2024-03-10 16:40:48
《ᠪᠠᠰᠠ ᠨᠢᠭᠡ ᠤᠳᠠᠭ᠎ᠠ ᠲᠤᠬᠠᠢ᠎ᠶ᠋ᠢᠨ ᠲᠠᠯᠠᠪᠠᠢ᠎ᠳᠤ ᠵᠠᠰᠠᠭ᠎ᠤᠨ ᠣᠷᠳᠣᠨ᠎ᠤ ᠠᠵᠢᠯ᠎ᠤᠨ ᠢᠯᠡᠳᠭᠡᠯ᠎ᠢ ᠰᠣᠨᠣᠰᠤᠭᠠᠳ᠂ ᠮᠢᠨᠥ ᠢᠲᠡᠭᠡᠯ ᠵᠣᠷᠢᠭ ᠬᠥᠪᠴᠢᠯᠡᠭᠳᠡᠵᠥ᠂ ᠬᠦᠰᠡᠯ ᠨᠠᠢᠳᠠᠯᠭ᠎ᠠ᠎ᠶ᠋ᠢ ᠨᠠᠡᠭ ᠪᠠᠳᠤ ᠴᠡᠭᠡᠵᠢᠯᠡᠵᠥ᠂ ᠬᠠᠷᠢᠭᠤᠴᠠᠯᠭ᠎ᠠ᠎ᠪᠠᠨ ᠨᠠᠡᠭ ᠲᠤᠳᠤᠷᠬᠠᠢ ᠤᠯᠵᠤ ᠮᠡᠳᠡᠷᠡᠪᠡ᠃ ᠬᠥᠬᠡᠬᠣᠲᠠ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠲᠥᠪ ᠪᠣᠯᠤᠭ᠍ᠰᠠᠨ᠎ᠤ ᠬᠤᠪᠢ᠎ᠳᠤ᠂ ᠪᠥᠬᠥ᠌ ᠣᠷᠣᠨ᠎ᠤ 70% ᠶ᠋ᠢᠨ ᠳᠡᠭᠡᠳᠦ ᠵᠡᠷᠭᠡ᠎ᠶ᠋ᠢᠨ ᠰᠤᠷᠭᠠᠨ ᠬᠥᠮᠦᠵᠢᠯ᠎ᠦᠨ ᠡᠬᠢ ᠪᠠᠶᠠᠯᠢᠭ᠂ 40% ᠶ᠋ᠢᠨ ᠱᠢᠨᠵᠢᠯᠡᠬᠦ᠌ ᠤᠬᠠᠭᠠᠨ᠎ᠤ ᠰᠤᠳᠤᠯᠭᠠᠨ᠎ᠤ ᠪᠠᠢᠭᠤᠯᠤᠮᠵᠢ᠂ 36%᠎ᠶ᠋ᠢᠨ ᠳᠡᠭᠡᠳᠦ ᠱᠢᠨ᠎ᠡ ᠮᠡᠷᠭᠡᠵᠢᠯ᠎ᠦᠨ ᠠᠵᠤ ᠠᠬᠤᠢᠯᠠᠯ᠎ᠢ ᠴᠤᠭ᠍ᠯᠠᠷᠠᠭᠤᠯᠵᠤ᠂ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ〈ᠪᠦᠰᠡᠯᠡᠯᠲᠡ ᠱᠢᠪᠲᠤᠯᠬᠤ〉 ᠲᠠᠯ᠎ᠠ ᠪᠠᠷ ᠰᠠᠨᠠᠭᠠᠴᠢᠯᠠᠭ᠎ᠠ᠎ᠡᠴᠡ᠎ᠪᠠᠨ ᠠᠵᠢᠯᠯᠠᠵᠤ᠂ ᠤᠷᠢᠳ᠎ᠢᠶᠠᠷ ᠪᠦᠰᠡᠯᠡᠯᠲᠡ ᠱᠢᠪᠲᠤᠯᠬᠤ ᠳ᠋ᠤ ᠰᠠᠭᠤᠷᠢ ᠲᠠᠢ᠂ ᠨᠦᠬᠦᠴᠡᠯ ᠲᠠᠢ᠂ ᠬᠠᠷᠢᠭᠤᠴᠠᠯᠭ᠎ᠠ᠎ᠲᠠᠶ ᠶᠤᠮ》 ᠭᠡᠵᠦ᠍ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠥᠯᠥᠭᠡᠯᠡᠭ᠌ᠴᠢ᠂ ᠬᠥᠬᠡᠬᠣᠲᠠ᠎ᠶ᠋ᠢᠨ ᠨᠠᠮ᠎ᠤᠨ ᠬᠤᠷᠢᠶ᠎ᠠ ᠵᠢᠨ ᠳᠡᠳ᠋ ᠱᠦᠵᠢ᠂ ᠬᠤᠳᠠ᠎ᠶ᠋ᠢᠨ ᠳᠠᠷᠤᠭ᠎ᠠ ᠾᠧ ᠬᠠᠢ ᠳ᠋ᠦᠩ ᠬᠡᠯᠡᠪᠡ᠃

ᠡᠨᠡ ᠵᠢᠯ᠎ᠦᠨ ᠪᠥᠬᠥ᠌ ᠤᠯᠤᠰ᠎ᠤᠨ ᠬᠣᠶᠠᠷ ᠬᠤᠷᠠᠯ᠎ᠳᠤ᠂ ᠱᠢᠨ᠎ᠡ ᠴᠢᠨᠠᠷ᠎ᠪᠦᠬᠦᠢ ᠦᠶ᠋ᠯᠡᠳᠪᠦᠷᠢᠯᠡᠯ᠎ᠦᠨ ᠬᠦᠴᠦᠨ᠎ᠨᠢ ᠬᠠᠯᠠᠮᠱᠢᠯ ᠦᠭᠡ ᠪᠣᠯᠪᠠ᠃ ᠾᠧ ᠬᠠᠢ ᠳ᠋ᠦᠩ᠂ ᠱᠢᠨ᠎ᠡ ᠴᠢᠨᠠᠷ᠎ᠪᠦᠬᠦᠢ ᠦᠢᠯᠡᠳᠪᠦᠷᠢᠯᠡᠯ᠎ᠦᠨ ᠬᠦᠴᠦᠨ᠎ᠢ ᠲᠦᠷᠭᠡᠳᠭᠡᠨ ᠬᠥᠭ᠌ᠵᠢᠭᠦᠯᠬᠦ᠌ ᠪᠣᠯ ᠴᠢᠨᠠᠷ ᠰᠠᠢᠲᠠᠢ ᠬᠥᠭ᠌ᠵᠢᠯᠲᠡ᠎ᠶ᠋ᠢᠨ ᠪᠠᠢᠪᠠᠰᠤ ᠵᠣᠬᠢᠬᠤ ᠠᠭᠤᠯᠭ᠎ᠠ ᠮᠥᠨ᠂ ᠬᠠᠮᠤᠭ᠎ᠤᠨ ᠴᠢᠬᠤᠯᠠ ᠨᠢ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌᠎ᠶ᠋ᠢ ᠴᠢᠩᠭᠠᠳᠭᠠᠵᠤ᠂ ᠥᠨᠳᠥᠷ ᠲᠦᠪᠱᠢᠨ ᠪᠦᠬᠦᠢ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠪᠡᠶ᠎ᠡ᠎ᠪᠡᠨ ᠳᠠᠭᠠᠭᠠᠵᠤ ᠬᠦᠴᠦᠷᠬᠡᠭ᠌ᠵᠢᠬᠦ᠌᠎ᠶ᠋ᠢ ᠲᠦᠷᠭᠡᠳᠭᠡᠨ ᠪᠡᠶᠡᠯᠡᠭᠦᠯᠬᠦ᠌ ᠬᠡᠷᠡᠭ᠌ᠲᠡᠢ ᠭᠡᠵᠦ ᠦᠵᠡᠪᠡ᠃
ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ 《ᠪᠦᠰᠡᠯᠡᠯᠲᠡ ᠱᠢᠪᠲᠤᠯᠬᠤ》 ᠠᠵᠢᠯ᠎ᠢ ᠬᠡᠷᠬᠢᠨ ᠰᠠᠢᠲᠤᠷ ᠬᠢᠬᠦ᠌ ᠲᠤᠬᠠᠢ ᠾᠧ ᠬᠠᠢ ᠳ᠋ᠦᠩ ᠥᠪᠡᠷ᠎ᠦᠨ ᠪᠤᠳᠤᠯ ᠪᠣᠯᠤᠨ ᠰᠠᠨᠠᠭᠤᠯᠭ᠎ᠠ᠎ᠪᠠᠨ ᠳᠤᠷᠠᠳᠪᠠ᠃ ᠨᠢᠭᠡ᠎ᠳᠦ ᠪᠠᠯᠡ ᠣᠷᠣᠭᠤᠯᠤᠯᠲᠠ ᠬᠢᠬᠦ ᠡᠷᠴᠢᠮ᠎ᠢᠶᠡᠨ ᠴᠢᠩᠭᠠᠷᠠᠭᠤᠯᠵᠤ᠂ ᠬᠠᠷᠠᠮ ᠦᠭᠡᠢ ᠣᠷᠣᠭᠤᠯᠤᠯᠲᠠᠬᠢᠬᠥ᠂ ᠦᠷᠭᠦᠯᠵᠢᠯᠡᠨ ᠣᠷᠣᠭᠤᠯᠤᠯᠲᠠ ᠬᠢᠬᠥ᠂ ᠪᠠᠯᠠ ᠮᠦᠩᠭᠦ ᠭᠠᠷᠭᠠᠵᠤ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌ ᠪᠠ ᠵᠠᠩᠭᠢᠯᠠᠭ᠎ᠠ᠎ᠶ᠋ᠢᠨ ᠮᠡᠷᠭᠡᠵᠢᠯ᠎ᠦᠨ ᠪᠡᠷᠬᠡ ᠰᠡᠳᠦᠪ᠎ᠢ ᠱᠢᠢᠳᠪᠦᠷᠢᠯᠡᠬᠦ᠌ ᠠᠵᠢᠯ᠎ᠢ ᠥᠷᠨᠢᠭᠦᠯᠥᠨᠠ᠃ ᠬᠣᠶᠠᠷ᠎ᠲᠤ ᠨᠡᠩ ᠤᠯᠠᠨ ᠱᠢᠨ᠎ᠡ᠎ᠶ᠋ᠢ ᠡᠭᠦᠳᠬᠦ᠌ ᠲᠠᠪᠴᠠᠩ᠎ᠢ ᠰᠠᠢᠲᠤᠷ ᠪᠠᠢᠭᠤᠯᠵᠤ᠂ ᠰᠠᠢᠲᠤᠷ ᠪᠣᠢᠵᠢᠭᠤᠯᠵᠤ᠂ ᠨᠡᠩ ᠤᠯᠠᠨ ᠱᠢᠯᠢᠳᠡᠭ ᠴᠢᠳᠠᠪᠤᠷᠢᠲᠠᠨ ᠪᠣᠯᠤᠨ ᠪᠦᠯᠬᠦᠮ᠎ᠢ ᠲᠠᠲᠠᠨ᠎ᠠ᠃ ᠭᠤᠷᠪᠠ᠎ᠳᠤ ᠴᠢᠩᠭ᠎ᠠ ᠬᠦᠴᠦᠲᠡᠶ ᠠᠷᠭ᠎ᠠ ᠬᠡᠮᠵᠢᠶ᠎ᠡ᠎ᠪᠡᠷ ᠠᠵᠤ ᠠᠬᠤᠢᠯᠠᠯ᠎ᠢ ᠬᠥᠲᠥᠯᠥᠨ ᠵᠢᠯᠣᠭᠣᠳᠴᠤ᠌ ᠪᠠᠢᠭᠠᠳ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌ ᠳᠤᠮᠳᠠ《ᠭᠤᠤᠯ ᠳᠦᠷᠢ᠎ᠶ᠋ᠢ ᠲᠣᠭ᠍ᠯᠠᠵᠤ》᠂ ᠬᠤᠶᠠᠷ ᠳᠠᠬᠢᠨ᠎ᠢᠶᠠᠷ ᠨᠡᠮᠡᠭ᠌ᠳᠡᠭᠦᠯᠬᠦ᠌᠂ ᠬᠤᠤᠰ᠎ᠢᠶᠠᠷ ᠳᠡᠭᠡᠭ᠌ᠰᠢᠯᠡᠭᠦᠯᠬᠦ᠌᠂ ᠬᠡᠪᠴᠢᠶᠡᠵᠢᠯ᠎ᠡᠴᠡ ᠳᠡᠭᠡᠭ᠌ᠰᠢᠬᠢ ᠠᠵᠤ ᠦᠶ᠋ᠯᠡᠳᠪᠦᠷᠢ ᠶ᠋ᠢᠨ ᠠᠵᠤ ᠠᠬᠤᠢᠯᠠᠯ᠎ᠤᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌ 《ᠭᠤᠷᠪᠠ᠎ᠶ᠋ᠢ ᠳᠠᠭᠤᠰᠬᠠᠬᠤ ᠵᠢ ᠪᠦᠬᠦᠨ ᠳ᠋ᠤ ᠪᠦᠷᠬᠦᠬᠦᠯᠬᠦ》ᠵᠡᠷᠭᠡ ᠠᠵᠢᠯᠯᠠᠭ᠎ᠠ᠎ᠶ᠋ᠢ ᠦᠷᠭᠦᠯᠵᠢᠯᠡᠨ ᠬᠡᠷᠡᠭ᠌ᠵᠢᠭᠦᠯᠦᠨ᠎ᠡ᠃ ᠱᠢᠨ᠎ᠡ᠎ᠶ᠋ᠢ ᠡᠭᠦᠳᠬᠦ᠌ ᠳᠤ ᠴᠢᠳᠠᠪᠦᠷᠢᠳᠠᠨᠢ ᠤᠯᠬᠤ ᠴᠢᠬᠤᠯᠠᠲᠠᠢ᠃ ᠲᠡᠷᠡ ᠪᠠᠰᠠ ᠨᠠᠩ ᠣᠯᠠᠨ ᠱᠢᠨ᠎ᠡ᠎ᠶ᠋ᠢ ᠡᠭᠦᠳᠬᠦ᠌ ᠴᠢᠳᠠᠪᠤᠷᠢᠲᠠᠨ᠎ᠢ ᠦᠯᠡᠳᠡᠭᠡᠬᠦ᠌᠎ᠶ᠋ᠢ ᠪᠥᠬᠥ᠌ ᠲᠠᠯ᠎ᠠ᠎ᠪᠠᠷ ᠪᠠᠲᠤᠯᠠᠵᠤ᠂ ᠤᠯᠤᠰ᠎ᠤᠨ ᠬᠠᠮᠢᠶ᠎ᠠ ᠪᠥᠬᠥᠶ ᠶᠠᠮᠤᠨ ᠵᠥᠪᠯᠡᠯ᠎ᠦᠨ᠎ᠬᠢᠨ ᠪᠥᠬᠥ᠌ ᠤᠯᠤᠰ ᠴᠢᠨᠠᠭ᠍ᠰᠢᠯᠠᠪᠠᠯ ᠳᠡᠯᠡᠬᠡᠶ᠎ᠶ᠋ᠢᠨ ᠨᠠᠩ ᠣᠯᠠᠨ ᠲᠡᠷᠢᠭᠦᠨ ᠲᠠᠰ᠎ᠤᠨ ᠲᠤᠰᠭᠠᠶ ᠮᠡᠷᠭᠡᠵᠢᠯᠲᠡᠨ᠎ᠦ ᠪᠦᠯᠬᠦᠮ᠎ᠢ ᠬᠠᠪᠰᠤᠷᠤᠨ ᠣᠷᠣᠭᠤᠯᠵᠤ᠂ ᠠᠺᠠᠳᠧᠮᠢᠴᠢ᠎ᠶ᠋ᠢ ᠱᠢᠯᠭᠠᠷᠠᠭᠤᠯᠬᠤ᠂ ᠪᠣᠢᠵᠢᠭᠤᠯᠬᠤ ᠵᠡᠷᠭᠡ ᠲᠠᠯ᠎ᠠ᠎ᠪᠠᠷ ᠳᠡᠮᠵᠢᠯᠭᠡ ᠦᠵᠡᠭᠦᠯᠵᠦ᠍᠂ ᠥᠪᠥᠷ ᠮᠣᠩᠭᠣᠯ᠎ᠤᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ 《ᠪᠦᠰᠡᠯᠡᠯᠲᠡ ᠱᠢᠪᠲᠤᠯᠬᠤ》 ᠳ᠋ᠤ ᠬᠦᠴᠦᠨ ᠨᠡᠮᠡᠷᠢᠯᠡᠬᠦ᠌᠎ᠶ᠋ᠢ ᠬᠦᠰᠡᠵᠦ᠍ ᠪᠠᠢᠨ᠎ᠠ ᠭᠡᠵᠦ ᠰᠠᠨᠠᠭᠤᠯᠪᠠ᠃
ᠾᠧ ᠬᠠᠢ ᠳ᠋ᠦᠩ᠂ ᠬᠥᠬᠡᠬᠣᠲᠠ《ᠪᠦᠬᠦ᠌ ᠣᠷᠣᠨ᠎ᠤ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌ ᠥᠨᠳᠥᠷᠯᠢᠭ》 ᠢ᠋ ᠴᠣᠭ᠍ᠴᠠᠯᠠᠬᠤ᠎ᠶ᠋ᠢᠨ ᠲᠣᠭᠣᠷᠢᠨ᠎ᠳᠤ᠂ ᠪᠦᠬᠦ᠌ ᠣᠷᠣᠨ᠎ᠤ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ《ᠪᠦᠰᠡᠯᠡᠯᠲᠡ ᠱᠢᠪᠲᠤᠯᠬᠤ》 ᠵᠢᠭᠰᠠᠭᠠᠯ ᠤ᠋ᠨ ᠲᠦᠷᠦᠭᠦᠦ ᠴᠡᠷᠢᠭ᠂ ᠬᠣᠱᠢᠭᠤᠴᠢ ᠠᠩᠬᠢ ᠵᠢᠨ ᠦᠢᠯᠡᠳᠦᠯ᠎ᠢ ᠦᠨᠡᠨ ᠬᠦ᠌ ᠡᠭᠦᠷᠭᠡᠯᠡᠵᠦ᠍᠂ ᠪᠦᠬᠦ᠌ ᠣᠷᠣᠨ᠎ᠤ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ《ᠪᠦᠰᠡᠯᠡᠯᠲᠡ ᠱᠢᠪᠲᠤᠯᠬᠤ》ᠳᠤᠮᠳᠠ ᠡᠮᠦᠨ᠎ᠡ ᠨᠢ ᠬᠣᠱᠢᠭᠤᠷᠠᠵᠤ᠂ ᠦᠯᠢᠭᠡᠷ ᠳᠠᠭᠤᠷᠢᠶᠠᠯ ᠪᠣᠯᠬᠤ ᠬᠡᠷᠡᠭᠳᠡᠢ᠃《ᠡᠭᠦᠨ᠎ᠳᠦ ᠪᠢᠳᠡ ᠢᠲᠡᠭᠡᠯ ᠳᠦᠭᠦᠷᠡᠩ᠂ ᠬᠦᠰᠡᠯ ᠡᠷᠡᠮᠡᠯᠵᠡᠯ ᠳᠦᠭᠦᠷᠡᠩ ᠪᠥᠭᠡᠳ ᠡᠷᠴᠢ ᠵᠣᠷᠢᠭ ᠲᠡᠭᠦᠯᠳᠡᠷ ᠪᠠᠢᠨ᠎ᠠ!》 ᠭᠡᠵᠦ ᠢᠯᠡᠳᠭᠡᠪᠡ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠰᠠᠢᠨ᠎ᠠ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃