢ ᠬᠤᠪᠢᠷᠠᠭᠤᠯᠤᠯᠳᠠ᠎ᠶ᠋ᠢ ᠲᠦᠷᠭᠡᠳᠭᠡᠪᠠ

ᠬᠦᠬᠡ ᠲᠡᠭ᠌ᠷᠢ᠂ ᠬᠦᠬᠡᠮᠳᠦᠭ ᠤᠰᠤ᠂ ᠴᠡᠪᠡᠷ ᠬᠦᠷᠦᠰᠦ᠎ᠶ᠋ᠢ ᠬᠠᠮᠠᠭᠠᠯᠠᠬᠤ ᠲᠠᠢᠯᠠᠯᠳᠤᠭᠠᠨ᠎ᠢ ᠦᠷᠭᠦᠯᠵᠢᠯᠡᠨ ᠰᠠᠢᠲᠤᠷ ᠬᠢᠪᠡ

ᠪᠤᠬᠢᠷᠳᠤᠯ ᠦᠭᠡᠢ ᠨᠡᠭᠦᠷᠡᠰᠦᠲᠥ᠋ᠷᠥᠭ᠌ᠴᠢ ᠪᠠᠭ᠎ᠠ ᠠᠵᠤ ᠥᠢᠯᠡᠰ᠎ᠤᠨ ᠬᠥᠭ᠌ᠵᠢᠯᠲᠡ᠎ᠶ᠋ᠢ ᠳᠡᠮᠵᠢᠬᠦ᠌ ᠲᠦᠷᠦ᠍᠎ᠶ᠋ᠢᠨ ᠪᠣᠳᠤᠯᠭ᠎ᠠ᠎ᠶ᠋ᠢ ᠲᠣᠭ᠍ᠲᠠᠭᠠᠪᠡ

ᠨᠡᠭᠦᠷᠡᠰᠦᠳᠦ᠋ᠷᠦᠭ᠌ᠴᠢ᠎ᠶ᠋ᠢᠨ ᠭᠠᠳᠠᠭ᠍ᠰᠢᠯᠠᠭᠤᠯᠤᠯᠳᠠ ᠤᠷᠬᠢᠯ ᠬᠡᠮᠵᠢᠭ᠌ᠳᠡᠯ᠎ᠳᠤ ᠬᠥᠷᠬᠦ᠌ ᠲᠤᠷᠱᠢᠯᠲᠠ᠎ᠶ᠋ᠢᠨ ᠲᠦᠷᠦᠭᠦᠥ ᠪᠦᠯᠦᠭ ᠬᠤᠳᠠ ᠪᠠ ᠬᠦᠷᠢᠶᠡᠯᠡᠩ ᠲᠣᠭᠤᠷᠢᠭ᠎ᠤᠨ ᠪᠦᠳᠦᠭᠡᠨ ᠪᠠᠢᠭᠤᠯᠤᠯᠲᠠ᠎ᠶ᠋ᠢ ᠡᠬᠢᠯᠡᠭᠦᠯᠪᠡ

ᠲᠠᠪᠤ᠎ᠳᠤ ᠠᠷᠠᠳ᠎ᠤᠨ ᠠᠮᠢᠳᠤᠷᠠᠯ᠎ᠤᠨ ᠪᠠᠲᠤᠯᠠᠭ᠎ᠠ᠎ᠶ᠋ᠢ ᠬᠦᠴᠦᠯᠡᠨ ᠰᠠᠢᠲᠤᠷ ᠠᠳᠭᠤᠵᠤ᠂ ᠨᠡᠢᠭᠡᠮ᠎ᠤᠨ ᠦᠢᠯᠡᠰ᠎ᠤᠨ ᠬᠥᠭ᠌ᠵᠢᠯᠲᠡ᠎ᠶ᠋ᠢ ᠠᠬᠢᠭᠤᠯᠪᠡ

ᠠᠵᠤ ᠠᠬᠤᠢᠯᠠᠯ᠎ᠤᠨ ᠠᠵᠢᠯ᠎ᠤᠨ ᠪᠠᠢᠷᠢ᠎ᠶ᠋ᠢ ᠲᠣᠭ᠍ᠲᠠᠪᠤᠷᠢᠵᠢᠭᠤᠯᠤᠨ ᠠᠵᠢᠯ᠎ᠤᠨ ᠪᠠᠢᠷᠢ᠎ᠶ᠋ᠢ ᠥᠷᠭᠡᠳᠭᠡᠬᠦ᠌᠎ᠶ᠋ᠢ ᠳᠡᠮᠵᠢᠬᠦ᠌ ᠲᠥᠷᠥ᠎ᠶ᠋ᠢᠨ ᠪᠣᠳᠣᠯᠭ᠎ᠠ᠎ᠶ᠋ᠢ ᠨᠡᠢᠲᠡᠯᠡᠪᠡ

ᠶᠠᠳᠠᠭᠤ᠎ᠠᠴᠠ ᠠᠩᠭᠢᠵᠢᠷᠠᠭ᠍ᠰᠠᠨ ᠬᠥᠮᠦᠨ ᠠᠮᠠ᠎ᠶ᠋ᠢᠨ ᠠᠵᠢᠯ ᠬᠦᠳᠡᠯᠮᠤᠷᠢ ᠬᠢᠬᠦ᠌ ᠬᠡᠪᠴᠢᠶ᠎ᠡ 3300 ᠲᠦᠮᠡ᠎ᠶ᠋ᠢ ᠳᠠᠪᠠᠪᠠ

ᠤᠯᠤᠰ᠎ᠤᠨ ᠰᠤᠷᠤᠯᠭ᠎ᠠ᠎ᠶ᠋ᠢᠨ ᠲᠡᠳᠬᠦᠮᠵᠢ᠎ᠶ᠋ᠢᠨ ᠵᠢᠭᠡᠯᠡᠯᠭᠡ᠎ᠶ᠋ᠢᠨ ᠪᠠᠷᠢᠮᠵᠢᠶ᠎ᠠ᠎ᠶ᠋ᠢ ᠳᠡᠭᠡᠭ᠌ᠰᠢᠯᠡᠭᠦᠯᠦᠨ ᠬᠦᠥ ᠮᠥᠩᠭᠦ᠎ᠶ᠋ᠢ᠎ᠨᠢ ᠪᠠᠭᠤᠷᠠᠭᠤᠯᠤᠭᠠᠳ 1100 ᠭᠠᠷᠤᠶ ᠲᠦᠮᠡᠨ ᠰᠤᠷᠤᠭ᠍ᠴᠢᠳ᠎ᠲᠤ ᠠᠱᠢᠭ ᠬᠦᠷᠲᠡᠭᠡᠪᠡ

ᠠᠵᠢᠯᠲᠠᠨ ᠠᠵᠢᠯᠴᠢᠨ᠎ᠤ ᠡᠮᠨᠡᠯᠭᠡ᠎ᠶ᠋ᠢᠨ ᠳᠠᠭᠠᠳᠭᠠᠯ᠎ᠤᠨ ᠡᠩ᠎ᠤᠨ ᠡᠭᠦᠳᠡᠨ ᠡᠮᠨᠡᠯᠭᠡ᠎ᠶ᠋ᠢᠨ ᠵᠠᠷᠤᠳᠠᠯ᠎ᠢ ᠨᠢᠭᠡᠳᠦᠯᠲᠡᠶ ᠲᠥᠯᠥᠪᠯᠡᠬᠦ᠌᠎ᠶ᠋ᠢ ᠬᠡᠷᠡᠭ᠌ᠵᠢᠭᠦᠯᠪᠡ

ᠵᠢᠷᠭᠤᠭ᠎ᠠ᠎ᠳᠤ ᠵᠠᠰᠠᠭ᠎ᠤᠨ ᠣᠷᠳᠣᠨ᠎ᠤ ᠪᠠᠢᠭᠤᠯᠤᠯᠲᠠ᠎ᠶ᠋ᠢ ᠪᠥᠬᠦ᠌ ᠲᠠᠯ᠎ᠠ᠎ᠪᠠᠷ ᠴᠢᠩᠭᠠᠳᠭᠠᠵᠤ᠂ ᠵᠠᠰᠠᠯᠲᠠ᠎ᠶ᠋ᠢᠨ ᠥᠢᠯᠡᠳᠥᠯ ᠴᠢᠳᠠᠪᠤᠷᠢ᠎ᠶ᠋ᠢ ᠶᠡᠭᠡ᠎ᠪᠠᠷ ᠳᠡᠭᠡᠭ᠌ᠰᠢᠯᠡᠭᠦᠯᠪᠡ

ᠨᠠᠮ᠎ᠤᠨ ᠲᠥᠪ ᠬᠤᠷᠢᠶᠠᠨ᠎ᠤ ᠱᠢᠢᠳᠪᠦᠷᠢᠲᠦ ᠪᠤᠳᠤᠯᠭ᠎ᠠ ᠪᠠᠢᠷᠢᠯᠠᠭᠤᠯᠤᠯᠲᠠ᠎ᠶ᠋ᠢ ᠲᠤᠭᠤᠱᠢᠯᠠᠭᠤᠯᠬᠤ᠎ᠶ᠋ᠢᠨ ᠰᠠᠢᠨ ᠬᠥᠢᠴᠡᠳᠭᠡᠭ᠌ᠴᠢ᠂ ᠥᠢᠯᠡᠳᠥᠯᠭᠡᠵᠢᠬᠦᠯᠥᠭ᠌ᠴᠢ᠂ ᠱᠢᠷᠭᠠᠭᠤ ᠠᠵᠢᠯᠯᠠᠭ᠍ᠴᠢ ᠪᠤᠯᠪᠠ

ᠰᠢ᠎ᠶ᠋ᠢᠨ ᠫᠢᠩ᠎ᠤᠨ ᠱᠢᠨ᠎ᠡ ᠴᠠᠭ ᠥᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ ᠲᠠᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠶ᠋ᠢ ᠰᠤᠷᠤᠯᠴᠠᠨ ᠲᠤᠭᠤᠱᠢᠯᠠᠭᠤᠯᠬᠤ ᠭᠤᠤᠯ ᠰᠡᠳᠦᠪᠲᠦ ᠬᠥᠮᠦᠵᠢᠯ᠎ᠢ ᠭᠦᠨᠵᠡᠭᠡᠶ ᠥᠷᠨᠢᠭᠦᠯᠪᠡ

ᠤᠯᠤᠰ ᠲᠥᠷᠥ᠎ᠶ᠋ᠢᠨ ᠪᠠᠢᠭᠤᠯᠤᠯᠲᠠ᠎ᠶ᠋ᠢ ᠲᠡᠷᠢᠭᠦᠨ ᠪᠠᠢᠷᠢᠨ᠎ᠳᠤ ᠲᠠᠯᠪᠢᠬᠤ᠎ᠶ᠋ᠢ ᠪᠠᠷᠢᠮᠲᠠᠯᠠᠵᠤ᠂ ᠵᠠᠰᠠᠭ᠎ᠤᠨ ᠣᠷᠳᠣᠨ᠎ᠤ ᠲᠤᠱᠢᠶᠠᠯ ᠬᠠᠷᠢᠭᠤᠴᠠᠯᠭ᠎ᠠ᠎ᠪᠠᠨ ᠭᠦᠢᠴᠡᠳᠭᠡᠬᠦ᠌ ᠴᠢᠳᠠᠪᠤᠷᠢ᠎ᠶ᠋ᠢ ᠪᠦᠬᠦ᠌ ᠲᠠᠯ᠎ᠠ᠎ᠪᠠᠷ ᠳᠡᠭᠡᠭ᠌ᠰᠢᠯᠡᠭᠦᠯᠪᠡ

ᠨᠢᠭᠡ ᠵᠢᠯ᠎ᠤᠨ ᠲᠤᠷᠰᠢ᠂ ᠳᠤᠮᠳᠠᠳᠤ ᠤᠯᠤᠰ᠎ᠤᠨ ᠣᠨᠴᠠᠯᠢᠭ ᠲᠠᠢ ᠲᠤᠮᠤ ᠤᠯᠤᠰ᠎ᠤᠨ ᠭᠠᠳᠠᠭᠠᠳᠤ ᠬᠠᠷᠢᠯᠴᠠᠭ᠎ᠠ᠎ᠶ᠋ᠢ ᠪᠦᠬᠦ᠌ ᠲᠠᠯ᠎ᠠ᠎ᠪᠠᠷ ᠠᠬᠢᠭᠤᠯᠪᠠ᠃ ᠲᠡᠷᠢᠭᠦᠯᠡᠭ᠌ᠴᠢ ᠰᠢ᠎ᠶ᠋ᠢᠨ ᠫᠢᠩ ᠵᠡᠷᠭᠡ ᠨᠠᠮ ᠪᠣᠯᠤᠨ ᠲᠦᠷᠦ᠍᠎ᠶ᠋ᠢᠨ ᠤᠳᠤᠷᠢᠳᠭᠤ ᠬᠥᠮᠦᠰ ᠤᠯᠠᠨ ᠤᠯᠤᠰ᠎ᠲᠤ ᠠᠢᠯᠴᠢᠯᠠᠯᠲᠠ ᠬᠢᠵᠦ᠍᠂ BRICS ᠎ᠤ᠋ᠨ ᠤᠯᠤᠰ᠎ᠤᠳ᠎ᠤᠨ ᠤᠳᠤᠷᠢᠳᠭᠤ ᠬᠥᠮᠦᠰ᠎ᠤᠨ ᠠᠭᠤᠯᠵᠠᠯᠲᠠ᠂ ᠠᠽᠢᠶ᠎ᠠ ᠲᠢᠪ ᠨᠣᠮᠣᠬᠠᠨ ᠳᠠᠯᠠᠢ᠎ᠶ᠋ᠢᠨ ᠣᠷᠣᠨ᠎ᠤ ᠠᠵᠤ ᠠᠬᠤᠢ᠎ᠶ᠋ᠢᠨ ᠬᠠᠮᠲᠤᠷᠠᠯᠴᠠᠭᠠᠨ᠎ᠤ ᠵᠣᠬᠢᠶᠠᠨ ᠪᠠᠢᠭᠤᠯᠤᠯᠲᠠ᠎ᠶ᠋ᠢᠨ ᠤᠳᠤᠷᠢᠳᠭᠤ ᠬᠥᠮᠦᠰ᠎ᠤᠨ ᠠᠯᠪᠠᠨ ᠶᠣᠰᠣᠨ᠎ᠤ ᠪᠤᠰᠤ ᠬᠤᠷᠠᠯᠳᠤᠭᠠᠨ᠂ ᠵᠡᠭᠦᠨ ᠠᠽᠢᠶ᠎ᠠ᠎ᠶ᠋ᠢᠨ ᠬᠠᠮᠲᠤᠷᠠᠯᠴᠠᠭᠠᠨ᠎ᠤ ᠤᠳᠤᠷᠢᠳᠭᠤ ᠬᠥᠮᠦᠰ᠎ᠤᠨ ᠱᠢᠷᠢᠰ ᠬᠤᠷᠠᠯᠳᠤᠭᠠᠨ ᠵᠡᠷᠭᠡ ᠤᠯᠠᠨ ᠲᠠᠯ᠎ᠠ᠎ᠶ᠋ᠢᠨ ᠪᠠ ᠬᠤᠶᠠᠷ ᠲᠠᠯ᠎ᠠ᠎ᠶ᠋ᠢᠨ ᠴᠢᠬᠤᠯᠠ ᠶᠡᠭᠡ ᠠᠵᠢᠯᠯᠠᠭ᠎ᠠ᠎ᠳᠤ ᠣᠷᠣᠯᠴᠠᠪᠠ᠃ ᠳᠤᠮᠳᠠᠳᠤ ᠤᠯᠤᠰ — ᠳᠤᠮᠳᠠᠳᠤ ᠠᠽᠢᠶ᠎ᠠ᠎ᠶ᠋ᠢᠨ ᠲᠦᠷᠦᠭᠦᠴᠦᠳ᠎ᠤᠨ ᠬᠤᠷᠠᠯ᠂ ᠭᠤᠷᠪᠠᠳᠤᠭᠠᠷ ᠬᠤᠭᠤᠴᠠᠭᠠᠨ᠎ᠤ 《ᠨᠢᠭᠡ ᠪᠦᠰᠡ ᠨᠢᠭᠡ ᠵᠠᠮ》᠎ᠤ᠋ᠨ ᠤᠯᠠᠨ ᠤᠯᠤᠰ᠎ᠤᠨ ᠬᠠᠮᠲᠤᠷᠠᠯᠴᠠᠭᠠᠨ᠎ᠤ ᠲᠦᠷᠦᠭᠦᠴᠦᠳ᠎ᠤᠨ ᠶᠠᠷᠢᠯᠴᠠᠭᠠᠨ᠎ᠤ ᠲᠠᠪᠴᠠᠩ ᠵᠡᠷᠭᠡ ᠴᠢᠬᠤᠯᠠ ᠶᠡᠭᠡ ᠡᠵᠡᠨ ᠲᠠᠯᠠᠪᠤᠷ᠎ᠤᠨ ᠭᠠᠳᠠᠭᠠᠳᠤ ᠬᠠᠷᠢᠯᠴᠠᠭᠠᠨ᠎ᠤ ᠠᠵᠢᠯᠯᠠᠭ᠎ᠠ᠎ᠶ᠋ᠢ ᠠᠮᠵᠢᠯᠲᠠᠲᠠᠶ ᠡᠷᠬᠢᠯᠡᠪᠡ᠃ ᠬᠥᠮᠦᠨ ᠲᠥᠷᠥᠯᠬᠢᠲᠡᠨ᠎ᠤ ᠬᠤᠪᠢ ᠵᠠᠶᠠᠭᠠᠨ᠎ᠤ ᠬᠠᠮᠲᠤ᠎ᠶ᠋ᠢᠨ ᠴᠣᠭ᠍ᠴᠠ᠎ᠶ᠋ᠢ ᠪᠠᠢᠭᠤᠯᠬᠤ᠎ᠶ᠋ᠢ ᠠᠬᠢᠭᠤᠯᠵᠤ᠂ ᠪᠦᠬᠦ᠌ ᠪᠥᠮᠪᠥᠷᠴᠡᠭ᠎ᠤᠨ ᠬᠥᠭ᠌ᠵᠢᠯᠲᠡ᠎ᠶ᠋ᠢᠨ ᠰᠠᠨᠠᠭᠠᠴᠢᠯᠠᠭ᠎ᠠ᠂ ᠪᠦᠬᠦ᠌ ᠪᠥᠮᠪᠥᠷᠴᠡᠭ᠎ᠤᠨ ᠠᠮᠤᠷ ᠲᠦᠪᠱᠢᠨ᠎ᠤ ᠰᠠᠨᠠᠭᠠᠴᠢᠯᠠᠭ᠎ᠠ᠂ ᠪᠦᠬᠦ᠌ ᠪᠥᠮᠪᠥᠷᠴᠡᠭ᠎ᠤᠨ ᠪᠣᠯᠪᠠᠰᠤᠨ᠎ᠤ ᠰᠠᠨᠠᠭᠠᠴᠢᠯᠠᠭ᠎ᠠ᠎ᠶ᠋ᠢ ᠨᠠᠢᠳᠠᠪᠤᠷᠢᠵᠢᠭᠤᠯᠵᠤ᠂ ᠪᠦᠬᠦ᠌ ᠪᠥᠮᠪᠥᠷᠴᠡᠭ᠎ᠤᠨ ᠬᠠᠨᠢᠲᠠᠨ᠎ᠤ ᠬᠠᠷᠢᠴᠠᠭ᠎ᠠ᠎ᠶ᠋ᠢ ᠭᠦᠨᠵᠡᠭᠡᠢᠷᠡᠭᠦᠯᠦᠨ ᠥᠷᠭᠡᠳᠭᠡᠵᠦ᠍᠂ ᠳᠡᠯᠡᠬᠡᠶ᠎ᠶ᠋ᠢᠨ ᠪᠠ ᠭᠠᠵᠠᠷ ᠣᠷᠣᠨ᠎ᠤ ᠬᠠᠯᠠᠮᠰᠢᠯ ᠠᠰᠠᠭᠤᠳᠠᠯ᠎ᠢ ᠱᠢᠢᠳᠪᠦᠷᠢᠯᠡᠬᠦ᠌ ᠳᠤᠮᠳᠠ ᠢᠳᠡᠪᠬᠢᠲᠡᠶ ᠪᠦᠲᠦᠭᠡᠯᠴᠢ ᠴᠢᠨᠠᠷᠲᠠᠶ ᠥᠢᠯᠡᠳᠦᠯ ᠪᠠᠳᠠᠷᠠᠭᠤᠯᠪᠠ᠃ ᠳᠤᠮᠳᠠᠳᠤ ᠤᠯᠤᠰ ᠳᠡᠯᠡᠬᠡᠶ᠎ᠶ᠋ᠢᠨ ᠡᠩᠭᠡ ᠲᠠᠢᠪᠤᠩ ᠪᠠ ᠬᠥᠭ᠌ᠵᠢᠯᠲᠡ᠎ᠶ᠋ᠢ ᠠᠬᠢᠭᠤᠯᠬᠤ᠎ᠳᠤ ᠴᠢᠬᠤᠯᠠ ᠬᠤᠪᠢ ᠨᠡᠮᠡᠷᠢ ᠦᠵᠡᠭᠦᠯᠪᠡ᠃

ᠥᠩᠭᠡᠷᠡᠭ᠌ᠰᠡᠨ ᠨᠢᠭᠡ ᠵᠢᠯ᠎ᠳᠤ ᠣᠯᠤᠭ᠍ᠰᠠᠨ ᠠᠮᠵᠢᠯᠲᠠ ᠪᠦᠲᠦᠮᠵᠢ᠎ᠶ᠋ᠢᠨ ᠥᠨᠳᠥᠰᠥᠨ ᠱᠢᠯᠳᠠᠭᠠᠨ᠎ᠨᠢ ᠶᠡᠷᠦᠩᠬᠡᠢ ᠱᠦᠵᠢ ᠰᠢ᠎ᠶ᠋ᠢᠨ ᠫᠢᠩ᠎ᠤᠨ ᠠᠶᠠᠯᠠᠯ ᠵᠠᠮᠴᠢᠯᠠᠨ ᠴᠢᠭ᠌ᠯᠡᠯ᠎ᠢ ᠡᠵᠡᠮᠳᠡᠭ᠌ᠰᠡᠨ᠎ᠳᠤ ᠪᠤᠢ᠂ ᠰᠢ᠎ᠶ᠋ᠢᠨ ᠫᠢᠩ᠎ᠤᠨ ᠱᠢᠨ᠎ᠡ ᠴᠠᠭ ᠥᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ ᠲᠠᠢ ᠨᠡᠢᠭᠡᠮ ᠵᠢᠷᠤᠮ᠎ᠤᠨ ᠦᠵᠡᠯ ᠰᠠᠨᠠᠭᠠᠨ᠎ᠤ ᠱᠢᠨᠵᠢᠯᠡᠬᠦ᠌ ᠤᠬᠠᠭᠠᠨᠴᠢ ᠵᠢᠯᠤᠭᠤᠳᠤᠯᠭ᠎ᠠ᠎ᠳᠤ ᠪᠤᠢ᠂ ᠲᠡᠷᠡ᠎ᠨᠢ ᠰᠢ᠎ᠶ᠋ᠢᠨ ᠫᠢᠩ ᠨᠥᠬᠦᠷ᠎ᠢᠶᠠᠷ ᠭᠤᠣᠯ ᠪᠤᠯᠭᠠᠭᠰᠠᠨ ᠨᠠᠮ᠎ᠤᠨ ᠲᠥᠪ ᠬᠤᠷᠢᠶᠠᠨ᠎ᠤ ᠪᠠᠲᠤ ᠴᠢᠩᠭ᠎ᠠ ᠤᠳᠤᠷᠢᠳᠤᠭ᠍ᠰᠠᠨ᠎ᠤ ᠦᠷ᠎ᠡ ᠳ᠋ᠦᠩ ᠮᠥᠨ᠂ ᠪᠦᠬᠦ᠌ ᠨᠠᠮ ᠪᠦᠬᠦ᠌ ᠴᠡᠷᠢᠭ ᠪᠦᠬᠦ᠌ ᠤᠯᠤᠰ᠎ᠤᠨ ᠦᠨᠳᠦᠰᠦᠲᠡᠨ᠎ᠨᠦᠭᠦᠳ᠎ᠤᠨ ᠠᠷᠠᠳ ᠲᠦᠮᠡᠨ ᠪᠦᠯᠬᠦᠮᠳᠡᠨ ᠲᠡᠮᠡᠴᠡᠭ᠌ᠰᠡᠨ᠎ᠤ ᠦᠷ᠎ᠡ ᠳ᠋ᠦᠩ ᠮᠥᠨ᠃


2024 ᠣᠨ᠎ᠤ ᠠᠵᠤ ᠠᠬᠤᠢ ᠨᠡᠢᠭᠡᠮ᠎ᠤᠨ ᠬᠥᠭᠵᠢᠯᠲᠡ᠎ᠶᠢᠨ ᠶᠡᠷᠦᠩᠬᠡᠢ ᠱᠠᠭᠠᠷᠳᠠᠯᠭ᠎ᠠ ᠪᠠ ᠲᠦᠷᠦ᠎ᠶᠢᠨ ᠪᠣᠳᠣᠯᠭ᠎ᠠ᠎ᠶᠢᠨ ᠬᠠᠨᠳᠤᠰᠢ

ᠡᠨᠡ ᠵᠢᠯ ᠪᠣᠯ ᠪᠥᠬᠦᠳᠡ ᠨᠠᠢᠷᠠᠮᠳᠠᠬᠤ ᠳᠤᠮᠳᠠᠳᠤ ᠠᠷᠠᠳ ᠤᠯᠤᠰ ᠪᠠᠢᠭᠤᠯᠤᠭᠳᠠᠭᠰᠠᠨ 75 ᠵᠢᠯ᠎ᠤᠨ ᠤᠢ ᠪᠤᠯᠤᠨ᠎ᠠ᠂ ᠠᠷᠪᠠᠨ ᠳᠥᠷᠪᠡᠳᠦᠭᠡᠷ ᠲᠠᠪᠤᠨ ᠵᠢᠯ᠎ᠤᠨ ᠲᠥᠯᠦᠪᠵᠢᠭᠦᠯᠭᠡ᠎ᠶᠢᠨ ᠬᠠᠷᠠᠯᠲᠠ ᠡᠭᠦᠷᠭᠡ᠎ᠶᠢ ᠪᠡᠶᠡᠯᠡᠭᠦᠯᠬᠦ ᠵᠠᠩᠭᠢᠯᠠᠭ᠎ᠠ᠎ᠶᠢᠨ ᠨᠢᠭᠡ ᠵᠢᠯ ᠮᠥᠨ᠃ ᠵᠠᠰᠠᠭ᠎ᠤᠨ ᠣᠷᠳᠣᠨ᠎ᠤ ᠠᠵᠢᠯ ᠎ᠢ ᠰᠠᠢᠲᠤᠷ ᠬᠢᠬᠦ᠎ᠳᠤ᠂ ᠰᠢ᠎ᠶᠢᠨ ᠫᠢᠩ ᠨᠥᠬᠥᠷ᠎ᠢᠶᠠᠷ ᠭᠣᠣᠯ ᠪᠤᠯᠭᠠᠭᠰᠠᠨ ᠨᠠᠮ᠎ᠤᠨ ᠲᠥᠪ ᠬᠣᠷᠢᠶᠠᠨ᠎ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠰᠢ᠎ᠶᠢᠨ ᠫᠢᠩ ᠤ᠋ᠨ ᠰᠢᠨ᠎ᠡ ᠴᠠᠭ ᠦᠶ᠎ᠡ᠎ᠶᠢᠨ ᠳᠤᠮᠳᠠᠳᠤ ᠤᠯᠤᠰ᠎ᠤᠨ ᠣᠨᠴᠠᠯᠢᠭ᠋ ᠲᠠᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠣᠭᠣᠳᠤᠯᠭ᠎ᠠ ᠪᠣᠯᠭᠠᠨ᠂ ᠨᠠᠮ᠎ᠤᠨ ᠬᠣᠷᠢᠳᠤᠭᠠᠷ ᠶᠡᠬᠡ ᠬᠤᠷᠠᠯ ᠪᠠ ᠬᠣᠷᠢᠳᠤᠭᠠᠷ ᠬᠤᠭᠤᠴᠠᠭᠠᠨ᠎ᠤ ᠲᠥᠪ ᠬᠣᠷᠢᠶᠠᠨ᠎ᠤ ᠬᠣᠶᠠᠳᠤᠭᠠᠷ ᠪᠥᠬᠦᠳᠡ ᠬᠤᠷᠠᠯ᠎ᠤᠨ ᠵᠣᠷᠢᠭ᠋ ᠰᠠᠨᠠᠭ᠎ᠠ ᠎ᠶᠢ ᠪᠦᠬᠦ ᠲᠠᠯ᠎ᠠ᠎ᠪᠠᠷ ᠲᠤᠭᠤᠰᠢᠯᠠᠭᠤᠯᠤᠨ ᠨᠠᠢᠳᠠᠪᠤᠷᠢᠵᠢᠭᠤᠯᠵᠤ᠂ ᠲᠥᠪ᠎ᠤᠨ ᠠᠵᠤ ᠠᠬᠤᠢ᠎ᠶᠢᠨ ᠠᠵᠢᠯ᠎ᠤᠨ ᠬᠤᠷᠠᠯ᠎ᠤᠨ ᠪᠠᠢᠷᠢᠯᠠᠭᠤᠯᠤᠯᠲᠠ ᠶᠣᠰᠣᠭᠠᠷ᠂ ᠲᠣᠭᠲᠠᠭᠤᠨ ᠎ᠤ ᠲᠤᠮᠳᠠ ᠤᠷᠤᠭᠰᠢᠯᠠᠭᠤᠯᠬᠤ ᠠᠵᠢᠯ᠎ᠤᠨ ᠶᠡᠷᠦᠩᠬᠡᠢ ᠬᠥᠭ ᠠᠶᠠᠰ᠎ᠢ ᠪᠠᠷᠢᠮᠲᠠᠯᠠᠵᠤ᠂ ᠰᠢᠨ᠎ᠡ ᠬᠥᠭᠵᠢᠯᠲᠡ᠎ᠶᠢᠨ ᠣᠢᠯᠠᠭᠠᠭᠳᠠᠬᠤᠨ᠎ᠢ ᠪᠦᠷᠢᠨ ᠪᠦᠲᠦᠨ᠂ ᠣᠨᠣᠪᠴᠢᠲᠠᠶ᠂ ᠪᠦᠬᠦ ᠲᠠᠯ᠎ᠠ᠎ᠪᠠᠷ ᠲᠤᠭᠤᠰᠢᠯᠠᠭᠤᠯᠤᠨ᠂ ᠰᠢᠨ᠎ᠡ ᠬᠥᠭᠵᠢᠯᠲᠡ᠎ᠶᠢᠨ ᠪᠠᠢᠷᠢᠰᠢᠯ᠎ᠢ ᠲᠦᠷᠭᠡᠳᠭᠡᠨ ᠪᠠᠢᠭᠤᠯᠵᠤ᠂ ᠴᠢᠨᠠᠷ ᠰᠠᠢᠲᠠᠢ ᠬᠥᠭᠵᠢᠯᠲᠡ᠎ᠶᠢ ᠬᠦᠴᠦᠯᠡᠨ ᠠᠬᠢᠭᠤᠯᠵᠤ᠂ ᠥᠭᠡᠷᠡᠴᠢᠯᠡᠯᠲᠡ ᠨᠡᠭᠡᠭᠡᠯᠲᠡ᠎ᠶᠢ ᠪᠦᠬᠦ ᠲᠠᠯ᠎ᠠ᠎ᠪᠠᠷ ᠭᠦᠨᠵᠡᠭᠡᠢᠷᠡᠭᠦᠯᠦᠨ᠂ ᠥᠨᠳᠥᠷ ᠲᠦᠪᠰᠢᠨ ᠪᠦᠬᠦᠢ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠢ ᠪᠡᠶ᠎ᠡ᠎ᠪᠠᠨ ᠳᠠᠭᠠᠭᠠᠵᠤ ᠬᠦᠴᠦᠷᠬᠡᠭᠵᠢᠭᠦᠯᠬᠦ᠎ᠶᠢ ᠠᠬᠢᠭᠤᠯᠵᠤ᠂ ᠬᠣᠷᠸ᠎ᠠ ᠲᠣᠬᠢᠷᠠᠭᠤᠯᠤᠯᠳᠠ ᠡᠵᠡᠮᠳᠡᠯ᠎ᠤᠨ ᠡᠷᠴᠢᠮ᠎ᠢᠶᠠᠨ ᠴᠢᠩᠭᠠᠷᠠᠭᠤᠯᠤᠨ᠂ ᠳᠣᠲᠣᠭᠠᠳᠤ ᠬᠡᠷᠡᠭᠴᠡᠭᠡ᠎ᠶᠢ ᠥᠷᠭᠡᠳᠬᠡᠬᠦ ᠪᠠ ᠬᠠᠩᠭᠠᠯᠭ᠎ᠠ᠎ᠶᠢᠨ ᠲᠠᠯ᠎ᠠ᠎ᠶᠢᠨ ᠪᠦᠲᠦᠴᠡ᠎ᠶᠢᠨ ᠴᠢᠨᠠᠷᠲᠠᠢ ᠥᠭᠡᠷᠡᠴᠢᠯᠡᠯᠲᠡ᠎ᠶᠢ ᠭᠦᠨᠵᠡᠭᠡᠢᠷᠡᠭᠦᠯᠬᠦ᠎ᠶᠢ ᠨᠢᠭᠡᠳᠦᠯᠲᠡᠢ ᠲᠥᠯᠥᠪᠯᠡᠵᠦ᠂ ᠰᠢᠨ᠎ᠡ ᠬᠡᠯᠪᠡᠷᠢ᠎ᠶᠢᠨ ᠬᠤᠲᠠ ᠪᠠᠯᠭᠠᠰᠤᠵᠢᠯᠲᠠ ᠪᠠ ᠬᠥᠳᠡᠭᠡ ᠲᠣᠰᠬᠤᠨ᠎ᠢ ᠪᠦᠬᠦ ᠲᠠᠯ᠎ᠠ᠎ᠪᠠᠷ ᠬᠥᠭᠵᠢᠭᠦᠯᠦᠨ ᠮᠠᠨᠳᠤᠭᠤᠯᠬᠤ᠎ᠶᠢ ᠨᠢᠭᠡᠳᠦᠯᠲᠡᠢ ᠲᠥᠯᠥᠪᠯᠡᠵᠦ᠂ ᠴᠢᠨᠠᠷ ᠰᠠᠢᠲᠠᠢ ᠬᠥᠭᠵᠢᠯᠲᠡ ᠪᠠ ᠥᠨᠳᠥᠷ ᠲᠦᠪᠰᠢᠨ ᠪᠦᠬᠦᠢ ᠠᠮᠤᠷ ᠲᠦᠪᠰᠢᠨ᠎ᠢ ᠨᠢᠭᠡᠳᠦᠯᠲᠡᠢ ᠲᠥᠯᠥᠪᠯᠡᠵᠦ᠂ ᠠᠵᠤ ᠠᠬᠤᠢ᠎ᠶᠢᠨ ᠠᠮᠢᠵᠢᠷᠠᠯ᠎ᠤᠨ ᠬᠦᠴᠦᠨ᠎ᠢ ᠦᠨᠡᠨ ᠬᠦ᠌ ᠨᠡᠮᠡᠭᠳᠡᠭᠦᠯᠦᠨ᠂ ᠠᠶᠤᠯ ᠲᠦᠭᠰᠢᠭᠦᠷᠢ᠎ᠶᠢ ᠦᠨᠡᠨ ᠬᠦ᠌ ᠰᠡᠷᠭᠡᠢᠯᠡᠨ ᠠᠷᠢᠯᠭᠠᠵᠤ᠂ ᠨᠡᠢᠭᠡᠮ᠎ᠤᠨ ᠵᠢᠱ᠌ᠢᠯᠲᠡ᠎ᠶᠢ ᠦᠨᠡᠨ ᠬᠦ᠌ ᠰᠠᠢᠵᠢᠷᠠᠭᠤᠯᠤᠨ᠂ ᠠᠵᠤ ᠠᠬᠤᠢ᠎ᠶᠢᠨ ᠰᠡᠷᠭᠦᠨ ᠰᠠᠢᠵᠢᠷᠠᠬᠤ ᠬᠠᠨᠳᠤᠰᠢ᠎ᠶᠢ ᠪᠠᠲᠤᠳᠬᠠᠨ ᠴᠢᠩᠭᠠᠷᠠᠭᠤᠯᠵᠤ᠂ ᠠᠵᠤ ᠠᠬᠤᠢ᠎ᠶᠢᠨ ᠶᠠᠰᠤ ᠴᠢᠨᠠᠷ᠎ᠤᠨ ᠪᠦᠲᠦᠮᠵᠢᠲᠡᠶ ᠳᠡᠭᠡᠭᠰᠢᠯᠡᠯᠲᠡ ᠪᠠ ᠲᠣᠭ᠎ᠠ ᠬᠡᠮᠵᠢᠶᠡᠨ᠎ᠤ ᠵᠦᠢ ᠵᠣᠬᠢᠰᠲᠠᠢ ᠨᠡᠮᠡᠭᠳᠡᠯ᠎ᠢ ᠦᠷᠭᠦᠯᠵᠢᠯᠡᠨ ᠠᠬᠢᠭᠤᠯᠵᠤ᠂ ᠠᠷᠠᠳ᠎ᠤᠨ ᠠᠮᠢᠳᠤᠷᠠᠯ᠎ᠤᠨ ᠠᠵᠠ ᠵᠢᠷᠭᠠᠯ᠎ᠢ ᠨᠡᠮᠡᠭᠳᠡᠭᠦᠯᠵᠦ᠂ ᠨᠡᠢᠭᠡᠮ᠎ᠤᠨ ᠲᠣᠭᠲᠠᠭᠤᠨ ᠪᠠᠢᠳᠠᠯ᠎ᠢ ᠪᠠᠲᠤᠯᠠᠵᠤ᠂ ᠳᠤᠮᠳᠠᠳᠤ ᠤᠯᠤᠰ᠎ᠤᠨ ᠮᠠᠶᠢᠭ᠋᠎ᠤᠨ ᠣᠳᠣᠬᠢᠴᠢᠯᠠᠯᠲᠠ᠎ᠪᠠᠷ ᠬᠦᠴᠦᠷᠬᠡᠭ ᠤᠯᠤᠰ᠎ᠤᠨ ᠪᠦᠲᠦᠭᠡᠨ ᠪᠠᠢᠭᠤᠯᠤᠯᠲᠠ᠂ ᠦᠨᠳᠦᠰᠦᠲᠡᠨ᠎ᠤ ᠰᠡᠷᠭᠦᠨ ᠮᠠᠨᠳᠤᠯᠲᠠ᠎ᠶᠢᠨ ᠠᠤᠭ᠎ᠠ ᠦᠢᠯᠡᠰ᠎ᠢ ᠪᠦᠬᠦ ᠲᠠᠯ᠎ᠠ᠎ᠪᠠᠷ ᠠᠬᠢᠭᠤᠯᠬᠤ ᠬᠡᠷᠡᠭᠲᠡᠢ᠃

ᠶᠡᠷᠦᠩᠬᠡᠢᠯᠡᠨ ᠵᠠᠳᠠᠯᠵᠤ ᠰᠤᠳᠤᠯᠤᠨ ᠮᠠᠭᠠᠳᠯᠠᠪᠠᠯ᠂ ᠡᠨᠡ ᠵᠢᠯ᠎ᠤᠨ ᠮᠠᠨ᠎ᠤ ᠤᠯᠤᠰ᠎ᠤᠨ ᠬᠥᠭᠵᠢᠯᠲᠡ᠎ᠳᠤ ᠲᠤᠯᠭᠠᠷᠠᠵᠤ ᠪᠠᠢᠭ᠎ᠠ ᠣᠷᠴᠢᠨ ᠨᠥᠬᠥᠴᠡᠯ ᠮᠥᠨ ᠬᠦ᠌ ᠪᠠᠢᠯᠳᠤᠬᠤ ᠪᠣᠳᠣᠯᠭ᠎ᠠ᠎ᠶᠢᠨ ᠠᠵᠠ ᠲᠣᠬᠢᠶᠠᠯ ᠪᠠ ᠲᠦᠭᠰᠢᠭᠦᠷᠢ ᠰᠢᠯᠭᠠᠯᠲᠠ ᠵᠡᠷᠭᠡ᠎ᠪᠠᠷ ᠣᠷᠣᠰᠢᠵᠤ᠂ ᠠᠰᠢᠭ᠍ᠲᠠᠢ ᠨᠥᠬᠥᠴᠡᠯ ᠨᠢ ᠠᠰᠢᠭ᠋ ᠦᠭᠡᠢ ᠬᠦᠴᠦᠨ ᠵᠦᠢᠯ᠎ᠠᠴᠠ ᠢᠯᠡᠭᠦᠦ ᠪᠠᠢᠨ᠎ᠠ᠃ ᠮᠠᠨ᠎ᠤ ᠤᠯᠤᠰ᠎ᠲᠤ ᠢᠯᠡ ᠲᠣᠳᠣ᠌ ᠪᠠᠢᠭᠤᠯᠤᠯ᠎ᠤᠨ ᠳᠠᠪᠠᠭᠤᠯᠢᠭ᠋᠂ ᠬᠡᠲᠦ ᠶᠡᠬᠡ ᠬᠡᠪᠴᠢᠶᠡᠨ᠎ᠤ ᠵᠠᠬ᠎ᠠ ᠳᠡᠯᠭᠡᠭᠦᠷ᠎ᠤᠨ ᠳᠠᠪᠠᠭᠤᠯᠢᠭ᠋᠂ ᠠᠵᠤ ᠦᠢᠯᠡᠰ᠎ᠤᠨ ᠰᠢᠰᠲᠧᠮ ᠪᠦᠷᠢᠨ ᠲᠥᠬᠥᠷ ᠪᠠᠢᠳᠠᠭ ᠬᠠᠩᠭᠠᠯᠭ᠎ᠠ᠎ᠶᠢᠨ ᠳᠠᠪᠠᠭᠤᠯᠢᠭ᠋᠂ ᠬᠡᠪ ᠴᠢᠨᠠᠷ ᠰᠠᠢᠲᠠᠢ ᠬᠥᠳᠡᠯᠮᠦᠷᠢᠴᠢᠨ ᠣᠯᠠᠨ ᠪᠠᠢᠳᠠᠭ ᠴᠢᠳᠠᠪᠤᠷᠢᠲᠠᠨ᠎ᠤ ᠳᠠᠪᠠᠭᠤᠯᠢᠭ᠋᠎ᠲᠠᠢ ᠪᠠᠢᠵᠤ᠂ ᠮᠠᠨ᠎ᠤ ᠤᠯᠤᠰ᠎ᠤᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠤᠨ ᠰᠢᠨ᠎ᠡ᠎ᠶᠢ ᠡᠭᠦᠳᠬᠦ ᠴᠢᠳᠠᠪᠤᠷᠢ ᠦᠷᠭᠦᠯᠵᠢᠯᠡᠨ ᠳᠡᠭᠡᠭᠰᠢᠯᠡᠵᠦ᠂ ᠰᠢᠨ᠎ᠡ ᠠᠵᠤ ᠦᠢᠯᠡᠰ᠂ ᠰᠢᠨ᠎ᠡ ᠬᠡᠪ ᠵᠠᠭᠪᠤᠷ᠂ ᠰᠢᠨ᠎ᠡ ᠬᠥᠳᠡᠯᠭᠡᠭᠴᠢ ᠡᠨᠧᠷᠭᠢ ᠲᠦᠷᠭᠡᠰᠦᠨ ᠪᠤᠵᠠᠭᠠᠢᠷᠠᠵᠤ᠂ ᠬᠥᠭᠵᠢᠯᠲᠡ᠎ᠶᠢᠨ ᠳᠣᠲᠣᠭᠠᠳᠤ ᠬᠥᠳᠡᠯᠭᠡᠭᠴᠢ ᠬᠦᠴᠦᠨ ᠲᠠᠰᠤᠷᠠᠯᠲᠠ ᠦᠭᠡᠢ ᠬᠤᠷᠠᠮᠳᠤᠨ᠂ ᠠᠵᠤ ᠠᠬᠤᠢ ᠰᠡᠷᠭᠦᠨ ᠰᠠᠢᠵᠢᠷᠠᠵᠤ᠂ ᠤᠷᠲᠤ ᠬᠤᠭᠤᠴᠠᠭ᠎ᠠ᠎ᠪᠠᠷ ᠰᠠᠢᠵᠢᠷᠠᠬᠤ ᠦᠨᠳᠦᠰᠦᠨ ᠬᠠᠨᠳᠤᠰᠢ ᠬᠤᠪᠢᠷᠠᠭ᠎ᠠ ᠦᠭᠡᠢ ᠪᠥᠭᠡᠳ ᠬᠤᠪᠢᠷᠠᠬᠤ ᠴᠤ᠌ ᠦᠭᠡᠢ ᠶᠤᠮ᠂ ᠡᠢᠮᠦ᠎ᠠᠴᠠ ᠡᠷᠬᠡᠪᠰᠢ ᠢᠲᠡᠭᠡᠯ ᠵᠣᠷᠢᠭ᠋ ᠪᠠ ᠢᠳᠡ ᠬᠦᠴᠦᠨ᠎ᠢᠶᠠᠨ ᠴᠢᠩᠭᠠᠳᠬᠠᠬᠤ ᠬᠡᠷᠡᠭᠲᠡᠢ᠃

ᠡᠨᠡ ᠵᠢᠯ᠎ᠤᠨ ᠬᠥᠭᠵᠢᠯᠲᠡ᠎ᠶᠢᠨ ᠭᠣᠣᠯ ᠵᠢᠱ᠌ᠢᠭᠰᠡᠨ ᠬᠠᠷᠠᠯᠲᠠ

ᠤᠯᠤᠰ᠎ᠤᠨ ᠳᠣᠲᠣᠭᠠᠳᠤ᠎ᠶᠢᠨ ᠦᠢᠯᠡᠳᠪᠦᠷᠢᠯᠡᠯ᠎ᠤᠨ ᠶᠡᠷᠦᠩᠬᠡᠢ ᠦᠷᠲᠡᠭ᠎ᠢ 5% ᠣᠷᠴᠢᠮ ᠨᠡᠮᠡᠭᠳᠡᠭᠦᠯᠦᠨ᠎ᠡ

ᠬᠤᠳᠠ ᠪᠠᠯᠭᠠᠰᠤᠨ᠎ᠳᠤ ᠠᠵᠢᠯ ᠣᠯᠣᠭᠰᠠᠨ ᠬᠥᠮᠥᠨ᠎ᠢ 1200 ᠲᠦᠮᠡ᠎ᠠᠴᠠ ᠳᠡᠭᠡᠭᠰᠢ ᠰᠢᠨ᠎ᠡ᠎ᠪᠠᠷ ᠨᠡᠮᠡᠭᠳᠡᠭᠦᠯᠤᠨ᠎ᠠ

ᠬᠤᠳᠠ ᠪᠠᠯᠭᠠᠰᠤᠨ᠎ᠤ ᠪᠠᠢᠴᠠᠭᠠᠭᠰᠠᠨ ᠠᠵᠢᠯ ᠠᠯᠳᠠᠯᠲᠠ᠎ᠶᠢᠨ ᠨᠤᠷᠮ᠎ᠠ᠎ᠶᠢ 5.5% ᠣᠷᠴᠢᠮ ᠪᠠᠢᠯᠭᠠᠨ᠎ᠠ

ᠰᠠᠭᠤᠭᠠᠯᠢ ᠠᠷᠠᠳ᠎ᠤᠨ ᠬᠡᠷᠡᠭᠯᠡᠭᠡ᠎ᠶᠢᠨ ᠦᠨ᠎ᠡ᠎ᠶᠢᠨ ᠥᠰᠦᠯᠲᠡ᠎ᠶᠢᠨ ᠬᠡᠮᠵᠢᠶ᠎ᠡ᠎ᠶᠢ 3% ᠣᠷᠴᠢᠮ ᠪᠠᠢᠯᠭᠠᠨ᠎ᠠ

ᠰᠠᠭᠤᠭᠠᠯᠢ ᠠᠷᠠᠳ᠎ᠤᠨ ᠣᠷᠣᠯᠭ᠎ᠠ᠎ᠶᠢᠨ ᠨᠡᠮᠡᠭᠳᠡᠯ ᠪᠣᠯᠣᠨ ᠠᠵᠤ ᠠᠬᠤᠢ᠎ᠶᠢᠨ ᠨᠡᠮᠡᠭᠳᠡᠯ᠎ᠢ ᠵᠢᠭᠳᠡ ᠪᠠᠢᠯᠭᠠᠨ᠎ᠠ

ᠤᠯᠤᠰ᠎ᠤᠨ ᠬᠤᠭᠤᠷᠣᠨᠳᠣᠬᠢ ᠣᠷᠣᠯᠭ᠎ᠠ ᠵᠠᠷᠤᠯᠭ᠎ᠠ᠎ᠶᠢ ᠦᠨᠳᠦᠰᠦᠨ᠎ᠳᠡᠭᠡᠨ ᠲᠡᠩᠴᠡᠭᠦᠷᠢᠲᠡᠢ ᠪᠠᠢᠯᠭᠠᠨ᠎ᠠ

ᠠᠮᠤ ᠪᠤᠳᠠᠭᠠᠨ᠎ᠤ ᠤᠨᠠᠯᠳᠠ᠎ᠶᠢ 1.3 ᠲᠦᠮᠡᠨ ᠳ᠋ᠦᠩᠰᠢᠭᠤᠷ ᠵᠢᠩ᠎ᠠᠴᠠ ᠳᠡᠭᠡᠭᠰᠢ ᠪᠠᠢᠯᠭᠠᠨ᠎ᠠ

ᠨᠢᠭᠡᠴᠢ ᠤᠯᠤᠰ᠎ᠤᠨ ᠳᠣᠲᠣᠭᠠᠳᠤ᠎ᠶᠢᠨ ᠦᠢᠯᠡᠳᠪᠦᠷᠢᠯᠡᠯ᠎ᠤᠨ ᠶᠡᠷᠦᠩᠬᠡᠢ ᠦᠷᠲᠡᠭ᠎ᠤᠨ ᠡᠨᠧᠷᠭᠢ᠎ᠶᠢᠨ ᠬᠣᠷᠣᠭᠳᠠᠭᠤᠯᠤᠯ᠎ᠢ 2.5% ᠣᠷᠴᠢᠮ᠎ᠢᠶᠠᠷ ᠪᠠᠭᠤᠷᠠᠭᠤᠯᠵᠤ᠂ ᠠᠮᠢ ᠠᠬᠤᠢ᠎ᠤᠷᠴᠢᠨ ᠲᠤᠭᠤᠷᠢᠨ᠎ᠤ ᠶᠠᠰᠤ ᠴᠢᠨᠠᠷ᠎ᠢ ᠦᠷᠭᠦᠯᠵᠢᠯᠡᠨ ᠰᠠᠢᠵᠢᠷᠠᠭᠤᠯᠤᠨ᠎ᠠ


ᠡᠨᠡ ᠵᠢᠯ᠎ᠤᠨ ᠵᠢᠱ᠌ᠢᠭᠰᠡᠨ ᠬᠠᠷᠠᠯᠲᠠ᠎ᠶᠢ ᠪᠡᠶᠡᠯᠡᠭᠦᠯᠬᠦ ᠨᠢ ᠬᠢᠯᠪᠠᠷ ᠶᠠᠪᠤᠳᠠᠯ ᠪᠢᠰᠢ ᠲᠤᠯᠠ ᠲᠦᠷᠦ᠎ᠶᠢᠨ ᠪᠣᠳᠣᠯᠭ᠎ᠠ᠎ᠶᠢᠨ ᠲᠠᠯ᠎ᠠ᠎ᠪᠠᠷ ᠠᠩᠬᠠᠷᠤᠯ᠎ᠢᠶᠠᠨ ᠲᠥᠪᠯᠡᠷᠡᠭᠦᠯᠦᠨ ᠬᠦᠴᠦᠯᠡᠵᠦ᠂ ᠬᠤᠪᠢ ᠳᠠᠬᠢᠨ ᠴᠢᠷᠮᠠᠢᠨ ᠠᠵᠢᠯᠯᠠᠵᠤ᠂ ᠡᠯ᠎ᠡ ᠲᠠᠯ᠎ᠠ᠎ᠶᠢᠨ ᠬᠢᠨ ᠰᠡᠳᠬᠢᠯ ᠨᠢᠭᠡᠳᠦᠨ ᠬᠦᠴᠦ᠎ᠪᠠᠨ ᠬᠠᠮᠲᠤᠳᠬᠠᠬᠤ ᠴᠢᠬᠤᠯᠠᠲᠠᠢ

ᠪᠢᠳᠠ ᠲᠣᠭᠲᠠᠭᠤᠨ᠎ᠤ ᠲᠤᠮᠳᠠ ᠤᠷᠤᠭᠰᠢᠯᠠᠬᠤ᠂ ᠤᠷᠤᠭᠰᠢᠯᠠᠬᠤ᠎ᠪᠠᠷ ᠲᠣᠭᠲᠠᠭᠤᠨ ᠪᠠᠢᠯᠭᠠᠬᠤ᠎ᠶᠢ ᠠᠬᠢᠭᠤᠯᠬᠤ᠂ ᠤᠷᠢᠳ᠎ᠢᠶᠠᠷ ᠪᠠᠢᠭᠤᠯᠵᠤ ᠳᠠᠷᠠᠭ᠎ᠠ ᠨᠢ ᠡᠪᠳᠡᠬᠦ᠎ᠶᠢ ᠪᠠᠷᠢᠮᠲᠠᠯᠠᠬᠤ ᠬᠡᠷᠡᠭᠲᠡᠢ


ᠡᠳ᠋᠎ᠤᠨ ᠵᠠᠰᠠᠭ᠎ᠤᠨ ᠢᠳᠡᠪᠬᠢᠲᠡᠢ ᠲᠦᠷᠦ᠎ᠶᠢᠨ ᠪᠣᠳᠣᠯᠭ᠎ᠠ᠎ᠶᠢᠨ ᠡᠷᠴᠢᠮ᠎ᠢ ᠵᠣᠬᠢᠰᠲᠠᠢ ᠴᠢᠩᠭᠠᠷᠠᠭᠤᠯᠵᠤ᠂ ᠶᠠᠰᠤ ᠴᠢᠨᠠᠷ᠎ᠢ ᠳᠡᠭᠡᠭᠰᠢᠯᠡᠭᠦᠯᠦᠨ ᠦᠷ᠎ᠡ ᠠᠰᠢᠭ᠋᠎ᠢ ᠨᠡᠮᠡᠭᠳᠡᠭᠦᠯᠬᠦ ᠬᠡᠷᠡᠭᠲᠡᠢ

ᠤᠯᠠᠭᠠᠨ ᠲᠣᠭ᠎ᠠ᠎ᠶᠢᠨ ᠨᠤᠷᠮ᠎ᠠ᠎ᠶᠢ 3% ᠪᠠᠷ ᠲᠣᠬᠢᠷᠠᠭᠤᠯᠤᠨ᠂ ᠤᠯᠠᠭᠠᠨ ᠲᠣᠭ᠎ᠠ᠎ᠶᠢᠨ ᠬᠡᠪᠴᠢᠶ᠎ᠡ᠎ᠶᠢ 4.06 ᠲᠦᠮᠡᠨ ᠳ᠋ᠦᠩᠰᠢᠭᠤᠷ ᠲᠥᠭᠥᠷᠢᠭ ᠪᠠᠢᠯᠭᠠᠨ᠎ᠠ

ᠡᠩ᠎ᠤᠨ ᠤᠯᠠᠨ ᠨᠡᠶ᠋ᠢᠲᠡ᠎ᠶᠢᠨ ᠲᠥᠰᠥᠪ᠎ᠤᠨ ᠵᠠᠷᠤᠯᠭ᠎ᠠ᠎ᠶᠢᠨ ᠬᠡᠪᠴᠢᠶ᠎ᠡ᠎ᠶᠢ 28.5 ᠲᠦᠮᠡᠨ ᠳ᠋ᠦᠩᠰᠢᠭᠤᠷ ᠲᠥᠭᠥᠷᠢᠭ ᠪᠠᠢᠯᠭᠠᠨ᠎ᠠ

ᠣᠷᠣᠨ ᠨᠤᠲᠤᠭ᠎ᠤᠨ ᠵᠠᠰᠠᠭ᠎ᠤᠨ ᠣᠷᠳᠣᠨ᠎ᠤ ᠲᠤᠰᠬᠠᠢ ᠵᠦᠢᠯ᠎ᠤᠨ ᠵᠢᠭᠡᠯᠡᠯᠭᠡ᠎ᠶᠢᠨ ᠲᠡᠮᠳᠡᠭᠲᠦ ᠎ᠶᠢ 3.9 ᠲᠦᠮᠡᠨ ᠳ᠋ᠦᠩᠰᠢᠭᠤᠷ ᠲᠥᠭᠥᠷᠢᠭ ᠲᠣᠬᠢᠷᠠᠭᠤᠯᠤᠨ᠎ᠠ

ᠡᠨᠡ ᠵᠢᠯ᠎ᠠᠴᠠ ᠡᠬᠢᠯᠡᠨ ᠵᠠᠯᠭᠠᠭ᠎ᠠ᠎ᠪᠠᠷ ᠬᠡᠳᠦᠨ ᠵᠢᠯ ᠬᠡᠳᠥ ᠤᠷᠲᠤ ᠬᠤᠭᠤᠴᠠᠭᠠᠨ᠎ᠤ ᠣᠨᠴᠠᠭᠠᠢ ᠤᠯᠤᠰ᠎ᠤᠨ ᠵᠢᠭᠡᠯᠡᠯᠭᠡ ᠲᠠᠷᠬᠠᠭᠠᠵᠤ᠂ ᠡᠨᠡ ᠵᠢᠯ ᠤᠷᠢᠳ᠎ᠢᠶᠠᠷ 1 ᠲᠦᠮᠡᠨ ᠳ᠋ᠦᠩᠰᠢᠭᠤᠷ ᠲᠥᠭᠥᠷᠢᠭ ᠲᠠᠷᠬᠠᠭᠠᠬᠤ᠎ᠪᠠᠷ ᠲᠥᠯᠥᠪᠯᠡᠵᠦ ᠪᠠᠢᠨ᠎ᠠ


ᠵᠣᠭᠣᠰᠤᠨ᠎ᠤ ᠯᠠᠪᠳᠠᠭᠤᠨ ᠲᠦᠷᠦ᠎ᠶᠢᠨ ᠪᠣᠳᠣᠯᠭ᠎ᠠ᠎ᠶᠢ ᠠᠮᠢᠳᠤᠯᠢᠭ᠋ ᠪᠥᠭᠡᠳ ᠲᠣᠬᠢᠷᠠᠮᠵᠢᠲᠠᠢ᠂ ᠨᠠᠷᠢᠯᠢᠭ᠋ ᠣᠨᠣᠴᠠᠲᠠᠢ ᠪᠥᠭᠡᠳ ᠪᠦᠲᠦᠮᠵᠢᠲᠡᠶ ᠪᠠᠢᠯᠭᠠᠨ᠎ᠠ

ᠨᠡᠢᠭᠡᠮ᠎ᠤᠨ ᠶᠡᠷᠦᠩᠬᠡᠢᠯᠡᠭᠰᠡᠨ ᠪᠡᠯᠡ ᠲᠣᠬᠢᠷᠠᠭᠤᠯᠭ᠎ᠠ᠎ᠶᠢᠨ ᠥᠪᠡᠷ᠎ᠤᠨ ᠦᠷᠳᠡᠭ᠎ᠢ ᠲᠣᠭᠲᠠᠭᠤᠨ ᠪᠠᠢᠯᠭᠠᠬᠤ᠎ᠶᠢᠨ ᠬᠠᠮᠳᠤ ᠪᠠᠭᠤᠷᠠᠭᠤᠯᠬᠤ᠎ᠶᠢ ᠠᠬᠢᠭᠤᠯᠤᠨ᠎ᠠ

ᠬᠥᠷᠥᠩᠭᠡ ᠎ᠶᠢᠨ ᠵᠠᠬ᠎ᠠ ᠳᠡᠯᠭᠡᠭᠦᠷ᠎ᠤᠨ ᠳᠣᠲᠣᠭᠠᠳᠤ᠎ᠶᠢᠨ ᠲᠣᠭᠲᠠᠪᠤᠷᠢᠲᠤ ᠴᠢᠨᠠᠷ᠎ᠢ ᠨᠡᠮᠡᠭᠳᠡᠭᠦᠯᠦᠨ᠎ᠡ

ᠳᠤᠮᠳᠠ ᠵᠢᠵᠢᠭ ᠪᠢᠴᠢᠯ ᠠᠵᠤ ᠠᠬᠤᠢᠯᠠᠯ᠎ᠤᠨ ᠪᠡᠯᠡ ᠲᠣᠬᠢᠷᠠᠭᠤᠯᠬᠤ ᠬᠡᠷᠡᠭᠴᠡᠭᠡ᠎ᠶᠢ ᠨᠠᠩ ᠰᠠᠢᠨ ᠬᠠᠩᠭᠠᠨ᠎ᠠ


ᠬᠣᠷᠸ᠎ᠠ ᠲᠦᠷᠦ ᠎ᠶᠢᠨ ᠪᠣᠳᠣᠯᠭ᠎ᠠ᠎ᠶᠢᠨ ᠬᠠᠨᠳᠤᠰᠢ᠎ᠶᠢᠨ ᠨᠢᠭᠡᠳᠦᠯᠲᠦ ᠴᠢᠨᠠᠷ᠎ᠢ ᠴᠢᠩᠭᠠᠳᠬᠠᠨ᠎ᠠ

ᠠᠵᠤ ᠠᠬᠤᠢ᠎ᠶᠢᠨ ᠪᠤᠰᠤ ᠲᠥᠷᠥ᠎ᠶᠢᠨ ᠪᠣᠳᠣᠯᠭ᠎ᠠ᠎ᠶᠢ ᠬᠣᠷᠸ᠎ᠠ ᠲᠥᠷᠥ᠎ᠶᠢᠨ ᠪᠣᠳᠣᠯᠭ᠎ᠠ᠎ᠶᠢᠨ ᠬᠠᠨᠳᠤᠰᠢ᠎ᠶᠢᠨ ᠨᠢᠭᠡᠳᠦᠯᠲᠦ ᠴᠢᠨᠠᠷ᠎ᠤᠨ ᠦᠨᠡᠯᠡᠨ ᠵᠢᠱ᠌ᠢᠯᠲᠡ᠎ᠳᠤ ᠣᠷᠣᠭᠤᠯᠤᠨ᠎ᠠ

ᠠᠵᠤ ᠠᠬᠤᠢᠯᠠᠯ᠎ᠳᠤ ᠬᠣᠯᠪᠣᠭᠳᠠᠬᠤ ᠲᠦᠷᠦ ᠎ᠶᠢᠨ ᠪᠣᠳᠣᠯᠭ᠎ᠠ᠎ᠶᠢᠨ ᠵᠠᠬ᠎ᠠ ᠳᠡᠯᠭᠡᠭᠦᠷ᠎ᠲᠠᠢ ᠨᠡᠪᠲᠡᠷᠡᠯᠴᠡᠬᠦ ᠪᠠ ᠠᠵᠤ ᠠᠬᠤᠢᠯᠠᠯ᠎ᠤᠨ ᠠᠩᠬᠠᠷᠤᠯ ᠲᠠᠯᠪᠢᠵᠤ ᠪᠠᠢᠭ᠎ᠠ ᠵᠦᠢᠯ᠎ᠳᠤ ᠬᠠᠷᠢᠭᠤᠯᠲᠠ ᠥᠭᠬᠦ᠎ᠶᠢ ᠴᠢᠬᠤᠯᠠᠴᠢᠯᠠᠨ᠎ᠠ

ᠲᠦᠷᠦ᠎ᠶᠢᠨ ᠪᠣᠳᠣᠯᠭ᠎ᠠ᠎ᠶᠢᠨ ᠤᠬᠠᠭᠤᠯᠭ᠎ᠠ ᠲᠠᠢᠯᠤᠮᠵᠢ᠎ᠶᠢ ᠨᠠᠷᠢᠯᠢᠭ᠋ ᠣᠨᠣᠴᠠᠲᠠᠢ ᠰᠠᠢᠲᠤᠷ ᠬᠢᠵᠦ᠂ ᠲᠣᠭᠲᠠᠭᠤᠨ ᠪᠥᠭᠡᠳ ᠢᠯᠡ ᠲᠣᠳᠣ᠌ ᠵᠢᠱ᠌ᠢᠵᠦ ᠪᠣᠯᠬᠤᠢᠴᠠ ᠲᠦᠷᠦ᠎ᠶᠢᠨ ᠪᠣᠳᠣᠯᠭ᠎ᠠ᠎ᠶᠢᠨ ᠣᠷᠴᠢᠨ ᠨᠥᠬᠥᠴᠡᠯ᠎ᠢ ᠪᠤᠢ ᠪᠤᠯᠭᠠᠨ᠎ᠠ


ᠡᠨᠡ ᠵᠢᠯ ᠎ᠤᠨ ᠬᠥᠭᠵᠢᠯᠲᠡ᠎ᠶᠢᠨ ᠬᠠᠷᠠᠯᠲᠠ ᠡᠭᠦᠷᠭᠡ᠎ᠶᠢ ᠪᠡᠶᠡᠯᠡᠭᠦᠯᠬᠦ᠎ᠳᠤ᠂ ᠡᠷᠬᠡᠪᠰᠢ ᠰᠢ᠎ᠶᠢᠨ ᠫᠢᠩ ᠎ᠤᠨ ᠠᠵᠤ ᠠᠬᠤᠢ᠎ᠶᠢᠨ ᠦᠵᠡᠯ ᠰᠠᠨᠠᠭ᠎ᠠ ᠎ᠶᠢ ᠭᠦᠨᠵᠡᠭᠡᠢ ᠲᠤᠭᠤᠰᠢᠯᠠᠭᠤᠯᠤᠨ᠂ ᠤᠶᠤᠨ ᠴᠢᠳᠠᠯ᠎ᠢᠶᠠᠨ ᠲᠥᠪᠯᠡᠷᠡᠭᠦᠯᠦᠨ ᠴᠢᠨᠠᠷ ᠰᠠᠢᠲᠠᠢ ᠬᠥᠭᠵᠢᠯᠲᠡ᠎ᠶᠢ ᠠᠬᠢᠭᠤᠯᠬᠤ ᠬᠡᠷᠡᠭᠲᠡᠢ᠃ ᠰᠢᠰᠲᠧᠮ᠎ᠤᠨ ᠦᠵᠡᠯᠲᠡ᠎ᠪᠠᠨ ᠴᠢᠩᠭᠠᠳᠬᠠᠵᠤ᠂ ᠴᠢᠬᠤᠯᠠ ᠶᠡᠬᠡ ᠬᠠᠷᠢᠴᠠᠭ᠎ᠠ᠎ᠶᠢ ᠡᠵᠡᠮᠳᠡᠬᠦ ᠪᠠ ᠰᠠᠢᠲᠤᠷ ᠰᠢᠢᠳᠪᠦᠷᠢᠯᠡᠵᠦ᠂ ᠡᠯ᠎ᠡ ᠵᠦᠢᠯ᠎ᠤᠨ ᠠᠵᠢᠯ ᠎ᠢ ᠪᠦᠬᠦᠯᠢ ᠴᠣᠭᠴᠠ᠎ᠠᠴᠠ ᠨᠢ ᠭᠦᠨᠵᠡᠭᠡᠢ ᠤᠬᠠᠭᠠᠯᠠᠨ ᠲᠥᠯᠥᠪᠯᠡᠬᠦ ᠪᠠ ᠠᠬᠢᠭᠤᠯᠬᠤ ᠬᠡᠷᠡᠭᠲᠡᠢ᠃ ᠶᠠᠰᠤ ᠴᠢᠨᠠᠷ᠎ᠢ ᠲᠡᠷᠢᠭᠦᠨ᠎ᠳᠤ ᠲᠠᠯᠪᠢᠬᠤ᠂ ᠦᠷ᠎ᠡ ᠠᠰᠢᠭ᠋᠎ᠢ ᠤᠷᠢᠳ᠎ᠢᠶᠠᠷ ᠪᠣᠳᠣᠯᠬᠢᠯᠠᠬᠤ᠎ᠶᠢ ᠪᠠᠷᠢᠮᠲᠠᠯᠠᠵᠤ᠂ ᠦᠨᠳᠦᠰᠦ ᠰᠠᠭᠤᠷᠢ᠎ᠪᠠᠨ ᠦᠷᠭᠦᠯᠵᠢᠯᠡᠨ ᠪᠡᠬᠢᠵᠢᠭᠦᠯᠵᠦ᠂ ᠬᠣᠷᠸ᠎ᠠ ᠲᠤᠬᠢᠷᠠᠭᠤᠯᠤᠯᠳᠠ ᠡᠵᠡᠮᠳᠡᠯ᠎ᠤᠨ ᠬᠠᠨᠳᠤᠯᠭᠠᠲᠤ ᠴᠢᠨᠠᠷ ᠪᠠ ᠪᠦᠲᠦᠮᠵᠢᠲᠦ ᠴᠢᠨᠠᠷ ᠎ᠢ ᠴᠢᠩᠭᠠᠳᠬᠠᠨ᠂ ᠠᠵᠤ ᠠᠬᠤᠢᠯᠠᠯ ᠪᠣᠯᠣᠨ ᠤᠯᠠᠨ ᠲᠦᠮᠡᠨ᠎ᠤ ᠬᠦᠰᠡᠯ ᠡᠷᠡᠮᠡᠯᠵᠡᠯ᠎ᠤᠨ ᠳᠤᠮᠳᠠ᠎ᠠᠴᠠ ᠠᠵᠢᠯ᠎ᠤᠨ ᠪᠣᠳᠣᠯᠬᠢᠯᠠᠬᠤ ᠴᠡᠭ᠂ ᠲᠦᠷᠦ᠎ᠶᠢᠨ ᠪᠣᠳᠣᠯᠭ᠎ᠠ᠎ᠶᠢᠨ ᠬᠦᠴᠦᠯᠡᠬᠦ ᠴᠡᠭ᠎ᠢ ᠣᠨᠣᠪᠴᠢᠲᠠᠢ ᠡᠷᠢᠵᠦ ᠣᠯᠬᠤ᠎ᠶᠢ ᠴᠢᠬᠤᠯᠠᠴᠢᠯᠠᠨ᠂ ᠪᠦᠬᠦ ᠵᠢᠯ᠎ᠤᠨ ᠨᠡᠮᠡᠭᠳᠡᠯ᠎ᠤᠨ ᠬᠠᠷᠠᠯᠲᠠ᠎ᠶᠢ ᠴᠢᠷᠮᠠᠢᠨ ᠪᠡᠶᠡᠯᠡᠭᠦᠯᠬᠦ ᠬᠡᠷᠡᠭᠲᠡᠢ᠃ ᠴᠢᠨᠠᠷ ᠰᠠᠢᠲᠠᠢ ᠬᠥᠭᠵᠢᠯᠲᠡ ᠪᠠ ᠥᠨᠳᠥᠷ ᠲᠦᠪᠰᠢᠨ ᠪᠦᠬᠦᠢ ᠠᠮᠤᠷ ᠲᠦᠪᠰᠢᠨ ᠎ᠢ ᠰᠠᠢᠳᠤᠷ ᠦᠢᠯᠡᠳᠦᠯᠴᠡᠭᠦᠯᠬᠦ ᠎ᠶᠢ ᠪᠠᠷᠢᠮᠲᠠᠯᠠᠵᠤ᠂ ᠠᠮᠤᠷ ᠲᠦᠪᠰᠢᠨ᠎ᠤ ᠬᠢᠵᠠᠭᠠᠷ ᠱᠤᠭᠤᠮ᠎ᠢ ᠪᠠᠲᠤ ᠰᠠᠬᠢᠭ᠍ᠰᠠᠨ ᠤᠷᠢᠲᠠᠯ ᠳᠣᠣᠷ᠎ᠠ᠂ ᠬᠥᠭᠵᠢᠯᠲᠡ᠎ᠳᠤ ᠨᠡᠩ ᠢᠯᠡᠭᠦᠦ ᠠᠷᠭ᠎ᠠ ᠰᠦᠪᠡᠭᠴᠢᠯᠡᠵᠦ᠂ ᠠᠵᠤ ᠠᠬᠤᠢᠯᠠᠯ᠎ᠳᠤ ᠨᠡᠩ ᠢᠯᠡᠭᠦᠦ ᠬᠦᠴᠦ ᠨᠡᠮᠡᠷᠢᠯᠡᠬᠦ ᠬᠡᠷᠡᠭᠲᠡᠢ᠃ ᠬᠥᠭᠵᠢᠭᠦᠯᠬᠦ ᠳᠤᠮᠳᠠ ᠠᠷᠠᠳ᠎ᠤᠨ ᠠᠮᠢᠳᠤᠷᠠᠯ᠎ᠢ ᠪᠠᠲᠤᠯᠠᠨ ᠰᠠᠢᠵᠢᠷᠠᠭᠤᠯᠬᠤ᠎ᠶᠢ ᠪᠠᠷᠢᠮᠲᠠᠯᠠᠵᠤ᠂ ᠠᠷᠠᠳ᠎ᠤᠨ ᠠᠮᠢᠳᠤᠷᠠᠯ᠎ᠤᠨ ᠳᠤᠲᠠᠭᠤᠳᠠᠯ᠎ᠢ ᠨᠥᠬᠥᠪᠦᠷᠢᠯᠡᠬᠦ ᠠᠰᠠᠭᠤᠳᠠᠯ᠎ᠳᠤ ᠬᠥᠭᠵᠢᠯᠲᠡ᠎ᠶᠢᠨ ᠰᠡᠳᠬᠢᠬᠦᠢ᠎ᠪᠠᠷ ᠬᠠᠨᠳᠤᠬᠤ᠎ᠶᠢ ᠴᠢᠬᠤᠯᠠᠴᠢᠯᠠᠵᠤ᠂ ᠠᠷᠠᠳ ᠤᠯᠠᠨ᠎ᠤ ᠪᠠᠴᠢᠮᠳᠠᠵᠤ ᠬᠦᠴᠢᠷᠳᠡᠵᠦ ᠵᠣᠪᠠᠵᠤ ᠬᠦᠰᠡᠵᠦ ᠪᠠᠢᠭ᠎ᠠ ᠵᠦᠢᠯ᠎ᠢ ᠰᠢᠢᠳᠪᠦᠷᠢᠯᠡᠬᠦ ᠳᠤᠮᠳᠠ ᠠᠵᠤ ᠠᠬᠤᠢ᠎ᠶᠢᠨ ᠰᠢᠨ᠎ᠡ ᠨᠡᠮᠡᠭᠳᠡᠯ᠎ᠤᠨ ᠴᠡᠭ᠎ᠢ ᠪᠣᠢᠵᠢᠭᠤᠯᠬᠤ ᠬᠡᠷᠡᠭᠲᠡᠢ᠃ ᠦᠨᠳᠦᠰᠦᠨ᠎ᠠᠴᠠ ᠨᠢ ᠠᠪᠴᠤ ᠬᠡᠯᠡᠪᠡᠯ᠂ ᠴᠢᠨᠠᠷ ᠰᠠᠢᠲᠠᠢ ᠬᠥᠭᠵᠢᠯᠲᠡ᠎ᠶᠢ ᠠᠬᠢᠭᠤᠯᠬᠤ᠎ᠳᠤ ᠥᠭᠡᠷᠡᠴᠢᠯᠡᠯᠲᠡ᠎ᠳᠤ ᠲᠦᠰᠢᠭᠯᠡᠬᠦ ᠬᠡᠷᠡᠭᠲᠡᠢ᠃ ᠪᠢᠳᠡ ᠨᠡᠩ ᠶᠡᠬᠡ ᠡᠷᠡᠰ ᠵᠣᠷᠢᠭ᠋ ᠪᠠ ᠡᠷᠴᠢᠮ᠎ᠢᠶᠠᠷ ᠥᠭᠡᠷᠡᠴᠢᠯᠡᠯᠲᠡ ᠨᠡᠭᠡᠭᠡᠯᠲᠡ᠎ᠶᠢ ᠭᠦᠨᠵᠡᠭᠡᠢᠷᠡᠭᠦᠯᠦᠨ᠂ ᠪᠦᠲᠦᠮᠵᠢᠲᠡᠢ ᠵᠠᠬ᠎ᠠ ᠳᠡᠯᠭᠡᠭᠦᠷ ᠪᠣᠯᠣᠨ ᠴᠢᠷᠮᠠᠢᠯᠲᠠ᠎ᠲᠠᠢ ᠵᠠᠰᠠᠭ᠎ᠤᠨ ᠣᠷᠳᠣᠨ᠎ᠢ ᠨᠡᠩ ᠰᠠᠢᠨ ᠤᠶᠠᠯᠳᠤᠭᠤᠯᠬᠤ᠎ᠶᠢ ᠠᠬᠢᠭᠤᠯᠵᠤ᠂ ᠨᠡᠢᠭᠡᠮ᠎ᠤᠨ ᠠᠮᠢᠵᠢᠷᠠᠯ᠎ᠤᠨ ᠬᠦᠴᠦᠨ᠎ᠢ ᠦᠷᠭᠦᠯᠵᠢᠯᠡᠨ ᠬᠥᠭᠵᠢᠭᠡᠨ ᠴᠢᠩᠭᠠᠳᠬᠠᠵᠤ᠂ ᠴᠢᠨᠠᠷ ᠰᠠᠢᠲᠠᠢ ᠬᠥᠭᠵᠢᠯᠲᠡ᠎ᠶᠢᠨ ᠨᠡᠩ ᠶᠡᠬᠡ ᠰᠢᠨ᠎ᠡ ᠠᠮᠵᠢᠯᠲᠠ ᠪᠦᠲᠦᠮᠵᠢ ᠣᠯᠬᠤ᠎ᠶᠢ ᠠᠬᠢᠭᠤᠯᠬᠤ ᠬᠡᠷᠡᠭᠲᠡᠢ᠃


2024 ᠤᠨ᠎ᠤ ᠵᠠᠰᠠᠬ᠎ᠤᠨ ᠤᠷᠳᠤᠨ᠎ᠤ ᠠᠵᠢᠯ᠎ᠤᠨ ᠡᠬᠦᠷᠭᠡ

( ᠨᠢᠭᠡ) ᠣᠲᠣᠬᠢᠴᠢᠯᠠᠬᠰᠠᠨ ᠠᠵᠦ ᠦᠢᠯᠡᠰ᠎ᠤᠨ ᠰᠢᠰᠲ᠋ᠸᠮ᠎ᠤᠨ ᠪᠠᠢᠭᠣᠯᠣᠯᠲᠠ᠎ᠶᠢ ᠶᠡᠬᠡ ᠪᠡᠷ ᠠᠬᠢᠭᠣᠯᠵᠦ ᠰᠢᠨ᠎ᠡ ᠴᠢᠨᠠᠷ᠎ᠪᠦᠬᠦᠢ ᠦᠢᠯᠡᠳᠪᠦᠷᠢᠯᠡᠯ᠎ᠤᠨ ᠬᠦᠴᠦᠨ᠎ᠢ ᠲᠦᠷᠭᠡᠳᠭᠡᠨ ᠬᠦᠭᠵᠢᠬᠦᠯᠦᠨ᠎ᠡ

ᠠᠵᠦ ᠦᠢᠯᠡᠰ᠎ᠤᠨ ᠬᠡᠯᠬᠢᠶ᠎ᠡ᠎ᠶᠢᠨ ᠬᠠᠩᠭᠠᠯᠭ᠎ᠠ᠎ᠶᠢᠨ ᠬᠡᠯᠬᠢᠶ᠎ᠡ᠎ᠶᠢ ᠰᠢᠯᠢᠲᠡᠭᠵᠢᠬᠦᠯᠦᠨ ᠲᠡᠰ ᠲᠡᠪᠰᠢᠬᠦᠯᠬᠦ᠎ᠶᠢ ᠠᠬᠢᠭᠣᠯᠣᠨ᠎ᠠ

ᠦᠢᠯᠡᠳᠬᠦ ᠦᠢᠯᠡᠰ᠎ᠤᠨ ᠭᠣᠣᠯᠲᠠᠯᠭ᠎ᠠ ᠲᠠᠢ ᠠᠵᠦ ᠦᠢᠯᠡᠰ᠎ᠤᠨ ᠬᠡᠯᠬᠢᠶ᠎ᠡ᠎ᠶᠢ ᠴᠢᠨᠠᠷ ᠰᠠᠢᠲᠠᠢ ᠬᠦᠭᠵᠢᠬᠦᠯᠬᠦ ᠠᠵᠢᠯᠯᠠᠭ᠎ᠠ᠎ᠶᠢ ᠬᠡᠷᠡᠭᠵᠢᠬᠦᠯᠦᠨ᠎ᠡ

ᠲᠡᠷᠢᠬᠦᠨ᠎ᠤ ᠦᠢᠯᠡᠳᠬᠦ ᠦᠢᠯᠡᠰ᠎ᠤᠨ ᠪᠦᠭᠡᠭᠡᠨᠡᠷᠡᠯ᠎ᠢ ᠪᠣᠢᠵᠢᠭᠣᠯᠣᠨ ᠪᠣᠵᠠᠭᠠᠢᠷᠠᠭᠣᠯᠣᠨ᠎ᠠ

ᠣᠯᠣᠰ᠎ᠤᠨ ᠰᠢᠨ᠎ᠡ ᠬᠡᠯᠪᠡᠷᠢ᠎ᠶᠢᠨ ᠠᠵᠦ ᠦᠢᠯᠡᠳᠪᠦᠷᠢᠵᠢᠯᠲᠡ᠎ᠶᠢᠨ ᠵᠢᠱᠶ᠋ᠶ᠎ᠡ ᠦᠵᠡᠬᠦᠯᠬᠦ ᠣᠷᠣᠨ᠎ᠢ ᠡᠬᠦᠲᠦᠨ ᠪᠠᠢᠭᠣᠯᠣᠨ᠎ᠠ

ᠲᠡᠯᠡᠬᠡᠢ ᠲᠡᠭᠡᠷ᠎ᠡ ᠨᠦᠯᠦᠭᠡᠯᠡᠬᠦ ᠬᠦᠴᠦᠨ ᠪᠦᠬᠦᠢ 《ᠲᠣᠮᠲᠠᠲᠣ ᠣᠯᠣᠰ᠎ᠤᠨ ᠦᠢᠯᠡᠳᠬᠦ ᠦᠢᠯᠡᠰ》᠎ᠤ᠋ᠨ ᠨᠡᠷᠡᠲᠦ ᠲᠡᠮᠲᠡᠭ᠎ᠢ ᠨᠡᠩ ᠣᠯᠠᠨ ᠪᠣᠢ ᠪᠣᠯᠭᠠᠨ᠎ᠠ

ᠰᠢᠨ᠎ᠡ ᠪᠡᠷ ᠬᠦᠭᠵᠢᠭᠰᠡᠨ ᠠᠵᠦ ᠦᠢᠯᠡᠰ ᠪᠠ ᠢᠷᠡᠭᠡᠲᠦᠢ᠎ᠶᠢᠨ ᠠᠵᠦ ᠦᠢᠯᠡᠰ᠎ᠢ ᠢᠲᠡᠪᠬᠢᠲᠡᠢ ᠪᠣᠢᠵᠢᠭᠣᠯᠣᠨ᠎ᠠ

ᠣᠶᠣᠨᠴᠢ ᠰᠦᠯᠵᠢᠶ᠎ᠡ ᠰᠢᠨ᠎ᠡ ᠡᠨ᠋ᠸᠷᠬᠢ᠎ᠶᠢᠨ ᠮᠠᠰᠢᠨ ᠲᠡᠷᠭᠡ ᠵᠡᠷᠭᠡ ᠠᠵᠦ ᠦᠢᠯᠡᠰ᠎ᠤᠨ ᠲᠡᠷᠢᠬᠦᠯᠡᠬᠦ ᠲᠠᠪᠠᠭᠣᠯᠢᠬ᠎ᠢ ᠪᠡᠬᠢᠵᠢᠬᠦᠯᠦᠨ ᠦᠷᠭᠡᠳᠭᠡᠨ᠎ᠡ

ᠣᠰᠣᠲᠦᠢ᠍ᠷᠦᠭᠴᠢ ᠡᠨ᠋ᠸᠷᠬᠢ᠂ ᠰᠢᠨ᠎ᠡ ᠮᠠᠲ᠋ᠸᠷᠢᠶᠠᠯ᠂ ᠰᠢᠨ᠎ᠡ᠎ᠶᠢ ᠡᠬᠦᠲᠦᠭᠰᠡᠨ ᠡᠮ ᠵᠡᠷᠭᠡ ᠰᠢᠨ᠎ᠡ ᠪᠡᠷ ᠬᠦᠭᠵᠢᠭᠰᠡᠨ ᠲᠡᠷᠢᠬᠦᠨ᠎ᠤ ᠠᠵᠦ ᠦᠢᠯᠡᠰ᠎ᠤᠨ ᠬᠦᠭᠵᠢᠯᠲᠡ᠎ᠶᠢ ᠲᠦᠷᠭᠡᠳᠭᠡᠨ᠎ᠡ

ᠠᠮᠢᠲᠣ ᠪᠣᠲᠠᠰ᠎ᠤᠨ ᠦᠢᠯᠡᠳᠬᠦ ᠦᠢᠯᠡᠰ᠂ ᠬᠣᠲᠠᠯᠲᠣᠭᠠᠨ᠎ᠤ ᠰᠠᠨᠰᠠᠷ᠎ᠤᠨ ᠠᠶᠠᠯᠠᠯ᠂ ᠲᠣᠣᠷ᠎ᠠ ᠠᠭᠠᠷ᠎ᠤᠨ ᠠᠵᠦ ᠠᠬᠣᠢ ᠵᠡᠷᠭᠡ ᠰᠢᠨ᠎ᠡ ᠨᠡᠮᠡᠭᠲᠡᠯ᠎ᠤᠨ ᠬᠦᠲᠡᠯᠭᠡᠬᠦᠷ᠎ᠢ ᠢᠲᠡᠪᠬᠢᠲᠡᠢ ᠪᠣᠢ ᠪᠣᠯᠭᠠᠨ᠎ᠠ

ᠲᠤᠭᠠᠴᠢᠯᠠᠬᠰᠠᠨ ᠠᠵᠦ ᠠᠬᠣᠢ᠎ᠶᠢᠨ ᠰᠢᠨ᠎ᠡ᠎ᠶᠢ ᠡᠬᠦᠳᠬᠦ ᠬᠦᠭᠵᠢᠯᠲᠡ᠎ᠶᠢ ᠬᠦᠨᠵᠡᠭᠡᠢ ᠠᠬᠢᠭᠣᠯᠣᠨ᠎ᠠ

ᠲᠤᠭᠠᠴᠢᠯᠠᠭᠰᠠᠨ ᠠᠵᠦ ᠠᠬᠣᠢ᠎ᠶᠢᠨ ᠴᠢᠨᠠᠷ ᠰᠠᠢᠲᠠᠢ ᠬᠦᠭᠵᠢᠯᠲᠡ᠎ᠶᠢ ᠲᠡᠮᠵᠢᠬᠦ ᠲᠦᠷᠦ᠎ᠶᠢᠨ ᠪᠣᠲᠣᠯᠭ᠎ᠠ᠎ᠶᠢ ᠲᠣᠬᠲᠠᠭᠠᠨ᠎ᠠ

《 ᠵᠣᠬᠢᠶᠠᠮᠠᠯ ᠣᠶᠣᠨᠯᠢᠬ +》 ᠠᠵᠢᠯᠯᠠᠭ᠎ᠠ᠎ᠶᠢ ᠦᠷᠨᠢᠬᠦᠯᠦᠨ᠎ᠡ

ᠲᠠᠪᠴᠠᠩ᠎ᠤᠨ ᠠᠵᠦ ᠠᠬᠣᠢᠯᠠᠯ᠎ᠤᠨ ᠰᠢᠨ᠎ᠡ᠎ᠶᠢ ᠡᠬᠦᠳᠬᠦ᠎ᠶᠢ ᠠᠬᠢᠭᠣᠯᠬᠣ᠂ ᠠᠵᠢᠯ ᠣᠯᠭᠣᠯᠲᠠ᠎ᠶᠢ ᠨᠡᠮᠡᠭᠲᠡᠬᠦᠯᠬᠦ᠂ ᠣᠯᠠᠨ ᠣᠯᠣᠰ᠎ᠤᠨ ᠦᠷᠢᠰᠦᠯᠲᠦᠭᠡᠨ ᠲᠣᠮᠲᠠ ᠡᠷᠳᠡᠮ ᠴᠢᠲᠠᠪᠣᠷᠢ ᠪᠠᠨ ᠶᠡᠬᠡ ᠪᠡᠷ ᠪᠠᠲᠠᠷᠠᠭᠣᠯᠬᠣ᠎ᠶᠢ ᠲᠡᠮᠵᠢᠨ᠎ᠡ

( ᠬᠣᠶᠠᠷ ) ᠰᠢᠨᠵᠢᠯᠡᠬᠦ ᠣᠬᠠᠭᠠᠨ ᠰᠣᠷᠭᠠᠨ ᠬᠦᠮᠦᠵᠢᠯ ᠶ᠋ᠢᠡᠷ ᠣᠯᠣᠰ ᠶ᠋ᠢᠡᠨ ᠮᠠᠨᠲᠣᠭᠣᠯᠬᠣ ᠪᠠᠢᠯᠲᠣᠬᠣ ᠪᠣᠲᠣᠯᠭ᠎ᠠ᠎ᠶᠢ ᠬᠦᠨᠵᠡᠭᠡᠢ ᠬᠡᠷᠡᠭᠵᠢᠬᠦᠯᠵᠦ ᠴᠢᠨᠠᠷ ᠰᠠᠢᠲᠠᠢ ᠬᠦᠭᠵᠢᠯᠲᠡ᠎ᠶᠢᠨ ᠰᠠᠭᠣᠷᠢ ᠲᠣᠯᠭᠠᠭᠣᠷᠢᠯᠠᠯ᠎ᠢ ᠴᠢᠩᠭᠠᠳᠬᠠᠨ᠎ᠠ

ᠴᠢᠨᠠᠷ ᠰᠠᠢᠲᠠᠢ ᠰᠣᠷᠭᠠᠨ ᠬᠦᠮᠦᠵᠢᠯ᠎ᠤᠨ ᠪᠦᠲᠦᠭᠡᠨ ᠪᠠᠢᠭᠣᠯᠣᠯᠲᠠ᠎ᠶᠢ ᠴᠢᠩᠭᠠᠳᠬᠠᠨ᠎ᠠ

ᠰᠣᠷᠭᠠᠨ ᠬᠦᠮᠦᠵᠢᠯ᠎ᠤᠨ ᠬᠦᠴᠦᠷᠬᠡᠭ ᠣᠯᠣᠰ᠎ᠢ ᠪᠦᠲᠦᠭᠡᠨ ᠪᠠᠢᠭᠣᠯᠬᠣ ᠲᠦᠯᠦᠪᠵᠢᠬᠦᠯᠭᠡ᠎ᠶᠢᠨ ᠬᠦᠲᠦᠯᠪᠦᠷᠢ᠎ᠶᠢ ᠲᠣᠬᠲᠠᠭᠠᠨ ᠬᠡᠷᠡᠭᠵᠢᠬᠦᠯᠦᠨ᠎ᠡ

ᠲᠤᠭᠠᠴᠢᠯᠠᠬᠰᠠᠨ ᠰᠣᠷᠭᠠᠨ ᠬᠦᠮᠦᠵᠢᠯ᠎ᠢ ᠶᠡᠬᠡ ᠪᠡᠷ ᠬᠦᠭᠵᠢᠬᠦᠯᠦᠨ᠎ᠡ

ᠦᠨᠳᠦᠷ ᠬᠡᠪ ᠴᠢᠨᠠᠷ ᠪᠦᠬᠦᠢ ᠲᠣᠰᠬᠠᠢᠵᠢᠬᠰᠠᠨ ᠪᠠᠬᠰᠢ᠎ᠶᠢᠨ ᠡᠩᠨᠡᠭᠡ᠎ᠶᠢ ᠪᠠᠢᠭᠣᠯᠣᠨ᠎ᠠ

ᠦᠨᠳᠦᠷ ᠲᠦᠪᠰᠢᠨ ᠪᠦᠬᠦᠢ ᠰᠢᠨᠵᠢᠯᠡᠬᠦ ᠣᠬᠠᠭᠠᠨ ᠮᠡᠷᠭᠡᠵᠢᠯ᠎ᠤᠨ ᠪᠡᠶ᠎ᠡ ᠪᠠᠨ ᠲᠠᠭᠠᠭᠠᠵᠦ ᠬᠦᠴᠦᠷᠬᠡᠭᠵᠢᠬᠦ᠎ᠶᠢ ᠲᠦᠷᠭᠡᠳᠭᠡᠨ ᠠᠬᠢᠭᠣᠯᠣᠨ᠎ᠠ

ᠪᠡᠶ᠎ᠡ ᠪᠠᠨ ᠲᠠᠭᠠᠭᠠᠵᠦ ᠰᠢᠨ᠎ᠡ᠎ᠶᠢ ᠡᠬᠦᠳᠬᠦ ᠴᠢᠲᠠᠪᠣᠷᠢ᠎ᠶᠢ ᠪᠦᠬᠦ ᠲᠠᠯ᠎ᠠ ᠪᠡᠷ ᠲᠡᠭᠡᠭᠰᠢᠯᠡᠬᠦᠯᠦᠨ᠎ᠡ

ᠨᠢᠭᠡ ᠪᠦᠯᠦᠭ ᠴᠢᠬᠣᠯᠠ ᠶᠡᠬᠡ ᠰᠢᠨᠵᠢᠯᠡᠬᠦ ᠣᠬᠠᠭᠠᠨ ᠮᠡᠷᠭᠡᠵᠢᠯ᠎ᠤᠨ ᠲᠦᠰᠦᠯ᠎ᠢ ᠪᠠᠢᠷᠢᠯᠠᠭᠣᠯᠣᠨ ᠬᠡᠷᠡᠭᠵᠢᠬᠦᠯᠦᠨ᠎ᠡ

ᠨᠣᠷᠠᠭᠠᠯᠲᠠ᠎ᠶᠢᠨ ᠴᠢᠨᠠᠷᠲᠠᠢ ᠮᠡᠷᠭᠡᠵᠢᠯ ᠪᠠ ᠦᠵᠦ ᠮᠡᠷᠭᠡᠵᠢᠯ᠎ᠤᠨ ᠰᠣᠲᠣᠯᠭᠠᠨ᠎ᠢ ᠴᠢᠩᠭᠠᠳᠬᠠᠨ᠎ᠠ

ᠠᠵᠦ ᠠᠬᠣᠢᠯᠠᠯ᠎ᠤᠨ ᠰᠢᠨᠵᠢᠯᠡᠬᠦ ᠣᠬᠠᠭᠠᠨ ᠮᠡᠷᠭᠡᠵᠢᠯ᠎ᠤᠨ ᠰᠢᠨ᠎ᠡ᠎ᠶᠢ ᠡᠬᠦᠳᠬᠦ ᠪᠠᠶᠠᠴᠢ ᠴᠣᠬᠴᠠ᠎ᠶᠢᠨ ᠪᠠᠢᠷᠢ ᠰᠠᠭᠣᠷᠢ᠎ᠶᠢ ᠴᠢᠩᠭᠠᠳᠬᠠᠨ᠎ᠠ

ᠪᠣᠲᠠᠲᠣ ᠬᠦᠴᠦᠨ ᠪᠦᠬᠦᠢ ᠠᠵᠦ ᠠᠬᠣᠢᠯᠠᠯ᠎ᠤᠨ ᠴᠢᠬᠣᠯᠠ ᠶᠡᠬᠡ ᠪᠡᠷᠬᠡ ᠰᠡᠳᠦᠪ᠎ᠢ ᠰᠢᠢᠳᠪᠦᠷᠢᠯᠡᠬᠦ ᠡᠬᠦᠷᠭᠡ᠎ᠶᠢ ᠲᠠᠭᠠᠭᠣᠯᠣᠨ ᠬᠡᠷᠡᠭᠵᠢᠬᠦᠯᠬᠦ᠎ᠶᠢ ᠲᠡᠮᠵᠢᠨ᠎ᠡ

ᠴᠢᠲᠠᠪᠣᠷᠢᠲᠠᠨ᠎ᠢ ᠪᠦᠬᠦ ᠲᠠᠯ᠎ᠠ ᠪᠡᠷ ᠬᠦᠮᠦᠵᠢᠬᠦᠯᠦᠨ ᠰᠠᠢᠲᠣᠷ ᠬᠡᠷᠡᠭᠯᠡᠨ᠎ᠡ

ᠣᠷᠣᠢᠯᠠᠬᠰᠠᠨ ᠴᠢᠲᠠᠪᠣᠷᠢᠲᠠᠨ᠎ᠢ ᠢᠯᠡᠷᠡᠬᠦᠯᠬᠦ ᠪᠠ ᠬᠦᠮᠦᠵᠢᠬᠦᠯᠬᠦ ᠲᠣᠬᠲᠠᠴᠠ᠎ᠶᠢ ᠲᠡᠬᠦᠯᠲᠡᠷᠵᠢᠬᠦᠯᠦᠨ᠎ᠡ

ᠰᠠᠭᠣᠷᠢ ᠰᠣᠲᠣᠯᠭᠠᠨ᠎ᠤ ᠴᠢᠲᠠᠪᠣᠷᠢᠲᠠᠨ᠎ᠢ ᠬᠦᠮᠦᠵᠢᠬᠦᠯᠬᠦ ᠲᠠᠪᠴᠠᠩ᠎ᠢ ᠪᠦᠲᠦᠭᠡᠨ ᠪᠠᠢᠭᠣᠯᠣᠨ᠎ᠠ

ᠰᠢᠨ᠎ᠡ᠎ᠶᠢ ᠡᠬᠦᠳᠬᠦ ᠦᠷᠲᠡᠭ᠂ ᠴᠢᠲᠠᠪᠣᠷᠢ᠂ ᠬᠣᠪᠢ ᠨᠡᠮᠡᠷᠢ ᠪᠡᠷ ᠣᠲᠣᠷᠢᠲᠣᠮᠵᠢ ᠪᠣᠯᠭᠠᠬᠰᠠᠨ ᠴᠢᠲᠠᠪᠣᠷᠢᠲᠠᠨ᠎ᠢ ᠦᠨᠡᠯᠡᠬᠦ ᠰᠢᠰᠲ᠋ᠸᠮ᠎ᠢ ᠲᠦᠷᠭᠡᠳᠭᠡᠨ ᠪᠠᠢᠭᠣᠯᠣᠨ᠎ᠠ

ᠠᠵᠢᠯ ᠠᠮᠢᠲᠣᠷᠠᠯ᠎ᠤᠨ ᠪᠠᠲᠣᠯᠠᠭ᠎ᠠ ᠪᠠ ᠬᠦᠬᠢᠬᠦᠯᠦᠨ ᠱᠠᠩᠨᠠᠬᠣ ᠲᠦᠷᠢᠮ᠎ᠢ ᠰᠢᠯᠢᠲᠡᠭᠵᠢᠬᠦᠯᠦᠨ᠎ᠡ

( ᠭᠣᠷᠪᠠ ) ᠣᠯᠣᠰ᠎ᠤᠨ ᠲᠣᠲᠣᠭᠠᠲᠣ᠎ᠶᠢᠨ ᠬᠡᠷᠡᠭᠴᠡᠭᠡ᠎ᠶᠢ ᠬᠦᠴᠦᠯᠡᠨ ᠦᠷᠭᠡᠳᠭᠡᠵᠦ ᠠᠵᠦ ᠠᠬᠣᠢ᠎ᠶᠢᠨ ᠰᠠᠢᠨ ᠣᠷᠴᠢᠯ᠎ᠢ ᠪᠡᠶᠡᠯᠡᠬᠦᠯᠬᠦ᠎ᠶᠢ ᠠᠬᠢᠭᠣᠯᠣᠨ᠎ᠠ

ᠬᠡᠷᠡᠭᠯᠡᠭᠡ᠎ᠶᠢᠨ ᠲᠣᠬᠲᠠᠭᠣᠨ ᠶ᠋ᠢᠡᠷ ᠨᠡᠮᠡᠭᠲᠡᠬᠦ᠎ᠶᠢ ᠠᠬᠢᠭᠣᠯᠣᠨ᠎ᠠ

ᠰᠢᠨ᠎ᠡ ᠬᠡᠯᠪᠡᠷᠢ᠎ᠶᠢᠨ ᠬᠡᠷᠡᠭᠯᠡᠭᠡ᠎ᠶᠢ ᠪᠣᠢᠵᠢᠭᠣᠯᠣᠨ ᠪᠣᠵᠠᠭᠠᠢᠷᠠᠭᠣᠯᠣᠨ᠎ᠠ

ᠬᠡᠷᠡᠭᠯᠡᠭᠡᠨ᠎ᠤ ᠵᠦᠢᠯ᠎ᠤᠨ ᠬᠠᠭᠣᠴᠢᠨ ᠶ᠋ᠢᠡᠷ ᠰᠢᠨ᠎ᠡ᠎ᠶᠢ ᠰᠣᠯᠢᠬᠣ᠎ᠶᠢ ᠵᠣᠷᠢᠬᠵᠢᠭᠣᠯᠵᠦ ᠠᠬᠢᠭᠣᠯᠣᠨ᠎ᠠ

ᠣᠶᠣᠨᠴᠢ ᠰᠦᠯᠵᠢᠶ᠎ᠠ ᠰᠢᠨ᠎ᠡ ᠡᠨ᠋ᠸᠷᠬᠢ᠎ᠶᠢᠨ ᠮᠠᠰᠢᠨ ᠲᠡᠷᠭᠡ᠂ ᠡᠯᠸᠺᠲ᠋ᠷᠣᠨ ᠦᠢᠯᠡᠳᠬᠦᠨ ᠵᠡᠷᠭᠡ ᠪᠦᠭᠡᠮ ᠬᠡᠷᠡᠭᠯᠡᠭᠡ᠎ᠶᠢ ᠬᠦᠭᠵᠢᠬᠦᠯᠦᠨ᠎ᠡ

ᠴᠠᠯᠢᠩ ᠲᠠᠢ ᠪᠡᠷ ᠠᠮᠠᠷᠠᠬᠣ ᠲᠦᠷᠢᠮ᠎ᠢ ᠨᠠᠢᠲᠠᠪᠣᠷᠢᠵᠢᠭᠣᠯᠣᠨ᠎ᠠ

ᠪᠦᠲᠦᠮᠵᠢᠲᠡᠢ ᠪᠡᠯᠡ ᠣᠷᠣᠭᠣᠯᠣᠯᠲᠠ᠎ᠶᠢ ᠢᠲᠡᠪᠬᠢᠲᠡᠢ ᠦᠷᠭᠡᠳᠭᠡᠨ᠎ᠡ

ᠡᠨᠡ ᠵᠢᠯ ᠲᠦᠪ᠎ᠤᠨ ᠲᠦᠰᠦᠪ᠎ᠤᠨ ᠲᠣᠲᠣᠷᠠᠬᠢ ᠪᠡᠯᠡ ᠣᠷᠣᠭᠣᠯᠣᠯᠲᠠ᠎ᠶᠢ 7000 ᠳ᠋ᠦᠩᠰᠢᠭᠣᠷ ᠲᠦᠬᠦᠷᠢᠭ ᠲᠣᠬᠢᠷᠠᠭᠣᠯᠬᠣ ᠪᠡᠷ ᠲᠦᠯᠦᠪᠯᠡᠵᠦ ᠪᠣᠢ

ᠠᠷᠠᠳ᠎ᠤᠨ ᠬᠦᠷᠦᠩᠭᠡ ᠴᠢᠬᠣᠯᠠ ᠶᠡᠬᠡ ᠲᠦᠷᠦᠯ ᠵᠦᠢᠯ᠎ᠤᠨ ᠪᠦᠲᠦᠭᠡᠨ ᠪᠠᠢᠭᠣᠯᠣᠯᠲᠠ ᠳ᠋ᠦ ᠣᠷᠣᠯᠴᠠᠬᠣ᠎ᠶᠢ ᠵᠣᠷᠢᠬᠵᠢᠭᠣᠯᠣᠨ᠎ᠠ

ᠠᠷᠠᠳ᠎ᠤᠨ ᠪᠡᠯᠡ ᠣᠷᠣᠭᠣᠯᠣᠯᠲᠠ᠎ᠶᠢᠨ ᠨᠡᠩ ᠣᠯᠠᠨ ᠬᠦᠷᠢᠶᠡᠨ ᠳ᠋ᠦ ᠣᠷᠣᠵᠦ ᠢᠷᠡᠵᠦ ᠲᠡᠢᠯᠬᠦ᠂ ᠬᠦᠭᠵᠢᠵᠦ ᠲᠡᠢᠯᠬᠦ᠂ ᠦᠢᠯᠡᠰ ᠪᠦᠲᠦᠭᠡᠵᠦ ᠲᠡᠢᠯᠬᠦ ᠪᠣᠯᠭᠠᠨ᠎ᠠ

( ᠲᠦᠷᠪᠡ ) ᠦᠭᠡᠷᠡᠴᠢᠯᠡᠯᠲᠡ᠎ᠶᠢ ᠡᠷᠡᠰ ᠭᠣᠢᠪᠢᠰᠢ ᠦᠭᠡᠢ ᠬᠦᠨᠵᠡᠭᠡᠢᠷᠡᠬᠦᠯᠵᠦ ᠬᠦᠭᠵᠢᠯᠲᠡ᠎ᠶᠢᠨ ᠲᠣᠲᠣᠭᠠᠲᠣ ᠬᠦᠲᠡᠯᠭᠡᠬᠦ ᠬᠦᠴᠦᠨ᠎ᠢ ᠴᠢᠩᠭᠠᠳᠬᠠᠨ᠎ᠠ

ᠡᠯ᠎ᠡ ᠲᠦᠷᠦᠯ᠎ᠤᠨ ᠡᠵᠡᠩᠨᠡᠯᠲᠡ᠎ᠶᠢᠨ ᠪᠡᠶᠡᠴᠢ ᠴᠣᠬᠴᠠ᠎ᠶᠢᠨ ᠠᠮᠢᠵᠢᠷᠠᠯ᠎ᠤᠨ ᠬᠦᠴᠦᠨ᠎ᠢ ᠬᠦᠭᠵᠢᠬᠦᠯᠦᠨ᠎ᠡ

ᠣᠯᠣᠰ᠎ᠤᠨ ᠦᠮᠴᠢᠯᠡᠯ᠎ᠤᠨ ᠠᠵᠦ ᠠᠬᠣᠢᠯᠠᠯ᠎ᠤᠨ ᠦᠭᠡᠷᠡᠴᠢᠯᠡᠯᠲᠡ᠎ᠶᠢ ᠬᠦᠨᠵᠡᠭᠡᠢᠷᠡᠬᠦᠯᠦᠨ ᠲᠡᠭᠡᠭᠰᠢᠯᠡᠬᠦᠯᠬᠦ ᠠᠵᠢᠯᠯᠠᠭ᠎ᠠ᠎ᠶᠢ ᠬᠦᠨᠵᠡᠭᠡᠢ ᠬᠡᠷᠡᠭᠵᠢᠬᠦᠯᠦᠨ᠎ᠡ

ᠠᠷᠠᠳ᠎ᠤᠨ ᠡᠵᠡᠩᠨᠡᠯᠳᠡ ᠵᠢᠨ ᠠᠵᠦ ᠠᠬᠣᠢ᠎ᠶᠢᠨ ᠬᠦᠭᠵᠢᠨ ᠪᠣᠵᠠᠭᠠᠢᠷᠠᠬᠣ᠎ᠶᠢ ᠠᠬᠢᠭᠣᠯᠬᠣ ᠰᠠᠨᠠᠯ ᠵᠢᠴᠢ ᠢᠵᠢ ᠪᠦᠷᠢᠲᠦᠭᠰᠡᠨ ᠠᠷᠭ᠎ᠠ ᠬᠡᠮᠵᠢᠶ᠎ᠡ᠎ᠶᠢ ᠪᠦᠬᠦ ᠲᠠᠯ᠎ᠠ ᠪᠡᠷ ᠨᠠᠢᠲᠠᠪᠣᠷᠢᠵᠢᠭᠣᠯᠣᠨ᠎ᠠ

ᠪᠠᠷᠠᠭᠠᠨ᠎ᠤ ᠬᠦᠢᠯᠭᠡᠭᠡ᠎ᠶᠢᠨ ᠦᠪᠡᠷ᠎ᠤᠨ ᠦᠷᠲᠡᠭ᠎ᠢ ᠪᠠᠭᠣᠷᠠᠭᠣᠯᠬᠣ ᠠᠵᠢᠯᠯᠠᠭ᠎ᠠ᠎ᠶᠢ ᠬᠡᠷᠡᠭᠵᠢᠬᠦᠯᠦᠨ᠎ᠡ

ᠲᠣᠷ᠎ᠠ ᠪᠡᠷ ᠶ᠋ᠢᠡᠨ ᠰᠦᠢᠳᠭᠡᠯ ᠬᠣᠷᠢᠶᠠᠬᠣ᠂ ᠲᠣᠷ᠎ᠠ ᠪᠡᠷ ᠶ᠋ᠢᠡᠨ ᠲᠣᠷᠭᠠᠬᠣ᠂ ᠲᠣᠷ᠎ᠠ ᠪᠡᠷ ᠶ᠋ᠢᠡᠨ ᠲᠡᠰᠭᠡᠨ ᠨᠣᠬᠲᠠᠭᠣᠯᠬᠣ ᠶᠠᠪᠣᠲᠠᠯ᠎ᠢ ᠡᠷᠡᠰ ᠪᠠᠢᠴᠠᠭᠠᠨ ᠰᠢᠢᠳᠪᠦᠷᠢᠯᠡᠨ᠎ᠡ

ᠪᠦᠬᠦ ᠣᠯᠣᠰ᠎ᠤᠨ ᠨᠢᠭᠡᠲᠦᠯᠲᠡᠢ ᠲᠣᠮᠣ ᠵᠠᠬ᠎ᠠ ᠲᠡᠯᠭᠡᠬᠦᠷ᠎ᠤᠨ ᠪᠦᠲᠦᠭᠡᠨ ᠪᠠᠢᠭᠣᠯᠣᠯᠲᠠ᠎ᠶᠢ ᠲᠦᠷᠭᠡᠳᠭᠡᠨ᠎ᠡ

ᠪᠦᠬᠦ ᠣᠯᠣᠰ᠎ᠤᠨ ᠨᠢᠭᠡᠲᠦᠯᠲᠡᠢ ᠲᠣᠮᠣ ᠵᠠᠬ᠎ᠠ ᠲᠡᠯᠭᠡᠬᠦᠷ᠎ᠤᠨ ᠪᠦᠲᠦᠭᠡᠨ ᠪᠠᠢᠭᠣᠯᠣᠯᠲᠠ᠎ᠶᠢᠨ ᠪᠠᠷᠢᠮᠵᠢᠶ᠎ᠠ᠎ᠶᠢᠨ ᠵᠢᠯᠣᠭᠣᠲᠣᠮᠵᠢ᠎ᠶᠢ ᠲᠣᠬᠲᠠᠭᠠᠨ᠎ᠠ

ᠭᠣᠣᠯᠴᠢ ᠦᠷᠢᠰᠦᠯᠲᠦᠭᠡᠨ᠎ᠢ ᠬᠢᠨᠡᠨ ᠪᠠᠢᠴᠠᠭᠠᠬᠣ ᠵᠠᠰᠠᠬ ᠵᠠᠬᠢᠷᠭᠠᠨ᠎ᠤ ᠬᠠᠣᠯᠢ ᠲᠣᠬᠲᠠᠭᠠᠯ᠎ᠢ ᠨᠡᠢᠲᠡᠯᠡᠨ᠎ᠡ

ᠣᠷᠣᠨ ᠨᠣᠲᠣᠬ᠎ᠤᠨ ᠬᠠᠮᠠᠭᠠᠯᠠᠯᠲᠠ᠂ ᠵᠠᠬ᠎ᠠ ᠲᠡᠯᠭᠡᠬᠦᠷ᠎ᠤᠨ ᠬᠡᠰᠡᠭᠯᠡᠯ᠂ ᠠᠷᠠᠯᠵᠢᠶᠠᠴᠢᠨ ᠣᠷᠢᠵᠦ ᠪᠡᠯᠡ ᠮᠦᠩᠬᠦ ᠤᠷᠤᠭᠤᠯᠤᠨ ᠠᠪᠴᠢᠷᠠᠬᠤ ᠲᠣᠮᠲᠠᠬᠢ ᠵᠦᠢ ᠵᠣᠬᠢᠰ ᠦᠭᠡᠢ ᠦᠷᠢᠰᠦᠯᠲᠦᠭᠡᠨ ᠵᠡᠷᠭᠡ ᠲᠣᠪᠣᠢᠮ᠎ᠠ ᠠᠰᠠᠭᠣᠲᠠᠯ᠎ᠢ ᠲᠣᠰᠬᠠᠢ ᠲᠦᠷᠦᠯ ᠶ᠋ᠢᠡᠷ ᠵᠠᠰᠠᠨ᠎ᠠ

ᠡᠳ᠋᠎ᠤᠨ ᠵᠠᠰᠠᠬ ᠭᠠᠢᠯᠢ ᠮᠦᠩᠬᠦᠨ ᠬᠦᠢᠯᠭᠡᠭᠡᠨ ᠵᠡᠷᠭᠡ ᠬᠦᠷᠢᠶᠡᠨ᠎ᠤ ᠦᠭᠡᠷᠡᠴᠢᠯᠡᠯᠲᠡ᠎ᠶᠢ ᠠᠬᠢᠭᠣᠯᠣᠨ᠎ᠠ

ᠦᠨᠳᠦᠷ ᠲᠦᠪᠰᠢᠨ ᠪᠦᠬᠦᠢ ᠨᠡᠢᠭᠡᠮ ᠵᠢᠷᠣᠮ᠎ᠤᠨ ᠵᠠᠬ᠎ᠠ ᠲᠡᠯᠭᠡᠬᠦᠷ᠎ᠤᠨ ᠠᠵᠦ ᠠᠬᠣᠢ᠎ᠶᠢᠨ ᠪᠠᠢᠭᠣᠯᠣᠮᠵᠢ ᠵᠢᠨ ᠦᠭᠡᠷᠡᠴᠢᠯᠡᠯᠲᠡ᠎ᠶᠢᠨ ᠲᠦᠷᠦᠬᠦᠯᠡᠬᠦ ᠣᠷᠣᠨ᠎ᠢ ᠪᠦᠲᠦᠭᠡᠨ ᠪᠠᠢᠭᠣᠯᠣᠨ᠎ᠠ

ᠰᠢᠨ᠎ᠡ ᠨᠢᠭᠡ ᠡᠭᠡᠯᠵᠢ᠎ᠶᠢᠨ ᠡᠳ᠋᠎ᠤᠨ ᠵᠠᠰᠠᠬ ᠭᠠᠢᠯᠢ᠎ᠶᠢᠨ ᠪᠠᠢᠭᠣᠯᠣᠮᠵᠢ ᠵᠢᠨ ᠦᠭᠡᠷᠡᠴᠢᠯᠡᠯᠲᠡ᠎ᠶᠢ ᠣᠬᠠᠭᠠᠯᠠᠨ ᠲᠦᠯᠦᠪᠯᠡᠨ᠎ᠡ

ᠴᠠᠬᠢᠯᠭᠠᠨ ᠬᠦᠴᠦ᠂ ᠲᠣᠰᠣ ᠬᠡᠢ᠂ ᠲᠡᠮᠦᠷ ᠵᠠᠮ ᠪᠣᠯᠣᠨ ᠶᠡᠷᠦᠩᠬᠡᠢᠯᠡᠭᠰᠡᠨ ᠲᠡᠭᠡᠭᠡᠪᠦᠷᠢ᠎ᠶᠢᠨ ᠰᠢᠰᠲ᠋ᠸᠮ ᠵᠡᠷᠭᠡ᠎ᠶᠢᠨ ᠦᠭᠡᠷᠡᠴᠢᠯᠡᠯᠲᠡ᠎ᠶᠢ ᠬᠦᠨᠵᠡᠭᠡᠢᠷᠡᠬᠦᠯᠦᠨ᠎ᠡ

( ᠲᠠᠪᠤ ) ᠦᠨᠳᠤᠷ ᠲᠦᠪᠰᠢᠨ ᠪᠦᠬᠦᠢ ᠭᠠᠳᠠᠭᠠᠳᠤ ᠨᠡᠭᠡᠭᠡᠯᠳᠡ ᠵᠢ ᠦᠷᠭᠡᠳᠭᠡᠵᠤ ᠬᠠᠷᠢᠯᠴᠠᠨ ᠠᠰᠢᠬᠳᠠᠢ ᠬᠠᠮᠳᠤ ᠪᠡᠷ ᠠᠰᠢᠭ ᠬᠦᠷᠳᠡᠬᠦ ᠵᠢ ᠠᠬᠢᠭᠤᠯᠤᠨ᠎ᠠ

ᠭᠠᠳᠠᠭᠠᠳᠤ ᠠᠷᠠᠯᠵᠢᠶᠠᠨ᠎ᠤ ᠴᠢᠨᠡᠷ᠎ᠢ ᠲᠡᠭᠡᠭᠰᠢᠯᠡᠬᠦᠯᠤᠨ ᠬᠡᠮᠵᠢᠶ᠎ᠠ ᠵᠢ ᠲᠤᠬᠳᠠᠪᠤᠷᠢᠵᠢᠭᠤᠯᠬᠤ ᠵᠢ ᠠᠬᠢᠭᠤᠯᠤᠨ᠎ᠠ

ᠴᠢᠨᠠᠷ ᠰᠠᠢᠲᠠᠢ ᠦᠢᠯᠡᠳᠬᠦᠨ᠎ᠢ ᠭᠠᠳᠠᠭᠠᠳᠤ᠎ᠠᠴᠠ ᠣᠷᠣᠭᠤᠯᠬᠤ᠎ᠶᠢ ᠢᠳᠡᠪᠬᠢᠲᠡᠢ᠎ᠪᠠᠷ ᠥᠷᠭᠡᠳᠬᠡᠨ᠎ᠡ

ᠬᠢᠯᠢ ᠠᠯᠤᠰᠯᠠᠭᠰᠠᠨ ᠦᠢᠯᠡᠴᠢᠯᠡᠭᠡᠨ᠎ᠤ ᠠᠷᠠᠯᠵᠢᠶ᠎ᠠ᠎ᠶᠢᠨ ᠨᠠᠵᠠᠭᠠᠢ ᠲᠠᠯ᠎ᠠ᠎ᠶᠢᠨ ᠲᠣᠳᠣᠷᠬᠠᠢ ᠬᠠᠭᠤᠳᠠᠰᠤ᠎ᠶᠢ ᠪᠦᠬᠦ ᠲᠠᠯ᠎ᠠ᠎ᠪᠠᠷ ᠬᠡᠷᠡᠭᠵᠢᠭᠦᠯᠦᠨ᠎ᠡ

ᠦᠢᠯᠡᠴᠢᠯᠡᠭᠡᠨ᠎ᠤ ᠠᠷᠠᠯᠵᠢᠶ᠎ᠠ᠂ ᠲᠤᠭᠠᠴᠢᠯᠠᠬᠰᠠᠨ ᠠᠷᠠᠯᠵᠢᠶ᠎ᠠ᠎ᠶᠢᠨ ᠰᠢᠨ᠎ᠡ᠎ᠶᠢ ᠡᠭᠦᠳᠬᠦ ᠬᠥᠭᠵᠢᠯᠲᠡ᠎ᠶᠢᠨ ᠲᠦᠷᠦ᠎ᠶᠢᠨ ᠪᠣᠳᠣᠯᠭ᠎ᠠ ᠠᠷᠭ᠎ᠠ ᠬᠡᠮᠵᠢᠶ᠎ᠡ᠎ᠶᠢ ᠨᠡᠢᠲᠡᠯᠡᠨ᠎ᠡ

ᠭᠠᠳᠠᠭᠠᠳᠤ ᠣᠷᠣᠭᠤᠯᠤᠯᠲᠠ᠎ᠶᠢᠨ ᠦᠵᠡᠰᠬᠦᠯᠡᠩ᠂ ᠭᠤᠸᠠᠩᠵᠧᠦ᠎ᠶᠢᠨ ᠠᠷᠠᠯᠵᠢᠶᠠᠨ᠎ᠤ ᠴᠤᠭᠯᠠᠭᠠᠨ᠂ ᠦᠢᠯᠡᠴᠢᠯᠡᠭᠡᠨ᠎ᠤ ᠠᠷᠠᠯᠵᠢᠶᠠᠨ᠎ᠤ ᠴᠤᠭᠯᠠᠭᠠᠨ᠂ ᠲᠤᠭᠠᠴᠢᠯᠠᠬᠰᠠᠨ ᠠᠷᠠᠯᠵᠢᠶᠠᠨ᠎ᠤ ᠴᠤᠭᠯᠠᠭᠠᠨ ᠵᠡᠷᠭᠡ ᠴᠢᠬᠤᠯᠠ ᠶᠡᠬᠡ ᠦᠵᠡᠰᠬᠦᠯᠡᠩ ᠴᠤᠭᠯᠠᠭᠠᠨ᠎ᠢ ᠰᠠᠢᠲᠤᠷ ᠡᠷᠬᠢᠯᠡᠨ᠎ᠡ

ᠭᠠᠳᠠᠭᠠᠳᠤ ᠪᠡᠯᠡ᠎ᠶᠢ ᠲᠠᠲᠠᠬᠤ ᠡᠷᠴᠢᠮ᠎ᠢ ᠴᠢᠩᠭᠠᠷᠠᠭᠤᠯᠤᠨ᠎ᠠ

ᠭᠠᠳᠠᠭᠠᠳᠤ ᠪᠡᠯᠡ᠎ᠶᠢᠨ ᠵᠠᠬ᠎ᠠ ᠳᠡᠯᠭᠡᠭᠦᠷ᠎ᠲᠤ ᠣᠷᠣᠬᠤ ᠵᠥᠪᠰᠢᠶᠡᠷᠡᠯ᠎ᠤᠨ ᠨᠠᠵᠠᠭᠠᠢ ᠲᠠᠯ᠎ᠠ᠎ᠶᠢᠨ ᠲᠣᠳᠣᠷᠬᠠᠢ ᠬᠠᠭᠤᠳᠠᠰᠤ᠎ᠶᠢ ᠦᠷᠭᠦᠯᠵᠢᠯᠡᠨ ᠴᠥᠭᠡᠳᠬᠡᠨ᠎ᠡ

ᠦᠢᠯᠡᠳᠬᠦ ᠦᠢᠯᠡᠰ᠎ᠤᠨ ᠬᠦᠷᠢᠶᠡᠨ᠎ᠳᠠᠬᠢ ᠭᠠᠳᠠᠭᠠᠳᠤ ᠪᠡᠯᠡ᠎ᠶᠢᠨ ᠵᠠᠬ᠎ᠠ ᠳᠡᠯᠭᠡᠭᠦᠷ᠎ᠲᠤ ᠣᠷᠣᠬᠤ ᠵᠥᠪᠰᠢᠶᠡᠷᠡᠯ᠎ᠤᠨ ᠬᠢᠵᠠᠭᠠᠷᠯᠠᠬᠤ ᠠᠷᠭ᠎ᠠ ᠬᠡᠮᠵᠢᠶ᠎ᠡ᠎ᠶᠢ ᠪᠦᠬᠦ ᠲᠠᠯ᠎ᠠ᠎ᠪᠠᠷ ᠬᠦᠴᠦᠨ ᠦᠭᠡᠢ ᠪᠣᠯᠭᠠᠨ᠎ᠠ

ᠴᠠᠬᠢᠯᠭᠠᠨ ᠬᠤᠯᠪᠣᠭ᠎ᠠ᠂ ᠡᠮ ᠡᠮᠨᠡᠯᠭᠡ ᠵᠡᠷᠭᠡ ᠦᠢᠯᠡᠴᠢᠯᠡᠭᠡᠨ᠎ᠤ ᠦᠢᠯᠡᠰ᠎ᠤᠨ ᠵᠠᠬ᠎ᠠ ᠳᠡᠯᠭᠡᠭᠦᠷ᠎ᠲᠤ ᠣᠷᠣᠬᠤ ᠵᠥᠪᠰᠢᠶᠡᠷᠡᠯ᠎ᠢ ᠠᠭᠤᠵᠢᠭᠤ ᠪᠣᠯᠭᠠᠨ᠎ᠠ

ᠭᠠᠳᠠᠭᠠᠳᠤ᠎ᠶᠢᠨ ᠬᠠᠷᠢᠶᠠᠳᠤ ᠵᠢᠨ ᠳᠤᠮᠳᠠᠳᠤ ᠤᠯᠤᠰ᠎ᠲᠤ ᠢᠷᠡᠵᠦ ᠠᠵᠢᠯᠯᠠᠬᠤ᠂ ᠰᠤᠷᠤᠯᠴᠠᠬᠤ᠂ ᠵᠢᠭᠤᠯᠴᠢᠯᠠᠬᠤ᠎ᠳᠤ ᠲᠦᠬᠦᠮ ᠦᠵᠡᠭᠦᠯᠬᠦ ᠬᠡᠮᠵᠢᠶ᠎ᠡ᠎ᠶᠢ ᠳᠡᠭᠡᠭᠰᠢᠯᠡᠭᠦᠯᠦᠨ᠎ᠡ

《ᠨᠢᠭᠡ ᠪᠦᠰᠡ ᠨᠢᠭᠡ ᠵᠠᠮ》᠎ᠢ᠋ ᠬᠠᠮᠲᠤ᠎ᠪᠠᠷ ᠴᠢᠨᠠᠷ ᠰᠠᠢᠲᠠᠢ ᠪᠠᠶ᠋ᠢᠭᠤᠯᠬᠤ᠎ᠶᠢ ᠭᠦᠨᠵᠡᠭᠡᠢᠷᠡᠭᠦᠯᠦᠨ ᠪᠣᠳᠠᠲᠠᠢᠵᠢᠭᠤᠯᠬᠤ᠎ᠶᠢ ᠠᠬᠢᠭᠤᠯᠤᠨ᠎ᠠ

《ᠨᠢᠭᠡ ᠪᠦᠰᠡ ᠨᠢᠭᠡ ᠵᠠᠮ》᠎ᠢ᠋ ᠬᠠᠮᠲᠤ᠎ᠪᠠᠷ ᠴᠢᠨᠠᠷ ᠰᠠᠢᠲᠠᠢ ᠪᠠᠶ᠋ᠢᠭᠤᠯᠬᠤ᠎ᠶᠢ ᠳᠡᠮᠵᠢᠬᠦ ᠨᠠᠢ᠍ᠮᠠᠨ ᠵᠦᠢᠯ᠎ᠤᠨ ᠠᠵᠢᠯᠯᠠᠭ᠎ᠠ᠎ᠶᠢ ᠪᠣᠳᠠᠲᠠᠢ᠎ᠳᠤ ᠨᠠᠢᠳᠠᠪᠤᠷᠢᠵᠢᠭᠤᠯᠬᠤ᠎ᠶᠢ ᠰᠠᠢᠲᠤᠷ ᠠᠳᠬᠤᠨ᠎ᠠ

ᠴᠢᠬᠤᠯᠠ ᠶᠡᠬᠡ ᠲᠥᠰᠥᠯ᠎ᠤᠨ ᠬᠠᠮᠲᠤᠷᠠᠯᠴᠠᠭ᠎ᠠ᠎ᠶᠢ ᠯᠠᠪᠳᠠᠭᠤᠨ᠎ᠢᠶᠠᠷ ᠠᠬᠢᠭᠤᠯᠤᠨ᠎ᠠ

ᠨᠢᠭᠡ ᠪᠦᠯᠦᠭ 《ᠵᠢᠵᠢᠭ ᠪᠦᠭᠡᠳ ᠭᠤᠶᠤ》 ᠠᠷᠠᠳ᠎ᠤᠨ ᠠᠮᠢᠳᠤᠷᠠᠯ᠎ᠤᠨ ᠲᠥᠰᠥᠯ᠎ᠢ ᠬᠡᠷᠡᠭᠵᠢᠭᠦᠯᠤᠨ᠎ᠠ

ᠤᠯᠠᠨ ᠲᠠᠯᠠᠲᠤ ᠬᠣᠶᠠᠷ ᠲᠠᠯᠠᠲᠤ ᠪᠠ ᠣᠷᠣᠨ ᠪᠦᠰᠡ᠎ᠶᠢᠨ ᠠᠵᠤ ᠠᠬᠤᠢ᠎ᠶᠢᠨ ᠬᠠᠮᠲᠤᠷᠠᠯᠴᠠᠭ᠎ᠠ᠎ᠶᠢ ᠭᠦᠨᠵᠡᠭᠡᠢᠷᠡᠭᠦᠯᠦᠨ᠎ᠡ

ᠨᠡᠩ ᠤᠯᠠᠨ ᠤᠯᠤᠰ ᠪᠠ ᠭᠠᠵᠠᠷ ᠣᠷᠣᠨ ᠯᠤᠭ᠎ᠠ ᠥᠨᠳᠥᠷ ᠪᠠᠷᠢᠮᠵᠢᠶᠠᠲᠤ ᠴᠢᠯᠦᠭᠡᠲᠦ ᠠᠷᠠᠯᠵᠢᠶᠠᠨ᠎ᠤ ᠬᠡᠯᠡᠯᠴᠡᠭᠡᠷ ᠪᠠ ᠪᠡᠯᠡ ᠣᠷᠣᠭᠤᠯᠤᠯᠲᠠ᠎ᠶᠢᠨ ᠬᠡᠯᠡᠯᠴᠡᠭᠡᠷ᠎ᠢ ᠵᠥᠪᠳᠡᠯᠴᠡᠨ ᠲᠣᠭᠲᠠᠭᠠᠨ᠎ᠠ

ᠳᠡᠯᠡᠬᠡᠢ᠎ᠶᠢᠨ ᠠᠷᠠᠯᠵᠢᠶᠠᠨ᠎ᠤ ᠵᠣᠬᠢᠶᠠᠨ ᠪᠠᠢᠭᠤᠯᠤᠯᠲᠠ᠎ᠶᠢᠨ ᠥᠭᠡᠷᠡᠴᠢᠯᠡᠯᠲᠡ᠎ᠳᠤ ᠪᠦᠬᠦ ᠲᠠᠯ᠎ᠠ᠎ᠪᠠᠷ ᠭᠦᠨᠵᠡᠭᠡᠢ ᠣᠷᠣᠯᠴᠠᠨ᠎ᠠ

( ᠵᠢᠷᠭᠤᠭ᠎ᠠ ) ᠬᠥᠭᠵᠢᠯᠲᠡ ᠪᠠ ᠠᠮᠤᠷ ᠲᠦᠪᠰᠢᠨ᠎ᠢ ᠨᠠᠩ ᠰᠠᠢᠨ ᠨᠢᠭᠡᠳᠦᠯᠲᠡᠢ ᠲᠥᠯᠥᠪᠯᠡᠵᠦ ᠭᠣᠣᠯᠳᠠᠯᠭ᠎ᠠ᠎ᠲᠠᠢ ᠬᠦᠷᠢᠶᠡᠨ᠎ᠳᠠᠬᠢ ᠲᠦᠭᠰᠢᠭᠦᠷᠢ᠎ᠶᠢ ᠪᠦᠲᠦᠮᠵᠢᠲᠡᠶ ᠰᠡᠷᠭᠡᠢᠯᠡᠨ ᠠᠷᠢᠯᠭᠠᠨ᠎ᠠ

ᠲᠦᠭᠰᠢᠭᠦᠷᠢ᠎ᠶᠢᠨ ᠳᠠᠯᠳᠠ ᠭᠡᠮ᠎ᠢ ᠯᠠᠪᠳᠠᠭᠤᠨ ᠲᠣᠬᠢᠲᠠᠢ ᠪᠥᠭᠡᠳ ᠡᠮᠬᠢ ᠵᠢᠷᠤᠮ᠎ᠲᠠᠢ ᠰᠢᠢᠳᠪᠦᠷᠢᠯᠡᠨ᠎ᠡ

ᠰᠢᠰᠲᠧᠮ᠎ᠤᠨ ᠴᠢᠨᠠᠷᠲᠠᠢ ᠲᠦᠭᠰᠢᠭᠦᠷᠢ ᠦᠯᠦ ᠭᠠᠷᠭᠠᠬᠤ ᠬᠢᠵᠠᠭᠠᠷ ᠱᠤᠭᠤᠮ᠎ᠢ ᠪᠠᠲᠤ ᠰᠠᠬᠢᠨ᠎ᠠ

ᠲᠦᠭᠰᠢᠭᠦᠷᠢ᠎ᠶᠢ ᠰᠡᠷᠭᠡᠢᠯᠡᠨ ᠡᠵᠡᠮᠳᠡᠬᠦ ᠣᠷᠳᠣ᠌ ᠬᠤᠭᠤᠴᠠᠭᠠᠨ᠎ᠤ ᠪᠦᠲᠦᠮᠵᠢᠲᠡᠶ ᠲᠣᠭᠲᠠᠴᠠ᠎ᠶᠢ ᠪᠦᠷᠢᠨᠰᠢᠭᠦᠯᠦᠨ᠎ᠡ

ᠭᠡᠷ ᠪᠠᠢᠰᠢᠩ ᠭᠠᠵᠠᠷ ᠰᠢᠷᠣᠢ᠎ᠶᠢᠨ ᠬᠥᠷᠥᠩᠭᠡ᠎ᠶᠢᠨ ᠬᠥᠭᠵᠢᠯᠲᠡ᠎ᠶᠢᠨ ᠰᠢᠨ᠎ᠡ ᠵᠠᠭᠪᠤᠷ᠎ᠢ ᠲᠦᠷᠭᠡᠳᠭᠡᠨ ᠪᠠᠢᠭᠤᠯᠤᠨ᠎ᠠ

ᠭᠣᠣᠯᠳᠠᠯᠭ᠎ᠠ᠎ᠲᠠᠢ ᠬᠦᠷᠢᠶᠡᠨ᠎ᠳᠠᠬᠢ ᠠᠮᠤᠷ ᠲᠦᠪᠰᠢᠨ᠎ᠤ ᠴᠢᠳᠠᠪᠤᠷᠢ᠎ᠶᠢᠨ ᠪᠠᠢᠭᠤᠯᠤᠯᠲᠠ᠎ᠶᠢ ᠴᠢᠩᠭᠠᠳᠬᠠᠨ᠎ᠠ

ᠠᠮᠤ ᠪᠤᠳᠠᠭᠠᠨ᠎ᠤ ᠠᠮᠤᠷ ᠲᠦᠪᠰᠢᠨ᠎ᠤ ᠦᠨᠳᠦᠰᠦ ᠰᠠᠭᠤᠷᠢ᠎ᠶᠢ ᠪᠦᠬᠦ ᠲᠠᠯ᠎ᠠ᠎ᠪᠠᠷ ᠪᠡᠬᠢᠵᠢᠭᠦᠯᠦᠨ᠎ᠡ

ᠲᠣᠰᠣ᠌ ᠬᠡᠢ᠂ ᠪᠠᠢᠯᠳᠤᠬᠤ ᠪᠣᠳᠣᠯᠭ᠎ᠠ᠎ᠶᠢᠨ ᠴᠢᠨᠠᠷᠲᠠᠢ ᠠᠭᠤᠷᠬᠠᠢ᠎ᠶᠢᠨ ᠭᠠᠷᠤᠯᠲᠠ᠎ᠶᠢᠨ ᠡᠬᠢ ᠪᠠᠶᠠᠯᠢᠭ᠋᠎ᠢ ᠬᠠᠢᠨ ᠰᠢᠨᠵᠢᠵᠦ ᠨᠡᠭᠡᠭᠡᠨ ᠠᠰᠢᠭ᠍ᠯᠠᠬᠤ ᠡᠷᠴᠢᠮ᠎ᠢ ᠴᠢᠩᠭᠠᠷᠠᠭᠤᠯᠤᠨ᠎ᠠ

( ᠳᠣᠯᠤᠭ᠎ᠠ ) ᠬᠥᠲᠡᠬᠡ ᠠᠵᠤ ᠠᠬᠤᠢ ᠬᠥᠳᠡᠭᠡ ᠲᠣᠰᠬᠤᠨ ᠲᠠᠷᠢᠶᠠᠴᠢᠨ᠎ᠤ ᠠᠵᠢᠯ᠎ᠢ ᠴᠥᠬᠥᠷᠡᠰᠢ ᠦᠭᠡᠢ ᠰᠠᠢᠲᠤᠷ ᠠᠳᠬᠤᠵᠤ ᠬᠥᠳᠡᠭᠡ ᠲᠣᠰᠬᠤᠨ᠎ᠢ ᠪᠥᠬᠦ ᠲᠠᠯ᠎ᠠ᠎ᠪᠠᠷ ᠬᠥᠭᠵᠢᠭᠦᠯᠦᠨ ᠮᠠᠨᠳᠤᠭᠤᠯᠬᠤ᠎ᠶᠢ ᠯᠠᠪᠳᠠᠭᠤᠨ ᠪᠠᠲᠤᠲᠠᠢ ᠠᠬᠢᠭᠤᠯᠤᠨ᠎ᠠ

ᠠᠮᠤ ᠪᠤᠳᠠᠭ᠎ᠠ ᠪᠠ ᠴᠢᠬᠤᠯᠠ ᠲᠠᠷᠢᠶᠠᠯᠠᠩ᠎ᠤᠨ ᠪᠦᠲᠦᠭᠡᠭᠳᠡᠬᠦᠨ᠎ᠤ ᠦᠢᠯᠡᠳᠪᠦᠷᠢᠯᠡᠯ᠎ᠢ ᠲᠣᠭᠲᠠᠪᠤᠷᠢᠵᠢᠭᠤᠯᠵᠤ ᠬᠠᠩᠭᠠᠯᠭ᠎ᠠ᠎ᠶᠢ ᠪᠠᠲᠤᠯᠠᠬᠤ᠎ᠶᠢ ᠴᠢᠩᠭᠠᠳᠬᠠᠨ᠎ᠠ

ᠠᠮᠤ ᠪᠤᠳᠠᠭ᠎ᠠ ᠲᠠᠷᠢᠬᠤ ᠲᠠᠯᠠᠪᠠᠢ᠎ᠶᠢ ᠲᠣᠭᠲᠠᠪᠤᠷᠢᠵᠢᠭᠤᠯᠤᠨ᠎ᠠ

ᠪᠤᠭᠤᠳᠠᠢ ᠬᠤᠳᠠᠯᠳᠤᠨ ᠠᠪᠬᠤ ᠨᠠᠭᠠᠲᠤ ᠵᠠᠬ᠎ᠠ᠎ᠶᠢᠨ ᠦᠨ᠎ᠡ᠎ᠶᠢ ᠵᠣᠬᠢᠰᠲᠠᠢ ᠳᠡᠭᠡᠭᠰᠢᠯᠡᠭᠦᠯᠤᠨ᠎ᠠ

ᠪᠦᠬᠦ ᠤᠯᠤᠰ᠎ᠲᠤ ᠭᠤᠷᠪᠠᠨ ᠶᠡᠬᠡ ᠭᠣᠣᠯ ᠠᠮᠤ ᠪᠤᠳᠠᠭᠠᠨ᠎ᠤ ᠦᠢᠯᠡᠳᠪᠦᠷᠢᠯᠡᠯ᠎ᠤᠨ ᠥᠪᠡᠷ᠎ᠤᠨ ᠦᠷᠲᠡᠭ ᠪᠠ ᠣᠷᠣᠯᠭ᠎ᠠ᠎ᠶᠢᠨ ᠳᠠᠭᠠᠳᠬᠠᠯ᠎ᠤᠨ ᠲᠦᠷᠦ᠎ᠶᠢᠨ ᠪᠣᠳᠣᠯᠭ᠎ᠠ᠎ᠶᠢ ᠬᠡᠷᠡᠭᠵᠢᠭᠦᠯᠤᠨ᠎ᠠ

ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠤᠨ ᠪᠦᠲᠦᠭᠡᠨ ᠪᠠᠢᠭᠤᠯᠤᠯᠲᠠ᠎ᠶᠢᠨ ᠪᠡᠯᠡ ᠣᠷᠣᠭᠤᠯᠤᠯᠲᠠ᠎ᠳᠤ ᠨᠥᠬᠥᠪᠦᠷᠢ ᠣᠯᠭᠣᠬᠤ ᠬᠢᠷᠢ ᠬᠡᠮᠵᠢᠶ᠎ᠡ᠎ᠶᠢ ᠳᠡᠭᠡᠭᠰᠢᠯᠡᠭᠦᠯᠦᠨ᠎ᠡ

ᠶᠠᠳᠠᠭᠤ᠎ᠠᠴᠠ ᠠᠩᠭᠢᠵᠢᠷᠠᠭᠤᠯᠬᠤ ᠪᠤᠭᠤᠮᠳᠠ ᠰᠢᠪᠳᠤᠯᠬᠤ ᠵᠢ ᠰᠢᠢᠳᠪᠦᠷᠢᠯᠡᠭᠰᠡᠨ ᠦᠷ᠎ᠡ ᠪᠦᠲᠦᠭᠡᠯ᠎ᠢ ᠥᠴᠥᠬᠡᠨ ᠴᠦ᠍ ᠰᠤᠯᠠᠷᠠᠭᠤᠯᠤᠯ ᠦᠭᠡᠢ ᠪᠡᠬᠢᠵᠢᠭᠦᠯᠦᠨ ᠥᠷᠭᠡᠳᠬᠡᠨ᠎ᠡ

ᠲᠠᠬᠢᠨ ᠶᠠᠳᠠᠭᠤᠷᠠᠬᠤ᠎ᠠᠴᠠ ᠰᠡᠷᠭᠡᠢᠯᠡᠬᠦ ᠠᠵᠢᠯ ᠣᠯᠭᠣᠯᠲᠠ᠎ᠶᠢᠨ ᠪᠤᠭᠤᠮᠳᠠ ᠰᠢᠪᠳᠤᠯᠬᠤ ᠵᠢ ᠰᠢᠢᠳᠪᠦᠷᠢᠯᠡᠬᠦ ᠠᠵᠢᠯᠯᠠᠭ᠎ᠠ᠎ᠶᠢ ᠠᠬᠢᠭᠤᠯᠤᠨ᠎ᠠ

ᠤᠯᠤᠰ᠎ᠤᠨ ᠬᠥᠳᠡᠭᠡ ᠲᠣᠰᠬᠤᠨ᠎ᠢ ᠬᠥᠭᠵᠢᠭᠦᠯᠦᠨ ᠮᠠᠨᠳᠤᠭᠤᠯᠬᠤ ᠭᠣᠣᠯᠳᠠᠯᠭ᠎ᠠ᠎ᠲᠠᠢ ᠬᠠᠪᠰᠤᠷᠤᠨ ᠲᠡᠳᠬᠦᠬᠦ ᠰᠢᠶᠠᠨ᠎ᠢ ᠳᠡᠮᠵᠢᠬᠦ ᠡᠷᠴᠢᠮ᠎ᠢᠶᠠᠨ ᠴᠢᠩᠭᠠᠷᠠᠭᠤᠯᠤᠨ᠎ᠠ

ᠬᠥᠳᠡᠭᠡ ᠲᠣᠰᠬᠤᠨ᠎ᠤ ᠥᠭᠡᠷᠡᠴᠢᠯᠡᠯᠲᠡ ᠬᠥᠭᠵᠢᠯᠲᠡ᠎ᠶᠢ ᠯᠠᠪᠳᠠᠭᠤᠨ᠎ᠢᠶᠠᠷ ᠠᠬᠢᠭᠤᠯᠤᠨ᠎ᠠ

ᠬᠣᠶᠠᠳᠤᠭᠠᠷ ᠡᠭᠡᠯᠵᠢ᠎ᠶᠢᠨ ᠭᠠᠵᠠᠷ ᠰᠢᠷᠣᠢ᠎ᠶᠢᠨ ᠳᠠᠭᠠᠭᠠᠴᠢᠯᠠᠯᠲᠠ᠎ᠶᠢᠨ ᠬᠤᠭᠤᠴᠠᠭ᠎ᠠ ᠨᠢ ᠲᠤᠯᠤᠭᠰᠠᠨ᠎ᠤ ᠲᠠᠷᠠᠭ᠎ᠠ ᠲᠠᠬᠢᠭᠠᠳ 30 ᠵᠢᠯ ᠤᠷᠲᠤᠳᠬᠠᠬᠤ ᠮᠤᠵᠢ᠎ᠶᠢᠨ ᠲᠤᠷᠰᠢᠯᠲᠠ᠎ᠶᠢ ᠡᠬᠢᠯᠡᠭᠦᠯᠦᠨ᠎ᠡ

ᠬᠥᠳᠡᠭᠡ ᠲᠣᠰᠬᠤᠨ᠎ᠤ ᠤᠰᠤ ᠴᠠᠬᠢᠯᠭᠠᠨ ᠵᠠᠮ ᠬᠡᠢ ᠮᠡᠳᠡᠭᠡ ᠬᠤᠯᠪᠤᠭ᠎ᠠ ᠵᠡᠷᠭᠡ ᠰᠠᠭᠤᠷᠢ ᠲᠥᠬᠦᠭᠡᠷᠦᠮᠵᠢ ᠪᠠ ᠤᠯᠠᠨ ᠨᠡᠶ᠋ᠢᠲᠡ᠎ᠶᠢᠨ ᠦᠢᠯᠡᠴᠢᠯᠡᠭᠡ᠎ᠶᠢ ᠶᠡᠬᠡ᠎ᠪᠠᠷ ᠰᠠᠢᠵᠢᠷᠠᠭᠤᠯᠤᠨ᠎ᠠ

( ᠨᠠᠢ᠍ᠮᠠ ) ᠬᠤᠲᠠ ᠬᠥᠳᠡᠭᠡ᠎ᠶᠢᠨ ᠠᠭᠤᠰᠤᠯᠴᠠᠯ ᠪᠠ ᠣᠷᠣᠨ ᠪᠦᠰᠡ᠎ᠶᠢᠨ ᠵᠣᠬᠢᠴᠠᠩᠭᠤᠢ ᠬᠥᠭᠵᠢᠯᠲᠡ᠎ᠶᠢ ᠠᠬᠢᠭᠤᠯᠵᠤ᠂ ᠠᠵᠤ ᠠᠬᠤᠢ᠎ᠶᠢᠨ ᠪᠠᠢᠷᠢᠯᠠᠭᠤᠯᠤᠯᠲᠠ᠎ᠶᠢ ᠶᠡᠬᠡ᠎ᠪᠠᠷ ᠰᠢᠯᠢᠳᠡᠭᠵᠢᠭᠦᠯᠵᠤ ᠰᠢᠨ᠎ᠡ ᠬᠡᠯᠪᠡᠷᠢ᠎ᠶᠢᠨ ᠬᠤᠲᠠ ᠪᠠᠯᠭᠠᠰᠤᠵᠢᠯᠲᠠ᠎ᠶᠢᠨ ᠪᠦᠲᠦᠭᠡᠨ ᠪᠠᠢᠭᠤᠯᠤᠯᠲᠠ᠎ᠶᠢ ᠢᠳᠡᠪᠬᠢᠲᠡᠢ ᠠᠬᠢᠭᠤᠯᠤᠨ᠎ᠠ

ᠰᠢᠨ᠎ᠡ ᠬᠡᠯᠪᠡᠷᠢ᠎ᠶᠢᠨ ᠬᠤᠳᠠ ᠪᠠᠯᠭᠠᠰᠤᠵᠢᠯᠲᠠ᠎ᠶᠢᠨ ᠪᠠᠢᠯᠳᠤᠬᠤ ᠪᠣᠳᠣᠯᠭ᠎ᠠ᠎ᠶᠢᠨ ᠠᠵᠢᠯᠯᠠᠭ᠎ᠠ᠎ᠶᠢ ᠭᠦᠨᠵᠡᠭᠡᠢ ᠬᠡᠷᠡᠭᠵᠢᠭᠦᠯᠤᠨ᠎ᠠ

ᠡᠷᠦᠭᠡ ᠠᠮᠠ᠎ᠪᠠᠨ ᠤᠷᠤᠭᠤᠯᠬᠤ ᠬᠦᠰᠡᠯ᠎ᠲᠠᠢ ᠬᠤᠲᠠ᠎ᠳᠤ ᠣᠷᠣᠭᠰᠠᠨ ᠬᠥᠯᠥᠰᠦᠨ ᠠᠵᠢᠯᠴᠢᠨ᠎ᠢ ᠬᠤᠲᠠ ᠪᠠᠯᠭᠠᠰᠤᠨ᠎ᠳᠤ ᠡᠷᠦᠬᠡ ᠠᠮᠠ᠎ᠶᠢ ᠨᠢ ᠣᠷᠣᠭᠤᠯᠤᠨ᠎ᠠ

ᠬᠠᠭᠤᠴᠢᠨ ᠰᠠᠭᠤᠭᠠᠯᠢ ᠲᠣᠭᠣᠷᠢᠭ᠋᠎ᠲᠤ ᠴᠠᠬᠢᠯᠭᠠᠨ ᠱᠠᠲᠤ ᠨᠡᠮᠡᠵᠦ ᠤᠭᠰᠠᠷᠠᠬᠤ᠂ ᠲᠡᠷᠭᠡ ᠵᠣᠭᠰᠤᠭᠠᠬᠤ ᠵᠡᠷᠭᠡ ᠬᠦᠴᠢᠷ ᠠᠰᠠᠭᠤᠳᠠᠯ᠎ᠢ ᠰᠢᠢᠳᠪᠦᠷᠢᠯᠡᠬᠦ᠎ᠶᠢ ᠠᠬᠢᠭᠤᠯᠤᠨ᠎ᠠ

ᠣᠷᠣᠨ ᠪᠦᠰᠡ᠎ᠶᠢᠨ ᠵᠣᠬᠢᠴᠠᠩᠭᠤᠢ ᠬᠥᠭᠵᠢᠯᠲᠡ᠎ᠶᠢᠨ ᠲᠦᠪᠰᠢᠨ᠎ᠢ ᠳᠡᠭᠡᠭᠰᠢᠯᠡᠭᠦᠯᠦᠨ᠎ᠡ

ᠪᠡᠭᠡᠵᠢᠩ ᠲᠢᠶᠠᠨᠵᠢᠨ ᠾᠧᠪᠧᠢ᠂ ᠬᠥᠬᠡᠮᠥ᠋ᠷᠡᠨ᠎ᠤ ᠭᠤᠷᠪᠠᠯᠵᠢᠨ ᠬᠣᠢᠭ᠋᠂ ᠭᠤᠸᠠᠩᠳᠦ᠋ᠩ ᠰᠢᠶᠠᠩᠭᠠᠩ ᠣᠣᠮᠧᠨ᠎ᠤ ᠲᠣᠮᠣ᠌ ᠪᠤᠯᠤᠩ᠎ᠤᠨ ᠣᠷᠣᠨ ᠵᠡᠷᠭᠡ ᠠᠵᠤ ᠠᠬᠤᠢ᠎ᠶᠢᠨ ᠬᠥᠭᠵᠢᠯᠲᠡ᠎ᠶᠢᠨ ᠳᠠᠪᠠᠭᠤᠯᠢᠭ᠋ ᠭᠠᠵᠠᠷ ᠣᠷᠣᠨ᠎ᠤ ᠴᠢᠨᠠᠷ ᠰᠠᠢᠲᠠᠢ ᠬᠥᠭᠵᠢᠯᠲᠡ᠎ᠶᠢᠨ ᠬᠥᠳᠡᠯᠭᠡᠭᠴᠢ ᠬᠦᠴᠦᠨ᠎ᠤ ᠡᠬᠢ ᠰᠤᠷᠪᠤᠯᠵᠢ᠎ᠶᠢᠨ ᠦᠢᠯᠡᠳᠦᠯ᠎ᠢᠶᠠᠨ ᠨᠡᠩ ᠰᠠᠢᠨ ᠪᠠᠳᠠᠷᠠᠭᠤᠯᠬᠤ᠎ᠶᠢ ᠲᠡᠮᠵᠢᠨ᠎ᠠ

ᠬᠥᠬᠡᠮᠥ᠋ᠷᠡᠨ᠎ᠤ ᠠᠵᠤ ᠠᠬᠤᠢ᠎ᠶᠢᠨ ᠪᠦᠰᠡ᠎ᠶᠢᠨ ᠴᠢᠨᠠᠷ ᠰᠠᠢᠲᠠᠢ ᠬᠥᠭᠵᠢᠯᠲᠡ᠎ᠶᠢ ᠦᠷᠭᠦᠯᠵᠢᠯᠡᠨ ᠠᠬᠢᠭᠤᠯᠵᠤ᠂ ᠬᠠᠳᠤᠨ ᠭᠣᠣᠯ᠎ᠤᠨ ᠰᠠᠪᠠ ᠭᠠᠵᠠᠷ᠎ᠤᠨ ᠠᠮᠢ ᠠᠬᠤᠢ᠎ᠶᠢᠨ ᠬᠠᠮᠠᠭᠠᠯᠠᠯᠲᠠ ᠪᠠ ᠴᠢᠨᠠᠷ ᠰᠠᠢᠲᠠᠢ ᠬᠥᠭᠵᠢᠯᠲᠡ᠎ᠶᠢ ᠠᠬᠢᠭᠤᠯᠤᠨ᠎ᠠ

(ᠶᠢᠰᠦ) ᠠᠮᠢ ᠠᠬᠤᠢ᠎ᠶ᠋ᠢᠨ ᠪᠣᠯᠪᠠᠰᠤᠨ᠎ᠤ ᠪᠠᠢᠭᠤᠯᠤᠯᠲᠠ᠎ᠶ᠋ᠢ ᠴᠢᠩᠭᠠᠳᠭᠠᠵᠤ ᠪᠤᠬᠢᠷᠳᠤᠯ ᠦᠭᠡᠢ ᠲᠤᠤᠷ᠎ᠠ ᠨᠡᠭᠦᠷᠡᠰᠦᠲᠥ᠋ᠷᠥᠭ᠌ᠴᠢᠳᠤ ᠬᠥᠭ᠌ᠵᠢᠯᠲᠡ᠎ᠶ᠋ᠢ ᠠᠬᠢᠭᠤᠯᠤᠨ᠎ᠠ

ᠠᠮᠢ ᠠᠬᠤᠢ ᠣᠷᠴᠢᠨ ᠲᠤᠭᠤᠷᠢᠨ᠎ᠢ ᠶᠡᠷᠦᠩᠬᠡᠢᠯᠡᠨ ᠵᠠᠰᠠᠬᠤ᠎ᠶ᠋ᠢ ᠠᠬᠢᠭᠤᠯᠤᠨ᠎ᠠ

ᠠᠭᠠᠷ᠎ᠤᠨ ᠶᠠᠰᠤ ᠴᠢᠨᠠᠷ᠎ᠢ ᠦᠷᠭᠦᠯᠵᠢᠯᠡᠨ ᠰᠠᠢᠵᠢᠷᠠᠭᠤᠯᠬᠤ ᠠᠵᠢᠯᠯᠠᠭᠠᠨ᠎ᠤ ᠲᠥᠯᠥᠪᠵᠢᠭᠦᠯᠭᠡ᠎ᠶ᠋ᠢ ᠭᠦᠨᠵᠡᠭᠡᠶ ᠬᠡᠷᠡᠭᠵᠢᠭᠦᠯᠦᠨ᠎ᠡ

ᠬᠠᠲᠠᠭᠤ ᠪᠡᠶᠡᠲᠦ ᠬᠠᠶᠠᠭ᠍ᠳᠠᠮᠠᠯ ᠪᠣᠳᠠᠰ᠂ ᠱᠢᠨ᠎ᠡ ᠪᠣᠬᠢᠷᠲᠤᠭᠤᠯᠬᠤ ᠪᠣᠳᠠᠰ᠂ ᠰᠦᠯᠢᠶᠣᠣ᠎ᠶ᠋ᠢᠨ ᠪᠣᠬᠢᠷᠲᠤᠯ᠎ᠢ ᠵᠠᠰᠠᠬᠤ ᠠᠵᠢᠯ᠎ᠢ ᠴᠢᠩᠭᠠᠳᠭᠠᠨ᠎ᠠ

《ᠤᠮᠠᠷᠠᠲᠤ ᠵᠢᠨ ᠭᠤᠷᠪᠠᠨ ᠤᠷᠤᠨ》᠎ᠤ᠋ ᠢᠨᠵᠧᠨᠧᠷᠢᠩ᠎ᠤᠨ ᠪᠡᠯᠭᠡ ᠲᠡᠮᠳᠡᠭ᠎ᠤᠨ ᠴᠢᠨᠠᠷᠲᠠᠶ ᠭᠤᠷᠪᠠᠨ ᠶᠡᠭᠡ ᠳᠠᠢᠯᠠᠯᠳᠤᠭᠠᠨ᠎ᠢ ᠵᠣᠬᠢᠶᠠᠨ ᠪᠠᠢᠭᠤᠯᠤᠨ ᠰᠠᠢᠲᠤᠷ ᠬᠢᠨ᠎ᠡ

ᠪᠤᠬᠢᠷᠳᠤᠯ ᠦᠭᠡᠢ ᠲᠤᠤᠷ᠎ᠠ ᠨᠡᠭᠦᠷᠡᠰᠦᠲᠥ᠋ᠷᠥᠭ᠌ᠴᠢᠳᠤ ᠠᠵᠤ ᠠᠬᠤᠶ᠎ᠶ᠋ᠢ ᠶᠡᠭᠡ᠎ᠪᠠᠷ ᠬᠥᠭ᠌ᠵᠢᠭᠦᠯᠦᠨ᠎ᠡ

ᠭᠤᠤᠯᠳᠠᠯᠭ᠎ᠠ᠎ᠲᠠᠢ ᠬᠦᠷᠢᠶᠡᠨ᠎ᠳᠠᠬᠢ ᠡᠨᠧᠷᠭᠢ ᠠᠷᠪᠢᠯᠠᠬᠤ ᠤᠰᠤ ᠠᠷᠪᠢᠯᠠᠬᠤ ᠥᠭᠡᠷᠡᠴᠢᠯᠡᠯᠲᠡ᠎ᠶ᠋ᠢ ᠲᠦᠷᠭᠡᠳᠭᠡᠨ᠎ᠡ

ᠬᠠᠶᠠᠭ᠍ᠳᠠᠮᠠᠯ ᠪᠣᠳᠠᠰ᠎ᠢ ᠡᠷᠬᠢᠯᠳᠦᠬᠦᠯᠦᠨ ᠠᠱᠢᠭ᠍ᠯᠠᠬᠤ ᠠᠵᠤ ᠦᠢᠯᠡᠰ᠎ᠤᠨ ᠬᠥᠭ᠌ᠵᠢᠯᠲᠡ᠎ᠶ᠋ᠢ ᠠᠬᠢᠭᠤᠯᠤᠨ᠎ᠠ

ᠦᠵᠡᠰᠭᠦᠯᠡᠩᠲᠦ ᠰᠠᠢᠬᠠᠨ ᠳᠤᠮᠳᠠᠳᠤ ᠤᠯᠤᠰ᠎ᠤᠨ ᠲᠦᠷᠦᠭᠦᠯᠡᠬᠦ᠌ ᠣᠷᠣᠨ᠎ᠢ ᠪᠦᠲᠦᠭᠡᠨ ᠪᠠᠢᠭᠤᠯᠤᠨ᠎ᠠ

ᠨᠡᠭᠦᠷᠡᠰᠦᠲᠥ᠋ᠷᠥᠭ᠌ᠴᠢ᠎ᠶ᠋ᠢᠨ ᠳᠠᠪᠬᠤᠷ ᠢᠰᠦᠯ᠎ᠤᠨ ᠭᠠᠳᠠᠭ᠍ᠰᠢᠯᠠᠭᠤᠯᠤᠯᠲᠠ ᠣᠷᠭᠢᠯ ᠬᠡᠮᠵᠢᠭ᠌ᠳᠡᠯ᠎ᠳᠦ ᠬᠦᠷᠬᠦ᠂ ᠨᠡᠭᠦᠷᠡᠰᠦᠲᠥ᠋ᠷᠥᠭ᠌ᠴᠢ᠎ᠶ᠋ᠢ ᠰᠠᠭᠠᠷᠮᠠᠭ᠍ᠵᠢᠭᠤᠯᠬᠤ᠎ᠶ᠋ᠢ ᠢᠳᠡᠪᠬᠢᠲᠡᠢ ᠪᠦᠭᠡᠳ ᠯᠠᠪᠳᠠᠭᠤᠨ᠎ᠢᠶᠠᠷ ᠠᠬᠢᠭᠤᠯᠤᠨ᠎ᠠ

《ᠨᠡᠭᠦᠷᠡᠰᠦᠲᠥ᠋ᠷᠥᠭ᠌ᠴᠢ᠎ᠶ᠋ᠢᠨ ᠳᠠᠪᠬᠤᠷ ᠢᠰᠦᠯ᠎ᠤᠨ ᠭᠠᠳᠠᠭ᠍ᠰᠢᠯᠠᠭᠤᠯᠤᠯᠲᠠ ᠣᠷᠭᠢᠯ ᠬᠡᠮᠵᠢᠭ᠌ᠳᠡᠯ᠎ᠳᠤ ᠬᠦᠷᠬᠦ᠌ ᠠᠷᠪᠠᠨ ᠶᠡᠭᠡ ᠠᠵᠢᠯᠯᠠᠭ᠎ᠠ》᠎ᠶ᠋ᠢ ᠯᠠᠪᠳᠠᠭᠤᠨ ᠪᠠᠲᠤᠲᠠᠶ ᠥᠷᠨᠢᠭᠦᠯᠦᠨ᠎ᠡ

ᠪᠦᠬᠦ᠌ ᠤᠯᠤᠰ᠎ᠤᠨ ᠨᠡᠭᠦᠷᠡᠰᠦᠲᠥ᠋ᠷᠥᠭ᠌ᠴᠢ᠎ᠶ᠋ᠢᠨ ᠵᠠᠬ᠎ᠠ ᠳᠡᠯᠭᠡᠭᠦᠷ᠎ᠤᠨ ᠠᠵᠢᠯ ᠲᠦᠷᠦᠯ᠎ᠤᠨ ᠬᠠᠮᠤᠷᠬᠤ ᠬᠡᠪᠴᠢᠶ᠎ᠡ᠎ᠶ᠋ᠢ ᠥᠷᠭᠡᠳᠭᠡᠨ᠎ᠡ

ᠴᠢᠯᠠᠭᠤᠵᠢᠮᠠᠯ᠎ᠤᠨ ᠡᠨᠧᠷᠭᠢ᠎ᠶ᠋ᠢᠨ ᠬᠡᠷᠡᠭ᠌ᠯᠡᠭᠡ᠎ᠶ᠋ᠢ ᠬᠢᠵᠠᠭᠠᠷᠯᠠᠨ᠎ᠠ

ᠱᠢᠨ᠎ᠡ ᠬᠡᠯᠪᠡᠷᠢ᠎ᠶ᠋ᠢᠨ ᠡᠨᠧᠷᠭᠢ᠎ᠶ᠋ᠢᠨ ᠰᠤᠷᠪᠤᠯᠵᠢ᠎ᠶ᠋ᠢᠨ ᠱᠢᠰᠲ᠋ᠧᠮ᠎ᠢ ᠲᠦᠷᠭᠡᠳᠭᠡᠨ ᠪᠠᠢᠭᠤᠯᠤᠨ᠎ᠠ

(ᠠᠷᠪᠠ) ᠠᠷᠠᠳ᠎ᠤᠨ ᠠᠮᠢᠳᠤᠷᠠᠯ᠎ᠢ ᠦᠨᠡᠨ ᠬᠦ᠌ ᠪᠠᠲᠤᠯᠠᠨ ᠰᠠᠢᠵᠢᠷᠠᠭᠤᠯᠵᠤ ᠨᠡᠢᠭᠡᠮ᠎ᠤᠨ ᠵᠠᠰᠠᠯᠲᠠ᠎ᠶ᠋ᠢ ᠴᠢᠩᠭᠠᠳᠭᠠᠵᠦ᠍ ᠨᠠᠢᠭᠡᠮ᠎ᠤᠨ ᠵᠠᠰᠠᠯᠳᠡ᠎ᠶ᠋ᠢᠨ ᠱᠢᠨ᠎ᠡ᠎ᠶ᠋ᠢ ᠡᠭᠦᠳᠦᠨ᠎ᠡ

ᠤᠯᠠᠨ ᠵᠦᠢᠯ᠎ᠤᠨ ᠠᠷᠭ᠎ᠠ ᠬᠡᠮᠵᠢᠶ᠎ᠡ᠎ᠶ᠋ᠢ ᠵᠡᠷᠭᠡ᠎ᠪᠠᠷ ᠬᠡᠷᠡᠭ᠌ᠯᠡᠨ ᠠᠵᠢᠯ ᠣᠯᠭᠤᠯᠲᠠ᠎ᠶ᠋ᠢ ᠲᠣᠭ᠍ᠲᠠᠭᠤᠨ ᠪᠠᠢᠯᠭᠠᠵᠦ᠍ ᠣᠷᠣᠯᠭ᠎ᠠ᠎ᠶ᠋ᠢᠨ ᠨᠡᠮᠡᠭ᠌ᠳᠡᠯ᠎ᠢ ᠠᠬᠢᠭᠤᠯᠤᠨ᠎ᠠ

ᠡᠳ᠋᠎ᠤᠨ ᠵᠠᠰᠠᠭ ᠭᠠᠢᠯᠢ᠂ ᠮᠥᠩᠭᠦᠨ ᠭᠦᠢᠯᠭᠡᠭᠡᠨ ᠵᠡᠷᠭᠡ ᠲᠥᠷᠥ᠎ᠶ᠋ᠢᠨ ᠪᠣᠳᠣᠯᠭ᠎ᠠ᠎ᠶ᠋ᠢᠨ ᠠᠵᠢᠯ ᠣᠯᠭᠤᠯᠲᠠ᠎ᠶ᠋ᠢ ᠲᠣᠭ᠍ᠲᠠᠭᠤᠨ ᠪᠠᠢᠯᠭᠠᠬᠤ᠎ᠳᠤ ᠦᠵᠡᠭᠦᠯᠬᠦ᠌ ᠳᠡᠮᠵᠢᠯᠭᠡ᠎ᠶ᠋ᠢ ᠴᠢᠩᠭᠠᠳᠬᠠᠨ᠎ᠠ

ᠠᠵᠢᠯ ᠣᠯᠭᠤᠯᠲᠠ᠎ᠶ᠋ᠢᠨ ᠪᠠᠭ᠍ᠲᠠᠭᠠᠮᠵᠢ᠎ᠪᠠᠷ ᠶᠡᠭᠡ ᠠᠵᠢᠯ ᠲᠦᠷᠦᠯ ᠠᠵᠤ ᠠᠬᠤᠢᠯᠠᠯ᠎ᠢ ᠳᠡᠮᠵᠢᠬᠦ᠌᠎ᠪᠠᠨ ᠴᠢᠩᠭᠠᠳᠭᠠᠨ᠎ᠠ

ᠱᠢᠨ᠎ᠠ ᠠᠵᠢᠯ ᠤᠯᠭᠤᠯᠳᠠ ᠵᠢᠨ ᠬᠡᠯᠪᠡᠷᠢ ᠪᠡᠷ ᠠᠵᠢᠯ ᠣᠯᠤᠭ᠍ᠰᠠᠳ᠎ᠤᠨ ᠠᠵᠢᠯ ᠮᠡᠷᠭᠡᠵᠢᠯ᠎ᠤᠨ ᠭᠡᠮᠲᠦᠯ᠎ᠤᠨ ᠪᠠᠲᠤᠯᠠᠭ᠎ᠠ᠎ᠶ᠋ᠢᠨ ᠲᠤᠷᠱᠢᠯᠲᠠ᠎ᠶ᠋ᠢᠨ ᠴᠡᠭ ᠎ᠢ ᠥᠷᠭᠡᠳᠭᠡᠨ᠎ᠡ

ᠡᠮ ᠡᠮᠨᠡᠯᠭᠡ ᠡᠷᠡᠭᠦᠯ ᠬᠠᠮᠠᠭᠠᠯᠠᠯ᠎ᠤᠨ ᠦᠢᠯᠡᠴᠢᠯᠡᠭᠡᠨ᠎ᠤ ᠴᠢᠳᠠᠪᠤᠷᠢ᠎ᠶ᠋ᠢ ᠳᠡᠭᠡᠭ᠌ᠰᠢᠯᠡᠭᠦᠯᠦᠨ᠎ᠡ

ᠰᠠᠭᠤᠭᠠᠯᠢ ᠠᠷᠠᠳ᠎ᠤᠨ ᠡᠮᠨᠡᠯᠭᠡ᠎ᠶ᠋ᠢᠨ ᠳᠠᠭᠠᠳᠭᠠᠯ᠎ᠤᠨ ᠬᠥᠮᠦᠨ ᠳᠤᠮᠳᠠᠴᠢ᠎ᠶ᠋ᠢᠨ ᠡᠳ᠋᠎ᠤᠨ ᠵᠠᠰᠠᠭ᠎ᠤᠨ ᠨᠥᠬᠦᠪᠥᠷᠢ᠎ᠶ᠋ᠢᠨ ᠪᠠᠷᠢᠮᠵᠢᠶ᠎ᠠ᠎ᠶ᠋ᠢ 30 ᠲᠥᠭᠦᠷᠢᠭ ᠨᠡᠮᠡᠭ᠌ᠳᠡᠭᠦᠯᠦᠨ᠎ᠡ

ᠡᠮ ᠡᠮᠨᠡᠯᠭᠡ᠎ᠶ᠋ᠢᠨ ᠦᠨᠳᠦᠰᠦᠨ ᠳᠠᠭᠠᠳᠭᠠᠯ᠎ᠢ ᠮᠤᠵᠢ᠎ᠶ᠋ᠢᠨ ᠱᠠᠲᠤᠨ᠎ᠳᠤ ᠨᠢᠭᠡᠳᠦᠯᠲᠡᠶ ᠲᠥᠯᠥᠪᠯᠡᠬᠦ᠌᠎ᠶ᠋ᠢ ᠠᠬᠢᠭᠤᠯᠤᠨ᠎ᠠ

ᠣᠨᠳᠣᠤ ᠭᠠᠵᠠᠷ᠎ᠲᠤ ᠡᠮᠨᠡᠭᠦᠯᠦᠭ᠌ᠰᠡᠨ ᠵᠠᠷᠤᠳᠠᠯ᠎ᠢ ᠱᠢᠭᠤᠳ ᠲᠠᠰᠤᠯᠤᠨ ᠪᠤᠳᠤᠬᠤ᠎ᠶ᠋ᠢ ᠨᠠᠢᠳᠠᠪᠤᠷᠢᠵᠢᠭᠤᠯᠬᠤ ᠪᠠ ᠲᠡᠭᠦᠯᠳᠡᠷᠵᠢᠭᠦᠯᠦᠨ᠎ᠡ

ᠪᠠᠢᠴᠠᠭᠠᠬ᠍ᠰᠠᠨ ᠱᠢᠯᠭᠠᠨ ᠪᠠᠢᠴᠠᠭᠠᠭ᠍ᠰᠠᠨ ᠦᠷ᠎ᠡ ᠳ᠋ᠦᠩ᠎ᠢ ᠬᠠᠷᠢᠯᠴᠠᠨ ᠮᠡᠳᠡᠷᠡᠬᠦ᠌᠎ᠶ᠋ᠢ ᠠᠬᠢᠭᠤᠯᠤᠨ᠎ᠠ

ᠨᠡᠢᠭᠡᠮ᠎ᠤᠨ ᠪᠠᠲᠤᠯᠠᠭ᠎ᠠ ᠪᠠ ᠦᠢᠯᠡᠴᠢᠯᠡᠭᠡ᠎ᠶ᠋ᠢ ᠴᠢᠩᠭᠠᠳᠭᠠᠨ᠎ᠠ

ᠬᠤᠲᠠ ᠬᠥᠳᠡᠭᠡ᠎ᠶ᠋ᠢᠨ ᠰᠠᠭᠤᠭᠠᠯᠢ ᠠᠷᠠᠳ᠎ᠤᠨ ᠨᠠᠰᠤᠵᠢᠯ᠎ᠤᠨ ᠠᠰᠠᠷᠠᠮᠵᠢ᠎ᠶ᠋ᠢᠨ ᠰᠠᠭᠤᠷᠢ ᠮᠥᠩᠭᠦ᠎ᠶ᠋ᠢᠨ ᠰᠠᠷ᠎ᠠ᠎ᠶ᠋ᠢᠨ ᠨᠠᠭᠠᠲᠤ ᠵᠠᠬ᠎ᠠ᠎ᠶ᠋ᠢᠨ ᠪᠠᠷᠢᠮᠵᠢᠶ᠎ᠠ᠎ᠶ᠋ᠢ 20 ᠲᠦᠭᠦᠷᠢᠭ ᠳᠡᠭᠡᠭ᠌ᠰᠢᠯᠡᠭᠦᠯᠦᠨ᠎ᠡ

ᠠᠵᠢᠯ᠎ᠠᠴᠠ᠎ᠪᠠᠨ ᠠᠮᠠᠷᠠᠭ᠍ᠰᠠᠳ᠎ᠤᠨ ᠨᠠᠰᠤᠵᠢᠯ᠎ᠤᠨ ᠦᠨᠳᠦᠰᠦᠨ ᠠᠰᠠᠷᠠᠮᠵᠢ᠎ᠶ᠋ᠢᠨ ᠮᠥᠩᠭᠦ᠎ᠶ᠋ᠢ ᠦᠷᠭᠦᠯᠵᠢᠯᠡᠨ ᠳᠡᠭᠡᠭ᠌ᠰᠢᠯᠡᠭᠦᠯᠦᠨ᠎ᠡ

ᠦᠳᠡᠬᠦᠰ᠎ᠤᠨ ᠠᠵᠤ ᠠᠬᠤᠢ᠎ᠶ᠋ᠢ ᠶᠡᠭᠡ᠎ᠪᠠᠷ ᠬᠥᠭ᠌ᠵᠢᠭᠦᠯᠦᠨ᠎ᠡ

ᠦᠷᠡᠵᠢᠯ᠎ᠤᠨ ᠠᠮᠠᠷᠠᠯᠲᠠ᠎ᠶ᠋ᠢᠨ ᠳᠦᠷᠢᠮ᠎ᠢ ᠱᠢᠯᠢᠳᠡᠭ᠌ᠵᠢᠭᠦᠯᠦᠨ᠎ᠡ

ᠠᠷᠠᠳ ᠤᠯᠠᠨ᠎ᠤ ᠤᠶᠤᠨ᠎ᠤ ᠰᠣᠶᠣᠯ᠎ᠤᠨ ᠠᠮᠢᠳᠤᠷᠠᠯ᠎ᠢ ᠪᠠᠶᠠᠯᠢᠭ᠍ᠵᠢᠭᠤᠯᠤᠨ᠎ᠠ

ᠤᠯᠤᠰ᠎ᠤᠨ ᠰᠣᠶᠣᠯ᠎ᠤᠨ ᠲᠤᠭᠠᠴᠢᠯᠠᠭᠤᠯᠤᠯᠳᠠ᠎ᠶ᠋ᠢᠨ ᠪᠠᠢᠯᠳᠤᠬᠤ ᠪᠤᠳᠤᠯᠭ᠎ᠠ᠎ᠶ᠋ᠢ ᠭᠦᠨᠵᠡᠭᠡᠶ ᠠᠬᠢᠭᠤᠯᠤᠨ᠎ᠠ

ᠣᠯᠠᠨ ᠨᠡᠢᠲᠡ᠎ᠶ᠋ᠢᠨ ᠰᠣᠶᠣᠯ᠎ᠤᠨ ᠲᠠᠯᠠᠪᠠᠢ ᠣᠷᠳᠣᠨ᠎ᠢ ᠰᠦᠢᠳᠭᠡᠯ ᠬᠤᠷᠢᠶᠠᠬᠤ ᠦᠭᠡᠢ᠎ᠪᠠᠷ ᠨᠡᠭᠡᠭᠡᠬᠦ᠌ ᠦᠢᠯᠡᠴᠢᠯᠡᠭᠡᠨ᠎ᠤ ᠲᠥᠪᠱᠢᠨ᠎ᠢ ᠳᠡᠭᠡᠭ᠌ᠰᠢᠯᠡᠭᠦᠯᠦᠨ᠎ᠡ

2024 ᠣᠨ᠎ᠤ ᠣᠯᠢᠮᠫᠢᠺ᠎ᠤᠨ ᠪᠡᠶ᠎ᠡ᠎ᠶ᠋ᠢᠨ ᠲᠠᠮᠢᠷ᠎ᠤᠨ ᠴᠤᠭ᠍ᠯᠠᠭᠠᠨ᠂ ᠵᠡᠮᠳᠡᠭ᠌ᠴᠦᠳ᠎ᠤᠨ ᠣᠯᠢᠮᠫᠢᠺ᠎ᠤᠨ ᠪᠡᠶ᠎ᠡ᠎ᠶ᠋ᠢᠨ ᠲᠠᠮᠢᠷ᠎ᠤᠨ ᠴᠤᠭ᠍ᠯᠠᠭᠠᠨ᠎ᠳᠤ ᠪᠡᠯᠡᠳᠭᠡᠵᠦ᠍ ᠤᠷᠤᠯᠳᠤᠭᠠᠨ᠎ᠳᠤ ᠣᠷᠣᠯᠴᠠᠬᠤ ᠠᠵᠢᠯ᠎ᠢ ᠰᠠᠢᠲᠤᠷ ᠬᠢᠨ᠎ᠠ

ᠤᠯᠤᠰ᠎ᠤᠨ ᠠᠮᠤᠷ ᠲᠥᠪᠱᠢᠨ ᠪᠠ ᠨᠡᠢᠭᠡᠮ᠎ᠤᠨ ᠲᠣᠭ᠍ᠲᠠᠭᠤᠨ ᠪᠠᠢᠳᠠᠯ᠎ᠢ ᠬᠠᠮᠠᠭᠠᠯᠠᠨ᠎ᠠ

ᠤᠯᠤᠰ᠎ᠤᠨ ᠠᠮᠤᠷ ᠲᠥᠪᠱᠢᠨ᠎ᠤ ᠱᠢᠰᠲ᠋ᠧᠮ ᠪᠠ ᠴᠢᠳᠠᠪᠤᠷᠢ᠎ᠶ᠋ᠢᠨ ᠪᠠᠢᠭᠤᠯᠤᠯᠲᠠ᠎ᠶ᠋ᠢ ᠴᠢᠩᠭᠠᠳᠭᠠᠨ᠎ᠠ

ᠭᠤᠣᠯᠳᠠᠯᠭ᠎ᠠ᠎ᠲᠠᠢ ᠬᠦᠷᠢᠶᠡᠨ᠎ᠤ ᠠᠶᠤᠯ ᠲᠦᠭ᠌ᠰᠢᠭᠦᠷᠢ᠎ᠶ᠋ᠢᠨ ᠳᠠᠯᠳᠠ ᠭᠡᠮ᠎ᠢ ᠵᠢᠭᠰᠠᠭᠠᠨ ᠪᠠᠢᠴᠠᠭᠠᠵᠤ ᠴᠡᠭ᠌ᠴᠡᠯᠡᠨ ᠵᠠᠰᠠᠬᠤ᠎ᠶ᠋ᠢ ᠴᠢᠩᠭᠠᠳᠭᠠᠨ᠎ᠠ

ᠢᠳᠡᠭᠡᠨ᠎ᠤ ᠵᠦᠢᠯᠡᠰ᠂ ᠡᠮ᠎ᠤᠨ ᠵᠦᠢᠯᠡᠰ᠂ ᠣᠨᠴᠠ ᠲᠥᠷᠥᠯ᠎ᠤᠨ ᠲᠦᠬᠦᠭᠡᠷᠦᠮᠵᠢ᠎ᠶ᠋ᠢᠨ ᠬᠢᠨᠠᠯᠲᠠ ᠬᠠᠮᠢᠶᠠᠷᠤᠯᠲᠠ᠎ᠶ᠋ᠢ ᠴᠢᠩᠳᠠᠯᠠᠨ᠎ᠠ


ᠵᠠᠰᠠᠭ᠎ᠤᠨ ᠤᠷᠳᠤᠨ᠎ᠤ ᠠᠵᠢᠯ᠎ᠤᠨ ᠢᠯᠡᠳᠭᠡᠯ ᠎ᠳᠦ᠂ ᠠᠷᠠᠳ ᠲᠦᠮᠡᠨ᠎ᠳᠤ ᠲᠠᠭᠠᠱᠢᠶᠠᠭ᠍ᠳᠠᠭ᠍ᠰᠠᠨ ᠬᠠᠤᠯᠢ᠎ᠪᠠᠷ ᠵᠠᠰᠠᠬᠤ ᠵᠠᠰᠠᠭ᠎ᠤᠨ ᠣᠷᠳᠣᠨ᠂ ᠱᠢᠨ᠎ᠡ᠎ᠶ᠋ᠢ ᠡᠭᠦᠳᠬᠦ᠌ ᠵᠠᠰᠠᠭ᠎ᠤᠨ ᠣᠷᠳᠣᠨ᠂ ᠠᠷᠢᠭᠤᠨ ᠴᠢᠭᠡᠴᠢ ᠵᠠᠰᠠᠭ᠎ᠤᠨ ᠣᠷᠳᠣᠨ ᠪᠠ ᠦᠢᠯᠡᠴᠢᠯᠡᠬᠦ᠌ ᠬᠡᠯᠪᠡᠷᠢ᠎ᠶ᠋ᠢᠨ ᠵᠠᠰᠠᠭ᠎ᠤᠨ ᠣᠷᠳᠣᠨ᠎ᠢ ᠴᠢᠷᠮᠠᠢᠨ ᠪᠠᠢᠭᠤᠯᠵᠤ᠂ ᠵᠠᠰᠠᠭ᠎ᠤᠨ ᠣᠷᠳᠣᠨ᠎ᠤ ᠲᠤᠱᠢᠶᠠᠯ ᠬᠠᠷᠢᠭᠤᠴᠠᠯᠭ᠎ᠠ᠎ᠶ᠋ᠢ ᠪᠦᠬᠦ᠌ ᠲᠠᠯ᠎ᠠ᠎ᠪᠠᠷ ᠰᠠᠢᠲᠤᠷ ᠭᠦᠢᠴᠡᠳᠭᠡᠬᠦ᠌ ᠬᠡᠷᠡᠭ᠌ᠲᠡᠢ ᠭᠡᠵᠦ ᠲᠤᠷᠠᠳᠤᠨ ᠭᠠᠷᠭᠠᠪᠠ᠃

ᠬᠠᠤᠯᠢ ᠶᠣᠰᠣᠭᠠᠷ ᠵᠠᠰᠠᠭ ᠶᠠᠪᠤᠭᠤᠯᠬᠤ᠎ᠶ᠋ᠢ ᠭᠦᠨᠵᠡᠭᠡᠶ ᠠᠬᠢᠭᠤᠯᠤᠨ᠎ᠠ

ᠲᠦᠷᠦ᠍᠎ᠶ᠋ᠢᠨ ᠪᠤᠳᠤᠯᠭ᠎ᠠ ᠲᠣᠭ᠍ᠲᠠᠭᠠᠬᠤ᠎ᠳᠠᠭᠠᠨ ᠵᠢᠮ᠎ᠡ ᠶᠣᠰᠣ᠎ᠶ᠋ᠢ ᠵᠢᠷᠤᠮᠯᠠᠨ᠂ ᠬᠠᠮᠲᠤ᠎ᠶ᠋ᠢᠨ ᠲᠠᠨᠢᠯᠲᠠ᠎ᠶ᠋ᠢ ᠥᠷᠭᠡᠨ᠎ᠢᠶᠠᠷ ᠲᠥᠪᠯᠡᠷᠡᠭᠦᠯᠵᠦ᠍᠂ ᠬᠠᠤᠯᠢ ᠴᠠᠭᠠᠵᠠ᠎ᠶ᠋ᠢᠨ ᠦᠨᠳᠦᠰᠦᠯᠡᠯ᠎ᠲᠠᠢ ᠪᠠᠢᠬᠤ ᠬᠡᠷᠡᠭ᠌ᠲᠡᠶ

ᠵᠠᠰᠠᠭ ᠵᠠᠬᠢᠷᠭᠠᠨ᠎ᠤ ᠦᠢᠯᠡᠳᠦᠯ ᠴᠢᠳᠠᠪᠤᠷᠢ᠎ᠶ᠋ᠢ ᠪᠦᠬᠦ᠌ ᠲᠠᠯ᠎ᠠ᠎ᠪᠠᠷ ᠳᠡᠭᠡᠭ᠌ᠰᠢᠯᠡᠭᠦᠯᠦᠨ᠎ᠡ

《ᠥᠨᠳᠥᠷ ᠪᠦᠲᠦᠮᠵᠢᠲᠡᠶ᠎ᠪᠠᠷ ᠨᠢᠭᠡ ᠤᠴᠢᠷ ᠶᠠᠪᠤᠳᠠᠯ᠎ᠢ ᠪᠦᠲᠦᠭᠡᠬᠦ᠌》᠎ᠶ᠋ᠢ ᠠᠬᠢᠭᠤᠯᠬᠤ᠎ᠪᠠᠷ ᠬᠦᠲᠦᠯᠦᠮᠵᠢ ᠪᠣᠯᠭᠠᠵᠤ᠂ ᠵᠠᠰᠠᠭ᠎ᠤᠨ ᠶᠠᠪᠤᠳᠠᠯ᠎ᠤᠨ ᠦᠢᠯᠡᠴᠢᠯᠡᠭᠡᠨ᠎ᠤ ᠲᠥᠪᠱᠢᠨ᠎ᠢ ᠳᠡᠭᠡᠭ᠌ᠰᠢᠯᠡᠭᠦᠯᠦᠨ᠎ᠡ


ᠥᠷᠭᠡᠨ ᠣᠯᠠᠨ ᠺᠠᠳ᠋ᠷᠴᠤᠳ 《ᠴᠠᠭ ᠢᠮᠠᠭ᠍ᠲᠠ ᠰᠠᠨᠠᠭ᠎ᠠ ᠠᠮᠤᠷ ᠦᠭᠡᠢ ᠪᠠᠢᠬᠤ》 ᠬᠠᠷᠢᠭᠤᠴᠠᠯᠭᠠᠲᠤ ᠰᠡᠳᠭᠢᠯᠭᠡ᠎ᠪᠠᠨ ᠴᠢᠩᠭᠠᠳᠭᠠᠬᠤ᠎ᠶ᠋ᠢᠨ ᠬᠠᠮᠲᠤ ᠡᠭᠦᠨ᠎ᠢ 《ᠶᠠᠪᠤᠳᠠᠯ ᠪᠣᠯᠭᠠᠨ᠎ᠳᠤ ᠳᠣᠲᠤᠷ᠎ᠠ᠎ᠪᠠᠨ ᠲᠤᠭ᠎ᠠ᠎ᠲᠠᠢ ᠪᠠᠢᠬᠤ》 ᠠᠵᠢᠯᠯᠠᠭᠠᠨ᠎ᠤ ᠴᠢᠳᠠᠪᠤᠷᠢ ᠪᠣᠯᠭᠠᠨ ᠦᠨᠡᠨ ᠬᠦ᠌ ᠬᠤᠪᠢᠷᠠᠭᠤᠯᠵᠤ᠂ ᠠᠵᠢᠯ ᠬᠢᠵᠦ᠍ ᠦᠢᠯᠡᠰ ᠪᠤᠰᠬᠠᠬᠤ ᠴᠤᠭ ᠰᠦᠯᠳᠡ᠎ᠪᠠᠨ ᠪᠠᠳᠠᠷᠠᠭᠤᠯᠵᠤ᠂ ᠦᠨᠡᠨ ᠬᠦ᠌ ᠠᠳᠭᠤᠨ ᠪᠤᠳᠠᠲᠠᠢ᠎ᠪᠠᠷ ᠬᠢᠵᠤ᠂ ᠱᠢᠷᠭᠠᠭᠤ ᠬᠠᠳᠠᠭᠤᠵᠢᠯᠳᠠᠢ ᠠᠵᠢᠯᠯᠠᠵᠤ᠂ ᠴᠢᠳᠠᠮᠠᠭᠠᠶ ᠬᠢᠵᠦ᠍ ᠴᠢᠳᠠᠮᠠᠭᠠᠶ ᠪᠦᠲᠦᠭᠡᠨ᠂ ᠴᠠᠭ ᠦᠶ᠎ᠡ ᠪᠠ ᠠᠷᠠᠳ ᠲᠦᠮᠡᠨ᠎ᠳᠤ ᠦᠯᠦ᠍ ᠣᠰᠣᠯᠳᠠᠬᠤ ᠱᠢᠨ᠎ᠡ ᠠᠮᠵᠢᠯᠲᠠ ᠪᠦᠲᠦᠮᠵᠢ᠎ᠶ᠋ᠢ ᠴᠢᠷᠮᠠᠢᠨ ᠡᠭᠦᠳᠬᠦ᠌ ᠬᠡᠷᠡᠭ᠌ᠲᠡᠶ᠃

ᠬᠠᠷᠢᠭᠤᠴᠠᠯᠭ᠎ᠠ᠎ᠶ᠋ᠢᠨ ᠵᠠᠩᠬᠢᠯᠠᠭ᠎ᠠ᠎ᠨᠢ ᠡᠬᠦᠷᠭᠡᠯᠡᠬᠦ᠌᠎ᠳᠤ ᠪᠠᠢᠵᠤ᠂ ᠲᠡᠮᠡᠴᠡᠯ᠎ᠢᠶᠠᠷ ᠢᠷᠡᠭᠡᠳᠦᠢ᠎ᠶ᠋ᠢ ᠡᠭᠦᠳᠦᠨ ᠪᠦᠲᠦᠭᠡᠳᠡᠭ᠃ ᠪᠢᠳᠡ ᠰᠢ᠎ᠶ᠋ᠢᠨ ᠫᠢᠩ ᠨᠥᠬᠦᠷ᠎ᠢᠶᠠᠷ ᠭᠤᠤᠯ ᠪᠤᠯᠭᠠᠭᠰᠠᠨ ᠨᠠᠮ᠎ᠤᠨ ᠲᠥᠪ ᠬᠤᠷᠢᠶᠠᠨ᠎ᠤ ᠲᠣᠭᠤᠷᠢᠨ᠎ᠳᠤ ᠨᠠᠩ ᠢᠯᠡᠭᠦᠦ ᠨᠢᠭ᠍ᠲᠠᠷᠠᠨ ᠪᠦᠯᠬᠦᠮᠳᠡᠵᠦ᠍᠂ ᠳᠤᠮᠳᠠᠳᠤ ᠤᠯᠤᠰ᠎ᠤᠨ ᠣᠨᠴᠠᠯᠢᠭ ᠲᠠᠢ ᠨᠡᠢᠭᠡᠮ ᠵᠢᠷᠤᠮ᠎ᠤᠨ ᠠᠭᠤᠤ ᠶᠡᠭᠡ ᠲᠤᠭ᠎ᠢ ᠥᠨᠳᠥᠷ ᠮᠠᠨᠳᠤᠭᠤᠯᠤᠨ᠂ ᠰᠢ᠎ᠶ᠋ᠢᠨ ᠫᠢᠩ ᠎ᠤ᠋ᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ ᠲᠠᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠣᠭᠤᠳᠤᠯᠭ᠎ᠠ ᠪᠣᠯᠭᠠᠵᠤ᠂ ᠢᠲᠡᠭᠡᠯ ᠵᠣᠷᠢᠭ᠎ᠢᠶᠠᠨ ᠪᠠᠲᠤᠳᠭᠠᠵᠤ᠂ ᠵᠠᠮ ᠨᠡᠭᠡᠭᠡᠨ ᠤᠷᠤᠭ᠍ᠰᠢᠯᠠᠵᠤ᠂ ᠪᠦᠬᠦ᠌ ᠵᠢᠯ᠎ᠤᠨ ᠠᠵᠤ ᠠᠬᠤᠢ ᠨᠡᠢᠭᠡᠮ᠎ᠤᠨ ᠬᠥᠭ᠌ᠵᠢᠯᠲᠡ᠎ᠶ᠋ᠢᠨ ᠬᠠᠷᠠᠯᠲᠠ ᠡᠭᠦᠷᠭᠡ᠎ᠪᠠᠨ ᠴᠢᠷᠮᠠᠢᠨ ᠪᠡᠶᠡᠯᠡᠭᠦᠯᠵᠦ᠍᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠪᠠᠷ ᠬᠦᠴᠦᠷᠬᠡᠭ ᠤᠯᠤᠰ᠎ᠤᠨ ᠪᠦᠲᠦᠭᠡᠨ ᠪᠠᠢᠭᠤᠯᠤᠯᠲᠠ᠂ ᠦᠨᠳᠦᠰᠦᠲᠡᠨ᠎ᠤ ᠰᠡᠷᠭᠦᠨ ᠮᠠᠨᠳᠤᠯᠲᠠ᠎ᠶ᠋ᠢᠨ ᠠᠭᠤᠤ ᠦᠢᠯᠡᠰ᠎ᠢ ᠪᠦᠬᠦ᠌ ᠲᠠᠯ᠎ᠠ᠎ᠪᠠᠷ ᠠᠬᠢᠭᠤᠯᠬᠤ᠎ᠶ᠋ᠢᠨ ᠲᠥᠯᠥᠭᠡ ᠴᠥᠬᠦᠷᠡᠰᠢ ᠦᠭᠡᠢ ᠲᠡᠮᠡᠴᠡᠵᠡᠭᠡᠶ᠎ᠡ!

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠬᠦᠰᠡᠯᠡᠩ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面