2024ᠤᠨ᠎ᠤ᠋ ᠪᠦᠬᠦ ᠤᠯᠤᠰ᠎ᠤ᠋ᠨ ᠬᠣᠶᠠᠷ ᠬᠤᠷᠠᠯ > ᠣᠨᠴᠠ ᠮᠡᠳᠡᠭᠡᠯᠡᠯ

2024-03-10 16:03:55

ᠵᠣᠬᠢᠶᠠᠭ᠍ᠴᠢ᠄ ᠭᠣᠸ᠋ ᠮᠢᠨ ᠨᠠ ᠣᠩᠱᠢᠭ᠍ᠰᠠᠨ ᠣᠳᠠᠭ᠎ᠠ᠄ 3

ᠬᠢᠩᠭᠠᠨ ᠠᠢᠮᠠᠭ ᠤᠯᠤᠰ ᠤ᠋ᠨ ᠳᠡᠰ ᠤ᠋ᠨ ᠤᠳᠤ ᠦᠶ᠎ᠡ ᠶ᠋ᠢᠨ ᠮᠠᠯ ᠠᠵᠤ ᠠᠬᠤᠢ ᠶ᠋ᠢᠨ ᠲᠤᠷᠱᠢᠯᠲᠠ ᠶ᠋ᠢᠨ ᠣᠷᠣᠨ ᠢ᠋ ᠬᠦᠴᠦᠯᠡᠨ ᠪᠠᠢᠭᠤᠯᠵᠤ ᠪᠠᠢᠨ᠎ᠠ


ᠬᠡᠮᠬᠡᠯᠦᠨ᠎ᠡ ᠂ ᠵᠢᠭᠤᠷᠠᠨ᠎ᠠ ᠂ ᠠᠪᠴᠢᠭᠠᠨ᠎ᠠ ᠁ ᠬᠢᠩᠭᠠᠨ ᠠᠢᠮᠠᠭ ᠤ᠋ᠨ ᠬᠣᠷᠴᠢᠨ ᠪᠠᠷᠠᠭᠤᠨ ᠭᠠᠷᠤᠨ ᠳᠤᠮᠳᠠᠳᠤ ᠬᠣᠱᠢᠭᠤᠨ ᠤ᠋ ᠤᠳᠤ ᠦᠶ᠎ᠡ ᠶ᠋ᠢᠨ ᠡᠪᠡᠰᠦᠨ ᠤ᠋ ᠠᠵᠤ ᠦᠢᠯᠡᠰ ᠤ᠋ᠨ ᠡᠳ᠋ ᠪᠠᠷᠠᠭᠠᠨ ᠤ᠋ ᠭᠦᠢᠯᠭᠡᠭᠡ ᠪᠠ ᠡᠳ᠋ᠱᠢᠭᠦᠯᠵᠦ᠍ ᠠᠷᠠᠯᠵᠢᠶᠠᠯᠠᠬᠤ ᠬᠦᠷᠢᠶᠡᠯᠡᠩ ᠲᠣᠭᠣᠷᠢᠭ ᠲᠦ᠍ ᠠᠵᠢᠯᠲᠠᠳ ᠮᠠᠱᠢᠨ ᠤ᠋ ᠬᠦᠷᠴᠢᠬᠢᠨᠡᠭᠰᠡᠨ ᠳᠠᠭᠤᠨ ᠤ᠋ ᠳᠤᠮᠳᠠ ᠶᠠᠭᠠᠷᠠᠯᠳᠠᠢ ᠠᠵᠢᠯᠯᠠᠵᠤ᠂ ᠪᠣᠭᠣᠵᠢ ᠪᠤᠭᠤᠵᠢ ᠪᠡᠷ ᠪᠣᠭᠣᠵᠢᠯᠠᠭ᠍ᠰᠠᠨ ᠲᠠᠵᠢᠬᠡᠯ ᠡᠪᠡᠰᠦ ᠪᠣᠷᠳᠣᠭ᠎ᠠ ᠪᠠᠨ ᠵᠢᠭᠳᠡᠷᠡᠬᠦᠯᠦᠨ ᠲᠠᠯᠪᠢᠨ᠎ᠠ ᠃

《ᠦᠬᠡᠷ ᠬᠣᠨᠢ ᠡᠪᠦᠯ ᠬᠠᠪᠤᠷ ᠤ᠋ᠨ ᠤᠯᠠᠷᠢᠯ ᠬᠦᠬᠡ ᠡᠪᠡᠰᠦ ᠣᠯᠵᠤ ᠢᠳᠡᠬᠦ᠌ ᠥᠬᠡᠶ ᠪᠤᠯᠬᠤᠷ ᠱᠢᠮ᠎ᠡ ᠲᠡᠵᠢᠭᠡᠯ ᠨᠢ ᠳᠠᠭᠠᠵᠤ ᠠᠮᠵᠢᠬᠤ ᠥᠬᠡᠶ ᠪᠣᠯ ᠪᠣᠷᠳᠣᠵᠤ ᠲᠠᠷᠭᠤᠯᠠᠭᠤᠯᠬᠤ ᠳ᠋ᠤ ᠬᠦᠴᠢᠷᠳᠠᠢ᠂ ᠦᠷᠡᠵᠢᠭᠦᠯᠦᠨ ᠪᠣᠢᠵᠢᠭᠤᠯᠬᠤ ᠳ᠋ᠤ ᠴᠦ᠍ ᠬᠦᠴᠢᠷᠳᠠᠢ ᠪᠤᠯᠴᠢᠬᠠᠨ᠎ᠠ᠃ ᠲᠤᠰ ᠬᠦᠷᠢᠶᠡᠯᠡᠩ ᠲᠤᠭᠤᠷᠢᠭ ᠶᠠᠭ ᠠᠮᠢᠲᠠᠨ ᠤ᠋ ᠱᠢᠮ᠎ᠡ ᠲᠡᠵᠢᠭᠡᠯ ᠤ᠋ᠨ ᠲᠥᠪ ᠲᠡᠶ ᠠᠳᠠᠯᠢᠬᠠᠨ᠂ ᠪᠢᠳᠡ ᠬᠤᠷᠢᠶᠠᠵᠤ ᠠᠪᠤᠭᠰᠠᠨ ᠡᠪᠡᠰᠦ ᠪᠤᠯᠤᠨ ᠡᠰᠢ ᠰᠦᠷᠡᠯ ᠢ᠋ ᠡᠨᠳᠡ ᠠᠪᠴᠢᠷᠠᠵᠤ᠂ ᠳᠣᠭᠢᠷᠠᠭᠤᠯᠤᠨ ᠡᠳ᠋ᠰᠢᠬᠦᠯᠬᠦ ᠪᠠᠷ ᠳᠡᠮᠵᠢᠨ ᠴᠢᠨᠠᠷ ᠰᠠᠢᠲᠠᠶ ᠲᠠᠵᠢᠬᠡᠯ ᠪᠣᠷᠳᠣᠭ᠎ᠠ ᠪᠣᠯᠭᠠᠭᠠᠳ ᠲᠡᠵᠢᠭᠡᠪᠤᠷᠢ ᠵᠢᠨ ᠡᠷᠦᠬᠡ ᠳ᠋ᠤ ᠬᠦᠷᠭᠡᠵᠦ᠍᠂ ᠮᠠᠯ ᠤᠨᠤᠭ᠎ᠠ ᠪᠠᠨ ᠱᠢᠨᠵᠢᠯᠡᠬᠦ᠌ ᠤᠬᠠᠭᠠᠨᠴᠢ ᠪᠠᠷ ᠠᠷᠠᠴᠢᠯᠠᠬᠤ ᠳ᠋ᠤ ᠭᠦᠶ᠋ᠴᠡᠳ ᠪᠠᠲᠤᠯᠠᠭ᠎ᠠ ᠲᠠᠶ ᠪᠣᠯᠭᠠᠵᠤ ᠪᠤᠢ》 ᠭᠡᠵᠦ᠍ ᠥᠪᠥᠷ ᠮᠣᠩᠭᠣᠯ ᠤ᠋ᠨ ᠶᠦᠨ ᠮᠦ᠍ ᠡᠪᠡᠰᠦᠨ ᠤ᠋ ᠦᠢᠯᠡᠰ ᠤ᠋ᠨ ᠠᠮᠢ ᠠᠬᠤᠢ ᠶ᠋ᠢᠨ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ ᠤ᠋ᠨ ᠬᠥᠭ᠌ᠵᠢᠯᠲᠡ ᠶ᠋ᠢᠨ ᠬᠢᠵᠠᠭᠠᠷᠲᠤ ᠺᠣᠮᠫᠠᠨᠢ ᠶ᠋ᠢᠨ ᠬᠠᠷᠢᠭᠤᠴᠠᠯᠭᠠᠲᠠᠨ ᠯᠢᠦ ᠱᠢᠶᠤᠤ ᠶᠦᠩ ᠬᠡᠯᠡᠪᠡ᠃

ᠲᠦᠷᠦ᠍ ᠶ᠋ᠢᠨ ᠶᠠᠪᠤᠳᠠᠯ ᠤ᠋ᠨ ᠬᠣᠷᠢᠶ᠎ᠠ ᠵᠢᠨ ᠥᠪᠥᠷ ᠮᠣᠩᠭᠣᠯ ᠤ᠋ᠨ ᠴᠢᠨᠠᠷ ᠰᠠᠢᠲᠠᠢ ᠬᠥᠭ᠌ᠵᠢᠯᠲᠡ ᠶ᠋ᠢ ᠠᠬᠢᠭᠤᠯᠬᠤ ᠰᠠᠨᠠᠯ ᠳ᠋ᠤ᠂ ᠬᠢᠩᠭᠠᠨ ᠠᠢᠮᠠᠭ ᠤ᠋ᠨ ᠤᠳᠤ ᠦᠶ᠎ᠡ ᠶ᠋ᠢᠨ ᠮᠠᠯ ᠠᠵᠤ ᠠᠬᠤᠢ ᠶ᠋ᠢᠨ ᠲᠤᠷᠱᠢᠯᠲᠠ ᠶ᠋ᠢᠨ ᠣᠷᠣᠨ ᠢ᠋ ᠴᠢᠨᠠᠷ ᠰᠠᠢᠲᠠᠢ ᠪᠦᠳᠦᠬᠡᠨ ᠪᠠᠢᠭᠤᠯᠤᠨ᠎ᠠ ᠭᠡᠵᠦ᠍ ᠲᠣᠳᠣᠷᠬᠠᠢ ᠳᠤᠷᠠᠳᠴᠠᠢ᠃《ᠡᠪᠡᠰᠦ ᠲᠠᠷᠢᠵᠦ᠍ ᠮᠠᠯ ᠲᠡᠵᠢᠭᠡᠬᠦ᠌》 ᠪᠣᠯ ᠬᠢᠩᠭᠠᠨ ᠠᠢᠮᠠᠭ ᠤ᠋ᠨ ᠤᠯᠤᠰ ᠤ᠋ᠨ ᠲᠡᠰ ᠤ᠋ᠨ ᠤᠳᠤ ᠦᠶ᠎ᠡ ᠶ᠋ᠢᠨ ᠮᠠᠯ ᠠᠵᠤ ᠠᠬᠤᠢ ᠶ᠋ᠢᠨ ᠲᠤᠷᠱᠢᠯᠲᠠ ᠶ᠋ᠢᠨ ᠣᠷᠣᠨ ᠢ᠋ ᠡᠭᠦᠳᠦᠨ ᠪᠠᠢᠭᠤᠯᠬᠤ ᠶ᠋ᠢᠨ ᠢᠳᠡ ᠬᠦᠴᠦᠨ ᠪᠤᠯᠬᠤ ᠶᠤᠮ᠃

ᠬᠢᠩᠭᠠᠨ ᠠᠢᠮᠠᠭ ᠶᠡᠬᠡ ᠬᠢᠩᠭᠠᠨ ᠳᠠᠪᠠᠭ᠎ᠠ ᠶ᠋ᠢᠨ ᠡᠮᠦᠨ᠎ᠡ ᠬᠣᠷᠮᠣᠶ ᠳ᠋ᠤ ᠪᠠᠢᠷᠢᠯᠠᠵᠤ᠂ 2683.88 ᠲᠦᠮᠡᠨ ᠮᠥ᠍ ᠪᠠᠢᠭᠠᠯᠢ ᠵᠢᠨ ᠨᠤᠲᠤᠭ ᠪᠡᠯᠴᠢᠭᠡᠷ ᠲᠡᠶ ᠪᠠᠢᠵᠤ᠂ ᠲᠡᠵᠢᠭᠡᠯ ᠡᠪᠡᠰᠦᠨ ᠤ᠋ ᠠᠵᠤ ᠦᠶ᠋ᠯᠡᠰ ᠢ᠋ ᠬᠥᠭ᠌ᠵᠢᠭᠦᠯᠬᠦ᠌ ᠯᠤᠳᠤ ᠶᠡᠬᠡ ᠳᠠᠯᠳᠠ ᠬᠦᠴᠦᠨ ᠲᠠᠢ ᠶᠤᠮᠰᠠᠨ᠃ ᠤᠢ᠍ᠢᠷ᠎ᠠ ᠶ᠋ᠢᠨ ᠵᠢᠯ ᠡᠴᠡ ᠨᠠᠭᠠᠰᠢ ᠂ ᠬᠢᠩᠭᠠᠨ ᠠᠢᠮᠠᠭ ᠡᠪᠡᠰᠦᠨ ᠤ᠋ ᠠᠵᠤ ᠦᠢᠯᠡᠰ ᠢ᠋ ᠱᠢᠨ᠎ᠡ ᠪᠡᠷ ᠮᠠᠨᠳᠤᠭ᠍ᠰᠠᠨ ᠭᠣᠣᠯᠯᠠᠭ᠍ᠴᠢ ᠠᠵᠤ ᠦᠢᠯᠡᠰ ᠪᠣᠯᠤᠨ ᠠᠷᠠᠳ ᠢ᠋ ᠪᠠᠶᠠᠵᠢᠭᠤᠯᠵᠤ ᠠᠢᠮᠠᠭ ᠵᠢᠡᠨ ᠬᠦᠴᠦᠷᠬᠡᠭ᠌ᠵᠢᠭᠦᠯᠬᠦ᠌ ᠤᠨᠴᠠᠯᠢᠬ᠍ᠳᠤ ᠠᠵᠤ ᠦᠢᠯᠡᠰ ᠪᠣᠯᠭᠠᠵᠤ᠂ ᠡᠪᠡᠰᠦᠨ ᠦᠷ᠎ᠡ ᠪᠣᠢᠵᠢᠭᠤᠯᠬᠤ᠂ ᠲᠡᠵᠢᠭᠡᠯ ᠡᠪᠡᠰᠦ ᠲᠠᠷᠢᠬᠤ᠂ ᠬᠢᠶᠠᠬ ᠡᠪᠡᠰᠦᠨ ᠤ᠋ ᠠᠵᠤ ᠦᠢᠯᠡᠰ ᠤ᠋ᠨ ᠬᠦᠷᠢᠶᠡᠯᠡᠩ ᠢ᠋ ᠪᠦᠳᠦᠬᠡᠨ ᠪᠠᠢᠭᠤᠯᠬᠤ᠂ ᠠᠵᠤ ᠦᠢᠯᠡᠰ ᠤ᠋ᠨ ᠬᠡᠯᠬᠢᠶ᠎ᠡ ᠶ᠋ᠢ ᠤᠷᠲᠤᠳᠭᠠᠨ ᠠᠵᠤ ᠦᠢᠯᠡᠰ ᠤ᠋ᠨ ᠬᠡᠯᠬᠢᠶ᠎ᠡ ᠶ᠋ᠢ ᠨᠥᠬᠥᠪᠥᠷᠢᠯᠡᠵᠦ᠍ ᠠᠵᠤ ᠦᠢᠯᠡᠰ ᠤ᠋ᠨ ᠬᠡᠯᠬᠢᠶ᠎ᠡ ᠶ᠋ᠢ ᠴᠢᠩᠭᠠᠳᠭᠠᠬᠤ ᠪᠠᠷ ᠲᠠᠮᠵᠢᠨ ᠥᠪᠡᠷᠲᠡᠭᠡᠨ ᠵᠠᠰᠠᠬᠤ ᠣᠷᠣᠨ ᠤ᠋ ᠬᠢᠶᠠᠭ ᠡᠪᠡᠰᠦ ᠲᠠᠷᠢᠬᠤ ᠴᠢᠬᠤᠯᠠ ᠰᠠᠭᠤᠷᠢᠨ ᠢ᠋ ᠪᠦᠬᠦ᠌ ᠬᠦᠴᠦᠨ ᠵᠢᠡᠷ ᠵᠢᠡᠨ ᠴᠣᠭ᠍ᠴᠠᠯᠠᠪᠠ᠃

ᠬᠣᠷᠴᠢᠨ ᠪᠠᠷᠠᠭᠤᠨ ᠭᠠᠷᠤᠨ ᠡᠮᠦᠨᠡᠲᠦ ᠬᠣᠱᠢᠭᠤᠨ ᠤ᠋ ᠠᠯᠳᠡᠷ ᠰᠤᠮᠤ ᠶ᠋ᠢᠨ ᠬᠠᠢᠯᠠᠰᠤᠨ ᠭᠠᠴᠠᠭᠠᠨ ᠤ᠋ ᠵᠠᠩ ᠵᠢᠨ ᠴᠢᠤᠸᠠᠨ ᠨᠢᠭᠡᠨ ᠲᠡᠵᠢᠭᠡᠨ ᠦᠷᠡᠵᠢᠭᠦᠯᠬᠦ᠌ ᠲᠤᠰᠬᠠᠢ ᠬᠤᠷᠱᠢᠶ᠎ᠠ ᠡᠵᠡᠩᠨᠡᠵᠦ᠍ ᠪᠤᠢ᠂ ᠥᠩᠭᠡᠷᠡᠭ᠌ᠰᠡᠨ ᠳ᠋ᠤ ᠵᠢᠯ ᠪᠦᠷᠢ ᠭᠠᠳᠠᠨ᠎ᠠ ᠣᠷᠣᠨ ᠡᠴᠡ ᠡᠪᠡᠰᠦ ᠬᠤᠳᠠᠯᠳᠤᠨ ᠠᠪᠴᠤ᠌᠂ ᠦᠬᠡᠷ ᠬᠤᠨᠢ ᠪᠠᠨ ᠡᠪᠤᠯᠵᠢᠬᠦᠯᠵᠤ ᠪᠠᠢᠵᠠᠢ᠂ ᠤᠳᠤ ᠲᠡᠷᠡ ᠲᠤᠬᠠᠢ ᠶ᠋ᠢᠨ ᠭᠠᠵᠠᠷ ᠡᠴᠡ ᠪᠠᠨ ᠰᠦᠯ ᠰᠠᠢᠳᠠᠢ ᠡᠪᠡᠰᠦ ᠬᠤᠳᠠᠯᠳᠤᠨ ᠠᠪᠴᠤ᠌ ᠳᠡᠢᠯᠬᠦ᠌ ᠪᠣᠯᠪᠠ᠃ 《ᠦᠬᠡᠷ ᠬᠣᠨᠢ ᠳ᠋ᠠᠭᠠᠨ ᠰᠦᠯ ᠰᠠᠢᠳᠠᠢ ᠲᠡᠵᠢᠭᠡᠯ ᠡᠪᠡᠰᠦ ᠪᠤᠷᠳᠤᠭ᠎ᠠ ᠦᠭᠬᠦ ᠶ᠋ᠢ ᠡᠳᠦᠷ ᠪᠣᠯᠭᠠᠨ ᠪᠣᠳᠣᠯᠬᠢᠯᠠᠳᠠᠭ᠂ ᠡᠳᠡᠭᠡᠷ ᠲᠠᠵᠢᠬᠡᠯ ᠡᠪᠡᠰᠦ ᠶ᠋ᠢ ᠠᠯᠳᠡᠷ ᠤᠳᠤ ᠦᠶ᠎ᠡ ᠶ᠋ᠢᠨ ᠡᠪᠡᠰᠦᠨ ᠤ᠋ ᠠᠵᠤ ᠦᠢᠯᠡᠰ ᠤ᠋ᠨ ᠡᠳ᠋ ᠪᠠᠷᠠᠭᠠᠨ ᠤ᠋ ᠭᠦᠢᠯᠭᠡᠭᠡ ᠪᠠ ᠡᠳ᠋ᠱᠢᠭᠦᠯᠵᠦ᠍ ᠠᠷᠠᠯᠵᠢᠶᠠᠯᠠᠬᠤ ᠬᠦᠷᠢᠶᠡᠯᠡᠩ ᠲᠣᠭᠣᠷᠢᠭ ᠡᠴᠡ ᠬᠤᠳᠠᠯᠳᠤᠨ ᠠᠪᠴᠠᠢ᠂ 300 ᠭᠠᠷᠤᠶ ᠪᠣᠭᠣᠵᠢ ᠬᠤᠳᠠᠯᠳᠤᠨ ᠠᠪᠤᠭ᠍ᠰᠠᠨ ᠶᠤᠮ᠂ ᠦᠬᠡᠷ ᠬᠣᠨᠢ ᠢᠳᠡᠬᠦ᠌ ᠳᠤᠷᠠᠲᠠᠶ ᠪᠠᠢᠵᠦ ᠂ ᠲᠠᠷᠭᠤ ᠠᠪᠬᠤ ᠨᠢ ᠴᠦ᠍ ᠲᠦᠷᠭᠡᠨ ᠪᠠᠢᠨ᠎ᠠ》 ᠭᠡᠵᠦ᠍ ᠵᠠᠩ ᠵᠢᠨ ᠴᠢᠤᠸᠠᠨ ᠬᠡᠯᠡᠨ᠎ᠠ ᠃

ᠵᠠᠩ ᠵᠢᠨ ᠴᠢᠤᠸᠠᠨ ᠤ᠋ ᠬᠡᠯᠡᠵᠤ ᠪᠠᠢᠭ᠎ᠠ ᠠᠯᠳᠡᠷ ᠤᠳᠤ ᠦᠶ᠎ᠡ ᠶ᠋ᠢᠨ ᠡᠪᠡᠰᠦᠨ ᠤ᠋ ᠠᠵᠤ ᠦᠢᠯᠡᠰ ᠤ᠋ᠨ ᠡᠳ᠋ ᠪᠠᠷᠠᠭᠠᠨ ᠤ᠋ ᠭᠦᠢᠯᠭᠡᠭᠡ ᠪᠠ ᠡᠳ᠋ᠱᠢᠭᠦᠯᠵᠦ᠍ ᠠᠷᠠᠯᠵᠢᠶᠠᠯᠠᠬᠤ ᠬᠦᠷᠢᠶᠡᠯᠡᠩ ᠲᠣᠭᠣᠷᠢᠭ ᠬᠠᠢᠯᠠᠰᠤᠨ ᠭᠠᠴᠠᠭ᠎ᠠ ᠡᠴᠡ ᠪᠠᠷᠠᠭᠤᠨᠰᠢ 3 ᠺᠢᠯᠤᠮᠸᠲᠷ ᠰᠢᠬᠠᠮ ᠵᠠᠢᠳᠠᠢ ᠭᠠᠵᠠᠷ ᠲᠦ᠍ ᠪᠠᠢᠷᠢᠯᠠᠳᠠᠭ᠃ ᠲᠤᠰ ᠬᠦᠷᠢᠶᠡᠯᠡᠩ ᠲᠣᠭᠣᠷᠢᠭ ᠨᠢ ᠥᠪᠥᠷ ᠮᠣᠩᠭᠣᠯ ᠤ᠋ᠨ ᠶᠤᠸᠠᠨ ᠮᠦ᠍ ᠡᠪᠡᠰᠦᠨ ᠤ᠋ ᠦᠢᠯᠡᠰ ᠤ᠋ᠨ ᠬᠢᠵᠠᠭᠠᠷᠲᠤ ᠺᠣᠮᠫᠠᠨᠢ᠂ ᠥᠪᠥᠷ ᠮᠣᠩᠭᠣᠯ ᠤ᠋ᠨ ᠶᠦᠨ ᠮᠦ᠍ ᠡᠪᠡᠰᠦᠨ ᠤ᠋ ᠦᠢᠯᠡᠰ ᠤ᠋ᠨ ᠠᠮᠢ ᠠᠬᠤᠢ ᠶ᠋ᠢᠨ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ ᠤ᠋ᠨ ᠬᠥᠭ᠌ᠵᠢᠯᠲᠡ ᠶ᠋ᠢᠨ ᠬᠢᠵᠠᠭᠠᠷᠲᠤ ᠺᠣᠮᠫᠠᠨᠢ ᠵᠡᠷᠭᠡ 5 ᠠᠵᠤ ᠠᠬᠤᠢᠯᠠᠯ ᠢ᠋ ᠣᠷᠣᠭᠤᠯᠤᠨ ᠠᠪᠴᠢᠷᠠᠵᠠᠢ᠃ ᠬᠦᠷᠢᠶᠡᠯᠡᠩ ᠲᠣᠭᠣᠷᠢᠭ ᠲᠦ᠍ ᠲᠡᠵᠢᠭᠡᠯ ᠡᠪᠡᠰᠦᠨ ᠤ᠋ ᠪᠦᠲᠦᠭᠡᠭ᠌ᠳᠡᠬᠦᠨ ᠢ᠋ ᠡᠳ᠋ᠱᠢᠭᠦᠯᠵᠤ ᠬᠠᠳᠠᠭᠠᠯᠠᠬᠤ ᠡᠳ᠋ ᠪᠠᠷᠠᠭᠠᠨ ᠤ᠋ ᠭᠦᠶ᠋ᠯᠭᠡᠭᠡ ᠵᠢᠨ ᠲᠣᠭᠣᠷᠢᠭ᠂ ᠲᠠᠯ᠎ᠠ ᠨᠤᠲᠤᠭ ᠤ᠋ᠨ ᠢᠳᠡᠭᠡᠨ ᠵᠢᠴᠢ ᠡᠮ ᠤ᠋ᠨ ᠮᠠᠲ᠋ᠧᠷᠢᠶᠠᠯ ᠢ᠋ ᠡᠳ᠋ᠱᠢᠭᠦᠯᠬᠦ᠌ ᠲᠣᠭᠣᠷᠢᠭ᠂ ᠵᠢᠭᠤᠯᠴᠢᠯᠠᠬᠰᠠᠳ ᠢ᠋ ᠲᠥᠪᠯᠡᠷᠡᠭᠦᠯᠦᠨ ᠲᠠᠷᠬᠠᠭᠠᠬᠤ ᠲᠥᠪ ᠂ ᠲᠡᠵᠢᠭᠡᠯ ᠡᠪᠡᠰᠦᠨ ᠤ᠋ ᠬᠠᠮ ᠳᠡᠯᠭᠡᠭᠦᠷ ᠵᠡᠷᠭᠡ ᠴᠢᠳᠠᠮᠵᠢᠳᠣ ᠣᠷᠣᠨ ᠢ᠋ ᠪᠠᠭ᠍ᠲᠠᠭᠠᠵᠤ᠂《ᠠᠵᠤ ᠦᠶ᠋ᠯᠡᠰ ᠤ᠋ᠨ ᠬᠦᠷᠢᠶᠡᠯᠡᠩ ᠲᠣᠭᠣᠷᠢᠭ + ᠤᠨᠴᠠᠯᠢᠬ᠍ᠳᠤ ᠵᠢᠵᠢᠭ ᠪᠠᠯᠭᠠᠰᠤ + ᠤᠨᠴᠠᠯᠢᠬ᠍ᠳᠤ ᠦᠵᠡᠮᠵᠢ ᠶ᠋ᠢᠨ ᠣᠷᠣᠨ》ᠢ᠋ ᠨᠢᠭᠡ ᠴᠤᠭ᠍ᠴᠠᠵᠢᠭᠤᠯᠤᠭ᠍ᠰᠠᠨ ᠶᠡᠷᠦᠩᠬᠡᠢᠯᠡᠭ᠌ᠰᠡᠨ ᠴᠣᠭ᠍ᠴᠠ ᠪᠣᠯᠤᠨ᠎ᠠ ᠃

《ᠠᠯᠳᠡᠷ ᠤᠳᠤ ᠦᠶ᠎ᠡ ᠶ᠋ᠢᠨ ᠡᠪᠡᠰᠦᠨ ᠤ᠋ ᠠᠵᠤ ᠦᠢᠯᠡᠰ ᠤ᠋ᠨ ᠡᠳ᠋ ᠪᠠᠷᠠᠭᠠᠨ ᠤ᠋ ᠭᠦᠢᠯᠭᠡᠭᠡ ᠪᠠ ᠡᠳ᠋ᠱᠢᠭᠦᠯᠵᠦ᠍ ᠠᠷᠠᠯᠵᠢᠶᠠᠯᠠᠬᠤ ᠬᠦᠷᠢᠶᠡᠯᠡᠩ ᠲᠣᠭᠣᠷᠢᠭ ᠪᠤᠯ ᠥᠪᠡᠷᠲᠡᠭᠡᠨ ᠵᠠᠰᠠᠬᠤ ᠣᠷᠣᠨ ᠤ᠋ ᠣᠳᠣᠬᠠᠨ ᠤ᠋ ᠴᠢᠳᠠᠪᠬᠢ ᠪᠠᠷ ᠬᠠᠮᠤᠭ ᠤ᠋ᠨ ᠲᠡᠭᠦᠯᠳᠡᠷ᠂ ᠪᠠᠭ᠍ᠲᠠᠭᠠᠮᠵᠢ ᠪᠠᠷ ᠬᠠᠮᠤᠭ ᠤ᠋ᠨ ᠶᠡᠬᠡ ᠡᠪᠡᠰᠦᠨ ᠤ᠋ ᠠᠵᠤ ᠦᠢᠯᠡᠰ ᠤ᠋ᠨ ᠬᠦᠷᠢᠶᠡᠯᠡᠩ ᠲᠣᠭᠣᠷᠢᠭ ᠪᠣᠯᠬᠤ ᠪᠠᠷ ᠪᠠᠷᠠᠬᠤ ᠦᠭᠡᠢ᠂ ᠬᠦᠷᠢᠶᠡᠯᠡᠩ ᠲᠣᠭᠣᠷᠢᠭ ᠲᠦ᠍ ᠪᠠᠰᠠ ᠪᠦᠬᠦ᠌ ᠤᠯᠤᠰ ᠤ᠋ᠨ ᠬᠠᠮᠤᠭ ᠤ᠋ᠨ ᠶᠡᠬᠡ ᠬᠢᠶᠠᠬ ᠡᠪᠡᠰᠦᠨ ᠤ᠋ ᠦᠷ᠎ᠠ ᠪᠤᠢᠵᠢᠭᠤᠯᠬᠤ ᠲᠥᠪ ᠪᠠᠢᠨ᠎ᠠ᠃ ᠡᠨᠡ ᠬᠦ᠌ ᠵᠢᠵᠢᠭᠬᠡᠨ ᠬᠦᠷᠢᠶᠡᠯᠡᠩ ᠲᠣᠭᠣᠷᠢᠭ ᠲᠦ᠍ ᠪᠥᠬᠥ᠌ ᠤᠯᠤᠰ᠂ ᠪᠥᠬᠥ᠌ ᠣᠷᠣᠨ ᠤ᠋ ᠭᠤᠷᠪᠠᠨ〈ᠬᠠᠮᠤᠭ ᠤ᠋ᠨ ᠶᠡᠬᠡ〉 ᠶ᠋ᠢ ᠪᠤᠢ ᠪᠤᠯᠭᠠᠵᠦ ᠴᠢᠳᠠᠭ᠍ᠰᠠᠨ ᠨᠢ ᠬᠢᠨᠭᠭᠠᠨ ᠠᠢᠮᠠᠭ ᠬᠢᠶᠠᠭ ᠡᠪᠡᠰᠦᠨ ᠤ᠋ ᠬᠡᠷᠡᠭᠯᠡᠭᠡᠨ ᠤ᠋ ᠦᠷᠳᠡᠭ ᠢ᠋ ᠴᠢᠬᠤᠯᠠᠴᠢᠯᠠᠵᠤ᠂ ᠬᠢᠶᠠᠬ ᠡᠪᠡᠰᠦᠨ ᠤ᠋ ᠪᠥᠬᠥ᠌ ᠠᠵᠤ ᠦᠶ᠋ᠯᠡᠰ ᠤ᠋ᠨ ᠬᠡᠯᠬᠢᠶ᠎ᠡ ᠶ᠋ᠢ ᠪᠠᠢᠭᠤᠯᠬᠤ ᠪᠠᠷ ᠵᠢᠯᠣᠭᠣᠳᠣᠯᠭ᠎ᠠ ᠪᠣᠯᠭᠠᠨ ᠬᠢᠶᠠᠭ ᠡᠪᠡᠰᠦ ᠳᠠᠷᠢᠬᠤ᠂ ᠦᠷ᠎ᠡ ᠪᠣᠢᠵᠢᠭᠤᠯᠬᠤ᠂ ᠡᠳ᠋ᠰᠢᠬᠦᠯᠬᠦ᠂ ᠠᠷᠠᠯᠵᠢᠶᠠᠯᠠᠬᠤ ᠪᠠ ᠡᠳ᠋ ᠪᠠᠷᠠᠭᠠᠨ ᠤ᠋ ᠭᠦᠶ᠋ᠯᠭᠡᠭᠡ ᠶ᠋ᠢ ᠨᠢᠭᠡ ᠴᠤᠭ᠍ᠴᠠᠵᠢᠭᠤᠯᠤᠭ᠍ᠰᠠᠨ ᠬᠢᠶᠠᠭ ᠡᠪᠡᠰᠦᠨ ᠤ᠋ ᠠᠵᠤ ᠦᠶ᠋ᠯᠡᠰ ᠤ᠋ᠨ ᠪᠦᠯᠦᠭᠵᠢᠯ ᠢ᠋ ᠠᠩᠬ᠎ᠠ ᠠᠯᠬᠤᠮ ᠴᠤᠭᠴᠠᠯᠠᠭᠰᠠᠨ ᠡᠴᠡ ᠪᠣᠯᠤᠭ᠍ᠰᠠᠨ ᠶᠤᠮ》ᠭᠡᠵᠦ᠍ ᠬᠢᠩᠭᠠᠨ ᠠᠢᠮᠠᠭ ᠤ᠋ᠨ ᠲᠠᠷᠢᠶᠠᠯᠠᠩ ᠮᠠᠯ ᠠᠵᠤ ᠠᠬᠤᠢ ᠪᠠ ᠬᠦᠳᠡᠬᠡ ᠲᠤᠰᠬᠤᠨ ᠮᠠᠯᠵᠢᠬᠤ ᠤᠷᠤᠨ ᠤ᠋ ᠲᠣᠪᠴᠢᠶ᠎ᠠ ᠶ᠋ᠢᠨ ᠳᠡᠳ᠋ ᠳᠠᠷᠤᠭ᠎ᠠ ᠸᠠᠩ ᠢᠦᠶ ᠴᠢᠤᠸᠠᠨ ᠬᠡᠯᠡᠯ᠎ᠠ᠃

ᠬᠢᠩᠭᠠᠨ ᠠᠢᠮᠠᠭ ᠬᠠᠩᠭᠠᠯᠭ᠎ᠠ ᠶ᠋ᠢᠨ ᠪᠠᠲᠤᠯᠠᠭ᠎ᠠ ᠶ᠋ᠢᠨ ᠴᠢᠳᠠᠪᠤᠷᠢ ᠶ᠋ᠢ ᠲᠠᠬᠡᠭᠰᠢᠯᠡᠬᠦᠯᠬᠦ ᠪᠡᠷ ᠰᠠᠭᠤᠷᠢ ᠪᠣᠯᠭᠠᠨ ᠲᠠᠵᠢᠬᠡᠯ ᠡᠪᠡᠰᠤᠨ ᠤ᠋ ᠠᠵᠤ ᠦᠢᠯᠡᠰ ᠢ᠋ ᠪᠤᠵᠠᠭᠠᠢᠷᠠᠭᠤᠯᠬᠤ ᠵᠢ ᠲᠤᠷᠠᠳᠴᠦ᠂ ᠬᠢᠶᠠᠭ ᠡᠪᠡᠰᠦ ᠪᠣᠢᠵᠢᠭᠤᠯᠬᠤ ᠠᠵᠢᠯ ᠢ᠋ ᠴᠢᠨᠠᠭᠰᠢᠲᠠ ᠠᠭᠢᠭᠤᠯᠤᠨ᠂ ᠲᠤᠭᠳᠠᠪᠤᠷᠢᠳᠠᠢ ᠭᠠᠵᠠᠷ ᠱᠢᠷᠣᠢ ᠶ᠋ᠢᠨ ᠡᠬᠢ ᠪᠠᠶᠠᠯᠢᠭ ᠲᠠᠢ ᠮᠦᠷᠳᠡᠬᠡᠨ ᠡᠯᠪᠡᠭ ᠪᠠᠶᠠᠯᠢᠭ ᠲᠠᠷᠢᠵᠤ ᠬᠠᠮᠢᠶᠠᠷᠬᠤ ᠲᠤᠷᠱᠢᠯᠭ᠎ᠠ ᠲᠠᠢ ᠡᠪᠡᠰᠦᠨ ᠦᠷ᠎ᠡ ᠶ᠋ᠢᠨ ᠦᠢᠯᠡᠳᠪᠦᠷᠢᠯᠡᠯ ᠡᠷᠬᠢᠯᠡᠵᠤ ᠪᠠᠢᠭ᠎ᠠ ᠪᠠᠢᠭ᠎ᠠ 4 ᠠᠵᠤ ᠠᠬᠤᠢᠯᠠᠯ ᠪᠤᠯᠤᠨ ᠲᠤᠰᠬᠠᠢ ᠬᠤᠷᠱᠢᠶ᠎ᠠ ᠶ᠋ᠢ ᠳᠠᠭᠠᠭᠠᠴᠢᠯᠠᠨ ᠪᠠᠢᠭᠤᠯᠬᠤ ᠨᠢᠭᠡᠴᠢ ᠶ᠋ᠢᠨ ᠬᠤᠪᠢ ᠪᠠᠷ ᠲᠦᠷᠦᠯ ᠵᠦᠢᠯ ᠤ᠋ᠨ ᠪᠦᠳᠦᠭᠡᠨ ᠪᠠᠢᠭᠤᠯᠤᠯᠲᠠ ᠶ᠋ᠢ ᠬᠠᠷᠢᠭᠤᠴᠠᠭᠤᠯᠬᠤ ᠪᠠᠷ ᠰᠣᠩᠭᠣᠨ ᠲᠣᠭ᠍ᠲᠠᠭᠠᠵᠦ᠂ ᠪᠠᠰᠠ ᠳᠤᠮᠳᠠᠳᠤ ᠤᠯᠤᠰ ᠤ᠋ᠨ ᠱᠢᠨᠵᠢᠯᠡᠬᠦ᠌ ᠤᠬᠠᠭᠠᠨ ᠤ᠋ ᠬᠦᠷᠢᠶᠡᠯᠡᠩ ᠤ᠋ᠨ ᠬᠢᠶᠠᠭ ᠡᠪᠡᠰᠦᠨ ᠤ᠋ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ ᠤ᠋ᠨ ᠱᠢᠨ᠎ᠡ ᠶ᠋ᠢ ᠡᠭᠦᠳᠬᠦ᠌ ᠪᠦᠯᠬᠦᠮ ᠪᠣᠯᠤᠨ ᠬᠠᠷᠠᠮᠥ᠋ᠷᠡᠨ ᠮᠤᠵᠢ ᠶ᠋ᠢᠨ ᠲᠠᠷᠢᠶᠠᠯᠠᠩ ᠤ᠋ᠨ ᠱᠢᠨᠵᠢᠯᠡᠬᠦ᠌ ᠤᠬᠠᠭᠠᠨ ᠤ᠋ ᠬᠦᠷᠢᠶᠡᠯᠡᠩ ᠤ᠋ᠨ ᠡᠪᠡᠰᠦᠨ ᠤ᠋ ᠦᠢᠯᠡᠰ ᠤ᠋ᠨ ᠰᠤᠳᠤᠯᠭᠠᠨ ᠤ᠋ ᠭᠠᠵᠠᠷ ᠲᠠᠶ ᠢᠳᠡᠪᠬᠢᠲᠡᠢ ᠬᠠᠮᠲᠤᠷᠠᠯᠴᠠᠵᠤ᠂ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ ᠤ᠋ᠨ ᠲᠤᠯᠭᠠᠭᠤᠷᠢᠯᠠᠯ ᠪᠣᠯᠤᠨ ᠲᠸᠭᠨᠢᠭ ᠮᠡᠷᠭᠡᠵᠢᠯ ᠤ᠋ᠨ ᠪᠠᠲᠤᠯᠠᠭ᠎ᠠ ᠬᠠᠩᠭᠠᠨ᠂ ᠡᠪᠡᠰᠦᠨ ᠤ᠋ ᠠᠵᠤ ᠦᠢᠯᠡᠰ ᠤ᠋ᠨ ᠬᠥᠭ᠌ᠵᠢᠯᠲᠡ ᠵᠢ ᠲᠦᠷᠭᠡᠳᠭᠡᠵᠤ ᠪᠠᠢᠨ᠎ᠠ᠃

《ᠪᠢᠳᠡ ᠨᠢᠭᠡᠨᠲᠡ ᠳᠤᠮᠳᠠᠳᠤ ᠤᠯᠤᠰ ᠤ᠋ᠨ ᠱᠢᠨᠵᠢᠯᠡᠬᠦ᠌ ᠤᠬᠠᠭᠠᠨ ᠤ᠋ ᠬᠦᠷᠢᠶᠡᠯᠡᠩ ᠤ᠋ᠨ ᠵᠡᠭᠦᠨ ᠬᠣᠢᠲᠤ ᠣᠷᠣᠨ ᠤ᠋ ᠭᠠᠵᠠᠷ ᠵᠦᠶ ᠪᠠ ᠲᠠᠷᠢᠶᠠᠯᠠᠩ ᠤ᠋ᠨ ᠠᠮᠢ ᠠᠬᠤᠶ ᠶ᠋ᠢᠨ ᠰᠤᠳᠤᠯᠭᠠᠨ ᠤ᠋ ᠭᠠᠵᠠᠷ ᠲᠠᠶ ᠬᠠᠮᠲᠤᠷᠠᠨ ᠠᠵᠢᠯᠯᠠᠵᠤ᠂ ᠮᠠᠨ ᠤ᠋ ᠲᠤᠬᠠᠶ ᠶ᠋ᠢᠨ ᠭᠠᠵᠠᠷ ᠤ᠋ᠨ ᠲᠠᠵᠢᠬᠡᠯ ᠡᠪᠡᠰᠦᠨ ᠤ᠋ ᠠᠵᠤ ᠦᠶ᠋ᠯᠡᠰ ᠤ᠋ᠨ ᠬᠥᠭ᠌ᠵᠢᠯᠲᠡ᠂ ᠠᠮᠢ ᠠᠬᠤᠶ ᠣᠷᠴᠢᠨ ᠨᠥᠬᠥᠴᠡᠯ ᠤ᠋ᠨ ᠪᠠᠢᠭᠤᠯᠤᠯᠲᠠ ᠳ᠋ᠤ ᠲᠤᠬᠢᠷᠠᠭᠰᠠᠨ ᠪᠦᠭᠡᠳ ᠪᠡᠶ᠎ᠡ ᠪᠡᠨ ᠳᠠᠭᠠᠭᠠᠭ᠍ᠰᠠᠨ ᠥᠮᠴᠢᠯᠡᠯ ᠤ᠋ᠨ ᠡᠷᠬᠡ᠎ᠪᠦᠬᠦᠢ ᠬᠢᠶᠠᠬ ᠡᠪᠡᠰᠦᠨ ᠤ᠋ ᠡᠭᠦᠯᠳᠡᠷ ᠢ᠋ ᠡᠷᠲᠡᠬᠡᠨ ᠪᠣᠢᠵᠢᠭᠤᠯᠤᠨ ᠭᠠᠷᠭᠠᠬᠤ ᠪᠠᠷ ᠴᠢᠷᠮᠠᠢᠵᠤ ᠪᠠᠢᠨ᠎ᠠ》 ᠭᠡᠵᠦ᠍ ᠬᠢᠩᠭᠠᠨ ᠠᠢᠮᠠᠭ ᠤ᠋ᠨ ᠲᠠᠷᠢᠶᠠᠯᠠᠩ ᠮᠠᠯ ᠠᠵᠤ ᠠᠬᠤᠢ ᠶ᠋ᠢᠨ ᠱᠢᠨᠵᠢᠯᠡᠬᠦ᠌ ᠤᠬᠠᠭᠠᠨ ᠤ᠋ ᠰᠤᠳᠤᠯᠭᠠᠨ ᠤ᠋ ᠭᠠᠵᠠᠷ ᠤ᠋ᠨ ᠡᠪᠡᠰᠦᠨ ᠤ᠋ ᠦᠢᠯᠡᠰ ᠤ᠋ᠨ ᠰᠤᠳᠤᠯᠭᠠᠨ ᠤ᠋ ᠬᠠᠷᠢᠭᠤᠴᠠᠯᠭᠠᠲᠠᠨ ᠾᠧᠦ ᠸᠧᠢ ᠹᠸᠩ ᠬᠡᠯᠡᠪᠡ᠃

ᠣᠲᠣ ᠬᠢᠩᠭᠠᠨ ᠠᠢᠮᠠᠭ ᠤ᠋ᠨ ᠲᠠᠷᠢᠮᠠᠯ ᠬᠢᠶᠠᠬ ᠡᠪᠡᠰᠦ ᠵᠢᠨ ᠲᠠᠯᠠᠪᠠᠶ 27.65 ᠲᠦᠮᠡᠨ ᠮᠥ᠍ ᠳ᠋ᠤ ᠬᠦᠷᠴᠤ᠂ 2023 ᠣᠨ ᠳ᠋ᠤ ᠱᠢᠨ᠎ᠡ ᠪᠡᠷ ᠨᠡᠮᠡᠭ᠌ᠳᠡᠭ᠌ᠰᠡᠨ ᠲᠠᠷᠢᠮᠠᠯ ᠬᠢᠶᠠᠬ ᠡᠪᠡᠰᠦ ᠵᠢᠨ ᠲᠠᠯᠠᠪᠠᠶ 21.7 ᠲᠦᠮᠡᠨ ᠮᠥ᠍ ᠪᠠᠢᠵᠤ ᠂ ᠶᠡᠷᠦᠩᠬᠡᠶ ᠬᠡᠮᠵᠢᠶ᠎ᠡ ᠪᠤᠯᠤᠨ ᠨᠡᠮᠡᠭ᠌ᠳᠡᠯ ᠤ᠋ᠨ ᠬᠡᠮᠵᠢᠶ᠎ᠡ ᠪᠡᠷ ᠴᠥᠮ ᠪᠥᠬᠥ᠌ ᠣᠷᠣᠨ ᠳ᠋ᠤ ᠲᠦᠷᠦᠬᠦᠯᠡᠵᠤ ᠂ ᠬᠢᠶᠠᠬ ᠡᠪᠡᠰᠦ ᠶ᠋ᠢ ᠠᠵᠤ ᠦᠢᠯᠡᠰᠵᠢᠭᠦᠯᠬᠦ᠌᠂ ᠬᠦᠷᠢᠶᠡᠯᠡᠩ ᠲᠣᠭᠣᠷᠢᠭ᠍ᠵᠢᠭᠤᠯᠬᠤ ᠬᠥᠭ᠌ᠵᠢᠯᠲᠡ ᠶ᠋ᠢᠨ ᠵᠠᠮ ᠵᠢᠡᠷ ᠪᠥᠬᠥ᠌ ᠣᠷᠣᠨ ᠤ᠋ ᠡᠮᠦᠨ᠎ᠡ ᠡᠩᠨᠡᠭᠡᠨ ᠳ᠋ᠤ ᠤᠷᠤᠪᠠ᠃

《ᠣᠳᠣᠬᠢᠴᠢᠯᠠᠭ᠍ᠰᠠᠨ ᠲᠠᠵᠢᠬᠡᠯ ᠡᠪᠡᠰᠦ ᠪᠤᠷᠳᠤᠭᠠᠨ ᠤ᠋ ᠪᠠᠲᠤᠯᠠᠭ᠎ᠠ ᠶ᠋ᠢᠨ ᠱᠢᠰᠲᠸᠮ ᠢ᠋ ᠪᠠᠢᠭᠤᠯᠬᠤ ᠪᠣᠯ ᠮᠠᠨ ᠤ᠋ ᠠᠢᠮᠠᠭ ᠤ᠋ᠨ ᠤᠯᠤᠰ ᠤ᠋ᠨ ᠲᠡᠰ ᠤ᠋ᠨ ᠤᠳᠤ ᠦᠶ᠎ᠡ ᠶ᠋ᠢᠨ ᠮᠠᠯ ᠠᠵᠤ ᠠᠬᠤᠢ ᠶ᠋ᠢᠨ ᠲᠤᠷᠱᠢᠯᠲᠠ ᠶ᠋ᠢᠨ ᠣᠷᠣᠨ ᠢ᠋ ᠪᠦᠳᠦᠬᠡᠨ ᠪᠠᠢᠭᠤᠯᠬᠤ ᠴᠢᠬᠤᠯᠠ ᠠᠭᠤᠯᠭ᠎ᠠ ᠪᠣᠯᠤᠨ᠎ᠠ᠃ ᠳᠠᠷᠠᠭᠠᠴᠢ ᠪᠡᠷ ᠪᠢᠳᠡ ᠬᠣᠱᠢᠭᠤ ᠱᠢᠶᠠᠨ ᠨᠢᠬᠡᠪᠤᠷᠢ ᠵᠢᠨ ᠮᠠᠯ ᠠᠵᠤ ᠠᠬᠤᠢ ᠲᠠᠷᠢᠶᠠᠯᠠᠩ ᠰᠤᠯᠪᠢᠴᠠᠭᠰᠠᠨ ᠤᠷᠤᠨ ᠪᠦᠰᠡ ᠳ᠋ᠤ ᠲᠠᠷᠢᠬᠤ᠂ ᠨᠥᠭᠡᠴᠡᠯᠡᠬᠦ᠂ ᠡᠳ᠋ᠰᠢᠬᠦᠯᠬᠦ᠂ ᠪᠣᠷᠣᠯᠠᠭᠤᠯᠬᠤ ᠶ᠋ᠢ ᠨᠢᠭᠡ ᠴᠤᠭ᠍ᠴᠠᠵᠢᠭᠤᠯᠤᠭ᠍ᠰᠠᠨ 〈ᠲᠡᠵᠢᠭᠡᠯ ᠡᠪᠡᠰᠦᠨ ᠤ᠋ ᠲᠦᠪ ᠦᠢᠯᠡᠳᠬᠡᠪᠤᠷᠢ〉ᠵᠢ ᠪᠠᠢᠭᠤᠯᠤᠨ᠎ᠠ᠃ ᠡᠭᠦᠨ ᠤ᠋ ᠰᠠᠭᠤᠷᠢᠨ ᠳᠡᠭᠡᠷ᠎ᠡ ᠰᠤᠮᠤ ᠱᠢᠶᠠᠩ ᠪᠠᠯᠭᠠᠰᠤ ᠪᠠᠷ ᠨᠢᠭᠡᠴᠢ ᠪᠣᠯᠭᠠᠨ ᠳᠤᠮᠳᠠ ᠬᠡᠯᠪᠡᠷᠢ ᠶ᠋ᠢᠨ ᠲᠡᠵᠢᠭᠡᠯ ᠡᠪᠡᠰᠦ ᠨᠥᠭᠡᠴᠡᠯᠡᠬᠦ᠌ ᠬᠥᠮᠥᠷᠭᠡ ᠪᠠᠢᠭᠤᠯᠤᠨ᠂ ᠲᠡᠵᠢᠭᠡᠪᠤᠷᠢ ᠵᠢᠨ ᠡᠷᠦᠬᠡ ᠳ᠋ᠤ ᠪᠠᠭ᠎ᠠ ᠬᠡᠯᠪᠡᠷᠢ ᠶ᠋ᠢᠨ ᠲᠡᠵᠢᠭᠡᠯ ᠡᠪᠡᠰᠦ ᠨᠥᠭᠡᠴᠡᠯᠡᠬᠦ᠌ ᠬᠥᠮᠥᠷᠭᠡ ᠪᠠᠢᠭᠤᠯᠵᠤ᠂ ᠣᠳᠣᠬᠢᠴᠢᠯᠠᠭ᠍ᠰᠠᠨ ᠲᠡᠵᠢᠭᠡᠯ ᠡᠪᠡᠰᠦ ᠪᠣᠷᠳᠣᠭᠠᠨ ᠤ᠋ ᠪᠠᠲᠤᠯᠠᠭ᠎ᠠ ᠶ᠋ᠢᠨ ᠱᠢᠰᠲᠸᠮ ᠢ᠋ ᠲᠦᠷᠭᠡᠳᠬᠡᠨ ᠪᠠᠢᠭᠤᠯᠬᠤ ᠪᠠᠷ ᠳᠠᠮᠵᠢᠨ ᠬᠢᠩᠭᠠᠨ ᠠᠢᠮᠠᠭ ᠤ᠋ᠨ ᠤᠳᠤ ᠦᠶ᠎ᠡ ᠶ᠋ᠢᠨ ᠮᠠᠯ ᠠᠵᠤ ᠠᠬᠤᠢ ᠶ᠋ᠢᠨ ᠲᠤᠷᠱᠢᠯᠲᠠ ᠶ᠋ᠢᠨ ᠣᠷᠣᠨ ᠤ᠋ ᠴᠢᠨᠠᠷ ᠰᠠᠢᠲᠠᠢ ᠪᠦᠳᠦᠭᠡᠨ ᠪᠠᠢᠭᠤᠯᠤᠯᠲᠠ ᠶ᠋ᠢ ᠠᠬᠢᠭᠤᠯᠤᠨ᠎ᠠ》 ᠭᠡᠵᠦ᠍ ᠸᠠᠩ ᠢᠦᠢ ᠴᠢᠤᠸᠠᠨ ᠬᠡᠯᠡᠨ᠎ᠠ ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠰᠠᠢᠨ᠎ᠠ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面