2024ᠤᠨ᠎ᠤ᠋ ᠪᠦᠬᠦ ᠤᠯᠤᠰ᠎ᠤ᠋ᠨ ᠬᠣᠶᠠᠷ ᠬᠤᠷᠠᠯ > ᠶᠠᠷᠢᠯᠴᠠᠭ᠎ᠠ

2024-03-09 15:37:04

ᠵᠣᠬᠢᠶᠠᠭ᠍ᠴᠢ᠄ ᠵᠠᠩ ᠺᠦᠶ᠂ ᠮᠦᠩᠬᠡᠴᠢᠯᠠᠭᠤ ᠣᠩᠱᠢᠭ᠍ᠰᠠᠨ ᠣᠳᠠᠭ᠎ᠠ᠄ 3

《ᠶᠡᠷᠦᠩᠬᠡᠶ ᠰᠠᠢᠳ ᠯᠢ ᠴᠢᠶᠠᠩ ᠵᠠᠰᠠᠭ᠎ᠤᠨ ᠣᠷᠳᠣᠨ᠎ᠤ ᠠᠵᠢᠯ᠎ᠤᠨ ᠢᠯᠡᠳᠭᠡᠯ᠎ᠳᠡᠭᠡᠨ ᠠᠮᠢ ᠠᠬᠤᠶ᠎ᠶ᠋ᠢᠨ ᠪᠣᠯᠪᠠᠰᠤᠨ᠎ᠤ ᠪᠠᠢᠭᠤᠯᠤᠯᠲᠠ᠎ᠶ᠋ᠢ ᠴᠢᠩᠭᠠᠳᠭᠠᠬᠤ ᠲᠤᠬᠠᠶ ᠪᠠᠢᠷᠢᠯᠠᠭᠤᠯᠤᠯᠲᠠ ᠬᠢᠵᠦ᠍᠂ ᠪᠢᠳᠡᠨ᠎ᠦ ᠬᠥᠬᠡᠮᠳᠦᠭ ᠨᠣᠭᠣᠭᠠᠨ ᠠᠭᠤᠯᠠ ᠤᠰᠤ ᠪᠣᠯ ᠠᠯᠲᠠ ᠮᠥᠩᠭᠥᠨ ᠠᠭᠤᠯᠠ ᠮᠥᠨ ᠭᠡᠬᠦ᠌ ᠣᠢᠯᠠᠭᠠᠭ᠍ᠳᠠᠬᠤᠨ᠎ᠢ ᠭᠦᠨᠵᠡᠭᠡᠶ ᠦᠶ᠋ᠯᠡᠳᠦᠯᠭᠡᠵᠢᠭᠦᠯᠬᠦ᠌᠂ ᠱᠢᠨ᠎ᠡ ᠴᠠᠭ ᠦᠶ᠎ᠡ᠎ᠶ᠋ᠢᠨ ᠠᠮᠢ ᠠᠬᠤᠶ᠎ᠶ᠋ᠢᠨ ᠪᠣᠯᠪᠠᠰᠤᠨ᠎ᠤ ᠪᠠᠢᠭᠤᠯᠤᠯᠲᠠ᠎ᠶ᠋ᠢᠨ ᠱᠢᠨ᠎ᠡ ᠬᠠᠭᠤᠳᠠᠰᠤ᠎ᠶ᠋ᠢ ᠴᠢᠷᠮᠠᠢᠨ ᠪᠢᠴᠢᠭ᠌ᠯᠡᠬᠦ᠌᠎ᠳᠦ ᠭᠤᠤᠯᠳᠠᠯᠭ᠎ᠠ᠎ᠶ᠋ᠢ ᠲᠣᠳᠣᠷᠬᠠᠢᠯᠠᠵᠤ ᠦᠭᠪᠡ》 ᠭᠡᠵᠦ᠍ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠥᠯᠥᠭᠡᠯᠡᠭ᠌ᠴᠢ᠂ ᠪᠠᠶᠠᠨᠨᠠᠭᠤᠷ ᠬᠤᠳᠠ᠎ᠶ᠋ᠢᠨ ᠬᠤᠲᠠ᠎ᠶᠢᠨ ᠳᠠᠷᠤᠭ᠎ᠠ ᠸᠠᠩ ᡁᠢ ᠫᠢᠩ ᠬᠡᠯᠡᠪᠡ᠃


QQ截图20230830105910.png


ᠪᠠᠶᠠᠨᠨᠠᠭᠤᠷ ᠬᠠᠲᠤᠨ ᠭᠤᠤᠯ᠎ᠤᠨ 《ᠶᠡᠬᠡ ᠲᠣᠬᠣᠶ ᠤᠷᠤᠨ》᠎ᠤ᠋ ᠣᠷᠣᠶ᠎ᠶᠢᠨ ᠬᠡᠰᠡᠭ᠎ᠲᠤ ᠪᠠᠢᠷᠢᠯᠠᠵᠤ᠂ ᠤᠯᠤᠰ᠎ᠤᠨ 《ᠭᠤᠷᠪᠠᠨ ᠣᠷᠣᠨ ᠳᠥᠷᠪᠡᠨ ᠪᠦᠰᠡ》 ᠶ᠋ᠢᠨ ᠬᠠᠲᠤᠨ ᠭᠤᠤᠯ᠎ᠤᠨ ᠭᠤᠤᠯᠳᠠᠯᠭ᠎ᠠ᠎ᠲᠠᠶ ᠠᠮᠢ ᠠᠬᠤᠶ᠎ᠶ᠋ᠢᠨ ᠣᠷᠣᠨ ᠪᠠ ᠤᠮᠠᠷᠠᠲᠤ᠎ᠶ᠋ᠢᠨ ᠡᠯᠡᠰᠦᠷᠭᠡᠭᠵᠢᠯ᠎ᠢ ᠰᠡᠷᠭᠡᠢᠯᠡᠬᠦ᠌ ᠪᠦᠰᠡ᠎ᠳᠦ ᠤᠷᠤᠰᠢᠵᠤ᠂ ᠠᠮᠢ ᠠᠬᠤᠶ᠎ᠶ᠋ᠢᠨ ᠪᠠᠢᠷᠢ ᠰᠠᠭᠤᠷᠢ ᠨᠢ ᠮᠠᠰᠢ ᠴᠢᠬᠤᠯᠠ ᠶᠤᠮ᠃ ᠸᠠᠩ ᡁᠢ ᠫᠢᠩ᠂ 《ᠪᠢᠳᠡ ᠬᠦᠰᠡᠯ ᠨᠠᠢᠳᠠᠯᠭ᠎ᠠ᠎ᠶ᠋ᠢ ᠪᠠᠲᠤ ᠴᠡᠭᠡᠵᠢᠯᠡᠵᠦ᠍᠂ ᠠᠴᠢ ᠡᠨᠡᠷᠢᠯ᠎ᠳᠦ ᠲᠠᠯᠠᠷᠬᠠᠨ ᠡᠷᠡᠮᠡᠬᠡᠢᠯᠡᠨ ᠤᠷᠤᠭ᠍ᠰᠢᠯᠠᠵᠤ᠂ ᠤᠯᠤᠰ ᠲᠦᠷᠦ᠍᠎ᠶ᠋ᠢᠨ ᠬᠠᠷᠢᠭᠤᠴᠠᠯᠭ᠎ᠠ᠎ᠶ᠋ᠢ ᠡᠷᠡᠰ ᠡᠭᠦᠷᠭᠡᠯᠡᠵᠦ᠍᠂ ᠠᠮᠢ ᠠᠬᠤᠢ ᠣᠷᠴᠢᠨ ᠲᠣᠭᠣᠷᠢᠨ᠎ᠤ ᠬᠠᠮᠠᠭᠠᠯᠠᠯᠲᠠ᠎ᠶ᠋ᠢ ᠡᠷᠡᠰ ᠭᠤᠢᠪᠢᠰᠢ ᠦᠭᠡᠢ ᠲᠡᠷᠢᠭᠦᠨ᠎ᠳᠦ ᠲᠠᠯᠪᠢᠵᠤ᠂ ᠪᠦᠬᠦ᠌ ᠣᠷᠣᠨ ᠪᠦᠰᠡ ᠪᠦᠬᠦ᠌ ᠡᠯᠧᠮᠧᠨ᠋ᠲ ᠪᠦᠬᠦ᠌ ᠶᠠᠪᠤᠴᠠ᠎ᠪᠠᠷ ᠠᠮᠢ ᠠᠬᠤᠢ ᠣᠷᠴᠢᠨ ᠲᠣᠭᠣᠷᠢᠨ᠎ᠤ ᠶᠡᠷᠦᠩᠬᠡᠢᠯᠡᠭ᠌ᠰᠡᠨ ᠵᠠᠰᠠᠯᠲᠠ᠎ᠶ᠋ᠢ ᠴᠢᠩᠭᠠᠳᠭᠠᠵᠤ᠂ ᠬᠠᠳᠤᠨ ᠭᠣᠣᠯ᠎ᠤᠨ ᠰᠠᠪᠠ ᠭᠠᠵᠠᠷ᠎ᠤᠨ ᠠᠮᠢ ᠠᠬᠤᠢ᠎ᠶ᠋ᠢᠨ ᠪᠣᠯᠪᠠᠰᠤᠨ᠎ᠤ ᠵᠢᠱ᠌ᠢᠢ᠎ᠡ ᠦᠵᠡᠭᠦᠯᠬᠦ᠌ ᠣᠷᠣᠨ᠂ ᠡᠯᠡᠰᠦᠷᠬᠡᠭ᠌ᠵᠢᠯ᠎ᠢ ᠰᠡᠷᠭᠡᠢᠯᠡᠨ ᠡᠯᠡᠰᠦ᠎ᠵᠢ ᠵᠠᠰᠠᠭ᠍ᠰᠠᠨ ᠵᠢᠱ᠌ᠢᠶᠡᠴᠢ ᠣᠷᠣᠨ᠂ ᠠᠵᠤ ᠦᠢᠯᠡᠰ᠎ᠦᠨ ᠪᠣᠬᠢᠷᠲᠤᠯ ᠦᠭᠡᠢ᠎ᠲᠡᠢᠰᠢ ᠬᠡᠯᠪᠡᠷᠢ᠎ᠪᠡᠨ ᠬᠤᠪᠢᠷᠠᠭᠤᠯᠬᠤ ᠬᠣᠱᠢᠭᠤᠴᠢ ᠣᠷᠣᠨ᠎ᠢ ᠲᠦᠷᠭᠡᠳᠭᠡᠨ ᠪᠠᠢᠭᠤᠯᠤᠨ᠎ᠠ》 ᠭᠡᠵᠦ ᠢᠯᠡᠳᠭᠡᠪᠡ᠃ ᠲᠡᠷᠡ᠂ ᠪᠠᠶᠠᠨᠨᠠᠭᠤᠷ ᠶᠡᠬᠡ ᠳᠠᠢᠯᠠᠯᠳᠤᠭᠠᠨ᠎ᠤ ᠣᠮᠣᠭ ᠵᠣᠷᠢᠭ᠎ᠢ ᠪᠠᠳᠠᠷᠠᠭᠤᠯᠵᠤ᠂ ᠭᠤᠤᠯ ᠬᠦᠴᠦᠨ᠎ᠦ ᠬᠣᠱᠢᠭᠤᠴᠢ ᠳᠦᠷᠢ ᠲᠥᠷᠬᠦ᠌ ᠪᠡᠷ ᠬᠠᠲᠤᠨ ᠭᠤᠤᠯ᠎ᠤᠨ 《ᠶᠡᠬᠡ ᠲᠤᠬᠤᠢ》 ᠵᠢᠨ ᠪᠣᠭᠣᠮᠲᠠ ᠱᠢᠪᠲᠤᠯᠬᠤ ᠳᠠᠢᠯᠠᠯᠳᠤᠭᠠᠨ᠎ᠤ ᠢᠯᠠᠯᠲᠠ᠎ᠶ᠋ᠢ ᠡᠷᠡᠰ ᠲᠡᠮᠡᠴᠡᠨ ᠣᠯᠵᠤ᠂ ᠡᠯᠡᠰᠦᠷᠬᠡᠭᠵᠢᠯ᠎ᠢ ᠰᠡᠷᠭᠡᠢᠯᠡᠨ ᠡᠯᠡᠰᠦ᠎ᠶ᠋ᠢ ᠵᠠᠰᠠᠬᠤ ᠪᠠ ᠰᠠᠯᠬᠢᠨ ᠬᠦᠴᠦᠨ᠎ᠤ ᠴᠠᠬᠢᠯᠭᠠᠨ ᠬᠡᠷᠡᠯᠴᠢ ᠴᠡᠨᠡᠭ᠎ᠢ ᠨᠢᠭᠡ ᠴᠤᠬ᠍ᠴᠠᠵᠢᠭᠤᠯᠬᠤ ᠢᠨᠵᠧᠨᠧᠷᠢᠩ᠎ᠢ ᠨᠢᠭᠡᠳᠦᠯᠲᠡᠶ ᠲᠥᠯᠥᠪᠵᠢᠭᠦᠯᠦᠨ ᠰᠠᠢᠲᠤᠷ ᠠᠳᠭᠤᠵᠤ᠂ ᠵᠢᠯ᠎ᠦᠨ ᠳᠣᠲᠣᠷ᠎ᠠ 300 ᠲᠦᠮᠡᠨ ᠮᠥ᠍ ᠣᠶ ᠱᠢᠭᠤᠶ ᠡᠪᠡᠰᠦ ᠪᠡᠯᠴᠢᠭᠡᠷ᠎ᠦᠨ ᠠᠮᠢ ᠠᠬᠤᠶ᠎ᠶ᠋ᠢᠨ ᠪᠥᠲᠥᠭᠡᠨ ᠪᠠᠢᠭᠤᠯᠤᠯᠲᠠ᠎ᠶ᠋ᠢ ᠪᠡᠶᠡᠯᠡᠭᠦᠯᠵᠦ᠍᠂ ᠰᠠᠯᠬᠢ ᠡᠯᠡᠰᠦᠨ᠎ᠦ 《ᠬᠠᠮᠠᠭᠠᠯᠠᠯᠲᠠ᠎ᠶ᠋ᠢᠨ ᠬᠤᠪᠴᠠᠰᠤ》᠎ᠶ᠋ᠢ ᠨᠠᠩ ᠵᠤᠵᠠᠭᠠᠨ ᠪᠡᠬᠢᠯᠢᠭ ᠪᠤᠯᠭᠠᠬᠤ ᠪᠠᠷ ᠴᠢᠷᠮᠠᠢᠨ᠎ᠠ ᠭᠡᠪᠡ᠃

ᠠᠮᠢ ᠠᠬᠤᠢ᠎ᠣᠷᠴᠢᠨ ᠲᠤᠭᠤᠷᠢᠨ᠎ᠤ ᠵᠠᠰᠠᠯᠲᠠ ᠳᠤᠮᠳᠠ ᠠᠵᠤ ᠦᠢᠯᠡᠰ᠎ᠦᠨ ᠬᠥᠭ᠌ᠵᠢᠯᠲᠡ ᠪᠠ ᠤᠯᠠᠨ ᠲᠦᠮᠡᠨ᠎ᠦ ᠣᠷᠣᠯᠭ᠎ᠠ᠎ᠶ᠋ᠢᠨ ᠨᠡᠮᠡᠭ᠌ᠳᠡᠯ᠎ᠢ ᠬᠡᠷᠬᠢᠨ ᠪᠡᠶᠡᠯᠡᠭᠦᠯᠬᠦ᠌ ᠪᠤᠢ? ᠸᠠᠩ ᡁᠢ ᠫᠢᠩ᠄ 《ᠡᠯᠡᠰᠦᠷᠬᠡᠭᠵᠢᠯ᠎ᠢ ᠰᠡᠷᠭᠡᠢᠯᠡᠨ ᠡᠯᠡᠰᠦ᠎ᠶ᠋ᠢ ᠵᠠᠰᠠᠬᠤ ᠪᠠ ᠰᠠᠯᠬᠢᠨ ᠬᠦᠴᠦᠨ᠎ᠤ ᠴᠠᠬᠢᠯᠭᠠᠨ ᠭᠡᠷᠡᠯᠴᠢ ᠴᠡᠨᠡᠭ᠎ᠢ ᠨᠢᠭᠡ ᠴᠤᠬ᠍ᠴᠠᠵᠢᠭᠤᠯᠬᠤ ᠢᠨᠵᠧᠨᠧᠷᠢᠩ᠎ᠤᠨ ᠪᠡᠶᠡᠯᠡᠭ᠌ᠳᠡᠬᠦ᠌ ᠠᠷᠭ᠎ᠠ ᠵᠠᠮ ᠨᠢᠭᠡᠨᠲᠡ ᠲᠣᠳᠣᠷᠬᠠᠢ ᠪᠤᠯᠪᠠ᠃ ᠡᠩ ᠲᠡᠷᠢᠭᠦᠨ᠎ᠳᠦ᠂ ᠡᠯᠡᠰᠦᠷᠬᠡᠭᠵᠢᠯ᠎ᠢ ᠰᠡᠷᠭᠡᠢᠯᠡᠨ ᠡᠯᠡᠰᠦ᠎ᠶ᠋ᠢ ᠵᠠᠰᠠᠬᠤ ᠪᠠ ᠡᠯᠡᠰᠦ᠎ᠶ᠋ᠢ ᠬᠠᠮᠢᠶᠠᠷᠴᠤ᠌ ᠡᠯᠡᠰᠦ᠎ᠶ᠋ᠢ ᠬᠡᠷᠡᠭ᠌ᠯᠡᠬᠦ᠌᠎ᠶ᠋ᠢ ᠨᠢᠭᠡᠳᠦᠯᠲᠡᠶ ᠲᠥᠯᠥᠪᠵᠢᠭᠦᠯᠵᠦ᠍᠂ ᠡᠯᠡᠰᠦᠨ᠎ᠦ ᠭᠠᠮᠱᠢᠭ᠎ᠢ ᠰᠡᠷᠭᠡᠢᠯᠡᠬᠦ᠌᠎ᠪᠡᠷ ᠪᠠᠷᠠᠬᠤ ᠥᠬᠡᠶ᠂ ᠪᠠᠰᠠ ᠡᠯᠡᠰᠦ᠎ᠶ᠋ᠢ ᠠᠱᠢᠭ᠍ᠯᠠᠵᠤ᠂ ᠤᠯᠠᠭᠠᠨᠪᠤᠬ᠎ᠠ ᠵᠢᠨ ᠡᠯᠡᠰᠦᠨ ᠴᠥᠯ᠎ᠦᠨ ᠵᠡᠭᠦᠨ ᠬᠣᠢᠲᠤ ᠬᠡᠰᠡᠭ᠎ᠦᠨ ᠱᠢᠨ᠎ᠡ ᠡᠨᠧᠷᠭᠢ᠎ᠶ᠋ᠢᠨ ᠰᠠᠭᠤᠷᠢᠨ ᠵᠡᠷᠭᠡ ᠲᠥᠷᠥᠯ ᠵᠦᠶ᠋ᠯ᠎ᠦᠨ ᠪᠥᠲᠥᠭᠡᠨ ᠪᠠᠢᠭᠤᠯᠤᠯᠲᠠ᠎ᠶ᠋ᠢ ᠲᠦᠷᠭᠡᠳᠭᠡᠨ ᠠᠬᠢᠭᠤᠯᠵᠤ᠂ ᠬᠠᠪᠲᠠᠰᠤᠨ ᠳᠡᠭᠡᠷ᠎ᠡ ᠴᠠᠬᠢᠯᠭᠠᠨ ᠭᠠᠷᠭᠠᠬᠤ᠂ ᠬᠠᠪᠲᠠᠰᠤᠨ᠎ᠤ ᠬᠤᠭᠤᠷᠤᠨᠳᠤ ᠲᠠᠷᠢᠮᠠᠯ ᠳᠠᠷᠢᠬᠤ᠂ ᠬᠠᠪᠲᠠᠰᠤᠨ ᠳᠤᠤᠷ᠎ᠠ ᠵᠠᠰᠠᠨ ᠰᠡᠷᠭᠦᠭᠡᠵᠦ᠍᠂ ᠨᠣᠭᠣᠭᠠᠷᠠᠭᠤᠯᠤᠯᠲᠠ᠎ᠶ᠋ᠢ ᠨᠡᠮᠡᠭ᠌ᠳᠡᠭᠦᠯᠬᠦ᠌᠂ ᠡᠨᠧᠷᠭᠢ᠎ᠶ᠋ᠢ ᠨᠡᠮᠡᠭ᠌ᠳᠡᠭᠦᠯᠬᠦ᠌᠂ ᠣᠷᠣᠯᠭ᠎ᠠ᠎ᠶ᠋ᠢ ᠨᠡᠮᠡᠭ᠌ᠳᠡᠭᠦᠯᠬᠦ᠌᠎ᠶ᠋ᠢ ᠱᠢᠰᠲ᠋ᠧᠮ᠎ᠲᠡᠶ ᠠᠬᠢᠭᠤᠯᠵᠤ᠂ ᠨᠢᠭᠡ ᠯᠡ ᠳᠡᠭᠡᠷ᠎ᠡ ᠣᠯᠠᠨ ᠦᠷ᠎ᠡ ᠠᠰᠢᠭ ᠣᠯᠵᠤ᠂ ᠠᠮᠢ ᠠᠬᠤᠶ᠎ᠶ᠋ᠢ ᠵᠠᠰᠠᠨ ᠰᠡᠷᠭᠦᠭᠡᠬᠦ᠌᠂ ᠡᠬᠢ ᠪᠠᠶᠠᠯᠢᠭ᠎ᠢ ᠨᠡᠭᠡᠭᠡᠨ ᠬᠥᠭ᠌ᠵᠢᠭᠦᠯᠬᠦ᠌᠂ ᠠᠵᠤ ᠦᠶ᠋ᠯᠡᠰ᠎ᠢ ᠬᠥᠭ᠌ᠵᠢᠭᠦᠯᠬᠦ᠌᠂ ᠣᠯᠠᠨ ᠲᠦᠮᠡᠨ᠎ᠦ ᠣᠷᠣᠯᠭ᠎ᠠ᠎ᠶ᠋ᠢ ᠨᠡᠮᠡᠭ᠌ᠳᠡᠭᠦᠯᠬᠦ᠌᠎ᠶ᠋ᠢ ᠤᠶᠠᠯᠳᠤᠭᠤᠯᠤᠭ᠍ᠰᠠᠨ ᠡᠯᠡᠰᠦᠷᠬᠡᠭᠵᠢᠯ᠎ᠢ ᠰᠡᠷᠭᠡᠢᠯᠡᠨ ᠡᠯᠡᠰᠦ᠎ᠶ᠋ᠢ ᠵᠠᠰᠠᠬᠤ ᠱᠢᠨ᠎ᠡ ᠵᠠᠮ᠎ᠢ ᠰᠦᠪᠡᠭ᠌ᠴᠢᠯᠡᠨ ᠨᠡᠭᠡᠭᠡᠨ᠎ᠡ᠃ ᠳᠠᠷᠠᠭᠠᠯᠠᠪᠠᠯ᠂ ᠬᠤᠵᠢᠷᠯᠢᠭ ᠭᠠᠵᠠᠷ᠎ᠤᠨ ᠤᠨᠴᠠᠯᠢᠬ᠍ᠳᠤ ᠲᠠᠷᠢᠶᠠᠯᠠᠩ᠎ᠢ ᠬᠥᠭ᠌ᠵᠢᠭᠦᠯᠬᠦ᠌ ᠡᠨᠡ ᠬᠦ᠌ ᠭᠣᠣᠯᠳᠠᠯᠭ᠎ᠠ᠎ᠶ᠋ᠢ ᠲᠤᠪᠤᠢ᠌ᠯᠭᠠᠨ᠂ 〈ᠦᠷ᠎ᠡ ᠪᠣᠢᠵᠢᠭᠤᠯᠬᠤ〉 ᠪᠠ 〈ᠬᠦᠷᠦᠰᠦ᠎ᠵᠢ ᠵᠠᠰᠠᠬᠤ〉 ᠬᠣᠶᠠᠷ ᠵᠠᠩᠭᠢᠯᠠᠭ᠎ᠠ᠎ᠶ᠋ᠢ ᠠᠳᠭᠤᠵᠤ᠂ ᠠᠮᠢ ᠠᠬᠤᠢ ᠪᠠ ᠦᠢᠯᠡᠳᠪᠦᠷᠢᠯᠡᠯ᠂ ᠵᠠᠰᠠᠯᠲᠠ ᠪᠠ ᠠᠱᠢᠭ᠍ᠯᠠᠯᠲᠠ᠂ ᠣᠬᠣᠷ ᠬᠤᠭᠤᠴᠠᠭ᠎ᠠ ᠪᠠ ᠤᠷᠳᠤ ᠬᠤᠭᠤᠴᠠᠭ᠎ᠠ᠎ᠶ᠋ᠢ ᠵᠡᠷᠭᠡ᠎ᠪᠡᠷ ᠴᠢᠬᠤᠯᠠᠴᠢᠯᠠᠬᠤ᠎ᠶ᠋ᠢ ᠪᠠᠷᠢᠮᠲᠠᠯᠠᠨ᠂ ᠪᠦᠬᠦᠢᠯᠡ ᠤᠰᠤᠯᠠᠯᠲᠠ᠎ᠶ᠋ᠢᠨ ᠣᠷᠣᠨ᠎ᠳᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠤᠨ ᠪᠦᠳᠦᠭᠡᠨ ᠪᠠᠢᠭᠤᠯᠤᠯᠲᠠ᠎ᠶ᠋ᠢ ᠠᠬᠢᠭᠤᠯᠬᠤ᠎ᠶ᠋ᠢ ᠲᠦᠷᠭᠡᠯᠡᠨ ᠬᠡᠷᠡᠭ᠌ᠵᠢᠭᠦᠯᠵᠦ᠍᠂ ᠤᠯᠤᠰ᠎ᠤᠨ ᠬᠤᠵᠢᠷᠯᠢᠭ ᠭᠠᠵᠠᠷ᠎ᠢ ᠰᠠᠢᠵᠢᠷᠠᠭᠤᠯᠵᠤ ᠶᠡᠷᠦᠩᠬᠡᠢᠯᠡᠨ ᠠᠱᠢᠭ᠍ᠯᠠᠬᠤ ᠲᠤᠷᠱᠢᠯᠲᠠ᠎ᠶᠢᠨ ᠴᠡᠭ᠎ᠢ ᠢᠳᠡᠪᠬᠢᠲᠡᠢ ᠲᠡᠮᠡᠴᠡᠨ ᠣᠯᠵᠤ᠂ ᠰᠠᠯᠬᠢ᠎ᠶ᠋ᠢ ᠰᠡᠷᠭᠡᠢᠯᠡᠵᠦ᠍ ᠡᠯᠡᠰᠦ᠎ᠶ᠋ᠢ ᠲᠣᠭ᠍ᠲᠠᠪᠤᠷᠢᠵᠢᠭᠤᠯᠬᠤ ᠴᠢᠳᠠᠪᠤᠷᠢ ᠪᠠᠨ ᠲᠠᠰᠤᠷᠠᠯᠳᠠ ᠦᠭᠡᠢ ᠴᠢᠩᠭᠠᠷᠠᠭᠤᠯᠤᠨ᠂ ᠲᠠᠷᠢᠶᠠᠯᠠᠩ᠎ᠤᠨ ᠶᠡᠷᠦᠩᠬᠡᠢᠯᠡᠭ᠌ᠰᠡᠨ ᠦᠢᠯᠡᠳᠪᠦᠷᠢᠯᠡᠯ᠎ᠤᠨ ᠴᠢᠳᠠᠪᠤᠷᠢ᠎ᠶ᠋ᠢ ᠳᠡᠭᠡᠭ᠌ᠰᠢᠯᠡᠭᠦᠯᠦᠨ᠎ᠡ》 ᠭᠡᠵᠦ ᠬᠡᠯᠡᠪᠡ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠬᠦᠰᠡᠯᠡᠩ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面