2024-03-06 10:53:22
3 ᠰᠠᠷ᠎ᠠ᠎ᠶ᠋ᠢᠨ 5 ᠤ᠋ ᠦᠳᠡ᠎ᠶ᠋ᠢᠨ ᠡᠮᠦᠨ᠎ᠡ᠂ ᠶᠡᠷᠦᠩᠬᠡᠢ ᠰᠠᠢᠳ ᠯᠢ ᠴᠢᠶᠠᠩ᠎ᠤᠨ ᠬᠢᠭ᠌ᠰᠡᠨ ᠵᠠᠰᠠᠭ᠎ᠤᠨ ᠣᠷᠳᠣᠨ᠎ᠤ ᠠᠵᠢᠯ᠎ᠤᠨ ᠢᠯᠡᠳᠭᠡᠯ᠎ᠢ ᠲᠤᠬᠠᠢ᠎ᠶ᠋ᠢᠨ ᠲᠠᠯᠠᠪᠠᠢ᠎ᠳᠤ ᠰᠣᠨᠣᠰᠤᠭᠠᠳ᠂ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠥᠯᠥᠭᠡᠯᠡᠭ᠌ᠴᠢ᠂ ᠥᠪᠥᠷ ᠮᠣᠩᠭᠣᠯ᠎ᠤᠨ ᠦᠨᠳᠦᠰᠦᠲᠡᠨ᠎ᠦ ᠶᠡᠬᠡ ᠰᠤᠷᠭᠠᠭᠤᠯᠢ᠎ᠶ᠋ᠢᠨ ᠠᠵᠤ ᠠᠬᠤᠢ᠎ᠶ᠋ᠢᠨ ᠳᠡᠭᠡᠳᠦ ᠰᠤᠷᠭᠠᠭᠤᠯᠢ᠎ᠶ᠋ᠢᠨ ᠵᠠᠬᠢᠷᠤᠯ ᠴᠧᠨ ᠠᠢ ᠱᠢᠤᠸᠠᠢ ᠮᠠᠰᠢ ᠤᠷᠮᠠᠱᠢᠨ ᠵᠣᠷᠢᠭ᠍ᠵᠢᠵᠠᠢ᠃

《 ᠵᠠᠰᠠᠭ᠎ᠤᠨ ᠣᠷᠳᠣᠨ᠎ᠤ ᠠᠵᠢᠯ᠎ᠤᠨ ᠢᠯᠡᠳᠭᠡᠯ᠎ᠳᠦ᠂ ᠳᠡᠭᠡᠳᠦ ᠵᠡᠷᠭᠡ᠎ᠶ᠋ᠢᠨ ᠰᠤᠷᠭᠠᠨ ᠬᠥᠮᠦᠵᠢᠯ᠎ᠦᠨ ᠶᠡᠷᠦᠩᠬᠡᠢᠯᠡᠭ᠌ᠰᠡᠨ ᠥᠭᠡᠷᠡᠴᠢᠯᠡᠯᠲᠡ᠎ᠶ᠋ᠢᠨ ᠲᠤᠷᠱᠢᠯᠲᠠ ᠵᠢᠨ ᠴᠡᠭ ᠢ᠋ ᠬᠡᠷᠡᠭ᠌ᠵᠢᠭᠦᠯᠵᠦ᠍᠂ ᠰᠢᠨᠵᠢᠯᠡᠭᠡᠨ ᠤ᠋ ᠰᠠᠯᠠᠭ᠎ᠠ ᠵᠢᠨ ᠲᠤᠰᠬᠠᠢ ᠮᠡᠷᠭᠡᠵᠢᠯ ᠪᠠ ᠡᠬᠢ ᠪᠠᠶᠠᠯᠢᠭ᠎ᠤᠨ ᠪᠦᠲᠦᠴᠡ᠎ᠶ᠋ᠢᠨ ᠪᠠᠢᠷᠢᠱᠢᠯ᠎ᠢ ᠱᠢᠯᠢᠳᠡᠭ᠌ᠵᠢᠭᠦᠯᠵᠦ᠍᠂ ᠳᠤᠮᠳᠠᠳᠤ ᠤᠯᠤᠰ᠎ᠤᠨ ᠣᠨᠴᠠᠯᠢᠭ ᠲᠠᠢ᠂ ᠳᠡᠯᠡᠬᠡᠶ᠎ᠶ᠋ᠢᠨ ᠲᠡᠷᠢᠭᠦᠨ ᠵᠡᠷᠭᠡ᠎ᠶ᠋ᠢᠨ ᠶᠡᠬᠡ ᠰᠤᠷᠭᠠᠭᠤᠯᠢ ᠪᠠ ᠳᠠᠪᠠᠭᠤᠯᠢᠭ ᠱᠢᠨᠵᠢᠯᠡᠭᠡᠨ᠎ᠦ ᠰᠠᠯᠠᠭ᠎ᠠ᠎ᠶ᠋ᠢ ᠲᠦᠷᠭᠡᠳᠭᠡᠨ ᠪᠠᠢᠭᠤᠯᠵᠤ᠂ ᠳᠤᠮᠳᠠ ᠪᠠᠷᠠᠭᠤᠨ ᠣᠷᠣᠨ᠎ᠤ ᠳᠡᠭᠡᠳᠦ ᠰᠤᠷᠭᠠᠭᠤᠯᠢ᠎ᠶ᠋ᠢᠨ ᠰᠤᠷᠭᠠᠭᠤᠯᠢ ᠡᠷᠭᠢᠯᠡᠬᠦ᠌ ᠪᠣᠳᠠᠲᠤ ᠬᠦᠴᠦᠨ᠎ᠢ ᠴᠢᠩᠭᠠᠳᠬᠠᠨ᠎ᠠ ᠭᠡᠵᠤ ᠳᠤᠷᠠᠳᠴᠠᠢ᠃ ᠰᠤᠷᠭᠠᠨ ᠬᠥᠮᠦᠵᠢᠯ᠎ᠦᠨ ᠠᠵᠢᠯᠲᠠᠨ ᠪᠣᠯᠤᠭ᠍ᠰᠠᠨ᠎ᠤ ᠬᠤᠪᠢ᠎ᠳᠤ᠂ ᠪᠢ ᠮᠠᠰᠢ ᠭᠦᠨ ᠲᠥᠷᠥᠭ᠌ᠳᠡᠯ ᠲᠠᠢ ᠪᠠᠢᠨ᠎ᠠ》 ᠭᠡᠵᠦ᠍ ᠴᠧᠨ ᠠᠶ ᠱᠢᠤᠸᠠᠢ ᠬᠡᠯᠡᠪᠡ᠃
ᠲᠡᠷᠡ᠂ ᠪᠢ ᠥᠩᠭᠡᠷᠡᠭ᠌ᠰᠡᠨ ᠨᠢᠭᠡ ᠵᠢᠯ᠎ᠦᠨ ᠡᠭᠦᠷᠭᠡ ᠲᠤᠱᠢᠶᠠᠯ᠎ᠢᠶᠠᠨ ᠭᠦᠢᠴᠡᠳᠭᠡᠬᠦ᠌ ᠪᠠᠢᠴᠠᠭᠠᠨ ᠰᠤᠳᠤᠯᠤᠯᠲᠠ ᠪᠡᠨ ᠴᠤ᠌ ᠥᠪᠥᠷ ᠮᠣᠩᠭᠣᠯ᠎ᠤᠨ ᠶᠡᠬᠡ ᠳᠡᠭᠡᠳᠦ ᠰᠤᠷᠭᠠᠭᠤᠯᠢ᠎ᠶ᠋ᠢ ᠳᠡᠮᠵᠢᠬᠦ᠌ ᠡᠷᠴᠢᠮ ᠢ᠋ ᠴᠢᠩᠭᠠᠷᠠᠭᠤᠯᠵᠤ᠂ ᠳᠡᠭᠡᠳᠦ ᠵᠡᠷᠭᠡ᠎ᠶ᠋ᠢᠨ ᠰᠤᠷᠭᠠᠨ ᠬᠥᠮᠦᠵᠢᠯ᠎ᠦᠨ ᠣᠷᠣᠨ ᠪᠦᠰᠡ᠎ᠶ᠋ᠢᠨ ᠲᠡᠩᠴᠡᠭᠦᠷᠢᠲᠡᠢ ᠬᠥᠭ᠌ᠵᠢᠯᠲᠡ᠎ᠶ᠋ᠢ ᠠᠬᠢᠭᠤᠯᠬᠤ᠎ᠶ᠋ᠢᠨ ᠲᠣᠭᠣᠷᠢᠨ᠎ᠳᠤ ᠥᠷᠨᠢᠭᠦᠯᠦᠭ᠌ᠰᠡᠨ ᠶᠤᠮ᠃ ᠳᠤᠮᠳᠠ ᠪᠠᠷᠠᠭᠤᠨ ᠣᠷᠣᠨ᠎ᠤ ᠨᠢᠭᠡ ᠭᠠᠵᠠᠷ ᠤᠷᠤᠨ ᠤ᠋ ᠪᠣᠯᠤᠭ᠍ᠰᠠᠨ᠎ᠤ ᠬᠤᠪᠢ᠎ᠳᠤ᠂ ᠥᠪᠥᠷ ᠮᠣᠩᠭᠣᠯ ᠴᠢᠨᠠᠷ ᠰᠠᠢᠲᠠᠶ ᠳᠡᠭᠡᠳᠦ ᠵᠡᠷᠭᠡ᠎ᠶ᠋ᠢᠨ ᠰᠤᠷᠭᠠᠨ ᠬᠥᠮᠦᠵᠢᠯ᠎ᠦᠨ ᠡᠬᠢ ᠪᠠᠶᠠᠯᠢᠭ᠂ ᠱᠢᠨᠵᠢᠯᠡᠭᠡᠨ᠎ᠦ ᠰᠠᠯᠠᠭ᠎ᠠ ᠵᠢᠨ ᠪᠠᠢᠷᠢᠱᠢᠭᠤᠯᠤᠯᠲᠠ᠂ ᠱᠢᠨ᠎ᠡ᠎ᠶ᠋ᠢ ᠡᠭᠦᠳᠬᠦ᠌ ᠴᠢᠳᠠᠪᠤᠷᠢ᠂ ᠳᠡᠭᠡᠳᠦ ᠲᠠᠰ ᠳᠠᠪᠬᠤᠷᠭ᠎ᠠ᠎ᠶ᠋ᠢᠨ ᠴᠢᠳᠠᠪᠤᠷᠢᠲᠠᠨ᠎ᠢ ᠬᠥᠮᠦᠵᠢᠭᠦᠯᠬᠦ᠌᠂ ᠨᠡᠭᠡᠭᠡᠯᠲᠡ ᠬᠢᠵᠦ᠍ ᠰᠣᠯᠢᠯᠴᠠᠬᠤ ᠵᠡᠷᠭᠡ ᠲᠠᠯ᠎ᠠ᠎ᠪᠠᠷ ᠮᠥᠨ ᠬᠦ᠌ ᠲᠠᠰᠤᠷᠠᠯᠲᠠ ᠥᠬᠡᠶ ᠳᠡᠭᠡᠭ᠌ᠰᠢᠯᠡᠭᠦᠯᠦᠨ ᠲᠡᠭᠦᠯᠳᠡᠷᠵᠢᠭᠦᠯᠬᠦ᠌ ᠴᠢᠬᠤᠯᠠᠲᠠᠶ ᠪᠠᠢᠨ᠎ᠠ ᠭᠡᠵᠤ ᠢᠯᠡᠳᠭᠡᠪᠡ᠃
ᠥᠪᠥᠷ ᠮᠣᠩᠭᠣᠯ᠎ᠤᠨ ᠴᠢᠳᠠᠪᠤᠷᠢᠲᠠᠨ᠎ᠢ ᠬᠥᠮᠦᠵᠢᠭᠦᠯᠬᠦ᠌ ᠡᠭᠦᠷᠭᠡ ᠵᠢᠴᠢ ᠳᠡᠭᠡᠳᠦ ᠵᠡᠷᠭᠡ᠎ᠶ᠋ᠢᠨ ᠰᠤᠷᠭᠠᠨ ᠬᠥᠮᠦᠵᠢᠯ᠎ᠦᠨ ᠬᠥᠭ᠌ᠵᠢᠯᠲᠡ᠎ᠶ᠋ᠢᠨ ᠣᠳᠣᠬᠢ ᠪᠠᠢᠳᠠᠯ ᠵᠡᠷᠭᠡ᠎ᠲᠠᠶ ᠤᠶᠠᠯᠳᠤᠭᠤᠯᠤᠨ᠂ ᠴᠧᠨ ᠠᠶ ᠱᠢᠤᠸᠠᠢ ᠥᠪᠡᠷ᠎ᠦᠨ ᠪᠣᠳᠣᠯᠬᠢᠯᠠᠯ᠎ᠢᠶᠠᠨ ᠶᠠᠷᠢᠪᠠ᠃ ᠨᠢᠭᠡ᠎ᠳᠦ᠂ ᠥᠪᠥᠷ ᠮᠣᠩᠭᠣᠯ᠎ᠤᠨ ᠰᠤᠷᠭᠠᠨ ᠬᠥᠮᠦᠵᠢᠯ᠎ᠦᠨ ᠬᠦᠷᠢᠶᠡᠨ᠎ᠳᠡᠬᠢ ᠪᠦᠲᠦᠮᠵᠢᠲᠡᠶ ᠪᠠᠯᠠ ᠣᠷᠣᠭᠤᠯᠤᠯᠲᠠ᠎ᠶ᠋ᠢ ᠢᠳᠡᠪᠬᠢᠲᠡᠶ ᠥᠷᠭᠡᠳᠭᠡᠵᠦ᠍᠂ ᠶᠡᠬᠡ ᠳᠡᠭᠡᠳᠦ ᠰᠤᠷᠭᠠᠭᠤᠯᠢ᠎ᠶ᠋ᠢᠨ ᠰᠤᠷᠭᠠᠭᠤᠯᠢ ᠡᠷᠭᠢᠯᠡᠬᠦ᠌ ᠨᠥᠬᠥᠴᠡᠯ᠎ᠢ ᠬᠦᠴᠦᠯᠡᠨ ᠰᠠᠢᠵᠢᠷᠠᠭᠤᠯᠬᠤ ᠬᠡᠷᠡᠭᠳᠠᠢ᠃ ᠰᠤᠷᠭᠠᠨ ᠬᠥᠮᠦᠵᠢᠯ᠎ᠦᠨ ᠡᠬᠢ ᠪᠠᠶᠠᠯᠢᠭ᠎ᠢ ᠥᠪᠥᠷ ᠮᠣᠩᠭᠣᠯ ᠲᠡᠢᠰᠢ ᠵᠣᠬᠢᠬᠤ ᠬᠡᠮᠵᠢᠶ᠎ᠡ᠎ᠪᠡᠷ ᠬᠡᠯᠪᠡᠢᠯᠭᠡᠬᠦ᠌᠎ᠶ᠋ᠢ ᠠᠬᠢᠭᠤᠯᠵᠤ᠂ ᠳᠡᠭᠡᠳᠦ ᠵᠡᠷᠭᠡ᠎ᠶ᠋ᠢᠨ ᠰᠤᠷᠭᠠᠨ ᠬᠥᠮᠦᠵᠢᠯ᠎ᠦᠨ ᠳᠡᠰ ᠳᠠᠪᠬᠤᠷᠭ᠎ᠠ ᠬᠤᠪᠢᠶᠠᠨ ᠲᠡᠩᠴᠡᠭᠦᠷᠢᠲᠡᠶ ᠬᠥᠭ᠌ᠵᠢᠬᠦ᠌᠎ᠳᠦ ᠰᠠᠢᠨ ᠰᠠᠢᠬᠠᠨ ᠨᠥᠬᠥᠴᠡᠯ᠎ᠢ ᠪᠤᠶ ᠪᠣᠯᠭᠠᠬᠤ ᠬᠡᠷᠡᠭᠳᠠᠢ᠃ ᠣᠳᠣᠬᠠᠨ᠎ᠤ ᠶᠡᠬᠡ ᠳᠡᠭᠡᠳᠦ ᠰᠤᠷᠭᠠᠭᠤᠯᠢ᠎ᠶ᠋ᠢᠨ ᠴᠢᠳᠠᠪᠤᠷᠢᠲᠠᠨ᠎ᠢ ᠬᠥᠮᠦᠵᠢᠭᠦᠯᠬᠦ᠌ ᠬᠡᠷᠡᠭ᠌ᠴᠡᠭᠡ᠎ᠶ᠋ᠢ ᠦᠨᠳᠦᠰᠦᠯᠡᠨ᠂ ᠳᠡᠭᠡᠳᠦ ᠵᠡᠷᠭᠡ᠎ᠶ᠋ᠢᠨ ᠰᠤᠷᠭᠠᠨ ᠬᠥᠮᠦᠵᠢᠯ᠎ᠦᠨ ᠵᠠᠷᠤᠳᠠᠯ᠎ᠤᠨ ᠣᠷᠣᠭᠤᠯᠤᠯᠲᠠ᠎ᠶ᠋ᠢᠨ ᠡᠷᠴᠢᠮ᠎ᠢᠶᠡᠨ ᠴᠢᠩᠭᠠᠷᠠᠭᠤᠯᠵᠤ᠂ ᠢᠯᠠᠩᠭᠤᠶ᠎ᠠ ᠥᠨᠳᠥᠷ ᠲᠦᠪᠱᠢᠨ ᠪᠥᠬᠥᠶ ᠴᠢᠳᠠᠪᠤᠷᠢᠲᠠᠨ᠎ᠢ ᠬᠥᠮᠦᠵᠢᠭᠦᠯᠬᠦ᠌ ᠶᠡᠬᠡ ᠳᠡᠭᠡᠳᠦ ᠰᠤᠷᠭᠠᠭᠤᠯᠢ᠎ᠶ᠋ᠢ ᠲᠡᠳᠬᠦᠨ ᠳᠡᠮᠵᠢᠬᠦ᠌ ᠡᠷᠴᠢᠮ᠎ᠢᠶᠡᠨ ᠴᠢᠩᠭᠠᠷᠠᠭᠤᠯᠵᠤ᠂ ᠰᠤᠷᠭᠠᠭᠤᠯᠢ ᠡᠷᠭᠢᠯᠡᠬᠦ᠌ ᠣᠨᠴᠠᠯᠢᠭ᠎ᠢ ᠣᠷᠣᠨ ᠪᠦᠰᠡ᠎ᠶ᠋ᠢᠨ ᠠᠵᠤ ᠠᠬᠤᠶ᠎ᠶ᠋ᠢᠨ ᠴᠢᠨᠠᠷ ᠰᠠᠢᠲᠠᠶ ᠬᠥᠭ᠌ᠵᠢᠯᠲᠡ᠎ᠳᠦ ᠨᠠᠩ ᠰᠠᠢᠲᠤᠷ ᠵᠣᠬᠢᠴᠠᠭᠤᠯᠬᠤ ᠬᠡᠷᠡᠭ᠌ᠲᠡᠶ᠃ ᠬᠣᠶᠠᠷ᠎ᠲᠤ᠂ ᠱᠢᠨᠵᠢᠯᠡᠭᠡᠨ᠎ᠦ ᠰᠠᠯᠠᠭ᠎ᠠ᠎ᠶᠢᠨ ᠲᠤᠰᠭᠠᠶ ᠮᠡᠷᠭᠡᠵᠢᠯ᠎ᠦᠨ ᠪᠠᠢᠷᠢᠱᠢᠭᠤᠯᠤᠯᠲᠠ᠎ᠶ᠋ᠢ ᠱᠢᠯᠢᠳᠡᠭ᠌ᠵᠢᠭᠦᠯᠬᠦ᠌᠎ᠶ᠋ᠢ ᠳᠡᠮᠵᠢᠬᠦ ᠬᠡᠷᠡᠭᠳᠠᠢ᠃ ᠥᠪᠥᠷ ᠮᠣᠩᠭᠣᠯ᠎ᠤᠨ ᠪᠣᠳᠠᠲᠤ ᠪᠠᠢᠳᠠᠯ᠎ᠳᠤ ᠰᠠᠭᠤᠷᠢᠯᠠᠨ᠂ ᠶᠡᠬᠡ ᠳᠡᠭᠡᠳᠦ ᠰᠤᠷᠭᠠᠭᠤᠯᠢ᠎ᠶ᠋ᠢᠨ ᠱᠢᠨᠵᠢᠯᠡᠭᠡᠨ᠎ᠦ ᠰᠠᠯᠠᠭ᠎ᠠ᠎ᠶᠢᠨ ᠲᠤᠰᠭᠠᠶ ᠮᠡᠷᠭᠡᠵᠢᠯ᠎ᠢ ᠨᠠᠩ ᠵᠦᠶ ᠵᠣᠬᠢᠰᠲᠠᠶ ᠪᠠᠢᠷᠢᠱᠢᠭᠤᠯᠵᠤ᠂ ᠲᠡᠷᠢᠭᠦᠨ ᠵᠡᠷᠭᠡ᠎ᠶᠢᠨ ᠱᠢᠨᠵᠢᠯᠡᠭᠡᠨ᠎ᠦ ᠰᠠᠯᠠᠭ᠎ᠠ᠎ᠶᠢᠨ ᠪᠠᠢᠭᠤᠯᠤᠯᠲᠠ᠎ᠶ᠋ᠢ ᠳᠡᠮᠵᠢᠬᠦ ᠬᠡᠷᠡᠭᠳᠠᠢ᠃ ᠭᠤᠷᠪᠠ᠎ᠳᠤ᠂ ᠲᠤᠷᠱᠢᠯᠲᠠ᠎ᠶ᠋ᠢᠨ ᠲᠠᠰᠤᠭ᠂ ᠰᠤᠳᠤᠯᠭᠠᠨ᠎ᠤ ᠬᠦᠷᠢᠶᠡᠯᠡᠩ ᠵᠡᠷᠭᠡ ᠱᠢᠨᠵᠢᠯᠡᠬᠦ᠌ ᠤᠬᠠᠭᠠᠨ᠎ᠤ ᠰᠤᠳᠤᠯᠭᠠᠨ᠎ᠤ ᠲᠠᠪᠴᠠᠩ᠎ᠤᠨ ᠪᠠᠢᠭᠤᠯᠤᠯᠲᠠ᠎ᠶ᠋ᠢ ᠵᠣᠷᠢᠭ᠍ᠵᠢᠭᠤᠯᠵᠤ᠂ ᠡᠭᠦᠪᠠᠷ ᠳᠡᠭᠡᠳᠦ ᠵᠡᠷᠭᠡ᠎ᠶ᠋ᠢᠨ ᠰᠤᠷᠭᠠᠨ ᠬᠥᠮᠦᠵᠢᠯ᠎ᠦᠨ ᠶᠠᠰᠤ ᠴᠢᠨᠠᠷ᠎ᠢ ᠳᠡᠭᠡᠭ᠌ᠰᠢᠯᠡᠭᠦᠯᠦᠨ ᠦᠷ᠎ᠡ ᠠᠱᠢᠭ᠎ᠢ ᠨᠡᠮᠡᠭ᠌ᠳᠡᠭᠦᠯᠬᠦ᠌᠎ᠶ᠋ᠢ ᠠᠬᠢᠭᠤᠯᠬᠤ ᠬᠡᠷᠡᠭᠳᠠᠢ᠃ 《ᠥᠪᠥᠷ ᠮᠣᠩᠭᠣᠯ᠎ᠤᠨ ᠶᠡᠬᠡ ᠳᠡᠭᠡᠳᠦ ᠰᠤᠷᠭᠠᠭᠤᠯᠢ᠎ᠶ᠋ᠢᠨ ᠣᠨᠴᠠᠯᠢᠭ᠍ᠲᠤ ᠬᠢᠴᠢᠶᠡᠯ ᠲᠥᠷᠥᠯ᠎ᠢ ᠬᠥᠭ᠌ᠵᠢᠭᠦᠯᠦᠨ ᠮᠠᠨᠳᠤᠭᠤᠯᠬᠤ ᠲᠥᠷᠥᠯ ᠵᠦᠶ᠋ᠯ》 ᠢ᠋ ᠰᠠᠨᠠᠭᠠᠴᠢᠯᠠᠨ ᠪᠠᠢᠭᠤᠯᠵᠤ ᠂ ᠣᠨᠴᠠᠯᠢᠭ᠎ᠢᠶᠠᠷ ᠤᠷᠢᠲᠠᠯ ᠪᠣᠯᠭᠠᠨ᠂ ᠶᠠᠰᠤ ᠴᠢᠨᠠᠷ᠎ᠢᠶᠠᠷ ᠪᠠᠷᠢᠮᠵᠢᠶ᠎ᠠ ᠪᠣᠯᠭᠠᠵᠤ᠂ ᠲᠤᠰᠭᠠᠶ ᠲᠦᠷᠦᠯ᠎ᠦᠨ ᠪᠠᠯᠠ ᠮᠥᠩᠭᠥ᠎ᠪᠡᠷ ᠡᠨᠧᠷᠭᠢ ᠵᠢ ᠨᠡᠭᠡᠭᠡᠨ ᠬᠥᠭ᠌ᠵᠢᠭᠦᠯᠵᠤ ᠠᠱᠢᠭ᠍ᠯᠠᠬᠤ᠂ ᠪᠠᠢᠭᠠᠯᠢ᠎ᠶ᠋ᠢᠨ ᠣᠷᠴᠢᠨ ᠲᠣᠭᠣᠷᠢᠨ᠎ᠤ ᠬᠠᠮᠠᠭᠠᠯᠠᠯᠲᠠ᠂ ᠤᠯᠤᠰ᠎ᠤᠨ ᠠᠮᠤᠷ ᠲᠦᠪᠱᠢᠨ ᠵᠡᠷᠭᠡ ᠠᠵᠤ ᠠᠬᠤᠶ ᠨᠡᠢᠭᠡᠮ᠎ᠦᠨ ᠬᠥᠭ᠌ᠵᠢᠯᠲᠡ᠎ᠯᠦᠭᠡ ᠨᠢᠭ᠍ᠲᠠ ᠬᠣᠯᠪᠣᠭ᠎ᠠ᠎ᠲᠠᠶ ᠣᠨᠴᠠᠯᠢᠭ᠍ᠲᠤ ᠬᠢᠴᠢᠶᠡᠯ ᠲᠥᠷᠥᠯ᠎ᠢ ᠭᠤᠤᠯᠳᠠᠯᠭ᠎ᠠ᠎ᠲᠠᠶ ᠳᠡᠮᠵᠢᠵᠦ᠍᠂ ᠭᠤᠤᠯᠳᠠᠯᠭ᠎ᠠ᠎ᠲᠠᠶ ᠲᠤᠷᠱᠢᠯᠲᠠ᠎ᠶ᠋ᠢᠨ ᠲᠠᠰᠤᠭ᠂ ᠭᠤᠤᠯᠳᠠᠯᠭ᠎ᠠ᠎ᠲᠠᠶ ᠰᠢᠨᠵᠢᠯᠡᠭᠡᠨ᠎ᠤ ᠰᠠᠯᠠᠭᠠᠨ᠎ᠤ ᠲᠥᠷᠥᠯ ᠵᠦᠶ᠋ᠯ ᠵᠡᠷᠭᠡ ᠲᠠᠯ᠎ᠠ᠎ᠪᠠᠷ ᠬᠠᠷᠠᠭᠠᠯᠵᠠᠯ ᠦᠵᠡᠭᠦᠯᠬᠦ ᠬᠡᠷᠡᠭᠳᠠᠢ᠃ ᠳᠥᠷᠪᠡ᠎ᠳᠦ ᠂ ᠣᠯᠠᠨ ᠤᠯᠤᠰ᠎ᠤᠨ ᠥᠨᠳᠥᠷ ᠲᠦᠪᠱᠢᠨ ᠪᠥᠬᠥᠶ ᠶᠡᠬᠡ ᠰᠤᠷᠭᠠᠭᠤᠯᠢ᠂ ᠰᠤᠳᠤᠯᠭᠠᠨ᠎ᠤ ᠪᠠᠢᠭᠤᠯᠤᠮᠵᠢ ᠵᠢᠴᠢ ᠤᠯᠤᠰ᠎ᠤᠨ ᠳᠣᠲᠣᠭᠠᠳᠤ᠎ᠶ᠋ᠢᠨ ᠶᠡᠬᠡ ᠳᠡᠭᠡᠳᠦ ᠰᠤᠷᠭᠠᠭᠤᠯᠢ᠎ᠯᠤᠭ᠎ᠠ᠎ᠶ᠋ᠢᠨ ᠬᠠᠮᠲᠤᠷᠠᠯᠴᠠᠭ᠎ᠠ ᠪᠠ ᠰᠣᠯᠢᠯᠴᠠᠭ᠎ᠠ᠎ᠶ᠋ᠢ ᠳᠡᠮᠵᠢᠵᠦ᠍᠂ ᠱᠢᠯᠢᠳᠡᠭ ᠰᠤᠷᠭᠠᠨ ᠬᠥᠮᠦᠵᠢᠯ᠎ᠦᠨ ᠡᠬᠢ ᠪᠠᠶᠠᠯᠢᠭ᠎ᠢ ᠣᠷᠣᠭᠤᠯᠤᠨ ᠠᠪᠴᠢᠷᠠᠵᠤ ᠬᠠᠮᠲᠤ᠎ᠪᠠᠷ ᠡᠳ᠋ᠯᠡᠬᠦ ᠬᠡᠷᠡᠭᠳᠠᠢ᠃ ᠰᠤᠷᠤᠭ᠍ᠴᠢᠳ᠎ᠤᠨ ᠭᠠᠳᠠᠭᠠᠳᠤ᠎ᠳᠤ ᠭᠠᠷᠴᠤ᠌ ᠰᠣᠯᠢᠯᠴᠠᠬᠤ᠎ᠳᠤ ᠲᠤᠰᠭᠠᠢᠯᠠᠨ ᠵᠣᠭᠣᠰ᠎ᠢᠶᠠᠷ ᠲᠤᠰᠠᠯᠠᠬᠤ ᠲᠥᠷᠥᠯ ᠵᠦᠢᠯ᠎ᠢ ᠲᠣᠬᠢᠷᠠᠭᠤᠯᠵᠤ᠂ ᠰᠤᠷᠤᠭ᠍ᠴᠢᠳ᠎ᠤᠨ ᠭᠠᠳᠠᠭᠠᠳᠤ᠎ᠲᠠᠶ ᠰᠣᠯᠢᠯᠴᠠᠬᠤ ᠠᠷᠭ᠎ᠠ ᠵᠠᠮ᠎ᠢ ᠪᠦᠲᠦᠮᠵᠢᠲᠡᠶ ᠥᠷᠭᠡᠳᠭᠡᠨ᠂ ᠥᠪᠥᠷ ᠮᠣᠩᠭᠣᠯ᠎ᠤᠨ ᠳᠡᠭᠡᠳᠦ ᠵᠡᠷᠭᠡ᠎ᠶ᠋ᠢᠨ ᠰᠤᠷᠭᠠᠨ ᠬᠥᠮᠦᠵᠢᠯ᠎ᠦᠨ ᠵᠢᠭᠠᠨ ᠰᠤᠷᠭᠠᠯᠲᠠ᠎ᠶ᠋ᠢᠨ ᠳᠡᠯᠡᠬᠡᠢᠴᠢᠯᠡᠬᠦ᠌ ᠲᠦᠪᠰᠢᠨ᠎ᠢ ᠲᠠᠰᠤᠷᠠᠯᠲᠠ ᠤᠢ᠍ᠭᠡᠢ ᠳᠡᠭᠡᠭ᠌ᠰᠢᠯᠡᠭᠦᠯᠵᠦ᠍᠂ ᠡᠷᠭᠢᠨ ᠲᠣᠭᠣᠷᠢᠨ᠎ᠤ ᠤᠯᠤᠰ᠎ᠤᠳ᠎ᠲᠤ ᠦᠵᠡᠭᠦᠯᠬᠦ᠌ ᠥᠪᠥᠷ ᠮᠣᠩᠭᠣᠯ᠎ᠤᠨ ᠳᠡᠭᠡᠳᠦ ᠰᠤᠷᠭᠠᠭᠤᠯᠢ᠎ᠶ᠋ᠢᠨ ᠨᠥᠯᠥᠭᠡᠯᠡᠬᠦ᠌ ᠦᠢᠯᠡᠳᠦᠯ᠎ᠢ ᠨᠡᠮᠡᠭ᠌ᠳᠡᠭᠦᠯᠦᠨ᠂ ᠴᠢᠨᠠᠷ ᠰᠠᠢᠲᠠᠶ ᠰᠤᠷᠭᠠᠨ ᠬᠥᠮᠦᠵᠢᠯ᠎ᠦᠨ ᠡᠬᠢ ᠪᠠᠶᠠᠯᠢᠭ᠎ᠤᠨ ᠲᠠᠨᠭᠴᠡᠬᠦᠷᠢᠳᠠᠢ ᠬᠥᠭ᠌ᠵᠢᠬᠦ᠌᠎ᠶ᠋ᠢ ᠠᠬᠢᠭᠤᠯᠬᠤ ᠬᠡᠷᠡᠭᠳᠠᠢ ᠭᠡᠵᠤ ᠲᠠᠷᠠ ᠰᠠᠨᠠᠭᠤᠯᠪᠠ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠰᠠᠢᠨ᠎ᠠ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃