2024ᠤᠨ᠎ᠤ᠋ ᠪᠦᠬᠦ ᠤᠯᠤᠰ᠎ᠤ᠋ᠨ ᠬᠣᠶᠠᠷ ᠬᠤᠷᠠᠯ > ᠰᠠᠨᠠᠯ ᠵᠦᠪᠯᠡᠯᠭᠡ

2024-03-06 16:28:58

ᠵᠣᠬᠢᠶᠠᠭ᠍ᠴᠢ᠄ ​ᠠᠨ ᠶᠢᠨ ᠳ᠋ᠦᠩ ᠮᠦᠩᠭᠡᠴᠢᠯᠠᠭᠤ ᠣᠩᠱᠢᠭ᠍ᠰᠠᠨ ᠣᠳᠠᠭ᠎ᠠ᠄ 3

ᠯᠢᠦ ᠶᠠᠨ ᠪᠢᠩ᠄

ᠪᠦᠬᠦ ᠤᠯᠤᠰ᠎ᠤᠨ ᠠᠷᠠᠳ᠎ᠤᠨ ᠲᠦᠯᠦᠭᠡᠯᠡᠭᠴᠢᠳ᠎ᠤᠨ ᠶᠡᠭᠡ ᠬᠤᠷᠠᠯ᠎ᠤᠨ ᠲᠦᠯᠦᠭᠡᠯᠡᠭᠴᠢ᠂ ᠦᠪᠦᠷ ᠮᠤᠩᠭᠤᠯ᠎ᠤᠨ ᠤᠮᠠᠷᠠᠳᠤ ᠵᠢᠨ ᠬᠦᠨᠳᠦ ᠠᠵᠤ ᠦᠢᠯᠡᠳᠪᠦᠷᠢ ᠵᠢᠨ ᠪᠦᠯᠦᠭᠯᠡᠯ ᠬᠢᠵᠠᠭᠠᠷᠳᠤ ᠺᠤᠮᠫᠠᠨᠢ ᠵᠢᠨ ᠦᠢᠯᠡᠳᠪᠦᠷᠢ ᠵᠢᠨ ᠲᠠᠰᠤᠭ᠎ᠤᠨ ᠲᠤᠭᠠᠴᠢᠯᠠᠭᠰᠠᠨ ᠡᠵᠡᠮᠳᠡᠯ᠎ᠤᠨ ᠠᠵᠢᠯᠴᠢᠨ


QQ截图20240306113507.png


ᠴᠢᠨᠠᠷ ᠰᠠᠢᠳᠠᠢ ᠬᠦᠭᠵᠢᠯᠳᠡ ᠪᠤᠯ ᠨᠡᠢᠭᠡᠮ ᠵᠢᠷᠦᠮᠳᠤ ᠤᠳᠤᠬᠢᠴᠢᠯᠠᠭᠰᠠᠨ ᠤᠯᠤᠰ᠎ᠢ ᠪᠦᠬᠦ ᠲᠠᠯ᠎ᠠ ᠪᠡᠷ ᠪᠦᠳᠦᠭᠡᠨ ᠪᠠᠢᠭᠤᠯᠬᠤ ᠵᠢᠨ ᠲᠡᠷᠢᠬᠦᠨ ᠴᠢᠬᠤᠯᠠ ᠡᠬᠦᠷᠭᠡ ᠪᠤᠯᠤᠨ᠎ᠠ᠃ ᠤᠳᠤᠬᠠᠨ ᠳ᠋ᠤ ᠮᠠᠨ᠎ᠤ ᠤᠯᠤᠰ ᠶᠠᠭ ᠰᠠᠢᠬᠠᠨ 《ᠦᠢᠯᠡᠳᠭᠡᠯ᠎ᠤᠨ ᠲᠤᠮᠤ ᠤᠯᠤᠰ》 ᠡᠴᠡ 《ᠦᠢᠯᠡᠳᠭᠡᠯ᠎ᠤᠨ ᠬᠦᠴᠦᠷᠭᠡᠭ ᠤᠯᠤᠰ》 ᠲᠡᠢᠰᠢ ᠰᠢᠯᠵᠢᠬᠦ ᠠᠯᠬᠤᠭ᠎ᠠ ᠪᠠᠨ ᠲᠦᠷᠭᠡᠳᠭᠡᠵᠦ᠂ 《ᠮᠡᠳᠡᠯᠭᠡ ᠵᠢᠨ ᠬᠡᠯᠪᠡᠷᠢ ᠵᠢᠨ᠂ ᠤᠷ᠎ᠠ ᠮᠡᠷᠭᠡᠵᠢᠯ᠎ᠤᠨ ᠬᠡᠯᠪᠡᠷᠢ ᠵᠢᠨ᠂ ᠰᠢᠨ᠎ᠡ ᠵᠢ ᠡᠬᠦᠳᠬᠦ ᠬᠡᠯᠪᠡᠷᠢ ᠵᠢᠨ》 ᠠᠵᠤ ᠦᠢᠯᠡᠰ᠎ᠤᠨ ᠠᠵᠢᠯᠴᠢᠨ᠎ᠤ ᠡᠩᠨᠡᠭᠡ ᠵᠢ ᠬᠦᠮᠦᠵᠢᠬᠦᠯᠬᠦ ᠵᠢ ᠲᠤᠯᠭᠠᠮ᠎ᠱᠠᠭᠠᠷᠳᠠᠵᠤ ᠪᠠᠢᠨ᠎ᠠ᠃ ᠪᠢᠳᠡ ᠠᠵᠤ ᠦᠢᠯᠡᠰ᠎ᠤᠨ ᠬᠡᠷᠡᠭᠴᠡᠭᠡ ᠱᠠᠭᠠᠷᠳᠠᠯᠭ᠎ᠠ ᠳ᠋ᠤ ᠬᠠᠨᠳᠤᠭᠤᠯᠤᠨ ᠴᠢᠳᠠᠪᠤᠷᠢᠳᠠᠨ᠎ᠢ ᠬᠦᠮᠦᠵᠢᠬᠦᠯᠵᠦ᠂ ᠠᠵᠤ ᠦᠢᠯᠡᠰ ᠰᠤᠷᠭᠠᠨ ᠬᠦᠮᠦᠵᠢᠯ᠎ᠤᠨ ᠠᠭᠤᠰᠤᠯᠴᠠᠯ᠂ ᠰᠤᠷᠭᠠᠭᠤᠯᠢ ᠠᠵᠤ ᠠᠬᠤᠢᠯᠠᠯ᠎ᠤᠨ ᠬᠦᠨᠵᠡᠭᠡᠢ ᠬᠠᠮᠳᠤᠷᠠᠯᠴᠠᠭ᠎ᠠ ᠪᠡᠷ ᠲᠠᠮᠵᠢᠭᠤᠯᠵᠤ᠂ ᠠᠵᠤ ᠦᠢᠯᠡᠰ᠎ᠤᠨ ᠠᠵᠢᠯᠴᠢᠨ᠎ᠤ ᠮᠡᠷᠭᠡᠵᠢᠯ᠎ᠤᠨ ᠰᠢᠨ᠎ᠡ ᠵᠢ ᠡᠬᠦᠳᠬᠦ ᠴᠢᠳᠠᠪᠤᠷᠢ ᠵᠢ ᠲᠦᠷᠭᠡᠳᠭᠡᠨ ᠬᠦᠮᠦᠵᠢᠬᠦᠯᠬᠦ ᠬᠡᠷᠡᠭᠳᠡᠢ᠃ ᠠᠵᠢᠯ ᠮᠡᠷᠭᠡᠵᠢᠯ᠎ᠤᠨ ᠬᠦᠭᠵᠢᠯᠳᠡ ᠵᠢᠨ ᠵᠠᠮ᠎ᠢ ᠨᠡᠪᠳᠡᠷᠡᠬᠦᠯᠵᠦ᠂ ᠠᠵᠤ ᠦᠢᠯᠡᠰ᠎ᠤᠨ ᠠᠵᠢᠯᠴᠢᠨ᠎ᠤ ᠬᠦᠭᠵᠢᠯᠳᠡ ᠵᠢᠨ ᠤᠷᠤᠨ ᠵᠠᠢ ᠵᠢ ᠦᠷᠭᠡᠳᠭᠡᠵᠦ᠂ ᠠᠵᠢᠯ ᠮᠡᠷᠭᠡᠵᠢᠯ᠎ᠤᠨ ᠰᠤᠷᠭᠠᠨ ᠬᠦᠮᠦᠵᠢᠯ᠂ ᠠᠵᠢᠯ ᠤᠯᠭᠤᠬᠤ ᠪᠤᠯᠪᠠᠰᠤᠷᠠᠯ᠂ ᠤᠷ᠎ᠠ ᠮᠡᠷᠭᠡᠵᠢᠯ᠎ᠤᠨ ᠲᠡᠭᠡᠭᠰᠢᠯᠡᠯᠳᠡ ᠨᠢᠭᠡᠳᠦᠯᠳᠡᠢ ᠪᠠᠢᠬᠤ ᠠᠵᠤ ᠦᠢᠯᠡᠰ᠎ᠤᠨ ᠠᠵᠢᠯᠴᠢᠨ᠎ᠤ ᠨᠠᠰᠤᠨ ᠲᠤᠷᠰᠢᠳᠠ ᠵᠢᠨ ᠬᠡᠪ ᠪᠤᠯᠪᠠᠰᠤᠷᠠᠯ ᠤᠷ᠎ᠠ ᠮᠡᠷᠭᠡᠵᠢᠯ᠎ᠤᠨ ᠪᠦᠷᠢᠯᠳᠦᠯ᠎ᠤᠨ ᠰᠢᠰᠲ᠋ᠸᠮ᠎ᠢ ᠴᠤᠭᠴᠠᠯᠠᠬᠤ ᠬᠡᠷᠡᠭᠳᠡᠢ᠃

ᠤᠯᠤᠰ᠎ᠤᠨ ᠪᠠᠳᠤᠯᠠᠨ ᠬᠠᠮᠠᠭᠠᠯᠠᠯᠳᠠ ᠵᠢᠨ ᠦᠢᠯᠡᠳᠭᠡᠯ᠎ᠤᠨ ᠦᠢᠯᠡᠰ᠎ᠤᠨ ᠨᠢᠭᠡᠳᠦᠭᠡᠷ ᠹᠷᠤᠨᠲ᠎ᠤᠨ ᠠᠵᠢᠯᠴᠢᠨ ᠪᠤᠯᠤᠭᠰᠠᠨ᠎ᠤ ᠬᠤᠪᠢ ᠳ᠋ᠤ᠂ ᠪᠢᠳᠡ ᠤᠷᠠᠨ ᠲᠠᠷᠬᠠᠨ᠎ᠤ ᠵᠤᠷᠢᠭ ᠰᠠᠨᠠᠭ᠎ᠠ ᠵᠢ ᠶᠡᠭᠡ ᠪᠡᠷ ᠪᠠᠳᠠᠷᠠᠭᠤᠯᠵᠤ᠂ ᠦᠢᠯᠡᠳᠬᠦᠨ᠎ᠤ ᠶᠠᠰᠤ ᠴᠢᠨᠠᠷ᠂ ᠦᠢᠯᠡᠳᠦᠯ ᠴᠢᠳᠠᠪᠬᠢ ᠵᠢᠨ ᠲᠠᠯ᠎ᠠ ᠪᠡᠷ ᠰᠢᠮᠳᠠᠬᠤ ᠪᠡᠷ ᠪᠠᠷᠠᠬᠤ ᠦᠭᠡᠢ᠂ ᠠᠵᠢᠯ᠎ᠤᠨ ᠶᠠᠪᠤᠴᠠ ᠪᠦᠬᠦᠨ ᠳ᠋ᠤ ᠨᠠᠷᠢᠯᠢᠭ ᠡᠴᠡ ᠨᠠᠷᠢᠯᠢᠭ ᠪᠠᠢᠵᠤ᠂ ᠲᠤᠰᠬᠠᠢ ᠮᠡᠷᠭᠡᠵᠢᠯ᠎ᠤᠨ ᠤᠷ᠎ᠠ ᠴᠢᠳᠠᠪᠤᠷᠢ ᠵᠢ ᠲᠠᠰᠤᠷᠠᠯᠳᠠ ᠦᠭᠡᠢ ᠰᠤᠷᠤᠯᠴᠠᠵᠦ᠂ ᠪᠡᠶ᠎ᠡ ᠪᠠᠨ ᠲᠠᠭᠠᠭᠠᠨ ᠰᠢᠨ᠎ᠡ ᠵᠢ ᠡᠬᠦᠳᠬᠦ ᠴᠢᠳᠠᠪᠤᠷᠢ ᠪᠠᠨ ᠲᠡᠭᠡᠭᠰᠢᠯᠡᠬᠦᠯᠵᠦ᠂ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠤᠨ ᠰᠢᠨ᠎ᠡ ᠡᠬᠦᠳᠦᠯᠳᠡ ᠪᠡᠷ ᠠᠵᠤ ᠦᠢᠯᠡᠰ᠎ᠤᠨ ᠰᠢᠨ᠎ᠡ ᠡᠬᠦᠳᠦᠯᠳᠡ ᠵᠢ ᠠᠬᠢᠭᠤᠯᠵᠤ᠂ ᠦᠢᠯᠡᠳᠭᠡᠯ᠎ᠤᠨ ᠦᠢᠯᠡᠰ᠎ᠤᠨ ᠴᠢᠨᠠᠷ ᠰᠠᠢᠳᠠᠢ ᠬᠦᠭᠵᠢᠯᠳᠡ ᠳ᠋ᠤ ᠬᠦᠴᠦᠨ ᠴᠢᠳᠠᠯ ᠵᠢᠡᠨ ᠡᠷᠬᠦᠨ᠎ᠡ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠣᠷᠬᠢᠯ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面