2024-03-09 15:04:02
ᠮᠥᠰᠥ ᠴᠠᠰᠤ ᠪᠣᠯ ᠣᠮᠠᠷᠠᠳᠣ ᠣᠷᠣᠨ ᠳ᠋ᠥ ᠯᠡ ᠪᠠᠢᠳᠠᠭ ᠥᠪᠡᠷᠮᠢᠴᠡ ᠣᠨᠴᠠᠯᠢᠭ᠋᠎ᠲᠠᠢ ᠡᠬᠢ ᠪᠠᠶᠠᠯᠢᠭ᠋ ᠮᠦᠨ᠂ ᠠᠷᠪᠠᠨ ᠳᠥᠷᠪᠡᠳᠦᠭᠡᠷ ᠬᠤᠭᠤᠴᠠᠭᠠᠨ᠎ᠤ ᠪᠦᠬᠦ ᠤᠯᠤᠰ᠎ᠤᠨ ᠡᠪᠦᠯ᠎ᠦᠨ ᠤᠯᠠᠷᠢᠯ᠎ᠤᠨ ᠪᠡᠶ᠎ᠡ ᠶ᠋ᠢᠨ ᠲᠠᠮᠢᠷ᠎ᠤᠨ ᠴᠤᠭᠯᠠᠭᠠᠨ ᠨᠢ ᠡᠨᠡ ᠬᠦ᠌ 《ᠬᠦᠢᠲᠡᠨ ᠡᠬᠢ ᠪᠠᠶᠠᠯᠢᠭ᠋》 ᠢ᠋ 《ᠬᠠᠯᠠᠮᠰᠢᠯ ᠠᠵᠤ ᠠᠬᠤᠢ》 ᠪᠣᠯᠭᠠᠨ ᠬᠤᠪᠢᠷᠠᠭᠤᠯᠵᠤ ᠪᠦᠬᠦ ᠤᠯᠤᠰ ᠤ᠋ᠨ ᠬᠡᠪᠴᠢᠶᠠᠨ ᠳ᠋ᠤ ᠬᠠᠯᠠᠮᠰᠢᠯ ᠪᠤᠯᠭᠠᠭᠰᠠᠨ ᠪᠠᠢᠨ᠎ᠠ᠃ ᠤᠯᠠᠭᠠᠨᠬᠠᠳᠠ ᠬᠤᠳᠠ ᠠᠷᠪᠠᠨ ᠳᠥᠷᠪᠡᠳᠦᠭᠡᠷ ᠬᠤᠭᠤᠴᠠᠭᠠᠨ᠎ᠤ ᠪᠦᠬᠦ ᠤᠯᠤᠰ᠎ᠤᠨ ᠡᠪᠦᠯ᠎ᠦᠨ ᠤᠯᠠᠷᠢᠯ᠎ᠤᠨ ᠪᠡᠶ᠎ᠡ ᠶ᠋ᠢᠨ ᠲᠠᠮᠢᠷ᠎ᠤᠨ ᠴᠤᠭᠯᠠᠭᠠᠨ ᠤ᠋ ᠠᠵᠠ ᠲᠤᠬᠢᠶᠠᠯ ᠢ᠋ ᠡᠵᠡᠮᠳᠡᠨ᠂ ᠪᠡᠶ᠎ᠡ᠎ᠶᠢᠨ ᠲᠠᠮᠢᠷ ᠪᠣᠯᠣᠨ ᠵᠢᠭᠤᠯᠴᠢᠯᠠᠯ ᠤ᠋ᠨ ᠦᠢᠯᠡᠰ ᠢ᠋ ᠠᠭᠤᠰᠤᠯᠴᠠᠨ ᠬᠥᠭᠵᠢᠬᠦᠯᠬᠦ᠎ᠶᠢ ᠠᠬᠢᠭᠤᠯᠵᠤ᠂ ᠤᠷᠤᠯᠳᠤᠭᠠᠨ᠎ᠢᠶᠠᠷ ᠵᠢᠭᠤᠯᠴᠢᠯᠠᠯ᠎ᠢ ᠬᠦᠭᠵᠢᠬᠡᠵᠤ᠂ ᠬᠤᠳᠠ᠎ᠶᠢᠨ ᠠᠵᠤ ᠠᠬᠤᠢ᠎ᠶᠢᠨ ᠬᠥᠭᠵᠢᠯᠲᠡ᠎ᠳᠦ ᠰᠢᠨ᠎ᠡ ᠬᠥᠳᠡᠯᠭᠡᠬᠦ ᠬᠦᠴᠦᠨ ᠨᠡᠮᠡᠷᠢᠯᠡᠭᠰᠡᠨ ᠪᠠᠢᠨ᠎ᠠ᠃
ᠰᠤᠷᠪᠤᠯᠵᠢᠯᠠᠭ᠍ᠴᠢ ᠠᠷᠪᠠᠨ ᠳᠥᠷᠪᠡᠳᠦᠭᠡᠷ ᠬᠤᠭᠤᠴᠠᠭᠠᠨ᠎ᠤ ᠪᠦᠬᠦ ᠤᠯᠤᠰ᠎ᠤᠨ ᠡᠪᠦᠯ᠎ᠦᠨ ᠤᠯᠠᠷᠢᠯ᠎ᠤᠨ ᠪᠡᠶ᠎ᠡ ᠶ᠋ᠢᠨ ᠲᠠᠮᠢᠷ᠎ᠤᠨ ᠴᠤᠭᠯᠠᠭᠠᠨ ᠤ᠋ ᠳᠠᠷᠠᠭᠠᠬᠢ ᠮᠠᠢᠷᠠᠨ ᠭᠤᠤ ᠵᠢᠨ ᠴᠠᠰᠤᠨ᠎ᠳᠤ ᠴᠠᠨᠠᠯᠠᠬᠤ ᠲᠠᠯᠠᠪᠠᠶ᠎ᠳᠤ ᠬᠦᠷᠬᠦ ᠳ᠋ᠤ᠂ ᠮᠠᠰᠢ ᠤᠯᠠᠨ ᠬᠦᠮᠦᠰ ᠡᠯ᠎ᠡ ᠵᠦᠢᠯ ᠤ᠋ᠨ ᠮᠦᠰᠦ ᠴᠠᠰᠤᠨ ᠤ᠋ ᠲᠦᠷᠦᠯ ᠤ᠋ᠨ ᠨᠠᠭᠠᠳᠤᠮ ᠳ᠋ᠥ ᠪᠠᠬᠠᠳᠠᠢ ᠣᠷᠣᠯᠴᠠᠵᠦ᠂ ᠲᠤᠬᠠᠢ ᠶ᠋ᠢᠨ ᠲᠠᠯᠠᠪᠠᠶ ᠮᠦᠨ ᠯᠠ ᠬᠥᠷ ᠬᠦᠭᠵᠢᠶᠡᠨ᠎ᠢᠶᠠᠷ ᠪᠢᠯᠬᠠᠵᠤ ᠪᠠᠢᠯ᠎ᠠ᠃ ᠣᠲᠣ᠌ ᠪᠣᠯᠲᠠᠯ᠎ᠠ᠂ ᠮᠠᠢᠷᠠᠨ ᠭᠤᠤ ᠵᠢᠨ ᠴᠠᠰᠤᠨ᠎ᠳᠤ ᠴᠠᠨᠠᠯᠠᠬᠤ ᠲᠠᠯᠠᠪᠠᠶ ᠨᠡᠶ᠋ᠢᠲᠡ 11.5 ᠲᠦᠮᠡᠨ ᠬᠥᠮᠥᠨ ᠤᠳᠠᠭ᠎ᠠ ᠵᠢᠭᠤᠯᠴᠢᠯᠠᠬᠰᠠᠳ᠎ᠢ ᠭᠥᠯᠢᠶᠡᠨ ᠠᠪᠴᠤ᠂ ᠡᠵᠡᠩᠨᠡᠯᠲᠡ᠎ᠶᠢᠨ ᠣᠷᠣᠯᠭ᠎ᠠ ᠨᠢ 7010 ᠲᠦᠮᠡᠨ ᠲᠥᠭᠥᠷᠢᠭ᠎ᠲᠦ ᠬᠦᠷᠴᠦ᠂ ᠠᠳᠠᠯᠢ ᠬᠤᠭᠤᠴᠠᠭᠠᠨ᠎ᠤ ᠬᠢ᠎ᠡᠴᠡ 19.8% ᠪᠡᠷ ᠨᠡᠮᠡᠭᠳᠡᠨ᠂ ᠨᠢᠭᠡ ᠡᠳᠦᠷ ᠤ᠋ᠨ ᠵᠢᠭᠤᠯᠴᠢᠯᠠᠭᠰᠠᠳ ᠤ᠋ᠨ ᠲᠣᠭ᠎ᠠ ᠨᠢ ᠬᠠᠮᠤᠭ ᠤᠯᠠᠨ ᠳ᠋ᠠᠭᠠᠨ 3000 ᠬᠥᠮᠥᠨ ᠤᠳᠠᠭ᠎ᠠ᠎ᠶᠢ ᠳᠠᠪᠠᠵᠠᠢ᠃
《ᠠᠷᠪᠠᠨ ᠳᠥᠷᠪᠡᠳᠦᠭᠡᠷ ᠬᠤᠭᠤᠴᠠᠭᠠᠨ᠎ᠤ ᠪᠦᠬᠦ ᠤᠯᠤᠰ᠎ᠤᠨ ᠡᠪᠦᠯ᠎ᠦᠨ ᠤᠯᠠᠷᠢᠯ᠎ᠤᠨ ᠪᠡᠶ᠎ᠡ ᠶ᠋ᠢᠨ ᠲᠠᠮᠢᠷ᠎ᠤᠨ ᠴᠤᠭᠯᠠᠭᠠᠨ ᠤ᠋ ᠬᠤᠭᠤᠴᠠᠭᠠᠨ᠎ᠳᠤ᠂ ᠵᠠᠰᠠᠭ᠎ᠤᠨ ᠣᠷᠳᠣᠨ᠎ᠠᠴᠠ 1065 ᠲᠦᠮᠡᠨ ᠲᠦᠭᠦᠷᠢᠭ ᠦ᠋ᠨ ᠪᠡᠯᠡ ᠮᠥᠩᠭᠥ ᠣᠷᠣᠭᠤᠯᠵᠤ᠂ ᠴᠠᠰᠤᠨ ᠵᠠᠮ᠎ᠢ ᠥᠭᠡᠷᠡᠴᠢᠯᠡᠬᠦ᠂ ᠲᠤᠨᠤᠭ ᠲᠥᠬᠦᠭᠡᠷᠦᠮᠵᠢ᠎ᠶᠢ ᠰᠢᠨᠡᠳᠬᠡᠬᠦ᠂ ᠦᠢᠯᠡᠴᠢᠯᠡᠭᠡ᠎ᠶᠢ ᠳᠡᠭᠡᠭᠰᠢᠯᠡᠭᠦᠯᠬᠦ᠂ ᠠᠷᠤ ᠲᠠᠯ᠎ᠠ᠎ᠶᠢᠨ ᠦᠢᠯᠡᠴᠢᠯᠡᠭᠡ᠎ᠶᠢ ᠪᠠᠲᠤᠯᠠᠬᠤ ᠵᠡᠷᠭᠡ ᠲᠠᠯ᠎ᠠ᠎ᠳᠤ ᠬᠡᠷᠡᠭᠯᠡᠵᠦ᠂ ᠴᠠᠰᠤᠨ ᠳ᠋ᠤ ᠴᠠᠨᠡᠯᠡᠬᠤ ᠲᠠᠯᠠᠪᠠᠢ ᠵᠢᠨ ᠴᠢᠬᠤᠯᠠ ᠶᠡᠬᠡ ᠤᠷᠤᠯᠳᠤᠭᠠᠨ᠎ᠢ ᠬᠦᠯᠢᠶᠡᠨ ᠠᠪᠬᠤ ᠴᠢᠳᠠᠪᠤᠷᠢ ᠪᠣᠯᠣᠨ ᠵᠢᠭᠤᠯᠴᠢᠯᠠᠭᠰᠠᠳ ᠤ᠋ᠨ ᠪᠡᠶᠡᠴᠢᠯᠡᠨ ᠣᠢᠯᠠᠭᠠᠬᠤ ᠲᠥᠷᠥᠭᠳᠡᠯ᠎ᠢ ᠮᠡᠳᠡᠭᠳᠡᠮ᠎ᠡ ᠳᠡᠭᠡᠭᠰᠢᠯᠡᠭᠦᠯᠦᠭᠰᠡᠨ ᠪᠠᠢᠨ᠎ᠠ》 ᠭᠡᠵᠦ ᠮᠠᠢᠷᠠᠨ ᠰᠣᠶᠣᠯ ᠵᠢᠭᠤᠯᠴᠢᠯᠠᠯ᠎ᠤᠨ ᠠᠵᠤ ᠦᠢᠯᠡᠰ᠎ᠦᠨ ᠬᠢᠵᠠᠭᠠᠷᠲᠤ ᠺᠣᠮᠫᠠᠨᠢ᠎ᠶᠢᠨ ᠶᠡᠷᠦᠩᠬᠡᠢ ᠵᠠᠬᠢᠷᠤᠭ᠍ᠴᠢ ᠠᠨ ᠶᠦᠩ ᠯᠢᠨ ᠬᠡᠯᠡᠪᠡ᠃
ᠣᠢᠯᠠᠭᠠᠭᠰᠠᠨ᠎ᠢᠶᠠᠷ᠂ ᠮᠠᠢᠷᠠᠨ ᠭᠤᠤ ᠵᠢᠨ ᠴᠠᠰᠤᠨ᠎ᠳᠤ ᠴᠠᠨᠠᠯᠠᠬᠤ ᠲᠠᠯᠠᠪᠠᠶ ᠨᠢ ᠠᠷᠪᠠᠨ ᠳᠥᠷᠪᠡᠳᠦᠭᠡᠷ ᠬᠤᠭᠤᠴᠠᠭᠠᠨ᠎ᠤ ᠪᠦᠬᠦ ᠤᠯᠤᠰ᠎ᠤᠨ ᠡᠪᠦᠯ᠎ᠦᠨ ᠤᠯᠠᠷᠢᠯ᠎ᠤᠨ ᠪᠡᠶ᠎ᠡ ᠶ᠋ᠢᠨ ᠲᠠᠮᠢᠷ᠎ᠤᠨ ᠴᠤᠭᠯᠠᠭᠠᠨ ᠠ᠋ᠴᠠ ᠪᠣᠯᠤᠭᠰᠠᠨ ᠬᠠᠯᠠᠮᠰᠢᠯ ᠪᠠᠢᠳᠠᠯ ᠢ᠋ ᠴᠢᠩᠭ᠎ᠠ ᠡᠵᠡᠮᠳᠡᠨ᠂ ᠠᠯᠢ ᠣᠯᠠᠨ ᠠᠵᠢᠯᠯᠠᠭᠠᠨ ᠥᠷᠨᠢᠭᠦᠯᠵᠦ᠂ ᠴᠧᠩᠳᠧ ᠬᠤᠳᠠ ᠶ᠋ᠢᠨ ᠵᠤᠴᠢᠳ ᠤ᠋ᠨ ᠪᠠᠭᠤᠳᠠᠯ᠂ ᠵᠢᠭᠤᠯᠴᠢᠯᠠᠯ᠎ᠤᠨ ᠭᠠᠵᠠᠷ᠎ᠲᠠᠢ ᠬᠠᠮᠲᠤᠷᠠᠨ᠂ ᠭᠠᠵᠠᠷ ᠵᠦᠢ ᠶ᠋ᠢᠨ ᠳᠠᠪᠠᠭᠤᠯᠢᠭ᠋ ᠵᠢᠡᠨ ᠠᠰᠢᠭ᠍ᠯᠠᠨ᠂ ᠣᠯᠠᠨ ᠵᠦᠢᠯ᠎ᠦᠨ ᠵᠢᠭᠤᠯᠴᠢᠯᠠᠯ᠎ᠤᠨ ᠰᠣᠳᠣᠨ ᠵᠠᠮ ᠱᠤᠭᠤᠮ ᠭᠠᠷᠭᠠᠵᠤ᠂ ᠪᠡᠭᠡᠵᠢᠩ᠎ᠦᠨ ᠴᠣᠣᠶᠠᠩ ᠤ᠋ᠨ ᠲᠦᠷᠭᠡᠨ ᠲᠡᠮᠦᠷ ᠵᠠᠮ᠎ᠤᠨ ᠥᠷᠲᠡᠭᠡᠨ᠎ᠳᠦ ᠤᠬᠠᠭᠤᠯᠭ᠎ᠠ ᠶ᠋ᠢᠨ ᠵᠢᠭ᠍ᠰᠠᠭᠠᠯ᠎ᠤᠨ ᠭᠠᠵᠠᠷ ᠭᠠᠷᠭᠠᠵᠤ᠂ ᠣᠯᠠᠨ ᠵᠢᠭᠤᠯᠴᠢᠯᠠᠭᠰᠠᠳ᠎ᠤᠨ ᠰᠣᠨᠢᠷᠬᠠᠯ ᠢ᠋ ᠲᠠᠲᠠᠭᠰᠠᠨ ᠪᠠᠢᠨ᠎ᠠ᠂ ᠲᠣᠰ ᠤᠳᠠᠭᠠᠨ᠎ᠤ ᠮᠦᠰᠤ ᠴᠠᠰᠤᠨ᠎ᠤ ᠤᠯᠠᠷᠢᠯ᠎ᠳᠤ ᠢᠷᠡᠭᠰᠡᠨ ᠡᠪᠦᠯ᠎ᠦᠨ ᠠᠮᠠᠷᠠᠯᠳᠠ ᠵᠢᠨ ᠠᠵᠢᠯᠯᠠᠭᠠᠨ ᠤ᠋ ᠪᠠᠭᠤᠴᠠ 16 ᠪᠠᠢᠵᠤ᠂ ᠠᠳᠠᠯᠢ ᠬᠤᠭᠤᠴᠠᠭᠠᠨ᠎ᠤ ᠬᠢ᠎ᠡᠴᠡ 12 ᠨᠡᠮᠡᠭᠳᠡᠵᠡᠢ᠃ ᠪᠡᠭᠡᠵᠢᠩ᠎ᠦᠨ ᠰᠢᠩ ᠴᠢ ᠱᠢ ᠴᠠᠰᠤᠨ᠎ᠳᠤ ᠴᠠᠨᠠᠯᠠᠬᠤ ᠺᠯᠦ᠋ᠪ᠎ᠦᠨ ᠬᠠᠷᠢᠭᠤᠴᠠᠯᠭᠠᠲᠠᠨ ᠳᠠ ᠫᠧᠩ᠄ 《ᠡᠨᠡ ᠡᠪᠦᠯ ᠪᠢᠳᠡ ᠮᠠᠢᠷᠠᠨ ᠭᠤᠤ ᠵᠢᠨ ᠴᠠᠰᠤᠨ᠎ᠳᠤ ᠴᠠᠨᠠᠯᠡᠬᠤ ᠲᠠᠯᠠᠪᠠᠶ᠎ᠳᠤ 9 ᠬᠤᠭᠤᠴᠠᠭᠠᠨ᠎ᠤ ᠡᠪᠦᠯ᠎ᠦᠨ ᠠᠮᠠᠷᠠᠯᠲᠠ ᠶ᠋ᠢᠨ ᠬᠤᠸᠠᠷᠠᠨ ᠢ᠋ ᠡᠷᠭᠢᠯᠡᠵᠤ᠂ ᠡᠭᠦᠨ᠎ᠳᠦ 800 ᠭᠠᠷᠤᠢ ᠬᠥᠮᠥᠨ ᠣᠷᠣᠯᠴᠠᠵᠤ᠂ ᠬᠤᠸᠠᠷᠠᠨ ᠤ᠋ ᠭᠡᠰᠢᠭᠦᠳ ᠭᠤᠤᠯᠳᠠᠭᠤ ᠪᠡᠭᠡᠵᠢᠩ ᠬᠣᠲᠠ ᠶ᠋ᠢᠨ ᠵᠠᠯᠠᠭᠤᠴᠤᠳ ᠪᠠᠭᠠᠴᠤᠳ ᠪᠤᠯᠤᠨ᠎ᠠ᠂ ᠠᠷᠪᠠᠨ ᠳᠥᠷᠪᠡᠳᠦᠭᠡᠷ ᠬᠤᠭᠤᠴᠠᠭᠠᠨ᠎ᠤ ᠪᠦᠬᠦ ᠤᠯᠤᠰ᠎ᠤᠨ ᠡᠪᠦᠯ᠎ᠦᠨ ᠤᠯᠠᠷᠢᠯ᠎ᠤᠨ ᠪᠡᠶ᠎ᠡ ᠶ᠋ᠢᠨ ᠲᠠᠮᠢᠷ᠎ᠤᠨ ᠴᠤᠭᠯᠠᠭᠠᠨ ᠡᠨᠳᠡ ᠶᠠᠪᠤᠭᠳᠠᠭᠰᠠᠨ ᠪᠤᠯᠬᠤᠷ ᠮᠠᠢᠷᠠᠨ ᠭᠤᠤ ᠵᠢᠨ ᠴᠠᠰᠤᠨ ᠳ᠋ᠤ ᠴᠠᠨᠠᠯᠠᠬᠤ ᠲᠠᠯᠠᠪᠠᠶ ᠶ᠋ᠢᠨ ᠨᠡᠷ᠎ᠡ ᠠᠯᠳᠠᠷᠰᠢᠯ᠎ᠢ ᠶᠡᠬᠡᠪᠡᠷ ᠨᠡᠮᠡᠭᠳᠡᠭᠦᠯᠦᠭᠰᠡᠨ ᠪᠠᠢᠨ᠎ᠠ》 ᠭᠡᠵᠡᠢ᠃
ᠰᠤᠷᠪᠤᠯᠵᠢᠯᠠᠭ᠍ᠴᠢ ᠳᠡᠭᠡᠳᠦ ᠳᠡᠰ᠎ᠤᠨ ᠴᠠᠰᠤᠨ ᠵᠠᠮ᠎ᠤᠨ ᠡᠬᠢᠯᠡᠯᠲᠡ ᠶ᠋ᠢᠨ ᠴᠡᠭ᠎ᠲᠦ ᠾᠧᠪᠧᠢ ᠮᠤᠵᠢ ᠶ᠋ᠢᠨ ᠴᠧᠩᠳᠧ ᠬᠣᠲᠠ ᠡᠴᠡ ᠢᠷᠡᠭᠰᠡᠨ ᠴᠠᠰᠤᠨ ᠳ᠋ᠤ ᠴᠠᠨᠠᠯᠠᠬᠤ ᠪᠠᠬᠠᠳᠠᠨ ᠶᠢᠨ ᠵᠥᠩ ᠺᠦᠢ᠎ᠲᠠᠢ ᠵᠣᠭᠣᠬᠳᠠᠬᠣ ᠳ᠋ᠥ᠄ 《ᠮᠠᠢᠷᠠᠨ ᠭᠤᠤ ᠵᠢᠨ ᠴᠠᠰᠤᠨ᠎ᠳᠤ ᠴᠠᠨᠠᠯᠠᠬᠤ ᠲᠠᠯᠠᠪᠠᠶ᠎ᠳᠤ ᠪᠦᠬᠦ ᠤᠯᠤᠰ᠎ᠤᠨ ᠡᠪᠦᠯ᠎ᠦᠨ ᠤᠯᠠᠷᠢᠯ᠎ᠤᠨ ᠪᠡᠶ᠎ᠡ ᠶ᠋ᠢᠨ ᠲᠠᠮᠢᠷ᠎ᠤᠨ ᠴᠤᠭᠯᠠᠭᠠᠨ ᠶᠠᠪᠤᠭᠳᠠᠭᠰᠠᠨ ᠤ᠋ ᠲᠠᠷᠠᠭ᠎ᠠ ᠴᠠᠰᠤᠨ ᠵᠠᠮ ᠪᠣᠯᠣᠨ ᠴᠠᠰᠤᠨ᠎ᠤ ᠴᠢᠨᠠᠷ ᠨᠢ ᠤᠯᠤᠰ᠎ᠤᠨ ᠳᠡᠰ᠎ᠤᠨ ᠤᠷᠤᠯᠳᠤᠭᠠᠨ᠎ᠳᠤ ᠵᠥᠪᠰᠢᠶᠡᠷᠡᠭᠳᠡᠵᠦ᠂ ᠰᠠᠭᠤᠷᠢ ᠲᠥᠬᠦᠭᠡᠷᠦᠮᠵᠢ ᠪᠣᠯᠣᠨ ᠦᠢᠯᠡᠴᠢᠯᠡᠭᠡᠨ᠎ᠦ ᠴᠢᠨᠠᠷ ᠴᠢᠨᠰᠠᠭ᠎ᠠ ᠨᠢ ᠴᠦ᠍ ᠳᠡᠭᠡᠭᠰᠢᠯᠡᠭᠰᠡᠨ ᠪᠤᠯᠬᠤᠷ ᠮᠢᠨᠤ ᠡᠨᠳᠡ ᠢᠷᠡᠬᠦ ᠪᠠᠬ᠎ᠠ ᠵᠢ ᠲᠠᠲᠠᠵᠤ ᠪᠠᠢᠨ᠎ᠠ》 ᠭᠡᠵᠡᠢ᠃
ᠡᠮᠦᠨ᠎ᠡ ᠠᠭᠤᠯᠠ ᠵᠢᠨ ᠴᠠᠰᠤᠨ ᠳ᠋ᠤ ᠴᠠᠨᠠᠯᠠᠬᠤ ᠲᠠᠯᠠᠪᠠᠢ ᠨᠢ ᠬᠣᠲᠠ ᠲᠣᠭᠣᠷᠢᠭ᠋᠎ᠠᠴᠠ ᠨᠠᠩ ᠣᠢᠷ᠎ᠠ ᠪᠣᠯᠬᠣᠷ ᠬᠠᠮᠣᠭ ᠣᠢᠷᠠᠬᠠᠨ ᠴᠠᠰᠤᠨ ᠳ᠋ᠤ ᠴᠠᠨᠠᠯᠠᠬᠤ ᠲᠠᠯᠠᠪᠠᠶ ᠪᠣᠯᠵᠠᠢ᠃ ᠰᠤᠷᠪᠤᠯᠵᠢᠯᠠᠭᠴᠢ ᠮᠠᠢᠷᠠᠨ ᠭᠤᠤ ᠵᠢᠨ ᠴᠠᠰᠤᠨ ᠳ᠋ᠤ ᠴᠠᠨᠠᠯᠠᠬᠤ ᠲᠠᠯᠠᠪᠠᠶ ᠡᠴᠡ ᠡᠮᠦᠨ᠎ᠡ ᠠᠭᠤᠯᠠ᠎ᠶᠢᠨ ᠴᠠᠰᠤᠨ ᠳ᠋ᠤ ᠴᠠᠨᠠᠯᠠᠬᠤ ᠲᠠᠯᠠᠪᠠᠶ᠎ᠳᠤ ᠬᠦᠷᠬᠦ ᠳ᠋ᠤ᠂ ᠴᠠᠰᠤᠨ ᠳ᠋ᠤ ᠴᠠᠨᠠᠯᠠᠬᠤ ᠲᠠᠯᠠᠪᠠᠢ ᠵᠢᠨ ᠳᠠᠭᠠᠭᠠᠮᠠᠯ ᠯᠢ ᠵᠢᠶᠦ᠋ᠨ ᠵᠢᠶᠧ᠄ 《ᠠᠷᠪᠠᠨ ᠳᠥᠷᠪᠡᠳᠦᠭᠡᠷ ᠬᠤᠭᠤᠴᠠᠭᠠᠨ᠎ᠤ ᠪᠦᠬᠦ ᠤᠯᠤᠰ᠎ᠤᠨ ᠡᠪᠦᠯ᠎ᠦᠨ ᠤᠯᠠᠷᠢᠯ᠎ᠤᠨ ᠪᠡᠶ᠎ᠡ ᠶ᠋ᠢᠨ ᠲᠠᠮᠢᠷ᠎ᠤᠨ ᠴᠤᠭᠯᠠᠭᠠᠨ ᠬᠠᠷᠠᠴᠢᠨ ᠳ᠋ᠤ ᠶᠠᠪᠣᠬᠳᠠᠬᠰᠡᠨᠦ ᠳᠠᠷᠠᠭ᠎ᠠ᠂ ᠪᠥᠬᠥ ᠬᠣᠲᠠ᠎ᠶᠢᠨ ᠮᠥᠰᠥ ᠴᠠᠰᠤᠨ᠎ᠤ ᠠᠵᠤ ᠦᠢᠯᠡᠰ᠎ᠦᠨ ᠶᠠᠰᠤ ᠴᠢᠨᠠᠷ᠎ᠢ ᠳᠡᠭᠡᠭᠰᠢᠯᠡᠭᠦᠯᠦᠨ ᠦᠷ᠎ᠡ ᠠᠰᠢᠭ᠋᠎ᠢ ᠨᠡᠮᠡᠭᠳᠡᠭᠦᠯᠵᠤ᠂ ᠡᠪᠦᠯ᠎ᠦᠨ ᠤᠯᠠᠷᠢᠯ᠎ᠤᠨ ᠪᠡᠶ᠎ᠡ᠎ᠶᠢᠨ ᠲᠠᠮᠢᠷ᠎ᠤᠨ ᠬᠥᠳᠡᠯᠭᠡᠭᠡᠨ᠎ᠦ ᠬᠠᠮᠢᠶ᠎ᠠ ᠪᠦᠬᠦᠢ ᠠᠵᠤ ᠦᠢᠯᠡᠰ᠎ᠦᠨ ᠬᠥᠭᠵᠢᠯᠲᠡ᠎ᠶᠢ ᠠᠬᠢᠭᠤᠯᠤᠭᠰᠠᠨ᠎ᠢᠶᠠᠷ ᠪᠠᠷᠠᠬᠤ ᠦᠭᠡᠢ ᠨᠡᠩ ᠤᠯᠠᠨ ᠬᠦᠮᠦᠰ ᠤ᠋ᠨ ᠴᠠᠰᠤᠨ ᠳ᠋ᠤ ᠴᠠᠨᠠᠯᠠᠬᠤ ᠲᠠᠯᠠᠪᠠᠢ ᠳ᠋ᠤ ᠨᠠᠭᠠᠳᠬᠤ ᠤᠷᠮ᠎ᠠ ᠪᠠᠬ᠎ᠠ ᠵᠢ ᠬᠦᠭᠵᠢᠬᠡᠭᠰᠡᠨ ᠪᠠᠢᠨ᠎ᠠ》 ᠭᠡᠵᠤ ᠰᠤᠷᠪᠤᠯᠵᠢᠯᠠᠭᠴᠢ ᠳ᠋ᠤ ᠬᠡᠯᠡᠪᠡ᠃
2023 — 2024 ᠣᠨ᠎ᠤ ᠮᠦᠰᠦ ᠴᠠᠰᠤᠨ ᠤ᠋ ᠤᠯᠠᠷᠢᠯ᠎ᠳᠤ᠂ ᠡᠮᠦᠨ᠎ᠡ ᠠᠭᠤᠯᠠᠨ᠎ᠤ ᠴᠠᠰᠤᠨ᠎ᠳᠤ ᠴᠠᠨᠠᠯᠠᠬᠤ ᠲᠠᠯᠠᠪᠠᠶ ᠨᠡᠶ᠋ᠢᠲᠡ 4 ᠲᠦᠮᠡ ᠭᠠᠷᠤᠢ ᠵᠢᠭᠤᠯᠴᠢᠯᠠᠭᠰᠠᠳ᠎ᠢ ᠭᠥᠯᠢᠶᠡᠨ ᠠᠪᠴᠤ᠂ 600 ᠭᠠᠷᠤᠢ ᠲᠦᠮᠡᠨ ᠲᠥᠭᠥᠷᠢᠭ᠎ᠦᠨ ᠣᠷᠣᠯᠭ᠎ᠠ᠎ᠶᠢ ᠪᠡᠶᠡᠯᠡᠭᠦᠯᠵᠦ᠂ ᠵᠢᠭᠤᠯᠴᠢᠯᠠᠭᠰᠠᠳ᠎ᠢ ᠭᠥᠯᠢᠶᠡᠨ ᠠᠪᠤᠭᠰᠠᠨ ᠲᠣᠭ᠎ᠠ ᠨᠢ ᠲᠦᠷᠦᠭᠦᠸ᠋ ᠨᠢᠭᠡ ᠮᠦᠰᠦ ᠴᠠᠰᠤᠨ ᠤ᠋ ᠤᠯᠠᠷᠢᠯ᠎ᠡᠴᠡ ᠲᠦᠮᠡ ᠭᠠᠷᠤᠢ ᠬᠥᠮᠥᠨ ᠨᠡᠮᠡᠭᠳᠡᠵᠦ᠂ ᠣᠷᠣᠯᠭ᠎ᠠ ᠨᠢ 20%᠎ᠪᠠᠷ ᠨᠡᠮᠡᠭᠳᠡᠵᠡᠢ᠃ 《ᠲᠣᠰ ᠮᠦᠰᠤ ᠴᠠᠰᠤᠨ᠎ᠤ ᠤᠯᠠᠷᠢᠯ᠎ᠳᠤ᠂ ᠪᠢᠳᠡ ᠪᠡᠯᠡ ᠣᠷᠣᠭᠤᠯᠤᠯᠲᠠ ᠪᠠᠨ ᠨᠡᠮᠡᠭᠳᠡᠭᠦᠯᠦᠨ᠂ ᠰᠠᠭᠤᠷᠢ ᠲᠦᠬᠦᠬᠡᠷᠦᠮᠵᠢ ᠪᠠᠨ ᠰᠠᠢᠵᠢᠷᠠᠭᠤᠯᠵᠤ᠂ ᠳᠤᠮᠳᠠ ᠵᠡᠷᠭᠡ᠎ᠶᠢᠨ ᠵᠠᠮ᠂ ᠠᠩᠬ᠎ᠠ ᠵᠡᠷᠭᠡ᠎ᠶᠢᠨ ᠵᠠᠮ᠎ᠤᠨ ᠰᠥᠨᠢ᠎ᠶᠢᠨ ᠲᠠᠯᠠᠪᠠᠶ᠎ᠶᠢ ᠪᠥᠬᠥ ᠲᠠᠯ᠎ᠠ᠎ᠪᠠᠷ ᠨᠡᠭᠡᠭᠡᠵᠡᠢ᠃ ᠡᠭᠦᠨ᠎ᠦ ᠬᠠᠮᠳᠤ ᠴᠠᠰᠤᠨ ᠳ᠋ᠤ ᠴᠠᠨᠠᠯᠠᠬᠤ ᠲᠠᠯᠠᠪᠠᠶ 2023 ᠣᠨ᠎ᠤ ᠤᠯᠠᠭᠠᠨᠬᠠᠳᠠ᠎ᠶᠢᠨ ᠡᠪᠦᠯ᠎ᠦᠨ ᠤᠯᠠᠷᠢᠯ᠎ᠤᠨ ᠵᠢᠭᠤᠯᠴᠢᠯᠠᠯ᠎ᠤᠨ ᠲᠠᠨᠢᠯᠴᠠᠭᠤᠯᠭ᠎ᠠ᠎ᠶᠢᠨ ᠬᠤᠷᠠᠯ᠎ᠳᠤ ᠳᠤᠷᠠᠳᠤᠭᠰᠠᠨ 〈ᠮᠥᠰᠥ ᠴᠠᠰᠤᠨ᠎ᠤ ᠭᠠᠢᠬᠠᠮᠰᠢᠭ᠍ᠲᠤ ᠪᠠᠷᠢᠯᠳᠤᠯᠭ᠎ᠠ ᠭᠤᠢᠳᠠ ᠰᠠᠢᠬᠠᠨ ᠤᠯᠠᠭᠠᠨᠬᠠᠳᠠ〉 ᠵᠢᠨ ᠪᠦᠬᠦ ᠠᠷᠠᠳ᠎ᠤᠨ ᠴᠠᠰᠤ ᠮᠥᠰᠥᠨ ᠳ᠋ᠥ ᠨᠠᠭᠠᠳᠬᠤ ᠤᠷᠢᠶᠠᠯᠠᠭ᠎ᠠ᠎ᠶᠢ ᠢᠳᠡᠪᠬᠢᠲᠡᠢ᠎ᠪᠡᠷ ᠴᠤᠤᠷᠢᠶᠠᠲᠤᠨ ᠳᠠᠭᠠᠬᠤ᠎ᠶᠢᠨ ᠲᠥᠯᠥᠭᠡ᠂ ᠤᠯᠠᠭᠠᠨᠬᠠᠳᠠ᠎ᠶᠢᠨ ᠣᠯᠠᠨ ᠪᠠᠭ᠎ᠠ ᠰᠤᠷᠭᠠᠭᠤᠯᠢ᠂ ᠳᠤᠮᠳᠠᠳᠤ ᠰᠤᠷᠭᠠᠭᠤᠯᠢ᠎ᠲᠠᠢ ᠬᠣᠯᠪᠤᠭᠠᠯᠠᠨ 〈ᠷᠢᠳᠢ ᠰᠢᠳᠢ᠎ᠶᠢ ᠮᠡᠳᠡᠷᠡᠬᠦ〉 ᠪᠡᠷ ᠭᠣᠣᠯ ᠰᠡᠳᠦᠪ ᠪᠣᠯᠭᠠᠭᠰᠠᠨ ᠮᠥᠰᠥ ᠴᠠᠰᠤᠨ᠎ᠤ ᠨᠠᠭᠠᠳᠤᠮ ᠢ᠋ ᠰᠤᠷᠭᠠᠭᠤᠯᠢ᠎ᠶᠢᠨ ᠬᠦᠷᠢᠶᠡᠨ᠎ᠳᠦ ᠣᠷᠣᠭᠤᠯᠬᠤ ᠰᠤᠳᠤᠯᠤᠨ ᠰᠤᠷᠤᠯᠴᠠᠬᠤ ᠠᠵᠢᠯᠯᠠᠭ᠎ᠠ᠎ᠶᠢ ᠥᠷᠨᠢᠭᠦᠯᠵᠦ᠂ ᠨᠡᠶ᠋ᠢᠲᠡ 2500 ᠭᠠᠷᠤᠢ ᠳᠤᠮᠳᠠᠳᠤ ᠪᠠᠭ᠎ᠠ ᠰᠤᠷᠭᠠᠭᠤᠯᠢ᠎ᠶᠢᠨ ᠰᠤᠷᠤᠭ᠍ᠴᠢᠳ ᠢ᠋ ᠭᠥᠯᠢᠶᠡᠨ ᠠᠪᠴᠠᠢ》 ᠬᠡᠵᠦ ᠯᠢ ᠵᠢᠶᠦᠶ᠋ᠨ ᠵᠢᠶᠸ ᠲᠠᠭᠠᠭᠠᠮᠠᠯ ᠲᠠᠨᠢᠯᠴᠠᠭᠣᠯᠵᠠᠢ᠃
ᠣᠢᠷ᠎ᠠ᠎ᠶᠢᠨ ᠵᠢᠯ᠎ᠦᠳ᠎ᠲᠦ᠂ ᠤᠯᠠᠭᠠᠨᠬᠠᠳᠠ ᠬᠣᠲᠠ ᠪᠡᠶ᠎ᠡ᠎ᠶᠢᠨ ᠲᠠᠮᠢᠷ᠎ᠤᠨ ᠦᠢᠯᠡᠰ᠎ᠢ ᠶᠡᠬᠡᠪᠡᠷ ᠬᠥᠭᠵᠢᠭᠦᠯᠵᠦ᠂ ᠪᠡᠶ᠎ᠡ᠎ᠶᠢᠨ ᠲᠠᠮᠢᠷ᠎ᠤᠨ ᠦᠢᠯᠡᠰ᠎ᠦᠨ ᠰᠢᠨ᠎ᠡ ᠰᠢᠪᠲᠤᠯᠤᠯᠲᠠ᠎ᠶᠢ ᠲᠠᠰᠤᠷᠠᠯᠲᠠ ᠦᠭᠡᠢ ᠲᠦᠯᠬᠢᠨ ᠠᠬᠢᠭᠤᠯᠵᠤ᠂ ᠡᠨᠡ ᠡᠪᠦᠯ ᠤᠯᠠᠭᠠᠨᠬᠠᠳᠠ ᠬᠣᠲᠠ ᠮᠥᠰᠥ ᠴᠠᠰᠤᠨ᠎ᠤ ᠥᠪᠡᠷᠮᠢᠴᠡ ᠡᠬᠢ ᠪᠠᠶᠠᠯᠢᠭ᠋᠎ᠲᠠᠭᠠᠨ ᠲᠦᠰᠢᠭᠯᠡᠨ᠂ ᠠᠷᠪᠠᠨ ᠳᠥᠷᠪᠡᠳᠦᠭᠡᠷ ᠬᠤᠭᠤᠴᠠᠭᠠᠨ᠎ᠤ ᠪᠦᠬᠦ ᠤᠯᠤᠰ᠎ᠤᠨ ᠡᠪᠦᠯ᠎ᠦᠨ ᠤᠯᠠᠷᠢᠯ᠎ᠤᠨ ᠪᠡᠶ᠎ᠡ ᠶ᠋ᠢᠨ ᠲᠠᠮᠢᠷ᠎ᠤᠨ ᠴᠤᠭᠯᠠᠭᠠᠨ ᠤ ᠪᠠᠢᠳᠠᠯ᠎ᠢ ᠠᠰᠢᠭ᠍ᠯᠠᠵᠤ᠂ 《ᠪᠡᠶ᠎ᠡ᠎ᠶᠢᠨ ᠲᠠᠮᠢᠷ + ᠵᠢᠭᠤᠯᠴᠢᠯᠠᠯ》 ᠢ᠋ ᠪᠦᠬᠦᠶ᠋ᠢᠯᠡ ᠡᠪᠦᠯ᠎ᠦᠨ ᠤᠯᠠᠷᠢᠯ᠎ᠳᠤ ᠲᠤᠭᠤᠰᠢᠯᠠᠭᠤᠯᠪᠠ᠃ ᠪᠡᠶ᠎ᠡ᠎ᠶᠢᠨ ᠲᠠᠮᠢᠷ᠎ᠤᠨ ᠤᠷᠤᠯᠳᠤᠭᠠᠨ᠎ᠤ ᠲᠥᠷᠥᠯ ᠲᠡᠮᠳᠡᠭᠲᠦ᠎ᠶᠢ ᠴᠤᠭᠴᠠᠯᠠᠬᠤ᠂ ᠡᠪᠦᠯ᠎ᠦᠨ ᠤᠯᠠᠷᠢᠯ᠎ᠤᠨ ᠵᠢᠭᠤᠯᠴᠢᠯᠠᠯ᠎ᠤᠨ ᠰᠢᠨ᠎ᠡ ᠡᠵᠡᠩᠨᠡᠯᠲᠡ᠎ᠶᠢᠨ ᠬᠡᠯᠪᠡᠷᠢ ᠪᠠᠢᠳᠠᠯ᠎ᠢ ᠪᠠᠶᠠᠯᠢᠭ᠍ᠵᠢᠭᠤᠯᠬᠤ ᠵᠡᠷᠭᠡ᠎ᠪᠡᠷ ᠳᠠᠮᠵᠢᠭᠤᠯᠤᠨ᠂ 《ᠬᠦᠢᠲᠡᠨ ᠡᠬᠢ ᠪᠠᠶᠠᠯᠢᠭ᠋》 ᠢ᠋ 《ᠬᠠᠯᠠᠮᠰᠢᠯ ᠠᠵᠤ ᠠᠬᠤᠢ》 ᠪᠣᠯᠭᠠᠨ ᠬᠤᠪᠢᠷᠠᠭᠤᠯᠵᠤ᠂ ᠮᠥᠰᠥ ᠴᠠᠰᠤᠨ᠎ᠤ ᠵᠠᠬ᠎ᠠ ᠳᠡᠯᠭᠡᠭᠦᠷ᠎ᠢ ᠬᠥᠭᠵᠢᠭᠡᠨ᠂ 《ᠪᠡᠶ᠎ᠡ᠎ᠶᠢᠨ ᠲᠠᠮᠢᠷ ᠪᠠ ᠵᠢᠭᠤᠯᠴᠢᠯᠠᠯ᠎ᠢ ᠠᠭᠤᠰᠤᠯᠴᠠᠭᠤᠯᠬᠤ》 ᠦᠷ᠎ᠡ ᠪᠦᠲᠦᠮᠵᠢ ᠢᠯᠡᠳᠲᠡ ᠪᠠᠢᠵᠤ᠂ ᠤᠯᠠᠭᠠᠨᠬᠠᠳᠠ ᠬᠣᠲᠠ᠎ᠶᠢᠨ ᠡᠪᠦᠯ᠎ᠦᠨ ᠤᠯᠠᠷᠢᠯ᠎ᠤᠨ ᠵᠢᠭᠤᠯᠴᠢᠯᠠᠯ᠎ᠤᠨ ᠵᠠᠬ᠎ᠠ ᠳᠡᠯᠭᠡᠭᠦᠷ᠎ᠦᠨ ᠠᠮᠢᠵᠢᠷᠠᠯ᠎ᠤᠨ ᠬᠦᠴᠦᠨ᠎ᠢ ᠳᠡᠭᠡᠭᠰᠢᠯᠡᠭᠦᠯᠦᠭᠰᠡᠨ ᠪᠠᠢᠨ᠎ᠠ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠬᠦᠰᠡᠯᠡᠩ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃