2024ᠤᠨ᠎ᠤ᠋ ᠪᠦᠬᠦ ᠤᠯᠤᠰ᠎ᠤ᠋ᠨ ᠬᠣᠶᠠᠷ ᠬᠤᠷᠠᠯ > ᠶᠠᠷᠢᠯᠴᠠᠭ᠎ᠠ

2024-03-06 11:02:56

ᠵᠣᠬᠢᠶᠠᠭ᠍ᠴᠢ᠄ ᠰᠥᠩ ᠱᠤᠸᠠᠩ ᠬᠠᠨ ᠴᠢᠩ ᠯᠢ ᠣᠩᠱᠢᠭ᠍ᠰᠠᠨ ᠣᠳᠠᠭ᠎ᠠ᠄ 3

《〈ᠤᠮᠠᠷᠠᠲᠤ᠎ᠶ᠋ᠢᠨ ᠭᠤᠷᠪᠠᠨ ᠣᠷᠣᠨ〉 ᠤ᠋ ᠢᠨᠵᠧᠨᠧᠷᠢᠩ᠎ᠦᠨ ᠭᠤᠷᠪᠠᠨ ᠶᠡᠬᠡ ᠪᠡᠯᠭᠡ ᠲᠡᠮᠳᠡᠭ᠎ᠦᠨ ᠴᠢᠨᠠᠷᠲᠠᠢ ᠳᠠᠢᠯᠠᠯᠳᠤᠭᠠᠨ᠎ᠢ ᠵᠣᠬᠢᠶᠠᠨ ᠪᠠᠢᠭᠤᠯᠵᠤ ᠰᠠᠢᠲᠤᠷ ᠬᠢᠬᠦ᠌ ᠬᠡᠷᠡᠭ᠌ᠲᠡᠢ》᠂ 《ᠠᠮᠢ ᠠᠬᠤᠢ᠎ᠶ᠋ᠢᠨ ᠬᠠᠮᠠᠭᠠᠯᠠᠯᠲᠠ᠎ᠶ᠋ᠢᠨ ᠨᠥᠬᠥᠪᠥᠷᠢ᠎ᠶ᠋ᠢᠨ ᠲᠦᠷᠢᠮ᠎ᠢ ᠪᠦᠷᠢᠨᠱᠢᠭᠦᠯᠬᠦ᠌ ᠬᠡᠷᠡᠭ᠌ᠲᠡᠢ》 ᠁ ᠲᠤᠬᠠᠢ᠎ᠶ᠋ᠢᠨ ᠲᠠᠯᠠᠪᠠᠢ᠎ᠳᠤ ᠵᠠᠰᠠᠭ᠎ᠤᠨ ᠣᠷᠳᠣᠨ᠎ᠤ ᠠᠵᠢᠯ᠎ᠤᠨ ᠢᠯᠡᠳᠭᠡᠯ᠎ᠢ ᠰᠣᠨᠣᠰᠤᠭ᠍ᠰᠠᠨ᠎ᠤ ᠳᠠᠷᠠᠭ᠎ᠠ᠂ ᠪᠦᠬᠦ᠌ ᠤᠯᠤᠰ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠦ ᠭᠡᠱᠢᠭᠦᠨ᠂ ᠳᠤᠮᠳᠠᠳᠤ ᠤᠯᠤᠰ᠎ᠤᠨ ᠠᠷᠠᠳᠴᠢᠯᠠᠭ᠍ᠰᠠᠨ ᠬᠣᠯᠪᠣᠭ᠎ᠠ᠎ᠶ᠋ᠢᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠣᠷᠢᠶ᠎ᠠ᠎ᠶ᠋ᠢᠨ ᠡᠷᠬᠢᠯᠡᠭ᠌ᠴᠢ ᠭᠡᠱᠢᠭᠦᠨ᠂ ᠥᠪᠡᠷᠲᠡᠭᠡᠨ ᠵᠠᠰᠠᠬᠤ ᠣᠷᠣᠨ᠎ᠤ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠨᠡᠢᠭᠡᠮᠯᠢᠭ ᠎ᠦᠨ ᠲᠡᠷᠢᠭᠦᠯᠡᠭ᠌ᠴᠢ ᠵᠤᠤ ᠵᠶ᠋ᠢ ᠲᠡᠮᠳᠡᠭ᠌ᠯᠡᠯ᠎ᠦᠨ ᠳᠡᠪᠲᠡᠷ ᠵᠢᠡᠨ ᠳᠦᠭᠦᠷᠳᠡᠯ᠎ᠠ ᠢᠯᠡᠳᠬᠡᠯ ᠎ᠡᠴᠡ ᠰᠣᠩᠭᠣᠨ ᠬᠠᠭᠤᠯᠵᠤ ᠲᠦᠷᠦᠭ᠌ᠳᠡᠯ᠎ᠵᠢᠡᠨ ᠪᠢᠴᠢᠵᠠᠢ᠃


QQ截图20240306110236.png

ᠴᠦᠯᠯᠡᠷᠭᠡᠭ᠌ᠵᠢᠯ ᠎ᠢ ᠶᠡᠷᠦᠩᠬᠡᠢᠯᠡᠨ ᠰᠡᠷᠭᠡᠢᠯᠡᠨ ᠵᠠᠰᠠᠬᠤ ᠎ᠶ᠋ᠢ ᠴᠢᠩᠭᠠᠳᠭᠠᠵᠤ᠂ 《ᠤᠮᠠᠷᠠᠲᠤ᠎ᠶ᠋ᠢᠨ ᠭᠤᠷᠪᠠᠨ ᠣᠷᠣᠨ》 ᠵᠡᠷᠭᠡ ᠭᠣᠣᠯᠳᠠᠯᠭ᠎ᠠ᠎ᠲᠠᠶ ᠠᠮᠢ ᠠᠬᠤᠢ᠎ᠶ᠋ᠢᠨ ᠢᠨᠵᠧᠨᠧᠷᠢᠩ᠎ᠦᠨ ᠪᠦᠳᠦᠭᠡᠨ ᠪᠠᠢᠭᠤᠯᠤᠯᠲᠠ᠎ᠶ᠋ᠢ ᠭᠦᠨᠵᠡᠭᠡᠢ ᠠᠬᠢᠭᠤᠯᠬᠤ ᠨᠢ ᠮᠠᠨ᠎ᠤ ᠤᠯᠤᠰ᠎ᠤᠨ ᠠᠮᠢ ᠠᠬᠤᠢ᠎ᠶ᠋ᠢᠨ ᠠᠮᠤᠷ ᠲᠦᠪᠱᠢᠨ᠎ᠳ᠋ᠤ ᠬᠣᠯᠪᠣᠭ᠍ᠳᠠᠵᠤ᠂ ᠤᠯᠤᠰ᠎ᠢᠶᠠᠨ ᠬᠦᠴᠦᠷᠬᠡᠭ᠌ᠵᠢᠭᠦᠯᠬᠦ᠌ ᠪᠦᠳᠦᠭᠡᠨ ᠪᠠᠢᠭᠤᠯᠤᠯᠲᠠ᠎ᠳ᠋ᠤ ᠬᠣᠯᠪᠣᠭ᠍ᠳᠠᠵᠤ᠂ ᠳᠤᠮᠳᠠᠳᠤ᠎ᠶ᠋ᠢᠨ ᠦᠨᠳᠦᠰᠦᠲᠡᠨ᠎ᠦ ᠥᠨᠢᠳᠡ᠎ᠶ᠋ᠢᠨ ᠬᠥᠭ᠌ᠵᠢᠯᠲᠡ᠎ᠳ᠋ᠤ ᠬᠣᠯᠪᠣᠭ᠍ᠳᠠᠵᠤ᠂ ᠡᠳᠦᠬᠡ ᠴᠠᠭ ᠲᠤ᠌ ᠭᠠᠪᠢᠶ᠎ᠠ ᠪᠠᠢᠭᠤᠯᠤᠨ ᠲᠦᠮᠡᠨ ᠦᠶ᠎ᠠ ᠪᠤᠶᠠᠨ ᠬᠦᠷᠳᠡᠭᠡᠬᠦ ᠡᠷᠬᠢᠮ ᠳᠡᠭᠡᠳᠦ ᠦᠢᠯᠡᠰ ᠪᠣᠯᠤᠨ᠎ᠠ᠃ ᠪᠥᠬᠥ᠌ ᠤᠯᠤᠰ᠎ᠤᠨ ᠤᠯᠤᠰ ᠲᠥᠷᠥ᠎ᠶ᠋ᠢᠨ ᠵᠥᠪᠯᠡᠯᠭᠡᠨ᠎ᠦ ᠭᠡᠱᠢᠭᠦᠨ᠎ᠦ ᠲᠤᠱᠢᠶᠠᠯ᠎ᠢ ᠡᠭᠦᠷᠭᠡᠯᠡᠭ᠌ᠰᠡᠨ᠎ᠡᠴᠡ ᠨᠠᠭᠠᠰᠢ᠂ ᠵᠣᠣ ᠵᠢᠶ ᠠᠮᠢ ᠠᠬᠤᠶ᠎ᠶ᠋ᠢᠨ ᠬᠠᠮᠠᠭᠠᠯᠠᠯᠲᠠ᠎ᠶ᠋ᠢᠨ ᠲᠣᠭᠣᠷᠢᠨ᠎ᠳᠤ 《ᠭᠡᠱᠢᠭᠦᠨ᠎ᠦ ᠠᠵᠢᠯ》 ᠢ᠋ ᠰᠠᠢᠲᠤᠷ ᠬᠢᠭ᠌ᠰᠡᠭᠡᠷ ᠢᠷᠡᠵᠡᠶ᠃

《ᠮᠠᠨ᠎ᠤ ᠣᠷᠣᠨ᠎ᠤ ᠴᠦᠯᠯᠡᠷᠭᠡᠭ᠌ᠵᠢᠭ᠌ᠰᠡᠡ ᠪᠠ ᠡᠯᠡᠰᠦᠷᠬᠡᠭ᠌ᠵᠢᠭ᠌ᠰᠡᠨ ᠭᠠᠵᠠᠷ ᠱᠢᠷᠣᠢ᠎ᠶ᠋ᠢᠨ ᠲᠠᠯᠠᠪᠠᠢ ᠦᠷᠭᠦᠯᠵᠢᠯᠡᠨ ᠪᠠᠭᠠᠰᠴᠤ᠌ ᠪᠠᠢᠨ᠎ᠠ᠂ ᠭᠡᠪᠡᠴᠦ᠍ ᠡᠭᠦᠨ᠎ᠦ ᠵᠡᠷᠭᠡ᠎ᠪᠡᠷ ᠡᠯᠡᠰᠦᠷᠬᠡᠭ᠌ᠵᠢᠯ᠎ᠢ ᠰᠡᠷᠭᠡᠢᠯᠡᠵᠦ᠍ ᠡᠯᠡᠰᠦ ᠵᠢ ᠵᠠᠰᠠᠬᠤ ᠠᠵᠢᠯ ᠤᠷᠳᠤ ᠬᠤᠭᠤᠴᠠᠭᠠᠲᠤ ᠴᠢᠨᠠᠷ᠂ ᠪᠡᠷᠬᠡ ᠬᠠᠲᠠᠭᠤᠵᠢᠯᠲᠤ ᠴᠢᠨᠠᠷ᠂ ᠲᠠᠬᠢᠨ ᠳᠠᠪᠲᠠᠬᠤ ᠴᠢᠨᠠᠷ ᠪᠠ ᠲᠣᠭ᠍ᠲᠠᠭᠠᠯᠲᠤ ᠪᠤᠰᠤ ᠴᠢᠨᠠᠷ᠎ᠲᠠᠶ ᠪᠠᠢᠵᠤ᠂ ᠮᠠᠨ᠎ᠤ ᠤᠯᠤᠰ᠎ᠤᠨ ᠤᠮᠠᠷᠠᠲᠤ᠎ᠶ᠋ᠢᠨ ᠭᠤᠷᠪᠠᠨ ᠣᠷᠣᠨ᠎ᠳᠤ ᠪᠦᠬᠦ᠌ ᠤᠯᠤᠰ ᠎ᠤᠨ 84%᠎ᠤᠨ ᠡᠯᠡᠰᠦᠷᠬᠡᠭ᠌ᠵᠢᠭ᠌ᠰᠡᠨ ᠭᠠᠵᠠᠷ ᠱᠢᠷᠣᠢ ᠲᠠᠷᠬᠠᠵᠤ ᠪᠠᠢᠬᠤ᠎ᠶ᠋ᠢ ᠣᠯᠵᠤ ᠬᠠᠷᠠᠬᠤ ᠬᠡᠷᠡᠭ᠌ᠲᠡᠢ》᠃ ᠵᠤᠤ ᠵᠶ᠋ᠢ᠂ ᠱᠢᠨᠵᠢᠯᠡᠬᠦ᠌ ᠤᠬᠠᠭᠠᠨᠴᠢ᠎ᠪᠠᠷ ᠵᠠᠰᠠᠬᠤ᠎ᠶ᠋ᠢ ᠪᠠᠷᠢᠮᠲᠠᠯᠠᠵᠤ᠂ ᠴᠦᠯᠯᠡᠷᠭᠡᠭ᠌ᠵᠢᠯ᠎ᠤᠨ ᠵᠠᠰᠠᠯᠳᠠ ᠪᠣᠯᠤᠨ ᠲᠠᠯ᠎ᠠ ᠨᠤᠲᠤᠭ᠎ᠤᠨ ᠠᠮᠢ ᠠᠬᠤᠢ᠎ᠶ᠋ᠢᠨ ᠱᠢᠰᠲ᠋ᠧᠮ᠎ᠦᠨ ᠶᠠᠰᠤ ᠴᠢᠨᠠᠷ᠎ᠢ ᠦᠷᠭᠦᠯᠵᠢᠯᠡᠨ ᠳᠡᠭᠡᠭ᠌ᠰᠢᠯᠡᠭᠦᠯᠪᠡᠯ ᠵᠣᠬᠢᠨ᠎ᠠ ᠭᠡᠵᠦ᠍ ᠦᠵᠡᠪᠡ᠃ ᠡᠢᠮᠦ᠍᠎ᠡᠴᠡ ᠲᠡᠷᠡ᠂ ᠴᠦᠯᠯᠡᠷᠭᠡᠭ᠌ᠵᠢᠯ᠎ᠢ ᠰᠡᠷᠭᠡᠢᠯᠡᠨ ᠵᠠᠰᠠᠬᠤ᠎ᠳᠤ ᠭᠠᠵᠠᠷ ᠣᠷᠣᠨ᠎ᠤ ᠪᠠᠢᠳᠠᠯ᠎ᠳᠠᠭᠠᠨ ᠲᠤᠬᠢᠷᠠᠭᠤᠯᠤᠨ᠂ ᠬᠣᠣᠷ ᠬᠥᠨᠥᠭᠡᠯ᠎ᠡᠴᠡ ᠰᠡᠷᠭᠡᠢᠯᠡᠨ᠂ ᠣᠷᠣᠨ ᠬᠤᠪᠢᠶᠠᠨ ᠠᠷᠭ᠎ᠠ ᠪᠤᠳᠤᠯᠭ᠎ᠠ ᠬᠡᠷᠡᠭ᠌ᠵᠢᠭᠦᠯᠵᠦ᠍᠂ ᠲᠡᠦᠬᠡᠨ ᠳᠡᠭᠡᠷ᠎ᠡ ᠬᠥᠮᠦᠨ ᠲᠥᠷᠥᠯᠬᠢᠲᠡᠨ ᠎ᠦ ᠠᠵᠢᠯᠯᠠᠭ᠎ᠠ᠎ᠡᠴᠡ ᠪᠣᠯᠵᠤ ᠡᠪᠳᠡᠭᠳᠡᠭᠰᠡᠨ ᠤᠷᠭᠤᠮᠠᠯ᠎ᠤᠨ ᠪᠦᠷᠬᠦᠴᠡ᠎ᠪᠠ ᠭᠠᠵᠠᠷ ᠱᠢᠷᠣᠢ᠎ᠶ᠋ᠢᠨ ᠡᠯᠡᠰᠦᠷᠬᠡᠭ᠌ᠵᠢᠯ᠎ᠢ ᠭᠣᠣᠯᠳᠠᠯᠭ᠎ᠠ᠎ᠲᠠᠶ ᠵᠠᠰᠠᠨ ᠰᠡᠷᠭᠦᠭᠡᠵᠦ᠍᠂ ᠪᠠᠢᠭᠠᠯᠢ ᠪᠣᠯᠤᠨ ᠬᠥᠮᠦᠨ᠎ᠦ ᠠᠵᠢᠯᠯᠠᠭ᠎ᠠ ᠎ᠡᠴᠡ ᠪᠣᠯᠤᠭ᠍ᠰᠠᠨ ᠴᠦᠯᠯᠡᠷᠭᠡᠭ᠌ᠵᠢᠯ᠎ᠤᠨ ᠬᠣᠣᠷ ᠬᠥᠨᠥᠭᠡᠯ᠎ᠢ ᠪᠦᠬᠦ᠌ ᠲᠠᠯ᠎ᠠ᠎ᠪᠠᠷ ᠰᠡᠷᠭᠡᠢᠯᠡᠨ ᠡᠵᠡᠮᠳᠡᠬᠦ᠌ ᠬᠡᠷᠡᠭ᠌ᠲᠡᠢ᠃ ᠡᠯᠡᠰᠦᠷᠬᠡᠭᠵᠢᠯ᠎ᠢ ᠰᠡᠷᠭᠡᠢᠯᠡᠨ ᠡᠯᠡᠰᠦ᠎ᠵᠢ ᠵᠠᠰᠠᠬᠤ᠎ᠪᠠᠷ ᠭᠣᠣᠯᠳᠠᠯᠭ᠎ᠠ ᠪᠣᠯᠭᠠᠨ᠂ ᠡᠯᠡᠰᠦ᠎ᠶ᠋ᠢ ᠵᠠᠰᠠᠬᠤ᠂ ᠤᠰᠤ᠎ᠵᠢ ᠬᠠᠮᠢᠶᠠᠷᠬᠤ᠂ ᠳᠠᠪᠤᠰᠤ᠎ᠶ᠋ᠢ ᠬᠢᠵᠠᠭᠠᠷᠯᠠᠬᠤ᠎ᠶ᠋ᠢᠨ ᠬᠠᠷᠢᠴᠠᠭ᠎ᠠ᠎ᠶ᠋ᠢ ᠨᠢᠭᠡᠳᠦᠯᠲᠡᠶ ᠲᠥᠯᠥᠪᠵᠢᠭᠦᠯᠵᠦ᠂ ᠤᠷᠭᠤᠮᠠᠯ᠎ᠤᠨ ᠪᠦᠷᠬᠦᠴᠡ᠎ᠪᠡᠷ ᠡᠯᠡᠰᠦ᠎ᠶ᠋ᠢ ᠲᠣᠭ᠍ᠲᠠᠪᠤᠷᠢᠵᠢᠭᠤᠯᠬᠤ ᠪᠣᠯᠪᠠᠰᠤᠷᠠᠩᠭᠤᠶ ᠮᠡᠷᠭᠡᠵᠢᠯ᠎ᠦᠨ ᠵᠠᠭ᠍ᠪᠤᠷ᠎ᠢ ᠱᠢᠨᠵᠢᠯᠡᠬᠦ᠌ ᠤᠬᠠᠭᠠᠨᠴᠢ᠎ᠪᠠᠷ ᠳᠡᠯᠭᠡᠷᠡᠭᠦᠯᠬᠦ ᠬᠡᠷᠡᠭᠲᠡᠢ᠃ ᠤᠷᠮᠠᠱᠢᠭᠤᠯᠤᠨ ᠵᠣᠷᠢᠭ᠍ᠵᠢᠭᠤᠯᠬᠤ ᠪᠠ ᠴᠢᠨᠭᠭᠠᠳᠬᠠᠨ ᠬᠢᠵᠠᠭᠠᠷᠯᠠᠬᠤ ᠵᠢ ᠵᠤᠬᠢᠰᠳᠠᠢ ᠤᠶᠠᠯᠳᠤᠭᠤᠯᠤᠭᠰᠠᠨ᠌ ᠠᠮᠢ ᠠᠬᠤᠢ᠎ᠶ᠋ᠢᠨ ᠬᠠᠮᠠᠭᠠᠯᠠᠯᠲᠠ᠎ᠶ᠋ᠢᠨ ᠨᠥᠬᠥᠪᠥᠷᠢ᠎ᠶ᠋ᠢᠨ ᠲᠦᠷᠢᠮ᠎ᠢ ᠪᠦᠷᠢᠨᠱᠢᠬᠦᠯᠵᠤ᠂ ᠠᠮᠢ ᠠᠬᠤᠢ᠎ᠶ᠋ᠢᠨ ᠡᠬᠢ ᠪᠠᠶᠠᠯᠢᠭ᠎ᠤᠨ ᠬᠠᠩᠭᠠᠯᠭ᠎ᠠ᠎ᠶ᠋ᠢᠨ ᠲᠦᠪᠱᠢᠨ᠎ᠢ ᠳᠡᠭᠡᠭ᠌ᠰᠢᠯᠡᠭᠦᠯᠵᠦ᠍᠂ ᠠᠮᠢ ᠠᠬᠤᠢ᠎ᠶ᠋ᠢᠨ ᠦᠢᠯᠡᠳᠬᠦᠨ᠎ᠦ ᠦᠷᠳᠡᠭ᠎ᠢ ᠢᠯᠡᠷᠡᠭᠦᠯᠬᠦ᠌᠎ᠶ᠋ᠢ ᠠᠬᠢᠭᠤᠯᠵᠤ᠂ ᠴᠢᠨᠠᠷ ᠰᠠᠢᠲᠠᠢ ᠬᠥᠭ᠌ᠵᠢᠯᠲᠡ᠎ᠶ᠋ᠢᠨ ᠨᠤᠮᠢᠨ ᠨᠤᠭᠤᠭᠠᠨ ᠳᠡᠪᠢᠰᠭᠡᠷ ᠦᠨᠭᠭᠡ᠎ᠶ᠋ᠢ ᠬᠦᠨ ᠰᠠᠭᠤᠯᠭᠠᠪᠠᠯ ᠵᠤᠬᠢᠨ᠎ᠠ ᠭᠡᠵᠦ ᠰᠠᠨᠠᠭᠤᠯᠪᠠ᠃

《ᠪᠢᠳᠡ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠲᠤᠯᠭᠠᠭᠤᠷᠢᠯᠠᠯ᠎ᠢ ᠴᠢᠩᠭᠠᠳᠭᠠᠵᠤ᠂ ᠪᠣᠬᠢᠷᠲᠤᠯ ᠦᠭᠡᠢ ᠪᠠᠭ᠎ᠠ ᠨᠡᠭᠦᠷᠡᠰᠦᠲᠥ᠋ᠷᠥᠭ᠌ᠴᠢᠲᠦ ᠠᠵᠤ ᠦᠢᠯᠡᠰ᠎ᠦᠨ ᠠᠭᠤᠰᠤᠯᠴᠠᠨ ᠬᠥᠭ᠌ᠵᠢᠬᠦ᠌᠎ᠶ᠋ᠢ ᠠᠬᠢᠭᠤᠯᠬᠤ ᠬᠡᠷᠡᠭ᠌ᠲᠡᠢ᠃ ᠵᠣᠣ ᠵᠢᠶ ᠄ ᠡᠯᠡᠰᠦᠨ᠎ᠦ ᠠᠮᠢᠳᠤ ᠪᠣᠳᠠᠰ᠎ᠤᠨ ᠦᠷ᠎ᠡ ᠡᠳ᠋᠎ᠦᠨ ᠡᠬᠢ ᠪᠠᠶᠠᠯᠢᠭ᠎ᠢ ᠬᠠᠮᠠᠭᠠᠯᠠᠬᠤ ᠪᠠ ᠠᠱᠢᠭ᠍ᠯᠠᠬᠤ᠎ᠶ᠋ᠢ ᠬᠦᠴᠦᠯᠡᠨ ᠴᠢᠩᠭᠠᠳᠭᠠᠵᠤ᠂ ᠡᠯᠡᠰᠦᠷᠬᠡᠭᠵᠢᠯ᠎ᠢ ᠰᠡᠷᠭᠡᠢᠯᠡᠨ ᠡᠯᠡᠰᠦ᠎ᠶ᠋ᠢ ᠵᠠᠰᠠᠬᠤ ᠪᠠ ᠡᠯᠡᠰᠦ᠎ᠶ᠋ᠢ ᠬᠠᠮᠢᠶᠠᠷᠴᠤ᠌ ᠡᠯᠡᠰᠦ᠎ᠶ᠋ᠢ ᠠᠰᠢᠭᠯᠠᠬᠤ ᠮᠡᠷᠭᠡᠵᠢᠯ᠎ᠦᠨ ᠦᠷ᠎ᠡ ᠪᠦᠲᠦᠭᠡᠯ᠎ᠢ ᠵᠤᠬᠢᠴᠠᠭᠤᠯᠤᠨ ᠠᠬᠢᠭᠤᠯᠵᠤ᠂ ᠱᠢᠨ᠎ᠡ ᠮᠡᠷᠭᠡᠵᠢᠯ᠂ ᠥᠨᠳᠥᠷ ᠦᠷ᠎ᠡ ᠠᠱᠢᠭ᠎ᠢᠶᠠᠷ ᠣᠨᠴᠠᠯᠢᠭ ᠪᠣᠯᠭᠠᠭ᠍ᠰᠠᠨ ᠪᠣᠬᠢᠷᠲᠤᠯ ᠥᠬᠡᠶ ᠠᠮᠢ ᠠᠬᠤᠶ᠎ᠶ᠋ᠢᠨ ᠮᠡᠷᠭᠡᠵᠢᠯ᠎ᠦᠨ ᠱᠢᠰᠲ᠋ᠧᠮ᠎ᠢ ᠪᠠᠢᠭᠤᠯᠤᠨ᠎ᠠ᠃ ᠡᠯᠡᠰᠦᠷᠬᠡᠭ᠌ᠵᠢᠯ᠎ᠢ ᠰᠡᠷᠭᠡᠢᠯᠡᠨ ᠡᠯᠡᠰᠦ᠎ᠵᠢ ᠵᠠᠰᠠᠬᠤ ᠪᠠ ᠰᠠᠯᠬᠢᠨ ᠬᠦᠴᠦᠨ ᠴᠠᠬᠢᠯᠭᠠᠨ ᠭᠡᠷᠡᠯᠴᠢ ᠴᠡᠨᠡᠭ᠎ᠢ ᠨᠢᠭᠡ ᠴᠣᠭ᠍ᠴᠠᠵᠢᠭᠤᠯᠬᠤ ᠢᠨᠵᠧᠨᠧᠷᠢᠩ᠎ᠢ ᠨᠢᠭᠡᠳᠦᠯᠲᠡᠶ ᠲᠥᠯᠥᠪᠵᠢᠭᠦᠯᠦᠨ ᠠᠬᠢᠭᠤᠯᠵᠤ᠂ ᠦᠨᠳᠦᠷ ᠵᠢᠶᠠᠰᠨ ᠲᠠᠢ ᠭᠡᠷᠡᠯᠴᠢ ᠴᠡᠨᠡᠭ ᠬᠢᠭᠡᠳ ᠠᠮᠢ ᠠᠬᠤᠶ᠎ᠪᠠᠷ ᠡᠯᠡᠰᠦ᠎ᠵᠢ ᠵᠠᠰᠠᠬᠤ ᠠᠵᠢᠯ ᠲᠥᠷᠥᠯ᠎ᠦᠨ ᠪᠠᠷᠢᠮᠵᠢᠶ᠎ᠠ᠎ᠶ᠋ᠢ ᠲᠤᠭᠳᠠᠭᠠᠨ᠂ ᠬᠠᠪᠲᠠᠰᠤᠨ᠎ᠤ ᠳᠣᠣᠷ᠎ᠠ ᠪᠠ ᠬᠠᠪᠲᠠᠰᠤᠨ᠎ᠤ ᠬᠣᠭᠣᠷᠣᠨᠳᠣ ᠲᠠᠷᠢᠬᠤ ᠪᠠ ᠲᠡᠵᠢᠭᠡᠨ ᠦᠷᠡᠵᠢᠭᠦᠯᠬᠦ᠌᠎ᠶ᠋ᠢ ᠬᠣᠣᠰᠯᠠᠭᠤᠯᠬᠤ ᠱᠢᠨ᠎ᠡ ᠵᠠᠭ᠍ᠪᠤᠷ᠎ᠢ ᠳᠡᠯᠭᠡᠷᠡᠭᠦᠯᠵᠦ᠍᠂ ᠪᠣᠬᠢᠷᠲᠤᠯ ᠦᠭᠡᠶ ᠡᠨᠧᠷᠭᠢ ᠬᠢᠭᠡᠳ ᠠᠮᠢ ᠠᠬᠤᠶ᠎ᠶ᠋ᠢᠨ ᠮᠠᠯ ᠠᠵᠤ ᠠᠬᠤᠶ ᠲᠠᠷᠢᠶᠠᠯᠠᠩ᠎ᠢ ᠠᠭᠤᠰᠤᠯᠴᠠᠭᠤᠯᠤᠨ ᠬᠥᠭ᠌ᠵᠢᠭᠦᠯᠬᠦ᠌ ᠱᠢᠨ᠎ᠡ ᠠᠵᠤ ᠦᠢᠯᠡᠰ᠎ᠢ ᠪᠤᠵᠠᠭᠠᠢᠷᠠᠭᠤᠯᠪᠡᠯ ᠵᠤᠬᠢᠨ᠎ᠠ ᠭᠡᠵᠦ ᠰᠤᠷᠪᠤᠯᠵᠢᠯᠠᠭ᠍ᠴᠢ᠎ᠳᠤ ᠶᠠᠷᠢᠪᠠ᠃

ᠡᠭᠦᠨ᠎ᠡᠴᠡ ᠭᠠᠳᠠᠨ᠎ᠠ᠂ ᠤᠰᠤ ᠨᠥᠬᠥᠪᠥᠷᠢᠯᠡᠵᠦ᠍ ᠤᠰᠤ ᠲᠠᠲᠠᠬᠤ ᠲᠣᠮᠣ ᠬᠡᠯᠪᠡᠷᠢ᠎ᠶ᠋ᠢᠨ ᠢᠨᠵᠧᠨᠧᠷᠢᠩ᠎ᠢ ᠵᠣᠬᠢᠰᠲᠠᠶ ᠬᠡᠷᠡᠭ᠌ᠵᠢᠭᠦᠯᠵᠦ᠍᠂ ᠱᠢᠨ᠎ᠡ ᠡᠨᠧᠷᠭᠢ᠂ ᠱᠢᠨ᠎ᠡ ᠤᠰᠤᠨ ᠰᠤᠷᠪᠤᠯᠵᠢ᠎ᠪᠠᠷ ᠱᠢᠨ᠎ᠡ ᠣᠷᠣᠨ ᠵᠠᠶ᠂ ᠱᠢᠨ᠎ᠡ ᠬᠥᠭ᠌ᠵᠢᠯᠲᠡ᠎ᠶ᠋ᠢ ᠲᠤᠯᠭᠠᠭᠤᠷᠢᠯᠠᠵᠤ᠂ ᠨᠡᠭᠦᠷᠡᠰᠦᠲᠥ᠋ᠷᠥᠭ᠌ᠴᠢ᠎ᠶᠢᠨ ᠭᠠᠳᠠᠭᠰᠢᠯᠠᠭᠤᠯᠤᠯᠲᠠ᠎ᠵᠢ ᠪᠠᠭᠤᠷᠠᠭᠤᠯᠬᠤ᠂ ᠪᠣᠬᠢᠷᠲᠤᠯ᠎ᠢ ᠪᠠᠭᠠᠰᠭᠠᠬᠤ᠂ ᠨᠣᠭᠣᠭᠠᠷᠠᠭᠤᠯᠤᠯᠲᠠ᠎ᠶ᠋ᠢ ᠥᠷᠭᠡᠳᠭᠡᠬᠦ᠌᠂ ᠨᠡᠮᠡᠭ᠌ᠳᠡᠯ᠎ᠢ ᠥᠷᠭᠡᠳᠭᠡᠬᠦ᠌᠎ᠵᠢ ᠵᠤᠬᠢᠴᠠᠭᠤᠯᠤᠨ ᠠᠬᠢᠭᠤᠯᠵᠤ᠂ ᠶᠡᠷᠦᠩᠬᠡᠢᠯᠡᠭ᠌ᠰᠡᠨ ᠠᠷᠭ᠎ᠠ ᠪᠣᠳᠣᠯᠭ᠎ᠠ ᠬᠡᠷᠡᠭ᠌ᠵᠢᠭᠦᠯᠬᠦ᠌᠎ᠪᠡᠷ 《ᠨᠤᠮᠢᠨ ᠨᠤᠭᠤᠭᠠᠨ ᠨᠤᠲᠤᠭ ᠳᠡᠪᠢᠰᠭᠡᠷ》 ᠢ᠋ ᠦᠷᠬᠡᠳᠬᠡᠪᠠᠯ ᠵᠤᠬᠢᠨ᠎ᠠ ᠭᠡᠵᠦ ᠵᠣᠣ ᠵᠢᠶ ᠰᠠᠨᠠᠭᠤᠯᠪᠠ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠰᠠᠢᠨ᠎ᠠ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面