2024ᠤᠨ᠎ᠤ᠋ ᠪᠦᠬᠦ ᠤᠯᠤᠰ᠎ᠤ᠋ᠨ ᠬᠣᠶᠠᠷ ᠬᠤᠷᠠᠯ > ᠶᠠᠷᠢᠯᠴᠠᠭ᠎ᠠ

2024-03-09 15:49:20

ᠵᠣᠬᠢᠶᠠᠭ᠍ᠴᠢ᠄ ᠴᠧᠨ ᠴᠦᠨ ᠶᠠᠨ᠂ ᠬᠠᠨ ᠴᠢᠩ ᠯᠢ ᠣᠩᠱᠢᠭ᠍ᠰᠠᠨ ᠣᠳᠠᠭ᠎ᠠ᠄ 3

ᠲᠢᠩ·ᠪᠠᠭᠠᠲᠤᠷ ᠭᠡᠱᠢᠭᠦᠨ᠄ ᠲᠠᠯ᠎ᠠ ᠨᠤᠳᠤᠭ᠎ᠤᠨ ᠮᠠᠯᠵᠢᠬᠤ ᠣᠷᠣᠨ᠎ᠤ ᠪᠠᠴᠢᠮ ᠪᠠᠢᠳᠠᠯ᠎ᠢ ᠠᠷᠭᠠᠴᠠᠭᠠᠬᠤ ᠬᠠᠮᠢᠶᠠᠷᠤᠯᠲᠠ᠎ᠶ᠋ᠢᠨ ᠴᠢᠳᠠᠪᠤᠷᠢ᠎ᠶ᠋ᠢ ᠳᠡᠭᠡᠭ᠌ᠰᠢᠯᠡᠭᠦᠯᠦᠨ᠎ᠡ

《ᠳᠡᠭᠡᠷ᠎ᠡ ᠰᠠᠷ᠎ᠠ᠂ ᠲᠥᠪ᠎ᠦᠨ ᠥᠭᠡᠷᠡᠴᠢᠯᠡᠯᠲᠡ᠎ᠶ᠋ᠢ ᠪᠦᠬᠦ᠌ ᠲᠠᠯ᠎ᠠ᠎ᠪᠠᠷ ᠭᠦᠨᠵᠡᠭᠡᠢᠷᠡᠭᠦᠯᠬᠦ᠌ ᠬᠤᠷᠢᠶ᠎ᠠ ᠵᠢᠨ ᠳᠥᠷᠪᠡᠳᠦᠭᠡᠷ ᠤᠳᠠᠭ᠎ᠠ᠎ᠶ᠋ᠢᠨ ᠬᠤᠷᠠᠯ ᠡᠴᠡ 〈ᠦᠨᠳᠦᠰᠦᠨ ᠱᠠᠲᠤᠨ᠎ᠤ ᠪᠠᠴᠢᠮ ᠪᠠᠢᠳᠠᠯ᠎ᠢ ᠠᠷᠭᠠᠴᠠᠭᠠᠬᠤ ᠬᠠᠮᠢᠶᠠᠷᠤᠯᠲᠠ᠎ᠶ᠋ᠢᠨ ᠴᠢᠳᠠᠪᠤᠷᠢ᠎ᠶ᠋ᠢ ᠴᠢᠨᠠᠭ᠍ᠰᠢᠳᠠ ᠳᠡᠭᠡᠭ᠌ᠰᠢᠯᠡᠭᠦᠯᠬᠦ᠌ ᠲᠤᠬᠠᠢ ᠰᠠᠨᠠᠯ〉 ᠢ᠋ ᠬᠢᠨᠠᠨ ᠵᠥᠪᠯᠡᠵᠦ᠍ ᠪᠠᠲᠤᠯᠠᠪᠠ; ᠡᠨᠡ ᠵᠢᠯ᠎ᠦᠨ ᠵᠠᠰᠠᠭ᠎ᠤᠨ ᠣᠷᠳᠣᠨ᠎ᠤ ᠠᠵᠢᠯ᠎ᠤᠨ ᠢᠯᠡᠳᠭᠡᠯ᠎ᠳᠦ 〈ᠠᠶᠤᠯᠭᠦᠶ ᠦᠶ᠋ᠯᠡᠳᠪᠦᠷᠢᠯᠡᠯ ᠪᠠ ᠭᠠᠮᠱᠢᠭ᠎ᠢ ᠰᠡᠷᠭᠡᠢᠯᠡᠬᠦ᠌ ᠭᠠᠮᠱᠢᠭ᠎ᠢ ᠪᠠᠭᠠᠰᠭᠠᠬᠤ ᠭᠠᠮᠱᠢᠭ ᠡᠴᠡ ᠠᠪᠤᠷᠬᠠᠸ᠋ ᠦᠨᠳᠦᠰᠦᠨ ᠱᠠᠲᠤᠨ᠎ᠤ ᠰᠠᠭᠤᠷᠢ᠎ᠶ᠋ᠢ ᠬᠦᠴᠦᠯᠡᠨ ᠪᠡᠬᠢᠵᠢᠭᠦᠯᠵᠦ᠍᠂ ᠪᠠᠴᠢᠮ ᠪᠠᠢᠳᠠᠯ᠎ᠢ ᠠᠷᠭᠠᠴᠠᠭᠠᠨ ᠱᠢᠶ᠋ᠳᠪᠦᠷᠢᠯᠡᠬᠦ᠌ ᠴᠢᠳᠠᠪᠤᠷᠢ᠎ᠶ᠋ᠢ ᠴᠢᠩᠭᠠᠷᠠᠭᠤᠯᠤᠨ᠎ᠠ〉 ᠭᠡᠵᠦ᠍ ᠳᠤᠷᠠᠳᠤᠨ ᠭᠠᠷᠭᠠᠵᠠᠶ᠂ ᠡᠨᠡ ᠨᠢ ᠴᠥᠮ ᠤᠯᠤᠰ ᠡᠴᠡ ᠪᠠᠴᠢᠮ ᠪᠠᠢᠳᠠᠯ᠎ᠢ ᠠᠷᠭᠠᠴᠠᠭᠠᠬᠤ ᠬᠠᠮᠢᠶᠠᠷᠤᠯᠲᠠ᠎ᠶ᠋ᠢᠨ ᠠᠵᠢᠯ᠎ᠢ ᠴᠢᠬᠤᠯᠠᠴᠢᠯᠠᠵᠤ ᠪᠠᠢᠬᠤ᠎ᠶ᠋ᠢ ᠬᠠᠷᠠᠭᠤᠯᠵᠤ ᠪᠠᠢᠨ᠎ᠠ》 ᠭᠡᠵᠦ᠍ ᠪᠦᠬᠦ᠌ ᠤᠯᠤᠰ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠦ ᠭᠡᠱᠢᠭᠦᠨ᠂ ᠱᠢᠯᠢ᠎ᠶ᠋ᠢᠨ ᠭᠣᠣᠯ ᠠᠢᠮᠠᠭ᠎ᠤᠨ ᠠᠪᠠᠭ᠎ᠠ ᠬᠣᠱᠢᠭᠤᠨ᠎ᠤ ᠬᠣᠩᠭᠣᠷᠭᠣᠣᠯ ᠪᠠᠯᠭᠠᠰᠤᠨ᠎ᠤ ᠰᠠᠷᠠᠭᠤᠯᠲᠤᠶᠠᠭ᠎ᠠ ᠭᠠᠴᠠᠭᠠᠨ᠎ᠤ ᠮᠠᠯᠴᠢᠨ ᠲᠢᠩ·ᠪᠠᠭᠠᠲᠤᠷ ᠰᠤᠷᠪᠤᠯᠵᠢᠯᠠᠭ᠎ᠠ ᠬᠦᠯᠢᠶᠡᠬᠦ᠌᠎ᠳᠡᠭᠡᠨ ᠬᠡᠯᠡᠪᠡ᠃


QQ截图20231129164657.png


ᠲᠢᠩ·ᠪᠠᠭᠠᠲᠤᠷ᠎ᠤᠨ ᠦᠵᠡᠬᠦ ᠪᠡᠷ᠂ ᠲᠠᠯ᠎ᠠ ᠨᠤᠳᠤᠭ᠎ᠤᠨ ᠮᠠᠯᠵᠢᠬᠤ ᠣᠷᠣᠨ᠎ᠤ ᠪᠠᠴᠢᠮ ᠪᠠᠢᠳᠠᠯ᠎ᠢ ᠠᠷᠭᠠᠴᠠᠭᠠᠬᠤ ᠬᠠᠮᠢᠶᠠᠷᠤᠯᠲᠠ᠎ᠶ᠋ᠢᠨ ᠴᠢᠳᠠᠪᠤᠷᠢ᠎ᠶ᠋ᠢ ᠳᠡᠭᠡᠭ᠌ᠰᠢᠯᠡᠭᠦᠯᠬᠦ᠌᠎ᠳᠦ᠂ ᠡᠷᠬᠡᠪᠰᠢ ᠭᠠᠵᠠᠷ ᠣᠷᠣᠨ᠎ᠤ ᠪᠣᠳᠠᠲᠤ ᠪᠠᠢᠳᠠᠯ᠎ᠳᠠᠭᠠᠨ ᠰᠠᠭᠤᠷᠢᠯᠠᠵᠤ᠂ ᠤᠯᠠᠨ ᠲᠦᠮᠡᠨ᠎ᠦ ᠦᠪᠡᠰᠦᠪᠡᠨ ᠰᠡᠷᠭᠡᠢᠯᠡᠵᠦ᠍ ᠦᠪᠡᠰᠦᠪᠡᠨ ᠠᠪᠤᠷᠠᠬᠤ ᠬᠦᠴᠦᠨ᠎ᠦ ᠪᠠᠢᠭᠤᠯᠤᠯᠲᠠ᠎ᠶ᠋ᠢ ᠴᠢᠩᠭᠠᠳᠭᠠᠵᠤ᠂ ᠪᠠᠴᠢᠮ ᠪᠠᠢᠳᠠᠯ᠎ᠢ ᠠᠷᠭᠠᠴᠠᠭᠠᠬᠤ ᠬᠠᠮᠢᠶᠠᠷᠤᠯᠲᠠ᠎ᠶ᠋ᠢᠨ ᠠᠵᠢᠯ᠎ᠤᠨ ᠬᠦᠴᠦᠨ᠎ᠢ ᠦᠨᠳᠦᠰᠦᠨ ᠱᠠᠳᠤᠨ᠎ᠳᠦ ᠬᠦᠨᠵᠡᠭᠡᠢᠷᠡᠬᠦᠯᠬᠦ᠂ ᠪᠠᠲᠤᠯᠠᠭ᠎ᠠ᠎ᠶ᠋ᠢ ᠦᠨᠳᠦᠰᠦᠨ ᠱᠠᠳᠤ ᠳᠡᠢᠰᠢ ᠬᠡᠯᠪᠡᠢᠯᠭᠡᠬᠦ᠌᠂ ᠪᠣᠭᠣᠮᠲᠠ᠎ᠶ᠋ᠢ ᠤᠷᠤᠬᠰᠢ ᠪᠠᠨ ᠱᠢᠯᠵᠢᠭᠦᠯᠬᠦ᠌᠎ᠶ᠋ᠢ ᠠᠬᠢᠭᠤᠯᠵᠤ᠂ ᠬᠢᠯᠢ ᠬᠢᠵᠠᠭᠠᠷ᠎ᠢ ᠬᠥᠭ᠌ᠵᠢᠭᠦᠯᠵᠦ᠍ ᠠᠷᠠᠳ᠎ᠢ ᠪᠠᠶᠠᠵᠢᠭᠤᠯᠬᠤ᠂ ᠬᠢᠯᠢ ᠬᠢᠵᠠᠭᠠᠷ᠎ᠢ ᠲᠣᠭ᠍ᠲᠠᠪᠤᠷᠢᠵᠢᠭᠤᠯᠵᠤ ᠬᠢᠯᠢ ᠬᠢᠵᠠᠭᠠᠷ᠎ᠢ ᠪᠡᠬᠢᠵᠢᠭᠦᠯᠬᠦ᠌᠎ᠳᠦ ᠪᠠᠲᠤ ᠪᠡᠬᠢ ᠠᠮᠤᠷ ᠲᠦᠪᠱᠢᠨ᠎ᠦ ᠬᠠᠯᠬᠠᠪᠴᠢ᠎ᠶ᠋ᠢ ᠪᠠᠢᠭᠤᠯᠬᠤ ᠬᠡᠷᠡᠭ᠌ᠲᠡᠢ ᠃

《ᠣᠳᠣᠬᠠᠨ᠎ᠳᠤ᠂ ᠲᠠᠯ᠎ᠠ ᠨᠤᠳᠤᠭ᠎ᠤᠨ ᠮᠠᠯᠵᠢᠬᠤ ᠣᠷᠣᠨ᠎ᠤ ᠭᠠᠯ᠎ᠰᠡᠷᠭᠡᠢᠯᠡᠵᠦ᠍ ᠭᠠᠯ ᠤᠨᠲᠠᠷᠠᠭᠠᠬᠤ ᠠᠮᠤᠷ ᠲᠦᠪᠱᠢᠨ᠎ᠳᠦ ᠭᠠᠯ᠎ᠤᠨ ᠠᠶᠤᠯ᠎ᠢ ᠰᠡᠷᠭᠡᠢᠯᠡᠬᠦ᠌᠎ᠳᠦ ᠬᠦᠴᠢᠷ᠂ ᠲᠠᠷᠬᠠᠬᠤ ᠨᠢ ᠲᠦᠷᠭᠡᠨ᠂ ᠭᠠᠮᠰᠢᠭᠳᠠᠬᠤ ᠬᠡᠪᠴᠢᠶ᠎ᠡ ᠨᠢ ᠥᠷᠭᠡᠨ᠂ ᠨᠥᠯᠥᠭᠡ ᠶᠡᠬᠡ ᠵᠡᠷᠭᠡ ᠲᠣᠪᠣᠢᠮ᠎ᠠ ᠠᠰᠠᠭᠤᠳᠠᠯ ᠣᠷᠣᠱᠢᠵᠤ ᠪᠠᠢᠨ᠎ᠠ》᠃ ᠲᠢᠩ·ᠪᠠᠭᠠᠲᠤᠷ᠎ᠤᠨ ᠦᠵᠡᠬᠦ ᠪᠡᠷ᠂ ᠡᠭᠦᠨ᠎ᠦ ᠱᠢᠯᠲᠠᠭᠠᠨ᠎ᠢ ᠡᠷᠢᠪᠡᠯ᠂ ᠨᠢᠭᠡ᠎ᠳᠦ᠂ ᠠᠭᠤᠷ ᠠᠮᠢᠰᠭᠤᠯ ᠬᠠᠬᠢᠷ ᠬᠦᠶ᠋ᠲᠡᠨ᠂ ᠮᠠᠯᠴᠢᠨ ᠲᠠᠷᠢᠶᠠᠴᠢᠨ ᠶᠡᠬᠡ ᠴᠢᠳᠠᠮᠵᠢᠳᠤ ᠴᠠᠬᠢᠯᠭᠠᠨ ᠬᠡᠷᠡᠭ᠌ᠰᠡᠯ᠎ᠢᠶᠡᠷ ᠳᠤᠯᠠᠭᠠᠯᠠᠬᠤ᠎ᠶ᠋ᠢᠨ ᠳᠡᠭᠡᠷ᠎ᠡ ᠤᠯᠠᠷᠢᠯ᠎ᠤᠨ ᠴᠢᠨᠠᠷᠲᠠᠶ᠎ᠪᠠᠷ ᠮᠠᠯ᠎ᠤᠨ ᠡᠪᠡᠰᠦ ᠪᠣᠷᠳᠣᠭ᠎ᠠ ᠨᠥᠭᠡᠴᠡᠯᠡᠬᠦ ᠲᠤᠯᠠ ᠭᠠᠯ ᠰᠡᠷᠭᠡᠢᠯᠡᠵᠦ᠍ ᠭᠠᠯ ᠤᠨᠳᠠᠷᠠᠭᠠᠬᠤ ᠠᠮᠤᠷ ᠲᠦᠪᠱᠢᠨ᠎ᠦ ᠬᠡᠮ ᠰᠤᠭᠤᠭ ᠣᠯᠠᠨ᠂ ᠠᠶᠤᠯ ᠲᠦᠭ᠌ᠰᠢᠭᠦᠷᠢ ᠶᠡᠬᠡ ᠮᠥᠷᠲᠡᠭᠡᠨ ᠮᠠᠯᠴᠢᠨ ᠲᠠᠷᠢᠶᠠᠴᠢᠨ ᠭᠠᠯ ᠰᠡᠷᠭᠡᠢᠯᠡᠵᠤ ᠭᠠᠯ ᠤᠨᠳᠠᠷᠠᠭᠠᠬᠤ ᠠᠮᠤᠷ ᠲᠦᠪᠱᠢᠨ᠎ᠢ ᠳᠡᠳᠦᠢ ᠶᠡᠬᠡ ᠴᠢᠬᠤᠯᠠᠴᠢᠯᠠᠬᠤ ᠦᠭᠡᠢ ᠪᠠᠢᠵᠤ᠂ ᠭᠠᠯ ᠰᠡᠷᠭᠡᠢᠯᠡᠵᠤ ᠭᠠᠯ ᠤᠨᠳᠠᠷᠠᠭᠠᠬᠤ ᠠᠮᠤᠷ ᠲᠦᠪᠱᠢᠨ᠎ᠤ ᠬᠡᠮ ᠰᠤᠭᠤᠭ᠎ᠢ ᠰᠡᠷᠡᠵᠦ ᠮᠡᠳᠡᠬᠦ᠌᠂ ᠠᠩᠬ᠎ᠠ ᠡᠭᠦᠰᠦᠭ᠌ᠰᠡᠨ ᠭᠠᠯ᠎ᠤᠨ ᠠᠶᠤᠯ᠎ᠢ ᠤᠨᠳᠠᠷᠠᠭᠠᠵᠤ ᠦᠪᠡᠰᠦᠪᠡᠨ ᠰᠡᠷᠭᠡᠢᠯᠡᠬᠦ ᠦᠪᠡᠰᠦᠪᠡᠨ ᠠᠪᠤᠷᠬᠠᠸ᠋ ᠴᠢᠳᠠᠪᠤᠷᠢ ᠪᠠᠷ ᠳᠤᠲᠠᠮᠠᠭ ᠪᠠᠢᠨ᠎ᠠ᠃ ᠬᠣᠶᠠᠷ᠎ᠲᠤ᠂ ᠲᠠᠯ᠎ᠠ ᠨᠤᠳᠤᠭ᠎ᠤᠨ ᠮᠠᠯᠵᠢᠬᠤ ᠣᠷᠣᠨ᠎ᠤ ᠴᠡᠭ ᠣᠯᠠᠨ᠂ ᠱᠤᠭᠤᠮ ᠤᠷᠲᠤ᠂ ᠬᠡᠪᠴᠢᠶ᠎ᠡ ᠥᠷᠭᠡᠨ᠂ ᠮᠠᠯᠴᠢᠨ ᠳᠠᠷᠢᠶᠠᠴᠢᠨ᠎ᠤ᠋ ᠣᠷᠣᠨ ᠰᠠᠭᠤᠴᠠ ᠲᠠᠷᠠᠬᠠᠶ ᠪᠤᠲᠠᠷᠬᠠᠶ᠂ ᠰᠠᠭᠤᠷᠢ ᠲᠦᠭᠦᠭᠡᠷᠦᠮᠵᠢ ᠬᠣᠴᠣᠷᠤᠩᠭᠤᠶ ᠪᠠᠢᠵᠤ᠂ ᠵᠠᠷᠢᠮ᠎ᠳᠠᠭᠠᠨ ᠪᠠᠰᠠ ᠭᠠᠷ ᠤᠲᠠᠰᠤᠨ᠎ᠤ ᠳᠣᠬᠢᠶ᠎ᠠ ᠨᠡᠪᠲᠡᠷᠡᠬᠦ᠌ ᠦᠭᠡᠶ᠂ ᠡᠪᠦᠯ᠎ᠦᠨ ᠤᠯᠠᠷᠢᠯ᠎ᠤᠨ ᠬᠤᠷᠠᠭ᠍ᠰᠠᠨ ᠴᠠᠰᠤ ᠵᠠᠮ ᠬᠠᠷᠢᠯᠴᠠᠭ᠎ᠠ᠎ᠶ᠋ᠢ ᠲᠠᠰᠤᠯᠬᠤ᠂ ᠤᠰᠤᠨ ᠰᠤᠷᠪᠤᠯᠵᠢ᠎ᠶ᠋ᠢᠨ ᠲᠥᠬᠥᠭᠡᠷᠦᠮᠵᠢ ᠬᠦᠯᠳᠡᠬᠦ ᠵᠡᠷᠭᠡ ᠠᠰᠠᠭᠤᠳᠠᠯ ᠣᠷᠣᠱᠢᠵᠤ᠂ ᠭᠠᠯ ᠤᠨᠲᠠᠷᠠᠭᠠᠵᠤ ᠠᠪᠤᠷᠠᠨ ᠲᠤᠰᠠᠯᠠᠬᠤ ᠬᠦᠴᠦᠨ ᠲᠡᠷᠡ ᠳᠠᠷᠤᠶ᠎ᠳᠤᠨᠢ ᠲᠤᠬᠠᠶ᠎ᠶ᠋ᠢᠨ ᠲᠠᠯᠠᠪᠠᠶ᠎ᠳᠤ ᠬᠦᠷᠴᠦ᠍ ᠠᠪᠤᠷᠠᠨ ᠲᠤᠰᠠᠯᠠᠬᠤ ᠳ᠋ᠤ ᠪᠡᠷᠬᠡ ᠪᠠᠢᠬᠤ ᠡᠴᠡ ᠪᠤᠯᠵᠠᠢ᠃

ᠲᠡᠷᠡ᠂ ᠤᠯᠤᠰ ᠡᠴᠡ ᠱᠢᠯᠢ᠎ᠶ᠋ᠢᠨ ᠭᠣᠣᠯ ᠠᠢᠮᠠᠭ᠎ᠢᠶᠠᠷ ᠲᠤᠷᠱᠢᠯᠲᠠ᠎ᠶ᠋ᠢᠨ ᠴᠡᠭ ᠪᠣᠯᠭᠠᠵᠤ᠂ ᠦᠨᠳᠦᠰᠦᠨ ᠱᠠᠲᠤᠨ᠎ᠤ ᠪᠠᠴᠢᠮ ᠪᠠᠢᠳᠠᠯ᠎ᠢ ᠠᠷᠭᠠᠴᠠᠭᠠᠬᠤ ᠠᠪᠤᠷᠠᠨ ᠲᠤᠰᠠᠯᠠᠬᠤ ᠪᠡᠯᠡ ᠮᠥᠩᠭᠥ᠎ᠶ᠋ᠢᠨ ᠣᠷᠣᠭᠤᠯᠤᠯᠲᠠ᠎ᠶ᠋ᠢ ᠨᠡᠮᠡᠭ᠌ᠳᠡᠭᠦᠯᠵᠦ᠍᠂ ᠰᠤᠮᠤ (ᠱᠢᠶᠠᠩ ᠪᠠᠯᠭᠠᠰᠤ )᠂ ᠭᠠᠴᠠᠭ᠎ᠠ (ᠲᠣᠰᠭᠣᠨ) ᠵᠢᠨ ᠲᠤᠰᠭᠠᠢ ᠲᠤᠱᠢᠶᠠᠯᠳᠤ᠂ ᠰᠠᠢ᠌ᠨ ᠳᠤᠷ᠎ᠠ᠎ᠶ᠋ᠢᠨ ᠭᠠᠯ ᠤᠨᠲᠠᠷᠠᠭᠠᠬᠤ ᠠᠩᠬᠢ ᠵᠡᠷᠭᠡ ᠤᠯᠠᠨ ᠲᠦᠮᠡᠨ᠎ᠦ ᠥᠪᠡᠰᠦᠪᠡᠨ ᠰᠡᠷᠭᠡᠢᠯᠡᠵᠦ᠍ ᠦᠪᠡᠰᠦᠪᠡᠨ ᠠᠪᠤᠷᠠᠬᠤ ᠬᠦᠴᠦᠨ᠎ᠢ ᠬᠥᠮᠦᠵᠢᠭᠦᠯᠵᠦ᠍᠂ ᠮᠠᠯᠵᠢᠬᠤ ᠣᠷᠣᠨ᠎ᠤ ᠪᠠᠴᠢᠮ ᠪᠠᠢᠳᠠᠯ᠎ᠢ ᠠᠷᠭᠠᠴᠠᠭᠠᠬᠤ ᠠᠪᠤᠷᠠᠨ ᠲᠤᠰᠠᠯᠠᠬᠤ ᠮᠡᠳᠡᠭᠡ ᠵᠠᠩᠭᠢᠵᠢᠯᠲᠠ᠎ᠶ᠋ᠢᠨ ᠪᠠᠢᠭᠤᠯᠤᠯᠲᠠ᠎ᠶ᠋ᠢ ᠴᠢᠩᠭᠠᠳᠭᠠᠵᠤ᠂ ᠲᠠᠯ᠎ᠠ ᠨᠤᠳᠤᠭ᠎ᠤᠨ ᠮᠠᠯᠵᠢᠬᠤ ᠣᠷᠣᠨ᠎ᠤ ᠪᠠᠴᠢᠮ ᠪᠠᠢᠳᠠᠯ᠎ᠢ ᠠᠷᠭᠠᠴᠠᠭᠠᠬᠤ ᠬᠠᠮᠢᠶᠠᠷᠤᠯᠲᠠ᠎ᠶ᠋ᠢᠨ ᠴᠢᠳᠠᠪᠤᠷᠢ᠎ᠶ᠋ᠢ ᠳᠡᠭᠡᠭ᠌ᠰᠢᠯᠡᠭᠦᠯᠬᠦ᠌ ᠰᠠᠨᠠᠭᠤᠯᠭ᠎ᠠ ᠳᠤᠷᠠᠳᠪᠠ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠬᠦᠰᠡᠯᠡᠩ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面