2024ᠤᠨ᠎ᠤ᠋ ᠪᠦᠬᠦ ᠤᠯᠤᠰ᠎ᠤ᠋ᠨ ᠬᠣᠶᠠᠷ ᠬᠤᠷᠠᠯ > ᠶᠠᠷᠢᠯᠴᠠᠭ᠎ᠠ

2024-03-08 11:13:26

ᠵᠣᠬᠢᠶᠠᠭ᠍ᠴᠢ᠄ ᠬᠤᠤ ᠵᠢᠶᠠ ᠯᠢ ᠮᠠ ᠵᠢᠶᠠᠨ ᠴᠢᠤᠸᠠᠨ ᠣᠩᠱᠢᠭ᠍ᠰᠠᠨ ᠣᠳᠠᠭ᠎ᠠ᠄ 3

《ᠣᠳᠣᠬᠢᠴᠢᠯᠠᠭ᠍ᠰᠠᠨ ᠠᠵᠤ ᠦᠢᠯᠡᠰ᠎ᠦᠨ ᠱᠢᠰᠲ᠋ᠧᠮ᠎ᠦᠨ ᠪᠠᠢᠭᠤᠯᠤᠯᠲᠠ᠎ᠶ᠋ᠢ ᠶᠡᠬᠡ ᠪᠡᠷ ᠠᠬᠢᠭᠤᠯᠵᠤ᠂ ᠱᠢᠨ᠎ᠡ ᠴᠢᠨᠠᠷ ᠪᠦᠬᠦᠢ ᠦᠢᠯᠡᠳᠪᠦᠷᠢᠯᠡᠯ᠎ᠦᠨ ᠬᠦᠴᠦᠨ᠎ᠢ ᠲᠦᠷᠭᠡᠳᠭᠡᠨ ᠬᠥᠭ᠌ᠵᠢᠭᠦᠯᠦᠨ᠎ᠠ》᠂ ᠵᠠᠰᠠᠭ᠎ᠤᠨ ᠣᠷᠳᠣᠨ᠎ᠤ ᠠᠵᠢᠯ᠎ᠤᠨ ᠢᠯᠡᠳᠭᠡᠯ᠎ᠳᠡᠬᠢ ᠡᠨᠡ ᠬᠦ᠌ ᠦᠭᠡ ᠨᠢ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠥᠯᠥᠭᠡᠯᠡᠭ᠌ᠴᠢ᠂ ᠥᠪᠥᠷ ᠮᠣᠩᠭᠣᠯ᠎ᠤᠨ ᠮᠸᠩ ᠨᠢᠤ ᠴᠠᠭᠠᠨ ᠢᠳᠡᠭᠡᠨ᠎ᠤ ᠦᠢᠯᠡᠰ (ᠪᠦᠯᠦᠭ᠌ᠯᠡᠯ) ᠤ᠋ᠨ ᠬᠤᠪᠢᠴᠠᠭᠠᠳᠤ ᠬᠢᠵᠠᠭᠠᠷᠲᠤ ᠺᠣᠮᠫᠠᠨᠢ᠎ᠶ᠋ᠢᠨ ᠰᠤᠳᠤᠯᠤᠨ ᠨᠡᠭᠡᠭᠡᠵᠤ ᠱᠢᠨ᠎ᠡ᠎ᠶ᠋ᠢ ᠡᠭᠦᠳᠬᠦ᠌ ᠬᠡᠯᠲᠡᠰ᠎ᠦᠨ ᠰᠤᠳᠤᠯᠤᠨ ᠨᠡᠭᠡᠭᠡᠬᠦ᠌ ᠶᠡᠷᠦᠩᠬᠡᠢ ᠬᠢᠨᠠᠭ᠍ᠴᠢ ᠱ᠌ᠢ ᠢᠦᠢ ᠳ᠋ᠦᠩ᠎ᠢ ᠮᠠᠰᠢ ᠤᠷᠮᠠᠱᠢᠭᠤᠯᠵᠠᠢ᠂ ᠤᠴᠢᠷ ᠨᠢ ᠲᠡᠭᠦᠨ᠎ᠦ ᠳᠡᠪᠱᠢᠭᠦᠯᠦᠭ᠌ᠰᠡᠨ ᠰᠠᠨᠠᠭᠤᠯᠭ᠎ᠠ ᠨᠢ ᠶᠠᠭ ᠡᠨᠡ ᠬᠦ᠌ ᠠᠭᠤᠯᠭ᠎ᠠ᠎ᠲᠠᠶ ᠨᠡᠢᠴᠡᠪᠠ᠃


QQ截图20240308111555.png

ᠱ᠌ᠢ ᠢᠦᠶ ᠳ᠋ᠦᠩ᠎ᠦᠨ 《ᠴᠠᠭᠠᠨ ᠢᠳᠡᠭᠡᠨ᠎ᠦ ᠳᠠᠭᠠᠭᠤᠯᠤᠭᠴᠢ ᠠᠵᠤ ᠠᠬᠤᠢᠯᠠᠯ᠎ᠢ ᠬᠥᠲᠥᠯᠥᠨ ᠵᠢᠯᠣᠭᠣᠳᠴᠤ᠌ ᠴᠠᠭᠠᠨ ᠢᠳᠡᠭᠡᠨ ᠢ᠋ ᠨᠠᠷᠢᠯᠢᠭ ᠡᠳ᠋ᠱᠢᠭᠦᠯᠬᠦ᠌ ᠠᠵᠤ ᠦᠶ᠋ᠯᠡᠰ᠎ᠢ ᠬᠦᠴᠦᠷᠬᠡᠭ᠌ᠵᠢᠭᠦᠯᠦᠨ ᠪᠤᠵᠠᠭᠠᠢᠷᠠᠭᠤᠯᠵᠤ ᠰᠦ ᠵᠢᠨ ᠦᠶ᠋ᠯᠡᠰ᠎ᠦᠨ ᠪᠥᠬᠥ᠌ ᠬᠡᠯᠬᠢᠶᠡᠨ᠎ᠦ ᠲᠠᠰ ᠳᠡᠪᠱᠢᠬᠦ᠌᠎ᠶ᠋ᠢ ᠠᠬᠢᠭᠤᠯᠬᠤ ᠲᠤᠬᠠᠶ ᠰᠠᠨᠠᠭᠤᠯᠭ᠎ᠠ》 ᠵᠡᠷᠭᠡ 5 ᠰᠠᠨᠠᠭᠤᠯᠭ᠎ᠠ ᠨᠢ ᠴᠥᠮ ᠴᠠᠭᠠᠨ ᠢᠳᠠᠭᠡᠨ᠎ᠤ ᠦᠶ᠋ᠯᠡᠰ᠎ᠦᠨ ᠱᠢᠨ᠎ᠡ ᠴᠢᠨᠠᠷ ᠪᠦᠬᠦᠢ ᠦᠶ᠋ᠯᠡᠳᠪᠦᠷᠢᠯᠡᠯ᠎ᠦᠨ ᠬᠦᠴᠦᠨ᠎ᠢ ᠲᠦᠷᠭᠡᠨ ᠪᠣᠢᠵᠢᠭᠤᠯᠵᠤ᠂ ᠴᠠᠭᠠᠨ ᠢᠳᠡᠭᠡᠨ᠎ᠤ ᠦᠶ᠋ᠯᠡᠰ᠎ᠦᠨ ᠴᠢᠨᠠᠷ ᠰᠠᠢᠲᠠᠶ ᠬᠥᠭ᠌ᠵᠢᠯᠲᠡ᠎ᠶ᠋ᠢ ᠠᠬᠢᠭᠤᠯᠬᠤ ᠲᠤᠬᠠᠢ ᠳᠤᠷᠠᠳᠤᠭᠰᠠᠨ ᠶᠤᠮ᠃

ᠱ᠌ᠢ ᠢᠦᠢ ᠳ᠋ᠦᠩ᠂ ᠴᠢᠨᠠᠷ ᠰᠠᠢᠲᠠᠢ ᠬᠥᠭ᠌ᠵᠢᠯᠲᠡ᠎ᠶ᠋ᠢᠨ ᠱᠢᠨ᠎ᠡ ᠪᠠᠢᠳᠠᠯ ᠱᠢᠨ᠎ᠡ ᠱᠠᠭᠠᠷᠳᠠᠯᠭ᠎ᠠ᠎ᠶ᠋ᠢᠨ ᠡᠮᠦᠨ᠎ᠡ᠂ ᠴᠠᠭᠠᠨ ᠢᠳᠡᠭᠡᠨ᠎ᠦ ᠠᠵᠢᠯ ᠲᠦᠷᠦᠯ᠎ᠦᠨ ᠮᠡᠷᠭᠡᠵᠢᠯ᠎ᠢ ᠰᠤᠳᠤᠯᠤᠨ ᠨᠡᠭᠡᠭᠡᠬᠦ᠌᠂ ᠦᠢᠯᠡᠳᠬᠦᠨ᠎ᠦ ᠱᠢᠨ᠎ᠡ᠎ᠶ᠋ᠢ ᠡᠭᠦᠳᠬᠦ᠌ ᠪᠠ ᠪᠠᠷᠢᠮᠵᠢᠶᠠᠵᠢᠭᠤᠯᠤᠯᠳᠠ ᠵᠢᠨ ᠬᠠᠤᠯᠢ᠎ᠶ᠋ᠢᠨ ᠱᠢᠰᠲᠸᠮ᠎ᠢ ᠵᠣᠬᠢᠴᠠᠭᠤᠯᠤᠨ ᠬᠥᠭ᠌ᠵᠢᠭᠦᠯᠬᠦ᠌᠎ᠶ᠋ᠢ ᠬᠡᠷᠬᠢᠨ ᠠᠬᠢᠭᠤᠯᠵᠤ᠂ ᠱᠢᠨ᠎ᠡ ᠴᠢᠨᠠᠷ ᠪᠦᠬᠦᠢ ᠦᠢᠯᠡᠳᠪᠦᠷᠢᠯᠡᠯ᠎ᠦᠨ ᠬᠦᠴᠦᠨ᠎ᠢ ᠪᠦᠬᠦ᠌ ᠲᠠᠯ᠎ᠠ᠎ᠪᠠᠷ ᠪᠣᠢᠵᠢᠭᠤᠯᠬᠤ ᠨᠢ ᠨᠢᠭᠡᠨᠲᠡ ᠴᠠᠭᠠᠨ ᠢᠳᠡᠭᠡᠨ᠎ᠦ ᠠᠵᠢᠯ ᠲᠦᠷᠦᠯ᠎ᠳᠦ ᠲᠤᠯᠭᠠᠷᠠᠵᠤ ᠪᠠᠢᠭ᠎ᠠ ᠴᠢᠬᠤᠯᠠ ᠰᠡᠳᠦᠪ ᠪᠣᠯᠵᠠᠢ᠃ ᠣᠳᠣᠬᠠᠨ ᠳ᠋ᠤ ᠮᠠᠨ ᠤ᠋ ᠤᠯᠤᠰ ᠤ᠋ᠨ ᠴᠠᠭᠠᠨ ᠢᠳᠡᠭᠡᠨ᠎ᠤ ᠦᠢᠯᠡᠰ ᠤ᠋ᠨ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ ᠤ᠋ᠨ ᠱᠢᠨ᠎ᠡ ᠶ᠋ᠢ ᠡᠭᠦᠳᠬᠦ᠌ ᠶᠠᠪᠤᠴᠠ ᠳ᠋ᠤ ᠮᠥᠨ ᠬᠦ᠌ ᠵᠠᠷᠢᠮ ᠬᠦᠴᠢᠷᠳᠡᠯ ᠪᠠ ᠠᠰᠠᠭᠤᠳᠠᠯ ᠣᠷᠣᠱᠢᠵᠤ ᠪᠤᠢ᠂ ᠵᠢᠱ᠌ᠢᠶᠡᠯᠡᠪᠡᠯ ᠱᠢᠨ᠎ᠡ ᠤᠷ᠎ᠠ ᠮᠡᠷᠭᠡᠵᠢᠯ ᠨᠢ ᠴᠠᠭᠠᠨ ᠢᠳᠡᠭᠡᠨ ᠢ᠋ ᠪᠣᠯᠪᠠᠰᠤᠷᠠᠭᠤᠯᠬᠤ ᠶᠠᠪᠤᠴᠠ ᠳ᠋ᠤ ᠭᠦᠢᠴᠡᠳ ᠬᠡᠷᠡᠭᠯᠡᠭᠳᠡᠵᠤ ᠦᠭᠡᠢ᠂ ᠥᠨᠳᠥᠷ ᠨᠡᠮᠡᠯᠲᠡ ᠦᠷᠳᠡᠭ ᠪᠦᠬᠦᠢ ᠴᠠᠭᠠᠨ ᠢᠳᠡᠭᠡᠨ ᠢ᠋ ᠪᠣᠯᠪᠠᠰᠤᠷᠠᠭᠤᠯᠵᠤ ᠪᠠᠢᠬᠤ ᠨᠢ ᠬᠦᠷᠦᠯᠴᠡᠬᠦ᠌ ᠦᠭᠡᠢ ᠪᠠᠢᠬᠤ ᠵᠡᠷᠭᠡ ᠠᠰᠠᠭᠤᠳᠠᠯ ᠨᠢ ᠴᠠᠭᠠᠨ ᠢᠳᠡᠭᠡᠨ ᠤ᠋ ᠠᠵᠢᠯ ᠲᠦᠷᠦᠯ ᠤ᠋ᠨ ᠬᠥᠭ᠌ᠵᠢᠯᠲᠡ ᠶ᠋ᠢ ᠬᠢᠵᠠᠭᠠᠷᠯᠠᠵᠤ ᠪᠠᠢᠨ᠎ᠠ ᠭᠡᠵᠠᠢ᠃

ᠱ᠌ᠢ ᠢᠦᠶ ᠳ᠋ᠦᠩ᠄《ᠬᠣᠯᠪᠣᠭ᠍ᠳᠠᠯ ᠪᠥᠬᠥᠶ ᠰᠠᠯᠠᠭ᠎ᠠ ᠮᠥᠴᠢᠷ᠎ᠦᠨ᠎ᠬᠢᠨ ᠬᠤᠯᠪᠤᠭᠳᠠᠯ ᠪᠥᠬᠥᠶ ᠵᠣᠷᠢᠭ᠍ᠵᠢᠭᠤᠯᠬᠤ ᠲᠥᠷᠥ᠎ᠶ᠋ᠢᠨ ᠪᠣᠳᠣᠯᠭ᠎ᠠ᠎ᠶ᠋ᠢ ᠲᠦᠷᠭᠡᠨ ᠲᠣᠭ᠍ᠲᠠᠭᠠᠵᠤ᠂ ᠴᠠᠭᠠᠨ ᠢᠳᠡᠭᠡᠨ᠎ᠦ ᠠᠵᠢᠯ ᠲᠥᠷᠥᠯ᠎ᠦᠨ ᠱᠢᠨ᠎ᠡ᠎ᠶ᠋ᠢ ᠡᠭᠦᠳᠬᠦ᠌ ᠬᠥᠭ᠌ᠵᠢᠯᠲᠡ᠎ᠶ᠋ᠢᠨ ᠠᠷᠭ᠎ᠠ ᠵᠠᠮ᠎ᠢ ᠱᠢᠯᠤᠭᠤᠳᠭᠠᠵᠤ᠂ ᠴᠠᠭᠠᠨ ᠢᠳᠡᠭᠡᠨ᠎ᠦ ᠠᠵᠢᠯ ᠲᠥᠷᠥᠯ᠎ᠦᠨ ᠱᠢᠨ᠎ᠡ ᠦᠶ᠋ᠯᠡᠳᠬᠦᠨ ᠰᠤᠳᠤᠯᠤᠨ ᠨᠡᠭᠡᠭᠡᠬᠦ᠌ ᠬᠤᠷᠳᠤᠴᠠ ᠵᠢ ᠲᠦᠷᠭᠡᠳᠭᠡᠬᠦ᠌ ᠵᠢ ᠰᠠᠨᠠᠭᠤᠯᠵᠤ ᠪᠠᠢᠨ᠎ᠠ᠂ ᠡᠭᠦᠨ᠎ᠦ ᠬᠠᠮᠲᠤ ᠪᠠᠰᠠ ᠠᠵᠤ ᠠᠬᠤᠢᠯᠠᠯ᠎ᠤᠨ ᠬᠢᠨ ᠤᠯᠤᠰ᠎ᠤᠨ ᠪᠠᠢᠳᠠᠯ ᠳ᠋ᠠᠭᠠᠨ ᠨᠡᠢᠴᠡᠭ᠌ᠰᠡᠨ ᠰᠦ ᠵᠢᠨ ᠪᠦᠷᠢᠯᠳᠦᠭᠦᠨ᠎ᠢ ᠨᠡᠭᠡᠭᠡᠨ ᠬᠥᠭ᠌ᠵᠢᠭᠦᠯᠬᠦ᠌ ᠰᠤᠳᠤᠯᠭᠠᠨ᠎ᠤ ᠱᠢᠰᠲ᠋ᠧᠮ ᠢ᠋ ᠰᠦᠪᠡᠭᠴᠢᠯᠡᠨ ᠪᠠᠢᠭᠤᠯᠬᠤ᠎ᠶ᠋ᠢ ᠵᠣᠷᠢᠭ᠍ᠵᠢᠭᠤᠯᠵᠤ᠂ ᠰᠦ ᠵᠢᠨ ᠲᠡᠮᠦᠷ᠎ᠦᠨ ᠤᠭᠤᠷᠠᠭ ᠵᠡᠷᠭᠡ ᠰᠦ ᠵᠢᠨ ᠴᠢᠳᠠᠮᠵᠢ ᠲᠠᠢ ᠪᠦᠷᠢᠯᠳᠦᠬᠦᠨ᠎ᠢ ᠠᠵᠤ ᠦᠢᠯᠡᠰᠵᠢᠭᠦᠯᠬᠦ᠌ ᠮᠡᠷᠭᠡᠵᠢᠯ ᠬᠢᠭᠡᠳ ᠪᠡᠶᠡᠯᠡᠭᠦᠯᠬᠦ᠌ ᠠᠷᠭ᠎ᠠ ᠵᠠᠮ᠎ᠢ ᠰᠤᠳᠤᠯᠵᠤ᠂ ᠴᠠᠭᠠᠨ ᠢᠳᠡᠭᠡᠨ᠎ᠤ ᠦᠶ᠋ᠯᠡᠰ᠎ᠦᠨ ᠮᠡᠷᠭᠡᠵᠢᠯ᠎ᠦᠨ ᠱᠢᠨᠡᠴᠢᠯᠡᠯᠲᠡ᠎ᠶ᠋ᠢ ᠠᠬᠢᠭᠤᠯᠬᠤ ᠬᠡᠷᠡᠭᠳᠠᠢ》 ᠭᠡᠵᠡᠶ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠰᠠᠢᠨ᠎ᠠ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面