2024-03-10 17:00:07
ᠵᠠᠰᠠᠭ ᠤᠨ ᠣᠷᠳᠣᠨ ᠤ ᠠᠵᠢᠯ᠎ᠤᠨ ᠢᠯᠡᠳᠭᠡᠯ᠎ᠳᠦ᠂ ᠪᠢᠳᠡ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ᠎ᠪᠠᠷ ᠭᠤᠤᠯ ᠱᠢᠵᠢᠮ ᠪᠣᠯᠭᠠᠵᠤ᠂ ᠦᠨᠳᠦᠰᠦᠲᠡᠨ᠎ᠦ ᠣᠷᠣᠨ᠎ᠤ ᠥᠪᠡᠷᠲᠡᠭᠡᠨ ᠵᠠᠰᠠᠬᠤ ᠪᠠᠢᠭᠤᠯᠤᠯ᠎ᠢ ᠪᠠᠷᠢᠮᠲᠠᠯᠠᠨ ᠲᠡᠭᠦᠯᠳᠡᠷᠵᠢᠭᠦᠯᠵᠦ᠍ ᠂ ᠦᠨᠳᠦᠰᠦᠲᠡᠨ᠎ᠨᠦᠭᠦᠳ᠎ᠦᠨ ᠥᠷᠭᠡᠨ ᠳᠡᠯᠭᠡᠷ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ᠎ᠢ ᠠᠬᠢᠭᠤᠯᠵᠤ᠂ ᠦᠨᠳᠦᠰᠦᠲᠡᠨ᠎ᠦ ᠭᠠᠵᠠᠷ ᠣᠷᠣᠨ᠎ᠤ ᠣᠳᠣᠬᠢᠴᠢᠯᠠᠯᠲᠠ ᠵᠢᠨ ᠪᠥᠲᠥᠭᠡᠨ ᠪᠠᠢᠭᠤᠯᠤᠯᠲᠠ᠎ᠶ᠋ᠢᠨ ᠠᠯᠬᠤᠴᠠ᠎ᠪᠠᠨ ᠲᠦᠷᠭᠡᠳᠭᠡᠬᠦ᠌᠎ᠶ᠋ᠢ ᠠᠬᠢᠭᠤᠯᠬᠤ ᠬᠡᠷᠡᠭᠲᠡᠢ ᠭᠡᠵᠦ ᠲᠤᠷᠠᠳᠪᠠ᠃ ᠪᠦᠬᠦ᠌ ᠤᠯᠤᠰ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠦ ᠭᠡᠱᠢᠭᠦᠨ᠂ ᠥᠪᠡᠷᠲᠡᠭᠡᠨ ᠵᠠᠰᠠᠬᠤ ᠣᠷᠣᠨ᠎ᠤ ᠡᠮᠡᠭ᠌ᠲᠡᠢᠴᠦᠳ᠎ᠦᠨ ᠬᠣᠯᠪᠣᠭ᠎ᠠ᠎ᠶ᠋ᠢᠨ ᠲᠡᠷᠢᠭᠦᠯᠡᠭ᠌ᠴᠢ ᠸᠠᠩ ᠹᠠᠩ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠠᠵᠢᠯ᠎ᠤᠨ ᠭᠣᠣᠯ ᠱᠢᠵᠢᠮ᠎ᠦᠨ ᠲᠣᠭᠣᠷᠢᠨ᠎ᠳᠤ᠂ ᠡᠮᠡᠭ᠌ᠲᠡᠢᠴᠦᠳ᠎ᠦᠨ ᠰᠡᠳᠭᠢᠯ᠎ᠢ ᠨᠢᠭ᠍ᠲᠠᠷᠠᠭᠤᠯᠬᠤ᠂ ᠦᠨᠳᠦᠰᠦᠲᠡᠨ ᠦ ᠪᠦᠯᠬᠦᠮᠳᠡᠯ ᠢ ᠴᠢᠩᠭᠠᠳᠭᠠᠬᠤ᠂ ᠡᠮᠡᠭ᠌ᠲᠡᠢᠴᠦᠳ ᠬᠡᠦᠬᠡᠳ᠎ᠲᠦ ᠦᠢᠯᠡᠴᠢᠯᠡᠬᠦ᠌ ᠠᠵᠢᠯ᠎ᠢ ᠯᠠᠪᠳᠠᠭᠤᠨ ᠪᠠᠲᠤᠲᠠᠢ ᠰᠠᠢᠲᠤᠷ ᠬᠢᠵᠦ᠍᠂ ᠡᠮᠡᠭ᠌ᠲᠡᠢᠴᠦᠳ᠎ᠢ ᠪᠦᠯᠬᠦᠮᠳᠡᠭᠦᠯᠦᠨ ᠳᠠᠭᠠᠭᠤᠯᠵᠤ ᠡᠷᠡᠰ ᠭᠤᠢᠪᠢᠰᠢ ᠦᠭᠡᠢ᠎ᠪᠡᠷ ᠨᠠᠮ᠎ᠤᠨ ᠠᠴᠢ᠎ᠳᠤ ᠲᠠᠯᠠᠷᠬᠠᠵᠤ᠂ ᠨᠠᠮ᠎ᠤᠨ ᠦᠭᠡ᠎ᠶ᠋ᠢ ᠰᠣᠨᠣᠰᠴᠤ᠌᠂ ᠨᠠᠮ᠎ᠢᠶᠠᠨ ᠳᠠᠭᠠᠵᠥ ᠤᠷᠤᠬᠰᠢᠯᠠᠨ᠎ᠠ ᠭᠡᠵᠦ᠍ ᠢᠯᠡᠳᠭᠡᠪᠡ᠃

ᠸᠠᠩ ᠹᠠᠩ᠎ᠤᠨ ᠦᠵᠡᠬᠦ᠌᠎ᠪᠡᠷ᠂ ᠪᠣᠳᠠᠲᠠᠶ ᠠᠵᠢᠯ᠎ᠤᠨ ᠳᠤᠮᠳᠠ ᠪᠠᠨ 《ᠤᠮᠠᠷᠠᠲᠤ ᠬᠢᠯᠢ᠎ᠶ᠋ᠢᠨ ᠡᠮᠡᠭ᠌ᠲᠡᠢᠴᠦᠳ᠎ᠤᠨ ᠰᠦᠭ ᠰᠦᠨᠡᠰᠦ ᠵᠢ ᠱᠤᠭᠤᠵᠤ ᠬᠥᠲᠥᠯᠥᠨ ᠳᠠᠭᠠᠭᠤᠯᠬᠤ ᠢᠨᠵᠧᠨᠧᠷᠢᠩ》 ᠢ᠋ ᠭᠦᠨᠵᠡᠭᠡᠶ ᠬᠡᠷᠡᠭ᠌ᠵᠢᠭᠦᠯᠵᠦ᠍᠂ ᠤᠯᠤᠰ ᠲᠥᠷᠥ᠎ᠪᠡᠷ ᠬᠥᠲᠥᠯᠥᠨ ᠳᠠᠭᠠᠭᠤᠯᠬᠤ᠂ ᠨᠡᠢᠲᠡᠯᠢᠭ ᠵᠢᠱ᠌ᠢᠶ᠎ᠡ᠎ᠪᠡᠷ ᠬᠥᠲᠥᠯᠥᠨ ᠳᠠᠭᠠᠭᠤᠯᠬᠤ᠂ ᠥᠷᠲᠡᠭ᠎ᠢᠶᠡᠷ ᠬᠥᠲᠥᠯᠥᠨ ᠳᠠᠭᠠᠭᠤᠯᠬᠤ᠂ ᠰᠦᠯᠵᠢᠶᠡᠨ ᠳᠡᠭᠡᠷᠡᠬᠢ ᠪᠠ ᠪᠤᠳᠠᠳᠤ ᠴᠤᠬᠴᠠ ᠵᠢᠨ ᠬᠢᠨ ᠬᠠᠮᠲᠤ ᠪᠡᠷ ᠬᠦᠳᠡᠯᠦᠯᠴᠡᠬᠦ ᠵᠢ ᠴᠢᠩᠭᠠᠳᠭᠠᠵᠤ᠂ 《ᠤᠮᠠᠷᠠᠲᠤ ᠬᠢᠯᠢ᠎ᠶ᠋ᠢᠨ ᠡᠮᠡᠭ᠌ᠲᠡᠢᠴᠦᠳ᠎ᠦᠨ ᠦᠵᠡᠯ ᠰᠠᠨᠠᠭ᠎ᠠ ᠤᠯᠤᠰ ᠲᠥᠷᠥ᠎ᠶ᠋ᠢᠨ ᠶᠠᠷᠢᠶᠠᠨ᠎ᠤ ᠲᠠᠩᠬᠢᠮ 》ᠵᠢᠡᠷ ᠠᠴᠢᠶᠠᠯᠠᠪᠤᠷᠢ ᠪᠣᠯᠭᠠᠵᠤ᠂ ᠭᠤᠷᠪᠠᠨ ᠱᠠᠲᠤᠨ᠎ᠤ ᠡᠮᠡᠭ᠌ᠲᠡᠢᠴᠦᠳ᠎ᠦᠨ ᠤᠬᠠᠭᠤᠯᠤᠨ ᠲᠠᠢᠯᠪᠤᠷᠢᠯᠠᠬᠤ ᠪᠦᠯᠬᠦᠮ᠎ᠢ ᠪᠠᠢᠭᠤᠯᠵᠤ᠂ ᠨᠠᠮ᠎ᠤᠨ ᠱᠢᠨ᠎ᠡ᠎ᠶ᠋ᠢ ᠡᠭᠦᠳᠦᠭᠰᠡᠨ ᠣᠨᠣᠯ᠎ᠢᠶᠠᠷ ᠡᠮᠡᠭ᠌ᠲᠡᠢᠴᠦᠳ᠎ᠢ ᠲᠠᠰᠤᠷᠠᠯᠲᠠ ᠥᠬᠡᠶ ᠬᠥᠮᠦᠵᠢᠭᠦᠯᠵᠦ᠍᠂ ᠠᠵᠢᠯᠯᠠᠭ᠎ᠠ᠎ᠪᠠᠷ ᠡᠮᠡᠭ᠌ᠲᠡᠢᠴᠦᠳ᠎ᠢ ᠲᠠᠲᠠᠵᠤ᠂ ᠦᠶ᠋ᠯᠡᠴᠢᠯᠡᠭᠡ ᠪᠡᠷ ᠡᠮᠡᠭ᠌ᠲᠡᠢᠴᠦᠳ᠎ᠢ ᠨᠢᠭ᠍ᠲᠠᠷᠠᠭᠤᠯᠵᠤ᠂ ᠨᠡᠢᠲᠡᠯᠢᠭ ᠵᠢᠱ᠌ᠢᠶ᠎ᠡ᠎ᠪᠡᠷ ᠡᠮᠡᠭ᠌ᠲᠡᠢᠴᠦᠳ᠎ᠢ ᠳᠠᠢᠴᠢᠯᠠᠬᠤ ᠬᠡᠷᠡᠭ᠌ᠲᠡᠶ᠃ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ᠎ᠪᠠᠷ ᠭᠣᠣᠯ ᠱᠢᠵᠢᠮ ᠪᠣᠯᠭᠠᠵᠤ᠂ ᠭᠣᠣᠯ ᠰᠡᠳᠦᠪᠲᠦ ᠠᠵᠢᠯᠯᠠᠭ᠎ᠠ᠎ᠶ᠋ᠢ ᠤᠬᠠᠭᠠᠯᠠᠨ ᠵᠣᠬᠢᠶᠠᠨ ᠪᠠᠢᠭᠤᠯᠵᠤ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠡᠮᠡᠭ᠌ᠲᠡᠢᠴᠦᠳ᠎ᠦᠨ ᠦᠢᠯᠡᠰ ᠪᠤᠰᠬᠠᠬᠤ ᠠᠵᠢᠯ ᠣᠯᠭᠣᠯᠲᠠ ᠵᠢᠨ ᠰᠠᠭᠤᠷᠢᠨ᠎ᠢ ᠡᠭᠦᠳᠦᠨ ᠪᠠᠢᠭᠤᠯᠬᠤ᠂ ᠭᠡᠷ᠎ᠤᠨ ᠠᠬᠠᠮᠠᠳ ᠬᠡᠦᠬᠡᠳ᠎ᠦᠨ ᠬᠠᠮᠲᠤ ᠵᠢᠨ ᠤᠩᠱᠢᠯᠭ᠎ᠠ᠎ᠶ᠋ᠢᠨ ᠤᠷᠤᠯᠳᠤᠭᠠᠨ᠎ᠢ ᠵᠣᠬᠢᠶᠠᠨ ᠪᠠᠢᠭᠤᠯᠬᠤ ᠵᠡᠷᠭᠡ᠎ᠪᠡᠷ ᠳᠠᠮᠵᠢᠭᠤᠯᠤᠨ᠂《ᠵᠢᠷᠭᠤᠭᠠᠨ ᠦᠬᠦᠯᠡᠪᠦᠷᠢ ᠦᠭᠡ᠎ᠶ᠋ᠢᠨ ᠪᠣᠳᠠᠲᠤ ᠶᠠᠪᠤᠳᠠᠯ ᠪᠠ ᠶᠣᠰᠣ ᠤᠴᠢᠷ ᠢ᠋ ᠡᠮᠡᠭ᠌ᠲᠡᠢᠴᠦᠳ ᠬᠡᠦᠬᠡᠳ᠎ᠦᠨ ᠭᠡᠷ ᠪᠦᠯᠢ᠎ᠶ᠋ᠢᠨ ᠪᠦᠷᠢᠯᠳᠦᠬᠦᠨ᠎ᠦ ᠰᠡᠳᠭᠢᠯ᠎ᠳᠦ ᠭᠦᠨ ᠬᠠᠳᠠᠩᠱᠢᠭᠤᠯᠬᠤ ᠬᠡᠷᠡᠭ᠌ᠲᠡᠢ᠃ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌ ᠂ ᠦᠢᠯᠡᠰ ᠪᠤᠰᠭᠠᠬᠤ ᠠᠵᠢᠯ ᠣᠯᠭᠣᠬᠤ᠂ ᠬᠥᠳᠡᠭᠡ ᠲᠣᠰᠭᠣᠨ᠎ᠢ ᠬᠥᠭ᠌ᠵᠢᠭᠦᠯᠦᠨ ᠮᠠᠨᠳᠤᠭᠤᠯᠬᠤ᠂ ᠠᠮᠢ ᠠᠬᠤᠢ᠎ᠶ᠋ᠢᠨ ᠪᠣᠯᠪᠠᠰᠤᠨ᠎ᠤ ᠪᠠᠢᠭᠤᠯᠤᠯᠲᠠ᠎ᠶ᠋ᠢᠨ ᠡᠮᠡᠭ᠌ᠲᠡᠢᠴᠦᠳ᠎ᠦᠨ ᠠᠵᠢᠯᠯᠠᠭ᠎ᠠ ᠵᠢ ᠪᠤᠲᠠᠲᠠᠢ ᠠᠳᠬᠤᠵᠤ᠂ ᠤᠷ᠎ᠠ ᠴᠢᠳᠠᠪᠤᠷᠢ᠎ᠶ᠋ᠢᠨ ᠪᠣᠯᠪᠠᠰᠤᠷᠠᠯ ᠵᠡᠷᠭᠡ᠎ᠶ᠋ᠢ ᠵᠤᠬᠢᠶᠠᠨ ᠪᠠᠢᠭᠤᠯᠵᠤ᠂ ᠲᠦᠮᠡᠨ ᠡᠮᠡᠭ᠌ᠲᠡᠢᠴᠦᠳ ᠪᠣᠯᠤᠨ ᠭᠡᠷ ᠪᠦᠯᠢ᠎ᠶ᠋ᠢᠨ ᠬᠡᠪ ᠪᠣᠯᠪᠠᠰᠤᠷᠠᠯ᠎ᠢ ᠳᠡᠭᠡᠭ᠌ᠰᠢᠯᠡᠭᠦᠯᠬᠦ᠌ ᠲᠥᠯᠥᠪᠯᠡᠭᠡ᠎ᠶ᠋ᠢ ᠥᠷᠨᠢᠭᠦᠯᠵᠦ᠍᠂ ᠡᠮᠡᠭ᠌ᠲᠡᠢᠴᠦᠳ᠎ᠦᠨ ᠭᠠᠪᠢᠶ᠎ᠠ ᠪᠠᠢᠭᠤᠯᠵᠤ ᠦᠢᠯᠡᠰ ᠪᠤᠰᠭᠠᠬᠤ᠎ᠳᠤ ᠬᠦᠴᠦ᠍ᠨ ᠨᠡᠮᠡᠷᠢᠯᠡᠬᠦ ᠬᠡᠷᠡᠭᠲᠡᠢ᠃ ᠬᠡᠷ ᠪᠦᠯᠢ ᠭᠡᠷ᠎ᠤᠨ ᠬᠥᠮᠦᠵᠢᠯ ᠬᠡᠷ᠎ᠦᠨ ᠰᠤᠷᠲᠠᠯ᠎ᠤᠨ ᠪᠠᠢᠭᠤᠯᠤᠯᠲᠠ᠎ᠶ᠋ᠢ ᠴᠥᠬᠥᠷᠡᠰᠢ ᠥᠬᠡᠶ ᠠᠬᠢᠭᠤᠯᠵᠤ ᠂ 《ᠬᠡᠷ ᠪᠦᠯᠢ ᠪᠦᠷᠢ ᠵᠣᠯ ᠵᠢᠷᠭᠠᠯ ᠲᠠᠢ ᠠᠮᠤᠷ ᠠᠮᠤᠭᠤᠯᠠᠩ ᠪᠠᠢᠬᠤ ᠢᠨᠵᠧᠨᠧᠷᠢᠩ》ᠵᠢᠡᠷ ᠭᠠᠷᠳᠠᠴᠠ ᠪᠣᠯᠭᠠᠵᠤ᠂ ᠤᠮᠠᠷᠠᠲᠤ ᠬᠢᠯᠢ᠎ᠶ᠋ᠢᠨ ᠬᠡᠷ ᠪᠦᠯᠢ᠎ᠶ᠋ᠢᠨ ᠰᠣᠶᠣᠯ᠎ᠤᠨ ᠲᠥᠷᠥᠯ ᠲᠡᠮᠳᠡᠭ᠎ᠢ ᠦᠷᠭᠦᠯᠵᠢᠯᠡᠨ ᠡᠭᠦᠳᠴᠦ᠍᠂ ᠬᠡᠷ ᠪᠦᠯᠢ᠎ᠶ᠋ᠢᠨ ᠵᠢᠯᠣᠭᠣᠳᠣᠭ᠍ᠴᠢ ᠪᠠᠭ᠍ᠰᠢ ᠪᠣᠯᠤᠨ ᠬᠡᠷ᠎ᠤᠨ ᠶᠠᠪᠤᠳᠠᠯ᠎ᠤᠨ ᠬᠠᠮᠢᠶᠠᠷᠤᠯᠲᠠ᠎ᠶ᠋ᠢᠨ ᠦᠶ᠋ᠯᠡᠴᠢᠯᠡᠬᠦ ᠠᠵᠢᠯᠳᠠᠨ᠎ᠳᠤ ᠪᠤᠯᠪᠠᠰᠤᠷᠠᠯ ᠬᠦᠷᠲᠡᠭᠡᠵᠦ᠂ ᠣᠯᠠᠨ ᠲᠦᠮᠡᠨ᠎ᠦ ᠬᠦᠷᠲᠡᠮᠵᠢ᠎ᠶ᠋ᠢᠨ ᠲᠥᠷᠥᠭ᠌ᠳᠡᠯ ᠂ ᠵᠢᠷᠭᠠᠯᠲᠤ ᠲᠥᠷᠥᠭ᠌ᠳᠡᠯ᠂ ᠠᠮᠤᠷ ᠲᠦᠪᠱᠢᠨ᠎ᠦ ᠲᠥᠷᠥᠭ᠌ᠳᠡᠯ᠎ᠢ ᠳᠡᠭᠡᠭ᠌ᠰᠢᠯᠡᠭᠦᠯᠬᠦ᠌᠎ᠳᠦ ᠬᠦᠴᠦᠨ ᠴᠢᠳᠠᠯ᠎ᠢᠶᠠᠨ ᠡᠷᠭᠦᠬᠦ᠌ ᠬᠡᠷᠡᠭ᠌ᠲᠡᠶ᠃ 《ᠰᠠᠭᠤᠷᠢ᠎ᠶ᠋ᠢ ᠴᠢᠩᠭᠠᠳᠭᠠᠨ ᠬᠡᠪᠴᠢᠢ᠎ᠡ᠎ᠶ᠋ᠢ ᠥᠷᠭᠡᠳᠭᠡᠵᠦ᠍ ᠢᠳᠡᠪᠬᠢᠵᠢᠯ᠎ᠢ ᠬᠦᠭᠵᠢᠭᠡᠬᠦ》ᠢᠨᠵᠧᠨᠧᠷᠢᠩ᠎ᠢ ᠭᠦᠨᠵᠡᠭᠡᠢ ᠬᠡᠷᠡᠭ᠌ᠵᠢᠭᠦᠯᠵᠦ᠍᠂ ᠡᠯ᠎ᠡ ᠱᠠᠲᠤᠨ᠎ᠤ ᠡᠮᠡᠭ᠌ᠲᠡᠢᠴᠦᠳ᠎ᠦᠨ ᠬᠣᠯᠪᠣᠭ᠎ᠠ᠎ᠶ᠋ᠢᠨ ᠵᠣᠬᠢᠶᠠᠨ ᠪᠠᠢᠭᠤᠯᠤᠯᠲᠠ᠎ᠶ᠋ᠢᠨ ᠤᠯᠤᠰ ᠲᠦᠷᠦᠴᠢ ᠴᠢᠨᠠᠷ ᠲᠡᠷᠢᠭᠦᠨ᠎ᠦ ᠴᠢᠨᠠᠷ ᠤᠯᠠᠨ ᠲᠦᠮᠡᠨᠴᠢ ᠴᠢᠨᠠᠷ᠎ᠢ ᠦᠨᠡᠨ ᠬᠦ᠌ ᠴᠢᠩᠭᠠᠳᠭᠠᠵᠤ᠂ ᠠᠷᠠᠳ᠎ᠤᠨ ᠠᠮᠢᠳᠤᠷᠠᠯ᠎ᠳᠤ ᠠᠱᠢᠭ ᠬᠦᠷᠲᠡᠭᠡᠬᠦ᠌᠂ ᠠᠷᠠᠳ᠎ᠤᠨ ᠰᠡᠳᠭᠢᠯ᠎ᠢ ᠳᠤᠯᠠᠭᠠᠴᠠᠭᠤᠯᠬᠤ᠂ ᠠᠷᠠᠳ᠎ᠤᠨ ᠰᠠᠨᠠᠭᠠᠨ᠎ᠳᠤ ᠨᠡᠢᠴᠡᠭᠦᠯᠬᠦ᠌ ᠠᠵᠢᠯ᠎ᠢ ᠥᠷᠭᠡᠨ ᠤᠯᠠᠨ ᠡᠮᠡᠭ᠌ᠲᠡᠢᠴᠦᠳᠲᠤ᠌ ᠲᠠᠭᠠᠰᠢᠶᠠᠭᠳᠠᠲᠠᠯᠠ ᠴᠢᠷᠮᠠᠢᠨ ᠬᠢᠵᠦ᠂ ᠡᠮᠡᠭ᠌ᠲᠡᠢᠴᠦᠳ ᠤᠯᠠᠨ ᠲᠦᠮᠡᠨ ᠳᠤ ᠢᠲᠡᠭᠡᠯ ᠲᠡᠢ᠂ ᠨᠠᠢᠳᠠᠪᠤᠷᠢᠲᠠᠢ᠂ ᠰᠠᠯᠵᠤ ᠪᠣᠯᠤᠰᠢ ᠦᠭᠡᠢ《ᠲᠥᠷᠬᠥᠮ᠎ᠦᠨ ᠬᠥᠮᠦᠨ 》 ᠪᠣᠯᠬᠤ᠎ᠪᠠᠷ ᠴᠢᠷᠮᠠᠢᠬᠤ ᠬᠡᠷᠡᠭ᠌ᠲᠡᠢ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠰᠠᠢᠨ᠎ᠠ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃