2024-03-06 16:36:37
ᠯᠥ᠍ ᠴᠢᠤᠸᠠᠨ ᠵᠦᠩ ᠄
ᠪᠦᠬᠦ ᠤᠯᠤᠰ ᠤ᠋ᠨ ᠤᠯᠤᠰ ᠲᠦᠷᠦ ᠵᠢᠨ ᠵᠦᠪᠯᠡᠯᠭᠡᠨ ᠤ᠋ ᠬᠡᠰᠢᠭᠦᠨ᠂ ᠦᠪᠦᠷ ᠮᠤᠩᠭᠤᠯ ᠤ᠋ᠨ ᠠᠮᠢ ᠠᠬᠤᠢ ᠤᠷᠴᠢᠨ ᠳᠤᠭᠤᠷᠢᠨ ᠤ᠋ ᠰᠢᠨᠵᠢᠯᠡᠭᠦ ᠤᠬᠠᠭᠠᠨ ᠤ᠋ ᠰᠤᠳᠤᠯᠭᠠᠨ ᠤ᠋ ᠬᠦᠷᠢᠶᠡᠯᠡᠩ ᠤ᠋ᠨ ᠳᠡᠭᠡᠳᠤ ᠵᠡᠷᠭᠡ ᠵᠢᠨ ᠢᠨᠵᠧᠨᠧᠷ

《ᠠᠭᠤᠯᠠ ᠤᠰᠤ ᠣᠢ ᠮᠤᠳᠤ ᠭᠠᠵᠠᠷ ᠳᠠᠷᠢᠶ᠎ᠠ ᠨᠠᠭᠤᠷ ᠪᠦᠷᠢᠳᠤ ᠨᠤᠳᠤᠭ ᠪᠡᠯᠴᠢᠭᠡᠷ ᠡᠯᠡᠰᠦ ᠮᠠᠩᠬ᠎ᠠ ᠵᠢ ᠨᠢᠭᠡ ᠴᠤᠭᠴᠠᠵᠢᠭᠤᠯᠤᠨ ᠬᠠᠮᠠᠭᠠᠯᠠᠬᠤ ᠪᠠ ᠰᠢᠰᠲ᠋ᠧᠮ ᠲᠡᠢ ᠵᠠᠰᠠᠬᠤ ᠵᠢ ᠪᠠᠷᠢᠮᠲᠠᠯᠠᠵᠤ ᠂ ᠠᠮᠢ ᠠᠬᠤᠢ ᠣᠷᠴᠢᠨ ᠲᠣᠭᠣᠷᠢᠨ ᠢ᠋ ᠣᠷᠣᠨ ᠬᠤᠪᠢᠶᠠᠨ ᠬᠠᠮᠢᠶᠠᠷᠤᠨ ᠡᠵᠡᠮᠳᠡᠬᠦ ᠵᠢ ᠴᠢᠩᠭᠠᠳᠭᠠᠨ᠎ᠠ》᠃ ᠵᠠᠰᠠᠭ ᠤ᠋ᠨ ᠣᠷᠳᠣᠨ ᠤ᠋ ᠠᠵᠢᠯ ᠤ᠋ᠨ ᠢᠯᠡᠳᠭᠡᠯ ᠳ᠋ᠦ᠍ ᠡᠭᠦᠨ ᠢ᠋ ᠳᠤᠷᠠᠳᠤᠭᠰᠠᠨ ᠳ᠋ᠤ᠌ ᠪᠢ ᠶᠡᠬᠡᠳᠡ ᠵᠣᠷᠢᠭᠵᠢᠵᠤ᠂ ᠤᠷᠮ᠎ᠠ ᠶᠡᠭᠡᠳᠠᠢ ᠪᠠᠢᠨ᠎ᠠ᠃
ᠠᠮᠢ ᠠᠬᠤᠢ ᠣᠷᠴᠢᠨ ᠲᠣᠭᠣᠷᠢᠨ ᠢ᠋ ᠣᠷᠣᠨ ᠬᠤᠪᠢᠶᠠᠨ ᠬᠠᠮᠢᠶᠠᠷᠤᠨ ᠡᠵᠡᠮᠳᠡᠬᠦ ᠲᠦᠷᠢᠮ ᠢ᠋ ᠬᠡᠷᠡᠭᠵᠢᠭᠦᠯᠬᠦ ᠪᠣᠯ ᠰᠢᠨ᠎ᠡ ᠴᠠᠭ ᠦᠶ᠎ᠡ ᠳ᠋ᠦ᠍ ᠰᠢ ᠵᠢᠨ ᠫᠢᠩ ᠤ᠋ᠨ ᠠᠮᠢ ᠠᠬᠤᠢ ᠵᠢᠨ ᠪᠣᠯᠪᠠᠰᠤᠨ ᠤ᠋ ᠦᠵᠡᠯ ᠰᠠᠨᠠᠭ᠎ᠠ ᠵᠢ ᠲᠤᠭᠤᠰᠢᠯᠠᠭᠤᠯᠤᠨ ᠨᠠᠢᠳᠠᠪᠤᠷᠢᠵᠢᠭᠤᠯᠵᠤ᠂ ᠪᠣᠬᠢᠷᠲᠤᠯ ᠢ᠋ ᠰᠡᠷᠭᠡᠢᠯᠡᠨ ᠵᠠᠰᠠᠬᠤ ᠪᠣᠭᠣᠮᠲᠠ ᠰᠢᠪᠲᠤᠯᠬᠤ ᠳᠠᠢᠯᠠᠯᠳᠤᠭᠠᠨ ᠢ᠋ ᠭᠦᠨᠵᠡᠭᠡᠢ ᠰᠠᠢᠲᠤᠷ ᠦᠷᠨᠢᠭᠦᠯᠵᠤ᠂ ᠠᠮᠢ ᠠᠬᠤᠢ ᠣᠷᠴᠢᠨ ᠲᠣᠭᠣᠷᠢᠨ ᠢ᠋ ᠡᠬᠢ ᠡᠭᠦᠰᠦᠯᠡᠴᠡ ᠨᠢ ᠰᠡᠷᠭᠡᠢᠯᠡᠨ ᠡᠵᠡᠮᠳᠡᠬᠦ ᠵᠢ ᠴᠢᠩᠭᠠᠳᠭᠠᠬᠤ ᠴᠢᠬᠤᠯᠠ ᠠᠷᠭ᠎ᠠ ᠬᠡᠮᠵᠢᠢ᠎ᠡ ᠪᠣᠯᠤᠨ᠎ᠠ᠃ ᠪᠢᠳᠡ ᠠᠮᠢ ᠠᠬᠤᠢ ᠣᠷᠴᠢᠨ ᠲᠣᠭᠣᠷᠢᠨ ᠤ᠋ ᠣᠷᠣᠨ ᠬᠤᠪᠢᠶᠠᠨ ᠬᠠᠮᠢᠶᠠᠷᠤᠨ ᠡᠵᠡᠮᠳᠡᠬᠦ ᠰᠢᠰᠲ᠋ᠧᠮ ᠢ᠋ ᠲᠠᠰᠤᠷᠠᠯᠲᠠ ᠦᠭᠡᠢ ᠲᠡᠭᠦᠯᠳᠡᠷᠵᠢᠭᠦᠯᠵᠦ᠂ ᠠᠮᠢ ᠠᠬᠤᠢ ᠣᠷᠴᠢᠨ ᠲᠣᠭᠣᠷᠢᠨ ᠤ᠋ ᠣᠷᠣᠨ ᠬᠤᠪᠢᠶᠠᠨ ᠬᠠᠮᠢᠶᠠᠷᠤᠨ ᠡᠵᠡᠮᠳᠡᠬᠦ ᠵᠢᠨ ᠲᠥᠷᠥ ᠵᠢᠨ ᠪᠣᠳᠣᠯᠭ᠎ᠠ ᠲᠣᠭᠲᠠᠭᠠᠬᠤ᠂ ᠣᠷᠴᠢᠨ ᠲᠣᠭᠣᠷᠢᠨ ᠤ᠋ ᠵᠦᠪᠰᠢᠶᠡᠷᠡᠯ᠂ ᠬᠦᠷᠢᠶᠡᠯᠡᠩ ᠲᠣᠭᠣᠷᠢᠭ ᠤ᠋ᠨ ᠬᠠᠮᠢᠶᠠᠷᠤᠯᠲᠠ᠂ ᠪᠣᠬᠢᠷᠲᠤᠯ ᠢ᠋ ᠪᠠᠭᠠᠰᠬᠠᠵᠤ ᠨᠡᠭᠦᠷᠡᠰᠦᠲᠥ᠋ᠷᠥᠭᠴᠢ ᠵᠢ ᠪᠠᠭᠠᠰᠬᠠᠬᠤ ᠪᠠ ᠬᠠᠤᠯᠢ ᠬᠡᠷᠡᠭᠵᠢᠭᠦᠯᠵᠦ ᠬᠢᠨᠠᠨ ᠬᠠᠮᠢᠶᠠᠷᠬᠤ ᠵᠡᠷᠭᠡ ᠬᠦᠷᠢᠶᠡᠨ ᠳ᠋ᠡᠬᠢ ᠬᠡᠷᠡᠭᠯᠡᠭᠡᠨ ᠢ᠋ ᠦᠷᠭᠦᠯᠵᠢᠯᠡᠨ ᠠᠬᠢᠭᠤᠯᠪᠠᠯ ᠵᠤᠬᠢᠨ᠎ᠠ᠃ ᠣᠷᠴᠢᠨ ᠲᠣᠭᠣᠷᠢᠨ ᠤ᠋ ᠪᠣᠬᠢᠷᠲᠤᠯ ᠢ᠋ ᠡᠬᠢ ᠡᠭᠦᠰᠦᠯᠡᠴᠡ ᠨᠢ ᠰᠡᠷᠭᠡᠢᠯᠡᠵᠦ᠂ ᠪᠠᠢᠷᠢᠰᠢᠭᠤᠯᠤᠯᠲᠠ ᠵᠢᠨ ᠲᠠᠯ᠎ᠠ ᠡᠴᠡ ᠣᠷᠴᠢᠨ ᠲᠣᠭᠣᠷᠢᠨ ᠤ᠋ ᠠᠶᠤᠯ ᠲᠦᠭᠰᠢᠭᠦᠷᠢ ᠵᠢ ᠪᠠᠭᠠᠰᠬᠠᠵᠤ᠂ ᠠᠮᠢ ᠠᠬᠤᠢ ᠣᠷᠴᠢᠨ ᠲᠣᠭᠣᠷᠢᠨ ᠤ᠋ ᠣᠨᠤᠴᠠᠳᠠᠢ᠂ ᠰᠢᠨᠵᠢᠯᠡᠬᠦ ᠤᠬᠠᠭᠠᠨᠴᠢ᠂ ᠬᠠᠤᠯᠢ ᠶᠣᠰᠣᠭᠠᠷ ᠵᠠᠰᠠᠬᠤ ᠲᠦᠪᠰᠢᠨ ᠢ᠋ ᠳᠡᠭᠡᠭᠰᠢᠯᠡᠭᠦᠯᠵᠦ᠂ ᠬᠥᠭᠵᠢᠯᠲᠡ ᠵᠢᠨ ᠬᠣᠷᠢᠭ᠎ᠠ ᠱᠤᠭᠤᠮ ᠢ᠋ ᠲᠣᠳᠣᠷᠬᠠᠢᠯᠠᠬᠤ᠂ ᠬᠦᠷᠢᠶ᠎ᠡ ᠬᠡᠪᠴᠢᠶ᠎ᠡ ᠵᠢ ᠳᠤᠳᠤᠷᠬᠠᠢᠯᠠᠬᠤ᠂ 《ᠬᠣᠶᠠᠷ ᠥᠨᠳᠥᠷ ᠨᠢᠭᠡ ᠳᠣᠣᠷ᠎ᠠ》 ᠲᠥᠷᠥᠯ ᠵᠦᠢᠯ ᠤ᠋ᠨ ᠰᠣᠬᠣᠷ ᠪᠠᠯᠠᠢᠪᠠᠷ ᠬᠥᠭᠵᠢᠬᠦ ᠵᠢ ᠪᠦᠲᠦᠮᠵᠢᠲᠡᠢ ᠬᠣᠷᠢᠭᠯᠠᠵᠤ᠂ ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠴᠢᠨᠠᠷ ᠰᠠᠢᠲᠠᠢ ᠬᠥᠭᠵᠢᠯᠲᠡ ᠳ᠋ᠦ᠍ ᠨᠡᠩ ᠦᠷᠭᠡᠨ ᠣᠷᠣᠨ ᠵᠠᠢ ᠦᠯᠡᠳᠡᠭᠡᠨ ᠥᠭᠴᠦ᠂ ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠡᠷᠬᠢᠯᠳᠡᠳᠦ ᠠᠵᠤ ᠠᠬᠤᠢ ᠵᠢᠨ ᠰᠢᠰᠲ᠋ᠧᠮ ᠢ᠋ ᠪᠠᠢᠭᠤᠯᠬᠤ ᠵᠢ ᠠᠬᠢᠭᠤᠯᠵᠤ᠂ ᠥᠨᠳᠥᠷ ᠲᠦᠪᠰᠢᠨ ᠲᠡᠢ ᠬᠠᠮᠠᠭᠠᠯᠠᠯᠲᠠ ᠪᠣᠯᠤᠨ ᠴᠢᠨᠠᠷ ᠰᠠᠢᠲᠠᠢ ᠬᠥᠭᠵᠢᠯᠲᠡ ᠵᠢᠨ ᠰᠠᠢᠨ ᠦᠢᠯᠡᠳᠦᠯᠴᠡᠯ ᠢ᠋ ᠪᠡᠶᠡᠯᠡᠭᠦᠯᠪᠡᠯ ᠵᠤᠬᠢᠨ᠎ᠠ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠣᠷᠬᠢᠯ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃