2024ᠤᠨ᠎ᠤ᠋ ᠪᠦᠬᠦ ᠤᠯᠤᠰ᠎ᠤ᠋ᠨ ᠬᠣᠶᠠᠷ ᠬᠤᠷᠠᠯ > ᠶᠠᠷᠢᠯᠴᠠᠭ᠎ᠠ

2024-03-10 16:53:06

ᠵᠣᠬᠢᠶᠠᠭ᠍ᠴᠢ᠄ ᠪᠠᠶ ᠳ᠋ᠠᠨ ᠬᠠᠨ ᠴᠢᠩ ᠯᠢ ᠣᠩᠱᠢᠭ᠍ᠰᠠᠨ ᠣᠳᠠᠭ᠎ᠠ᠄ 3

《ᠰᠦ ᠶ᠋ᠢᠨ ᠦᠶ᠋ᠯᠡᠰ ᠎ᠢ ᠪᠥᠬᠥ᠌ ᠲᠠᠯ᠎ᠠ᠎ᠪᠠᠷ ᠬᠥᠭ᠌ᠵᠢᠭᠦᠯᠦᠨ ᠮᠠᠨᠳᠤᠭᠤᠯᠬᠤ᠎ᠶ᠋ᠢ ᠲᠦᠷᠭᠡᠳᠭᠡᠨ ᠪᠡᠶᠡᠯᠡᠭᠦᠯᠵᠦ᠍᠂ ᠴᠠᠭᠠᠨ ᠢᠳᠡᠭᠡᠨ᠎ᠤ ᠦᠶ᠋ᠯᠡᠰ᠎ᠦᠨ ᠴᠢᠨᠠᠷ ᠰᠠᠢᠲᠠᠶ ᠬᠥᠭ᠌ᠵᠢᠯᠲᠡ᠎ᠶ᠋ᠢ ᠠᠬᠢᠭᠤᠯᠬᠤ ᠪᠣᠯ ᠤᠯᠤᠰ ᠎ᠤᠨ ᠴᠢᠬᠤᠯᠠ ᠮᠠᠯ ᠎ᠤᠨ ᠠᠱᠢᠭ ᠱᠢᠮ᠎ᠡ ᠲᠠᠷᠢᠶᠠᠯᠠᠩ᠎ᠤᠨ ᠪᠦᠲᠦᠭᠡᠭ᠌ᠳᠡᠬᠦᠨ᠎ᠦ ᠦᠶ᠋ᠯᠡᠳᠪᠦᠷᠢᠯᠡᠯ᠎ᠦᠨ ᠰᠠᠭᠤᠷᠢᠨ᠎ᠢ ᠪᠥᠲᠥᠭᠡᠨ ᠪᠠᠢᠭᠤᠯᠬᠤ᠎ᠶ᠋ᠢᠨ ᠴᠢᠬᠤᠯᠠ ᠡᠭᠦᠷᠭᠡ ᠪᠣᠯᠤᠨ᠎ᠠ᠃ ᠪᠡᠯᠴᠢᠭᠡᠷ᠎ᠦᠨ ᠮᠠᠯ ᠠᠵᠤ ᠠᠬᠤᠶ ᠪᠣᠯ ᠣᠲᠣ ᠦᠶ᠎ᠡ᠎ᠶ᠋ᠢᠨ ᠮᠠᠯ ᠠᠵᠤ ᠠᠬᠤᠶ ᠲᠠᠷᠢᠶᠠᠯᠠᠩ ᠪᠠ ᠬᠥᠳᠡᠭᠡ ᠲᠣᠰᠭᠣᠨ᠎ᠢ ᠬᠥᠭ᠌ᠵᠢᠭᠦᠯᠦᠨ ᠮᠠᠨᠳᠤᠭᠤᠯᠬᠤ᠎ᠶ᠋ᠢᠨ ᠴᠢᠬᠤᠯᠠ ᠠᠭᠤᠯᠭ᠎ᠠ ᠮᠥᠨ᠂ ᠪᠡᠯᠴᠢᠭᠡᠷ᠎ᠦᠨ ᠮᠠᠯ ᠠᠵᠤ ᠠᠬᠤᠶ᠎ᠶ᠋ᠢᠨ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠠᠭᠤᠯᠤᠭ᠍ᠳᠠᠬᠤᠨ ᠎ᠢ ᠳᠡᠭᠡᠭ᠌ᠰᠢᠯᠡᠭᠦᠯᠬᠦ᠌᠎ᠨᠢ ᠴᠠᠭᠠᠨ ᠢᠳᠡᠭᠡᠨ ᠎ᠤ ᠦᠶ᠋ᠯᠡᠰ᠎ᠦᠨ ᠴᠢᠨᠠᠷ ᠰᠠᠢᠲᠠᠶ ᠬᠥᠭ᠌ᠵᠢᠯᠲᠡ᠎ᠶ᠋ᠢ ᠠᠬᠢᠭᠤᠯᠬᠤ᠎ᠳᠤ ᠴᠢᠬᠤᠯᠠ ᠠᠴᠢ ᠬᠣᠯᠪᠣᠭ᠍ᠳᠠᠯ᠎ᠲᠠᠶ ᠶᠤᠮ》 ᠭᠡᠵᠦ ᠪᠥᠬᠥ᠌ ᠤᠯᠤᠰ᠎ᠤᠨ ᠤᠯᠤᠰ ᠲᠥᠷᠥ᠎ᠶ᠋ᠢᠨ ᠵᠥᠪᠯᠡᠯᠭᠡᠨ᠎ᠦ ᠭᠡᠱᠢᠭᠦᠨ᠂ ᠥᠪᠥᠷ ᠮᠣᠩᠭᠣᠯ᠎ᠤᠨ ᠲᠠᠷᠢᠶᠠᠯᠠᠩ᠎ᠤᠨ ᠶᠡᠬᠡ ᠰᠤᠷᠭᠠᠭᠤᠯᠢ ᠎ᠶ᠋ᠢᠨ ᠴᠠᠭᠠᠨ ᠢᠳᠡᠭᠡᠨ᠎ᠦ ᠠᠮᠢᠳᠤ ᠪᠣᠳᠠᠰ᠎ᠤᠨ ᠮᠡᠷᠭᠡᠵᠢᠯ ᠬᠢᠭᠡᠳ ᠢᠨᠵᠧᠨᠧᠷᠢᠩ᠎ᠦᠨ ᠰᠤᠷᠭᠠᠨ ᠬᠥᠮᠦᠵᠢᠯ ᠎ᠦᠨ ᠶᠠᠮᠤᠨ ᠎ᠤ ᠭᠤᠤᠯᠳᠠᠯᠭ᠎ᠠ᠎ᠲᠠᠶ ᠲᠤᠷᠱᠢᠯᠲᠠ᠎ᠶ᠋ᠢᠨ ᠲᠠᠰᠤᠭ᠎ᠤᠨ ᠳᠡᠳ᠋ ᠡᠷᠬᠢᠯᠡᠭ᠌ᠴᠢ ᠰᠦᠨ ᡁᠢ ᠬᠣᠩ ᠰᠤᠷᠪᠤᠯᠵᠢᠯᠠᠭ᠍ᠴᠢ᠎ᠶ᠋ᠢᠨ ᠰᠤᠷᠪᠤᠯᠵᠢᠯᠠᠭ᠎ᠠ᠎ᠶ᠋ᠢ ᠬᠦᠯᠢᠶᠡᠬᠦ᠌᠎ᠳᠡᠭᠡᠨ ᠬᠡᠯᠡᠪᠡ᠃


QQ截图20240310165551.png

ᠰᠦᠨ ᡁᠢ ᠬᠣᠩ ᠲᠠᠨᠢᠯᠴᠠᠭᠤᠯᠬᠤ᠎ᠳᠠᠭᠠᠨ᠂ ᠣᠢᠷ᠎ᠠ᠎ᠶ᠋ᠢᠨ ᠵᠢᠯ᠎ᠳᠦ᠂ ᠮᠠᠨ᠎ᠤ ᠤᠯᠤᠰ ᠰᠦ ᠶ᠋ᠢᠨ ᠦᠶ᠋ᠯᠡᠰ᠎ᠢ ᠬᠥᠭ᠌ᠵᠢᠭᠦᠯᠦᠨ ᠮᠠᠨᠳᠤᠭᠤᠯᠬᠤ ᠲᠠᠯ᠎ᠠ᠎ᠪᠠᠷ ᠢᠯᠡᠳᠲᠡ ᠦᠷ᠎ᠡ ᠪᠦᠲᠦᠮᠵᠢ ᠣᠯᠤᠭ᠍ᠰᠠᠨ ᠪᠣᠯᠪᠠᠴᠤ᠌ ᠮᠥᠨ ᠬᠦ᠌ ᠵᠤᠬᠢᠬᠤ ᠠᠰᠠᠭᠤᠳᠠᠯ ᠣᠷᠣᠱᠢᠵᠤ ᠪᠠᠢᠨ᠎ᠠ᠂ ᠵᠢᠱ᠌ᠢᠶᠡᠯᠡᠪᠡᠯ ᠎ᠪᠡᠯᠴᠢᠭᠡᠷ᠎ᠦᠨ ᠮᠠᠯ ᠠᠵᠤ ᠠᠬᠤᠶ᠎ᠶ᠋ᠢᠨ ᠳᠠᠪᠠᠭᠤᠯᠢᠭ ᠭᠠᠵᠠᠷ ᠣᠷᠣᠨ᠎ᠳᠤ ᠤᠯᠤᠰ᠎ᠤᠨ 《ᠬᠤᠤᠰ ᠲᠡᠷᠢᠭᠦᠨ ᠲᠠᠰ》ᠤ᠋ᠨ ᠱᠢᠨᠵᠢᠯᠡᠭᠡᠨ᠎ᠦ ᠰᠠᠯᠠᠭ᠎ᠠ ᠳᠤᠲᠠᠭ᠍ᠳᠠᠵᠤ᠂ ᠲᠤᠰᠭᠠᠶ ᠮᠡᠷᠭᠡᠵᠢᠯ᠎ᠦᠨ ᠴᠢᠳᠠᠪᠤᠷᠢᠲᠠᠨ ᠨᠢ ᠬᠡᠷᠡᠭ᠌ᠴᠡᠭᠡ ᠱᠠᠭᠠᠷᠳᠠᠯᠭ᠎ᠠ᠎ᠶ᠋ᠢ ᠬᠠᠩᠭᠠᠵᠤ ᠳᠡᠢᠯᠬᠦ᠌ ᠥᠬᠡᠶ ᠪᠠᠢᠨ᠎ᠠ ; ᠰᠦᠯ ᠰᠠᠢᠲᠠᠶ ᠲᠡᠵᠢᠭᠡᠯ ᠡᠪᠡᠰᠦ ᠪᠣᠷᠳᠣᠭᠠᠨ᠎ᠤ ᠥᠪᠡᠷ᠎ᠢ᠎ᠪᠡᠨ ᠬᠠᠩᠭᠠᠬᠤ ᠴᠢᠳᠠᠪᠤᠷᠢ ᠬᠦᠷᠦᠯᠴᠡᠬᠦ᠌ ᠥᠬᠡᠶ᠂ ᠲᠡᠵᠢᠭᠡᠯ ᠪᠣᠷᠳᠣᠭ᠎ᠠ᠎ᠶ᠋ᠢ ᠬᠤᠪᠢᠷᠠᠭᠤᠯᠬᠤ ᠨᠣᠷᠮ᠎ᠠ ᠳᠤᠤᠷ᠎ᠠ ᠪᠠᠢᠨ᠎ᠠ;ᠰᠠᠭᠠᠯᠢ᠎ᠶ᠋ᠢᠨ ᠦᠨᠢᠶᠡᠨ᠎ᠦ ᠰᠠᠢᠨ ᠡᠭᠦᠯᠳᠡᠷ ᠎ᠢ ᠦᠷᠡᠵᠢᠭᠦᠯᠦᠨ ᠪᠣᠢᠵᠢᠭᠤᠯᠬᠤ ᠱᠢᠰᠲᠧᠮ ᠲᠡᠭᠦᠯᠳᠡᠷ ᠪᠤᠰᠤ᠂ ᠪᠤᠳᠠᠭᠠᠯᠢ ᠪᠡᠶ᠎ᠡ ᠵᠢᠨ ᠰᠦ᠎ᠶ᠋ᠢᠨ ᠭᠠᠷᠤᠯᠲᠠ᠎ᠶ᠋ᠢᠨ ᠬᠢᠷᠢ ᠬᠡᠮᠵᠢᠶ᠎ᠡ ᠮᠥᠨ ᠬᠦ᠌ ᠬᠥᠭ᠌ᠵᠢᠭ᠌ᠰᠡᠨ ᠤᠯᠤᠰ᠎ᠤᠨ ᠬᠢ᠎ᠡᠴᠡ ᠳᠣᠣᠷ᠎ᠠ ᠪᠠᠢᠭ᠍ᠰᠠᠭᠠᠷ; ᠰᠠᠭᠠᠯᠢ᠎ᠶ᠋ᠢᠨ ᠦᠨᠢᠶᠡᠨ ᠎ᠦ ᠠᠮᠢ ᠠᠬᠤᠢᠵᠢᠬᠰᠠᠨ ᠲᠡᠵᠢᠭᠡᠨ ᠦᠷᠡᠵᠢᠭᠦᠯᠬᠦ᠌ ᠬᠠᠷᠢᠴᠠᠯ ᠳᠤᠤᠷ᠎ᠠ ᠪᠠᠢᠵᠤ᠂ ᠪᠠᠭ᠎ᠠ ᠨᠡᠭᠦᠷᠡᠰᠦᠲᠥ᠋ᠷᠥᠭ᠌ᠴᠢᠲᠦ ᠥᠨᠳᠥᠷ ᠪᠦᠲᠦᠮᠵᠢᠲᠡᠶ ᠳᠠᠷᠢᠵᠤ ᠲᠡᠵᠢᠭᠡᠬᠦ᠌ ᠵᠠᠭ᠍ᠪᠤᠷ᠎ᠤᠨ ᠠᠬᠢᠴᠠ ᠤᠳᠠᠭᠠᠨ ᠪᠠᠢᠨ᠎ᠠ; ᠴᠠᠭᠠᠨ ᠢᠳᠡᠭᠡᠨ ᠪᠣᠯᠪᠠᠰᠤᠷᠠᠭᠤᠯᠬᠤ ᠭᠤᠤᠯ ᠮᠡᠷᠭᠡᠵᠢᠯ ᠬᠣᠴᠣᠷᠤᠩᠭᠤᠶ ᠵᠡᠷᠭᠡ ᠠᠰᠠᠭᠤᠳᠠᠯ ᠣᠷᠣᠱᠢᠵᠤ ᠪᠠᠢᠨ᠎ᠠ᠃

ᠰᠦᠨ ᡁᠢ ᠬᠣᠩ᠂ ᠪᠡᠯᠴᠢᠭᠡᠷ᠎ᠤᠨ ᠮᠠᠯ ᠠᠵᠤ ᠠᠬᠤᠶ᠎ᠶ᠋ᠢᠨ ᠤᠯᠤᠰ᠎ᠤᠨ 《ᠬᠤᠤᠰ ᠲᠡᠷᠢᠭᠦᠨ ᠵᠡᠷᠭᠡ》ᠵᠢᠨ ᠱᠢᠨᠵᠢᠯᠡᠭᠡᠨ᠎ᠦ ᠰᠠᠯᠠᠭ᠎ᠠ᠎ᠶ᠋ᠢᠨ ᠪᠠᠢᠭᠤᠯᠤᠯᠲᠠ᠎ᠶ᠋ᠢ ᠴᠢᠩᠭᠠᠳᠭᠠᠵᠤ᠂ ᠤᠯᠤᠰ᠎ᠤᠨ《ᠬᠤᠤᠰ ᠲᠡᠷᠢᠭᠦᠨ ᠳᠡᠰ》 ᠤ᠋ᠨ ᠪᠥᠲᠥᠭᠡᠨ ᠪᠠᠢᠭᠤᠯᠤᠯᠲᠠ᠎ᠶ᠋ᠢᠨ ᠶᠡᠬᠡ ᠳᠡᠭᠡᠳᠦ ᠰᠤᠷᠭᠠᠭᠤᠯᠢ᠎ᠶ᠋ᠢ ᠴᠢᠷᠮᠠᠢᠨ ᠪᠠᠢᠭᠤᠯᠤᠨ᠎ᠠ᠃ ᠴᠠᠭᠠᠨ ᠢᠳᠡᠭᠡᠨ᠎ᠤ ᠦᠢᠯᠡᠰ᠎ᠦᠨ ᠠᠵᠤ ᠦᠢᠯᠡᠰ ᠲᠥᠪᠯᠡᠷᠡᠭ᠌ᠰᠡᠨ ᠭᠠᠵᠠᠷ ᠣᠷᠣᠨ᠎ᠳᠤ ᠠᠮᠢ ᠠᠬᠤᠶ᠎ᠶ᠋ᠢᠨ ᠰᠤᠳᠤᠯᠤᠯ᠂ ᠡᠪᠡᠰᠦᠨ᠎ᠦ ᠰᠤᠳᠤᠯᠤᠯ᠂ ᠮᠠᠯ ᠠᠵᠤ ᠠᠬᠤᠶ᠎ᠶ᠋ᠢᠨ ᠰᠤᠳᠤᠯᠤᠯ᠂ ᠢᠳᠡᠭᠡᠨ᠎ᠦ ᠱᠢᠨᠵᠢᠯᠡᠬᠦ᠌ ᠤᠬᠠᠭᠠᠨ ᠵᠡᠷᠭᠡ ᠱᠢᠨᠵᠢᠯᠡᠭᠡᠨ᠎ᠦ ᠲᠤᠰᠭᠠᠶ ᠮᠡᠷᠭᠡᠵᠢᠯ᠎ᠦᠨ ᠪᠠᠢᠭᠤᠯᠤᠯᠲᠠ᠎ᠶ᠋ᠢ ᠴᠢᠩᠭᠠᠳᠭᠠᠨ᠎ᠠ᠃ ᠴᠠᠭᠠᠨ ᠢᠳᠡᠭᠡᠨ᠎ᠦ ᠱᠢᠨᠵᠢᠯᠡᠬᠦ᠌ ᠤᠬᠠᠭᠠᠨ᠎ᠤ ᠪᠥᠬᠥ᠌ ᠤᠯᠤᠰ᠎ᠤᠨ ᠭᠤᠤᠯᠳᠠᠯᠭ᠎ᠠ᠎ᠲᠠᠶ ᠲᠤᠷᠱᠢᠯᠲᠠ᠎ᠶ᠋ᠢᠨ ᠲᠠᠰᠤᠭ ᠎ᠢ ᠪᠠᠢᠭᠤᠯᠬᠤ᠎ᠶ᠋ᠢ ᠪᠥᠬᠥ᠌ ᠬᠦᠴᠦᠨ᠎ᠢᠶᠡᠷ᠎ᠢᠶᠡᠨ ᠠᠬᠢᠭᠤᠯᠵᠤ᠂ ᠥᠨᠳᠥᠷ ᠲᠦᠪᠱᠢᠨ ᠪᠥᠬᠥᠶ ᠬᠡᠷᠡᠭ᠌ᠯᠡᠭᠡᠨ᠎ᠦ ᠬᠡᠯᠪᠡᠷᠢ᠎ᠶ᠋ᠢᠨ ᠴᠢᠳᠠᠪᠤᠷᠢᠲᠠᠨ᠎ᠢ ᠲᠦᠷᠭᠡᠳᠭᠡᠨ ᠬᠥᠮᠦᠵᠢᠭᠦᠯᠵᠦ᠍᠂ ᠬᠠᠮᠢᠶ᠎ᠠ ᠪᠥᠬᠥᠶ ᠰᠠᠭᠤᠷᠢ ᠰᠤᠳᠤᠯᠭᠠᠨ᠎ᠢ ᠪᠡᠬᠢᠵᠢᠭᠦᠯᠦᠨ᠂ ᠠᠵᠤ ᠦᠶ᠋ᠯᠡᠰ᠎ᠦᠨ ᠱᠢᠨ᠎ᠡ᠎ᠶ᠋ᠢ ᠡᠭᠦᠳᠬᠦ᠌᠎ᠶ᠋ᠢ ᠬᠥᠲᠥᠯᠦᠨ ᠳᠠᠭᠠᠭᠤᠯᠤᠨ᠎ᠠ ᠭᠡᠵᠦ ᠰᠠᠨᠠᠭᠤᠯᠪᠠ᠃

《ᠰᠠᠭᠤᠷᠢ ᠰᠤᠳᠤᠯᠭᠠᠨ ᠪᠠ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌᠎ᠶ᠋ᠢ ᠵᠡᠷᠭᠡ᠎ᠪᠡᠷ ᠠᠳᠭᠤᠬᠤ᠎ᠶ᠋ᠢ ᠪᠠᠷᠢᠮᠲᠠᠯᠠᠵᠤ᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠲᠥᠯᠥᠪᠯᠡᠭᠡ᠎ᠶ᠋ᠢ ᠳᠡᠮᠵᠢᠬᠦ᠌ ᠡᠷᠴᠢᠮ᠎ᠢᠶᠡᠨ ᠴᠢᠩᠭᠠᠷᠠᠭᠤᠯᠵᠤ᠂ ᠵᠣᠬᠢᠶᠠᠨ ᠪᠠᠢᠭᠤᠯᠤᠯᠲᠠ᠎ᠲᠠᠶ᠎ᠪᠠᠷ ᠱᠢᠨᠵᠢᠯᠡᠬᠦ᠌ ᠤᠬᠠᠭᠠᠨ᠎ᠤ ᠰᠤᠳᠤᠯᠭᠠᠨ ᠥᠷᠨᠢᠭᠦᠯᠵᠦ᠍᠂ ᠤᠯᠤᠰ᠎ᠤᠨ ᠴᠠᠭᠠᠨ ᠢᠳᠡᠭᠡᠨ᠎ᠤ ᠦᠢᠯᠡᠰ᠎ᠦᠨ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌ ᠲᠥᠪ᠎ᠲᠦ ᠳᠡᠮᠵᠢᠯᠭᠡ ᠦᠵᠡᠭᠦᠯᠬᠦ᠌ ᠡᠷᠴᠢᠮ᠎ᠢᠶᠡᠨ ᠦᠷᠭᠦᠯᠵᠢᠯᠡᠨ ᠴᠢᠩᠭᠠᠷᠠᠭᠤᠯᠵᠤ᠂ ᠰᠦᠨ ᠬᠦᠴᠢᠯ᠎ᠦᠨ ᠪᠠᠺᠲ᠋ᠧᠷᠢ᠎ᠶ᠋ᠢᠨ ᠠᠵᠤ ᠦᠢᠯᠡᠰ᠎ᠦᠨ ᠮᠡᠷᠭᠡᠵᠢᠯ᠎ᠦᠨ ᠱᠢᠨ᠎ᠡ ᠶ᠋ᠢ ᠡᠭᠦᠳᠬᠦ᠌ ᠲᠥᠪ ᠪᠠ ᠴᠠᠭᠠᠨ ᠢᠳᠡᠭᠡᠨ᠎ᠦ ᠱᠢᠨᠵᠢᠯᠡᠬᠦ᠌ ᠤᠬᠠᠭᠠᠨ᠎ᠤ ᠪᠦᠬᠦ᠌ ᠤᠯᠤᠰ᠎ᠤᠨ ᠲᠤᠷᠱᠢᠯᠲᠠ᠎ᠶ᠋ᠢᠨ ᠲᠠᠰᠤᠭ᠎ᠢ ᠪᠦᠬᠦ᠌ ᠬᠦᠴᠦᠨ᠎ᠢᠶᠡᠷ᠎ᠢᠶᠡᠨ ᠪᠠᠢᠭᠤᠯᠵᠤ᠂ ᠴᠠᠭᠠᠨ ᠢᠳᠡᠭᠡᠨ᠎ᠦ ᠠᠵᠤ ᠦᠢᠯᠡᠰ᠎ᠦᠨ 〈ᠪᠣᠭᠣᠮᠢ ᠪᠤᠯᠵᠤ ᠪᠠᠢᠭ᠎ᠠ〉 ᠮᠡᠷᠭᠡᠵᠢᠯ᠎ᠦᠨ ᠠᠰᠠᠭᠤᠳᠠᠯ᠎ᠢ ᠱᠢᠪᠲᠤᠯᠵᠤ᠂ ᠰᠦᠨ ᠬᠦᠴᠢᠯ᠎ᠦᠨ ᠪᠠᠺᠲ᠋ᠧᠷᠢ ᠪᠠ ᠡᠳ᠋ᠱᠢᠭᠦᠯᠦᠨ ᠪᠣᠯᠪᠠᠰᠤᠷᠠᠭᠤᠯᠬᠤ ᠲᠥᠬᠥᠭᠡᠷᠦᠮᠵᠢ ᠵᠡᠷᠭᠡ᠎ᠶ᠋ᠢᠨ ᠬᠥᠮᠦᠨ᠎ᠳᠦ ᠬᠢᠵᠠᠭᠠᠷᠯᠠᠭ᠍ᠳᠠᠬᠤ ᠤᠷᠲᠤ ᠬᠤᠭᠤᠴᠠᠭᠠᠨ᠎ᠤ ᠴᠢᠨᠠᠷᠲᠠᠢ ᠠᠰᠠᠭᠤᠳᠠᠯ᠎ᠢ ᠱᠢᠢᠳᠪᠦᠷᠢᠯᠡᠬᠦ᠌ ᠬᠡᠷᠡᠭ᠌ᠲᠡᠢ》 ᠭᠡᠵᠦ᠍ ᠰᠦᠨ ᡁᠢ ᠬᠣᠩ ᠰᠠᠨᠠᠭᠤᠯᠪᠠ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠰᠠᠢᠨ᠎ᠠ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面