2024-03-08 11:21:40
《ᠮᠠᠨ᠎ᠤ ᠤᠯᠤᠰ᠎ᠤᠨ ᠬᠥᠳᠡᠯᠭᠡᠬᠦ᠌ ᠬᠦᠴᠦᠨ᠎ᠦ ᠳ᠋ᠢᠶᠡᠨ ᠤ᠋ᠤᠢ᠎ᠵᠢ ᠬᠣᠷᠢᠶᠠᠨ ᠠᠪᠬᠤ ᠠᠵᠢᠯ 2015 ᠣᠨ ᠤ ᠤᠷᠢᠳ ᠬᠣᠵᠢᠳ᠎ᠢᠶᠠᠷ ᠡᠬᠢᠯᠡᠵᠦ᠍᠂ ᠣᠳᠣᠬᠠᠨ᠎ᠳᠤ ᠬᠣᠷᠢᠶᠠᠨ ᠠᠪᠬᠤ ᠮᠡᠷᠭᠡᠵᠢᠯ ᠪᠣᠯᠪᠠᠰᠤᠷᠠᠩᠭᠤᠶ ᠪᠣᠯᠬᠤ ᠬᠠᠨᠳᠤᠰᠢ᠎ᠲᠠᠶ ᠪᠣᠯᠵᠣ᠂ ᠲᠥᠷᠥ᠎ᠶ᠋ᠢᠨ ᠪᠣᠳᠣᠯᠭ᠎ᠠ᠎ᠶ᠋ᠢᠨ ᠪᠠᠷᠢᠮᠵᠢᠶ᠎ᠠ ᠠᠯᠬᠤᠮ ᠠᠯᠬᠤᠮ ᠢᠶᠠᠷ ᠲᠡᠭᠦᠯᠳᠡᠷᠵᠢᠵᠦ᠍᠂ ᠠᠵᠤ ᠦᠶ᠋ᠯᠡᠰ᠎ᠦᠨ ᠬᠥᠭ᠌ᠵᠢᠯᠲᠡ ᠲᠣᠭ᠍ᠲᠠᠭᠤᠨ᠎ᠤ ᠳᠤᠮᠳᠠ ᠰᠠᠢᠵᠢᠷᠠᠪᠠ᠂ ᠭᠡᠪᠡᠴᠦ᠍ ᠵᠠᠬ᠎ᠠ ᠳᠡᠯᠭᠡᠭᠦᠷ᠎ᠦᠨ ᠭᠤᠤᠯ ᠴᠣᠭ᠍ᠴᠠ᠎ᠶ᠋ᠢᠨ ᠬᠠᠷᠢᠭᠤᠴᠠᠯᠭ᠎ᠠ ᠲᠣᠳᠣᠷᠬᠠᠶ ᠥᠬᠡᠶ᠂ ᠵᠠᠬ᠎ᠠ ᠳᠡᠯᠭᠡᠭᠦᠷ᠎ᠦᠨ ᠲᠣᠭ᠍ᠲᠡᠴᠡ ᠲᠡᠭᠦᠯᠳᠡᠷ ᠪᠤᠰᠤ ᠪᠠᠢᠬᠤ ᠵᠡᠷᠭᠡ ᠠᠰᠠᠭᠤᠳᠠᠯ ᠮᠥᠨ ᠬᠦ᠌ ᠣᠷᠣᠱᠢᠵᠤ ᠪᠠᠢᠨ᠎ᠠ᠃ ᠮᠠᠨ᠎ᠤ ᠤᠯᠤᠰ᠎ᠤᠨ ᠰᠠᠯᠬᠢᠨ ᠬᠦᠴᠦᠨ᠎ᠦ ᠴᠠᠬᠢᠯᠭᠠᠨ᠂ ᠬᠡᠷᠡᠯᠴᠢ ᠴᠡᠨᠡᠭ᠎ᠦᠨ ᠬᠤᠷᠢᠶᠠᠨ ᠠᠪᠬᠤ ᠠᠵᠤ ᠦᠶ᠋ᠯᠡᠰ ᠪᠠᠰᠠ ᠡᠬᠢᠯᠡᠯᠲᠡ᠎ᠶ᠋ᠢᠨ ᠱᠠᠲᠤᠨᠳ᠋ᠠᠭᠠᠨ ᠪᠠᠢᠵᠤ᠂ ᠬᠤᠷᠢᠶᠠᠨ ᠠᠪᠬᠤ ᠮᠡᠷᠭᠡᠵᠢᠯ᠂ ᠵᠠᠬ᠎ᠠ ᠳᠡᠯᠭᠡᠭᠦᠷ᠎ᠦᠨ ᠵᠠᠭ᠍ᠪᠤᠷ᠎ᠢ ᠴᠥᠮ ᠤᠯᠠᠮ ᠨᠡᠪᠴᠢᠭᠦᠯᠵᠦ᠍ ᠪᠣᠢᠵᠢᠭᠤᠯᠬᠤ ᠴᠢᠬᠤᠯᠠᠲᠠᠶ ᠪᠠᠢᠨ᠎ᠠ᠂ ᠬᠡᠷᠪᠡ ᠤᠷᠢᠳᠴᠢᠯᠠᠨ ᠲᠥᠯᠥᠪᠯᠡᠵᠦ᠍ ᠪᠠᠢᠷᠢᠯᠠᠭᠤᠯᠬᠤ ᠥᠬᠡᠶ ᠪᠣᠯ ᠶᠡᠬᠡ ᠬᠡᠪᠴᠢᠶ᠎ᠡ᠎ᠪᠡᠷ ᠬᠡᠷᠡᠭᠴᠡᠭᠡ ᠡᠴᠡ ᠭᠠᠷᠬᠤ ᠬᠤᠭᠤᠴᠠᠭ᠎ᠠ ᠬᠦᠷᠴᠦ᠍ ᠢᠷᠡᠬᠦ᠌᠎ᠳᠦ ᠯᠤᠲᠤ ᠶᠡᠬᠡ ᠱᠢᠶ᠋ᠳᠪᠦᠷᠢᠯᠡᠬᠦ᠌ ᠳᠠᠷᠤᠯᠲᠠ᠎ᠳᠤ ᠤᠴᠠᠷᠠᠬᠤ ᠪᠣᠯᠤᠨ᠎ᠠ》 ᠭᠡᠵᠦ ᠪᠦᠬᠦ᠌ ᠤᠯᠤᠰ᠎ᠤᠨ ᠤᠯᠤᠰ ᠲᠦᠷᠦ᠍ ᠶ᠋ᠢᠨ ᠵᠥᠪᠯᠡᠯᠭᠡᠨ᠎ᠦ ᠭᠡᠱᠢᠭᠦᠨ᠂ ᠥᠪᠥᠷ ᠮᠣᠩᠭᠣᠯ᠎ᠤᠨ ᠣᠷᠴᠢᠨ ᠲᠣᠭᠣᠷᠢᠨ᠎ᠤ ᠬᠠᠮᠠᠭᠠᠯᠠᠯᠲᠠ᠎ᠶ᠋ᠢᠨ ᠪᠡᠯᠡ ᠣᠷᠣᠭᠤᠯᠤᠯᠲᠠ᠎ᠶ᠋ᠢᠨ ᠪᠦᠯᠦᠭ᠌ᠯᠡᠯ ᠬᠢᠵᠠᠭᠠᠷᠲᠤ ᠺᠣᠮᠫᠠᠨᠢ᠎ᠶ᠋ᠢᠨ ᠪᠠᠢᠩᠭᠤ᠎ᠶ᠋ᠢᠨ ᠳᠡᠳ᠋ ᠶᠡᠷᠦᠩᠬᠡᠢ ᠳᠠᠭᠠᠭᠠᠮᠠᠯ ᠵᠠᠩ ᠯᠢ ᠸᠸᠨ ᠬᠡᠯᠡᠪᠡ᠃


ᠵᠠᠩ ᠯᠢ ᠸᠸᠨ᠂ ᠠᠰᠠᠭᠤᠳᠠᠯ᠎ᠢᠶᠠᠷ ᠤᠳᠤᠷᠢᠳᠤᠮᠵᠢ ᠪᠣᠯᠭᠠᠬᠤ᠎ᠶ᠋ᠢ ᠪᠠᠷᠢᠮᠲᠠᠯᠠᠵᠤ᠂ ᠨᠠᠷᠢᠯᠢᠭ ᠤᠨᠤᠪᠴᠢᠲᠠᠢ ᠪᠡᠷ ᠠᠷᠭ᠎ᠠ ᠪᠤᠳᠤᠯᠭ᠎ᠠ ᠬᠡᠷᠡᠭ᠌ᠵᠢᠭᠦᠯᠵᠦ᠍᠂ ᠱᠢᠨ᠎ᠡ ᠡᠨᠧᠷᠭᠢ᠎ᠶ᠋ᠢᠨ ᠠᠵᠤ ᠦᠢᠯᠡᠰ᠎ᠦᠨ ᠲᠠᠬᠢᠯᠳᠠ ᠡᠬᠢ ᠪᠠᠶᠠᠯᠢᠭ᠎ᠢ ᠬᠤᠷᠢᠶᠠᠨ ᠠᠪᠴᠤ᠌ ᠠᠱᠢᠭ᠍ᠯᠠᠬᠤ ᠱᠢᠰᠲᠸᠮ᠎ᠤᠨ ᠪᠠᠢᠭᠤᠯᠤᠯᠲᠠ᠎ᠶ᠋ᠢ ᠲᠦᠷᠦᠯ ᠬᠤᠪᠢᠶᠠᠨ ᠭᠦᠨᠵᠡᠭᠡᠢ ᠠᠬᠢᠭᠤᠯᠵᠤ᠂ ᠱᠢᠨ᠎ᠡ ᠡᠨᠧᠷᠭᠢ᠎ᠶ᠋ᠢᠨ ᠠᠵᠤ ᠦᠢᠯᠡᠰ᠎ᠦᠨ ᠪᠣᠬᠢᠷᠲᠤᠯ ᠦᠭᠡᠢ ᠪᠢᠲᠡᠭᠦᠦ ᠴᠠᠭᠠᠷᠢᠭ ᠢ᠋ ᠡᠷᠲᠡᠬᠡᠨ ᠪᠡᠶᠡᠯᠡᠭᠦᠯᠬᠦ᠌᠎ᠶ᠋ᠢ ᠠᠬᠢᠭᠤᠯᠪᠠᠯ ᠵᠣᠬᠢᠨ᠎ᠠ ᠭᠡᠵᠦ ᠦᠵᠡᠵᠦ ᠪᠠᠢᠨ᠎ᠠ᠃
ᠡᠭᠦᠨ ᠤ᠋ ᠲᠤᠯᠠᠳᠠ᠂ ᠲᠡᠷᠡ ᠲᠣᠨᠣᠭ ᠲᠥᠬᠥᠭᠡᠷᠦᠮᠵᠢ᠎ᠶ᠋ᠢᠨ ᠬᠡᠷᠡᠭᠴᠡᠭᠡ᠎ᠡᠴᠡ ᠭᠠᠷᠬᠤ᠂ ᠱᠠᠲᠤᠯᠢᠭ ᠠᠱᠢᠭ᠍ᠯᠠᠬᠤ᠂ ᠳᠠᠬᠢᠨ ᠦᠶ᠋ᠯᠡᠳᠬᠦ᠌᠂ ᠲᠠᠬᠢᠨ ᠠᠱᠢᠭ᠍ᠯᠠᠬᠤ᠂ ᠪᠣᠬᠢᠷᠲᠤᠯ ᠥᠬᠡᠶ ᠵᠢᠷᠤᠭ ᠲᠥᠯᠥᠪᠯᠡᠭᠡ ᠵᠡᠷᠭᠡ ᠵᠠᠩᠭᠢᠯᠠᠭ᠎ᠠ᠎ᠶ᠋ᠢᠨ ᠭᠣᠭ᠍ᠴᠣᠭ᠎ᠠ ᠵᠢᠴᠢ ᠬᠤᠷᠢᠶᠠᠨ ᠠᠪᠬᠤ ᠮᠡᠷᠭᠡᠵᠢᠯ᠂ ᠠᠮᠤᠷ ᠲᠦᠪᠱᠢᠨ ᠣᠷᠴᠢᠨ ᠲᠣᠭᠣᠷᠢᠨ᠎ᠤ ᠬᠠᠮᠠᠭᠠᠯᠠᠯᠲᠠ᠂ ᠵᠥᠪᠱᠢᠶᠡᠷᠡᠬᠦ ᠪᠠᠷᠢᠮᠵᠢᠶ᠎ᠠ᠂ ᠭᠡᠷᠡᠴᠢᠯᠡᠯ ᠦᠨᠡᠯᠡᠯᠲᠡ ᠵᠡᠷᠭᠡ ᠵᠠᠩᠭᠢᠯᠠᠭ᠎ᠠ᠎ᠶ᠋ᠢᠨ ᠡᠯᠧᠮᠧᠨ᠋ᠲ᠎ᠦᠨ ᠪᠠᠷᠢᠮᠵᠢᠶᠠᠵᠢᠭᠤᠯᠤᠯᠲᠠ᠎ᠶ᠋ᠢᠨ ᠱᠢᠰᠲ᠋ᠧᠮ᠎ᠢ ᠲᠦᠷᠭᠡᠳᠭᠡᠨ ᠪᠠᠢᠭᠤᠯᠵᠤ ᠪᠦᠷᠬᠦᠭᠦᠯᠬᠦ ᠬᠡᠷᠡᠭ᠌ᠲᠡᠶ; ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌ ᠳᠡᠮᠵᠢᠯᠭᠡ᠎ᠶ᠋ᠢ ᠴᠢᠩᠭᠠᠳᠭᠠᠵᠤ᠂ ᠳ᠋ᠢᠶᠠᠨ ᡂᠢ᠎ᠶ᠋ᠢ ᠬᠣᠷᠢᠶᠠᠨ ᠠᠪᠬᠤ ᠬᠦᠷᠢᠶᠠᠳᠦ᠂ ᠠᠵᠤ ᠠᠬᠤᠢᠯᠠᠯ᠎ᠤᠨ ᠬᠥᠳᠡᠯᠭᠡᠬᠦ᠌ ᠬᠦᠴᠦᠨ᠎ᠦ ᠳ᠋ᠢᠶᠠᠨ ᡂᠢ᠎ᠶ᠋ᠢ ᠣᠶᠤᠨᠴᠢ᠎ᠪᠠᠷ ᠵᠠᠳᠠᠯᠬᠤ᠂ ᠬᠠᠶᠠᠭ᠍ᠳᠠᠮᠠᠯ ᠬᠠᠭᠤᠴᠢᠨ ᠯᠢᠲ᠋ᠢ᠎ᠶ᠋ᠢᠨ ᠳ᠋ᠢᠶᠠᠨ ᡂᠢ᠎ᠶ᠋ᠢ ᠬᠡᠮᠬᠡᠯᠦᠨ ᠬᠡᠰᠡᠭ᠌ᠯᠡᠵᠦ᠍ ᠰᠢᠯᠢᠨ ᠰᠣᠩᠭᠣᠵᠤ ᠥᠨᠳᠥᠷ ᠥᠷᠲᠡᠭ᠌ᠲᠦ ᠳᠠᠬᠢᠨ ᠡᠭᠦᠰᠬᠦ ᠤᠷ᠎ᠠ ᠮᠡᠷᠭᠡᠱᠢᠯ᠎ᠦᠨ ᠲᠣᠭᠣᠷᠢᠨ᠎ᠳᠤ ᠮᠡᠷᠭᠡᠵᠢᠯ᠎ᠦᠨ ᠱᠢᠨ᠎ᠡ᠎ᠶ᠋ᠢ ᠡᠭᠦᠳᠴᠦ᠍ ᠲᠠᠰ ᠳᠡᠪᠱᠢᠭᠦᠯᠬᠦ᠌᠎ᠶ᠋ᠢ ᠳᠡᠮᠵᠢᠬᠦ᠌ ᠬᠡᠷᠡᠭ᠌ᠲᠡᠶ᠃ ᠰᠠᠯᠬᠢᠨ ᠬᠦᠴᠦᠨ ᠵᠢᠡᠷ ᠴᠠᠭᠢᠯᠭᠠᠨ ᠭᠠᠷᠭᠠᠬᠤ ᠮᠠᠱᠢᠨᠤ᠋ ᠰᠠᠷᠬᠢᠷᠠᠭᠤᠯ ᠢ᠋ ᠬᠣᠷᠢᠶᠠᠨ ᠠᠪᠬᠤ ᠬᠦᠷᠢᠶᠡᠨ᠎ᠳᠦ᠂ ᠲᠤᠰᠭᠠᠶ ᠵᠦᠶ᠋ᠯ᠎ᠦᠨ ᠰᠤᠳᠤᠯᠤᠨ ᠨᠡᠭᠡᠭᠡᠬᠦ᠌ ᠲᠥᠯᠥᠪᠯᠡᠭᠡ ᠭᠠᠷᠭᠠᠵᠤ᠂ ᠰᠠᠷᠬᠢᠷᠠᠭᠤᠯ ᠢ᠋ ᠡᠬᠢ ᠪᠠᠶᠠᠯᠢᠭ᠍ᠵᠢᠭᠤᠯᠤᠨ ᠳᠠᠬᠢᠨ ᠠᠱᠢᠭ᠍ᠯᠠᠬᠤ ᠂ ᠪᠣᠬᠢᠷᠲᠤᠯ ᠥᠬᠡᠶ ᠣᠷᠣᠯᠠᠭᠤᠯᠬᠤ ᠮᠠᠲ᠋ᠧᠷᠢᠶᠠᠯ ᠵᠡᠷᠭᠡ ᠵᠠᠩᠭᠢᠯᠠᠭ᠎ᠠ᠎ᠶ᠋ᠢᠨ ᠮᠡᠷᠭᠡᠵᠢᠯ ᠦᠨ ᠪᠣᠭᠣᠮᠲᠠ ᠱᠢᠪᠲᠤᠯᠬᠤ᠎ᠶ᠋ᠢ ᠲᠥᠪᠯᠡᠷᠡᠭᠦᠯᠦᠨ ᠥᠷᠨᠢᠭᠦᠯᠬᠦ᠌᠎ᠶ᠋ᠢ ᠬᠦᠰᠡᠵᠦ᠍ ᠪᠠᠢᠨ᠎ᠠ᠃ ᠬᠡᠷᠡᠯᠴᠢ ᠴᠡᠨᠡᠭ᠎ᠢ ᠬᠤᠷᠢᠶᠠᠨ ᠠᠪᠬᠤ ᠬᠦᠷᠢᠶ᠎ᠡ᠎ᠳᠤ᠂ ᠬᠤᠷᠢᠶᠠᠨ ᠠᠪᠬᠤ ᠠᠱᠢᠭ᠍ᠯᠠᠬᠤ ᠮᠡᠷᠭᠡᠵᠢᠯ᠎ᠦᠨ ᠦᠷ᠎ᠡ ᠪᠦᠲᠦᠭᠡᠯ᠎ᠢ ᠤᠨᠳᠤᠤᠰᠢᠭᠤᠯᠬᠤ ᠪᠠ ᠳᠡᠯᠭᠡᠷᠡᠭᠦᠯᠦᠨ ᠬᠡᠷᠡᠭ᠌ᠯᠡᠬᠦ᠌᠎ᠶ᠋ᠢ ᠴᠢᠩᠭᠠᠳᠭᠠᠵᠤ᠂ ᠱᠢᠨᠵᠢᠯᠡᠬᠦ᠌ ᠤᠬᠠᠭᠠᠨ᠎ᠤ ᠰᠤᠳᠤᠯᠭᠠᠨ᠎ᠤ ᠦᠷ᠎ᠡ ᠪᠦᠲᠦᠭᠡᠯ᠎ᠢ ᠠᠵᠤ ᠦᠢᠯᠡᠰᠵᠢᠭᠦᠯᠬᠦ᠌᠎ᠶ᠋ᠢ ᠲᠦᠷᠭᠡᠳᠭᠡᠪᠡᠯ ᠵᠤᠬᠢᠨ᠎ᠠ ᠭᠡᠵᠦ᠍ ᠰᠠᠨᠠᠭᠤᠯᠪᠠ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠰᠠᠢᠨ᠎ᠠ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃