2024ᠤᠨ᠎ᠤ᠋ ᠪᠦᠬᠦ ᠤᠯᠤᠰ᠎ᠤ᠋ᠨ ᠬᠣᠶᠠᠷ ᠬᠤᠷᠠᠯ > ᠰᠠᠨᠠᠯ ᠵᠦᠪᠯᠡᠯᠭᠡ

2024-03-06 16:33:06

ᠵᠣᠬᠢᠶᠠᠭ᠍ᠴᠢ᠄ ᠶᠠᠡᠭ ᠯᠢᠤ ᠬᠠᠨ ᠴᠢᠡᠭ ᠯᠢ ᠣᠩᠱᠢᠭ᠍ᠰᠠᠨ ᠣᠳᠠᠭ᠎ᠠ᠄ 3

ᠼᠤᠤ ᠵᠢᠨ ᠱᠠᠨ ᠄

ᠪᠦᠭᠦ ᠤᠯᠤᠰ᠎ᠤᠨ ᠤᠯᠤᠰ ᠲᠦᠷᠦ ᠵᠢᠨ ᠵᠦᠪᠯᠡᠯᠭᠡᠨ᠎ᠤ ᠭᠡᠰᠢᠭᠦᠨ᠂ ᠲᠦᠡᠭᠯᠢᠶᠤᠤ ᠬᠤᠳᠠ ᠵᠢᠨ ᠲᠡᠳ᠋ ᠲᠠᠷᠤᠭ᠎ᠠ


QQ截图20240306113526.png


ᠵᠠᠰᠠᠬ᠎ᠤᠨ ᠤᠷᠳᠤᠨ᠎ᠤ ᠠᠵᠢᠯ᠎ᠤᠨ ᠢᠯᠡᠳᠭᠡᠯ᠎ᠳᠤ ᠂ 《ᠠᠮᠤ ᠪᠤᠳᠠᠭ᠎ᠠ ᠲᠠᠷᠢᠬᠤ ᠲᠠᠯᠠᠪᠠᠢ ᠵᠢ ᠲᠤᠬᠳᠠᠪᠤᠷᠢᠵᠢᠭᠤᠯᠤᠨ᠎ᠠ》᠂ 《ᠪᠦᠭᠦ ᠤᠯᠤᠰ ᠲᠸ᠋ ᠭᠤᠷᠪᠠᠨ ᠶᠡᠭᠡ ᠭᠤᠤᠯ ᠠᠮᠤ ᠵᠢᠨ ᠦᠢᠯᠡᠳᠪᠤᠷᠢᠯᠡᠯ᠎ᠤᠨ ᠦᠷᠳᠡᠭ ᠪᠠ ᠤᠷᠤᠯᠭ᠎ᠠ ᠵᠢᠨ ᠲᠠᠭᠠᠳᠬᠠᠯ᠎ᠤᠨ ᠲᠦᠷᠦ ᠵᠢᠨ ᠪᠤᠳᠤᠯᠭ᠎ᠠ ᠵᠢ ᠬᠡᠷᠡᠭᠵᠢᠭᠦᠯᠵᠦ᠂ ᠠᠮᠤ ᠪᠤᠳᠠᠭ᠎ᠠ ᠲᠠᠷᠢᠬᠤ ᠲᠠᠷᠢᠶᠠᠴᠢᠳ᠎ᠤᠨ ᠠᠰᠢᠬ ᠤᠷᠤᠯᠭ᠎ᠠ ᠵᠢᠨ ᠪᠠᠳᠤᠯᠠᠭ᠎ᠠ ᠵᠢᠨ ᠲᠤᠬᠳᠠᠴᠠ ᠵᠢ ᠪᠦᠷᠢᠨᠰᠢᠭᠦᠯᠦᠨ᠎ᠠ》᠂ 《ᠠᠮᠤ ᠪᠤᠳᠠᠭᠠᠨ᠎ᠤ ᠤᠨᠠᠯᠳᠠ ᠵᠢᠨ ᠲᠤᠮᠤ ᠰᠢᠶᠠᠨ᠎ᠢ ᠲᠡᠮᠵᠢᠭᠦ ᠡᠷᠴᠢᠮ ᠵᠢᠡᠨ ᠶᠡᠭᠡᠰᠭᠡᠵᠦ᠂ ᠭᠤᠤᠯ ᠤᠨᠠᠯᠳᠠ ᠵᠢᠨ ᠤᠷᠤᠨ᠎ᠤ ᠠᠰᠢᠭ ᠤᠷᠤᠯᠭ᠎ᠠ ᠵᠢᠨ ᠨᠦᠭᠦᠪᠦᠷᠢ ᠵᠢᠨ ᠲᠤᠬᠳᠠᠴᠠ ᠵᠢ ᠲᠡᠭᠦᠯᠳᠡᠷᠵᠢᠭᠦᠯᠦᠨ᠎ᠠ》 ᠭᠡᠵᠦ ᠲᠤᠷᠠᠳᠤᠨ ᠭᠠᠷᠭᠠᠪᠠ᠂ ᠡᠨᠡ ᠨᠢ ᠵᠠᠰᠠᠬ᠎ᠤᠨ ᠤᠷᠳᠤᠨ᠎ᠤ ᠠᠮᠤ ᠪᠤᠳᠠᠭᠠᠨ᠎ᠤ ᠠᠮᠤᠷ ᠲᠦᠪᠰᠢᠨ᠎ᠤ ᠰᠠᠭᠤᠷᠢ ᠵᠢ ᠪᠦᠭᠦ ᠲᠠᠯ᠎ᠠ ᠪᠡᠷ ᠪᠠᠳᠤᠳᠬᠠᠬᠤ ᠰᠢᠢᠳᠮᠡᠭ ᠵᠤᠷᠢᠭ᠎ᠢ ᠭᠦᠢᠴᠡᠳ ᠢᠯᠡᠷᠡᠭᠦᠯᠵᠦ ᠪᠠᠢᠨ᠎ᠠ᠃

ᠮᠢᠨᠦ ᠠᠵᠢᠯᠯᠠᠵᠦ ᠪᠠᠢᠭ᠎ᠠ ᠲᠦᠡᠭᠯᠢᠶᠤᠤ ᠬᠤᠳᠠ ᠪᠤᠯ 《ᠰᠢᠵᠢᠷ ᠠᠯᠳᠠᠨ ᠡᠷᠳᠡᠨᠢ ᠰᠢᠰᠢ ᠵᠢᠨ ᠪᠦᠰᠠ》 ᠮᠦᠨ᠂ ᠡᠷᠳᠡᠨᠢ ᠰᠢᠰᠢ ᠲᠠᠷᠢᠵᠦ ᠤᠷᠭᠤᠭᠤᠯᠬᠤ ᠲᠠᠯᠠᠪᠠᠢ 1700 ᠭᠠᠷᠤᠢ ᠲᠦᠮᠡᠨ ᠮᠸ᠋᠎ᠳᠤ ᠬᠦᠷᠴᠤ ᠪᠤᠢ᠃ ᠡᠨᠡ ᠵᠢᠯ᠎ᠤᠨ ᠪᠦᠭᠦ ᠤᠯᠤᠰ᠎ᠤᠨ ᠬᠤᠶᠠᠷ ᠬᠤᠷᠠᠯ᠎ᠳᠤ᠂ ᠪᠢ《ᠤᠯᠤᠰ᠎ᠤᠨ ᠲᠤᠳᠤᠭᠠᠳᠤ ᠵᠢᠨ ᠶᠡᠭᠡ ᠡᠷᠬᠢᠯᠳᠡ ᠪᠡᠷ ᠭᠤᠤᠯ ᠴᠤᠬᠴᠠ ᠪᠤᠯᠭᠠᠵᠦ᠂ ᠤᠯᠤᠰ᠎ᠤᠨ ᠲᠤᠳᠤᠭᠠᠳᠤ ᠲᠡᠯᠡᠭᠡᠢ᠎ᠳ᠋ᠡᠭᠢᠨ᠎ᠤ ᠬᠤᠤᠰ ᠡᠷᠬᠢᠯᠳᠡ ᠵᠢᠨ ᠪᠠᠢᠯᠳᠤᠬᠤ ᠪᠤᠳᠤᠯᠭ᠎ᠠ ᠵᠢ ᠪᠦᠳᠦᠮᠵᠢᠳᠠᠢ ᠨᠠᠢᠳᠠᠪᠤᠷᠢᠵᠢᠭᠤᠯᠵᠦ᠂ ᠠᠮᠤ ᠪᠤᠳᠠᠭ᠎ᠠ ᠲᠠᠷᠢᠬᠤ ᠲᠠᠷᠢᠶᠠᠴᠢᠳ᠎ᠤᠨ ᠢᠳᠡᠪᠬᠢᠵᠢᠯ᠎ᠢ ᠲᠠᠢᠴᠢᠯᠠᠵᠦ᠂ ᠠᠮᠤ ᠪᠤᠳᠠᠭ᠎ᠠ ᠲᠠᠷᠢᠬᠤ ᠲᠠᠷᠢᠶᠠᠴᠢᠳ᠎ᠤᠨ ᠠᠰᠢᠭ ᠤᠷᠤᠯᠭ᠎ᠠ ᠵᠢ ᠪᠠᠳᠤᠯᠠᠬᠤ ᠲᠤᠬᠠᠢ ᠰᠠᠨᠠᠯ ᠲᠤᠷᠠᠳᠤᠯᠭ᠎ᠠ》 ᠠᠪᠴᠢᠷᠠᠪᠠ᠃ ᠮᠢᠨᠦ ᠦᠵᠡᠭᠦ ᠪᠡᠷ᠂ ᠭᠤᠤᠯ ᠤᠨᠠᠯᠳᠠ ᠵᠢᠨ ᠤᠷᠤᠨ᠎ᠤ ᠡᠳ᠋᠎ᠤᠨ ᠵᠠᠰᠠᠬ᠎ᠤᠨ ᠱᠠᠡᠭᠨᠠᠯ ᠨᠦᠭᠦᠪᠦᠷᠢ ᠵᠢᠨ ᠡᠷᠴᠢᠮ᠎ᠢ ᠴᠢᠡᠭᠭᠠᠷᠠᠭᠤᠯᠬᠤ ᠪᠡᠷ ᠲᠠᠮᠵᠢᠵᠦ᠂ ᠠᠮᠤ ᠪᠤᠳᠠᠭᠠᠨ᠎ᠤ ᠤᠨᠠᠯᠳᠠ ᠵᠢᠨ ᠲᠤᠮᠤ ᠰᠢᠶᠠᠨ᠎ᠤ ᠲᠠᠷᠢᠶᠠᠯᠠᠡᠭ᠎ᠢ ᠴᠢᠬᠤᠯᠠᠴᠢᠯᠠᠵᠦ ᠠᠮᠤ ᠪᠤᠳᠠᠭ᠎ᠠ ᠵᠢ ᠠᠳᠬᠤᠨ ᠦᠷ᠎ᠠ ᠠᠰᠢᠬ ᠤᠯᠵᠤ ᠬᠦᠭᠵᠢᠯᠳᠠ ᠲᠠᠢ ᠪᠠᠢᠬᠤ ᠵᠢ ᠪᠠᠳᠤᠯᠠᠵᠦ᠂ ᠠᠮᠤ ᠪᠤᠳᠠᠭ᠎ᠠ ᠤᠯᠠᠮ ᠠᠷᠪᠢᠨ ᠦᠢᠯᠡᠳᠪᠤᠷᠢᠯᠡᠪᠡᠯ ᠤᠯᠠᠮ ᠶᠡᠭᠡ ᠬᠤᠬᠢᠷᠠᠯ ᠠᠮᠰᠠᠬᠤ ᠵᠢ ᠰᠡᠷᠭᠡᠢᠯᠡᠭᠦ ᠬᠡᠷᠡᠭᠳᠡᠢ᠃ ᠲᠦᠡᠭᠯᠢᠶᠤᠤ ᠬᠤᠳᠠ ᠲᠦᠪ᠎ᠤᠨ ᠡᠳ᠋᠎ᠤᠨ ᠵᠠᠰᠠᠬ᠎ᠤᠨ ᠵᠤᠯᠭᠠᠯᠴᠠᠭ᠎ᠠ ᠵᠢᠨ ᠪᠡᠯᠡ ᠮᠦᠡᠭᠭᠦ ᠵᠢ ᠰᠠᠢᠳᠤᠷ ᠬᠡᠷᠡᠭᠯᠡᠵᠦ᠂ ᠠᠵᠦ ᠦᠢᠯᠡᠰ ᠪᠠ ᠠᠵᠢᠯ ᠤᠯᠭᠤᠯᠳᠠ ᠵᠢᠨ ᠲᠡᠳᠭᠦᠮᠵᠢ ᠵᠢ ᠴᠢᠡᠭᠭᠠᠳᠬᠠᠵᠦ᠂ ᠶᠠᠳᠠᠭᠤ ᠡᠴᠡ ᠠᠡᠭᠭᠢᠵᠢᠷᠠᠭᠤᠯᠬᠤ ᠪᠤᠭᠤᠮᠳᠠ ᠰᠢᠪᠳᠤᠯᠤᠬᠰᠠᠨ ᠦᠷ᠎ᠠ ᠪᠦᠳᠤᠭᠡᠯ᠎ᠢ ᠪᠠᠳᠤᠳᠬᠠᠨ ᠦᠷᠭᠡᠳᠭᠡᠭᠦ ᠵᠢ ᠲᠡᠮᠵᠢᠵᠦ᠂ 《ᠮᠢᠡᠭᠭ᠎ᠠ ᠲᠦᠮᠡᠨ ᠢᠨᠵᠸᠨ᠋ᠸᠷᠢᠡᠭ》 ᠎ᠤᠨ ᠲᠤᠷᠰᠢᠯᠭ᠎ᠠ ᠵᠢ ᠰᠠᠢᠳᠤᠷ ᠰᠤᠷᠤᠯᠴᠠᠨ ᠬᠡᠷᠡᠭᠯᠡᠵᠦ᠂ ᠭᠠᠵᠠᠷ ᠤᠷᠤᠨ᠎ᠤ ᠤᠨᠴᠠᠯᠢᠭ ᠲᠠᠭᠠᠨ ᠲᠤᠬᠢᠷᠠᠭᠤᠯᠤᠨ ᠬᠦᠳᠡᠭᠡ ᠲᠤᠰᠬᠤᠨ᠎ᠤ ᠪᠦᠲᠦᠭᠡᠨ ᠪᠠᠢᠭᠤᠯᠤᠯᠳᠠ ᠵᠢ ᠠᠬᠢᠭᠤᠯᠤᠨ᠎ᠠ᠃


  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠣᠷᠬᠢᠯ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面