2024ᠤᠨ᠎ᠤ᠋ ᠪᠦᠬᠦ ᠤᠯᠤᠰ᠎ᠤ᠋ᠨ ᠬᠣᠶᠠᠷ ᠬᠤᠷᠠᠯ > ᠰᠠᠨᠠᠯ ᠵᠦᠪᠯᠡᠯᠭᠡ

2024-03-06 16:25:01

ᠵᠣᠬᠢᠶᠠᠭ᠍ᠴᠢ᠄ ᠬᠤᠤ ᠵᠢᠶᠠ ᠯᠢ ᠮᠠ ᠵᠢᠶᠠᠨ ᠴᠢᠤᠸᠠᠨ ᠣᠩᠱᠢᠭ᠍ᠰᠠᠨ ᠣᠳᠠᠭ᠎ᠠ᠄ 3

ᠭᠦᠸᠸ ᠢᠤᠢ ᠹᠸᠩ ᠄

ᠪᠦᠬᠦ ᠤᠯᠤᠰ᠎ᠤᠨ ᠠᠷᠠᠳ᠎ᠤᠨ ᠲᠦᠯᠦᠭᠡᠯᠡᠭᠴᠢᠳ᠎ᠤᠨ ᠶᠡᠭᠡ ᠬᠤᠷᠠᠯ᠎ᠤᠨ ᠲᠦᠯᠦᠭᠡᠯᠡᠭᠴᠢ᠂ ᠦᠪᠡᠷᠳᠡᠭᠡᠨ ᠵᠠᠰᠠᠬᠤ ᠤᠷᠤᠨ᠎ᠤ ᠤᠷᠤᠨ ᠰᠠᠭᠤᠴᠠ ᠪᠠ ᠬᠤᠳᠠ ᠬᠦᠳᠡᠭᠡ ᠵᠢᠨ ᠪᠦᠳᠦᠭᠡᠨ ᠪᠠᠢᠭᠤᠯᠤᠯᠳᠠ ᠵᠢᠨ ᠲᠢᠩᠬᠢᠮ᠎ᠤᠨ ᠲᠠᠷᠤᠭ᠎ᠠ


QQ截图20240306113449.png


ᠡᠨᠡ ᠵᠢᠯ᠎ᠤᠨ ᠵᠠᠰᠠᠭ᠎ᠤᠨ ᠤᠷᠳᠤᠨ᠎ᠤ ᠠᠵᠢᠯ᠎ᠤᠨ ᠢᠯᠡᠳᠭᠡᠯ ᠳ᠋ᠤ᠂ 《ᠪᠠᠳᠤᠯᠠᠭ᠎ᠠ ᠵᠢᠨ ᠴᠢᠨᠠᠷᠳᠠᠢ ᠤᠷᠤᠨ ᠰᠠᠭᠤᠴᠠ ᠵᠢᠨ ᠪᠦᠳᠦᠭᠡᠨ ᠪᠠᠢᠭᠤᠯᠤᠯᠳᠠ ᠪᠠ ᠬᠠᠩᠭᠠᠯᠭ᠎ᠠ ᠵᠢ ᠴᠢᠩᠭᠠᠳᠬᠠᠵᠤ᠂ ᠲᠠᠸᠠᠷ᠎ᠤᠨ ᠤᠷᠤᠨ ᠰᠠᠭᠤᠴᠠ ᠵᠢᠨ ᠬᠠᠮᠢᠶ᠎ᠠ ᠪᠦᠬᠦᠢ ᠰᠠᠭᠤᠷᠢ ᠴᠢᠨᠠᠷᠳᠠᠢ ᠲᠦᠷᠢᠮ ᠲᠤᠭᠳᠠᠭᠠᠯ᠎ᠢ ᠲᠡᠬᠦᠯᠳᠡᠷᠵᠢᠬᠦᠯᠵᠦ᠂ ᠰᠠᠭᠤᠭᠠᠯᠢ ᠠᠷᠠᠳ᠎ᠤᠨ ᠲᠤᠯᠭᠠᠮ ᠱᠠᠭᠠᠷᠳᠠᠭᠳᠠᠬᠤ ᠤᠷᠤᠨ ᠰᠠᠭᠤᠴᠠ ᠵᠢᠨ ᠬᠡᠷᠡᠭᠴᠡᠭᠡ ᠱᠠᠭᠠᠷᠳᠠᠯᠭ᠎ᠠ ᠪᠠ ᠤᠯᠠᠨ ᠶᠠᠩᠵᠤᠴᠢᠯᠠᠭᠰᠠᠨ ᠦᠭᠡᠷᠡᠴᠢᠯᠡᠨ ᠰᠠᠢᠵᠢᠷᠠᠭᠤᠯᠬᠤ ᠴᠢᠨᠠᠷᠳᠠᠢ ᠤᠷᠤᠨ ᠰᠠᠭᠤᠴᠠ ᠵᠢᠨ ᠬᠡᠷᠡᠭᠴᠡᠭᠡ ᠱᠠᠭᠠᠷᠳᠠᠯᠭ᠎ᠠ ᠵᠢ ᠬᠠᠩᠭᠠᠨ᠎ᠠ》 ᠬᠡᠵᠦ ᠲᠤᠷᠠᠳᠤᠨ ᠭᠠᠷᠭᠠᠭᠰᠠᠨ ᠨᠢ ᠮᠠᠨ᠎ᠳᠤ ᠢᠷᠡᠭᠡᠳᠦᠢ ᠵᠢᠨ ᠠᠵᠢᠯ᠎ᠤᠨ ᠬᠠᠷᠠᠯᠳᠠ ᠵᠢ ᠲᠤᠳᠤᠷᠬᠠᠢᠯᠠᠵᠤ ᠦᠭᠴᠡᠢ᠃ ᠪᠢᠳᠡ ᠠᠷᠠᠳ ᠤᠯᠠᠨ᠎ᠢ ᠠᠮᠤᠷ ᠠᠮᠤᠭᠤᠯᠠᠩ ᠠᠵᠤ ᠲᠦᠷᠦᠬᠦᠯᠬᠦ ᠡᠨᠡ᠎ᠬᠦ ᠦᠨᠳᠦᠰᠦᠨ ᠴᠡᠭ᠎ᠢ ᠪᠠᠳᠤ ᠡᠵᠡᠮᠳᠡᠵᠦ᠂ ᠰᠠᠢᠨ ᠭᠡᠷ ᠪᠠᠢᠰᠢᠩ᠂ ᠰᠠᠢᠨ ᠰᠠᠭᠤᠭᠠᠯᠢ ᠲᠤᠭᠤᠷᠢᠭ᠂ ᠰᠠᠢᠨ ᠨᠡᠢᠭᠡᠮ ᠲᠤᠭᠤᠷᠢᠭ᠂ ᠰᠠᠢᠨ ᠬᠤᠳᠠ ᠵᠢᠨ ᠲᠤᠭᠤᠷᠢᠭ᠎ᠤᠨ 《ᠲᠦᠷᠪᠡᠨ ᠰᠠᠢᠨ》 ᠪᠦᠳᠦᠭᠡᠨ ᠪᠠᠢᠭᠤᠯᠤᠯᠳᠠ ᠵᠢ ᠲᠦᠯᠬᠢᠨ ᠠᠬᠢᠭᠤᠯᠵᠤ᠂ ᠤᠷᠤᠨ ᠰᠠᠭᠤᠴᠠ ᠪᠠ ᠬᠤᠳᠠ ᠬᠦᠳᠡᠭᠡ ᠵᠢᠨ ᠪᠦᠳᠦᠭᠡᠨ ᠪᠠᠢᠭᠤᠯᠤᠯᠳᠠ ᠵᠢᠨ ᠠᠵᠢᠯ ᠦᠢᠯᠡᠰ᠎ᠤᠨ ᠴᠢᠨᠠᠷ ᠰᠠᠢᠳᠠᠢ ᠬᠦᠭᠵᠢᠯᠳᠡ ᠵᠢ ᠠᠬᠢᠭᠤᠯᠵᠤ᠂ ᠬᠤᠶᠠᠷ ᠶᠡᠭᠡ ᠶᠠᠪᠤᠳᠠᠯ᠎ᠢ ᠰᠠᠢᠳᠤᠷ ᠬᠢᠵᠦ᠂ ᠰᠢᠨ᠎ᠡ ᠵᠠᠮ ᠨᠡᠭᠡᠭᠡᠵᠦ᠂ ᠲᠤᠮᠳᠠ ᠲᠦᠪᠰᠢᠨ ᠳ᠋ᠤ ᠤᠷᠤᠬᠤ ᠳ᠋ᠤ ᠬᠦᠴᠦᠨ ᠴᠢᠳᠠᠯ ᠵᠢᠡᠨ ᠡᠷᠬᠦᠨ᠎ᠡ᠃

ᠭᠡᠷ ᠭᠠᠵᠠᠷ ᠬᠦᠷᠦᠩᠭᠡ ᠵᠢᠨ ᠬᠦᠭᠵᠢᠯᠳᠡ ᠵᠢᠨ ᠰᠢᠨ᠎ᠡ ᠵᠠᠭᠪᠤᠷ᠎ᠢ ᠴᠤᠭᠴᠠᠯᠠᠬᠤ ᠪᠤᠯ ᠭᠡᠷ ᠭᠠᠵᠠᠷ ᠬᠦᠷᠦᠩᠭᠡ ᠵᠢᠨ ᠬᠦᠭᠵᠢᠯᠳᠡ ᠵᠢᠨ ᠬᠦᠴᠢᠷ ᠠᠰᠠᠭᠤᠳᠠᠯ᠎ᠢ ᠰᠢᠢᠳᠪᠦᠷᠢᠯᠡᠬᠦ ᠴᠢᠬᠤᠯᠠ ᠠᠷᠭ᠎ᠠ ᠪᠠᠷᠢᠯ ᠪᠤᠯᠤᠨ᠎ᠠ᠂ ᠲᠤᠯᠭᠠᠮ᠎ᠴᠢᠨᠠᠷᠳᠠᠢ ᠪᠠ ᠦᠭᠡᠷᠡᠴᠢᠯᠡᠨ ᠰᠠᠢᠵᠢᠷᠠᠭᠤᠯᠬᠤ ᠴᠢᠨᠠᠷᠳᠠᠢ ᠤᠷᠤᠨ ᠰᠠᠭᠤᠴᠠ ᠵᠢᠨ ᠬᠡᠷᠡᠭᠴᠡᠭᠡ ᠱᠠᠭᠠᠷᠳᠠᠯᠭ᠎ᠠ ᠵᠢ ᠬᠠᠩᠭᠠᠬᠤ ᠪᠡᠷ ᠭᠤᠤᠯᠳᠠᠯᠭ᠎ᠠ ᠪᠤᠯᠭᠠᠵᠤ᠂ ᠪᠡᠯᠡᠨ ᠬᠡᠷ ᠪᠠᠢᠰᠢᠩ᠎ᠢ ᠪᠤᠷᠤᠯᠠᠭᠤᠯᠬᠤ ᠲᠤᠷᠰᠢᠯᠳᠠ ᠵᠢᠨ ᠴᠡᠭ᠎ᠤᠨ ᠠᠵᠢᠯ᠎ᠢ ᠦᠷᠨᠢᠬᠦᠯᠵᠦ᠂ ᠪᠡᠯᠡᠨ ᠪᠠᠢᠭ᠎ᠠ ᠬᠡᠷ ᠪᠠᠢᠰᠢᠩ᠎ᠢ ᠪᠤᠷᠤᠯᠠᠭᠤᠯᠬᠤ ᠭᠠᠵᠠᠷ ᠰᠢᠷᠤᠢ᠂ ᠮᠦᠩᠬᠦᠨ ᠬᠦᠢᠯᠭᠡᠭᠡ᠂ ᠡᠳ᠋᠎ᠤᠨ ᠵᠠᠰᠠᠭ᠎ᠤᠨ ᠭᠠᠢᠯᠢ ᠵᠡᠷᠭᠡ ᠢᠵᠢ ᠪᠦᠷᠢᠳᠦᠭᠰᠡᠨ ᠲᠦᠷᠢᠮ ᠲᠤᠭᠳᠠᠭᠠᠯ ᠲᠦᠷᠦ ᠵᠢᠨ ᠪᠤᠳᠤᠯᠭ᠎ᠠ ᠵᠢ ᠲᠤᠭᠳᠠᠭᠠᠬᠤ ᠳ᠋ᠤ ᠦᠨᠳᠦᠰᠦᠯᠡᠯ ᠬᠠᠩᠭᠠᠨ᠎ᠠ;ᠭᠡᠷ ᠪᠠᠢᠰᠢᠩ᠎ᠤᠨ ᠪᠠᠷᠢᠯᠭ᠎ᠠ ᠡᠬᠢᠯᠡᠬᠦᠯᠵᠦ ᠪᠦᠳᠦᠭᠡᠨ ᠪᠠᠢᠭᠤᠯᠬᠤ ᠡᠴᠡ ᠰᠡᠯᠪᠢᠨ ᠵᠠᠰᠠᠬᠤ ᠬᠡᠷᠡᠭᠯᠡᠬᠦ ᠬᠦᠷᠳᠡᠯᠡᠬᠢ ᠪᠦᠬᠦᠢᠯᠡ ᠠᠮᠢ ᠨᠠᠰᠤᠨ᠎ᠤ ᠦᠶᠡᠯᠡᠯ᠎ᠤᠨ ᠬᠤᠭᠤᠴᠠᠭᠠᠨ᠎ᠤ ᠬᠠᠮᠢᠶᠠᠷᠤᠯᠳᠠ ᠵᠢᠨ ᠲᠤᠭᠳᠠᠴᠠ ᠵᠢ ᠪᠠᠢᠭᠤᠯᠵᠤ᠂ ᠭᠡᠷ ᠭᠠᠵᠠᠷ ᠬᠦᠷᠦᠩᠭᠡ ᠵᠢᠨ ᠬᠦᠭᠵᠢᠯᠳᠡ ᠵᠢᠨ ᠰᠢᠨ᠎ᠡ ᠵᠠᠭᠪᠤᠷ᠎ᠢ ᠲᠦᠷᠭᠡᠳᠭᠡᠨ ᠪᠠᠢᠭᠤᠯᠤᠨ᠎ᠠ᠃


  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠣᠷᠬᠢᠯ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面