2024-03-06 11:04:39
ᠤᠷᠢᠬᠠᠨ ᠬᠠᠪᠤᠷ ᠰᠠᠭᠠᠳᠠᠬᠤᠶᠠ ᠲᠦᠮᠡᠨ ᠪᠣᠳᠠᠰ ᠲᠦᠯᠵᠢᠮᠤᠢ᠃ ᠪᠦᠬᠦ ᠤᠯᠤᠰ ᠤ᠋ᠨ ᠬᠣᠶᠠᠷ ᠬᠤᠷᠠᠯ ᠤ᠋ᠨ ᠤᠷᠢᠨ ᠰᠠᠯᠬᠢᠨ ᠢ᠋ ᠤᠭᠲᠤᠨ᠂ ᠤᠮᠠᠷᠠᠲᠤ ᠵᠢᠨ ᠡᠬᠡ ᠭᠠᠵᠠᠷ ᠲᠤ᠌ ᠠᠮᠢᠵᠢᠷᠠᠯ ᠤ᠋ᠨ ᠬᠦᠴᠦᠨ ᠪᠠᠳᠠᠷᠠᠵᠤ᠂ ᠣᠷᠭᠢᠯᠤᠮ᠎ᠠ ᠬᠠᠯᠠᠭᠤᠨ ᠠᠭᠤᠷ ᠠᠮᠢᠰᠭᠤᠯ ᠪᠢᠯᠬᠠᠨ᠎ᠠ᠃
ᠬᠥᠬᠡᠬᠣᠲᠠ ᠵᠢᠨ ᠠᠵᠤ ᠠᠬᠤᠢ ᠮᠡᠷᠭᠡᠵᠢᠯ ᠤ᠋ᠨ ᠨᠡᠭᠡᠭᠡᠯᠳᠡ ᠵᠢᠨ ᠤᠷᠤᠨ ᠳ᠋ᠤ᠂ ᠵᠧᠩ ᠨᠠᠢ ᠣᠶᠤᠨᠴᠢ ᠠᠵᠤ ᠦᠢᠯᠡᠰ ᠤ᠋ᠨ ᠬᠦᠷᠢᠶᠡᠯᠡᠩ ᠤ᠋ᠨ ᠦᠢᠯᠡᠳᠪᠦᠷᠢᠯᠡᠯ ᠤ᠋ᠨ ᠱᠤᠭᠤᠮ ᠳ᠋ᠤ ᠠᠳᠠᠯᠢ ᠪᠤᠰᠤ ᠬᠡᠮᠵᠢᠶᠡᠯᠳᠦ ᠬᠦᠴᠦᠳᠡᠯ ᠬᠤᠪᠢᠰᠬᠠᠭᠴᠢ ᠲᠥᠬᠥᠭᠡᠷᠦᠮᠵᠢ ᠵᠢ ᠤᠭᠰᠠᠷᠠᠵᠦ ᠪᠠᠢᠯ᠎ᠠ᠂ ᠡᠳᠡᠭᠡᠷ ᠲᠥᠬᠥᠭᠡᠷᠦᠮᠵᠢ ᠨᠢ ᠴᠠᠬᠢᠯᠭᠠᠨ ᠭᠠᠷᠭᠠᠬᠤ ᠪᠠ ᠴᠠᠬᠢᠯᠭᠠᠨ ᠬᠡᠷᠡᠭᠯᠡᠬᠦ ᠵᠢᠨ ᠬᠣᠭᠣᠷᠣᠨᠳᠣ᠂ ᠥᠨᠳᠥᠷ ᠪᠠ ᠳᠣᠣᠷ᠎ᠠ ᠬᠦᠴᠦᠳᠡᠯ ᠤ᠋ᠨ ᠰᠣᠯᠢᠭᠳᠠᠯ ᠤ᠋ᠨ ᠳᠤᠮᠳᠠ ᠴᠢᠬᠤᠯᠠ ᠦᠢᠯᠡᠳᠦᠯ ᠦᠵᠡᠭᠦᠯᠳᠡᠭ᠃ ᠵᠧᠩ ᠨᠠᠢ ᠴᠠᠬᠢᠯᠭᠠᠨ ᠤ᠋ ᠲᠥᠷᠥᠯ ᠵᠦᠢᠯ ᠪᠣᠯ ᠡᠨᠡ ᠵᠢᠯ ᠤ᠋ᠨ 1 ᠰᠠᠷ᠎ᠠ ᠳ᠋ᠤ᠌ ᠰᠠᠶᠢ ᠠᠰᠢᠭᠯᠠᠯᠲᠠ ᠳ᠋ᠤ᠌ ᠣᠷᠣᠭᠰᠠᠨ ᠲᠥᠷᠥᠯ ᠵᠦᠢᠯ ᠪᠤᠯᠤᠨ᠎ᠠ᠂ ᠡᠨᠡ ᠵᠢᠯ ᠳ᠋ᠤ ᠪᠠᠰᠠ 4 ᠵᠤᠷᠪᠤᠰ ᠣᠶᠤᠨᠴᠢ ᠦᠢᠯᠡᠳᠬᠦ ᠦᠢᠯᠡᠳᠪᠦᠷᠢᠯᠡᠯ ᠤ᠋ᠨ ᠱᠤᠭᠤᠮ ᠢ᠋ ᠪᠦᠳᠦᠭᠡᠨ ᠪᠠᠢᠭᠤᠯᠵᠤ᠂ ᠵᠢᠱ᠌ᠢᠯᠲᠡ ᠪᠡᠷ ᠪᠦᠬᠦᠨ ᠢ᠋ ᠠᠰᠢᠭᠯᠠᠯᠲᠠ ᠳ᠋ᠤ᠌ ᠣᠷᠣᠭᠤᠯᠤᠭᠰᠠᠨ ᠤ᠋ ᠳᠠᠷᠠᠭ᠎ᠠ᠂ ᠵᠢᠯ ᠤ᠋ᠨ ᠪᠣᠷᠣᠯᠠᠭᠤᠯᠭ᠎ᠠ ᠵᠢᠨ ᠬᠡᠮᠵᠢᠶ᠎ᠡ ᠨᠢ 3 ᠳ᠋ᠦᠩᠰᠢᠭᠤᠷ ᠭᠠᠷᠤᠢ ᠲᠥᠭᠥᠷᠢᠭ ᠲᠦ᠍ ᠬᠦᠷᠬᠦ ᠪᠣᠯᠤᠨ᠎ᠠ ᠃
ᠱᠤᠸᠠᠩ ᠵᠢᠶᠧ ᠰᠠᠢ ᠳᠦ ᠰᠢᠨ᠎ᠡ ᠡᠨᠧᠷᠭᠢ ᠵᠢᠨ ᠳᠡᠭᠡᠳᠦ ᠳᠡᠰ ᠤ᠋ᠨ ᠲᠣᠨᠣᠭ ᠳᠤᠨᠤᠭᠯᠠᠯ ᠢ᠋ ᠰᠤᠳᠤᠯᠤᠨ ᠨᠡᠭᠡᠭᠡᠵᠦ ᠦᠢᠯᠡᠳᠬᠦ ᠰᠠᠭᠤᠷᠢᠨ ᠤ᠋ ᠲᠥᠷᠥᠯ ᠵᠦᠢᠯ ᠢ᠋ ᠵᠢᠱ᠌ᠢᠯᠲᠡ ᠪᠡᠷ ᠡᠨᠡ ᠵᠢᠯ ᠤ᠋ᠨ 4 ᠰᠠᠷ᠎ᠠ ᠳ᠋ᠤ᠌ ᠠᠰᠢᠭᠯᠠᠯᠲᠠ ᠳ᠋ᠤ᠌ ᠣᠷᠣᠭᠤᠯᠵᠤ᠂ 45 ᠳ᠋ᠦᠩᠰᠢᠭᠤᠷ ᠲᠥᠭᠥᠷᠢᠭ ᠤ᠋ᠨ ᠦᠢᠯᠡᠳᠬᠦᠨ ᠤ᠋ ᠥᠷᠲᠡᠭ ᠢ᠋ ᠪᠡᠶᠡᠯᠡᠭᠦᠯᠭᠦ ᠪᠤᠯᠤᠨ᠎ᠠ︔ ᠸᠧᠢ ᠯᠠᠢ ᠡᠨᠧᠷᠭᠢ ᠵᠢᠨ ᠰᠤᠷᠪᠤᠯᠵᠢ ᠵᠢᠨ 4GW ᠵᠢᠨ ᠥᠨᠳᠥᠷ ᠠᠰᠢᠭᠳᠤ ᠤᠶᠠᠨ ᠴᠢᠨᠠᠷᠲᠠᠢ ᠤᠶᠤᠨᠴᠢᠯᠠᠭᠰᠠᠨ ᠲᠣᠨᠣᠭᠯᠠᠯ ᠦᠢᠯᠡᠳᠬᠦ ᠲᠦᠷᠦᠯ ᠵᠦᠢᠯ ᠢ᠋ ᠵᠢᠱ᠌ᠢᠯᠲᠡ ᠪᠡᠷ ᠡᠨᠡ ᠵᠢᠯ ᠤ᠋ᠨ 4 ᠰᠠᠷ᠎ᠠ ᠳ᠋ᠤ᠌ ᠠᠰᠢᠭᠯᠠᠯᠲᠠ ᠳ᠋ᠤ᠌ ᠣᠷᠣᠭᠤᠯᠵᠤ᠂ 48 ᠳ᠋ᠦᠩᠰᠢᠭᠤᠷ ᠲᠥᠭᠥᠷᠢᠭ ᠤ᠋ᠨ ᠦᠢᠯᠡᠳᠬᠦᠨ ᠤ᠋ ᠥᠷᠲᠡᠭ ᠢ᠋ ᠪᠡᠶᠡᠯᠡᠭᠦᠯᠭᠦ ᠪᠤᠯᠤᠨ᠎ᠠ ︔ ᠠᠷᠲ᠋ᠸᠰ ᠤ᠋ᠨ ᠭᠡᠷᠡᠯᠴᠢ ᠴᠡᠨᠡᠭ ᠤ᠋ᠨ ᠰᠢᠨ᠎ᠡ ᠡᠨᠧᠷᠭᠢ ᠵᠢᠨ ᠪᠦᠬᠦ ᠠᠵᠤ ᠦᠢᠯᠡᠰ ᠤ᠋ᠨ ᠬᠡᠯᠬᠢᠶᠡᠨ ᠤ᠋ ᠲᠥᠷᠥᠯ ᠵᠦᠢᠯ ᠤ᠋ᠨ ᠨᠢᠭᠡᠳᠦᠭᠡᠷ ᠬᠤᠭᠤᠴᠠᠭᠠᠨ ᠤ᠋ ᠢᠨᠵᠧᠨᠧᠷᠢᠩ ᠢ᠋ ᠵᠢᠱ᠌ᠢᠯᠲᠡ ᠪᠡᠷ ᠡᠨᠡ ᠵᠢᠯ ᠤ᠋ᠨ 6 ᠰᠠᠷ᠎ᠠ ᠵᠢᠨ ᠰᠡᠭᠦᠯᠴᠢ ᠪᠡᠷ ᠠᠰᠢᠭᠯᠠᠯᠲᠠ ᠳ᠋ᠤ᠌ ᠣᠷᠣᠭᠤᠯᠵᠤ᠂ 400 ᠳ᠋ᠦᠩᠰᠢᠭᠤᠷ ᠲᠥᠭᠥᠷᠢᠭ ᠤ᠋ᠨ ᠦᠢᠯᠡᠳᠬᠦᠨ ᠤ᠋ ᠥᠷᠲᠡᠭ ᠢ᠋ ᠪᠡᠶᠡᠯᠡᠭᠦᠯᠬᠦ ᠪᠤᠯᠤᠨ᠎ᠠ ᠁ ᠲᠣᠮᠣ ᠲᠥᠷᠥᠯ ᠵᠦᠢᠯ᠂ ᠰᠠᠢᠨ ᠲᠥᠷᠥᠯ ᠵᠦᠢᠯ ᠤ᠋ᠳ ᠨᠢ ᠬᠥᠬᠡᠬᠣᠲᠠ ᠵᠢᠨ ᠠᠵᠤ ᠠᠬᠤᠢ ᠮᠡᠷᠭᠡᠵᠢᠯ ᠤ᠋ᠨ ᠨᠡᠭᠡᠭᠡᠯᠲᠡ ᠵᠢᠨ ᠤᠷᠤᠨ ᠤ᠋ ᠴᠢᠨᠠᠷ ᠰᠠᠢᠲᠠᠢ ᠬᠥᠭᠵᠢᠯᠲᠡ ᠵᠢᠨ ᠢᠳᠡ ᠬᠦᠴᠦᠨ ᠢ᠋ ᠤᠯᠠᠮ ᠵᠢᠡᠷ ᠴᠢᠩᠭᠠᠯᠠᠯ᠎ᠠ᠃ ᠡᠨᠡ ᠵᠢᠯ ᠲᠤᠰ ᠨᠡᠭᠡᠭᠡᠯᠳᠠ ᠵᠢᠨ ᠤᠷᠤᠨ 500 ᠲᠦᠮᠡᠨ ᠲᠥᠭᠥᠷᠢᠭᠡᠴᠡ ᠳᠡᠭᠡᠭᠰᠢᠬᠢ ᠪᠡᠯᠡ ᠣᠷᠣᠭᠤᠯᠤᠯᠲᠠ ᠵᠢᠨ ᠲᠦᠷᠦᠯ ᠵᠦᠢᠯ ᠢ᠋ 100 ᠡᠴᠡ ᠳᠠᠪᠠᠭᠤᠯᠬᠤ ᠪᠠᠷ ᠲᠥᠯᠥᠪᠯᠡᠵᠦ ᠪᠣᠢ᠃
ᠡᠨᠡ ᠪᠣᠯ ᠥᠪᠥᠷ ᠮᠣᠩᠭᠣᠯ ᠤ᠋ᠨ ᠴᠢᠨᠠᠷ ᠰᠠᠢᠲᠠᠢ ᠬᠥᠭᠵᠢᠯᠲᠡ ᠵᠢᠨ ᠬᠠᠷᠠᠯᠲᠠ ᠳᠠᠢᠰᠢ ᠪᠦᠬᠦ ᠬᠦᠴᠦᠨ ᠵᠢᠡᠷ ᠵᠢᠡᠨ ᠤᠷᠤᠭᠰᠢᠯᠠᠬᠤ ᠵᠢᠨ ᠠᠮᠢᠳᠤᠯᠢᠭ ᠲᠠᠢᠯᠪᠤᠷᠢᠯᠠᠯ ᠪᠤᠯᠬᠤ ᠠᠵᠢ᠃
ᠥᠩᠭᠡᠷᠡᠭᠰᠡᠨ ᠨᠢᠭᠡ ᠵᠢᠯ ᠳ᠋ᠦ᠍᠂ ᠥᠪᠥᠷ ᠮᠣᠩᠭᠣᠯ ᠣᠷᠣᠨ ᠳᠠᠶᠠᠭᠠᠷ ᠵᠢᠠᠨ ᠬᠣᠶᠠᠷ ᠶᠡᠬᠡ ᠶᠠᠪᠤᠳᠠᠯ ᠢ᠋ ᠰᠠᠢᠲᠤᠷ ᠬᠢᠬᠦ ᠳ᠋ᠦ᠍ ᠠᠩᠬᠠᠷᠤᠯ ᠵᠢᠠᠨ ᠲᠥᠪᠯᠡᠷᠡᠭᠦᠯᠵᠦ᠂ ᠴᠢᠨᠠᠷ ᠰᠠᠢᠲᠠᠢ ᠬᠥᠭᠵᠢᠯᠲᠡ ᠭᠡᠬᠦ ᠡᠨᠡ ᠬᠦ᠌ ᠲᠡᠷᠢᠭᠦᠨ ᠴᠢᠬᠤᠯᠠ ᠡᠭᠦᠷᠭᠡ ᠪᠣᠯᠤᠨ《ᠰᠢᠨ᠎ᠡ ᠵᠠᠮ ᠨᠡᠭᠡᠭᠡᠵᠤ᠂ ᠳᠤᠮᠳᠠ ᠲᠦᠪᠰᠢᠨ ᠳ᠋ᠤ ᠤᠷᠤᠬᠤ》 ᠬᠠᠷᠠᠯᠲᠠ ᠵᠢᠨ ᠲᠣᠭᠣᠷᠢᠨ ᠳ᠋ᠤ᠌ ᠡᠷᠡᠯᠬᠡᠭᠯᠡᠨ ᠲᠡᠮᠡᠴᠡᠵᠦ᠂ ᠥᠨᠳᠥᠷ ᠲᠦ᠍ ᠮᠠᠴᠤᠬᠤ ᠪᠠᠷ ᠬᠦᠴᠦᠯᠡᠨ ᠴᠢᠷᠮᠠᠢᠵᠤ᠂ ᠰᠢᠨ᠎ᠡ ᠵᠠᠮ ᠵᠢᠠᠷ ᠵᠣᠷᠢᠭᠲᠠᠢ ᠪᠠᠷ ᠵᠠᠮᠨᠠᠵᠤ᠂ ᠤᠷᠤᠭᠰᠢᠯᠠᠨ ᠲᠠᠪᠰᠢᠬᠤ ᠪᠠᠷ ᠬᠦᠴᠦᠯᠡᠨ ᠴᠢᠷᠮᠠᠢᠭᠰᠠᠨ ᠴᠢᠨᠠᠷ ᠰᠠᠢᠲᠠᠢ ᠬᠥᠭᠵᠢᠯᠲᠡ ᠵᠢᠨ ᠰᠢᠨ᠎ᠡ ᠬᠠᠷᠢᠭᠤᠯᠲᠠ ᠵᠢᠨ ᠬᠠᠭᠤᠳᠠᠰᠤ ᠵᠢ ᠲᠤᠰᠢᠶᠠᠯ᠎ᠠ᠄
ᠤᠷᠤᠨ ᠨᠤᠳᠤᠭ ᠤ᠋ᠨ ᠦᠢᠯᠡᠳᠪᠦᠷᠢᠯᠡᠯ ᠤ᠋ᠨ ᠶᠡᠷᠦᠩᠬᠡᠢ ᠥᠷᠲᠡᠭ 7.3% ᠪᠠᠷ ᠨᠡᠮᠡᠭᠳᠡᠵᠦ᠂ ᠪᠦᠬᠦ ᠤᠯᠤᠰ ᠤ᠋ᠨ ᠭᠤᠷᠪᠠᠳᠤᠭᠠᠷ ᠲᠤ᠌ ᠵᠢᠭᠰᠠᠪᠠ; ᠬᠡᠪᠴᠢᠶᠡᠵᠢᠯ ᠡᠴᠡ ᠳᠡᠭᠡᠭᠰᠢᠬᠢ ᠠᠵᠤ ᠦᠢᠯᠡᠳᠪᠦᠷᠢ ᠵᠢᠨ ᠨᠡᠮᠡᠭᠳᠡᠯ ᠥᠷᠲᠡᠭ 7.4% ᠪᠡᠷ ᠨᠡᠮᠡᠭᠳᠡᠵᠦ᠂ ᠪᠦᠬᠦ ᠤᠯᠤᠰ ᠤ᠋ᠨ ᠳᠣᠯᠣᠳᠤᠭᠠᠷ ᠲᠤ᠌ ᠵᠢᠭᠰᠠᠪᠠ;ᠲᠣᠭᠲᠠᠮᠠᠯ ᠬᠥᠷᠥᠩᠭᠡ ᠵᠢᠨ ᠪᠡᠯᠡ ᠣᠷᠣᠭᠤᠯᠤᠯᠲᠠ 19.8% ᠪᠠᠷ ᠨᠡᠮᠡᠭᠳᠡᠵᠦ᠂ ᠪᠦᠬᠦ ᠤᠯᠤᠰ ᠲᠤ᠌ ᠬᠣᠶᠠᠳᠤᠭᠠᠷ ᠲᠤ᠌ ᠵᠢᠭᠰᠠᠪᠠ︔ ᠭᠠᠳᠠᠭᠠᠳᠤ ᠠᠷᠠᠯᠵᠢᠶᠠᠨ ᠤ᠋ ᠤᠷᠤᠭᠤᠯᠤᠯᠳᠠ ᠭᠠᠷᠭᠠᠯᠳᠠ ᠵᠢᠨ ᠪᠦᠬᠦ ᠬᠡᠮᠵᠢᠶ᠎ᠡ 30.4% ᠪᠡᠷ ᠨᠡᠮᠡᠭᠳᠡᠵᠦ᠂ ᠪᠦᠬᠦ ᠤᠯᠤᠰ ᠤ᠋ᠨ ᠭᠤᠷᠪᠠᠳᠤᠭᠠᠷ ᠲᠦ᠍ ᠵᠢᠭᠰᠠᠵᠤ ᠂ ᠭᠣᠣᠯ ᠪᠣᠯᠬᠤ ᠠᠵᠤ ᠠᠬᠤᠢ ᠵᠢᠨ ᠭᠦᠢᠴᠡᠳᠭᠡᠯ ᠲᠣᠭ᠎ᠠ ᠵᠢᠨ ᠨᠡᠮᠡᠭᠳᠡᠯ ᠤ᠋ᠨ ᠬᠤᠷᠳᠤᠴᠠ ᠪᠦᠬᠦ ᠤᠯᠤᠰ ᠤ᠋ᠨ ᠨᠢᠭᠡᠳᠦᠭᠡᠷ ᠵᠢᠭᠰᠠᠯ ᠳ᠋ᠤ ᠣᠷᠣᠪᠠ ᠃
ᠡᠨᠧᠷᠭᠢ ᠵᠢᠨ ᠰᠤᠷᠪᠤᠯᠵᠢ ᠵᠢᠨ ᠬᠦᠷᠢᠶᠡᠨ ᠳ᠋ᠦ᠍ 《10 ᠪᠦᠬᠦ ᠤᠯᠤᠰ ᠤ᠋ᠨ ᠨᠢᠭᠡᠳᠦᠭᠡᠷ》 ᠢ᠋ ᠪᠡᠶᠡᠯᠡᠭᠦᠯᠵᠦ᠂ 29 ᠮᠣᠵᠢ ᠤᠷᠤᠨ ᠤ᠋ ᠡᠨᠧᠷᠭᠢ ᠵᠢᠨ ᠰᠤᠷᠪᠤᠯᠵᠢ ᠵᠢᠨ ᠬᠡᠷᠡᠭᠴᠡᠭᠡ ᠵᠢ ᠪᠠᠲᠤᠯᠠᠪᠠ; ᠠᠮᠤ ᠪᠤᠳᠠᠭᠠᠨ ᠤ᠋ ᠤᠨᠠᠯᠲᠠ 791.6 ᠳ᠋ᠦᠩᠰᠢᠭᠤᠷ ᠵᠢᠩ ᠳ᠋ᠦ᠍ ᠬᠦᠷᠴᠦ᠂ 20 ᠵᠢᠯ ᠳᠠᠷᠠᠭᠠᠯᠠᠨ ᠡᠯᠪᠡᠭ ᠬᠤᠷᠢᠶᠠᠯᠲᠠ ᠣᠯᠵᠤ᠂ ᠪᠦᠬᠦ ᠤᠯᠤᠰ ᠤ᠋ᠨ ᠵᠢᠷᠭᠤᠳᠤᠭᠠᠷ ᠲᠤ᠌ ᠲᠣᠭᠲᠠᠭᠤᠨ ᠵᠢᠠᠷ ᠵᠢᠭᠰᠠᠵᠤ᠂ ᠭᠣᠣᠯ ᠪᠣᠯᠬᠤ ᠮᠢᠬᠠᠨ ᠤ᠋ ᠲᠥᠷᠥᠯ ᠤ᠋ᠨ ᠭᠠᠷᠤᠯᠲᠠ 285.4 ᠲᠦᠮᠡᠨ ᠲᠤᠨ ᠳ᠋ᠤ᠌ ᠬᠦᠷᠴᠦ᠂ ᠦᠨᠢᠶᠡᠨ ᠰᠦ ᠵᠢᠨ ᠭᠠᠷᠤᠯᠲᠠ 792.6 ᠲᠦᠮᠡᠨ ᠲᠤᠨ ᠳ᠋ᠤ᠌ ᠬᠦᠷᠴᠦ᠂ ᠴᠥᠮ ᠳᠡᠦᠭᠡ ᠵᠢᠨ ᠰᠢᠨ᠎ᠡ ᠲᠡᠮᠳᠡᠭᠯᠡᠯ ᠢ᠋ ᠡᠭᠦᠳᠴᠦ ᠂ᠤᠯᠤᠰ ᠤ᠋ᠨ ᠡᠨᠧᠷᠭᠢ ᠪᠠ ᠠᠮᠤ ᠪᠤᠳᠠᠭᠠᠨ ᠤ᠋ ᠠᠮᠤᠷ ᠲᠦᠪᠰᠢᠨ ᠢ᠋ ᠪᠠᠲᠤᠯᠠᠬᠤ ᠴᠢᠳᠠᠪᠤᠷᠢ ᠢᠯᠡᠳᠲᠡ ᠴᠢᠩᠭᠠᠷᠠᠪᠠ ᠃
《ᠤᠮᠠᠷᠠᠳᠤ ᠵᠢᠨ ᠭᠤᠷᠪᠠᠨ ᠤᠷᠤᠨ》 ᠤ᠋ ᠢᠨᠵᠧᠨᠧᠷᠢᠩ ᠤ᠋ᠨ ᠪᠤᠭᠤᠮᠳᠠ ᠰᠢᠪᠳᠤᠯᠬᠤ ᠳᠠᠢᠯᠠᠯᠳᠤᠭᠠᠨ ᠤ᠋ ᠵᠠᠷᠯᠢᠭ ᠢ᠋ ᠢᠳᠡᠪᠬᠢᠲᠡᠢ ᠪᠡᠷ ᠴᠤᠤᠷᠢᠶᠠᠲᠤᠨ ᠳᠠᠭᠠᠵᠤ᠂ ᠭᠣᠣᠯ ᠳᠠᠭᠠᠷᠢᠯᠲᠠ ᠦᠷᠨᠢᠭᠦᠯᠵᠦ᠂ ᠭᠣᠣᠯ ᠬᠦᠴᠦᠨ ᠪᠣᠯᠵᠤ᠂ ᠪᠦᠬᠦ ᠵᠢᠯ ᠳ᠋ᠦ᠍ 556 ᠲᠦᠮᠡᠨ ᠮᠦ᠍ ᠮᠣᠳᠣ ᠲᠠᠷᠢᠵᠤ᠂ 1817 ᠲᠦᠮᠡᠨ ᠮᠦ᠍ ᠡᠪᠡᠰᠦ ᠲᠠᠷᠢᠵᠤ᠂ 950 ᠲᠦᠮᠡᠨ ᠮᠦ᠍ ᠡᠯᠡᠰᠦ ᠵᠢ ᠰᠡᠷᠭᠡᠢᠯᠡᠨ ᠡᠯᠡᠰᠦ ᠵᠢ ᠵᠠᠰᠠᠵᠤ᠂ 《ᠤᠮᠠᠷᠠᠳᠤ ᠵᠢᠨ ᠭᠤᠷᠪᠠᠨ ᠤᠷᠤᠨ》 ᠤ᠋ ᠢᠨᠵᠧᠨᠧᠷᠢᠩ ᠤ᠋ᠨ ᠪᠤᠭᠤᠮᠳᠠ ᠰᠢᠪᠳᠤᠯᠬᠤ ᠳᠠᠢᠯᠠᠯᠳᠤᠭᠠᠨ ᠢ᠋ ᠪᠦᠬᠦ ᠲᠠᠯ᠎ᠠ ᠪᠠᠷ ᠡᠬᠢᠯᠡᠭᠦᠯᠪᠡ᠃ ᠨᠡᠭᠦᠷᠡᠰᠦᠨ ᠤ᠋ ᠪᠤᠰᠤ ᠠᠵᠤ ᠦᠢᠯᠡᠰ ᠲᠦᠷᠭᠡᠨ ᠵᠢᠡᠷ ᠨᠡᠮᠡᠭᠳᠡᠵᠦ᠂ 12.1% ᠳ᠋ᠤ ᠬᠦᠷᠴᠦ᠂ ᠦᠢᠯᠡᠳᠬᠦ ᠦᠢᠯᠡᠰ᠂ ᠳᠡᠭᠡᠳᠦ ᠮᠡᠷᠭᠡᠵᠢᠯ ᠤ᠋ᠨ ᠦᠢᠯᠡᠳᠬᠦ ᠦᠢᠯᠡᠰ᠂ ᠪᠠᠢᠯᠳᠤᠬᠤ ᠪᠣᠳᠣᠯᠭ᠎ᠠ ᠵᠢᠨ ᠴᠢᠨᠠᠷᠲᠠᠢ ᠰᠢᠨ᠎ᠡ ᠪᠡᠷ ᠮᠠᠨᠳᠤᠵᠤ ᠪᠠᠢᠭ᠎ᠠ ᠠᠵᠤ ᠦᠢᠯᠡᠰ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤ᠋ᠨ ᠰᠤᠳᠤᠯᠭᠠᠨ ᠪᠠ ᠲᠧᠭᠨᠢᠭ ᠮᠡᠷᠭᠡᠵᠢᠯ ᠤ᠋ᠨ ᠦᠢᠯᠡᠴᠢᠯᠡᠭᠡᠨ ᠤ᠋ ᠦᠢᠯᠡᠰ᠂ ᠵᠥᠭᠡᠯᠡᠨ ᠲᠣᠨᠣᠭ ᠪᠠ ᠮᠡᠳᠡᠭᠡ ᠵᠠᠩᠭᠢ ᠵᠢᠨ ᠦᠢᠯᠡᠴᠢᠯᠡᠭᠡᠨ ᠤ᠋ ᠦᠢᠯᠡᠰ ᠴᠥᠮ ᠬᠣᠶᠠᠷ ᠣᠷᠣᠨᠲᠤ ᠲᠣᠭ᠎ᠠ ᠵᠢᠨ ᠨᠡᠮᠡᠭᠳᠡᠯ ᠢ᠋ ᠪᠡᠶᠡᠯᠡᠭᠦᠯᠵᠤ᠂ ᠬᠥᠭᠵᠢᠯᠲᠡ ᠵᠢᠨ ᠶᠠᠰᠤ ᠴᠢᠨᠠᠷ ᠦᠷ᠎ᠡ ᠠᠰᠢᠭ ᠴᠢᠨᠠᠭᠰᠢᠳᠠ ᠳᠡᠭᠡᠭᠰᠢᠯᠡᠪᠡ᠃
᠁
ᠥᠩᠭᠡᠷᠡᠭᠰᠡᠨ ᠤ᠋ ᠵᠠᠮ ᠵᠢᠠᠨ ᠡᠷᠭᠢᠴᠡᠭᠦᠯᠬᠦᠶ᠎ᠡ᠂ ᠥᠪᠥᠷ ᠮᠣᠩᠭᠣᠯ ᠤ᠋ᠨ ᠴᠢᠨᠠᠷ ᠰᠠᠢᠲᠠᠢ ᠬᠥᠭᠵᠢᠯᠲᠡ ᠢᠳᠡᠷᠡᠭᠦᠨ ᠳᠣᠷᠪᠢᠲᠠᠢ ᠶᠠᠪᠤᠭᠳᠠᠵᠤ᠂ ᠡᠯᠪᠡᠭ ᠪᠠᠶᠠᠯᠢᠭ ᠦᠷ᠎ᠡ ᠪᠦᠲᠦᠭᠡᠯ ᠤᠯᠪᠠ︔ ᠢᠷᠡᠭᠡᠳᠦᠢ ᠪᠡᠨ ᠪᠠᠷᠠᠯᠠᠬᠤᠶ᠎ᠠ᠂ ᠴᠢᠨᠠᠷ ᠰᠠᠢᠲᠠᠢ ᠬᠥᠭᠵᠢᠯᠲᠡ ᠵᠢᠨ ᠰᠠᠢᠨ ᠰᠠᠢᠬᠠᠨ ᠠᠯᠤᠰ ᠢᠷᠡᠭᠡᠳᠦᠢ ᠨᠢ ᠬᠥᠮᠦᠰ ᠤ᠋ᠨ ᠰᠡᠳᠭᠢᠯ ᠢ᠋ ᠨᠡᠡᠭ ᠬᠦᠪᠴᠢᠯᠡᠨ᠎ᠡ᠃ ᠰᠢᠨ᠎ᠡ ᠭᠠᠷᠤᠭ᠎ᠠ ᠳᠡᠭᠡᠷ᠎ᠡ ᠵᠣᠭᠰᠣᠵᠤ᠂ ᠥᠪᠥᠷ ᠮᠣᠩᠭᠣᠯ ᠬᠡᠷᠬᠢᠨ ᠳᠠᠪᠠᠭᠤᠯᠢᠭ ᠵᠢᠠᠨ ᠪᠠᠳᠠᠷᠠᠭᠤᠯᠵᠤ᠂ ᠬᠡᠯᠪᠡᠷᠢ ᠪᠡᠨ ᠬᠤᠪᠢᠷᠠᠭᠤᠯᠬᠤ ᠵᠢ ᠠᠬᠢᠭᠤᠯᠵᠦ᠂ ᠬᠥᠳᠡᠯᠭᠡᠬᠦ ᠬᠦᠴᠦᠨ ᠵᠢᠡᠨ ᠨᠡᠮᠡᠭᠳᠡᠭᠦᠯᠵᠦ᠂ ᠴᠢᠨᠠᠷ ᠰᠠᠢᠲᠠᠢ ᠬᠥᠭᠵᠢᠯᠲᠡ ᠵᠢᠨ ᠬᠦᠴᠦᠲᠦ ᠳᠠᠭᠤᠨ ᠢ᠋ ᠴᠢᠪᠬᠠᠳᠠᠨ᠂ ᠪᠦᠬᠦ ᠤᠯᠤᠰ ᠤ᠋ᠨ ᠶᠡᠬᠡ ᠲᠠᠯ᠎ᠠ ᠳ᠋ᠤ᠌ ᠨᠡᠩ ᠶᠡᠬᠡ ᠬᠤᠪᠢ ᠨᠡᠮᠡᠷᠢ ᠦᠵᠡᠭᠦᠯᠬᠦ ᠪᠣᠢ︖ ᠥᠪᠡᠷᠲᠡᠭᠡᠨ ᠵᠠᠰᠠᠬᠤ ᠣᠷᠣᠨ ᠤ᠋ ᠨᠠᠮ ᠤ᠋ᠨ ᠬᠣᠷᠢᠢ᠎ᠠ ᠪᠣᠯᠤᠨ ᠵᠠᠰᠠᠭ ᠤ᠋ᠨ ᠣᠷᠳᠣᠨ ᠰᠢᠰᠲ᠋ᠧᠮ ᠲᠠᠢ ᠠᠷᠭ᠎ᠠ ᠰᠦᠪᠡᠭᠴᠢᠯᠡᠵᠦ᠂ ᠥᠨᠳᠥᠷ ᠲᠦᠪᠰᠢᠨ ᠵᠢᠡᠷ ᠠᠬᠢᠭᠤᠯᠪᠠ ᠃
《ᠲᠥᠷᠥ ᠵᠢᠨ ᠪᠣᠳᠣᠯᠭ᠎ᠠ ᠵᠢ ᠨᠠᠢᠳᠠᠪᠤᠷᠢᠵᠢᠭᠤᠯᠬᠤ ᠵᠢ ᠪᠦᠬᠦ ᠬᠦᠴᠦ ᠪᠡᠷ ᠵᠢᠡᠨ ᠠᠳᠭᠤᠨ᠎ᠠ》
《ᠪᠡᠯᠡ ᠣᠷᠣᠭᠤᠯᠤᠯᠲᠠ ᠪᠠᠷ ᠳᠠᠢᠴᠢᠯᠠᠬᠤ ᠪᠠᠢᠯᠳᠤᠬᠤ ᠪᠣᠳᠣᠯᠭ᠎ᠠ ᠵᠢ ᠡᠷᠡᠰ ᠬᠡᠷᠡᠭᠵᠢᠭᠦᠯᠦᠨ᠎ᠡ》
《ᠠᠷᠭ᠎ᠠ ᠪᠦᠬᠦᠨ ᠢ᠋ ᠰᠦᠪᠡᠭᠴᠢᠯᠡᠨ ᠬᠡᠷᠡᠭᠯᠡᠭᠡᠨ ᠤ᠋ ᠨᠦᠭᠡᠴᠡ ᠬᠦᠴᠦᠨ ᠢ᠋ ᠬᠥᠭᠵᠢᠭᠡᠨ᠎ᠡ》
《ᠶᠡᠷᠦ ᠪᠤᠰᠤ ᠵᠢᠨ ᠠᠷᠭ᠎ᠠ ᠬᠡᠮᠵᠢᠢ᠎ᠡ ᠪᠡᠷ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤ᠋ᠨ ᠰᠢᠨ᠎ᠡ ᠵᠢ ᠡᠭᠦᠳᠦᠨ᠎ᠡ》
《ᠥᠪᠥᠷ ᠮᠣᠩᠭᠣᠯ ᠤ᠋ᠨ ᠣᠨᠴᠠᠯᠢᠭ ᠲᠠᠢ ᠣᠳᠣᠬᠢᠴᠢᠯᠠᠭᠰᠠᠨ ᠠᠵᠤ ᠦᠢᠯᠡᠰ ᠤ᠋ᠨ ᠰᠢᠰᠲ᠋ᠧᠮ ᠢ᠋ ᠪᠠᠢᠭᠤᠯᠤᠨ᠎ᠠ》
᠁
ᠶᠡᠬᠡ ᠶᠤᠰᠤ ᠵᠢ ᠬᠡᠯᠡᠭᠦ ᠳ᠋ᠤ ᠬᠢᠯᠪᠠᠷ᠂ ᠬᠠᠮᠤᠭ ᠤ᠋ᠨ ᠴᠢᠬᠤᠯᠠ ᠨᠢ ᠪᠤᠳᠠᠳᠠᠢ ᠠᠵᠢᠯᠯᠠᠬᠤ ᠳ᠋ᠤ ᠪᠤᠢ᠃
ᠵᠠᠰᠠᠭ ᠤ᠋ᠨ ᠣᠷᠳᠣᠨ ᠤ᠋ ᠠᠵᠢᠯ ᠤ᠋ᠨ ᠢᠯᠡᠳᠭᠡᠯ ᠳ᠋ᠦ᠍᠂ ᠡᠨᠡ ᠵᠢᠯ ᠤ᠋ᠨ ᠬᠥᠭᠵᠢᠯᠲᠡ ᠵᠢᠨ ᠬᠠᠷᠠᠯᠲᠠ ᠡᠭᠦᠷᠭᠡ ᠵᠢ ᠪᠡᠶᠡᠯᠡᠭᠦᠯᠬᠦ ᠳ᠋ᠦ᠍ ᠡᠷᠬᠡᠪᠰᠢ ᠰᠢ ᠵᠢᠨ ᠫᠢᠩ ᠤ᠋ᠨ ᠠᠵᠤ ᠠᠬᠤᠢ ᠵᠢᠨ ᠦᠵᠡᠯ ᠰᠠᠨᠠᠭ᠎ᠠ ᠵᠢ ᠭᠦᠨᠵᠡᠭᠡᠢ ᠲᠤᠭᠤᠰᠢᠯᠠᠭᠤᠯᠵᠤ᠂ ᠣᠶᠤᠨ ᠴᠢᠳᠠᠯ ᠵᠢᠠᠨ ᠲᠥᠪᠯᠡᠷᠡᠭᠦᠯᠦᠨ ᠴᠢᠨᠠᠷ ᠰᠠᠢᠲᠠᠢ ᠬᠥᠭᠵᠢᠯᠲᠡ ᠵᠢ ᠠᠬᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃
ᠶᠠᠭ ᠰᠠᠶᠢᠬᠠᠨ ᠬᠤᠷᠠᠯᠳᠤᠵᠤ ᠪᠠᠢᠭ᠎ᠠ ᠪᠦᠬᠦ ᠤᠯᠤᠰ ᠤ᠋ᠨ ᠬᠣᠶᠠᠷ ᠬᠤᠷᠠᠯ ᠳᠡᠭᠡᠷ᠎ᠡ᠂ ᠥᠪᠥᠷ ᠮᠣᠩᠭᠣᠯ ᠡᠴᠡ ᠢᠷᠡᠭᠰᠡᠨ ᠪᠦᠬᠦ ᠤᠯᠤᠰ ᠤ᠋ᠨ ᠠᠷᠠᠳ ᠤ᠋ᠨ ᠲᠥᠯᠥᠭᠡᠯᠡᠭᠴᠢ᠂ ᠪᠦᠬᠦ ᠤᠯᠤᠰ ᠤ᠋ᠨ ᠤᠯᠤᠰ ᠲᠥᠷᠥ ᠵᠢᠨ ᠵᠥᠪᠯᠡᠯᠭᠡᠨ ᠤ᠋ ᠭᠡᠰᠢᠭᠦᠨ ᠥᠪᠥᠷ ᠮᠣᠩᠭᠣᠯ ᠤ᠋ᠨ ᠴᠢᠨᠠᠷ ᠰᠠᠢᠲᠠᠢ ᠬᠥᠭᠵᠢᠯᠲᠡ ᠵᠢ ᠠᠬᠢᠭᠤᠯᠬᠤ ᠳ᠋ᠤ᠌ ᠠᠩᠬᠠᠷᠤᠯ ᠵᠢᠠᠨ ᠲᠥᠪᠯᠡᠷᠡᠭᠦᠯᠦᠨ ᠠᠷᠭ᠎ᠠ ᠤᠬᠠᠭᠠᠨ ᠰᠦᠪᠡᠭᠴᠢᠯᠡᠵᠡᠭᠡᠨᠠ᠃
ᠬᠣᠪᠣᠷ ᠰᠢᠷᠣᠢ ᠪᠣᠯ ᠤᠯᠤᠰ ᠤ᠋ᠨ ᠴᠢᠬᠤᠯᠠ ᠪᠠᠢᠯᠳᠤᠬᠤ ᠪᠣᠳᠣᠯᠭ᠎ᠠ ᠵᠢᠨ ᠡᠬᠢ ᠪᠠᠶᠠᠯᠢᠭ ᠪᠣᠯᠤᠨ᠎ᠠ᠃ ᠬᠣᠪᠣᠷ ᠰᠢᠷᠣᠢ ᠵᠢᠨ ᠰᠢᠨ᠎ᠡ ᠮᠠᠲᠧᠷᠢᠶᠠᠯ ᠤ᠋ᠨ ᠰᠤᠳᠤᠯᠭᠠᠨ ᠤ᠋ ᠬᠦᠷᠢᠶᠡᠨ ᠤ᠋ ᠠᠵᠢᠯᠲᠠᠨ ᠪᠣᠯᠤᠭᠰᠠᠨ ᠤ᠋ ᠬᠤᠪᠢ ᠳ᠋ᠤ᠌᠂ ᠪᠦᠬᠦ ᠤᠯᠤᠰ ᠤ᠋ᠨ ᠤᠯᠤᠰ ᠲᠥᠷᠥ ᠵᠢᠨ ᠵᠥᠪᠯᠡᠯᠭᠡᠨ ᠤ᠋ ᠭᠡᠰᠢᠭᠦᠨ᠂ ᠪᠤᠭᠤᠲᠤ ᠵᠢᠨ ᠬᠣᠪᠣᠷ ᠰᠢᠷᠣᠢ ᠵᠢᠨ ᠰᠤᠳᠤᠯᠭᠠᠨ ᠤ᠋ ᠬᠦᠷᠢᠶᠡᠯᠡᠩ ᠤ᠋ᠨ ᠴᠢᠳᠠᠮᠵᠢᠲᠤ ᠮᠠᠲᠧᠷᠢᠶᠠᠯ ᠤ᠋ᠨ ᠰᠤᠳᠤᠯᠭᠠᠨ ᠤ᠋ ᠭᠠᠵᠠᠷ ᠤ᠋ᠨ ᠤᠰᠤᠲᠥ᠋ᠷᠥᠭᠴᠢ ᠬᠠᠳᠠᠭᠠᠯᠠᠬᠤ ᠮᠠᠲᠧᠷᠢᠶᠠᠯ ᠤ᠋ᠨ ᠲᠠᠰᠤᠭ ᠤ᠋ᠨ ᠰᠢᠨᠵᠢᠯᠡᠬᠦ ᠤᠬᠠᠭᠠᠨ ᠤ᠋ ᠰᠤᠳᠤᠯᠭᠠᠨ ᠤ᠋ ᠠᠵᠢᠯᠲᠠᠨ ᠯᠢ ᠪᠦᠦ ᠴᠢᠤᠸᠠᠨ ᠬᠣᠪᠣᠷ ᠰᠢᠷᠣᠢ ᠵᠢᠨ ᠠᠵᠤ ᠦᠢᠯᠡᠰ ᠤ᠋ᠨ ᠴᠢᠨᠠᠷ ᠰᠠᠢᠲᠠᠢ ᠬᠥᠭᠵᠢᠯᠲᠡ ᠵᠢ ᠠᠬᠢᠭᠤᠯᠬᠤ ᠲᠤᠬᠠᠢ ᠭᠦᠨᠵᠡᠭᠡᠢ ᠰᠡᠳᠬᠢᠨ᠎ᠡ᠃
《ᠬᠣᠪᠣᠷ ᠱᠢᠷᠣᠶ ᠶ᠋ᠢᠨ ᠡᠬᠢ ᠪᠠᠶᠠᠯᠢᠭᠢ ᠶᠡᠷᠦᠩᠬᠡᠢᠯᠡᠨ ᠠᠱᠢᠭ᠍ᠯᠠᠬᠤ ᠨᠣᠷᠮ᠎ᠠ ᠪᠤᠯᠤᠨ ᠠᠵᠤ ᠦᠶ᠋ᠯᠡᠰᠦᠨ ᠨᠠᠷᠢᠯᠢᠭ ᠭᠦᠨᠵᠡᠭᠡᠶ ᠪᠣᠯᠪᠠᠰᠤᠷᠠᠭᠤᠯᠬᠤ ᠬᠡᠮᠵᠢᠶ᠎ᠡ ᠶ᠋ᠢ ᠳᠡᠭᠡᠭ᠌ᠰᠢᠯᠡᠭᠦᠯᠵᠦ᠍᠂ ᠳᠡᠭᠡᠳᠦ ᠲᠠᠰᠤᠨ ᠬᠣᠪᠣᠷ ᠱᠢᠷᠣᠶ ᠶ᠋ᠢᠨ ᠴᠢᠳᠠᠮᠵᠢᠳᠤ ᠮᠠᠲ᠋ᠧᠷᠢᠶᠠᠯ᠂ ᠳᠡᠭᠡᠳᠦ ᠳᠠᠰ ᠤᠨ ᠴᠡᠪᠡᠷ ᠬᠣᠪᠣᠷ ᠱᠢᠷᠣᠶ ᠶ᠋ᠢᠨ ᠬᠠᠢᠯᠤᠰᠢ ᠶ᠋ᠢᠨ ᠮᠠᠲ᠋ᠧᠷᠢᠶᠠᠯ ᠵᠡᠷᠭᠡ ᠥᠨᠳᠥᠷ ᠨᠡᠮᠡᠯᠲᠡ ᠥᠷᠲᠡᠭ᠌ᠲᠦ ᠦᠶ᠋ᠯᠡᠳᠬᠦᠨᠢ ᠬᠥᠭ᠌ᠵᠢᠭᠦᠯᠬᠦ᠌ᠳᠦ ᠪᠥᠬᠥ᠌ ᠲᠠᠯ᠎ᠠ ᠶ᠋ᠢᠨ ᠳᠡᠮᠵᠢᠯᠭᠡ ᠦᠵᠡᠭᠦᠯᠵᠦ᠍᠂ 〈ᠬᠣᠶᠠᠷ ᠰᠠᠭᠤᠷᠢᠨ〉 ᠤ᠋ ᠪᠥᠲᠥᠭᠡᠨ ᠪᠠᠢᠭᠤᠯᠤᠯᠲᠠᠳᠤ ᠬᠦᠴᠦᠨ ᠨᠡᠮᠡᠷᠢᠯᠡᠬᠦ᠌ ᠶ᠋ᠢ ᠰᠠᠨᠠᠭᠤᠯᠵᠤ ᠪᠠᠢᠨ᠎ᠠ᠃ ᠬᠣᠪᠣᠷ ᠱᠢᠷᠣᠶ ᠬᠢᠭᠡᠳ ᠱᠢᠨ᠎ᠡ ᠡᠨᠧᠷᠭᠢ ᠶ᠋ᠢᠨ ᠬᠣᠯᠪᠣᠯᠳᠤᠨ ᠬᠥᠭ᠌ᠵᠢᠬᠦ᠌ ᠶ᠋ᠢ ᠪᠥᠬᠥ᠌ ᠬᠦᠴᠦᠨᠢᠶᠡᠷᠢᠶᠡᠨ ᠳᠡᠮᠵᠢᠵᠦ᠍᠂ ᠱᠢᠨ᠎ᠡ ᠡᠨᠧᠷᠭᠢ ᠶ᠋ᠢᠨ ᠳᠠᠪᠠᠭᠤᠯᠢᠭᠢ ᠠᠱᠢᠭ᠍ᠯᠠᠨ᠂ ᠪᠦᠷᠢᠨ ᠭᠦᠶ᠋ᠴᠡᠳ᠂ ᠬᠠᠷᠠᠭᠠᠯᠵᠠᠯ ᠲᠠᠶ ᠪᠤᠬᠢᠷᠳᠤᠯ ᠦᠬᠡᠢ ᠴᠠᠬᠢᠯᠭᠠᠨᠢ ᠬᠠᠩᠭᠠᠨ ᠬᠣᠪᠣᠷ ᠱᠢᠷᠣᠶ ᠶ᠋ᠢ ᠨᠡᠭᠡᠭᠡᠨ ᠮᠠᠯᠲᠠᠬᠤ᠂ ᠰᠤᠳᠤᠯᠤᠨ ᠨᠡᠭᠡᠭᠡᠬᠦ᠌᠂ ᠬᠡᠷᠡᠭ᠌ᠯᠡᠬᠦ᠂ ᠪᠣᠬᠢᠷᠲᠤᠯ ᠥᠬᠡᠶ ᠬᠣᠪᠣᠷ ᠱᠢᠷᠣᠶ ᠶ᠋ᠢᠨ ᠱᠢᠨ᠎ᠡ ᠦᠶ᠋ᠯᠡᠳᠬᠦᠨ ᠪᠠ ᠪᠣᠬᠢᠷᠲᠤᠯ ᠥᠬᠡᠶ ᠬᠣᠪᠣᠷ ᠱᠢᠷᠣᠶ ᠶ᠋ᠢᠨ ᠱᠢᠨ᠎ᠡ ᠮᠠᠲ᠋ᠧᠷᠢᠶᠠᠯᠢ ᠦᠶ᠋ᠯᠡᠳᠪᠦᠷᠢᠯᠡᠬᠦᠳᠤ ᠬᠡᠷᠡᠭᠯᠡᠵᠦ᠂ ᠬᠣᠪᠣᠷ ᠱᠢᠷᠣᠶ ᠶ᠋ᠢᠨ ᠠᠵᠤ ᠦᠶ᠋ᠯᠡᠰᠦᠨ ᠪᠣᠬᠢᠷᠲᠤᠯ ᠥᠬᠡᠶ ᠬᠥᠭ᠌ᠵᠢᠯᠲᠡ ᠶ᠋ᠢᠨ ᠱᠢᠨ᠎ᠡ ᠳᠠᠪᠠᠭᠤᠯᠢᠭᠢ ᠪᠣᠶ ᠪᠣᠯᠭᠠᠨ᠎ᠠ᠃ ᠬᠣᠪᠣᠷ ᠱᠢᠷᠣᠶᠶ᠋ᠢ ᠱᠢᠨ᠎ᠡ ᠡᠨᠧᠷᠭᠢ ᠶ᠋ᠢᠨ ᠮᠠᠱᠢᠨ ᠲᠡᠷᠭᠡ᠂ ᠰᠠᠯᠬᠢᠨ ᠬᠦᠴᠦᠨᠦ ᠴᠠᠬᠢᠯᠭᠠᠨ ᠪᠠ ᠬᠡᠷᠡᠯᠴᠢ ᠴᠡᠨᠡᠭᠦᠨ ᠲᠣᠨᠣᠭ᠍ᠯᠠᠯ᠂ ᠤᠰᠤᠲᠥ᠋ᠷᠥᠭ᠌ᠴᠢ ᠡᠨᠧᠷᠭᠢ ᠶ᠋ᠢᠨ ᠲᠣᠨᠣᠭ᠍ᠯᠠᠯ ᠵᠡᠷᠭᠡ ᠬᠦᠷᠢᠶᠡᠨᠳᠦ ᠥᠷᠭᠡᠨᠢᠶᠡᠷ ᠬᠡᠷᠡᠭ᠌ᠯᠡᠬᠦ᠌ ᠶ᠋ᠢ ᠵᠣᠷᠢᠭ᠍ᠵᠢᠭᠤᠯᠤᠨ ᠳᠡᠮᠵᠢᠵᠦ᠍᠂ ᠠᠵᠤ ᠦᠶ᠋ᠯᠡᠰ ᠦᠨ ᠬᠡᠯᠬᠢᠶ᠎ᠡ ᠶ᠋ᠢᠨ ᠨᠡᠮᠡᠯᠲᠡ ᠥᠷᠲᠡᠭᠨᠡᠮᠡᠭᠳᠡᠬᠦ᠌ᠶ᠋ᠢ ᠠᠬᠢᠭᠤᠯᠤᠨ᠎ᠠ》 ᠭᠡᠵᠦ᠍ ᠯᠢ ᠪᠦᠦ ᠴᠢᠦᠧᠠᠨ ᠬᠡᠯᠡᠵᠡᠶ᠃
20 ᠱᠢᠬᠠᠮ ᠵᠢᠯ ᠰᠦ ᠶ᠋ᠢᠨ ᠦᠢᠯᠡᠰᠦᠨ ᠮᠡᠷᠭᠡᠵᠢᠯᠦᠨ ᠰᠤᠳᠤᠯᠭᠠᠨᠤ ᠠᠵᠢᠯᠢ ᠬᠢᠭ᠌ᠰᠡᠨ ᠪᠦᠬᠦ᠌ ᠤᠯᠤᠰᠤᠨ ᠠᠷᠠᠳᠤᠨ ᠲᠥᠯᠥᠭᠡᠯᠡᠭ᠌ᠴᠢᠳᠦᠨ ᠶᠡᠬᠡ ᠬᠤᠷᠠᠯᠤᠨ ᠲᠥᠯᠥᠭᠡᠯᠡᠭ᠌ᠴᠢ᠂ ᠤᠯᠤᠰᠤᠨ ᠰᠦ ᠶ᠋ᠢᠨ ᠦᠢᠯᠡᠰ ᠦᠨ ᠮᠡᠷᠭᠡᠵᠢᠯ ᠦᠨ ᠱᠢᠨ᠎ᠡ ᠶ᠋ᠢ ᠡᠭᠦᠳᠬᠦ᠌ ᠲᠥᠪᠦᠨ ᠳᠡᠭᠡᠳᠦ ᠳᠠᠰᠤᠨ ᠲᠤᠰᠭᠠᠢ ᠮᠡᠷᠭᠡᠵᠢᠯᠲᠡᠨ᠂ ᠢᠯᠢ ᠪᠦᠯᠦᠭ᠌ᠯᠡᠯᠦᠨ ᠪᠦᠬᠦ᠌ ᠪᠥᠮᠪᠥᠷᠴᠡᠭᠦᠨ ᠱᠢᠨ᠎ᠡ ᠶ᠋ᠢ ᠡᠭᠦᠳᠬᠦ᠌ ᠲᠥᠪ ᠦᠨ ᠱᠢᠨᠵᠢᠯᠡᠬᠦ᠌ ᠤᠬᠠᠭᠠᠨᠤ ᠰᠤᠳᠤᠯᠭᠠᠨᠤ ᠶᠡᠷᠦᠩᠬᠡᠢ ᠬᠢᠨᠠᠨ ᠪᠠᠢᠴᠠᠭᠠᠭ᠍ᠴᠢ ᠸᠠᠩ ᠼᠠᠢ ᠶᠦᠨ ᠳᠤᠮᠳᠠᠳᠤᠴᠤᠳᠤᠨ 《ᠰᠦ ᠤᠯᠵᠦ ᠤᠤᠭᠤᠬᠤ》 ᠡᠴᠡ 《ᠰᠠᠢᠨ ᠰᠦ ᠤᠤᠭᠤᠬᠤ》 ᠪᠣᠯᠤᠭ᠍ᠰᠠᠨ ᠶᠠᠪᠤᠴᠠ ᠵᠢ ᠦᠨᠭᠭᠡᠷᠡᠭᠦᠯᠦᠭᠰᠡᠨ ᠪᠥᠭᠡᠳ ᠳᠤᠮᠳᠠᠳᠤ ᠤᠯᠤᠰᠤᠨ ᠰᠦ ᠶ᠋ᠢᠨ ᠦᠢᠯᠡᠰᠦᠨ ᠱᠢᠨ᠎ᠡ ᠶ᠋ᠢ ᠡᠭᠦᠳᠬᠦ᠌ ᠱᠢᠪᠲᠤᠯᠤᠯᠲᠠ ᠪᠤᠯᠤᠨ ᠬᠡᠯᠪᠡᠷᠢᠪᠡᠨ ᠬᠤᠪᠢᠷᠠᠭᠤᠯᠤᠨ ᠲᠡᠰ ᠳᠡᠪᠱᠢᠬᠦ᠌ᠳᠦ ᠪᠡᠶᠡᠪᠡᠷᠢᠶᠡᠨ ᠣᠷᠣᠯᠴᠠᠪᠠ᠃
《ᠪᠢ ᠪᠦᠯᠬᠦᠮᠦᠨ ᠭᠡᠱᠢᠭᠦᠳᠲᠡᠶᠪᠡᠨ ᠬᠠᠮᠲᠤ ᠰᠦᠶᠢᠨ ᠲᠡᠮᠦᠷ ᠤᠭᠤᠷᠠᠭᠢ ᠬᠠᠨᠳᠤᠯᠭᠠᠲᠠᠶᠪᠠᠷ ᠬᠠᠮᠠᠭᠠᠯᠠᠬᠤ ᠮᠡᠷᠭᠡᠵᠢᠯᠢ ᠠᠩᠬ᠎ᠠ ᠡᠭᠦᠳᠴᠦ᠍ ᠂ ᠡᠩᠦᠨ ᠳᠤᠯᠠᠭᠠᠨᠳ᠋ᠤ ᠦᠨᠢᠶᠡᠨ ᠰᠦ᠋ ᠵᠢᠨ ᠲᠡᠮᠦᠷ ᠤᠭᠤᠷᠠᠭᠢ ᠬᠠᠳᠠᠭᠠᠯᠠᠬᠤ ᠨᠤᠷᠮᠠᠶ᠋ᠢ ᠤᠤᠯᠤᠨ 10% ᠪᠠᠢᠭ᠍ᠰᠠᠨᠠᠴᠠ 90% ᠡᠴᠡ ᠳᠡᠭᠡᠭ᠌ᠰᠢ ᠪᠣᠯᠲᠠᠯ᠎ᠠ ᠳᠡᠭᠡᠭ᠌ᠰᠢᠯᠡᠭᠦᠯᠵᠠᠢ᠃ ᠡᠨᠡ ᠬᠦ᠌ ᠰᠤᠳᠤᠯᠭᠠᠨᠤ ᠦᠷ᠎ᠡ ᠪᠦᠲᠦᠭᠡᠯ ᠨᠢ ᠤᠯᠤᠰ ᠤᠨ ᠳᠣᠲᠣᠭᠠᠳᠤ ᠶ᠋ᠢᠨ ᠬᠣᠭᠣᠰᠣᠨᠢ ᠨᠥᠬᠥᠪᠥᠷᠢᠯᠡᠭ᠌ᠰᠡᠨᠢᠶᠡᠷ ᠪᠠᠷᠠᠬᠤ ᠦᠭᠡᠢ ᠪᠠᠰᠠ ᠡᠩ ᠲᠡᠷᠢᠭᠦᠨᠳᠦ ᠤᠯᠤᠰᠤᠨ ᠭᠠᠳᠠᠭᠠᠳᠤ ᠶ᠋ᠢᠨ ᠵᠠᠩᠭᠢᠯᠠᠭ᠎ᠠ ᠶ᠋ᠢᠨ ᠮᠡᠷᠭᠡᠵᠢᠯ ᠦᠨ ᠪᠡᠬᠢᠯᠡᠯᠲᠡ ᠶ᠋ᠢ ᠡᠪᠳᠡᠵᠠᠢ᠂ ᠪᠢᠳᠠ ᠲᠠᠰᠤᠷᠠᠯᠲᠠ ᠦᠭᠡᠢ ᠮᠡᠷᠭᠡᠵᠢᠯᠦᠨ ᠱᠢᠪᠲᠤᠯᠤᠯᠲᠠ ᠪᠠ ᠰᠤᠳᠤᠯᠤᠨ ᠨᠡᠭᠡᠭᠡᠯᠳᠡ ᠬᠢᠵᠦ᠍ ᠱᠢᠨ᠎ᠡ ᠶ᠋ᠢ ᠡᠭᠦᠳᠬᠦ᠌ᠪᠡᠷ ᠳᠠᠮᠵᠢᠭᠤᠯᠵᠤ ᠂ ᠰᠦ ᠶ᠋ᠢᠨ ᠦᠢᠯᠡᠰᠦᠨ ᠬᠥᠭ᠌ᠵᠢᠯᠲᠡᠳᠦ ᠬᠦᠴᠦᠨ ᠨᠡᠮᠡᠷᠢᠯᠡᠨ᠎ᠡ》 ᠭᠡᠵᠦ᠍ ᠸᠠᠩ ᠼᠠᠢ ᠶᠦᠨ ᠬᠡᠯᠡᠪᠡ ᠃
ᠡᠨᠡ ᠵᠢᠯ ᠦᠨ ᠪᠥᠬᠥ᠌ ᠤᠯᠤᠰ ᠤᠨ ᠬᠣᠶᠠᠷ ᠬᠤᠷᠠᠯ ᠠᠴᠠ ᠡᠮᠦᠨ᠎ᠡ ᠂ ᠪᠥᠬᠥ᠌ ᠤᠯᠤᠰᠤᠨ ᠤᠯᠤᠰ ᠲᠥᠷᠥ ᠶ᠋ᠢᠨ ᠵᠥᠪᠯᠡᠯᠭᠡᠨᠦ ᠭᠡᠱᠢᠭᠦᠨ ᠂ ᠳᠤᠮᠳᠠᠳᠤ ᠤᠯᠤᠰᠤᠨ ᠳᠤᠮᠳᠠ ᠪᠠᠭ᠎ᠠ ᠬᠤᠳᠠᠯᠳᠤᠭᠠᠨᠤ ᠠᠵᠤ ᠠᠬᠤᠢᠯᠠᠯᠤᠨ ᠨᠡᠢᠭᠡᠮᠯᠢᠭᠦᠨ ᠳᠡᠳ᠋ ᠳᠠᠷᠤᠭ᠎ᠠ᠂ ᠪᠤᠭᠤᠲᠤ ᠬᠣᠲᠠ ᠶ᠋ᠢᠨ ᠰᠠᠢᠪᠸᠢ ᠮᠠᠱᠢᠨ ᠲᠥᠬᠥᠭᠡᠷᠦᠮᠵᠢᠶ᠋ᠢᠨ ᠬᠤᠪᠢ ᠤᠷᠤᠭᠤᠯᠤᠬᠰᠠᠨ ᠬᠢᠵᠠᠭᠠᠷᠲᠤ ᠺᠣᠮᠫᠠᠨᠢ ᠶ᠋ᠢᠨ ᠬᠡᠷᠡᠭ ᠮᠡᠳᠡᠭ᠌ᠴᠢᠳᠦᠨ ᠳᠠᠷᠤᠭ᠎ᠠ ᠸᠠᠩ ᠪᠢᠨ ᠪᠠᠢᠴᠠᠭᠠᠨ ᠰᠤᠳᠤᠯᠤᠯᠲᠠ ᠬᠢᠬᠦ᠌ᠳᠡᠭᠡᠨ᠂ ᠤᠯᠤᠰᠤᠨ ᠳᠣᠲᠣᠭᠠᠳᠤ ᠭᠠᠳᠠᠭᠠᠳᠤ ᠶ᠋ᠢᠨ ᠪᠤᠳᠤᠯᠢᠶᠠᠨᠲᠠᠶ ᠠᠵᠤ ᠠᠬᠤᠶ ᠶ᠋ᠢᠨ ᠪᠠᠢᠳᠠᠯ ᠂ ᠬᠥᠭ᠌ᠵᠢᠯᠲᠡ ᠶ᠋ᠢᠨ ᠪᠠᠯᠠ ᠮᠥᠩᠭᠥ᠌ ᠬᠦᠷᠦᠯᠴᠡᠬᠦ᠌ ᠥᠬᠡᠶ ᠵᠡᠷᠭᠡ ᠬᠦᠴᠦᠨ ᠵᠦᠶ᠋ᠯᠦᠨ ᠨᠥᠯᠥᠭᠡᠡᠴᠡ ᠪᠤᠯᠵᠦ᠂ ᠨᠡᠯᠢᠶᠡᠳ ᠣᠯᠠᠨ ᠳᠤᠮᠳᠠ ᠪᠠᠭ᠎ᠠ ᠠᠵᠤ ᠠᠬᠤᠢᠯᠠᠯᠤᠨ ᠣᠷᠣᠱᠢᠨ ᠲᠣᠭ᠍ᠲᠠᠨᠢᠬᠤ ᠪᠠ ᠬᠥᠭ᠌ᠵᠢᠬᠦ᠌ ᠳᠦ ᠨᠡᠯᠢᠶᠡᠳ ᠶᠡᠬᠡ ᠬᠦᠴᠢᠷᠳᠡᠯ ᠪᠤᠯᠤᠨ ᠬᠠᠷᠰᠢ ᠰᠠᠭᠠᠳ ᠲᠤᠯᠭᠠᠷᠠᠵᠤ ᠪᠠᠢᠭ᠎ᠠ ᠵᠢ ᠣᠯᠵᠤ ᠮᠡᠳᠡᠵᠡᠶ᠃
《ᠳᠤᠮᠳᠠ ᠪᠠᠭ᠎ᠠ ᠠᠵᠤ ᠠᠬᠤᠢᠯᠠᠯ ᠠᠮᠢᠵᠢᠷᠠᠯᠤᠨ ᠬᠦᠴᠦᠨᠲᠡᠶ ᠪᠠᠢᠪᠠᠯ᠂ ᠳᠤᠮᠳᠠᠳᠤ ᠤᠯᠤᠰ ᠤᠨ ᠠᠵᠤ ᠠᠬᠤᠶ ᠰᠠᠶᠢ ᠪᠦᠬᠦᠯᠢ ᠴᠣᠭ᠍ᠴᠠᠲᠤ ᠴᠢᠨᠠᠷᠢᠶᠠᠨ ᠦᠷᠭᠦᠯᠵᠢᠯᠡᠨ ᠰᠠᠢᠵᠢᠷᠠᠭᠤᠯᠵᠤ ᠴᠢᠳᠠᠨ᠎ᠠ᠃ ᠳᠤᠮᠳᠠ ᠪᠠᠭ᠎ᠠ ᠠᠵᠤ ᠠᠬᠤᠢᠯᠠᠯ ᠪᠦᠲᠦᠭᠡᠯᠴᠢ ᠬᠦᠴᠦᠨᠲᠡᠶ ᠪᠠᠢᠪᠠᠯ ᠂ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯᠦᠨ ᠬᠦᠴᠦᠷᠬᠡᠭ ᠤᠯᠤᠰᠤᠨ ᠪᠦᠲᠦᠭᠡᠨ ᠪᠠᠢᠭᠤᠯᠤᠯᠲᠠ ᠰᠠᠶᠢ ᠲᠠᠰᠤᠷᠠᠯᠲᠠ ᠦᠭᠡᠶ ᠠᠮᠢᠵᠢᠷᠠᠯᠤᠨ ᠬᠦᠴᠦᠨᠲᠡᠶ ᠪᠠᠢᠵᠤ ᠴᠢᠳᠠᠨ᠎ᠠ》᠃ ᠡᠢᠨᠬᠦ᠂ ᠸᠠᠩ ᠪᠢᠨ᠂ ᠠᠵᠤ ᠠᠬᠤᠢᠯᠠᠯᠳᠤ ᠬᠣᠯᠪᠣᠭ᠍ᠳᠠᠬᠤ ᠬᠡᠷᠡᠭ ᠶᠠᠪᠤᠳᠠᠯᠤᠨ ᠬᠠᠮᠢᠶᠠᠷᠤᠯᠲᠠ ᠶ᠋ᠢᠨ ᠪᠠᠢᠭᠤᠯᠤᠮᠵᠢ ᠲᠣᠭ᠍ᠲᠠᠴᠠ ᠶ᠋ᠢ ᠲᠡᠭᠦᠯᠳᠡᠷᠵᠢᠭᠦᠯᠵᠦ᠍᠂ ᠠᠵᠤ ᠠᠬᠤᠢᠯᠠᠯᠳᠤ ᠠᠱᠢᠭ ᠬᠦᠷᠲᠡᠭᠡᠬᠦ ᠠᠵᠤ ᠠᠬᠤᠢᠯᠠᠯᠢ ᠱᠢᠯᠢᠳᠡᠭ᠌ᠵᠢᠭᠦᠯᠬᠦ᠌ ᠲᠥᠷᠥ ᠶ᠋ᠢᠨ ᠪᠣᠳᠣᠯᠭᠠᠶ᠋ᠢ ᠪᠣᠳᠠᠲᠠᠶᠳᠤ ᠨᠠᠢᠳᠠᠪᠤᠷᠢᠵᠢᠭᠤᠯᠵᠤ ᠨᠠᠷᠢᠯᠢᠭ ᠨᠠᠢᠳᠠᠪᠤᠷᠢᠵᠢᠭᠤᠯᠵᠤ᠂ ᠳᠤᠮᠳᠠ ᠪᠠᠭ᠎ᠠ ᠠᠵᠤ ᠠᠬᠤᠢᠯᠠᠯ ᠳ᠋ᠤ ᠲᠥᠬᠥᠮ ᠦᠵᠡᠭᠦᠯᠬᠦ᠌ ᠵᠠᠰᠠᠭᠤᠨ ᠶᠠᠪᠤᠳᠠᠯᠤᠨ ᠣᠷᠴᠢᠨ ᠨᠥᠬᠥᠴᠡᠯᠢ ᠪᠣᠶ ᠪᠣᠯᠭᠠᠬᠤ ᠬᠡᠷᠡᠭ᠌ᠲᠡᠶ᠃ ᠮᠥᠩᠭᠥᠨ ᠭᠦᠢᠯᠭᠡᠭᠡᠨᠦ ᠪᠠᠢᠭᠤᠯᠤᠮᠵᠢ ᠶ᠋ᠢᠨ ᠪᠦᠲᠦᠴᠡ ᠶ᠋ᠢᠨ ᠱᠢᠰᠲ᠋ᠧᠮᠦᠨ ᠱᠢᠨᠠ ᠶ᠋ᠢ ᠡᠭᠦᠳᠴᠦ᠍᠂ ᠳᠤᠮᠳᠠ ᠪᠠᠭ᠎ᠠ ᠠᠵᠤ ᠠᠬᠤᠢᠯᠠᠯᠤᠨ ᠤᠷᠤᠭ᠍ᠰᠢᠲᠠᠶᠪᠠᠷ ᠪᠡᠯᠡ ᠮᠥᠩᠭᠥ᠌ ᠬᠤᠷᠠᠮᠳᠤᠭᠤᠯᠬᠤᠳᠤ ᠬᠦᠴᠦᠨ ᠨᠡᠮᠡᠷᠢᠯᠡᠵᠦ᠍᠂ ᠵᠠᠬ᠎ᠠ ᠳᠡᠯᠭᠡᠭᠦᠷᠦᠨ ᠠᠵᠢᠯᠯᠠᠭ᠎ᠠᠨᠢ ᠬᠠᠮᠠᠭᠠᠯᠠᠬᠤ ᠲᠣᠭ᠍ᠲᠠᠴᠠ ᠶ᠋ᠢ ᠲᠡᠭᠦᠯᠳᠡᠷᠵᠢᠭᠦᠯᠵᠦ᠍ ᠂ ᠵᠠᠰᠠᠭᠤᠨ ᠣᠷᠳᠣᠨᠤ ᠬᠤᠳᠠᠯᠳᠤᠨ ᠠᠪᠬᠤ ᠳᠤᠮᠳᠠᠬᠢ ᠳᠤᠮᠳᠠ ᠪᠠᠭ᠎ᠠ ᠠᠵᠤ ᠠᠬᠤᠢᠯᠠᠯᠤᠨ ᠬᠤᠪᠢ ᠶ᠋ᠢᠨ ᠵᠢᠨᠭᠢ ᠦᠨᠡᠨ ᠬᠦ᠌ ᠳᠡᠭᠡᠭ᠌ᠰᠢᠯᠡᠭᠦᠯᠬᠦ ᠬᠡᠷᠡᠭᠳᠡᠢ ᠬᠡᠬᠦ ᠰᠠᠨᠠᠭᠤᠯᠭ᠎ᠠ ᠭᠠᠷᠭᠠᠪᠠ᠃
ᠴᠢᠨᠠᠷ ᠰᠠᠢᠲᠠᠢ ᠬᠥᠭ᠌ᠵᠢᠯᠲᠡ ᠶ᠋ᠢ ᠠᠬᠢᠭᠤᠯᠬᠤ ᠪᠣᠯ ᠥᠪᠥᠷ ᠮᠣᠩᠭᠣᠯᠤᠨ ᠣᠳᠣᠬᠢᠴᠢᠯᠠᠯᠲᠠ ᠶ᠋ᠢ ᠪᠡᠶᠡᠯᠡᠭᠦᠯᠬᠦ᠌ᠳᠦ ᠵᠠᠪᠠᠯ ᠶᠠᠪᠤᠬᠤ ᠵᠠᠮ᠂ ᠭᠡᠭᠡᠨ ᠰᠠᠷᠠᠭᠤᠯ ᠵᠠᠮ᠂ ᠡᠷᠡᠯᠬᠡᠭ᠌ᠯᠡᠨ ᠤᠷᠤᠭ᠍ᠰᠢᠯᠠᠬᠤ ᠵᠠᠮ ᠪᠣᠯᠤᠨ᠎ᠠ᠃ ᠬᠤᠷᠠᠯᠤᠨ ᠠᠬᠤᠢ ᠲᠠᠯᠠᠪᠠᠢᠳᠤ᠂ ᠲᠥᠯᠥᠭᠡᠯᠡᠭ᠌ᠴᠢ ᠭᠡᠱᠢᠭᠦᠳ ᠴᠢᠨᠠᠷ ᠰᠠᠢᠲᠠᠢ ᠬᠥᠭ᠌ᠵᠢᠯᠲᠡᠶ᠋ᠢᠨ ᠲᠤᠬᠠᠢ ᠬᠥᠭ᠌ᠵᠢᠶᠡᠨᠲᠡᠢ ᠶᠠᠷᠢᠯᠴᠠᠵᠤ᠂ ᠢᠲᠡᠭᠡᠯ ᠲᠡᠭᠦᠯᠳᠡᠷ᠂ ᠡᠷᠴᠢ ᠵᠣᠷᠢᠭ ᠪᠠᠳᠠᠷᠠᠩᠭᠤᠢ; ᠬᠤᠷᠠᠯᠤᠨ ᠲᠠᠯᠠᠪᠠᠢᠶ᠋ᠢᠨ ᠭᠠᠳᠠᠨ᠎ᠠ᠂ ᠲᠦᠷᠦᠯ ᠵᠦᠢᠯᠦᠨ ᠪᠠᠷᠢᠯᠭᠠᠶ᠋ᠢᠨ ᠭᠠᠵᠠᠷᠠᠴᠠ ᠦᠢᠯᠡᠳᠪᠦᠷᠢ ᠶ᠋ᠢᠨ ᠲᠠᠰᠤᠭ ᠦᠢᠯᠡᠳᠪᠦᠷᠢᠯᠡᠯ ᠤ᠋ᠨ ᠭᠡᠷ ᠪᠠᠢᠱᠢᠩ ᠬᠦᠷᠲᠡᠯ᠎ᠡ᠂ ᠴᠢᠨᠠᠷ ᠰᠠᠢᠲᠠᠢ ᠬᠥᠭ᠌ᠵᠢᠯᠲᠡ ᠶ᠋ᠢᠨ ᠬᠥᠳᠡᠯᠭᠡᠬᠦ᠌ ᠬᠦᠴᠦᠨ ᠣᠷᠭᠢᠯᠣᠨ ᠤᠨᠳᠤᠷᠤᠨ᠎ᠠ᠃
2 ᠰᠠᠷ᠎ᠠ ᠶ᠋ᠢᠨ 23 ᠤ᠋ ᠡᠳᠦᠷ᠂ ᠣᠷᠳᠣᠰ ᠬᠣᠲᠠ ᠶ᠋ᠢᠨ ᠴᠢᠨᠠᠷ ᠰᠠᠢᠲᠠᠶ ᠬᠥᠭ᠌ᠵᠢᠯᠲᠡᠶ᠋ᠢᠨ ᠶᠡᠬᠡ ᠬᠤᠷᠠᠯ ᠠᠴᠠ ᠳᠠᠢᠴᠢᠯᠠᠯᠲᠠ ᠶ᠋ᠢᠨ ᠵᠠᠷᠯᠢᠭ ᠪᠠᠭᠤᠯᠭᠠᠪᠠ᠄ ᠪᠥᠬᠥ᠌ ᠬᠣᠲᠠᠪᠠᠷᠢᠶᠠᠨ 《ᠳᠠᠭᠠᠷᠢᠬᠤ》 ᠪᠠᠢᠳᠠᠯᠢᠶᠠᠷ ᠡᠷᠲᠡᠡᠴᠡ ᠬᠦᠴᠦᠯᠡᠵᠦ᠍᠂ ᠲᠦᠷᠭᠡᠨ ᠬᠦᠴᠦᠯᠡᠵᠦ᠍᠂ 《ᠤᠷᠤᠭ᠍ᠰᠢᠯᠠᠬᠤ》 ᠣᠪᠣᠷᠢᠶᠠᠷ ᠠᠵᠠ ᠲᠣᠬᠢᠶᠠᠯᠢ ᠡᠵᠡᠮᠳᠡᠨ᠂ ᠲᠡᠷᠢᠬᠦᠨᠤ ᠬᠢ ᠵᠢ ᠲᠡᠮᠡᠴᠡᠬᠦ ᠵᠣᠷᠢᠭᠢᠶᠠᠷ ᠲᠦᠮᠡᠨ ᠳ᠋ᠦᠩᠱᠢᠭᠤᠷᠤᠨ ᠬᠣᠲᠠ ᠳᠠᠢᠰᠢ ᠬᠤᠷᠳᠤ ᠨᠡᠮᠡᠵᠦ ᠤᠷᠤᠭᠰᠢᠯᠠᠨᠡ᠃
ᠤᠯᠠᠭᠠᠨᠬᠠᠳᠠ ᠬᠤᠲᠠ ᠶ᠋ᠢᠨ ᠶᠤᠸᠠᠨ ᠪᠦᠦ ᠱᠠᠨ ᠲᠣᠭᠣᠷᠢᠭᠲᠤ᠌᠂ ᠥᠪᠥᠷ ᠮᠣᠩᠭᠣᠯᠤᠨ ᠱᠢᠩ ᠶᠣᠣ ᠱᠢᠨ᠎ᠡ ᠮᠠᠲᠧᠷᠢᠶᠠᠯᠤᠨ ᠬᠢᠵᠠᠭᠠᠷᠲᠤ ᠺᠣᠮᠫᠠᠨᠢ ᠶ᠋ᠢᠨ ᠦᠢᠯᠡᠳᠪᠦᠷᠢᠯᠡᠯᠦᠨ ᠲᠠᠰᠤᠭ ᠡᠴᠡ ᠮᠠᠱᠢᠨᠤ ᠳᠠᠭᠤᠨ ᠲᠠᠰᠤᠷᠠᠯᠲᠠ ᠦᠭᠡᠢ ᠬᠦᠩᠬᠢᠨᠡᠵᠦ᠂ ᠵᠢᠯᠤ᠋ᠨ ᠦᠢᠯᠡᠳᠪᠦᠷᠢᠯᠡᠯᠤᠨ ᠬᠡᠮᠵᠢᠶ᠎ᠠ ᠨᠢ 3600 ᠲᠣᠨ ᠪᠦᠬᠦᠢ ᠥᠨᠳᠥᠷ ᠴᠢᠳᠠᠪᠬᠢᠳᠤ ᠸᠣᠯᠹᠷᠠᠮ ᠮᠣᠯᠢᠪᠳ᠋ᠸᠨᠤ ᠱᠢᠳᠠᠮᠤᠨ ᠮᠠᠲ᠋ᠧᠷᠢᠶᠠᠯᠤᠨ ᠪᠦᠲᠦᠭᠡᠭ᠌ᠳᠡᠬᠦᠨᠢ ᠰᠤᠳᠤᠯᠤᠨ ᠨᠡᠭᠡᠭᠡᠬᠦ᠌ ᠲᠦᠷᠦᠯ ᠵᠦᠢᠯᠦᠨ ᠨᠢᠭᠡᠳᠦᠭᠡᠷ ᠬᠤᠭᠤᠴᠠᠭᠠᠨᠤ ᠢᠨᠵᠧᠨᠧᠷᠢᠩ ᠦᠢᠯᠡᠳᠪᠦᠷᠢᠯᠡᠯᠦᠨ ᠱᠠᠲᠤᠨᠳᠠᠭᠠᠨ ᠣᠷᠣᠵᠠᠢ᠃
ᠪᠤᠭᠤᠲᠤ ᠶ᠋ᠢᠨ ᠲᠡᠮᠦᠷᠯᠢᠭᠢ ᠨᠠᠷᠢᠯᠢᠭ ᠡᠳ᠋ᠱᠢᠭᠦᠯᠬᠦ᠌ ᠠᠵᠤ ᠦᠶ᠋ᠯᠡᠰᠦᠨ ᠬᠦᠷᠢᠶᠡᠯᠡᠩᠳᠦ᠂ ᠪᠤᠭᠤᠲᠤ ᠬᠣᠲᠠ ᠶ᠋ᠢᠨ ᠱ᠌ᠢ ᠪᠥᠸᠧ ᠬᠣᠪᠣᠷ ᠱᠢᠷᠣᠶ ᠶ᠋ᠢᠨ ᠲᠤᠨᠤᠭᠯᠠᠯ ᠴᠣᠬᠯᠠᠭᠤᠯᠬᠤ ᠬᠢᠵᠠᠭᠠᠷᠲᠤ ᠺᠣᠮᠫᠠᠨᠢᠠᠴᠠ ᠪᠠᠯᠠ ᠣᠷᠣᠭᠤᠯᠤᠨ ᠪᠥᠲᠥᠭᠡᠨ ᠪᠠᠢᠭᠤᠯᠤᠭᠰᠠᠨ ᠢᠵᠢ ᠪᠦᠷᠢᠨ ᠵᠢᠭᠤᠲᠠᠩᠭᠤᠶ ᠴᠣᠬᠯᠠᠭᠤᠯᠬᠤ ᠲᠤᠨᠤᠭᠯᠠᠯ ᠦᠶ᠋ᠯᠡᠳᠬᠦ᠌ ᠲᠥᠷᠥᠯ ᠵᠦᠶ᠋ᠯᠪᠠᠷᠢᠯᠭᠠ ᠡᠬᠢᠯᠡᠬᠦᠯᠵᠦ᠂ ᠲᠥᠷᠥᠯ ᠵᠦᠶ᠋ᠯᠦᠨ ᠶᠡᠷᠦᠩᠬᠡᠶ ᠪᠠᠯᠠ ᠣᠷᠣᠭᠤᠯᠤᠯᠲᠠ ᠨᠢ 1.1 ᠳ᠋ᠦᠩᠱᠢᠭᠤᠷ ᠲᠥᠭᠥᠷᠢᠭ ᠲᠸ᠋ ᠬᠦᠷᠴᠡᠢ᠂ ᠵᠢᠱ᠌ᠢᠯᠲᠡᠪᠡᠷ ᠡᠨᠡ ᠵᠢᠯᠦᠨ 7 ᠰᠠᠷᠠᠳᠤ ᠲᠦᠷᠦᠯ ᠵᠦᠢᠯᠢ ᠪᠠᠢᠭᠤᠯᠵᠤ ᠳᠠᠭᠤᠰᠬᠠᠨ ᠠᠱᠢᠭ᠍ᠯᠠᠯᠲᠠᠳᠤ ᠣᠷᠣᠭᠤᠯᠵᠤ᠂ ᠵᠢᠯᠦᠨ ᠦᠶ᠋ᠯᠡᠳᠬᠦᠨᠦ ᠥᠷᠲᠡᠭ 4.65 ᠳ᠋ᠦᠩᠱᠢᠭᠤᠷ ᠲᠥᠭᠥᠷᠢᠭᠢ ᠪᠡᠶᠡᠯᠡᠭᠦᠯᠦᠨ᠎ᠡ᠃
《ᠱᠢᠨ᠎ᠡ ᠠᠶᠠᠨ ᠵᠠᠮᠳᠤ ᠮᠠᠨᠦ ᠢᠷᠡᠭᠡᠳᠦᠢ ᠭᠡᠭᠡᠨ ᠰᠠᠷᠠᠭᠤᠯ᠂ ᠭᠡᠪᠡᠴᠦ᠍ ᠵᠠᠮ ᠲᠡᠭ᠌ᠰᠢ ᠳᠠᠷᠳᠠᠩ ᠪᠢᠰᠢ》᠃ ᠥᠪᠥᠷ ᠮᠣᠩᠭᠣᠯᠤᠨ ᠠᠵᠤ ᠠᠬᠤᠢ ᠶ᠋ᠢᠨ ᠴᠢᠨᠠᠷ ᠰᠠᠢᠲᠠᠢ ᠬᠥᠭ᠌ᠵᠢᠯᠲᠡᠶ᠋ᠢᠨ ᠬᠡᠬᠡᠨ ᠰᠠᠷᠠᠭᠤᠯ ᠢᠷᠡᠭᠡᠳᠦᠢ ᠨᠢ ᠬᠥᠮᠦᠨ ᠨᠢᠭᠡᠪᠦᠷᠢ ᠶ᠋ᠢᠨ ᠲᠡᠮᠡᠴᠡᠯ ᠬᠢᠭᠡᠳ ᠡᠭᠦᠳᠦᠯᠲᠡᠡᠴᠡ ᠢᠷᠡᠳᠡᠭ᠃ ᠱᠢᠨ᠎ᠡ ᠨᠢᠭᠡ ᠵᠢᠯᠳᠦ ᠪᠢᠳᠠ ᠬᠦᠰᠡᠯ ᠵᠡᠭᠦᠳᠦ ᠪᠡᠨ ᠲᠡᠷᠭᠡᠯᠰᠢᠬᠦᠯᠬᠦ ᠪᠡᠷ ᠣᠮᠣᠭ ᠵᠣᠷᠢᠭ ᠲᠡᠭᠦᠯᠳᠡᠷ ᠤᠷᠤᠭᠰᠢᠯᠠᠵᠦ᠂ ᠴᠢᠨᠠᠷ ᠰᠠᠢᠲᠠᠢ ᠬᠥᠭ᠌ᠵᠢᠯᠲᠡ ᠶ᠋ᠢᠨ ᠱᠢᠨ᠎ᠡ ᠠᠶᠠᠨᠳᠤ ᠮᠤᠷᠳᠠᠶ᠎ᠠ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠣᠷᠬᠢᠯ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃