2024ᠤᠨ᠎ᠤ᠋ ᠪᠦᠬᠦ ᠤᠯᠤᠰ᠎ᠤ᠋ᠨ ᠬᠣᠶᠠᠷ ᠬᠤᠷᠠᠯ > ᠰᠠᠨᠠᠯ ᠵᠦᠪᠯᠡᠯᠭᠡ

2024-03-07 11:34:15

ᠵᠣᠬᠢᠶᠠᠭ᠍ᠴᠢ᠄ ᠰᠥᠩ ᠱᠤᠸᠠᠩ ᠮᠦᠩᠬᠡᠴᠢᠯᠠᠭᠤ ᠣᠩᠱᠢᠭ᠍ᠰᠠᠨ ᠣᠳᠠᠭ᠎ᠠ᠄ 3

ᠬᠤ᠌ ᠬᠠᠢ ᠵᠢᠤᠸᠠᠨ᠄

ᠪᠥᠬᠥ ᠤᠯᠤᠰ᠎ᠤᠨ ᠠᠷᠠᠳ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠲᠥᠯᠥᠭᠡᠯᠡᠭᠴᠢ᠂ ᠬᠥᠯᠥᠨ ᠪᠣᠶ᠋ᠢᠷ ᠬᠣᠲᠠ᠎ᠶᠢᠨ ᠬᠠᠢᠯᠠᠷ᠎ᠤᠨ ᠬᠣᠶᠠᠳᠤᠭᠠᠷ ᠳᠤᠮᠳᠠᠳᠤ ᠰᠤᠷᠭᠠᠭᠤᠯᠢ᠎ᠶᠢᠨ ᠪᠠᠭ᠍ᠰᠢ


QQ截图20240307103154.png


ᠵᠠᠰᠠᠭ᠎ᠤᠨ ᠣᠷᠳᠣᠨ᠎ᠤ ᠠᠵᠢᠯ᠎ᠤᠨ ᠢᠯᠡᠳᠬᠡᠯ᠎ᠳᠡᠬᠢ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠲᠤ ᠴᠤᠭᠴᠠᠯᠠᠬᠤ ᠲᠤᠬᠠᠢ ᠠᠭᠤᠯᠭ᠎ᠠ ᠨᠠᠳᠠ᠎ᠳᠤ ᠭᠦᠨ ᠰᠠᠭᠤᠭᠳᠠᠯ ᠦᠯᠡᠳᠡᠭᠡᠵᠡᠢ᠃ ᠮᠢᠨᠦ ᠪᠠᠢᠭ᠎ᠠ ᠬᠥᠯᠥᠨ ᠪᠤᠢ᠍ᠢᠷ ᠬᠤᠳᠠ ᠪᠣᠯ 《ᠪᠦᠬᠦ ᠤᠯᠤᠰ᠎ᠤᠨ ᠦᠨᠳᠦᠰᠦᠲᠡᠨ᠎ᠦ ᠪᠦᠯᠬᠦᠮᠳᠡᠯ ᠲᠠᠪᠰᠢᠯᠳᠠ᠎ᠶᠢ ᠡᠭᠦᠳᠦᠨ ᠪᠠᠶ᠋ᠢᠭᠤᠯᠬᠤ ᠵᠢᠱ᠌ᠢᠶ᠎ᠡ ᠦᠵᠡᠭᠦᠯᠬᠦ ᠬᠤᠳᠠ》 ᠪᠣᠯᠣᠨ᠎ᠠ᠂ ᠠᠵᠢᠯᠯᠠᠵᠤ ᠪᠠᠢᠭ᠎ᠠ ᠪᠠᠢᠭᠤᠯᠭ᠎ᠠ ᠬᠠᠢᠯᠠᠷ᠎ᠤᠨ ᠬᠣᠶᠠᠳᠤᠭᠠᠷ ᠳᠤᠮᠳᠠᠳᠤ ᠰᠤᠷᠭᠠᠭᠤᠯᠢ ᠪᠣᠯ ᠬᠥᠯᠥᠨ ᠪᠤᠢ᠍ᠢᠷ ᠬᠤᠳᠠ᠎ᠶᠢᠨ ᠲᠠᠪᠤᠳᠤᠭᠠᠷ ᠪᠦᠯᠦᠭ᠎ᠦᠨ ᠦᠨᠳᠦᠰᠦᠲᠡᠨ᠎ᠦ ᠪᠦᠯᠬᠦᠮᠳᠡᠯ ᠲᠠᠪᠰᠢᠯᠳᠠ᠎ᠶᠢᠨ ᠵᠢᠱ᠌ᠢᠶ᠎ᠡ ᠦᠵᠡᠭᠦᠯᠬᠦ ᠨᠢᠭᠡᠴᠢ ᠪᠣᠯᠣᠨ᠎ᠠ᠃ ᠰᠤᠷᠭᠠᠭᠤᠯᠢ ᠡᠴᠡ ᠪᠠᠭ᠍ᠰᠢ᠎ᠶᠢᠨ ᠡᠩᠨᠡᠭᠡᠨ᠎ᠦ ᠰᠤᠷᠤᠯᠴᠠᠯᠭ᠎ᠠ ᠪᠣᠯᠪᠠᠰᠤᠷᠠᠯ᠎ᠤᠨ ᠠᠵᠢᠯ᠎ᠢ ᠦᠷᠭᠦᠯᠵᠢᠯᠡᠨ ᠰᠠᠢᠲᠤᠷ ᠠᠳᠬᠤᠵᠤ᠂ ᠪᠠᠭ᠍ᠰᠢ ᠨᠠᠷ᠎ᠢ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠲᠤ ᠴᠤᠭᠴᠠᠯᠠᠬᠤ ᠲᠤᠯᠭᠠᠭᠤᠷᠢ ᠬᠦᠴᠦᠨ ᠪᠣᠯᠭᠠᠪᠠ᠃ ᠠᠵᠢᠯᠯᠠᠭ᠎ᠠ᠎ᠶᠢᠨ ᠠᠴᠢᠶᠠᠯᠠᠪᠤᠷᠢ᠎ᠶᠢ ᠥᠷᠭᠡᠳᠬᠡᠬᠦ᠎ᠶᠢ ᠪᠠᠷᠢᠮᠲᠠᠯᠠᠵᠤ᠂ ᠰᠤᠷᠤᠭ᠍ᠴᠢᠳ᠎ᠤᠨ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠲᠤ ᠴᠤᠭᠴᠠᠯᠠᠵᠤ᠂ ᠨᠠᠮ᠎ᠤᠨ ᠠᠴᠢ᠎ᠳ᠋ᠤ ᠳᠠᠯᠠᠷᠬᠠᠵᠤ᠂ ᠨᠠᠮ᠎ᠤᠨ ᠦᠭᠡ᠎ᠶᠢ ᠰᠣᠨᠣᠰᠴᠤ᠂ ᠨᠠᠮ᠎ᠢᠶᠠᠨ ᠲᠠᠭᠠᠬᠤ᠎ᠶᠢ ᠬᠦᠳᠦᠯᠦᠨ ᠵᠢᠯᠤᠭᠤᠳᠪᠠ᠃

ᠬᠣᠢᠰᠢᠳᠠ᠎ᠶᠢᠨ ᠰᠤᠷᠭᠠᠨ ᠬᠥᠮᠦᠵᠢᠯ ᠵᠢᠭᠠᠨ ᠰᠤᠷᠭᠠᠯᠲᠠ᠎ᠶᠢᠨ ᠠᠵᠢᠯ᠎ᠵᠢᠡᠨ ᠥᠪᠥᠷ ᠮᠣᠩᠭᠣᠯ᠎ᠤᠨ ᠲᠡᠦᠬᠡ᠎ᠲᠠᠢ ᠤᠶᠠᠯᠳᠤᠭᠤᠯᠵᠤ᠂ ᠰᠤᠷᠭᠠᠨ ᠬᠥᠮᠦᠵᠢᠯ᠎ᠦᠨ ᠠᠵᠢᠯᠯᠠᠭ᠎ᠠ᠎ᠶᠢᠨ ᠠᠴᠢᠶᠠᠯᠠᠪᠤᠷᠢ᠎ᠶᠢ ᠪᠠᠶᠠᠯᠢᠭ᠍ᠵᠢᠭᠤᠯᠵᠤ᠂ ᠦᠨᠳᠦᠰᠦᠲᠡᠨ᠎ᠨᠦᠭᠦᠳ᠎ᠦᠨ ᠵᠠᠯᠠᠭᠤᠴᠤᠳ ᠪᠠᠭᠠᠴᠤᠳ᠎ᠤᠨ ᠰᠤᠯᠢᠯᠴᠠᠭ᠎ᠠ ᠬᠢᠬᠦ ᠲᠥᠯᠥᠪᠯᠡᠭᠡ᠎ᠶᠢ ᠭᠦᠨᠵᠡᠭᠡᠢ ᠬᠡᠷᠡᠭᠵᠢᠭᠦᠯᠵᠦ᠂ ᠦᠨᠳᠦᠰᠦᠲᠡᠨ᠎ᠨᠦᠭᠦᠳ᠎ᠦᠨ ᠵᠠᠯᠠᠭᠤᠴᠤᠳ ᠪᠠᠭᠠᠴᠤᠳ᠎ᠤᠨ ᠣᠷᠣᠨ ᠪᠦᠰᠡ ᠠᠯᠤᠰᠯᠠᠭᠰᠠᠨ᠂ ᠪᠦᠬᠦ ᠲᠠᠯ᠎ᠠ᠎ᠶᠢᠨ᠂ ᠤᠯᠠᠨ ᠶᠠᠩᠵᠤ᠎ᠶᠢᠨ ᠰᠣᠯᠢᠯᠴᠠᠭᠠᠨ᠎ᠤ ᠠᠵᠢᠯᠯᠠᠭ᠎ᠠ᠎ᠪᠠᠷ ᠭᠠᠷᠳᠠᠴᠠ ᠪᠣᠯᠭᠠᠵᠤ᠂ ᠦᠨᠳᠦᠰᠦᠲᠡᠨ᠎ᠨᠦᠭᠦᠳ᠎ᠦᠨ ᠵᠠᠯᠠᠭᠤᠴᠤᠳ ᠪᠠᠭᠠᠴᠤᠳ᠎ᠤᠨ ᠤᠯᠤᠰ᠎ᠤᠨ ᠤᠬᠠᠮᠰᠠᠷ᠂ ᠠᠷᠠᠳ ᠢᠷᠭᠡᠨ᠎ᠦ ᠤᠬᠠᠮᠰᠠᠷ᠂ ᠬᠠᠤᠯᠢᠵᠢᠯ᠎ᠤᠨ ᠤᠬᠠᠮᠰᠠᠷ᠎ᠢ ᠪᠠᠲᠤ ᠪᠡᠬᠢ ᠪᠤᠢ ᠪᠣᠯᠭᠠᠬᠤ ᠵᠢ ᠬᠦᠳᠦᠯᠦᠨ ᠵᠢᠯᠤᠭᠤᠳᠴᠤ᠂ ᠦᠨᠳᠦᠰᠦᠲᠡᠨ᠎ᠨᠦᠭᠦᠳ᠎ᠦᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ᠎ᠢ ᠠᠬᠢᠭᠤᠯᠤᠨ᠎ᠠ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠣᠷᠬᠢᠯ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面