2024-03-07 11:22:49
2023 ᠣᠨ᠎ᠤ 6 ᠰᠠᠷ᠎ᠠ᠎ᠳᠤ᠂ ᠶᠡᠷᠦᠩᠬᠡᠢ ᠱᠦᠵᠢ ᠰᠢ᠎ᠶᠢᠨ ᠫᠢᠩ ᠥᠪᠥᠷ ᠮᠣᠩᠭᠣᠯ᠎ᠳᠤ ᠰᠢᠨᠵᠢᠯᠡᠨ ᠪᠠᠢᠴᠠᠭᠠᠬᠤ᠎ᠳᠠᠭᠠᠨ᠂ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠲᠤ ᠴᠤᠭᠴᠠᠯᠠᠬᠤ ᠪᠣᠯ ᠦᠨᠳᠦᠰᠦᠲᠡᠨ᠎ᠦ ᠭᠠᠵᠠᠷ ᠣᠷᠣᠨ᠎ᠤ ᠡᠯ᠎ᠡ ᠵᠦᠢᠯ᠎ᠦᠨ ᠠᠵᠢᠯ᠎ᠤᠨ ᠭᠣᠣᠯ ᠰᠢᠵᠢᠮ ᠪᠣᠯᠣᠨ᠎ᠠ ᠭᠡᠵᠦ ᠠᠩᠬ᠎ᠠ ᠤᠳᠠᠭ᠎ᠠ ᠳᠤᠷᠠᠳᠴᠠᠢ᠃ ᠡᠨᠡ ᠬᠦ᠌ ᠴᠢᠬᠤᠯᠠ ᠶᠡᠬᠡ ᠨᠤᠲᠠᠯᠠᠯᠲᠠ ᠨᠢ ᠰᠢᠨ᠎ᠡ ᠴᠠᠭ ᠦᠶ᠎ᠡ᠎ᠶᠢᠨ ᠦᠨᠳᠦᠰᠦᠲᠡᠨ᠎ᠦ ᠭᠠᠵᠠᠷ ᠣᠷᠣᠨ᠎ᠤ ᠠᠵᠢᠯ᠎ᠢ ᠰᠠᠢᠲᠤᠷ ᠬᠢᠬᠦ᠎ᠳᠦ ᠴᠢᠬᠤᠯᠠ ᠵᠢᠯᠤᠭᠣᠳᠬᠤ ᠠᠴᠢ ᠬᠣᠯᠪᠣᠭᠳᠠᠯ᠎ᠲᠠᠢ ᠶᠤᠮ᠃
ᠪᠦᠬᠦ ᠣᠷᠣᠨ᠎ᠤ ᠡᠯ᠎ᠡ ᠭᠠᠵᠠᠷ ᠡᠯ᠎ᠡ ᠰᠠᠯᠠᠭ᠎ᠠ ᠮᠥᠴᠢᠷ᠎ᠦᠨ ᠬᠢᠨ ᠢᠳᠡᠪᠬᠢᠲᠡᠢ᠎ᠪᠡᠷ ᠬᠥᠳᠡᠯᠦᠯᠴᠡᠵᠦ᠂ ᠢᠳᠡ ᠬᠦᠴᠦᠲᠡᠢ ᠠᠷᠭ᠎ᠠ ᠬᠡᠮᠵᠢᠶ᠎ᠡ ᠠᠪᠴᠤ᠂ ᠠᠵᠤ ᠠᠬᠤᠢ᠎ᠶᠢᠨ ᠪᠦᠲᠦᠭᠡᠨ ᠪᠠᠢᠭᠤᠯᠤᠯᠲᠠ᠂ ᠤᠯᠤᠰ ᠲᠦᠷᠦ᠎ᠶᠢᠨ ᠪᠠᠢᠭᠤᠯᠤᠯᠲᠠ᠂ ᠰᠣᠶᠣᠯ᠎ᠤᠨ ᠪᠠᠢᠭᠤᠯᠤᠯᠲᠠ᠂ ᠨᠡᠢᠭᠡᠮ᠎ᠦᠨ ᠪᠠᠢᠭᠤᠯᠤᠯᠲᠠ᠂ ᠠᠮᠢ ᠠᠬᠤᠢ᠎ᠶᠢᠨ ᠪᠣᠯᠪᠠᠰᠤᠨ᠎ᠤ ᠪᠠᠢᠭᠤᠯᠤᠯᠲᠠ ᠪᠣᠯᠣᠨ ᠨᠠᠮ᠎ᠤᠨ ᠪᠠᠢᠭᠤᠯᠤᠯᠲᠠ ᠵᠡᠷᠭᠡ ᠬᠦᠷᠢᠶᠡᠨ᠎ᠳᠦ ᠡᠨᠡ ᠬᠦ᠌ ᠭᠣᠣᠯ ᠰᠢᠵᠢᠮ ᠢ᠋ ᠪᠠᠳᠤ ᠡᠵᠡᠮᠳᠡᠨ ᠡᠷᠡᠰ ᠭᠤᠢᠪᠢᠰᠢ ᠦᠬᠡᠢ ᠪᠠᠷᠢᠮᠳᠠᠯᠠᠵᠦ᠂ ᠦᠨᠳᠦᠰᠦᠲᠡᠨ᠎ᠦ ᠭᠠᠵᠠᠷ ᠣᠷᠣᠨ᠎ᠤ ᠣᠳᠣᠬᠢᠴᠢᠯᠠᠬᠤ ᠪᠦᠲᠦᠭᠡᠨ ᠪᠠᠢᠭᠤᠯᠤᠯᠲᠠ᠎ᠶᠢᠨ ᠠᠯᠬᠤᠴᠠ᠎ᠶᠢ ᠲᠦᠷᠭᠡᠳᠬᠡᠬᠦ᠎ᠳᠦ ᠬᠦᠴᠦᠷᠬᠡᠭ ᠶᠡᠬᠡ ᠬᠥᠳᠡᠯᠭᠡᠬᠦ ᠬᠦᠴᠦᠨ ᠬᠠᠩᠭᠠᠵᠠᠢ᠃
ᠦᠨᠳᠦᠰᠦ ᠰᠠᠭᠤᠷᠢ᠎ᠶᠢ ᠪᠡᠬᠢᠵᠢᠭᠦᠯᠵᠦ ᠭᠣᠣᠯ ᠰᠢᠵᠢᠮ᠎ᠢ ᠴᠢᠩᠭᠠᠷᠠᠭᠤᠯᠤᠨ ᠦᠷ᠎ᠠ ᠪᠦᠳᠦᠮᠵᠢ ᠵᠢ ᠲᠤᠪᠤᠢᠯᠭᠠᠨ᠎ᠠ
ᠤᠯᠠᠭᠠᠨᠮᠥ᠋ᠴᠢᠷ᠎ᠦᠨ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠲᠤ ᠴᠤᠭᠴᠠᠯᠠᠬᠤ ᠭᠣᠣᠯ ᠰᠡᠳᠦᠪᠲᠦ ᠲᠣᠭᠯᠠᠯᠲᠠ᠎ᠶᠢ ᠰᠤᠨᠢᠷᠬᠠᠭᠠᠳ᠂ ᠦᠨᠳᠦᠰᠦ ᠨᠢᠭᠡᠲᠡᠢ ᠦᠨᠳᠦᠰᠦᠲᠡᠨ᠎ᠦ ᠰᠡᠳᠬᠢᠯᠭᠡ᠎ᠵᠢ ᠮᠡᠳᠡᠷᠡᠯ᠎ᠡ;ᠦᠨᠳᠦᠰᠦᠨ ᠱᠠᠲᠤᠨ᠎ᠤ ᠺᠠᠳ᠋ᠷ ᠤᠯᠠᠨ ᠲᠦᠮᠡᠨ᠎ᠦ ᠣᠢᠯᠠᠭᠠᠬᠤ ᠳ᠋ᠤ ᠬᠢᠯᠪᠠᠷ᠂ ᠬᠦᠯᠢᠶᠡᠨ ᠠᠪᠴᠤ ᠳᠡᠶ᠋ᠢᠯᠬᠦ ᠪᠣᠷᠣᠭᠵᠢᠭᠤᠨ ᠦᠭᠡ ᠬᠡᠯᠡ᠎ᠪᠡᠷ ᠦᠨᠳᠦᠰᠦᠲᠡᠨ᠎ᠦ ᠤᠨᠤᠯ ᠪᠣᠯᠣᠨ ᠲᠦᠷᠦ᠎ᠶᠢᠨ ᠪᠣᠳᠣᠯᠭ᠎ᠠ᠎ᠵᠢ ᠭᠦᠨᠵᠡᠭᠡᠢ ᠤᠬᠠᠭᠤᠯᠤᠨ ᠲᠠᠢᠯᠪᠤᠷᠢᠯᠠᠯᠠ ᠁
2 ᠰᠠᠷ᠎ᠠ᠎ᠶᠢᠨ 26᠎ᠤ᠋ ᠡᠳᠦᠷ᠎ᠡᠴᠡ 2 ᠰᠠᠷ᠎ᠠ᠎ᠶᠢᠨ 27᠎ᠤ᠋ ᠡᠳᠦᠷ ᠪᠣᠯᠲᠠᠯ᠎ᠠ ᠂ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠦ ᠬᠡᠷᠡᠭ ᠡᠷᠭᠢᠯᠡᠬᠦ ᠵᠥᠪᠯᠡᠯ᠎ᠡᠴᠡ ᠡᠷᠬᠢᠯᠡᠭᠰᠡᠨ《ᠨᠠᠮ᠎ᠤᠨ ᠠᠴᠢ᠎ᠳ᠋ᠤ ᠳᠠᠯᠠᠷᠬᠠᠵᠤ᠂ ᠨᠠᠮ᠎ᠤᠨ ᠦᠭᠡ᠎ᠶᠢ ᠰᠣᠨᠣᠰᠴᠤ᠂ ᠨᠠᠮ᠎ᠢᠶᠠᠨ ᠳᠠᠭᠠᠬᠤ 》 ᠣᠯᠠᠨ ᠲᠦᠮᠡᠨᠴᠢ ᠬᠥᠮᠦᠵᠢᠯ ᠦᠢᠯᠡᠳᠦᠯᠭᠡ᠎ᠶᠢᠨ ᠠᠵᠢᠯᠯᠠᠭ᠎ᠠ᠎ᠶᠢᠨ ᠦᠨᠳᠦᠰᠦᠨ ᠱᠠᠲᠤᠨ᠎ᠤ ᠠᠶᠠᠯᠠᠯ ᠭᠣᠣᠯ ᠰᠡᠳᠦᠪᠲᠦ ᠤᠬᠠᠭᠤᠯᠤᠨ ᠲᠠᠢᠯᠪᠤᠷᠢᠯᠠᠯᠲᠠ ᠵᠢᠴᠢ《ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠪᠡᠶᠡᠳᠡᠨ ᠣᠢᠯᠠᠭᠠᠯᠲᠠ》 ᠲᠣᠭᠣᠷᠢᠨ ᠦᠵᠡᠭᠦᠯᠭᠡ ᠪᠤᠭᠤᠲᠤ ᠬᠣᠲᠠ᠎ᠳᠤ ᠶᠠᠪᠤᠭᠳᠠᠪᠠ᠃ ᠠᠵᠢᠯᠯᠠᠭ᠎ᠠ ᠳᠤᠮᠳᠠ ᠂ ᠬᠥᠬᠡᠬᠣᠲᠠ ᠪᠤᠭᠤᠲᠤ ᠣᠷᠳᠣᠰ ᠤᠯᠠᠭᠠᠨᠴᠠᠪ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠲᠤ ᠴᠣᠭᠴᠠᠯᠠᠬᠤ ᠲᠤᠬᠠᠢ ᠬᠣᠯᠪᠤᠭᠠᠯᠠᠨ ᠡᠭᠦᠳᠴᠦ ᠬᠠᠮᠲᠤ ᠪᠠᠷ ᠪᠠᠶ᠋ᠢᠭᠤᠯᠬᠤ ᠠᠵᠢᠯ᠎ᠢ ᠵᠡᠷᠭᠡ ᠪᠡᠷ ᠡᠬᠢᠯᠡᠭᠦᠯᠪᠡ ᠃
ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠲᠤ ᠴᠤᠭᠴᠠᠯᠠᠬᠤ ᠪᠣᠯ ᠦᠷᠭᠦᠯᠵᠢᠯᠡᠨ ᠭᠦᠨᠵᠡᠭᠡᠢᠷᠡᠭᠦᠯᠬᠦ ᠶᠠᠪᠤᠴᠠ ᠮᠥᠨ᠂ ᠥᠪᠥᠷ ᠮᠣᠩᠭᠣᠯ᠎ᠤᠨ ᠡᠯ᠎ᠡ ᠭᠠᠵᠠᠷ᠎ᠤᠨ ᠬᠢᠨ ᠤᠬᠠᠭᠤᠯᠭ᠎ᠠ ᠬᠥᠮᠦᠵᠢᠯ᠎ᠦᠨ ᠠᠷᠭ᠎ᠠ ᠬᠡᠯᠪᠡᠷᠢ ᠪᠣᠯᠣᠨ ᠠᠴᠢᠶᠠᠯᠠᠪᠤᠷᠢ᠎ᠶᠢᠨ ᠰᠢᠨ᠎ᠡ᠎ᠶᠢ ᠲᠠᠰᠤᠷᠠᠯᠲᠠ ᠦᠭᠡᠢ ᠡᠭᠦᠳᠴᠦ᠂ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠤᠶᠤᠨ ᠰᠠᠨᠠᠭᠠᠨ᠎ᠤ ᠭᠡᠷ ᠣᠷᠣᠨ᠎ᠤ ᠪᠠᠢᠭᠤᠯᠤᠯᠲᠠ᠎ᠶᠢ ᠪᠦᠬᠦ ᠲᠠᠯ᠎ᠠ᠎ᠪᠠᠷ ᠠᠬᠢᠭᠤᠯᠪᠠ᠃
ᠣᠷᠳᠣᠰ ᠬᠤᠳᠠ᠎ᠶᠢᠨ ᠳᠠᠯᠠᠳ ᠬᠣᠰᠢᠭᠤᠨ᠎ᠤ ᠵᠡᠬᠡᠰᠦᠳᠡᠢ ᠪᠠᠯᠭᠠᠰᠤ᠎ᠶᠢᠨ ᠰᠢᠬᠡᠭ ᠤ᠋ᠨ ᠳᠡᠷᠡᠰᠤ ᠲᠣᠰᠬᠣᠨ᠎ᠤ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ ᠵᠢᠨ ᠤᠬᠠᠮᠰᠠᠷ᠎ᠢ᠋ ᠪᠠᠳᠤ ᠴᠤᠭᠴᠠᠯᠠᠬᠤ ᠦᠢᠯᠡᠳᠦᠯᠭᠡ ᠬᠥᠮᠦᠵᠢᠯ᠎ᠦᠨ ᠦᠷᠳᠡᠬᠡ᠎ᠳᠦ ᠬᠦᠷᠬᠦ ᠳ᠋ᠤ ᠬᠠᠯᠠᠭᠤᠨ ᠶᠠᠷᠢᠯᠴᠠᠭ᠎ᠠ ᠬᠦᠭᠵᠢᠶᠡᠨᠳᠡᠢ ᠦᠷᠬᠦᠯᠵᠢᠯᠡᠨ᠎ᠡ᠃ 《 2024 ᠣᠨ᠎ᠳᠤ ᠠᠵᠤ ᠦᠢᠯᠡᠰ ᠢ᠋ ᠬᠡᠷᠬᠢᠨ ᠲᠥᠯᠥᠪᠵᠢᠭᠦᠯᠬᠦ ᠪᠤᠶ ? ᠣᠷᠴᠢᠨ ᠲᠤᠭᠤᠷᠢᠨ ᠤ᠋ ᠡᠷᠡᠭᠦᠯ ᠬᠠᠮᠠᠭᠠᠯᠠᠯ ᠢ᠋ ᠬᠡᠷᠬᠢᠨ ᠬᠢᠬᠦ ᠪᠤᠢ?》 ᠲᠣᠰᠬᠣᠨ᠎ᠤ ᠠᠷᠠᠳ ᠨᠢᠭᠡ ᠳᠣᠣᠷ᠎ᠠ ᠲᠣᠭᠣᠷᠢᠨ ᠰᠠᠭᠤᠯᠴᠠᠵᠤ᠂ ᠠᠷᠭ᠎ᠠ ᠤᠬᠠᠭᠠᠨ ᠰᠦᠪᠡᠭᠴᠢᠯᠡᠨ᠎ᠡ᠃
ᠳᠦᠷᠪᠡᠨ ᠳᠡᠰ᠎ᠤᠨ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ ᠢ᠋ ᠪᠠᠳᠤ ᠴᠤᠭᠴᠠᠯᠠᠬᠤ ᠲᠥᠪ (ᠰᠠᠭᠤᠷᠢᠨ᠂ ᠭᠠᠵᠠᠷ᠂ ᠦᠷᠲᠡᠭᠡ) ᠢ᠋ 1000 ᠭᠠᠷᠤᠢ ᠴᠣᠭᠴᠠᠯᠠᠨ ᠪᠠᠢᠭᠤᠯᠵᠤ᠂ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠳᠤ ᠴᠤᠭᠴᠠᠯᠠᠬᠤ ᠶᠡᠬᠡ ᠬᠡᠯᠡᠨ᠎ᠦ ᠣᠷᠴᠢᠨ ᠶᠡᠬᠡ ᠠᠭᠤᠷ ᠠᠮᠢᠰᠬᠤᠯ᠎ᠢ ᠪᠤᠢ ᠪᠣᠯᠭᠠᠪᠠ; ᠲᠦᠷᠪᠡᠨ ᠱᠠᠲᠤᠨ᠎ᠤ 《ᠤᠳᠤᠷᠢᠳᠬᠤ ᠳᠤᠭᠤᠢᠯᠠᠩ + ᠠᠬᠢᠭᠤᠯᠬᠤ ᠬᠤᠷᠠᠯ》 ᠤ᠋ᠨ ᠵᠣᠬᠢᠶᠠᠨ ᠪᠠᠢᠭᠤᠯᠤᠯᠲᠠ᠎ᠶᠢ ᠪᠠᠢᠭᠤᠯᠤᠨ ᠬᠦᠴᠦᠷᠬᠡᠭᠵᠢᠭᠦᠯᠵᠦ᠂ ᠲᠦᠷᠪᠡᠨ ᠶᠡᠬᠡ ᠤᠬᠠᠭᠤᠯᠭ᠎ᠠ ᠬᠥᠮᠦᠵᠢᠯ᠎ᠦᠨ ᠦᠢᠯᠡᠳᠦᠯᠭᠡ᠎ᠶᠢᠨ ᠲᠠᠪᠴᠠᠩ᠎ᠢ ᠰᠠᠢᠲᠤᠷ ᠪᠠᠢᠭᠤᠯᠵᠤ᠂ ᠭᠣᠣᠯ ᠰᠡᠳᠦᠪᠲᠦ ᠤᠬᠠᠭᠤᠯᠤᠨ ᠲᠠᠢᠯᠪᠤᠷᠢᠯᠠᠬᠤ᠂ ᠤᠶᠤᠨ ᠰᠠᠨᠠᠭᠠᠨ᠎ᠤ ᠭᠡᠷ ᠣᠷᠣᠨ᠎ᠢ ᠬᠠᠮᠲᠤ ᠪᠠᠷ ᠪᠠᠶ᠋ᠢᠭᠤᠯᠬᠤ ᠵᠡᠷᠭᠡ ᠵᠢᠷᠭᠤᠭᠠᠨ ᠶᠡᠬᠡ ᠢᠨᠵᠧᠨᠧᠷᠢᠩ ᠁ ᠣᠷᠳᠣᠰ ᠬᠤᠳᠠ᠎ᠳᠤ᠂ ᠪᠦᠬᠦ ᠣᠷᠣᠨ ᠪᠦᠰᠡ ᠵᠢ ᠬᠠᠮᠤᠷᠤᠭᠰᠠᠨ᠂ ᠪᠦᠬᠦ ᠱᠠᠲᠤ ᠳᠠᠪᠬᠤᠷᠭ᠎ᠠ ᠬᠣᠯᠪᠤᠭᠠᠯᠠᠨ ᠬᠥᠳᠡᠯᠦᠯᠴᠡᠭᠰᠡᠨ᠂ ᠪᠦᠬᠦ ᠲᠠᠯ᠎ᠠ᠎ᠪᠠᠷ ᠠᠬᠢᠭᠤᠯᠤᠭᠰᠠᠨ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ᠋ ᠪᠠᠳᠤ ᠴᠤᠭᠴᠠᠯᠠᠬᠤ ᠬᠥᠮᠦᠵᠢᠯ᠎ᠤ᠋ᠨ ᠵᠣᠬᠢᠶᠠᠨ ᠪᠠᠢᠭᠤᠯᠤᠯᠲᠠ᠎ᠶᠢᠨ ᠰᠢᠰᠲ᠋ᠧᠮ ᠶᠠᠭ ᠰᠠᠢᠬᠠᠨ ᠬᠦᠴᠦᠷᠬᠡᠭ ᠶᠡᠬᠡ ᠦᠢᠯᠡᠳᠦᠯ ᠴᠢᠳᠠᠪᠤᠷᠢ᠎ᠪᠠᠨ ᠪᠠᠳᠠᠷᠠᠭᠤᠯᠵᠤ ᠪᠤᠢ᠃
ᠮᠡᠳᠡᠬᠦ ᠪᠤᠯ ᠬᠢᠬᠦ ᠵᠢᠨ ᠡᠬᠢᠯᠡᠯᠲᠡ᠂ ᠬᠢᠬᠦ ᠪᠣᠯ ᠮᠡᠳᠡᠬᠦ᠎ᠶᠢᠨ ᠪᠡᠶᠡᠯᠡᠯ ᠮᠥᠨ᠃ ᠮᠠᠨ᠎ᠤ ᠣᠷᠣᠨ 《ᠵᠢᠱ᠌ᠢᠶᠡᠴᠢ ᠥᠪᠡᠷᠲᠡᠭᠡᠨ ᠵᠠᠰᠠᠬᠤ ᠣᠷᠣᠨ᠎ᠢ ᠪᠥᠬᠥ ᠲᠠᠯ᠎ᠠ᠎ᠪᠠᠷ ᠪᠦᠲᠦᠭᠡᠨ ᠪᠠᠶ᠋ᠢᠭᠤᠯᠬᠤ ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ ᠲᠣᠭᠲᠠᠭᠠᠯ》 ᠢ᠋ ᠨᠡᠢᠲᠡᠯᠡᠵᠦ ᠂ ᠪᠥᠬᠥ ᠣᠷᠣᠨ᠎ᠤ ᠥᠷᠭᠡᠨ ᠣᠯᠠᠨ ᠨᠠᠮ᠎ᠤᠨ ᠭᠡᠰᠢᠭᠦᠨ ᠺᠠᠳ᠋ᠷ ᠤᠨ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠲᠤ ᠴᠤᠭᠴᠠᠯᠠᠬᠤ ᠭᠦᠨᠵᠡᠭᠡᠢ ᠠᠭᠤᠯᠤᠭᠳᠠᠬᠤᠨ ᠂ ᠴᠢᠬᠤᠯᠠ ᠶᠡᠬᠡ ᠠᠴᠢ ᠬᠣᠯᠪᠣᠭᠳᠠᠯ ᠪᠠ ᠦᠢᠯᠡᠳᠦᠯᠭᠡ᠎ᠶᠢᠨ ᠱᠠᠭᠠᠷᠳᠠᠯᠭ᠎ᠠ᠎ᠶᠢ ᠣᠨᠣᠪᠴᠢᠲᠠᠶ ᠡᠵᠡᠮᠰᠢᠭᠦ ᠵᠢ ᠬᠦᠳᠦᠯᠦᠨ ᠵᠢᠯᠤᠭᠤᠳᠴᠤ᠂ ᠬᠠᠷᠠᠯᠲᠠ᠎ᠲᠠᠢ᠎ᠪᠠᠷ ᠰᠤᠮᠤ ᠬᠠᠷᠪᠤᠵᠤ ᠨᠠᠢᠳᠠᠪᠤᠷᠢᠵᠢᠭᠤᠯᠤᠯᠳᠠ᠎ᠶᠢ ᠰᠠᠢᠲᠤᠷ ᠠᠳᠬᠤᠪᠠ᠃《ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ ᠢ᠋ ᠪᠠᠳᠤ ᠴᠤᠭᠴᠠᠯᠠᠬᠤ ᠭᠣᠣᠯ ᠰᠢᠵᠢᠮ᠎ᠢ ᠪᠦᠬᠦ ᠲᠠᠯ᠎ᠠ᠎ᠪᠠᠷ ᠲᠤᠭᠤᠰᠢᠯᠠᠭᠤᠯᠬᠤ ᠲᠤᠬᠠᠢ ᠠᠷᠭ᠎ᠠ ᠬᠡᠮᠵᠢᠶ᠎ᠡ᠎ᠨᠦᠭᠦᠳ》 ᠢ᠋ ᠳᠠᠷᠤᠮᠠᠯᠯᠠᠨ ᠲᠠᠷᠬᠠᠭᠠᠵᠤ᠂ ᠡᠨᠡ ᠬᠦ᠌ ᠭᠣᠣᠯ ᠰᠢᠵᠢᠮ᠎ᠢ ᠪᠦᠬᠦ ᠬᠦᠴᠦᠨ᠎ᠢᠶᠡᠷ᠎ᠢᠶᠡᠨ ᠥᠪᠥᠷ ᠮᠣᠩᠭᠣᠯ᠎ᠤᠨ ᠡᠯ᠎ᠡ ᠵᠦᠢᠯ᠎ᠦᠨ ᠠᠵᠢᠯ᠎ᠳᠤ ᠨᠠᠢᠳᠠᠪᠤᠷᠢᠵᠢᠭᠤᠯᠪᠠ᠃ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠪᠠᠢᠭᠤᠯᠤᠯᠲᠠ᠎ᠶᠢᠨ ᠰᠤᠳᠤᠯᠭᠠᠨ᠎ᠤ ᠢᠨᠵᠧᠨᠧᠷᠢᠩ᠎ᠢ ᠵᠣᠬᠢᠶᠠᠨ ᠪᠠᠢᠭᠤᠯᠤᠨ ᠬᠡᠷᠡᠭᠵᠢᠭᠦᠯᠵᠦ᠂ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ ᠢ᠋ ᠪᠠᠳᠤ ᠴᠤᠭᠴᠠᠯᠠᠬᠤ ᠭᠣᠣᠯ ᠰᠢᠵᠢᠮ᠎ᠢ ᠲᠤᠭᠤᠰᠢᠯᠠᠭᠤᠯᠬᠤ ᠳ᠋ᠤ ᠳᠤᠯᠭᠠᠭᠤᠷᠢᠯᠠᠯ ᠬᠠᠩᠭᠠᠪᠠ᠃ ᠦᠵᠡᠯ ᠰᠠᠨᠠᠭᠠᠨ᠎ᠤ ᠰᠠᠭᠤᠷᠢ᠎ᠶᠢ ᠪᠠᠲᠤᠳᠬᠠᠵᠤ᠂ ᠤᠶᠤᠨ ᠰᠠᠨᠠᠭᠠᠨ᠎ᠤ ᠬᠦᠴᠦᠨ᠎ᠢ ᠨᠢᠭ᠍ᠲᠠᠷᠠᠭᠤᠯᠵᠤ᠂ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠦ ᠰᠡᠳᠬᠢᠯ ᠨᠢᠭᠡᠳᠦᠨ ᠬᠦᠴᠦ᠎ᠪᠡᠨ ᠬᠠᠮᠲᠤᠳᠬᠠᠬᠤ ᠬᠦᠴᠦᠷᠬᠡᠭ ᠶᠡᠬᠡ ᠨᠡᠢᠯᠡᠯ ᠬᠦᠴᠦᠨ᠎ᠢ ᠪᠦᠷᠢᠯᠳᠦᠭᠦᠯᠬᠦ᠎ᠶᠢ ᠠᠬᠢᠭᠤᠯᠪᠠ᠃
ᠰᠡᠳᠬᠢᠯᠨᠢᠬᠡᠳᠦᠨ ᠬᠦᠴᠦ ᠪᠠᠨ ᠬᠠᠮᠲᠤᠳᠬᠠᠵᠤ ᠬᠥᠭᠵᠢᠯᠲᠡ᠎ᠶᠢ ᠠᠬᠢᠭᠤᠯᠵᠤ ᠯᠠᠪᠳᠠᠭᠤᠨ ᠪᠠᠲᠤᠲᠠᠢ ᠤᠷᠤᠭᠰᠢᠯᠠᠨ᠎ᠠ
ᠰᠠᠢᠨᠬᠤᠸᠠᠷ ᠲᠣᠰᠬᠣᠨ᠎ᠤ ᠨᠠᠮ᠎ᠤᠨ ᠡᠭᠦᠷ᠎ᠦᠨ ᠱᠦᠵᠢ ᠬᠤᠸᠠᠩ ᠶᠢᠨ ᠴᠠᠩ ᠲᠡᠷᠭᠡᠨ ᠳᠡᠬᠡᠷ᠎ᠡ ᠪᠠᠨ ᠪᠡᠭᠡᠯᠡᠢ᠂ ᠳᠡᠭᠡᠳᠦ ᠮᠠᠩᠭᠠᠨ ᠬᠦᠴᠢᠯ᠎ᠦᠨ ᠺᠠᠯᠢ ᠵᠡᠷᠭᠡ ᠮᠢᠬᠠᠨ ᠤ᠋ ᠦᠬᠡᠷ ᠲᠡᠵᠢᠭᠡᠨ ᠦᠷᠡᠵᠢᠭᠦᠯᠬᠦ᠎ᠳᠦ ᠬᠡᠷᠡᠭᠯᠡᠬᠦ ᠴᠢᠬᠤᠯᠠ ᠬᠡᠷᠡᠭᠰᠡᠯ᠎ᠢ ᠵᠢᠯ ᠲᠤᠷᠰᠢ ᠪᠡᠯᠡᠳᠬᠡᠨ ᠳᠠᠯᠪᠢᠳᠠᠭ᠃ ᠬᠢᠩᠭᠠᠨ ᠠᠢᠮᠠᠭ᠎ᠤᠨ ᠲᠦᠴᠢᠦᠸᠠᠨ ᠰᠢᠶᠠᠨ᠎ᠤ᠎ᠲᠠᠢ ᠫᠢᠩ ᠰᠢᠶᠠᠩ᠎ᠤᠨ ᠰᠠᠢᠨᠬᠤᠸᠠᠷ ᠲᠣᠰᠬᠣᠨ᠎ᠤ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ ᠢ᠋ ᠪᠠᠳᠤ ᠴᠤᠭᠴᠠᠯᠠᠬᠤ ᠵᠢ ᠠᠬᠢᠭᠤᠯᠬᠤ ᠨᠡᠢᠭᠡᠮᠯᠢᠭ᠎ᠦᠨ ᠳᠠᠷᠤᠭ᠎ᠠ ᠪᠣᠯᠤᠭᠰᠠᠨ᠎ᠤ ᠬᠤᠪᠢ᠎ᠳᠤ᠂ ᠲᠣᠰᠬᠣᠨ᠎ᠤ ᠠᠷᠠᠳ ᠬᠡᠷᠡᠭᠴᠡᠭᠡ᠎ᠲᠠᠢ ᠯᠡ ᠶᠤᠮ ᠪᠣᠯ ᠬᠤᠸᠠᠩ ᠶᠢᠨ ᠴᠠᠩ ᠬᠦᠷᠦᠬᠡᠳ ᠯᠡ ᠤᠴᠢᠳᠠᠭ᠃
ᠣᠢᠷ᠎ᠠ᠎ᠶᠢᠨ ᠵᠢᠯ᠎ᠡᠴᠡ᠂ ᠲᠦᠴᠢᠦᠸᠠᠨ ᠰᠢᠶᠠᠨ᠎ᠤ ᠬᠢᠨ ᠪᠠᠶᠠᠵᠢᠯ᠎ᠤᠨ ᠳᠠᠭᠠᠭᠤᠯᠤᠭ᠍ᠴᠢ᠂ ᠳᠠᠷᠢᠵᠤ ᠲᠡᠵᠢᠭᠡᠨ ᠦᠷᠡᠵᠢᠭᠦᠯᠬᠦ ᠴᠢᠳᠠᠪᠤᠷᠢᠲᠠᠨ ᠵᠡᠷᠭᠡ᠎ᠶᠢ ᠡᠯ᠎ᠡ ᠦᠨᠳᠦᠰᠦᠨ ᠱᠠᠲᠤᠨ᠎ᠤ ᠠᠬᠢᠭᠤᠯᠬᠤ ᠬᠤᠷᠠᠯ᠎ᠳᠤ ᠣᠷᠣᠭᠤᠯᠵᠤ᠂ ᠡᠯ᠎ᠡ ᠲᠦᠷᠦᠯ᠎ᠦᠨ ᠤᠷ᠎ᠠ ᠴᠢᠳᠠᠪᠤᠷᠢ᠎ᠶᠢᠨ ᠪᠣᠯᠪᠠᠰᠤᠷᠠᠯ᠂ ᠠᠵᠤ ᠦᠢᠯᠡᠰ᠎ᠦᠨ ᠵᠢᠯᠣᠭᠣᠳᠤᠯᠭ᠎ᠠ᠎ᠶᠢ ᠵᠣᠬᠢᠶᠠᠨ ᠪᠠᠢᠭᠤᠯᠤᠨ ᠥᠷᠨᠢᠭᠦᠯᠵᠦ᠂ ᠦᠨᠳᠦᠰᠦᠲᠡᠨ᠎ᠨᠦᠭᠦᠳ᠎ᠦᠨ ᠤᠯᠠᠨ ᠲᠦᠮᠡᠨ᠎ᠢ ᠬᠥᠲᠥᠯᠥᠨ ᠵᠢᠯᠤᠭᠣᠳᠴᠤ ᠠᠵᠤ ᠦᠢᠯᠡᠰ᠎ᠦᠨ ᠬᠥᠭᠵᠢᠯᠲᠡ᠎ᠳᠦ ᠢᠳᠡᠪᠬᠢᠲᠡᠢ ᠣᠷᠣᠯᠴᠠᠬᠤ ᠵᠢ ᠲᠠᠢᠴᠢᠯᠠᠵᠠᠢ᠃ 《ᠰᠠᠢᠨᠬᠤᠸᠠᠷ ᠲᠣᠰᠬᠣᠨ᠎ᠤ ᠮᠢᠬᠠᠨ ᠤ᠋ ᠦᠬᠡᠷ ᠲᠡᠵᠢᠭᠡᠨ ᠦᠷᠡᠵᠢᠭᠦᠯᠬᠦ ᠬᠡᠪᠴᠢᠶ᠎ᠡ 1000 ᠭᠠᠷᠤᠢ ᠳᠤᠯᠤᠭᠠᠢ ᠳ᠋ᠤ ᠬᠦᠷᠴᠦ᠂ ᠪᠢᠳᠡ ᠶᠠᠳᠠᠭᠤ᠎ᠠᠴᠠ ᠠᠩᠭᠢᠵᠢᠷᠠᠭᠤᠯᠬᠤ ᠪᠣᠭᠣᠮᠲᠠ ᠰᠢᠪᠲᠤᠯᠤᠭᠰᠠᠨ ᠦᠷ᠎ᠡ ᠪᠦᠲᠦᠭᠡᠯ ᠵᠢᠡᠨ ᠪᠠᠲᠤᠳᠬᠠᠨ ᠥᠷᠭᠡᠳᠬᠡᠵᠦ᠂ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ᠎ᠶᠢ ᠯᠠᠪᠳᠠᠭᠤᠨ ᠪᠠᠲᠤᠲᠠᠢ ᠠᠬᠢᠭᠤᠯᠵᠤ᠂ 〈ᠠᠨᠠᠷ᠎ᠤᠨ ᠴᠡᠴᠡᠭ〉 ᠢ᠋ ᠰᠠᠢᠨᠬᠤᠸᠠᠷ ᠲᠣᠰᠬᠣᠨ᠎ᠳᠤ ᠢᠮᠠᠭᠳᠠ ᠳᠡᠯᠬᠡᠷᠡᠬᠦᠯᠦᠨ᠎ᠡ》 ᠭᠡᠵᠦ ᠬᠤᠸᠠᠩ ᠶᠢᠨ ᠴᠠᠩ ᠬᠡᠯᠡᠪᠡ᠃
ᠪᠦᠬᠦ ᠤᠯᠤᠰ᠎ᠦᠨ ᠠᠷᠠᠳ᠎ᠦᠨ ᠲᠦᠯᠦᠭᠡᠯᠡᠭᠴᠢᠳ᠎ᠦᠨ ᠶᠡᠭᠡ ᠬᠤᠷᠠᠯ᠎ᠦᠨ ᠲᠦᠯᠦᠭᠡᠯᠡᠭᠴᠢ᠂ ᠬᠢᠨᠭᠭᠠᠨ ᠠᠢᠮᠠᠭ᠎ᠦᠨ ᠨᠠᠮ᠎ᠦᠨ ᠬᠤᠷᠢᠶ᠎ᠠ ᠵᠢᠨ ᠲᠡᠳ᠋ ᠱᠦᠵᠢ᠂ ᠠᠢᠮᠠᠭ᠎ᠦᠨ ᠲᠠᠷᠤᠭ᠎ᠠ ᠰᠦᠭᠡ᠄《ᠬᠢᠩᠭᠠᠨ ᠠᠢᠮᠠᠭ᠎ᠦᠨ ᠬᠢᠨ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ᠎ᠪᠠᠷ ᠡᠯ᠎ᠠ ᠵᠦᠢᠯ᠎ᠦᠨ ᠠᠵᠢᠯ᠎ᠦᠨ᠎ᠢᠶᠡᠨ ᠭᠤᠤᠯ ᠱᠢᠵᠢᠮ ᠪᠣᠯᠭᠠᠵᠤ᠂ ᠰᠢᠨ᠎ᠠ ᠴᠠᠭ ᠦᠶ᠎ᠠ ᠵᠢᠨ ᠦᠨᠳᠤᠰᠦᠳᠡᠨ᠎ᠤ ᠠᠵᠢᠯ᠎ᠦᠨ ᠴᠢᠨᠠᠷ ᠰᠠᠢᠳᠠᠢ ᠬᠦᠭᠵᠢᠯᠳᠠ ᠵᠢ ᠠᠬᠢᠭᠤᠯᠤᠨ᠎ᠠ》ᠬᠡᠵᠤ ᠬᠡᠯᠡᠪᠠ᠃ ᠰᠦᠭᠡ᠂《ᠬᠢᠩᠭᠠᠨ ᠠᠢᠮᠠᠭ ᠪᠦᠬᠦ᠌ ᠤᠯᠤᠰ᠎ᠤᠨ ᠦᠨᠳᠦᠰᠦᠲᠡᠨ᠎ᠦ ᠪᠦᠯᠬᠦᠮᠳᠡᠯ ᠲᠠᠪᠱᠢᠯᠳᠠ᠎ᠶ᠋ᠢᠨ ᠵᠢᠱ᠌ᠢᠢ᠎ᠡ ᠦᠵᠡᠭᠦᠯᠬᠦ᠌ ᠠᠢᠮᠠᠭ》 ᠦ᠋ᠨ ᠢᠷᠠᠭᠤ ᠠᠯᠳᠠᠷ᠎ᠢ ᠬᠣᠶᠠᠷ ᠤᠳᠠᠭ᠎ᠠ ᠬᠦᠷᠳᠡᠵᠤ ᠦᠨᠭᠭᠡᠷᠡᠭᠰᠡᠨ ᠪᠦᠭᠡᠳ ᠤᠳᠤ ᠶᠠᠭ 《ᠪᠦᠬᠦ᠌ ᠤᠯᠤᠰ᠎ᠤᠨ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠵᠢᠱ᠌ᠢᠢ᠎ᠡ ᠦᠵᠡᠭᠦᠯᠬᠦ᠌ ᠠᠢᠮᠠᠭ》 ᠢ᠋ ᠪᠠᠢᠭᠤᠯᠬᠤ ᠨᠡᠩ ᠥᠨᠳᠥᠷ ᠬᠠᠷᠠᠯᠲᠠ ᠲᠡᠢᠰᠢ ᠤᠷᠤᠭ᠍ᠰᠢᠯᠠᠵᠤ ᠪᠠᠢᠨ᠎ᠠ ᠭᠡᠵᠦ᠍ ᠲᠠᠨᠢᠯᠴᠠᠭᠤᠯᠪᠠ᠃
ᠵᠠᠰᠠᠭ᠎ᠤᠨ ᠣᠷᠳᠣᠨ᠎ᠤ ᠠᠵᠢᠯ᠎ᠤᠨ ᠢᠯᠡᠳᠭᠡᠯ᠎ᠳᠦ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ᠎ᠪᠠᠷ ᠭᠤᠤᠯ ᠱᠢᠵᠢᠮ ᠪᠣᠯᠭᠠᠵᠤ᠂ ᠦᠨᠳᠦᠰᠦᠲᠡᠨ᠎ᠦ ᠣᠷᠣᠨ᠎ᠤ ᠥᠪᠡᠷᠲᠡᠭᠡᠨ ᠵᠠᠰᠠᠬᠤ ᠪᠠᠢᠭᠤᠯᠤᠯ᠎ᠢ ᠪᠠᠷᠢᠮᠲᠠᠯᠠᠨ ᠲᠡᠭᠦᠯᠳᠡᠷᠵᠢᠭᠦᠯᠵᠦ᠍᠂ ᠦᠨᠳᠦᠰᠦᠲᠡᠨ᠎ᠨᠦᠭᠦᠳ᠎ᠦᠨ ᠥᠷᠭᠡᠨ ᠳᠡᠯᠭᠡᠷ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ᠎ᠢ ᠠᠬᠢᠭᠤᠯᠵᠤ᠂ ᠦᠨᠳᠦᠰᠦᠲᠡᠨ᠎ᠦ ᠭᠠᠵᠠᠷ ᠣᠷᠣᠨ᠎ᠤ ᠣᠳᠣᠬᠢᠴᠢᠯᠠᠬᠤ ᠪᠥᠲᠥᠭᠡᠨ ᠪᠠᠢᠭᠤᠯᠤᠯᠲᠠ᠎ᠶ᠋ᠢᠨ ᠠᠯᠬᠤᠴᠠ᠎ᠪᠠᠨ ᠲᠦᠷᠭᠡᠳᠭᠡᠬᠦ᠌᠎ᠶ᠋ᠢ ᠠᠬᠢᠭᠤᠯᠬᠤ ᠬᠡᠷᠡᠭ᠌ᠲᠡᠶ ᠬᠡᠵᠤ ᠵᠢᠭᠠᠵᠤ ᠭᠠᠷᠭᠠᠪᠠ᠃
ᠥᠪᠥᠷ ᠮᠣᠩᠭᠣᠯ ᠤᠬᠠᠮᠰᠠᠷ᠎ᠠᠴᠠ᠎ᠪᠠᠨ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ᠎ᠪᠠᠷ ᠡᠯ᠎ᠡ ᠵᠦᠢᠯ᠎ᠦᠨ ᠠᠵᠢᠯ᠎ᠢ ᠲᠥᠯᠥᠪᠵᠢᠭᠦᠯᠬᠦ᠌ ᠵᠢᠨ ᠵᠤᠷᠢᠯᠳᠠ ᠪᠠ ᠲᠤᠰᠤᠯᠳᠠ ᠪᠣᠯᠭᠠᠵᠤ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠦ ᠰᠡᠳᠭᠢᠯ ᠳ᠋ᠤ ᠬᠦᠨ ᠦᠨᠳᠦᠰᠦᠯᠡᠭᠦᠯᠵᠦ᠍᠂ ᠳᠤᠮᠳᠠᠳᠤ ᠤᠯᠤᠰ᠎ᠤᠨ ᠮᠠᠶᠢᠭ᠎ᠤᠨ ᠤᠳᠤᠬᠢᠴᠢᠯᠠᠯᠳᠠ ᠵᠢᠨ ᠥᠪᠥᠷ ᠮᠣᠩᠭᠣᠯ᠎ᠤᠨ ᠱᠢᠨ᠎ᠡ ᠬᠠᠭᠤᠳᠠᠰᠤ᠎ᠶ᠋ᠢ ᠪᠢᠴᠢᠭ᠌ᠯᠡᠬᠦ᠌᠎ᠳᠦ ᠰᠦᠷ ᠳᠠᠯᠠᠢᠴᠠᠲᠠᠢ ᠬᠦᠴᠦᠨ ᠴᠢᠳᠠᠯ᠎ᠢ ᠨᠢᠭ᠍ᠲᠠᠷᠠᠭᠤᠯᠪᠠ᠃
ᠬᠥᠬᠡᠬᠣᠲᠠ《ᠪᠥᠬᠥ᠌ ᠤᠯᠤᠰ᠎ᠤᠨ ᠦᠨᠳᠦᠰᠦᠲᠡᠨ᠎ᠦ ᠪᠦᠯᠬᠦᠮᠳᠡᠯ ᠳᠠᠪᠱᠢᠯᠲᠠ᠎ᠶ᠋ᠢᠨ ᠵᠢᠱ᠌ᠢᠶ᠎ᠡ ᠦᠵᠡᠭᠦᠯᠬᠦ᠌ ᠬᠣᠲᠠ》 ᠪᠣᠯᠤᠭ᠍ᠰᠠᠨ᠎ᠤ ᠬᠤᠪᠢ᠎ᠳᠤ᠂ ᠣᠳᠣᠬᠢᠴᠢᠯᠠᠭ᠍ᠰᠠᠨ ᠠᠵᠤ ᠦᠶ᠋ᠯᠡᠰ᠎ᠦᠨ ᠱᠢᠰᠲ᠋ᠧᠮ᠎ᠢ ᠪᠥᠬᠥ᠌ ᠬᠦᠴᠦᠨ᠎ᠢᠶᠡᠷ᠎ᠢᠶᠡᠨ ᠲᠦᠷᠭᠡᠳᠭᠡᠨ ᠪᠠᠢᠭᠤᠯᠵᠤ᠂ ᠰᠦ ᠵᠢᠨ ᠦᠶ᠋ᠯᠡᠰ᠂ ᠲᠣᠮᠣ ᠳ᠋ᠠᠢᠲ᠋ᠠ ᠂ ᠴᠠᠬᠢᠭᠤᠷ ᠮᠠᠲ᠋ᠧᠷᠢᠶᠠᠯ᠂ ᠠᠮᠢᠳᠤ ᠪᠣᠳᠠᠰ᠎ᠤᠨ ᠡᠮ ᠡᠮᠨᠡᠯᠭᠡ᠂ ᠴᠡᠪᠡᠷ ᠡᠨᠧᠷᠭᠢ᠂ ᠣᠳᠣᠬᠢᠴᠢᠯᠠᠭ᠍ᠰᠠᠨ ᠬᠢᠮᠢ ᠵᠢᠨ ᠦᠢᠯᠡᠳᠪᠤᠷᠢ 《ᠵᠢᠷᠭᠤᠭᠠᠨ ᠶᠡᠬᠡ ᠠᠵᠤ ᠦᠶ᠋ᠯᠡᠰ᠎ᠦᠨ ᠪᠦᠯᠦᠭ᠌ᠵᠢᠯ》᠎ᠢ᠋ ᠪᠥᠬᠥ᠌ ᠬᠦᠴᠦᠨ᠎ᠢᠶᠡᠷ᠎ᠢᠶᠡᠨ ᠪᠣᠢᠵᠢᠭᠤᠯᠵᠤ᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌᠂ ᠵᠠᠮ ᠬᠠᠷᠢᠯᠴᠠᠭ᠎ᠠ ᠪᠠᠷᠠᠭᠠᠨ᠎ᠤ ᠭᠦᠶ᠋ᠯᠭᠡᠭᠡ᠂ ᠰᠡᠯᠡᠭᠦᠴᠡᠨ ᠠᠮᠠᠷᠠᠬᠤ᠂ ᠣᠲᠣ ᠦᠶ᠎ᠡ᠎ᠶ᠋ᠢᠨ ᠬᠡᠷᠡᠭ᠌ᠯᠡᠭᠡ᠂ ᠰᠤᠷᠭᠠᠨ ᠬᠥᠮᠦᠵᠢᠯ ᠡᠮ ᠡᠮᠨᠡᠯᠭᠡ᠎ᠶ᠋ᠢᠨ《ᠲᠠᠪᠤᠨ ᠣᠷᠣᠨ ᠪᠦᠰᠡ᠎ᠶ᠋ᠢᠨ ᠲᠥᠪ》 ᠢ᠋ ᠪᠠᠢᠭᠤᠯᠵᠤ᠂ ᠦᠨᠳᠦᠰᠦᠲᠡᠨ᠎ᠨᠦᠭᠦᠳ᠎ᠦᠨ ᠣᠯᠠᠨ ᠲᠦᠮᠡᠨ᠎ᠦ ᠠᠵᠢᠯ ᠶᠠᠪᠤᠳᠠᠯ ᠬᠢᠬᠦ᠎ᠳᠤ ᠬᠥᠳᠡᠯᠭᠡᠬᠦ᠌ ᠬᠦᠴᠦᠨ ᠨᠡᠮᠡᠷᠢᠯᠡᠪᠡ᠃
ᠬᠥᠯᠥᠨ ᠪᠣᠢᠷ ᠬᠣᠲᠠ ᠬᠣᠶᠠᠷ ᠶᠡᠬᠡ ᠶᠠᠪᠤᠳᠠᠯ᠎ᠢ ᠰᠠᠢᠲᠤᠷ ᠬᠢᠬᠦ ᠲᠤᠭᠤᠷᠢᠨ ᠳ᠋ᠤ᠂ ᠰᠣᠶᠣᠯ ᠵᠢᠭᠤᠯᠴᠢᠯᠠᠯ᠎ᠤᠨ ᠠᠵᠤ ᠦᠶ᠋ᠯᠡᠰ᠎ᠦᠨ ᠪᠠᠷᠢᠮᠵᠢᠶ᠎ᠠ᠎ᠶ᠋ᠢ ᠳᠡᠭᠡᠭ᠌ᠰᠢᠯᠡᠭᠦᠯᠵᠤ ᠦᠷ᠎ᠡ ᠠᠱᠢᠭ᠎ᠢ ᠳᠡᠭᠡᠭ᠌ᠰᠢᠯᠡᠭᠦᠯᠬᠦ ᠬᠦᠭᠵᠢᠯᠳᠡ᠂ ᠲᠠᠷᠢᠶᠠᠯᠠᠩ ᠮᠠᠯ ᠠᠵᠤ ᠠᠬᠤᠶ᠎ᠶ᠋ᠢᠨ ᠬᠡᠮᠵᠢᠶ᠎ᠡ᠎ᠶ᠋ᠢ ᠨᠡᠮᠡᠭ᠌ᠳᠡᠭᠦᠯᠦᠨ ᠶᠠᠰᠤ ᠴᠢᠨᠠᠷ᠎ᠢ ᠲᠡᠭᠡᠭᠰᠢᠯᠡᠬᠦᠯᠬᠦ ᠬᠥᠭ᠌ᠵᠢᠯᠲᠡ᠂ ᠱᠢᠨ᠎ᠡ᠎ᠪᠡᠷ ᠮᠠᠨᠳᠤᠭ᠍ᠰᠠᠨ ᠠᠵᠤ ᠦᠶ᠋ᠯᠡᠰ᠎ᠢ ᠡᠷᠴᠢᠮᠵᠢᠬᠦᠯᠤᠨ ᠲᠥᠪᠯᠡᠷᠡᠬᠦᠯᠦᠨ ᠬᠥᠭ᠌ᠵᠢᠬᠦᠯᠬᠦ᠂ ᠠᠮᠢ ᠠᠬᠤᠶ᠎ᠶ᠋ᠢᠨ ᠠᠵᠤ ᠦᠶ᠋ᠯᠡᠰ᠎ᠤᠨ ᠴᠠᠭ ᠲᠤᠬᠢᠶᠠᠯ᠎ᠢ ᠠᠮᠵᠢᠨ ᠬᠦᠭᠵᠢᠬᠦ᠂ ᠤᠯᠠᠮᠵᠢᠯᠠᠯᠲᠤ ᠠᠵᠤ ᠦᠶ᠋ᠯᠡᠰ᠎ᠦᠨ ᠱᠢᠨ᠎ᠡ᠎ᠶ᠋ᠢ ᠡᠭᠦᠳᠴᠤ ᠱᠢᠯᠢᠳᠡᠭ᠎ᠢ ᠡᠭᠦᠳᠬᠦ᠌ ᠬᠥᠭ᠌ᠵᠢᠯᠲᠡ 《ᠲᠠᠪᠤᠨ ᠶᠡᠬᠡ ᠠᠵᠢᠯᠯᠠᠭᠠᠨ᠎ᠤ ᠲᠥᠯᠥᠪᠯᠡᠭᠡ》 ᠶ᠋ᠢ ᠭᠦᠨᠵᠡᠭᠡᠶ ᠠᠬᠢᠭᠤᠯᠤᠨ ᠪᠣᠳᠠᠲᠠᠢ ᠳ᠋ᠤ ᠨᠠᠢᠳᠠᠪᠤᠷᠢᠵᠢᠭᠤᠯᠪᠠ᠃
ᠪᠦᠬᠦ ᠤᠷᠤᠨᠢᠶᠡᠷᠢᠶᠡᠨ ᠰᠡᠳᠭᠢᠯ ᠨᠢᠭᠡᠳᠦᠨ ᠬᠦᠴᠦ᠍᠎ᠪᠡᠨ ᠬᠠᠮᠲᠤᠳᠭᠠᠵᠤ᠂ ᠪᠦᠯᠬᠦᠮᠳᠡᠨ ᠲᠡᠮᠡᠴᠡᠵᠦ᠍᠂ ᠠᠮᠢ ᠠᠬᠤᠶ᠎ᠶ᠋ᠢ ᠤᠷᠢᠳ᠎ᠢᠶᠠᠷ ᠪᠣᠳᠣᠯᠬᠢᠯᠠᠬᠤ᠂ ᠪᠣᠬᠢᠷᠲᠤᠯ ᠥᠬᠡᠶ ᠬᠥᠭ᠌ᠵᠢᠯᠳᠡ ᠶ᠋ᠢ ᠪᠠᠷᠢᠮᠲᠠᠯᠠᠬᠤ ᠳᠤᠮᠳᠠ ᠠᠵᠤ ᠠᠬᠤᠶ᠎ᠶ᠋ᠢᠨ ᠴᠢᠨᠠᠷ ᠰᠠᠢᠲᠠᠶ ᠬᠥᠭ᠌ᠵᠢᠯᠲᠡ᠎ᠶ᠋ᠢ ᠠᠬᠢᠭᠤᠯᠪᠠ᠃ 2023 ᠣᠨ᠎ᠳᠤ᠂ ᠥᠪᠥᠷ ᠮᠣᠩᠭᠣᠯ᠎ᠤᠨ ᠭᠠᠵᠠᠷ ᠣᠷᠣᠨ᠎ᠤ ᠦᠶ᠋ᠯᠡᠳᠪᠦᠷᠢᠯᠡᠯ᠎ᠦᠨ ᠶᠡᠷᠦᠩᠬᠡᠶ ᠥᠷᠲᠡᠭ 24627 ᠳ᠋ᠦᠩᠱᠢᠭᠤᠷ ᠲᠥᠭᠥᠷᠢᠭ᠎ᠲᠦ ᠬᠦᠷᠴᠦ᠍᠂ 7.3% ᠪᠠᠷ ᠨᠡᠮᠡᠭ᠌ᠳᠡᠨ᠂ ᠪᠥᠬᠥ᠌ ᠤᠯᠤᠰ᠎ᠤᠨ ᠳᠤᠮᠳᠠᠴᠢ ᠬᠢᠷᠢ ᠲᠦᠪᠱᠢᠨ᠎ᠡᠴᠡ ᠵᠠᠭᠤᠨ᠎ᠤ ᠬᠠᠷᠢᠴᠠᠯ ᠵᠢᠡᠷ 2.1 ᠬᠤᠪᠢ ᠥᠨᠳᠥᠷ ᠪᠣᠯᠵᠣ᠂ ᠨᠡᠮᠡᠭ᠌ᠳᠡᠯ᠎ᠦᠨ ᠬᠤᠷᠳᠤᠴᠠ᠎ᠨᠢ ᠪᠥᠬᠥ᠌ ᠤᠯᠤᠰ᠎ᠤᠨ ᠭᠤᠷᠪᠠᠳᠤᠭᠠᠷ᠎ᠲᠤ ᠣᠷᠣᠪᠠ᠃
ᠰᠡᠳᠭᠢᠯ ᠨᠢᠭᠡᠳᠦᠨ ᠬᠦᠴᠦ᠍᠎ᠪᠡᠨ ᠬᠠᠮᠲᠤᠳᠭᠠᠵᠤ ᠬᠥᠭ᠌ᠵᠢᠯᠲᠡ᠎ᠶ᠋ᠢ ᠠᠬᠢᠭᠤᠯᠤᠭ᠍ᠰᠠᠨ᠎ᠢᠶᠠᠷ᠂ ᠪᠦᠬᠦ᠌ ᠣᠷᠣᠨ᠎ᠤ ᠡᠯ᠎ᠡ ᠭᠠᠵᠠᠷ᠎ᠤᠨ ᠣᠳᠣᠬᠢᠴᠢᠯᠠᠬᠤ ᠪᠦᠲᠦᠭᠡᠨ ᠪᠠᠢᠭᠤᠯᠤᠯᠲᠠ᠎ᠶ᠋ᠢ ᠲᠦᠷᠭᠡᠳᠭᠡᠬᠦ᠌ ᠠᠯᠬᠤᠭ᠎ᠠ ᠤᠯᠠᠮ ᠯᠠᠪᠳᠠᠭᠤᠨ ᠪᠠᠳᠤᠳᠠᠢ ᠪᠣᠯᠪᠠ᠃
ᠭᠤᠤᠯ ᠰᠢᠵᠢᠮ᠎ᠢ ᠪᠠᠳᠤ ᠡᠵᠡᠮᠳᠡᠵᠦ ᠡᠷᠡᠮᠡᠬᠡᠢᠯᠡᠨ ᠤᠷᠤᠭ᠍ᠰᠢᠯᠠᠨ ᠡᠷᠴᠢ ᠵᠣᠷᠢᠭ ᠵᠢᠡᠨ ᠬᠦᠪᠴᠢᠯᠡᠨ᠎ᠡ
ᠰᠠᠶᠢᠬᠠᠨ ᠲᠡᠭᠦᠰᠦᠭ᠌ᠰᠡᠨ《ᠠᠷᠪᠠᠨ ᠳᠥᠷᠪᠡᠳᠦᠭᠡᠷ ᠬᠤᠭᠤᠴᠠᠭᠠᠨ᠎ᠤ ᠪᠥᠬᠥ᠌ ᠤᠯᠤᠰ᠎ᠤᠨ ᠡᠪᠦᠯ᠎ᠦᠨ ᠤᠯᠠᠷᠢᠯ᠎ᠤᠨ ᠲᠠᠮᠢᠷ᠎ᠤᠨ ᠴᠤᠭ᠍ᠯᠠᠭᠠᠨ》ᠪᠣᠯ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠪᠠᠰᠠ ᠨᠢᠭᠡᠨ ᠠᠮᠵᠢᠯᠲᠠ᠎ᠲᠠᠶ ᠦᠶ᠋ᠯᠡᠳᠦᠯᠭᠡ ᠮᠥᠨ — ᠡᠬᠢᠯᠡᠯᠲᠡ᠎ᠶ᠋ᠢᠨ ᠶᠣᠰᠣᠯᠠᠯ᠎ᠤᠨ ᠰᠣᠶᠣᠯ ᠪᠡᠶ᠎ᠡ᠎ᠶ᠋ᠢᠨ ᠲᠠᠮᠢᠷ᠎ᠤᠨ ᠦᠵᠡᠬᠦᠯᠭᠡ ᠵᠢᠨ ᠲᠣᠭ᠍ᠯᠠᠯᠲᠠ᠎ᠳ᠋ᠤ ᠳᠤᠮᠳᠠᠳᠤ ᠤᠯᠤᠰ᠎ᠤᠨ ᠬᠡᠪ ᠨᠠᠮᠪᠠ ᠂ ᠦᠨᠳᠦᠰᠦᠲᠡᠨ᠎ᠦ ᠣᠨᠴᠠᠯᠢᠭ᠂ ᠤᠮᠠᠷᠠᠲᠤ ᠬᠢᠯᠢ᠎ᠶ᠋ᠢᠨ ᠬᠥᠭ ᠠᠶᠠᠰ᠎ᠢ ᠠᠭᠤᠰᠤᠯᠴᠠᠭᠤᠯᠤᠭᠰᠠᠨ ᠦᠵᠡᠰᠭᠦᠯᠡᠩᠲᠦ ᠰᠠᠢᠬᠠᠨ ᠳᠤᠮᠳᠠᠳᠤ ᠤᠯᠤᠰ᠎ᠤᠨ ᠵᠢᠷᠤᠭ ᠲᠦᠷᠰᠤ ᠵᠢ ᠲᠡᠯᠭᠡᠨ ᠦᠵᠡᠬᠦᠯᠪᠡ; 35 ᠲᠥᠯᠥᠭᠡᠯᠡᠭ᠌ᠴᠢᠳ᠎ᠦᠨ ᠪᠦᠯᠬᠦᠮ᠎ᠦᠨ 3000 ᠭᠠᠷᠤᠶ ᠲᠠᠮᠢᠷᠴᠢᠨ ᠬᠦᠰᠡᠯ ᠵᠡᠭᠦᠳᠦ᠍᠎ᠪᠡᠨ ᠲᠡᠷᠭᠡᠯᠱᠢᠭᠦᠯᠬᠦ᠌ ᠤᠷᠤᠯᠳᠤᠭᠠᠨ᠎ᠤ ᠲᠠᠯᠠᠪᠠᠶ᠎ᠳᠤ ᠣᠷᠣᠵᠤ᠂ ᠬᠡᠪᠴᠢᠶ᠎ᠡ ᠨᠢ ᠥᠩᠭᠡᠷᠡᠭ᠌ᠰᠡᠨ᠎ᠦ ᠠᠯᠢ ᠴᠤ᠌ ᠬᠤᠭᠤᠴᠠᠭᠠᠨ᠎ᠤ ᠬᠢ᠎ᠡᠴᠡ ᠳᠠᠪᠠᠭ᠍ᠰᠠᠨ ᠪᠠᠢᠨ᠎ᠠ; ᠡᠯᠪᠡᠭ ᠪᠠᠶᠠᠯᠢᠭ ᠮᠥᠰᠥ᠍ ᠴᠠᠰᠤᠨ᠎ᠤ ᠤᠯᠠᠷᠢᠯ᠎ᠤᠨ ᠠᠵᠢᠯᠯᠠᠭ᠎ᠠ ᠬᠦᠭᠵᠢᠶᠡᠨᠳᠠᠢ ᠶᠠᠪᠤᠭᠳᠠᠵᠤ᠂ ᠦᠨᠳᠦᠰᠦᠲᠡᠨ᠎ᠨᠦᠭᠦᠳ᠎ᠦᠨ ᠤᠯᠠᠨ ᠲᠦᠮᠡᠨ᠎ᠦ ᠮᠥᠰᠥ᠍ ᠴᠠᠰᠤᠨ᠎ᠤ ᠬᠥᠳᠡᠯᠭᠡᠭᠡᠨ᠎ᠦ ᠲᠤᠬᠠᠢ ᠬᠠᠯᠠᠭᠤᠨ ᠰᠡᠳᠭᠢᠯᠭᠡ᠎ᠵᠢ ᠬᠦᠭᠵᠢᠭᠡᠵᠤ᠂ ᠡᠷᠴᠢ ᠵᠤᠷᠢᠭ᠎ᠢ ᠬᠦᠪᠴᠢᠯᠠᠪᠡ ᠁
ᠦᠨᠳᠦᠰᠦᠲᠡᠨ᠎ᠨᠦᠭᠦᠳ᠎ᠦᠨ ᠣᠷᠣᠨ ᠵᠠᠢ᠂ ᠰᠣᠶᠣᠯ᠂ ᠠᠵᠤ ᠠᠬᠤᠢ᠂ ᠨᠡᠢᠭᠡᠮ᠂ ᠰᠡᠳᠭᠢᠴᠡ ᠵᠡᠷᠭᠡ ᠪᠦᠬᠦ᠌ ᠲᠠᠯ᠎ᠠ᠎ᠪᠡᠷ ᠠᠭᠤᠰᠤᠯᠴᠠᠬᠤ ᠵᠢ ᠠᠯᠬᠤᠮ ᠠᠯᠬᠤᠮ᠎ᠢᠶᠠᠷ ᠪᠡᠶᠡᠯᠡᠭᠦᠯᠬᠦ᠌ ᠪᠣᠯ ᠦᠨᠳᠦᠰᠦᠲᠡᠨ᠎ᠨᠦᠭᠦᠳ᠎ᠦᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ᠎ᠢ ᠠᠬᠢᠭᠤᠯᠬᠤ ᠬᠦᠴᠦᠲᠡᠢ ᠠᠷᠭ᠎ᠠ ᠬᠡᠮᠵᠢᠶ᠎ᠡ ᠮᠥᠨ᠃
《ᠪᠡᠭᠡᠵᠢᠩ ᠥᠪᠥᠷ ᠮᠣᠩᠭᠣᠯ᠎ᠤᠨ ᠬᠠᠮᠵᠢᠯᠴᠠᠭ᠎ᠠ》 ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠬᠡᠦᠬᠡᠳ᠎ᠦᠨ ᠲᠠᠢᠰᠠᠨ᠎ᠤ ᠵᠦᠴᠦᠭᠡ 《ᠤᠯᠤᠰ᠎ᠤᠨ ᠬᠡᠦᠬᠡᠳ》 《ᠭᠤᠷᠪᠠᠨ ᠮᠢᠩᠭᠠᠨ ᠥᠨᠥᠴᠢᠨ ᠬᠡᠦᠬᠡᠳ᠎ᠢ ᠥᠪᠥᠷ ᠮᠣᠩᠭᠣᠯ᠎ᠳᠤ ᠦᠷᠡᠴᠢᠯᠡᠨ ᠲᠡᠵᠢᠭᠡᠭᠰᠡᠨ》 ᠦᠨᠳᠦᠰᠦᠲᠡᠨ᠎ᠦ ᠪᠦᠯᠬᠦᠮᠳᠡᠯ᠎ᠦᠨ ᠲᠤᠤᠯᠢ ᠵᠢ ᠬᠦᠦᠷᠨᠢᠪᠠ᠃
ᠥᠪᠥᠷ ᠮᠣᠩᠭᠣᠯ᠎ᠤᠨ ᠠᠵᠤ ᠦᠢᠯᠡᠳᠪᠦᠷᠢ᠎ᠶ᠋ᠢᠨ ᠶᠡᠬᠡ ᠰᠤᠷᠭᠠᠭᠤᠯᠢ᠎ᠶ᠋ᠢᠨ ᠤᠬᠠᠭᠤᠯᠤᠨ ᠲᠠᠢᠯᠪᠤᠷᠢᠯᠠᠬᠤ ᠪᠦᠯᠬᠦᠮ᠎ᠦᠨ ᠬᠢᠨ ᠵᠠᠯᠠᠭᠤᠴᠤᠳ᠎ᠤᠨ ᠦᠭᠡ ᠬᠡᠯᠡ᠂ ᠳᠡᠷᠭᠡᠳᠡᠬᠢ ᠬᠥᠮᠦᠰ᠎ᠦᠨ ᠦᠯᠢᠬᠡᠷ᠎ᠢᠶᠡᠷ ᠨᠠᠮ᠎ᠤᠨ ᠤᠨᠤᠯ ᠲᠦᠷᠦ᠍᠎ᠶ᠋ᠢᠨ ᠪᠤᠳᠤᠯᠭ᠎ᠠ᠎ᠶ᠋ᠢ ᠤᠬᠠᠭᠤᠯᠵᠤ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ᠎ᠳᠤ ᠵᠠᠯᠠᠭᠤ ᠨᠠᠰᠤᠨ᠎ᠤ ᠬᠦᠴᠦᠨ ᠴᠢᠳᠠᠯ᠎ᠢᠶᠠᠨ ᠡᠷᠭᠦᠪᠡ᠃
ᠦᠬᠠᠶ ᠬᠣᠲᠠ᠎ᠶ᠋ᠢᠨ ᠬᠠᠢ᠌ᠷᠤᠪ᠎ᠤᠨ ᠲᠣᠬᠣᠶ ᠲᠣᠭᠣᠷᠢᠭ᠎ᠤᠨ ᠹᠧᠩ ᠬᠤᠸᠠᠩ ᠯᠢᠩ ᠵᠡᠭᠡᠯᠢ ᠭᠤᠳᠤᠮᠵᠢ 《ᠲᠤᠤᠷᠵᠢᠯᠳᠠ + ᠵᠠᠬᠢᠳᠠᠯ ᠰᠤᠷᠪᠤᠯᠵᠢᠯᠠᠯ ᠲᠣᠭ᠍ᠲᠠᠭᠤᠨ᠎ᠢ ᠬᠠᠮᠠᠭᠠᠯᠠᠬᠤ᠂ ᠳᠠᠯᠳᠠ ᠬᠡᠮ᠎ᠢ ᠵᠢᠭ᠍ᠰᠠᠭᠠᠨ ᠪᠠᠢᠴᠠᠭᠠᠬᠤ᠂ ᠵᠥᠷᠢᠴᠡᠯ ᠵᠠᠭᠤᠷᠠᠯᠳᠤᠭᠠᠨ᠂ ᠰᠠᠢᠨ ᠳᠤᠷ᠎ᠠ᠎ᠶ᠋ᠢᠨ ᠦᠶ᠋ᠯᠡᠴᠢᠯᠡᠭᠡ᠂ ᠠᠷᠠᠳ᠎ᠤᠨ ᠠᠮᠢᠳᠤᠷᠠᠯ᠎ᠤᠨ ᠠᠪᠤᠷᠠᠨ ᠲᠤᠰᠠᠯᠠᠯᠲᠠ᠂ ᠦᠨᠳᠦᠰᠦᠲᠡᠨ ᠱᠠᠱᠢᠨ ᠰᠤᠷᠲᠠᠬᠤᠨ》 《1 + N》 ᠵᠠᠰᠠᠯᠲᠠ᠎ᠶ᠋ᠢᠨ ᠵᠠᠭ᠍ᠪᠤᠷ᠎ᠢ ᠡᠬᠦᠳᠴᠤ᠂ ᠦᠨᠳᠦᠰᠦᠲᠡᠨ᠎ᠨᠦᠭᠦᠳ᠎ᠦᠨ ᠣᠯᠠᠨ ᠲᠦᠮᠡᠨ᠎ᠦ ᠬᠦᠷᠲᠡᠮᠵᠢ᠎ᠶ᠋ᠢᠨ ᠲᠥᠷᠥᠭ᠌ᠳᠡᠯ᠂ ᠵᠤᠯ ᠵᠢᠷᠭᠠᠯᠲᠤ ᠲᠥᠷᠥᠭ᠌ᠳᠡᠯ᠂ ᠠᠮᠤᠷ ᠲᠦᠪᠱᠢᠨ᠎ᠦ ᠲᠥᠷᠥᠭ᠌ᠳᠡᠯ᠎ᠢ ᠨᠡᠮᠡᠭ᠌ᠳᠡᠭᠦᠯᠪᠡ᠃
ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠥᠯᠥᠭᠡᠯᠡᠭ᠌ᠴᠢ᠂ ᠬᠢᠩᠭᠠᠨ ᠠᠢᠮᠠᠭ᠎ᠤᠨ ᠵᠠᠯᠠᠢᠳ ᠬᠣᠱᠢᠭᠤᠨ᠎ᠤ ᠤᠯᠠᠭᠠᠨᠮᠥ᠋ᠴᠢᠷ᠎ᠦᠨ ᠳᠡᠳ᠋ ᠳᠠᠷᠤᠭ᠎ᠠ ᠾᠧ ᠮᠠᠢᠯᠠᠰᠤ᠄ 《ᠦᠨᠳᠦᠰᠦᠨ ᠱᠠᠲᠤᠨ᠎ᠤ ᠤᠳᠭ᠎ᠠ ᠤᠷᠠᠯᠢᠭ᠎ᠤᠨ ᠠᠵᠢᠯᠲᠠᠨ ᠪᠣᠯᠤᠭ᠍ᠰᠠᠨ᠎ᠤ ᠬᠤᠪᠢ᠎ᠳᠤ ᠂ ᠳᠤᠮᠳᠠᠳᠤ᠎ᠶ᠋ᠢᠨ ᠰᠣᠶᠣᠯ᠎ᠤᠨ ᠡᠷᠳᠡᠨᠢᠰ᠎ᠦᠨ ᠰᠠᠩ᠎ᠡᠴᠡ ᠤᠬᠢ ᠱᠦᠯᠳᠦ ᠶ᠋ᠢ ᠨᠢ ᠱᠢᠩᠭᠡᠭᠡᠨ ᠠᠪᠴᠤ᠂ ᠴᠠᠭ ᠦᠶ᠎ᠡ᠎ᠲᠡᠶ ᠵᠡᠷᠭᠡ᠎ᠪᠡᠷ ᠤᠷᠤᠭ᠍ᠰᠢᠯᠠᠭ᠍ᠰᠠᠨ ᠤᠳᠭ᠎ᠠ ᠤᠷᠠᠯᠢᠭ᠎ᠤᠨ ᠪᠦᠲᠦᠭᠡᠯ᠎ᠢ ᠨᠡᠩ ᠤᠯᠠᠨ ᠵᠣᠬᠢᠶᠠᠨ ᠪᠦᠳᠦᠭᠡᠨ᠎ᠡ᠂ ᠤᠯᠠᠨ ᠲᠦᠮᠡᠨ ᠳ᠋ᠤ ᠦᠢᠯᠡᠴᠢᠯᠡᠬᠦ ᠪᠡᠷ ᠵᠤᠷᠢᠯᠳᠠ ᠪᠤᠯᠭᠠᠵᠤ᠂ ᠦᠨᠳᠦᠰᠦᠨ ᠱᠠᠲᠤᠨ᠎ᠤ ᠦᠢᠯᠡᠳᠪᠦᠷᠢᠯᠡᠯ ᠠᠮᠢᠳᠤᠷᠠᠯ᠎ᠠᠴᠠ ᠰᠡᠳᠦᠪ ᠰᠣᠩᠭᠣᠵᠤ᠂ ᠠᠷᠠᠳ ᠲᠦᠮᠡᠨ᠎ᠳᠦ ᠬᠠᠷᠢᠭᠤᠴᠠᠵᠤ᠂ ᠨᠠᠮ ᠪᠣᠯᠤᠨ ᠵᠠᠰᠠᠭ᠎ᠤᠨ ᠣᠷᠳᠣᠨ᠎ᠤ ᠤᠯᠠᠨ ᠲᠦᠮᠡᠨ᠎ᠲᠡᠶ ᠬᠠᠷᠢᠯᠴᠠᠬᠤ ᠬᠥᠭᠥᠷᠭᠡ ᠬᠣᠯᠪᠣᠭᠠᠰᠤ ᠪᠣᠯᠬᠤ᠎ᠪᠠᠷ ᠴᠢᠷᠮᠠᠢᠨ᠎ᠠ》 ᠬᠡᠵᠠᠢ᠃
ᠪᠥᠬᠥ᠌ ᠤᠯᠤᠰ᠎ᠤᠨ ᠤᠯᠤᠰ ᠲᠥᠷᠥ᠎ᠶ᠋ᠢᠨ ᠵᠥᠪᠯᠡᠯᠭᠡᠨ᠎ᠦ ᠭᠡᠱᠢᠭᠦᠨ᠂ ᠬᠥᠯᠥᠨ ᠪᠣᠢᠷ ᠬᠣᠲᠠ᠎ᠶ᠋ᠢᠨ ᠰᠣᠶᠣᠯ ᠵᠢᠭᠤᠯᠴᠢᠯᠠᠯ ᠷᠠᠳᠢᠣ᠋ ᠲᠧᠯᠸᠢᠰ᠎ᠦᠨ ᠲᠣᠪᠴᠢᠶᠠᠨ᠎ᠤ ᠳᠡᠳ᠋ ᠳᠠᠷᠤᠭ᠎ᠠ ᠳ᠋ᠦ᠋ ᠮᠢᠩ ᠶᠠᠨ ᠄ 《ᠪᠢᠳᠡ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ᠎ᠪᠠᠷ ᠭᠤᠤᠯ ᠱᠢᠵᠢᠮ ᠪᠣᠯᠭᠠᠵᠤ᠂ ᠦᠨᠳᠦᠰᠦᠲᠡᠨ᠎ᠦ ᠣᠷᠣᠨ᠎ᠤ ᠥᠪᠡᠷᠲᠡᠭᠡᠨ ᠵᠠᠰᠠᠬᠤ ᠪᠠᠢᠭᠤᠯᠤᠯ᠎ᠢ ᠪᠠᠷᠢᠮᠲᠠᠯᠠᠨ ᠲᠡᠭᠦᠯᠳᠡᠷᠵᠢᠭᠦᠯᠵᠦ᠍᠂ ᠦᠨᠳᠦᠰᠦᠲᠡᠨ᠎ᠦ ᠭᠠᠵᠠᠷ ᠣᠷᠣᠨ᠎ᠤ ᠣᠳᠣᠬᠢᠴᠢᠯᠠᠬᠤ ᠪᠥᠲᠥᠭᠡᠨ ᠪᠠᠢᠭᠤᠯᠤᠯᠲᠠ᠎ᠶ᠋ᠢᠨ ᠠᠯᠬᠤᠴᠠ᠎ᠪᠠᠨ ᠲᠦᠷᠭᠡᠳᠭᠡᠬᠦ᠌᠎ᠶ᠋ᠢ ᠠᠬᠢᠭᠤᠯᠤᠨ᠎ᠠ》 ᠬᠡᠵᠠᠢ᠃
ᠱᠢᠨ᠎ᠡ ᠠᠶᠠᠨ᠎ᠳᠤ᠂ ᠥᠪᠥᠷ ᠮᠣᠩᠭᠣᠯ ᠶᠠᠭ ᠪᠣᠳᠠᠲᠤ ᠠᠵᠢᠯᠯᠠᠭ᠎ᠠ᠎ᠪᠠᠷ᠎ᠢᠶᠠᠨ ᠵᠢᠱ᠌ᠢᠶᠡᠴᠢ ᠥᠪᠡᠷᠲᠡᠭᠡᠨ ᠵᠠᠰᠠᠬᠤ ᠣᠷᠣᠨ᠎ᠤ ᠡᠷᠬᠢᠮ ᠳᠡᠭᠡᠳᠦ ᠢᠷᠠᠭᠤ ᠠᠯᠳᠠᠷ᠎ᠵᠢᠡᠨ ᠬᠠᠮᠠᠭᠠᠯᠠᠵᠤ᠂ ᠠᠵᠤ ᠠᠬᠤᠢ ᠬᠥᠭ᠌ᠵᠢᠭ᠌ᠰᠡᠨ᠂ ᠦᠨᠳᠦᠰᠦᠲᠡᠨ ᠪᠦᠯᠬᠦᠮᠳᠡᠭ᠌ᠰᠡᠨ᠂ ᠨᠡᠢᠭᠡᠮ ᠲᠣᠭ᠍ᠲᠠᠭᠤᠨ ᠂ ᠬᠢᠯᠢ ᠬᠢᠵᠠᠭᠠᠷ ᠠᠮᠤᠷ ᠲᠣᠭ᠍ᠲᠠᠭᠤᠨ ᠱᠢᠨ᠎ᠡ ᠴᠠᠭ ᠦᠶ᠎ᠡ᠎ᠶ᠋ᠢᠨ ᠢᠷᠠᠭᠤ ᠬᠠᠭᠤᠳᠠᠰᠤ᠎ᠶ᠋ᠢ ᠴᠢᠷᠮᠠᠢᠨ ᠪᠢᠴᠢᠭᠯᠡᠨ᠎ᠡ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠣᠷᠬᠢᠯ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃