2024-03-07 11:38:29
ᠨᠡᠷᠡᠨᠪᠢᠯᠢᠭ ᠄
ᠪᠦᠬᠦ᠌ ᠤᠯᠤᠰ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠦ ᠭᠡᠱᠢᠭᠦᠨ᠂ ᠥᠪᠥᠷ ᠮᠣᠩᠭᠣᠯ᠎ᠤᠨ ᠪᠠᠭ᠍ᠰᠢ᠎ᠶ᠋ᠢᠨ ᠶᠡᠬᠡ ᠰᠤᠷᠭᠠᠭᠤᠯᠢ᠎ᠶ᠋ᠢᠨ ᠤᠭ᠍ᠰᠠᠭᠠᠲᠠᠨ ᠵᠦᠢ ᠬᠥᠮᠦᠨ ᠵᠦᠢ᠎ᠶ᠋ᠢᠨ ᠳᠡᠭᠡᠳᠦ ᠰᠤᠷᠭᠠᠭᠤᠯᠢ᠎ᠶ᠋ᠢᠨ ᠨᠢᠭᠡᠳᠦᠭᠡᠷ ᠳᠡᠰ᠎ᠤᠨ ᠫᠷᠤᠹᠧᠰᠰᠤᠷ

《ᠺᠦᠷᠪᠠᠨ ᠠᠪᠠᠭ᠎ᠠ ᠪᠡᠭᠡᠵᠢᠩ᠎ᠳᠦ ᠬᠦᠷᠴᠦ ᠮᠠᠤ ᠲᠡᠷᠢᠭᠦᠯᠡᠭ᠌ᠴᠢ᠎ᠲᠡᠶ ᠠᠭᠤᠯᠵᠠᠬᠰᠠᠨ 》 ᠡᠴᠡ 《ᠭᠤᠷᠪᠠᠨ ᠮᠢᠩᠭᠠᠨ ᠥᠨᠥᠴᠢᠨ ᠬᠡᠦᠬᠡᠳ᠎ᠢ ᠥᠪᠥᠷ ᠮᠣᠩᠭᠣᠯ᠎ᠳᠤ ᠦᠷᠡᠴᠢᠯᠡᠨ ᠲᠡᠵᠢᠭᠡᠭᠰᠡᠨ》 ᠬᠦᠷᠲᠡᠯ᠎ᠡ ᠂ 《ᠠᠷᠠᠳ ᠲᠦᠮᠡᠨ᠎ᠦ ᠰᠠᠢ᠌ᠨ ᠠᠯᠪᠠᠨ ᠵᠠᠷᠤᠴᠠ ᠺᠦᠩ ᠹᠠᠨ ᠰᠸᠨ》 ᠡᠴᠡ 《ᠠᠨᠠᠷ᠎ᠤᠨ ᠦᠷ᠎ᠡ᠎ᠶ᠋ᠢᠨ ᠵᠣᠷᠢᠭ ᠰᠠᠨᠠᠭ᠎ᠠ》 ᠬᠦᠷᠲᠡᠯ᠎ᠡ᠂ ᠡᠯ᠎ᠡ ᠦᠨᠳᠦᠰᠦᠲᠡᠨ᠎ᠦ ᠦᠭᠡ ᠬᠡᠯᠡ ᠰᠣᠶᠣᠯ᠎ᠢᠶᠠᠷ ᠢᠯᠡᠳᠭᠡᠭ᠌ᠰᠡᠨ ᠳᠤᠮᠳᠠᠳᠤ᠎ᠶ᠋ᠢᠨ ᠦᠨᠳᠦᠰᠦᠲᠡᠨ᠎ᠦ ᠶᠡᠬᠡ ᠪᠦᠯᠬᠦᠮᠳᠡᠯ᠂ ᠶᠡᠬᠡ ᠭᠡᠷ ᠪᠦᠯᠢ᠎ᠶ᠋ᠢᠨ ᠲᠦᠷᠢ ᠲᠥᠷᠬᠦ᠌ ᠨᠢ ᠬᠠᠮᠲᠤ᠎ᠶ᠋ᠢᠨ ᠴᠢᠨᠠᠷ᠎ᠤᠨ ᠰᠠᠭᠤᠷᠢ᠎ᠶ᠋ᠢ ᠨᠢᠳᠦᠨ ᠳ᠋ᠤ ᠦᠵᠡᠭᠳᠡᠮ᠎ᠡ ᠭᠠᠷ ᠲᠸ᠋ ᠪᠠᠷᠢᠭᠳᠠᠮ᠎ᠠ ᠰᠡᠳᠬᠢᠯ ᠳ᠋ᠤ ᠰᠠᠭᠤᠭᠳᠠᠮ᠎ᠠ ᠪᠡᠬᠢᠵᠢᠭᠦᠯᠵᠦ᠍᠂ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠦ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠡᠨᠡ ᠬᠦ᠌ ᠭᠣᠣᠯ ᠰᠢᠵᠢᠮ᠎ᠢ ᠴᠢᠨᠭᠭ᠎ᠠ ᠠᠳᠬᠤᠨ᠂ ᠰᠠᠯᠤᠩᠬᠢᠷᠠᠬᠤ ᠦᠭᠡᠢ᠂ ᠭᠤᠢᠪᠢᠯᠵᠠᠬᠤ ᠦᠭᠡᠢ ᠪᠠᠢᠬᠤ᠎ᠶ᠋ᠢ ᠵᠣᠷᠢᠭ᠍ᠵᠢᠭᠤᠯᠪᠠ᠃
ᠱᠢᠨ᠎ᠡ ᠴᠠᠭ ᠦᠶ᠎ᠡ᠎ᠶ᠋ᠢᠨ ᠳᠤᠮᠳᠠᠳᠤ᠎ᠶ᠋ᠢᠨ ᠦᠨᠳᠦᠰᠦᠲᠡᠨ᠎ᠦ ᠶᠡᠬᠡ ᠪᠦᠯᠬᠦᠮᠳᠡᠯ᠎ᠦᠨ ᠲᠦᠷᠢ ᠲᠥᠷᠬᠦ᠌᠎ᠶ᠋ᠢ ᠱᠤᠭᠤᠬᠤ ᠳ᠋ᠤ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠰᠣᠶᠣᠯ᠂ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠭᠣᠣᠯᠯᠠᠬᠤ ᠦᠢᠯᠡᠳᠦᠯ ᠦᠵᠡᠭᠦᠯᠵᠦ᠍᠂ ᠡᠯ᠎ᠡ ᠦᠨᠳᠦᠰᠦᠲᠡᠨ᠎ᠦ ᠦᠭᠡ ᠬᠡᠯᠡ ᠰᠣᠶᠣᠯ᠎ᠤᠨ ᠡᠬᠢ ᠪᠠᠶᠠᠯᠢᠭ ᠴᠤ᠌ ᠰᠠᠨᠠᠭᠠᠴᠢᠯᠠᠭ᠎ᠠ᠎ᠠᠴᠠ᠎ᠪᠠᠨ ᠬᠠᠮᠵᠢᠯᠴᠠᠵᠤ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠳ᠋ᠤ ᠦᠢᠯᠡᠴᠢᠯᠡᠪᠡᠰᠦ ᠵᠣᠬᠢᠬᠤ ᠦᠢᠯᠡᠳᠦᠯ ᠵᠢᠡᠨ ᠦᠵᠡᠭᠦᠯᠬᠦ᠌ ᠬᠡᠷᠡᠭ᠌ᠲᠡᠢ᠃ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ᠎ᠳᠤ ᠠᠱᠢᠭ᠍ᠲᠠᠢ᠂ ᠤᠯᠤᠰ᠎ᠤᠨ ᠬᠦᠴᠦᠷᠭᠡᠭᠵᠢᠯ ᠰᠡᠷᠭᠦᠨ ᠮᠠᠨᠳᠤᠯᠲᠠ᠎ᠳᠤ ᠠᠱᠢᠭ᠍ᠲᠠᠢ᠂ 《ᠨᠡᠢᠲᠡᠯᠢᠭ ᠴᠢᠨᠠᠷ》 ᠲᠸ᠋ ᠠᠱᠢᠭ᠍ᠲᠠᠢ ᠡᠯ᠎ᠡ ᠦᠨᠳᠦᠰᠦᠲᠡᠨ᠎ᠦ ᠦᠭᠡ ᠬᠡᠯᠡ ᠰᠣᠶᠣᠯ᠎ᠤᠨ ᠡᠬᠢ ᠪᠠᠶᠠᠯᠢᠭ ᠯᠠ ᠶᠤᠮ ᠪᠣᠯ ᠴᠥᠮ ᠥᠴᠦᠬᠡᠨ ᠴᠦ᠍ ᠪᠦᠷᠢᠯᠭᠡᠨ ᠰᠦᠢᠳᠭᠡᠬᠦ᠌ ᠦᠭᠡᠢ᠎ᠪᠡᠷ ᠰᠠᠢᠲᠤᠷ ᠬᠡᠷᠡᠭ᠌ᠯᠡᠵᠦ᠍᠂ ᠭᠦᠢᠴᠡᠳ ᠬᠡᠷᠡᠭ᠌ᠯᠡᠵᠦ᠍᠂ ᠪᠦᠲᠦᠭᠡᠯᠴᠢ ᠴᠢᠨᠠᠷᠲᠠᠢ᠎ᠪᠠᠷ ᠬᠤᠪᠢᠷᠠᠭᠤᠯᠬᠤ᠂ ᠱᠢᠨ᠎ᠡ᠎ᠶ᠋ᠢ ᠡᠭᠦᠳᠬᠦ᠌ ᠴᠢᠨᠠᠷᠲᠠᠢ᠎ᠪᠠᠷ ᠬᠥᠭ᠌ᠵᠢᠭᠦᠯᠬᠦ᠌᠎ᠶ᠋ᠢ ᠪᠡᠶᠡᠯᠡᠭᠦᠯᠬᠦ᠌ ᠬᠡᠷᠡᠭ᠌ᠲᠡᠢ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠣᠷᠬᠢᠯ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃